ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠶᠦᠨ ᡁᠢ ᠾᠸᠤ ᠶᠠᠷᠢᠬᠰᠡᠨ ᠨᠢ
2024-03-11 12:36:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠦᠨ ᡁᠢ ᠾᠸᠤ᠄  ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂  ᠠᠵᠢᠯᠴᠢᠨ᠎ᠲᠠᠷᠢᠶᠠᠴᠢᠨ ᠤ᠋ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠡᠷᠬᠢᠯᠡᠭ᠌ᠴᠢ ᠭᠡᠱᠢᠭᠦᠨ


4978347_tal_1710096348719_m.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠪᠠᠢᠴᠠᠭᠠᠨ ᠰᠤᠳᠤᠯᠤᠯᠲᠠ᠎ᠶ᠋ᠢ ᠶᠡᠬᠡ᠎ᠪᠡᠷ ᠥᠷᠨᠢᠭᠦᠯᠵᠦ᠍᠂ 〈ᠳᠥᠷᠪᠡ᠎ᠶᠢ ᠦᠨᠳᠦᠰᠦᠨ ᠱᠠᠲᠤᠨ ᠳ᠋ᠤ ᠬᠦᠢᠴᠡᠳᠬᠡᠬᠦ〉 ᠲᠦᠷᠢᠮ᠎ᠢ ᠨᠠᠢᠲᠠᠪᠤᠷᠢᠵᠢᠭᠤᠯᠬᠤ》᠂ 《ᠥᠷᠭᠡᠨ ᠣᠯᠠᠨ ᠺᠠᠳ᠋ᠷ 〈ᠴᠠᠭ ᠢᠮᠠᠭ᠍ᠲᠠ ᠰᠡᠳᠭᠢᠯ ᠠᠮᠤᠷ ᠥᠬᠡᠢ ᠪᠠᠢᠬᠤ〉 ᠬᠠᠷᠢᠭᠤᠴᠠᠯᠭᠠᠲᠤ ᠰᠡᠳᠭᠢᠯᠭᠡ᠎ᠪᠡᠨ ᠴᠢᠩᠭᠠᠳᠭᠠᠬᠤ᠎ᠶ᠋ᠢᠨ ᠬᠠᠮᠲᠤ 〈ᠶᠠᠪᠤᠳᠠᠯ ᠪᠦᠬᠦᠨ᠎ᠳᠦ ᠳᠣᠲᠣᠷ᠎ᠠ᠎ᠪᠠᠨ ᠲᠣᠭ᠎ᠠ᠎ᠲᠠᠶ ᠪᠠᠢᠬᠤ〉 ᠠᠵᠢᠯᠯᠠᠭᠠᠨ᠎ᠤ ᠬᠦᠴᠦᠨ ᠪᠣᠯᠭᠠᠨ ᠦᠨᠡᠨ ᠬᠦ᠌ ᠬᠤᠪᠢᠷᠠᠭᠤᠯᠵᠤ᠂ ᠠᠵᠢᠯ ᠬᠢᠵᠦ᠍ ᠦᠶ᠋ᠯᠡᠰ ᠪᠤᠰᠭᠠᠬᠤ ᠴᠣᠭ ᠰᠦᠯᠳᠡ᠎ᠪᠡᠨ ᠬᠥᠭ᠌ᠵᠢᠭᠡᠨ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠱᠢᠷᠭᠠᠭᠤ ᠬᠠᠲᠠᠭᠤᠵᠢᠯᠲᠠᠶ ᠠᠵᠢᠯᠯᠠᠠ᠂ ᠴᠢᠳᠠᠮᠠᠭᠠᠶ ᠬᠢᠵᠦ᠍ ᠰᠠᠢᠲᠤᠷ ᠪᠦᠲᠦᠭᠡᠵᠦ᠍᠂ ᠴᠠᠭ ᠦᠶ᠎ᠡ ᠪᠠ ᠠᠷᠠᠳ ᠲᠦᠮᠡᠨ᠎ᠳᠦ ᠥᠯᠥ᠍ ᠣᠰᠣᠯᠳᠠᠬᠤ ᠱᠢᠨ᠎ᠡ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠶ》 ᠭᠡᠵᠦ᠍ ᠳᠤᠷᠠᠳᠴᠠᠶ᠂ ᠡᠨᠡ ᠨᠢ ᠪᠢᠳᠡᠨ᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃

ᠪᠠᠢᠴᠠᠭᠠᠨ ᠰᠤᠳᠤᠯᠤᠯᠲᠠ ᠪᠣᠯ ᠠᠵᠢᠯ ᠶᠠᠪᠤᠳᠠᠯ᠎ᠢ ᠪᠣᠳᠣᠯᠬᠢᠯᠠᠬᠤ᠎ᠶ᠋ᠢᠨ ᠰᠠᠭᠤᠷᠢ᠂ ᠠᠵᠢᠯ ᠶᠠᠪᠤᠳᠠᠯ᠎ᠢ ᠪᠦᠲᠦᠭᠡᠬᠦ᠌᠎ᠶ᠋ᠢᠨ ᠠᠷᠭ᠎ᠠ ᠵᠠᠮ ᠮᠥᠨ᠂ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠬᠦᠴᠦᠨ ᠵᠦᠢᠯ ᠮᠥᠨ᠃ ᠪᠢᠳᠡ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠶᠡᠬᠡ᠎ᠪᠡᠷ ᠪᠠᠳᠠᠷᠠᠭᠤᠯᠵᠤ᠂ ᠪᠠᠢᠴᠠᠭᠠᠨ ᠰᠤᠳᠤᠯᠤᠯᠲᠠ᠎ᠶ᠋ᠢ ᠰᠠᠢᠲᠤᠷ ᠠᠳᠭᠤᠨ᠂ 《ᠮᠡᠷᠭᠡᠨ ᠠᠷᠭ᠎ᠠ》 ᠶ᠋ᠢ ᠢᠯᠡᠭᠦᠬᠡᠨ ᠳᠤᠷᠠᠳᠭᠤ ᠬᠡᠷᠡᠭ᠌ᠲᠡᠢ᠃ ᠰᠡᠳᠭᠢᠯ ᠱᠢᠭᠤᠳᠤᠨ ᠨᠢᠭᠡᠳᠦᠭᠡᠷ ᠹᠷᠣᠨᠲ ᠲᠸ᠋ ᠭᠦᠨᠵᠡᠭᠡᠢᠷᠡᠵᠦ᠍᠂ ᠪᠠᠢᠳᠠᠯ᠎ᠢ ᠲᠣᠳᠣᠷᠬᠠᠢ ᠣᠢᠯᠠᠭᠠᠨ᠂ ᠠᠰᠠᠭᠤᠳᠠᠯ᠎ᠢ ᠣᠨᠣᠪᠴᠢᠲᠠᠢ ᠡᠷᠢᠵᠦ᠍᠂ ᠠᠷᠭ᠎ᠠ ᠪᠤᠳᠤᠯᠭ᠎ᠠ᠎ᠪᠠᠨ ᠪᠣᠳᠠᠲᠠᠢ ᠳᠤᠷᠠᠳᠬᠤ ᠬᠡᠷᠡᠭᠲᠠᠢ᠃ ᠡᠨᠡ ᠵᠢᠯ ᠪᠢ 《ᠬᠠᠷ᠎ᠠ ᠭᠣᠣᠯ᠎ᠤᠨ ᠰᠠᠪᠠ ᠭᠠᠵᠠᠷ᠎ᠤᠨ ᠶᠡᠷᠦᠩᠬᠡᠢᠯᠡᠭ᠌ᠰᠡᠨ ᠲᠥᠯᠥᠪᠵᠢᠭᠦᠯᠭᠡ᠎ᠶ᠋ᠢ ᠲᠦᠷᠭᠡᠳᠭᠡᠨ ᠲᠤᠭᠲᠠᠭᠠᠬᠤ ᠲᠤᠬᠠᠢ ᠰᠠᠨᠠᠯ ᠲᠤᠷᠠᠳᠤᠯᠭ᠎ᠠ》 ᠶ᠋ᠢ ᠠᠪᠴᠢᠷᠠᠭ᠍ᠰᠠᠨ ᠶᠤᠮ᠃ ᠲᠡᠷᠡ ᠨᠢ ᠬᠠᠷ᠎ᠠ ᠭᠣᠣᠯ᠎ᠤᠨ ᠰᠠᠪᠠ ᠭᠠᠵᠠᠷ᠎ᠤᠨ ᠣᠳᠣᠬᠢ ᠪᠠᠢᠳᠠᠯ ᠵᠢᠴᠢ ᠠᠰᠠᠭᠤᠳᠠᠯ ᠳ᠋ᠤ ᠶᠡᠷᠦᠩᠬᠡᠢᠯᠡᠭᠰᠡᠨ ᠪᠠᠢᠴᠠᠭᠠᠨ ᠰᠤᠳᠤᠯᠤᠯᠳᠠ ᠬᠢᠭᠰᠡᠨ ᠰᠠᠭᠤᠷᠢᠨ ᠲᠡᠭᠡᠷ᠎ᠡ ᠲᠤᠷᠠᠳᠤᠭᠰᠠᠨ ᠶᠤᠮ᠃ ᠠᠰᠠᠭᠤᠳᠠᠯ ᠎ᠢ ᠰᠢᠢᠳᠪᠦᠷᠢᠯᠡᠬᠦ ᠨᠢ ᠨᠠᠢᠳᠠᠪᠤᠷᠢᠵᠢᠭᠤᠯᠤᠯᠳᠠ᠎ᠳᠤ ᠪᠤᠢ᠂ ᠪᠢᠳᠡ ᠡᠷᠬᠡᠪᠰᠢ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠯᠠᠪᠳᠠᠭᠤᠨ ᠪᠠᠲᠤᠲᠠᠢ᠎ᠠᠵᠢᠯᠯᠠᠵᠤ᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠠᠰᠠᠭᠤᠳᠠᠯ᠎ᠢ ᠱᠢᠢᠳᠪᠦᠷᠢᠯᠡᠬᠦ᠌ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠦᠴᠢᠷ ᠎ᠢ ᠰᠦᠷᠦᠨ ᠤᠷᠤᠭ᠍ᠰᠢᠯᠠᠵᠤ᠂ ᠢᠳᠡᠪᠬᠢᠲᠡᠢ ᠎ᠪᠡᠷ ᠬᠠᠷᠢᠭᠤᠴᠠᠯᠭ᠎ᠠ ᠡᠭᠦᠷᠭᠡᠯᠡᠨ᠂ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠬᠡᠬᠦ ᠬᠡᠷᠡᠭᠳᠡᠢ᠃

(ᠵᠤᠬᠢᠶᠠᠯ᠄ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠭᠤᠤ ᠬᠣᠶ᠂ ᠰᠤᠷᠪᠤᠯᠵᠢᠯᠠᠭ᠎ᠠ  ᠬᠦᠯᠢᠶᠡᠭ᠌ᠴᠢ ᠵᠢᠷᠤᠭ᠎ᠢ ᠬᠠᠩᠭᠠᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号