ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠬᠣᠶᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ
2024-03-11 16:28:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2024 ᠣᠨ᠎ᠤ 3 ᠰᠠᠷ᠎ᠠ ᠎ᠶ᠋ᠢᠨ 10 ᠎ᠤ᠋ ᠡᠳᠦᠷ ᠤᠯᠤᠰ ᠲᠦᠷᠦ᠍᠎ᠶ᠋ᠢᠨ ᠵᠥᠪᠯᠡᠯᠭᠡᠨ ᠎ᠦ ᠠᠷᠪᠠᠨ ᠳᠥᠷᠪᠡᠳᠦᠭᠡᠷ ᠬᠤᠭᠤᠴᠠᠭᠠᠨ᠎ᠤ  ᠪᠦᠬᠦ᠌ ᠤᠯᠤᠰ ᠎ᠤᠨ  ᠬᠤᠷᠢᠶ᠎ᠠ ᠵᠢᠨ ᠬᠣᠶᠠᠳᠤᠭᠠᠷ ᠬᠤᠷᠠᠯ ᠡᠴᠡ ᠪᠠᠲᠤᠯᠠᠪᠠ)

ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠬᠣᠶᠠᠳᠤᠭᠠᠷ ᠬᠤᠷᠠᠯ 2024 ᠣᠨ᠎ᠤ 3 ᠰᠠᠷ᠎ᠠ᠎ᠶ᠋ᠢᠨ 4 ᠎ᠡᠴᠡ 10 ᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃

ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ  ᠲᠡᠷᠢᠭᠦᠯᠡᠭ᠌ᠴᠢ᠂  ᠲᠥᠪ᠎ᠦᠨ  ᠴᠡᠷᠢᠭ᠎ᠦᠨ  ᠶᠠᠪᠤᠳᠠᠯ ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ  ᠨᠥᠬᠥᠳ ᠬᠤᠷᠠᠯ᠎ᠳᠤ ᠣᠷᠣᠯᠴᠠᠵᠤ᠂ ᠭᠡᠱᠢᠭᠦᠳ᠎ᠲᠡᠶ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠪᠡ᠃ ᠬᠤᠷᠠᠯ᠎ᠡᠴᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠲᠠᠯᠪᠢᠭ᠍ᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠪᠣᠳᠠᠲᠠᠢ᠎ᠶ᠋ᠢ ᠡᠷᠬᠢᠮᠯᠡᠨ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠠᠮᠵᠢᠯᠲᠠ ᠲᠠᠢ  ᠪᠡᠶᠡᠯᠡᠭᠦᠯᠵᠦ᠍ ᠂ ᠴᠢᠬᠤᠯᠠ ᠦᠷ᠎ᠡ ᠪᠦᠲᠦᠭᠡᠯ ᠤᠯᠪᠠ᠃

ᠬᠤᠷᠠᠯ᠎ᠡᠴᠡ ᠸᠠᠩ ᠬᠣ᠌ ᠨᠢᠩ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠡᠮᠦᠨ᠎ᠡ᠎ᠡᠴᠡ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠭᠤᠤ ᠶᠦᠨ ᠯᠦᠩ᠎ᠤᠨ ᠬᠢᠭ᠌ᠰᠡᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠃ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠳᠤ ᠰᠤᠯᠠ ᠣᠷᠣᠯᠴᠠᠵᠤ᠂ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠨ ᠶᠠᠷᠢᠯᠴᠠᠵᠤ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ ᠵᠡᠷᠭᠡ᠎ᠶ᠋ᠢ ᠶᠠᠷᠢᠯᠴᠠᠵᠤ᠂ ᠵᠥᠪᠱᠢᠶᠡᠷᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃

ᠬᠤᠷᠠᠯ᠎ᠡᠴᠡ᠂ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠳᠣᠲᠣᠭᠠᠳᠤ ᠭᠠᠳᠠᠭᠠᠳᠤ᠎ᠶ᠋ᠢᠨ ᠬᠦᠴᠢᠷ ᠪᠡᠷᠬᠡᠱᠢᠶᠡᠯ᠎ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠲᠣᠭ᠍ᠲᠠᠭᠤᠨ᠎ᠢᠶᠠᠷ ᠱᠠᠲᠤ ᠰᠢᠯᠵᠢᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠠᠵᠢᠯ ᠱᠢᠨ᠎ᠡ ᠱᠢᠪᠲᠤᠯᠤᠯᠲᠠ᠎ᠲᠠᠶ ᠪᠣᠯᠵᠤ᠂ ᠠᠮᠤ ᠪᠤᠳᠠᠭᠠᠨ᠎ᠤ ᠶᠡᠷᠦᠩᠬᠡᠶ ᠤᠨᠠᠯᠲᠠ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠤ᠂ ᠠᠮᠤᠷ ᠲᠦᠪᠱᠢᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤᠳᠬᠠᠨ ᠪᠡᠬᠢᠵᠢᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠶ ᠪᠥᠭᠡᠳ ᠪᠦᠲᠦᠮᠵᠢᠲᠡᠶ ᠪᠤᠯᠵᠤ᠂ ᠳᠤᠮᠳᠠᠳᠤ ᠤᠯᠤᠰ᠎ᠤᠨ ᠣᠨᠴᠠᠯᠢᠭ ᠲᠡᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠢᠯᠡᠳᠲᠡ ᠦᠷ᠎ᠡ ᠪᠦᠲᠦᠮᠵᠢ ᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ ᠵᠣᠷᠢᠭ᠎ᠢ ᠲᠤᠢᠯ᠎ᠤᠨ ᠶᠡᠬᠡ᠎ᠪᠡᠷ ᠬᠦᠪᠴᠢᠯᠡᠪᠡ᠃ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠣᠯᠤᠭ᠍ᠰᠠᠨ ᠶᠤᠮ᠂ ᠡᠷᠬᠡᠪᠰᠢ ᠬᠤᠪᠢ ᠳᠠᠬᠢᠨ ᠨᠠᠨᠳᠢᠩᠨᠠᠬᠤ ᠬᠡᠷᠡᠭ᠌ᠲᠡᠶ᠃

《ᠬᠣᠶᠠᠷ᠎ᠢ ᠲᠤᠭᠲᠠᠭᠠᠭᠰᠠᠨ》 ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠯᠢᠪᠠ ᠲᠣᠭ᠍ᠲᠠᠭᠠᠯᠲᠤ ᠪᠤᠰᠤ ᠴᠢᠨᠠᠷ᠎ᠢ ᠠᠷᠭᠠᠴᠡᠭᠠᠬᠤ ᠬᠠᠮᠤᠭ᠎ᠤᠨ ᠶᠡᠬᠡ ᠲᠤᠭᠲᠠᠭᠠᠯᠲᠤ ᠴᠢᠨᠠᠷ᠂ ᠬᠠᠮᠤᠭ᠎ᠤᠨ ᠶᠡᠬᠡ ᠢᠳᠡ ᠬᠦᠴᠦ᠍ᠨ᠂ ᠬᠠᠮᠤᠭ᠎ᠤᠨ ᠶᠡᠬᠡ ᠪᠠᠲᠤᠯᠠᠭ᠎ᠠ ᠪᠣᠯᠬᠤ᠎ᠶ᠋ᠢ ᠦᠢᠯᠡᠳᠦᠯᠭᠡ ᠭᠦᠢᠴᠡᠳ ᠭᠡᠷᠡᠴᠢᠯᠡᠪᠡ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ 《ᠬᠣᠶᠠᠷ᠎ᠢ ᠲᠤᠭᠲᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂  《ᠳᠥᠷᠪᠡᠨ ᠢᠲᠡᠭᠡᠯ》  ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂  ᠦᠵᠡᠯ  ᠰᠠᠨᠠᠭ᠎ᠠ  ᠤᠯᠤᠰ  ᠲᠥᠷᠥ᠍   ᠦᠶ᠋ᠯᠡ  ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ ᠭᠡᠵᠦ ᠦᠵᠡᠪᠡ᠃

ᠶᠡᠷᠦᠩᠬᠡᠢ ᠱᠦᠵᠢ ᠰᠢ ᠵᠢᠨ ᠫᠢᠩ ᠨᠢᠭᠡ ᠵᠢᠯ᠎ᠦᠨ ᠲᠤᠷᠱᠢᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠦᠢᠯᠡᠴᠢᠯᠡᠵᠦ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ᠎ᠶ᠋ᠢ ᠨᠤᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌᠎ᠲᠤᠬᠠᠢ ᠴᠢᠬᠤᠯᠠ ᠵᠢᠭᠠᠪᠤᠷᠢ ᠥᠭ᠌ᠴᠡᠢ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠬᠡᠳᠡ ᠤᠷᠮᠠᠰᠢᠵᠤ᠂ ᠲᠤᠢᠯ᠎ᠢᠶᠠᠷ ᠵᠣᠷᠢᠭ᠍ᠵᠢᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠳᠤᠷᠠᠳᠤᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠣᠭᠣᠷᠢᠨ᠎ᠳᠤ ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍ ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠭᠣᠮᠢᠨᠳᠠᠩ ᠤ᠋ᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠦᠨ ᠲᠤᠭᠤᠢᠯᠠᠩ ᠬᠠᠮᠳᠤᠷᠠᠬᠰᠡᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠭᠣᠮᠢᠨᠳᠠᠩ ᠤ᠋ᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠬᠢᠨ᠎ᠦ ᠳᠠᠪᠠᠭᠤᠯᠢᠭ ᠦᠢᠯᠡᠳᠦᠯ᠎ᠢᠶᠡᠨ ᠪᠠᠳᠠᠷᠠᠭᠤᠯᠬᠤ᠂ ᠡᠭᠦᠷᠭᠡ ᠴᠢᠳᠠᠪᠬᠢ᠎ᠪᠠᠨ ᠨᠡᠩ ᠰᠠᠢᠲᠤᠷ ᠭᠦᠢᠴᠡᠳᠭᠡᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠶᠠᠷᠢᠶ᠎ᠠ ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ᠂ ᠬᠠᠨᠳᠤᠯᠭᠠᠲᠤ ᠴᠢᠨᠠᠷ᠎ᠲᠠᠶ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠪᠦᠯᠬᠦᠮᠳᠡᠵᠦ᠍ ᠪᠣᠯᠬᠤ ᠤᠯᠤᠰ᠎ᠢᠶᠠᠨ ᠬᠠᠢᠷᠠᠯᠠᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠬᠣᠶᠠᠷ ᠬᠥᠪᠡᠭᠡᠨ᠎ᠦ ᠡᠯ᠎ᠡ ᠬᠦᠷᠢᠶᠡᠨ᠎ᠦ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠡᠬᠡ ᠤᠯᠤᠰ᠎ᠢᠶᠠᠨ ᠨᠠᠢᠷᠠᠮᠳᠠᠯ᠎ᠢᠶᠠᠷ ᠨᠢᠭᠡᠳᠭᠡᠬᠦ᠌ ᠠᠬᠢᠴᠠ᠎ᠶ᠋ᠢ ᠬᠠᠮᠲᠤ ᠪᠠᠷ ᠠᠬᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠵᠤ ᠤᠯᠤᠰ᠎ᠢᠶᠠᠨ ᠬᠦᠴᠦᠷᠬᠡᠭ᠌ᠵᠢᠭᠦᠯᠬᠦ᠌ ᠬᠦᠰᠡᠯ ᠵᠣᠷᠢᠯᠲᠠ᠎ᠪᠠᠨ ᠤᠯᠠᠮ ᠴᠢᠨᠠᠬᠰᠢᠳᠠ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠰᠢ ᠵᠢᠨ ᠫᠢᠩ ᠤ᠋ᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ᠎ᠣᠷᠴᠢᠨ ᠲᠣᠭᠣᠷᠢᠨ᠎ᠤ ᠬᠠᠮᠠᠭᠠᠯᠠᠯᠲᠠ ᠵᠢ ᠴᠢᠨᠭᠭᠠᠳᠬᠠᠬᠤ᠂ ᠦᠨᠳᠤᠷ ᠲᠦᠪᠱᠢᠨ᠎ᠦ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠲᠠᠯ᠎ᠠ᠎ᠪᠠᠷ ᠱᠢᠨ᠎ᠡ ᠬᠤᠪᠢ ᠨᠡᠮᠡᠷᠢ ᠦᠵᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠡᠴᠡ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠳᠤ᠎ᠶ᠋ᠢᠨ ᠪᠠᠢᠭ᠎ᠠ ᠰᠠᠭᠤᠷᠢᠨ ᠳᠡᠭᠡᠷ᠎ᠡ ᠦᠷᠭᠦᠯᠵᠢᠯᠡᠨ ᠤᠷᠤᠭ᠍ᠰᠢᠯᠠᠵᠤ᠂ ᠤᠨᠤᠯ ᠪᠠ ᠦᠢᠯᠡᠳᠦᠯᠭᠡ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠶ᠋ᠢ ᠲᠠᠰᠤᠷᠠᠯᠲᠠ ᠦᠭᠡᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠶ ᠠᠬᠢᠭᠤᠯᠵᠤ ᠥᠷᠭᠡᠳᠭᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠥᠷᠭᠡᠨ ᠤᠯᠠᠨ ᠠᠷᠠᠳ ᠲᠦᠮᠡᠨ᠎ᠲᠡᠶ ᠪᠦᠯᠬᠦᠮᠳᠡᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠥᠪ ᠴᠢᠭ᠌ᠯᠡᠯ᠎ᠢᠶᠡᠷ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠦᠨᠡᠨ ᠬᠦ᠌ ᠪᠠᠲᠤᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠵᠢᠷᠤᠭ᠍ᠯᠠᠭ᠍ᠰᠠᠨ ᠠᠤᠭ᠎ᠠ ᠲᠥᠰᠦᠪ᠎ᠢ ᠠᠯᠬᠤᠮ ᠠᠯᠬᠤᠮ᠎ᠢᠶᠠᠷ ᠰᠠᠢ᠌ᠨ ᠰᠠᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭ᠌ᠲᠡᠶ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠤᠬᠠᠮᠰᠠᠷ᠎ᠡᠴᠡ᠎ᠪᠠᠨ ᠱᠢᠨ᠎ᠡ ᠴᠠᠭ ᠦᠶ᠎ᠡ ᠱᠢᠨ᠎ᠡ ᠠᠶᠠᠨ᠎ᠳᠠᠬᠢ ᠨᠠᠮ ᠪᠣᠯᠤᠨ ᠤᠯᠤᠰ᠎ᠤᠨ ᠭᠣᠣᠯ ᠡᠭᠦᠷᠭᠡ᠎ᠳᠦ ᠦᠢᠯᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ᠎ᠪᠠᠢᠷᠢᠯᠠᠭᠤᠯᠤᠯᠲᠠ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠂ ᠬᠥᠭ᠌ᠵᠢᠯᠲᠡ᠎ᠶ᠋ᠢᠨ ᠳᠤᠮᠳᠠᠬᠢ ᠴᠢᠬᠤᠯᠠ ᠶᠡᠬᠡ ᠪᠣᠳᠠᠲᠤ ᠠᠰᠠᠭᠤᠳᠠᠯ᠎ᠲᠠᠶ ᠨᠢᠭ᠍ᠲᠠ ᠤᠶᠠᠯᠳᠤᠭᠤᠯᠤᠨ᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠤ ᠦᠵᠡᠪᠡ᠃

ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠯᠤᠲᠤ ᠶᠡᠬᠡ ᠤᠯᠤᠰ ᠲᠦᠷᠦ᠍᠎ᠶ᠋ᠢᠨ ᠰᠥᠰᠥ᠍ ᠵᠣᠷᠢᠭ᠎ᠢᠶᠠᠷ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠡᠯ᠎ᠡ ᠲᠠᠯ᠎ᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠬᠡᠮ ᠰᠣᠭᠣᠭ᠎ᠢ ᠡᠷᠡᠰ ᠠᠷᠢᠯᠭᠠᠵᠤ᠂ ᠮᠠᠰᠢ ᠤᠯᠠᠨ ᠬᠦᠷᠢᠶᠡᠨ᠎ᠳᠦ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠪᠡᠶᠡᠯᠡᠭᠦᠯᠵᠦ᠍᠂ ᠱᠢᠰᠲᠸᠮᠲᠦ ᠴᠢᠨᠠᠷᠲᠠᠢ᠎ᠪᠠᠷ ᠲᠠᠬᠢᠨ ᠴᠣᠭ᠍ᠴᠠᠯᠠᠵᠤ᠂ ᠪᠦᠬᠦᠯᠢ ᠴᠣᠭ᠍ᠴᠠᠲᠤ ᠴᠢᠨᠠᠷᠲᠠᠢ᠎ᠪᠠᠷ ᠲᠠᠬᠢᠨ ᠴᠣᠭ᠍ᠴᠠᠯᠠᠪᠠ᠃ ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠦᠬᠦᠢ ᠭᠠᠳᠠᠭᠠᠳᠦ ᠨᠡᠭᠡᠭᠡᠯᠳᠡ᠎ᠶ᠋ᠢ ᠠᠬᠢᠭᠤᠯᠵᠤ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠳᠠ ᠦᠭᠡᠢ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ ᠴᠢᠩᠭᠠᠷᠠᠭᠤᠯᠬᠤ ᠬᠡᠷᠡᠭ᠌ᠲᠡᠶ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠴᠢᠬᠤᠯᠠ ᠶᠡᠬᠡ ᠥᠭᠡᠷᠡᠴᠢᠯᠡᠯᠲᠡ᠎ᠶ᠋ᠢᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍ ᠵᠥᠪᠳᠡᠯᠴᠡᠨ᠂ ᠴᠢᠬᠤᠯᠠ ᠶᠡᠬᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠲᠠᠶ ᠤᠶᠠᠯᠳᠤᠭᠤᠯᠤᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠍᠂ ᠥᠭᠡᠷᠡᠴᠢᠯᠡᠯᠲᠡ᠎ᠳᠦ ᠬᠦᠴᠦᠨ ᠨᠡᠮᠡᠷᠢᠯᠡᠵᠦ᠍᠂ ᠨᠢᠭ᠍ᠲᠠᠷᠠᠯ᠎ᠤᠨ ᠬᠦᠴᠦᠨ ᠨᠡᠮᠡᠷᠢᠯᠡᠬᠦ ᠭᠡᠷᠡᠭᠳᠠᠢ ᠭᠡᠵᠤ ᠦᠵᠡᠪᠡ᠃

ᠬᠤᠷᠠᠯ᠎ᠡᠴᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭᠠᠬᠤ ᠵᠢ ᠪᠠᠷᠢᠮᠳᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠦᠪᠯᠡᠷᠡᠨᠭᠭᠦᠢ ᠨᠢᠭᠡᠳᠤᠯᠳᠠᠢ ᠤᠳᠤᠷᠢᠳᠤᠯᠭ᠎ᠠ ᠵᠢ ᠪᠠᠷᠢᠮᠳᠠᠯᠠᠵᠤ᠂ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠱᠢᠨᠵᠢ ᠴᠢᠨᠠᠷ ᠪᠠᠢᠷᠢ ᠲᠤᠬᠳᠠᠭᠠᠯᠳᠠ ᠵᠢ ᠪᠠᠷᠢᠮᠳᠠᠯᠠᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ ᠳᠤᠮᠳᠠ ᠠᠵᠢᠯ᠎ᠢᠶᠠᠨ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ ᠰᠢ ᠵᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠱᠢᠶ᠋ᠳᠪᠦᠷᠢᠲᠦ ᠪᠤᠳᠤᠯᠭ᠎ᠠ᠎ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ᠎ᠵᠢᠨ ᠲᠤᠭᠤᠷᠢᠨ ᠳ᠋ᠤ ᠪᠠᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ ᠪᠦᠯᠬᠦᠮᠳᠡᠯ ᠨᠥᠬᠥᠷᠯᠡᠯ᠎ᠦᠨ ᠥᠷᠭᠡᠴᠡ ᠭᠦᠨᠴᠡ᠎ᠶ᠋ᠢ ᠥᠷᠭᠡᠳᠭᠡᠨ᠂ ᠠᠵᠢᠯ᠎ᠤᠨ ᠳᠦᠷᠢᠮᠵᠢᠯᠲᠡ᠂ ᠵᠢᠷᠤᠮᠵᠢᠭᠤᠯᠤᠯᠲᠠ᠂ ᠳᠡᠰ ᠳᠠᠷᠠᠭᠠᠯᠠᠯᠵᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠲᠥᠪ ᠶᠤᠰᠤ ᠵᠢ ᠪᠠᠷᠢᠮᠳᠠᠯᠠᠨ ᠱᠢᠨ᠎ᠡ᠎ᠶ᠋ᠢ ᠡᠭᠦᠳᠴᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠯ᠎ᠡ ᠵᠦᠢᠯ᠎ᠦᠨ ᠠᠵᠢᠯ᠎ᠳᠤ ᠱᠢᠨ᠎ᠡ ᠦᠷ᠎ᠡ ᠪᠦᠲᠦᠮᠵᠢ ᠣᠯᠵᠤ᠂ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠠᠢ ᠭᠡᠵᠤ ᠦᠵᠡᠪᠡ᠃

ᠬᠤᠷᠠᠯ᠎ᠡᠴᠡ᠂ ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》  ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠂ ᠪᠠᠰᠠ ᠴᠤ᠌ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ ᠴᠢᠳᠠᠪᠤᠷᠢ ᠪᠡᠨ ᠳᠡᠭᠡᠭ᠌ᠰᠢᠯᠡᠭᠦᠯᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌᠎ᠶ᠋ᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠡᠯ᠎ᠡ ᠲᠠᠯ᠎ᠠ ᠪᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠨᠤᠯ᠎ᠤᠨ ᠰᠤᠷᠤᠯᠴᠠᠯᠭ᠎ᠠ ᠪᠠ ᠤᠯᠤᠰ ᠲᠦᠷᠦ᠍᠎ᠶ᠋ᠢᠨ ᠪᠣᠯᠪᠠᠰᠤᠷᠠᠯ᠎ᠢ ᠪᠠᠢᠩᠭᠤᠵᠢᠭᠤᠯᠤᠨ ᠥᠷᠨᠢᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠨᠡᠩ ᠰᠠᠢᠨ ᠵᠢᠡᠷ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠮᠠᠨ᠎ᠤ ᠤᠯᠤᠰ᠎ᠤᠨ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠨᠠᠮ᠎ᠤᠨ ᠳᠦᠷᠢᠮ ᠤ᠋ᠨ ᠳᠠᠪᠠᠭᠤᠯᠢᠭ᠎ᠢ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠨ᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠮᠦᠰ᠂ ᠨᠡᠢᠭᠡᠮ᠎ᠦᠨ ᠱᠢᠨ᠎ᠡ ᠠᠩᠭᠢ ᠳᠠᠪᠬᠤᠷᠭ᠎ᠠ᠎ᠶ᠋ᠢᠨ ᠬᠥᠮᠦᠰ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩᠴᠤᠳ ᠰᠢᠶᠠᠩᠭᠠᠩ ᠵᠢᠡᠨ ᠵᠠᠰᠠᠬᠤ》᠂ 《ᠣᠣᠮᠧᠨᠴᠤᠳ ᠤᠤᠮᠸᠨ ᠵᠢᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠪᠥᠭᠡᠳ ᠡᠷᠡᠰ ᠭᠤᠢᠪᠢᠰᠢ ᠦᠭᠡᠢ ᠲᠤᠭᠤᠱᠢᠯᠠᠭᠤᠯᠤᠨ᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠠᠩᠭᠢ ᠳᠠᠪᠬᠤᠷᠭ᠎ᠠ᠎ᠶ᠋ᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠬ᠎ᠠ ᠳᠡᠭᠦᠦ᠍᠎ᠨᠡᠷ᠎ᠦᠨ ᠬᠠᠷᠢᠴᠠᠭ᠎ᠠ᠎ᠶ᠋ᠢᠨ ᠡᠶ᠎ᠡ ᠵᠣᠬᠢᠴᠠᠩᠭᠤᠢ ᠪᠠᠢᠬᠤ ᠵᠢ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃ ᠭᠡᠱᠢᠭᠦᠳ ᠡᠴᠡ ᠡᠲᠡᠭᠡᠳ ᠢᠯᠭᠠᠯ᠎ᠤᠨ ᠤᠯᠠᠨ ᠲᠦᠮᠡᠨ᠎ᠲᠡᠶ ᠬᠠᠷᠢᠯᠴᠠᠬᠤ ᠠᠵᠢᠯ ᠪᠠ ᠭᠡᠱᠢᠭᠦᠳ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠤ  《ᠠᠷᠠᠳ ᠲᠦᠮᠡᠨ ᠳ᠋ᠤ ᠦᠢᠯᠡᠴᠢᠯᠡᠬᠦ᠌》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠢᠲᠡᠭᠡᠯ ᠵᠣᠷᠢᠭ᠎ᠢ ᠬᠥᠪᠴᠢᠯᠡᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠡᠷᠡᠭᠡᠯᠵᠡᠭᠡ ᠲᠥᠭᠡᠷᠢᠭ᠌ᠳᠡᠯ᠎ᠢ ᠲᠠᠢᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠭᠠᠳᠠᠭᠠᠳᠤ᠎ᠯᠤᠭ᠎ᠠ᠎ᠶ᠋ᠢᠨ ᠨᠥᠬᠥᠷᠰᠡᠭ ᠶᠠᠪᠤᠯᠴᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠣᠢᠯᠠᠭᠠᠭ᠍ᠳᠠᠬᠤᠨ᠎ᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠳᠠᠭᠤᠨ᠎ᠢ ᠰᠠᠢᠲᠤᠷ ᠳᠠᠮᠵᠢᠭᠤᠯᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠬᠣᠯᠪᠣᠭ᠍ᠳᠠᠯ ᠪᠦᠬᠦᠢ ᠠᠵᠢᠯᠯᠠᠭ᠎ᠠ᠎ᠶ᠋ᠢ ᠰᠠᠢᠲᠤᠷ ᠪᠡᠯᠡᠳᠭᠡᠨ ᠵᠣᠬᠢᠶᠠᠨ ᠪᠠᠢᠭᠤᠯᠵᠤ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠤᠯᠤᠰ ᠲᠦᠷᠦ᠍᠎ᠶ᠋ᠢᠨ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ ᠵᠢ ᠴᠢᠩᠭᠠᠳᠭᠠᠨ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠢ ᠲᠠᠰᠤᠷᠠᠯᠳᠠ ᠦᠭᠡᠢ ᠤᠷᠤᠭ᠍ᠰᠢᠯᠠᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠ ᠪᠠᠢᠭᠤᠯᠭ᠎ᠠ᠎ᠶ᠋ᠢᠨ ᠺᠠᠳ᠋ᠷ᠎ᠤᠨ 《ᠬᠣᠶᠠᠷ ᠡᠩᠨᠡᠭᠡ》 ᠵᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭ᠌ᠲᠡᠢ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠶᠡᠷᠦᠩᠬᠡᠢ ᠱᠦᠵᠢ ᠰᠢ ᠵᠢᠨ ᠫᠢᠩ᠎ᠦᠨ 《ᠤᠯᠤᠰ ᠲᠦᠷᠦ᠍᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠳᠡᠭᠡᠨ ᠴᠢᠳᠠᠮᠠᠭᠠᠢ᠂ ᠰᠠᠬᠢᠯᠭ᠎ᠠ ᠪᠠᠲᠤ᠎ᠶ᠋ᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠌᠂ ᠬᠡᠪ ᠪᠤᠯᠪᠠᠰᠤᠷᠠᠯ᠎ᠢ ᠴᠢᠬᠤᠯᠠᠴᠢᠯᠠᠬᠤ》 ᠲᠤᠬᠠᠢ ᠴᠢᠬᠤᠯᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠲᠤᠰ ᠪᠡᠶ᠎ᠡ᠎ᠶ᠋ᠢᠨ ᠬᠡᠪ ᠪᠣᠯᠪᠠᠰᠤᠷᠠᠯ ᠪᠠ ᠲᠤᠱᠢᠶᠠᠯ᠎ᠢᠶᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠦᠨᠡᠨ ᠦᠭᠡ ᠬᠡᠯᠡᠵᠦ᠍᠂ ᠪᠣᠳᠠᠲᠠᠢ ᠪᠠᠢᠳᠠᠯ᠎ᠢ ᠶᠠᠷᠢᠵᠤ᠂ ᠪᠣᠳᠠᠲᠠᠢ ᠠᠷᠭ᠎ᠠ ᠰᠦᠪᠡᠭ᠌ᠴᠢᠯᠡᠵᠦ᠍᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ ᠢ᠋ ᠢᠯᠡᠷᠡᠭᠦᠯᠬᠦ᠌ ᠬᠡᠷᠡᠭ᠌ᠲᠡᠢ᠃ ᠪᠠᠢᠭᠤᠯᠭ᠎ᠠ᠎ᠶ᠋ᠢᠨ ᠺᠠᠳ᠋ᠷᠴᠤᠳ᠎ᠤᠨ ᠶᠡᠷᠦᠩᠬᠡᠢ ᠬᠡᠪ ᠪᠤᠯᠪᠠᠰᠤᠷᠠᠯ ᠪᠠ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠤᠬᠢ ᠵᠢᠨ ᠳᠤᠮᠳᠠ ᠡᠴᠡ ᠰᠤᠳᠤ ᠵᠢ ᠡᠷᠢᠯᠬᠢᠯᠡᠬᠦ ᠵᠢ ᠡᠷᠬᠢᠮᠯᠡᠨ᠂ ᠰᠤᠳᠤ ᠰᠠᠢᠬᠠᠨ᠎ᠢ ᠬᠥᠭᠡᠭᠡᠴᠡᠯᠳᠦᠬᠦ᠌ ᠠᠵᠢᠯ᠎ᠤᠨ ᠰᠤᠷᠲᠠᠯ᠎ᠢ ᠰᠠᠨᠠᠭᠠᠴᠢᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠢᠯᠠᠨ ᠳᠠᠪᠠᠬᠤ ᠪᠠ ᠵᠠᠯᠠᠷᠠᠭᠤᠯᠤᠨ᠂ ᠨᠠᠮ᠎ᠤᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠠᠬᠢᠭᠤᠯᠵᠤ᠂ ᠨᠠᠮ᠎ᠢ ᠰᠠᠨᠠᠭ᠎ᠠ ᠠᠮᠤᠷ ᠪᠠᠢᠯᠭᠠᠬᠤ᠂ ᠠᠷᠠᠳ ᠲᠦᠮᠡᠨ ᠳ᠋ᠤ ᠬᠠᠨᠤᠮᠵᠢᠲᠠᠢ ᠵᠢᠱ᠌ᠢᠶᠡᠴᠢ ᠪᠠᠢᠭᠤᠯᠭ᠎ᠠ᠎ᠶ᠋ᠢ ᠪᠠᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠭᠡᠱᠢᠭᠦᠳ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠤᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢᠶᠡᠷ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠰᠦᠭᠡᠢ ᠭᠡᠵᠦ᠍ ᠤᠷᠢᠶᠠᠯᠠᠪᠠ!

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋  ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号