ᠲᠦᠮᠡᠨ ᠪᠤᠳᠠᠰ ᠠᠮᠢᠯᠠᠨ ᠰᠡᠷᠭᠦᠵᠦ᠂ ᠵᠠᠯᠠᠭᠤ ᠨᠠᠰᠤ ᠴᠤᠭ ᠪᠠᠳᠠᠷᠠᠩᠭᠤᠢ᠃ ᠣᠢᠷ᠎ᠠ ᠶ᠋ᠢᠨ ᠡᠳᠦᠷ᠎ᠦᠳ᠎ᠲᠦ᠂ ᠪᠥᠬᠥ᠌ ᠤᠯᠤᠰ᠎ᠤᠨ ᠬᠣᠶᠠᠷ ᠬᠤᠷᠠᠯ᠎ᠡᠴᠡ ᠡᠷᠡᠯᠬᠡᠭ᠌ᠯᠡᠨ ᠤᠷᠤᠭ᠍ᠰᠢᠯᠠᠬᠤ ᠤᠷᠠᠢ ᠤᠮᠠᠷᠠᠲᠤ᠎ᠶ᠋ᠢᠨ ᠡᠬᠡ ᠭᠠᠵᠠᠷ ᠲᠸ᠋ ᠲᠠᠭᠤᠷᠢᠰᠤᠨ᠎ᠠ᠃ ᠤᠯᠠᠨ᠎ᠢᠶᠠᠷ᠎ᠢᠶᠠᠨ᠂ ᠦᠨᠡᠨ ᠪᠣᠳᠠᠲᠠᠢ ᠶ᠋ᠢ ᠡᠷᠬᠢᠮᠯᠡᠬᠦ᠌ ᠵᠣᠷᠢᠭ ᠰᠠᠨᠠᠭ᠎ᠠ᠂ ᠡᠷᠡᠮᠡᠬᠡᠢᠯᠡᠨ ᠲᠠᠪᠱᠢᠬᠤ ᠣᠪᠣᠷ ᠪᠠᠢᠳᠠᠯ᠎ᠢᠶᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠨ᠎ᠡ ᠭᠡᠵᠦ᠍ ᠰᠠᠨᠠᠯ ᠨᠢᠭᠡᠳᠡᠢ ᠢᠯᠡᠳᠭᠡᠵᠡᠭᠡᠨᠡ᠃
ᠥᠩᠭᠡᠪᠴᠢ ᠬᠣᠭᠣᠰᠣᠨ ᠶᠠᠷᠢᠭᠠᠳ ᠰᠠᠭᠤᠪᠠᠯ ᠲᠦᠷᠦ᠍ ᠭᠦᠷᠦᠨ ᠮᠥᠬᠥᠵᠦ᠍᠂ ᠦᠨᠡᠨ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠮᠤᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠪᠣᠳᠠᠲᠠᠢ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠵᠦ᠍᠂ ᠰᠠᠢ᠌ᠨ ᠲᠦᠷᠦ᠍᠎ᠶ᠋ᠢᠨ ᠪᠤᠳᠤᠯᠭ᠎ᠠ ᠶ᠋ᠢ ᠦᠨᠡᠨ ᠪᠤᠳᠠᠲᠠᠢ ᠳᠦ ᠨᠠᠢᠳᠠᠪᠤᠷᠢᠵᠢᠭᠤᠯᠬᠤ ᠭᠡᠷᠡᠭᠲᠠᠢ᠃ ᠨᠠᠢᠳᠠᠪᠤᠷᠢᠵᠢᠭᠤᠯᠤᠯᠲᠠ᠎ᠶ᠋ᠢ ᠴᠢᠬᠤᠯᠠᠴᠢᠯᠠᠬᠤ ᠦᠭᠡᠢ᠂ ᠨᠠᠢᠳᠠᠪᠤᠷᠢᠵᠢᠭᠤᠯᠤᠯᠲᠠ᠎ᠶ᠋ᠢ ᠨᠠᠷᠢᠨ ᠬᠢᠨᠠᠮᠠᠭᠠᠢ ᠰᠠᠢᠲᠤᠷ ᠠᠳᠭᠤᠬᠤ ᠦᠭᠡᠢ ᠪᠣᠯ ᠬᠡᠳᠦᠢ ᠰᠠᠢ᠌ᠨ ᠲᠥᠰᠦᠪ ᠪᠠᠢᠯ᠎ᠠ ᠴᠤ᠌ ᠭᠡᠰᠡᠨ ᠬᠡᠢ ᠬᠣᠭᠣᠰᠣᠨ ᠵᠦᠢᠯ ᠪᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠭᠡᠳᠡᠭ ᠨᠢ ᠬᠣᠭᠣᠰᠣᠨ ᠦᠭᠡ ᠲᠡᠳᠦᠢ ᠪᠣᠯᠤᠨ᠎ᠠ᠃ ᠮᠠᠨ᠎ᠤ ᠣᠷᠣᠨ᠎ᠳᠤ ᠠᠪᠴᠤ᠌ ᠬᠡᠯᠡᠪᠡᠯ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ ᠢ ᠰᠠᠢᠲᠤᠷ ᠬᠢᠬᠦ᠌ᠬᠡᠰᠡᠨ ᠦᠭᠡᠢ᠂ 《ᠵᠢᠷᠭᠤᠭᠠᠨ ᠢᠨᠵᠧᠨᠧᠷᠢᠩ》 ᠢ᠋ ᠠᠬᠢᠭᠤᠯᠵᠤ᠂ ᠱᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌ᠬᠡᠰᠡᠨ ᠦᠭᠡᠢ᠂ ᠴᠥᠮ ᠥᠷᠭᠡᠨ ᠤᠯᠠᠨ ᠺᠠᠳ᠋ᠷ ᠤᠯᠠᠨ ᠲᠦᠮᠡᠨ᠎ᠤ ᠪᠣᠳᠠᠲᠠᠢ ᠵᠢ ᠡᠷᠬᠢᠮᠯᠡᠬᠦ ᠵᠢ ᠲᠡᠷᠢᠭᠦᠨ᠎ᠳᠦ ᠲᠠᠯᠪᠢᠵᠤ ᠂ ᠪᠣᠳᠠᠲᠠᠢ ᠠᠵᠢᠯᠯᠠᠬᠤ ᠶ᠋ᠢ ᠱᠠᠭᠠᠷᠲᠠᠨ᠎ᠠ᠃ ᠪᠢᠲᠡ ᠪᠤᠲᠠᠲᠠᠢ ᠶᠢ ᠡᠷᠬᠢᠮᠯᠡᠬᠥ ᠵᠢᠨ ᠡᠷᠡᠰ ᠪᠠᠲᠤ ᠤᠢᠯᠡᠲᠥᠯᠬᠡᠵᠢᠬᠥᠯᠥᠭᠴᠢ ᠪᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠱᠢᠷᠭᠠᠭᠤ ᠬᠠᠳᠠᠭᠤᠵᠢᠯᠳᠠᠢ ᠠᠵᠢᠯᠯᠠᠵᠤ᠂ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ ᠬᠡᠷᠡᠭᠲᠡᠢ᠃
ᠬᠠᠷᠢᠭᠤᠴᠠᠯᠭ᠎ᠠ ᠡᠭᠦᠷᠭᠡᠯᠡᠯ ᠮᠦᠨ ᠴᠢᠨᠠᠷ᠎ᠢ ᠢᠯᠡᠷᠡᠬᠦᠯᠵᠦ᠂ ᠪᠣᠳᠠᠲᠠᠢ ᠠᠵᠢᠯᠯᠠᠬᠤ ᠪᠡᠷ ᠦᠷ᠎ᠡ ᠪᠦᠲᠦᠮᠵᠢ ᠭᠠᠷᠭᠠᠨ᠎ᠠ᠃ ᠤᠷᠤᠭ᠍ᠰᠢᠯᠠᠯᠳᠠ ᠵᠢᠨ ᠵᠠᠮ ᠶᠡᠷᠦ ᠡᠴᠡ ᠰᠠᠷᠠᠭᠤᠯ ᠳᠠᠷᠳᠠᠩ ᠪᠢᠰᠢ᠃ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠂ ᠥᠭᠡᠷᠡᠴᠢᠯᠡᠯᠲᠡ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠱᠢᠨ᠎ᠡ ᠱᠢᠪᠲᠤᠯᠤᠯᠲᠠ ᠱᠢᠨ᠎ᠡ ᠳᠠᠪᠠᠯᠲᠠ᠎ᠶ᠋ᠢ ᠪᠡᠶᠡᠯᠡᠭᠦᠯᠬᠦ᠌᠎ᠳᠦ᠂ ᠪᠢᠳᠡ ᠬᠠᠷᠢᠭᠤᠴᠠᠯᠭ᠎ᠠ ᠡᠭᠦᠷᠭᠡᠯᠡᠨ᠂ ᠦᠨᠡᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ᠎ᠠᠴᠠ᠎ᠪᠠᠨ ᠵᠣᠷᠢᠭ᠍ᠲᠠᠢ᠎ᠪᠠᠷ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠥᠬᠥᠷᠡᠰᠢ ᠦᠭᠡᠢ ᠲᠡᠮᠡᠴᠡᠭ᠌ᠴᠢ ᠪᠤᠯᠵᠤ᠂ ᠬᠠᠮᠤᠭ ᠤᠨ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠬᠠᠮᠤᠭ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠦᠴᠢᠷ ᠪᠡᠷᠬᠡ᠎ᠶ᠋ᠢ ᠢᠯᠠᠨ ᠳᠠᠪᠠᠬᠤ ᠳᠤᠮᠳᠠ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃ ᠪᠢᠳᠡ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠣᠷᠢᠭ᠍ᠲᠠᠢ ᠪᠡᠷ ᠲᠡᠮᠡᠴᠡᠵᠦ᠍᠂ ᠴᠢᠳᠠᠮᠠᠭᠠᠢ᠎ᠪᠠᠷ ᠠᠵᠢᠯᠯᠠᠵᠦ᠍᠂ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠵᠤ᠂ ᠪᠣᠳᠠᠲᠠᠢ ᠬᠢᠵᠦ᠍᠂ ᠯᠠᠪᠳᠠᠭᠤᠨ ᠪᠠᠲᠤᠲᠠᠢ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠤᠨ ᠬᠦᠰᠡᠯ ᠨᠠᠢᠳᠠᠯᠭ᠎ᠠ᠎ᠶ᠋ᠢ ᠤᠮᠠᠷᠠᠲᠤ᠎ᠶ᠋ᠢᠨ ᠡᠬᠡ ᠭᠠᠵᠠᠷ᠎ᠤᠨ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠪᠠᠷ ᠴᠢᠷᠮᠠᠢᠰᠤᠭᠠᠢ᠃
ᠣᠳᠣᠬᠠᠨ᠎ᠤ ᠥᠪᠥᠷ ᠮᠣᠩᠭᠣᠯ᠎ᠤᠨ ᠪᠠᠢᠳᠠᠯ ᠰᠠᠢᠨ᠂ ᠡᠷᠴᠢ ᠵᠣᠷᠢᠭ ᠲᠡᠭᠦᠯᠳᠡᠷ᠂ ᠳᠠᠯᠳᠠ ᠬᠦᠴᠦᠨ ᠶᠡᠬᠡ᠂ ᠬᠥᠭ᠌ᠵᠢᠯᠲᠡ᠎ᠶ᠋ᠢᠨ ᠢᠷᠡᠭᠡᠳᠦᠶ ᠭᠡᠭᠡᠨ ᠰᠠᠷᠠᠭᠤᠯ ᠪᠠᠢᠨ᠎ᠠ᠃ ᠪᠢᠳᠡ ᠠᠯᠢᠪᠠ ᠠᠱᠢᠭ᠍ᠲᠠᠢ ᠠᠵᠠ ᠲᠣᠬᠢᠶᠠᠯ᠎ᠢ ᠡᠵᠡᠮᠲᠡᠵᠤ᠂ ᠠᠯᠢᠪᠠ ᠠᠱᠢᠭ᠍ᠲᠠᠢ ᠨᠥᠬᠥᠴᠡᠯ᠎ᠢ ᠠᠱᠢᠭ᠍ᠯᠠᠨ᠂ ᠥᠷᠯᠥᠭᠡ ᠦᠳᠡᠰᠢ᠎ᠶ᠋ᠢ ᠲᠡᠮᠡᠴᠡᠵᠦ᠍᠂ ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠳᠡᠭ ᠯᠡ ᠶᠤᠮ ᠪᠣᠯ ᠬᠥᠮᠦᠰ᠎ᠢ ᠭᠠᠢᠬᠠᠭᠤᠯᠤᠮ᠎ᠠ ᠨᠡᠩ ᠤᠯᠠᠨ ᠰᠠᠢ᠌ᠨ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠦ᠍ ᠴᠢᠳᠠᠬᠤ ᠨᠢ ᠯᠠᠪᠲᠠᠢ!