ᠡᠸ᠋ ᠯᠢ ᠮᠢᠨ᠄ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠬᠢᠷᠤᠯ

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ ᠪᠠ 《ᠠᠷᠠᠳ ᠤ᠋ᠨ ᠲᠠᠬᠡᠲᠤ ᠰᠢᠬᠦᠬᠦ ᠬᠤᠷᠢᠶ᠎ᠠ ᠠᠷᠠᠳ᠎ᠤᠨ ᠲᠠᠬᠡᠲᠤ ᠪᠠᠢᠴᠠᠭᠠᠬᠤ ᠬᠤᠷᠢᠶ᠎ᠠ》 ᠵᠢᠨ ᠠᠵᠢᠯ᠎ᠤᠨ ᠮᠡᠲᠡᠬᠥᠯᠥᠯᠲᠡ ᠵᠡᠷᠭᠡ ᠨᠢ ᠮᠠᠰᠢ ᠨᠠᠷᠢᠯᠢᠭ᠂ ᠬᠢᠯᠠᠰ ᠴᠡᠭ ᠣᠯᠠᠨ᠂ ᠨᠠᠢᠳᠠᠪᠤᠷᠢᠵᠢᠭᠤᠯᠤᠯᠲᠠ ᠪᠣᠳᠠᠲᠠᠶ ᠪᠠᠢᠵᠤ᠂ ᠪᠣᠳᠠᠲᠠᠶ᠎ᠶ᠋ᠢ ᠡᠷᠬᠢᠮᠯᠡᠬᠦ᠌ ᠰᠤᠷᠲᠠᠯ ᠢ ᠭᠦᠶ᠋ᠴᠡᠳ ᠢᠯᠡᠷᠡᠭᠦᠯᠪᠡ᠃
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳᠤ ᠱᠢᠨᠵᠢᠯᠡᠨ ᠪᠠᠢᠴᠠᠭᠠᠬᠤ᠎ᠳᠠᠭᠠᠨ᠂ 《ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠶᠡᠬᠡ ᠪᠡᠷ ᠪᠠᠳᠠᠷᠠᠭᠤᠯᠬᠤ᠂ 《ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠬᠤ》᠂ 《ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠬᠤ》 ᠬᠡᠷᠡᠭ᠌ᠲᠡᠢ ᠭᠡᠵᠦ᠍ ᠴᠢᠬᠤᠯᠠᠴᠢᠯᠠᠵᠤ᠂ ᠦᠨᠡᠨ ᠪᠣᠳᠠᠲᠠᠢ᠎ᠶ᠋ᠢ ᠡᠷᠬᠢᠮᠯᠡᠬᠦ᠌᠎ᠶ᠋ᠢᠨ ᠴᠢᠬᠤᠯᠠ ᠴᠢᠨᠠᠷ᠎ᠢ ᠲᠤᠪᠤᠢ᠌ᠯᠭᠠᠵᠠᠢ᠃ ᠦᠨᠡᠨ ᠪᠣᠳᠠᠲᠠᠢ᠎ᠶ᠋ᠢ ᠡᠷᠬᠢᠮᠯᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠴᠢᠬᠤᠯᠠ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠮᠥᠨ᠃ ᠶᠡᠬᠡ ᠳᠡᠭᠡᠳᠦ ᠰᠤᠷᠭᠠᠭᠤᠯᠢ᠎ᠶ᠋ᠢᠨ ᠬᠠᠮᠢᠶᠠᠷᠤᠯᠲᠠ ᠶ᠋ᠢᠨ ᠠᠵᠢᠯᠲᠠᠳ ᠯᠠᠪᠳᠠᠭᠤᠨ ᠪᠠᠲᠤᠲᠠᠢ᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠬᠡᠢ ᠬᠣᠭᠣᠰᠣᠨ ᠵᠦᠢᠯ᠎ᠢ ᠪᠤᠲᠤᠬᠤ ᠦᠭᠡᠢ᠂ ᠬᠣᠭᠣᠰᠣᠨ ᠨᠡᠷ᠎ᠡ᠎ᠶ᠋ᠢ ᠬᠥᠭᠡᠭᠡᠴᠡᠯᠳᠦᠬᠦ ᠦᠭᠡᠢ᠂ ᠣᠳᠣᠬᠠᠨ ᠤ ᠠᠵᠢᠯ᠎ᠢ ᠴᠢᠩᠭ᠎ᠠ ᠠᠳᠭᠤᠬᠤ ᠮᠥᠷᠲᠡᠭᠡᠨ ᠠᠯᠤᠰ ᠬᠡᠳᠦ᠍᠎ᠶ᠋ᠢ ᠪᠣᠳᠣᠯᠬᠢᠯᠠᠵᠤ᠂ ᠰᠠᠭᠤᠷᠢ ᠲᠠᠯᠪᠢᠬᠤ᠂ ᠠᠯᠤᠰ ᠬᠡᠳᠦ᠍᠎ᠳᠦ ᠠᠱᠢᠭ᠍ᠲᠠᠢ ᠶᠠᠪᠤᠳᠠᠯ᠎ᠢ ᠢᠯᠡᠭᠦᠬᠡᠨ ᠬᠢᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠰᠡᠷᠭᠡᠢᠯᠡᠬᠦ᠌ ᠬᠡᠷᠡᠭ᠌ᠲᠡᠢ᠃ ᠡᠭᠦᠨ᠎ᠦ ᠬᠠᠮᠲᠤ᠂ 《ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ》 ᠪᠡᠷ ᠱᠢᠯᠭᠠᠨ ᠪᠠᠢᠴᠠᠭᠠᠬᠤ ᠪᠠᠷᠢᠮᠵᠢᠶ᠎ᠠ᠎ᠶ᠋ᠢ ᠪᠠᠷᠢᠮᠲᠠᠯᠠᠠ᠂ ᠣᠨᠣᠯ᠎ᠤᠨ ᠰᠤᠷᠤᠯᠴᠠᠯᠭ᠎ᠠ᠎ᠶ᠋ᠢ ᠰᠤᠷᠭᠠᠭᠤᠯᠢ᠎ᠶ᠋ᠢᠨ ᠬᠤᠤᠰ ᠲᠡᠷᠢᠭᠦᠨ ᠲᠠᠰ᠎ᠤᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠂ ᠴᠢᠳᠠᠪᠤᠷᠢᠲᠠᠨ ᠢ᠋ ᠬᠥᠮᠦᠵᠢᠭᠦᠯᠬᠦ᠌᠂ ᠥᠨᠳᠥᠷ ᠬᠢᠷᠢ ᠲᠦᠪᠱᠢᠨ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠭᠠᠷᠭᠠᠬᠤ ᠵᠡᠷᠭᠡ ᠭᠤᠤᠯ ᠠᠵᠢᠯ᠎ᠲᠠᠶ ᠨᠢᠭ᠍ᠲᠠ ᠤᠶᠠᠯᠳᠤᠭᠤᠯᠵᠤ᠂ ᠪᠤᠳᠠᠳᠤ ᠶᠠᠪᠤᠳᠠᠯ ᠵᠢᠡᠷ ᠦᠭᠡ ᠬᠡᠯᠡᠵᠦ᠂ ᠦᠷ᠎ᠡ ᠪᠦᠲᠦᠭᠡᠯ᠎ᠢᠶᠡᠷ ᠲᠣᠳᠣᠷᠬᠠᠢᠯᠠᠯᠳᠠ ᠬᠢᠵᠦ᠂ ᠠᠮᠵᠢᠯᠲᠠ ᠪᠦᠲᠦᠮᠵᠢ᠎ᠪᠡᠷ ᠱᠢᠯᠭᠠᠨ ᠪᠠᠢᠴᠠᠭᠠᠠ᠂ ᠠᠷᠭ᠎ᠠ ᠪᠦᠬᠦᠨ᠎ᠢ ᠰᠦᠪᠡᠭ᠌ᠴᠢᠯᠡᠨ ᠰᠤᠷᠭᠠᠭᠤᠯᠢ ᠡᠷᠭᠢᠯᠡᠬᠦ᠌ ᠪᠣᠳᠠᠲᠤ ᠬᠦᠴᠦᠨ ᠪᠠ ᠬᠢᠷᠢ ᠲᠦᠪᠱᠢᠨᠵᠢᠡᠨ ᠳᠡᠭᠡᠭ᠌ᠰᠢᠯᠡᠭᠦᠯᠬᠦ ᠬᠡᠷᠡᠭᠳᠡᠢ ᠃
(ᠵᠤᠬᠢᠶᠠᠯ / ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠴᠧᠨ ᠴᠦᠨ ᠶᠠᠨ ᠬᠠᠨ ᠴᠢᠩ ᠯᠢ)