《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ᠂ ᠥᠩᠭᠡᠷᠡᠭ᠌ᠰᠡᠨ ᠨᠢᠭᠡ ᠵᠢᠯ᠎ᠦᠨ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠂ ᠠᠵᠢᠯ᠎ᠢ ᠨᠠᠢᠳᠠᠪᠤᠷᠢᠵᠢᠭᠤᠯᠤᠭ᠍ᠰᠠᠨ᠎ᠡᠴᠡ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠳᠦ ᠠᠪᠴᠢᠷᠠᠭ᠍ᠰᠠᠨ ᠢᠯᠡᠳᠲᠡ ᠦᠷ᠎ᠡ ᠪᠦᠲᠦᠮᠵᠢ᠎ᠶ᠋ᠢ ᠪᠢ ᠦᠨᠡᠨ ᠬᠦ᠌ ᠤᠯᠵᠤ ᠮᠡᠳᠡᠷᠡᠯ᠎ᠡ᠃ ᠡᠲᠡᠭᠡᠷ ᠠᠮᠵᠢᠯᠲᠠ ᠪᠦᠲᠦᠮᠵᠢ ᠬᠥᠮᠦᠰ᠎ᠢ ᠤᠷᠮᠨᠰᠢᠭᠤᠯᠤᠨ ᠵᠣᠷᠢᠭ᠍ᠵᠢᠭᠤᠯᠵᠤ ᠪᠤᠢ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠰᠠᠨ ᠫᠠᠩ ᠳ᠋ᠠᠨ (ᠥᠪᠥᠷ ᠮᠣᠩᠭᠣᠯ) ᠢᠳᠡᠭᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠵᠢᠶᠠᠨ ᠱᠢᠩ ᠬᠡᠯᠡᠪᠡ᠃

ᠶᠠᠰᠤ ᠴᠢᠨᠠᠷ᠎ᠢ᠋ ᠳᠡᠭᠡᠭ᠌ᠰᠢᠯᠡᠭᠦᠯᠬᠦ᠌᠎ᠪᠡᠷ ᠳᠠᠮᠵᠢᠭᠤᠯᠤᠨ ᠭᠠᠵᠠᠷ ᠣᠷᠣᠨ᠎ᠤ ᠲᠦᠷᠦᠯ ᠲᠡᠮᠳᠡᠭ᠎ᠢ ᠬᠡᠷᠬᠢᠨ ᠬᠦᠴᠦᠷᠬᠡᠭ᠌ᠵᠢᠭᠦᠯᠵᠦ᠍᠂ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠶ? ᠱᠢᠤᠢ ᠵᠢᠶᠠᠨ ᠱᠢᠩ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠲᠡᠶ᠎ᠪᠠᠨ ᠤᠶᠠᠯᠳᠤᠭᠤᠯᠤᠨ ᠲᠤᠤᠷᠠᠬᠢ ᠰᠠᠨᠠᠭᠤᠯᠭ᠎ᠠ᠎ᠶᠢ ᠳᠤᠷᠠᠳᠪᠠ᠃ ᠨᠢᠭᠡ᠎ᠳᠦ᠂ ᠲᠥᠷᠥᠯ ᠲᠡᠮᠳᠡᠭ᠎ᠤᠨ ᠪᠠᠢᠭᠤᠯᠤᠯᠲᠠ ᠪᠡᠷ ᠦᠶ᠋ᠯᠡᠳᠬᠦᠨ᠎ᠦ ᠶᠠᠰᠤ ᠴᠢᠨᠠᠷ᠎ᠢ ᠪᠠᠷᠢᠮᠵᠢᠶᠠᠵᠢᠭᠤᠯᠤᠨ ᠪᠠᠲᠤᠯᠠᠨ᠎ᠠ᠃ ᠦᠢᠯᠡᠳᠬᠦᠨ᠎ᠦ ᠦᠢᠯᠡᠳᠪᠦᠷᠢᠯᠡᠯ᠎ᠦᠨ ᠤᠷ᠎ᠠ ᠮᠡᠷᠭᠡᠱᠢᠯ᠎ᠢ ᠱᠢᠨᠵᠢᠯᠡᠬᠦ᠌ ᠤᠬᠠᠭᠠᠨᠴᠢ᠎ᠪᠠᠷ ᠴᠢᠩᠭ᠎ᠠ ᠬᠢᠵᠠᠭᠠᠷᠯᠠᠵᠤ᠂ ᠶᠠᠰᠤ ᠴᠢᠨᠠᠷ᠎ᠤᠨ ᠤᠯᠠᠭᠠᠨ ᠱᠤᠭᠤᠮ᠎ᠢ ᠪᠠᠲᠤ ᠰᠠᠬᠢᠨ᠎ᠠ; ᠥᠨᠳᠥᠷ ᠲᠦᠪᠰᠢᠨ ᠪᠦᠬᠦᠢ ᠮᠡᠷᠭᠡᠵᠢᠯ᠎ᠦᠨ ᠪᠠᠷᠢᠮᠵᠢᠶ᠎ᠠ᠂ ᠠᠵᠢᠯ᠎ᠤᠨ ᠪᠠᠷᠢᠮᠵᠢᠶ᠎ᠠ ᠪᠣᠯᠤᠨ ᠬᠠᠮᠢᠶᠠᠷᠤᠯᠲᠠ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠵᠤ᠂ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ᠎ᠡ; ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠦᠨ ᠪᠠᠷᠢᠮᠵᠢᠶ᠎ᠠ ᠲᠣᠭ᠍ᠲᠠᠭᠠᠬᠤ (ᠵᠠᠰᠠᠪᠤᠷᠢ ᠣᠷᠣᠭᠤᠯᠬᠤ)᠎ᠳ᠋ᠤ ᠠᠵᠤ ᠠᠬᠤᠢᠯᠠᠯ᠎ᠤᠨ ᠣᠷᠣᠯᠴᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠮᠡᠷᠭᠡᠵᠢᠯ᠎ᠦᠨ ᠳᠦᠷᠢᠮ ᠲᠣᠭ᠍ᠲᠠᠭᠠᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠦᠷᠭᠡᠳᠭᠡᠨ ᠲᠣᠭ᠍ᠲᠠᠭᠠᠵᠤ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠮᠡᠷᠭᠡᠵᠢᠯ᠎ᠦᠨ ᠪᠠᠷᠢᠮᠵᠢᠶ᠎ᠠ᠎ᠶ᠋ᠢᠨ ᠱᠢᠰᠲ᠋ᠸᠮ᠎ᠢ ᠲᠡᠭᠦᠯᠳᠡᠷᠵᠢᠭᠦᠯᠦᠨ᠎ᠡ᠃ ᠬᠣᠶᠠᠷ᠎ᠲᠤ᠂ ᠲᠥᠷᠥᠯ ᠲᠡᠮᠳᠡᠭ᠌᠎ᠤᠨ ᠪᠠᠢᠭᠤᠯᠤᠯᠲᠠ᠎ᠪᠠᠷ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠤᠨ ᠬᠠᠮᠠᠭᠠᠯᠠᠨ᠎ᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠲᠡᠮᠳᠡᠭ᠌᠎ᠤᠨ ᠪᠠᠢᠭᠤᠯᠤᠭ᠍ᠴᠢᠳ᠎ᠤᠨ ᠲᠥᠷᠥᠯ ᠲᠡᠮᠳᠡᠭ᠎ᠤᠨ ᠪᠠᠷᠢᠮᠵᠢᠶᠠᠵᠢᠭᠤᠯᠬᠤ ᠪᠠᠢᠭᠤᠯᠤᠯᠲᠠ᠎ᠳᠤ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠤᠨ ᠲᠡᠳᠬᠦᠨ᠎ᠡ; ᠲᠥᠷᠥᠯ ᠲᠡᠮᠳᠡᠭ᠌᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠦᠨ ᠨᠡᠷ᠎ᠠ ᠠᠯᠳᠠᠷᠱᠢᠯ᠎ᠢᠶᠠᠷ ᠥᠨᠳᠥᠷ᠂ ᠦᠨ᠎ᠡ ᠥᠰᠭᠦ ᠴᠢᠳᠠᠪᠤᠷᠢ᠎ᠪᠠᠷ ᠴᠢᠩᠭ᠎ᠠ ᠨᠢᠭᠡ ᠪᠦᠯᠦᠭ ᠳᠠᠭᠠᠭᠤᠯᠤᠭᠴᠢ ᠠᠵᠤ ᠠᠬᠤᠢᠯᠠᠯ ᠪᠠ ᠣᠨᠴᠠᠯᠢᠭ᠍ᠲᠤ ᠲᠥᠷᠥᠯ ᠲᠡᠮᠳᠡᠭ᠌᠎ᠢ ᠪᠣᠶ ᠪᠣᠯᠭᠠᠵᠤ᠂ ᠲᠥᠷᠥᠯ ᠲᠡᠮᠳᠡᠭ᠌᠎ᠤᠨ ᠭᠠᠷᠴᠠᠭ᠎ᠤᠨ ᠲᠦᠷᠢᠮ᠎ᠢ ᠪᠠᠢᠭᠤᠯᠤᠨ᠂ ᠨᠠᠷᠠᠲᠤ ᠲᠥᠷᠥᠯ ᠲᠡᠮᠳᠡᠭ᠌ᠲᠦ ᠦᠶ᠋ᠯᠡᠳᠬᠦᠨ᠎ᠢ ᠡᠯᠰᠡᠨ ᠴᠤᠭ᠍ᠯᠠᠭᠤᠯᠬᠤ᠂ ᠱᠢᠯᠭᠠᠷᠠᠭᠤᠯᠬᠤ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠢᠨᠠᠨ ᠬᠠᠷᠭᠤᠭᠤᠯᠬᠤ ᠪᠠ ᠪᠤᠴᠠᠭᠠᠨ ᠭᠠᠷᠭᠠᠬᠤ ᠲᠣᠭ᠍ᠲᠡᠴᠡ᠎ᠶ᠋ᠢ ᠪᠦᠷᠢᠨᠱᠢᠬᠦᠯᠵᠦ᠍᠂ ᠪᠣᠷᠣᠯᠠᠭᠤᠯᠭ᠎ᠠ᠎ᠶ᠋ᠢᠨ ᠳᠠᠷᠠᠭᠠᠬᠢ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠨ᠎ᠠ; ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠤᠷᠲᠤ ᠬᠤᠭᠤᠴᠠᠭᠠᠨ᠎ᠤ ᠦᠷ᠎ᠡ ᠪᠦᠲᠦᠮᠵᠢᠲᠡᠶ ᠬᠢᠨᠠᠯᠲᠠ ᠲᠠᠯᠪᠢᠬᠤ ᠲᠣᠭ᠍ᠲᠡᠴᠡ᠎ᠶ᠋ᠢ ᠪᠠᠢᠭᠤᠯᠵᠤ᠂ ᠲᠦᠷᠦᠯ ᠲᠡᠮᠳᠡᠭ᠎ᠦᠨ ᠳᠦᠷᠢ ᠲᠥᠷᠬᠦ᠌ ᠪᠣᠯᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠦᠨᠡᠨ ᠬᠦ᠌ ᠬᠠᠮᠠᠭᠠᠯᠠᠵᠤ᠂ ᠲᠦᠷᠦᠯ ᠲᠡᠮᠳᠡᠭ᠎ᠦᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠵᠤ᠂ ᠡᠷᠬᠡ᠎ᠳᠦ ᠬᠠᠯᠳᠠᠭ᠍ᠰᠠᠨ ᠦᠢᠯᠡ ᠠᠵᠢᠯᠯᠠᠭ᠎ᠠ᠎ᠳᠤ ᠴᠣᠬᠢᠯᠲᠠ ᠥᠭ᠌ᠬᠦ ᠡᠷᠴᠢᠮ᠎ᠢᠶᠡᠨ ᠴᠢᠨᠭᠭᠠᠷᠠᠭᠤᠯᠤᠨ᠎ᠠ᠃ ᠭᠤᠷᠪᠠ᠎ᠳᠤ᠂ ᠲᠥᠷᠥᠯ ᠲᠡᠮᠳᠡᠭ᠌᠎ᠤᠨ ᠪᠠᠢᠭᠤᠯᠤᠯᠲᠠ ᠪᠡᠷ ᠶᠡᠷᠦᠩᠬᠡᠢᠯᠡᠭ᠌ᠰᠡᠨ ᠦᠷ᠎ᠡ ᠠᠱᠢᠭ᠎ᠢ ᠬᠠᠮᠲᠤ ᠪᠡᠷ ᠡᠳ᠋ᠯᠡᠨ ᠳᠡᠭᠡᠭ᠌ᠰᠢᠯᠡᠭᠦᠯᠦᠨ᠎ᠡ᠃ ᠲᠤᠮᠤ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ᠎ᠢ ᠠᠱᠢᠭ᠍ᠯᠠᠨ᠂ ᠵᠠᠬ᠎ᠠ ᠳᠡᠯᠭᠡᠭᠦᠷ᠎ᠦᠨ ᠮᠡᠳᠡᠭᠡ ᠵᠠᠩᠭᠢ᠂ ᠱᠢᠨ᠎ᠡ᠎ᠶ᠋ᠢ ᠡᠭᠦᠳᠬᠦ᠌ ᠪᠣᠯᠪᠠᠰᠤᠷᠠᠯ ᠵᠡᠷᠭᠡ ᠲᠠᠯ᠎ᠠ᠎ᠪᠠᠷ ᠳᠤᠮᠳᠠ ᠪᠠᠭ᠎ᠠ ᠠᠵᠤ ᠠᠬᠤᠢᠯᠠᠯ᠎ᠳᠤ ᠬᠠᠪᠰᠤᠷᠤᠯᠭ᠎ᠠ ᠬᠠᠩᠭᠠᠵᠤ᠂ ᠬᠠᠮᠵᠢᠯᠴᠠᠨ ᠬᠥᠭ᠌ᠵᠢᠬᠦ᠌ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠴᠦ᠍᠂ ᠳᠤᠮᠳᠠ ᠪᠠᠭ᠎ᠠ ᠠᠵᠤ ᠠᠬᠤᠢᠯᠠᠯ᠎ᠤᠨ ᠬᠣᠯᠪᠣᠭᠠᠯᠠᠨ ᠬᠥᠭ᠌ᠵᠢᠬᠦ᠌᠎ᠶ᠋ᠢ ᠵᠣᠷᠢᠭ᠍ᠵᠢᠭᠤᠯᠤᠨ᠎ᠠ; ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠤᠨ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠡᠮᠵᠢᠬᠦ᠌ ᠡᠷᠴᠢᠮ᠎ᠢᠶᠡᠨ ᠴᠢᠨᠭᠭᠠᠷᠠᠭᠤᠯᠵᠤ᠂ ᠡᠯ᠎ᠡ ᠵᠦᠢᠯ᠎ᠦᠨ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠦᠨᠠ; 《ᠵᠠᠰᠠᠭ᠎ᠤᠨ ᠤᠷᠳᠤᠨ ᠪᠠᠩᠬᠢ ᠪᠠᠲᠤᠯᠠᠨ ᠳᠠᠭᠠᠭᠠᠬᠤ ᠪᠠᠢᠭᠤᠯᠤᠮᠵᠢ》᠎ᠶ᠋ᠢᠨ ᠬᠠᠮᠵᠢᠯᠴᠠᠨ ᠳᠡᠮᠵᠢᠬᠦ᠌᠎ᠶ᠋ᠢ ᠴᠢᠩᠭᠠᠷᠠᠭᠤᠯᠤᠨ᠂ ᠢᠲᠡᠭᠡᠮᠵᠢᠲᠦ ᠵᠢᠭᠡᠯᠡᠯᠭᠡ᠎ᠶ᠋ᠢᠨ ᠠᠶᠤᠯ ᠲᠦᠭ᠌ᠰᠢᠭᠦᠷᠢ᠎ᠶ᠋ᠢ ᠬᠠᠮᠲᠤ ᠪᠠᠷ ᠠᠷᠭᠠᠴᠠᠭᠠᠬᠤ ᠲᠣᠭ᠍ᠲᠡᠴᠡ᠎ᠶ᠋ᠢ ᠪᠦᠷᠢᠨᠱᠢᠬᠦᠯᠵᠦ᠍᠂ ᠮᠠᠯ ᠠᠵᠤ ᠠᠬᠤᠢ᠎ᠲᠠᠷᠢᠶᠠᠯᠠᠩ᠎ᠤᠨ ᠪᠠᠲᠤᠯᠠᠨ ᠳᠠᠭᠠᠭᠠᠯᠲᠠ᠎ᠶ᠋ᠢᠨ 《ᠬᠣᠤᠰ ᠡᠵᠡᠮᠳᠡᠯ》 ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠂ ᠠᠵᠤ ᠠᠬᠤᠢᠯᠠᠯ᠎ᠤᠨ ᠰᠲ᠋ᠤᠺ ᠤ᠋ᠨ ᠵᠠᠬ᠎ᠠ᠎ᠳᠤ ᠭᠠᠷᠴᠤ᠌ ᠪᠠᠯᠠ ᠬᠤᠷᠠᠮᠳᠤᠭᠤᠯᠬᠤ᠎ᠶ᠋ᠢ ᠳᠠᠮᠵᠢᠵᠤ᠂ ᠠᠵᠤ ᠠᠬᠤᠢᠯᠠᠯ᠎ᠤᠨ ᠰᠲ᠋ᠤᠺ ᠤ᠋ᠨ ᠵᠠᠬ᠎ᠠ᠎ᠳᠤ ᠭᠠᠷᠬᠤ᠎ᠶ᠋ᠢ ᠪᠦᠬᠦ ᠶᠠᠪᠤᠴᠠ ᠪᠡᠷ ᠠᠬᠢᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠦᠨ᠎ᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号