ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ
2024-03-12 09:56:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(1982 ᠣᠨ᠎ᠤ 12 ᠰᠠᠷ᠎ᠠ᠎ᠶ᠋ᠢᠨ 10 ᠤ᠋ ᠡᠳᠦᠷ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠴᠡ ᠪᠠᠲᠤᠯᠠᠭ᠍ᠰᠠᠨ ᠪᠥᠭᠡᠳ ᠲᠤᠰ ᠡᠳᠦᠷ᠎ᠨᠡᠢᠲᠡᠯᠡᠨ ᠬᠡᠷᠡᠭ᠌ᠵᠢᠭᠦᠯᠪᠡ    2024 ᠣᠨ᠎ᠤ 3 ᠰᠠᠷ᠎ᠠ᠎ᠶ᠋ᠢᠨ 11 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠴᠡ ᠵᠠᠰᠠᠪᠤᠷᠢ ᠣᠷᠣᠭᠤᠯᠪᠠ)


ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠎ᠶ᠋ᠢᠨ ᠵᠠᠷᠯᠢᠭ

(ᠬᠣᠷᠢᠨ ᠨᠢᠭᠡᠳᠦᠭᠡᠷ ᠲᠤᠭᠠᠳᠤ)

《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ》᠎ᠶ᠋ᠢ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠴᠡ 2024 ᠣᠨ᠎ᠤ 3 ᠰᠠᠷ᠎ᠠ᠎ᠶ᠋ᠢᠨ 11᠎ᠤ᠋ ᠡᠳᠦᠷ ᠵᠠᠰᠠᠪᠤᠷᠢ ᠣᠷᠣᠭᠤᠯᠵᠤ ᠪᠠᠲᠤᠯᠠᠪᠠ᠂ ᠤᠳᠤ ᠨᠡᠢᠲᠡᠯᠡᠰᠦᠭᠡᠢ᠂ ᠨᠡᠢᠲᠡᠯᠡᠭ᠌ᠰᠡᠨ ᠡᠳᠦᠷ ᠡᠴᠡ ᠡᠬᠢᠯᠡᠵᠦ᠍ ᠬᠡᠷᠡᠭ᠌ᠵᠢᠭᠦᠯᠦᠨ᠎ᠡ᠃

ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ   ᠰᠢ  ᠵᠢᠨ  ᠫᠢᠩ

2024 ᠣᠨ᠎ᠤ 3 ᠰᠠᠷ᠎ᠠ᠎ᠶ᠋ᠢᠨ 11 ᠎ᠤ᠋ ᠡᠳᠦᠷ


ᠨᠢᠭᠡᠳᠦᠭᠡᠷ ᠵᠦᠢᠯ   ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠪᠠ ᠠᠵᠢᠯᠯᠠᠬᠤ ᠳᠦᠷᠢᠮ᠎ᠢ ᠲᠡᠭᠦᠯᠳᠡᠷᠵᠢᠭᠦᠯᠦᠨ᠂ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠎ᠶ᠋ᠢ ᠪᠠᠲᠤᠯᠠᠵᠥ ᠵᠢᠷᠤᠮᠵᠢᠭᠤᠯᠬᠤ᠎ᠶ᠋ᠢᠨ ᠲᠥᠯᠥᠭᠡ᠂ ᠦᠨᠳᠦᠰᠦᠨ ᠬᠠᠤᠯᠢ᠎ᠶ᠋ᠢ ᠦᠨᠳᠦᠰᠦᠯᠡᠨ ᠲᠤᠰ ᠬᠠᠤᠯᠢ᠎ᠶ᠋ᠢ ᠲᠣᠭ᠍ᠲᠠᠭᠠᠪᠠ᠃

ᠬᠣᠶᠠᠳᠤᠭᠠᠷ ᠵᠦᠢᠯ   ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠶ᠋ᠢᠨ ᠶᠠᠪᠤᠳᠠᠯ᠎ᠤᠨ ᠬᠣᠷᠢᠶ᠎ᠠ᠂ ᠳᠠᠷᠤᠢ ᠳᠦᠪ ᠤ᠋ᠨ ᠠᠷᠠᠳ ᠤ᠋ᠨ ᠵᠠᠰᠠᠬ ᠤ᠋ᠨ ᠤᠷᠳᠤᠨ ᠪᠤᠯ ᠲᠦᠷᠦ ᠶ᠋ᠢᠨ ᠳᠡᠭᠡᠳᠦ ᠡᠷᠬᠡᠲᠦ ᠪᠠᠢᠭᠤᠯᠭ᠎ᠠ᠎ᠶ᠋ᠢᠨ ᠭᠦᠢᠴᠡᠳᠭᠡᠬᠦ᠌ ᠪᠠᠢᠭᠤᠯᠭ᠎ᠠ ᠮᠥᠨ᠂ ᠲᠦᠷᠦ ᠶ᠋ᠢᠨ ᠳᠡᠭᠡᠳᠦ ᠡᠷᠬᠡᠲᠦ ᠵᠠᠰᠠᠭ ᠵᠠᠬᠢᠷᠭᠠᠨ᠎ᠤ ᠪᠠᠢᠭᠤᠯᠭ᠎ᠠ ᠮᠥᠨ᠃

ᠭᠤᠷᠪᠠᠳᠤᠭᠠᠷ ᠵᠦᠢᠯ   ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠥ᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠥ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠲᠣᠭ᠍ᠲᠠᠭᠠᠯ ᠶᠣᠰᠣᠭᠠᠷ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠪᠠᠨ ᠪᠦᠬᠦ᠌ ᠲᠠᠯ᠎ᠠ᠎ᠪᠠᠷ ᠵᠥᠪ ᠤᠨᠤᠪᠴᠢᠳᠠᠢ ᠭᠦᠢᠴᠡᠳᠭᠡᠨ᠎ᠡ᠃

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠵᠦ᠍᠂ ᠢᠮᠠᠭ᠍ᠲᠠ ᠠᠷᠠᠳ ᠲᠦᠮᠡᠨ ᠲᠡᠶ ᠨᠢᠭ᠍ᠲᠠ ᠬᠠᠷᠢᠯᠴᠠᠵᠤ᠂ ᠠᠷᠠᠳ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠬᠠᠤᠯᠢᠵᠢᠯ ᠤ᠋ᠨ ᠵᠠᠰᠠᠭ᠎ᠤᠨ ᠣᠷᠳᠣᠨ᠂ ᠱᠢᠨ᠎ᠡ᠎ᠶ᠋ᠢ ᠡᠭᠦᠳᠬᠦ᠌ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢᠯᠡᠴᠢᠯᠡᠭᠡᠨ᠎ᠦ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠠᠢᠭᠤᠯᠤᠨ᠎ᠠ᠃

ᠳᠥᠷᠪᠡᠳᠦᠭᠡᠷ ᠵᠦᠢᠯ   ᠲᠦᠷᠦ ᠶ᠋ᠢᠨ ᠶᠠᠪᠤᠳᠠᠯ᠎ᠤᠨ ᠬᠣᠷᠢᠶ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠬᠠᠷᠢᠭᠤᠴᠠᠵᠤ᠂ ᠠᠵᠢᠯ᠎ᠢᠶᠠᠨ ᠮᠡᠳᠡᠭᠦᠯᠦᠨ᠎ᠡ; ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠬᠠᠷᠢᠭᠤᠴᠠᠵᠤ᠂ ᠠᠵᠢᠯ᠎ᠢᠶᠠᠨ ᠮᠡᠳᠡᠭᠦᠯᠦᠨ᠎ᠡ᠃

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠵᠢᠨ ᠬᠢᠨᠠᠯᠲᠠ᠎ᠶ᠋ᠢ ᠤᠬᠠᠮᠰᠠᠷ ᠡᠴᠡ᠎ᠪᠠᠨ ᠬᠦᠯᠢᠶᠡᠪᠡᠯ ᠵᠤᠬᠢᠨ᠎ᠠ᠃

ᠲᠠᠪᠤᠳᠤᠭᠠᠷ ᠵᠦᠢᠯ  ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠶᠡᠷᠦᠩᠬᠡᠢ ᠰᠠᠢᠳ᠂ ᠳᠡᠳ᠋ ᠶᠡᠷᠦᠩᠬᠡᠢ ᠰᠠᠢᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠡᠯ᠎ᠠ ᠶᠠᠮᠤᠨ ᠤ᠋ ᠰᠠᠢᠳ᠂ ᠡᠯ᠎ᠠ ᠵᠦᠪᠯᠡᠯ ᠤ᠋ᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ᠎ᠪᠠᠷ ᠪᠦᠷᠢᠯᠳᠦᠨ᠎ᠡ᠃

ᠲᠦᠷᠦ᠎ᠶ᠋ᠢᠨ ᠶᠠᠪᠤᠳᠠᠯ᠎ᠤᠨ ᠬᠣᠷᠢᠶ᠎ᠠ ᠶᠡᠷᠦᠩᠬᠡᠢ ᠰᠠᠢᠳ ᠬᠠᠷᠢᠭᠤᠴᠠᠬᠤ ᠲᠦ᠋ᠷᠢᠮ᠎ᠢ ᠬᠡᠷᠡᠭᠵᠢᠭᠦᠯᠦᠨ᠎ᠠ᠃ ᠶᠡᠷᠦᠩᠬᠡᠢ ᠰᠠᠢᠳ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠵᠢᠯ᠎ᠢ ᠤᠳᠤᠷᠢᠳᠤᠨ᠎ᠠ᠃

ᠳᠡᠳ᠋ ᠶᠡᠷᠦᠩᠬᠡᠶ ᠰᠠᠢᠳ᠂ ᠲᠥᠷᠥ᠎ᠶ᠋ᠢᠨ ᠶᠠᠪᠤᠳᠠᠯ᠎ᠤᠨ ᠭᠡᠱᠢᠭᠦᠨ ᠶᠡᠷᠦᠩᠬᠡᠶ ᠰᠠᠢᠳ ᠤ᠋ᠨ ᠠᠵᠢᠯ ᠳ᠋ᠤ ᠬᠠᠮᠵᠢᠯᠴᠠᠵᠤ᠂ ᠠᠵᠢᠯ᠎ᠤᠨ ᠬᠤᠪᠢᠶᠠᠷᠢᠯᠠᠯ ᠶᠣᠰᠣᠭᠠᠷ ᠬᠤᠪᠢᠳᠠᠨ ᠬᠠᠮᠢᠶᠠᠷᠴᠤ᠌ ᠪᠦᠬᠦᠢ ᠬᠦᠷᠢᠶᠡᠨ᠎ᠦ ᠠᠵᠢᠯ᠎ᠢ ᠬᠠᠷᠢᠭᠤᠴᠠᠨ᠎ᠠ; ᠶᠡᠷᠦᠩᠬᠡᠢ ᠰᠠᠢᠳ᠎ᠤᠨ ᠨᠠᠢᠳᠠᠯᠭ᠎ᠠ᠎ᠪᠠᠷ᠂ ᠪᠤᠰᠤᠳ ᠲᠠᠯ᠎ᠠ᠎ᠶ᠋ᠢᠨ ᠠᠵᠢᠯ ᠪᠤᠶᠤ ᠲᠤᠰᠭᠠᠢ ᠡᠭᠦᠷᠭᠡ᠎ᠶ᠋ᠢ ᠬᠠᠷᠢᠭᠤᠴᠠᠨ᠎ᠠ; ᠨᠢᠭᠡᠳᠦᠯᠲᠡᠶ ᠲᠣᠬᠢᠷᠠᠭᠤᠯᠤᠯᠲᠠ᠎ᠶ᠋ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢ ᠲᠥᠯᠥᠭᠡᠯᠡᠨ ᠭᠠᠳᠠᠭᠠᠳᠤ ᠶᠠᠪᠤᠳᠠᠯ᠎ᠤᠨ ᠠᠵᠢᠯᠯᠠᠭ᠎ᠠ ᠶᠠᠪᠤᠬᠳᠠᠭᠤᠯᠤᠨ᠎ᠠ᠃

ᠵᠢᠷᠭᠤᠳᠤᠭᠠᠷ ᠵᠦᠢᠯ  ᠲᠦ᠋ᠷᠦ᠍᠎ᠶ᠋ᠢᠨ ᠶᠠᠪᠤᠳᠠᠯ᠎ᠤᠨ ᠬᠣᠷᠢᠶ᠎ᠠ ᠦᠨᠳᠦᠰᠦᠨ ᠬᠠᠤᠯᠢ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ᠎ᠳᠤ ᠲᠣᠭ᠍ᠲᠠᠭᠠᠭ᠍ᠰᠠᠨ ᠡᠷᠬᠡ ᠲᠤᠱᠢᠶᠠᠯ᠎ᠢ ᠬᠡᠷᠡᠭ᠌ᠵᠢᠭᠦᠯᠦᠨ᠎ᠡ᠃

ᠳᠣᠯᠣᠳᠤᠭᠠᠷ ᠵᠦᠢᠯ  ᠲᠦ᠋ᠷᠦ᠍᠎ᠶ᠋ᠢᠨ ᠶᠠᠪᠤᠳᠠᠯ᠎ᠤᠨ ᠬᠣᠷᠢᠶ᠎ᠠ ᠪᠦᠬᠦᠳᠠ ᠬᠤᠷᠠᠯ ᠪᠠ ᠲᠦ᠋ᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ᠎ᠤᠨ ᠳᠦᠷᠢᠮ᠎ᠢ ᠬᠡᠷᠡᠭ᠌ᠵᠢᠭᠦᠯᠦᠨ᠎ᠡ᠃ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠪᠦᠬᠦᠳᠠ ᠬᠤᠷᠠᠯ ᠨᠢ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠪᠦᠬᠦ᠌ ᠪᠦᠷᠢᠯᠳᠦᠬᠦᠨ᠎ᠢᠶᠡᠷ ᠪᠦᠷᠢᠯᠳᠦᠨ᠎ᠡ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ ᠨᠢ ᠶᠡᠷᠦᠩᠬᠡᠢ ᠰᠠᠢᠳ᠂ ᠳᠡᠳ᠋ ᠶᠡᠷᠦᠩᠬᠡᠢ ᠰᠠᠢᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ᠎ᠪᠠᠷ ᠪᠦᠷᠢᠯᠳᠦᠨ᠎ᠡ᠃ ᠶᠡᠷᠦᠩᠬᠡᠢ ᠰᠠᠢᠳ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠥᠬᠥᠳᠡ ᠬᠤᠷᠠᠯ ᠪᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ᠎ᠢ ᠬᠤᠷᠠᠯᠳᠤᠭᠤᠯᠬᠤ ᠪᠠ ᠡᠷᠬᠢᠯᠡᠨ᠎ᠠ᠃ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠠᠵᠢᠯ ᠳᠤᠮᠳᠠᠬᠢ ᠴᠢᠬᠤᠯᠠ ᠶᠡᠬᠡ ᠠᠰᠠᠭᠤᠳᠠᠯ᠎ᠢ ᠡᠷᠬᠡᠪᠰᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ ᠪᠤᠶᠤ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠪᠦᠬᠦᠳᠠ ᠬᠤᠷᠠᠯ᠎ᠢᠶᠠᠷ ᠳᠠᠮᠵᠢᠨ ᠶᠠᠷᠢᠯᠴᠠᠵᠦ ᠲᠣᠭ᠍ᠲᠠᠭᠠᠬᠤ ᠬᠡᠷᠡᠭᠳᠠᠢ᠃

ᠨᠠᠢ᠍ᠮᠠᠳᠤᠭᠠᠷ ᠵᠦᠢᠯ  ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠪᠦᠬᠦᠳᠠ ᠬᠤᠷᠠᠯ᠎ᠤᠨ ᠭᠣᠣᠯ ᠡᠭᠦᠷᠭᠡ ᠪᠣᠯ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ ᠵᠡᠷᠭᠡ ᠲᠦᠷᠦ ᠶ᠋ᠢᠨ ᠶᠠᠪᠤᠳᠠᠯ᠎ᠤᠨ ᠬᠣᠷᠢᠶ᠎ᠠ ᠵᠢᠨ ᠠᠵᠢᠯ ᠳᠤᠮᠳᠠᠬᠢ ᠴᠢᠬᠤᠯᠠ ᠶᠡᠬᠡ ᠶᠠᠪᠤᠳᠠᠯ᠎ᠢ ᠶᠠᠷᠢᠯᠴᠠᠨ ᠲᠣᠭ᠍ᠲᠠᠭᠠᠵᠤ᠂ ᠲᠦᠷᠦ᠎ᠶ᠋ᠢᠨ ᠶᠠᠪᠤᠳᠠᠯ᠎ᠤᠨ ᠬᠣᠷᠢᠶ᠎ᠠ ᠵᠢᠨ ᠴᠢᠬᠤᠯᠠ ᠠᠵᠢᠯ᠎ᠢ ᠪᠠᠢᠷᠢᠯᠠᠭᠤᠯᠤᠨ᠎ᠠ᠃

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ᠎ᠤᠨ ᠭᠣᠣᠯ ᠡᠭᠦᠷᠭᠡ ᠪᠣᠯ ᠬᠠᠤᠯᠢ ᠴᠠᠭᠠᠵᠠ᠎ᠶ᠋ᠢᠨ ᠲᠥᠰᠦᠯ᠎ᠢ ᠶᠠᠷᠢᠯᠴᠠᠵᠤ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠤᠨ ᠲᠥᠰᠦᠯ᠎ᠢ ᠬᠢᠨᠠᠨ ᠵᠦᠪᠯᠡᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠠᠵᠢᠯ ᠳᠤᠮᠳᠠᠬᠢ ᠴᠢᠬᠤᠯᠠ ᠵᠦᠢᠯᠡᠰ᠎ᠢ ᠶᠠᠷᠢᠯᠴᠠᠵᠤ᠂ ᠲᠣᠭ᠍ᠲᠠᠭᠠᠵᠤ᠂ ᠵᠠᠷᠯᠠᠨ᠎ᠠ᠃

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠦᠭᠦᠳᠡ ᠬᠤᠷᠠᠯ ᠪᠠ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ᠎ᠡᠴᠡ ᠶᠠᠷᠢᠯᠴᠠᠵᠦ ᠲᠣᠭ᠍ᠲᠠᠭᠠᠭ᠍ᠰᠠᠨ ᠵᠦᠢᠯᠡᠰ ᠢ᠋ ᠬᠠᠤᠯᠢ ᠶᠣᠰᠣᠭᠠᠷ ᠨᠢᠭᠤᠴᠠ᠎ᠶ᠋ᠢ ᠬᠠᠮᠠᠭᠠᠯᠠᠬᠤ ᠴᠢᠬᠤᠯᠠᠲᠠᠢ ᠡᠴᠡ ᠪᠤᠰᠤᠳ ᠢ᠋ ᠨᠢ ᠴᠠᠭ ᠲᠤᠬᠠᠢ᠎ᠳᠤᠨᠢ ᠢᠯᠡ ᠨᠡᠢᠲᠡᠯᠡᠪᠡᠯ ᠵᠤᠬᠢᠨ᠎ᠠ᠃

ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠬᠡᠷᠡᠭ᠌ᠴᠡᠭᠡ ᠪᠡᠨ ᠦᠨᠳᠦᠰᠦᠯᠡᠨ ᠶᠡᠷᠦᠩᠬᠡᠢ ᠰᠠᠢᠳ᠎ᠤᠨ ᠠᠯᠪᠠᠨ ᠬᠤᠷᠠᠯ ᠪᠠ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠲᠤᠰᠭᠠᠢ ᠰᠡᠳᠦᠪᠲᠦ ᠬᠤᠷᠠᠯ᠎ᠢ ᠬᠤᠷᠠᠯᠳᠤᠭᠤᠯᠤᠨ᠎ᠠ᠃

ᠶᠢᠰᠦᠳᠦᠭᠡᠷ ᠵᠦᠢᠯ  ᠲᠦᠷᠦ᠎ᠶ᠋ᠢᠨ ᠶᠠᠪᠤᠳᠠᠯ᠎ᠤᠨ ᠬᠣᠷᠢᠶ᠎ᠠ ᠵᠢᠨ ᠨᠡᠢᠲᠡᠯᠡᠭ᠌ᠰᠡᠨ ᠵᠠᠰᠠᠭ ᠵᠠᠬᠢᠷᠭᠠᠨ᠎ᠤ ᠬᠠᠤᠯᠢ ᠲᠦᠷᠢᠮ᠂ ᠲᠣᠭ᠍ᠲᠠᠭᠠᠯ᠂ ᠵᠠᠷᠯᠢᠭ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠤᠶᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠳ᠋ᠤ ᠳᠡᠪᠱᠢᠭᠦᠯᠦᠭ᠌ᠰᠡᠨ ᠰᠠᠨᠠᠯ ᠵᠥᠪᠯᠡᠯᠭᠡ᠂ ᠠᠵᠢᠯᠲᠠᠨ᠎ᠢ ᠲᠣᠮᠢᠯᠠᠬᠤ ᠪᠤᠶᠤ ᠪᠠᠭᠤᠯᠭᠠᠬᠤ᠎ᠳᠤ ᠶᠡᠷᠦᠩᠬᠡᠢ ᠰᠠᠢᠳ ᠭᠠᠷ᠎ᠤᠨ ᠤᠢ᠍ᠰᠦᠭ ᠵᠢᠷᠤᠨ᠎ᠠ᠃

ᠠᠷᠪᠠᠳᠤᠭᠠᠷ ᠵᠦᠢᠯ  ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠨᠠᠷᠢᠨ ᠪᠢᠴᠢᠭ᠎ᠤᠨ ᠲᠠᠷᠤᠭ᠎ᠠ ᠶᠡᠷᠦᠩᠬᠡᠢ ᠰᠠᠢᠳ᠎ᠤᠨ ᠤᠳᠤᠷᠢᠳᠤᠯᠭ᠎ᠠ ᠲᠤᠤᠷ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠳᠦᠷ ᠲᠤᠳᠤᠮ᠎ᠤᠨ ᠠᠵᠢᠯ᠎ᠢ ᠰᠢᠢᠳᠪᠦᠷᠢᠯᠡᠬᠦ ᠵᠢ ᠬᠠᠷᠢᠭᠤᠴᠠᠨ᠎ᠠ᠃

ᠲᠦᠷᠦ ᠵᠢᠨ ᠶᠠᠪᠤᠳᠠᠯ᠎ᠤᠨ ᠬᠣᠷᠢᠶ᠎ᠠ᠎ᠳᠤ ᠬᠡᠳᠦᠨ ᠳᠡᠳ᠋ ᠨᠠᠷᠢᠨ ᠪᠢᠴᠢᠭ᠎ᠦᠨ ᠳᠠᠷᠤᠭ᠎ᠠ ᠲᠤᠬᠢᠷᠠᠭᠤᠯᠵᠤ᠂ ᠨᠠᠷᠢᠨ ᠪᠢᠴᠢᠭ᠎ᠦᠨ ᠳᠠᠷᠤᠭ᠎ᠠ ᠵᠢᠨ ᠠᠵᠢᠯ᠎ᠳ᠋ᠤ ᠬᠠᠮᠵᠢᠯᠴᠠᠭᠤᠯᠤᠨ᠎ᠠ᠃

ᠲᠦᠷᠦ ᠵᠢᠨ ᠶᠠᠪᠤᠳᠠᠯ᠎ᠤᠨ ᠬᠣᠷᠢᠶ᠎ᠠ᠎ᠳᠤ ᠠᠯᠪᠠᠨ ᠲᠢᠩᠬᠢᠮ ᠲᠤᠬᠢᠷᠠᠭᠤᠯᠵᠤ᠂ ᠨᠠᠷᠢᠨ ᠪᠢᠴᠢᠭ᠎ᠦᠨ ᠳᠠᠷᠤᠭ᠎ᠠ ᠤᠳᠤᠷᠢᠳᠤᠨ᠎ᠠ᠃

ᠠᠷᠪᠠᠨ ᠨᠢᠭᠡᠳᠦᠭᠡᠷ ᠵᠦᠢᠯ  ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠎ᠢ ᠲᠤᠬᠢᠷᠠᠭᠤᠯᠬᠤ᠂ ᠬᠠᠰᠤᠬᠤ ᠪᠤᠶᠤ ᠨᠡᠢᠯᠡᠭᠦᠯᠬᠦ᠌ ᠶᠠᠪᠤᠳᠠᠯ᠎ᠢ ᠶᠡᠷᠦᠩᠬᠡᠶ ᠰᠠᠢᠳ ᠡᠴᠡ ᠳᠤᠷᠠᠳᠴᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠨ᠎ᠠ; ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠡᠴᠡ ᠲᠤᠭᠲᠠᠭᠠᠨ᠎ᠠ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠎ᠢ ᠲᠣᠭ᠍ᠲᠠᠭᠠᠬᠤ ᠪᠤᠶᠤ ᠲᠤᠬᠢᠷᠡᠭᠤᠯᠦᠯᠳᠠ ᠬᠢᠭ᠌ᠰᠡᠨ᠎ᠦ ᠲᠡᠷᠡᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠤᠶᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠡᠴᠡ ᠵᠠᠷᠯᠠᠨ᠎ᠠ᠃

ᠠᠷᠪᠠᠨ ᠬᠣᠶᠠᠳᠤᠭᠠᠷ ᠵᠦᠢᠯ  ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠎ᠲᠦ ᠰᠠᠢᠳ (ᠡᠷᠬᠢᠯᠡᠭ᠌ᠴᠢ᠂ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ) ᠨᠢᠭᠡ ᠬᠥᠮᠦᠨ᠂ ᠳᠡᠳ᠋ ᠰᠠᠢᠳ (ᠳᠡᠳ᠋ ᠡᠷᠬᠢᠯᠡᠭ᠌ᠴᠢ᠂ ᠪᠠᠩᠬᠢ᠎ᠶ᠋ᠢᠨ ᠳᠡᠳ᠋ ᠳᠠᠷᠤᠭ᠎ᠠ᠂ ᠬᠢᠨᠠᠨ ᠪᠤᠳᠤᠬᠤ ᠳᠡᠳ᠋ ᠳᠠᠷᠤᠭ᠎ᠠ) ᠬᠣᠶᠠᠷ᠎ᠡᠴᠡ ᠲᠦᠷᠪᠡᠨ ᠬᠥᠮᠦᠨ᠎ᠲᠤᠬᠢᠷᠠᠭᠤᠯᠤᠨ᠎ᠠ; ᠵᠦᠪᠯᠡᠯ᠎ᠳᠤ ᠲᠠᠪᠤ᠎ᠡᠴᠡ ᠠᠷᠪᠠᠨ ᠭᠡᠱᠢᠭᠦᠨ ᠲᠤᠬᠢᠷᠠᠭᠤᠯᠵᠤ ᠪᠣᠯᠤᠨ᠎ᠠ᠃

ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠎ᠲᠦ ᠰᠠᠢᠳ (ᠡᠷᠬᠢᠯᠡᠭ᠌ᠴᠢ᠂ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ) ᠬᠠᠷᠢᠭᠤᠴᠠᠬᠤ ᠲᠦᠷᠢᠮ᠎ᠢ ᠬᠡᠷᠡᠭ᠌ᠵᠢᠭᠦᠯᠦᠨ᠎ᠡ᠃ ᠰᠠᠢᠳ (ᠡᠷᠬᠢᠯᠡᠭ᠌ᠴᠢ᠂ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ) ᠲᠤᠰ ᠰᠠᠯᠠᠭ᠎ᠠ ᠮᠥᠴᠢᠷ᠎ᠦᠨ᠎ᠢᠶᠡᠨ ᠠᠵᠢᠯ᠎ᠢ ᠤᠳᠤᠷᠢᠳᠴᠤ᠌᠂ ᠶᠠᠮᠤᠨ᠎ᠤ ᠶᠠᠪᠤᠳᠠᠯ (ᠵᠦᠪᠯᠡᠯ᠎ᠤᠨ ᠶᠠᠪᠤᠳᠠᠯ᠂ ᠪᠠᠩᠬᠢ ᠵᠢᠨ ᠶᠠᠪᠤᠳᠠᠯ᠂ ᠵᠠᠬᠢᠷᠭ᠎ᠠ᠎ᠶ᠋ᠢᠨ ᠶᠠᠪᠤᠳᠠᠯ) ᠤ᠋ᠨ ᠬᠤᠷᠠᠯ᠎ᠢ ᠬᠤᠷᠠᠯᠳᠤᠭᠤᠯᠬᠤ ᠪᠠ ᠡᠷᠬᠢᠯᠡᠵᠦ᠍᠂ ᠲᠤᠰ ᠰᠠᠯᠠᠭ᠎ᠠ ᠮᠥᠴᠢᠷ᠎ᠦᠨ᠎ᠢᠶᠡᠨ ᠠᠵᠢᠯ᠎ᠤᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭ᠍ᠲᠠᠭᠠᠨ᠎ᠠ; ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ᠌ ᠴᠢᠬᠤᠯᠠ ᠵᠢᠭᠠᠪᠤᠷᠢ ᠠᠪᠬᠤ᠂ ᠮᠡᠳᠡᠭᠦᠯᠬᠦ᠌ ᠪᠠ ᠨᠡᠢᠲᠡᠯᠡᠬᠦ᠌ ᠵᠠᠷᠯᠢᠭ᠂ ᠵᠢᠭᠠᠪᠤᠷᠢ᠎ᠳᠤ ᠭᠠᠷ᠎ᠤᠨ ᠦᠰᠦᠭ ᠵᠢᠷᠤᠨ᠎ᠠ᠃ ᠳᠡᠳ᠋ ᠰᠠᠢᠳ (ᠳᠡᠳ᠋ ᠡᠷᠬᠢᠯᠡᠭ᠌ᠴᠢ᠂ ᠪᠠᠩᠬᠢ᠎ᠶ᠋ᠢᠨ ᠳᠡᠳ᠋ ᠳᠠᠷᠤᠭ᠎ᠠ᠂ ᠬᠢᠨᠠᠨ ᠪᠤᠳᠤᠬᠤ ᠳᠡᠳ᠋ ᠳᠠᠷᠤᠭ᠎ᠠ) ᠨᠢ ᠶᠠᠮᠤᠨ᠎ᠤ ᠰᠠᠢᠳ (ᠡᠷᠬᠢᠯᠡᠭ᠌ᠴᠢ᠂ ᠪᠠᠩᠬᠢ᠎ᠶ᠋ᠢᠨ ᠳᠠᠷᠤᠭ᠎ᠠ᠂ ᠬᠢᠨᠠᠨ ᠪᠤᠳᠤᠬᠤ ᠳᠠᠷᠤᠭ᠎ᠠ)᠎ᠤ᠋ᠨ ᠠᠵᠢᠯ ᠳ᠋ᠤ ᠬᠠᠮᠵᠢᠯᠴᠠᠨ᠎ᠠ᠃

ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠡᠯ᠎ᠡ ᠶᠠᠮᠤᠨ᠎ᠤ ᠳᠡᠳ᠋ ᠰᠠᠢᠳ᠂ ᠡᠯ᠎ᠡ ᠵᠦᠪᠯᠡᠯ᠎ᠤᠨ ᠳᠡᠳ᠋ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠳᠡᠳ᠋ ᠳᠠᠷᠤᠭ᠎ᠠ᠂ ᠬᠢᠨᠠᠨ ᠪᠤᠳᠤᠬᠤ ᠳᠡᠳ᠋ ᠳᠠᠷᠤᠭ᠎ᠠ᠎ᠶ᠋ᠢ ᠲᠦᠷᠦ ᠵᠢᠨ ᠶᠠᠪᠤᠳᠠᠯ᠎ᠤᠨ ᠬᠣᠷᠢᠶ᠎ᠠ᠎ᠡᠴᠡ ᠲᠣᠮᠢᠯᠠᠵᠤ ᠪᠠᠭᠤᠯᠭᠠᠨ᠎ᠠ᠃

ᠠᠷᠪᠠᠨ ᠭᠤᠷᠪᠠᠳᠤᠭᠠᠷ ᠵᠦᠢᠯ  ᠲᠦᠷᠦ᠍᠎ᠶ᠋ᠢᠨ ᠶᠠᠪᠤᠳᠠᠯ᠎ᠤᠨ ᠬᠣᠷᠢᠢ᠎ᠠ ᠠᠵᠢᠯ᠎ᠤᠨ ᠬᠡᠷᠡᠭ᠌ᠴᠡᠭᠡ ᠪᠠ ᠱᠢᠯᠢᠳᠡᠭ᠌ᠵᠢᠭᠦᠯᠦᠨ ᠬᠠᠮᠵᠢᠯᠴᠠᠵᠤ ᠥᠨᠳᠥᠷ ᠪᠦᠲᠦᠮᠵᠢᠲᠡᠢ ᠴᠣᠮᠬᠠᠳᠭᠠᠬᠤ ᠵᠠᠷᠴᠢᠮ᠎ᠢ ᠦᠨᠳᠦᠰᠦᠯᠡᠨ᠂ ᠲᠣᠭ᠍ᠲᠠᠭᠠᠭ᠍ᠰᠠᠨ ᠲᠡᠰ ᠲᠠᠷᠠᠭᠠᠯᠠᠯ ᠶᠣᠰᠣᠭᠠᠷ ᠱᠢᠭᠤᠳ ᠬᠠᠷᠢᠶ᠎ᠠ ᠪᠠᠢᠭᠤᠯᠤᠮᠵᠢ᠎ᠨᠤᠭᠤᠳ᠎ᠢ ᠪᠠᠢᠭᠤᠯᠤᠨ ᠡᠯ᠎ᠡ ᠵᠦᠢᠯ᠎ᠦᠨ ᠲᠤᠰᠭᠠᠢ ᠲᠤᠬᠠᠢᠯᠠᠭ᠍ᠰᠠᠨ ᠠᠵᠢᠯ᠎ᠢ ᠭᠤᠤᠯᠯᠠᠨ ᠬᠠᠮᠢᠶᠠᠷᠤᠭᠤᠯᠵᠤ᠂  ᠬᠡᠷᠡᠭ ᠡᠷᠬᠢᠯᠡᠬᠦ᠌ ᠪᠠᠢᠭᠤᠯᠤᠮᠵᠢ᠎ᠨᠤᠭᠤᠳ᠎ᠢ ᠪᠠᠢᠭᠤᠯᠤᠨ ᠶᠡᠷᠦᠩᠬᠡᠢ ᠰᠠᠢᠳ᠎ᠢ ᠬᠠᠪᠰᠤᠷᠤᠨ ᠲᠤᠰᠭᠠᠢ ᠬᠡᠷᠡᠭ ᠶᠠᠪᠤᠳᠠᠯ᠎ᠢ ᠱᠢᠢᠳᠪᠦᠷᠢᠯᠡᠭᠦᠯᠤᠨ᠎ᠠ᠃ ᠪᠠᠢᠭᠤᠯᠤᠮᠵᠢ ᠨᠢᠭᠡ ᠪᠦᠷᠢ᠎ᠳᠦ ᠬᠣᠶᠠᠷ᠎ᠡᠴᠠ ᠲᠠᠪᠤᠨ ᠬᠠᠷᠢᠭᠤᠴᠠᠯᠭᠠᠲᠠᠨ ᠲᠤᠬᠢᠷᠠᠭᠤᠯᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠡᠴᠡ ᠲᠣᠮᠢᠯᠠᠵᠦ ᠪᠠᠭᠤᠯᠭᠠᠨ᠎ᠠ᠃

ᠠᠷᠪᠠᠨ ᠳᠥᠷᠪᠡᠳᠦᠭᠡᠷ ᠵᠦᠢᠯ   ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠎ᠦᠳ᠎ᠦᠨ ᠠᠵᠢᠯ᠎ᠤᠨ ᠳᠤᠮᠳᠠᠬᠢ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ᠂ ᠲᠥᠯᠥᠪᠯᠡᠭᠡ ᠪᠠ ᠵᠠᠰᠠᠭ ᠵᠠᠬᠢᠷᠭᠠᠨ᠎ᠤ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠳ᠋ᠤ ᠮᠡᠳᠡᠭᠦᠯᠵᠦ᠍ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠲᠣᠭ᠍ᠲᠠᠭᠠᠯᠭᠠᠬᠤ ᠭᠡᠷᠡᠭᠳᠠᠢ᠃ ᠬᠠᠤᠯᠢ ᠴᠠᠭᠠᠵᠠ ᠪᠠ ᠲᠦᠷᠤ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠠᠰᠠᠭ ᠵᠠᠬᠢᠷᠭᠠᠨ᠎ᠤ ᠬᠠᠤᠯᠢ ᠲᠦᠷᠢᠮ᠂ ᠲᠣᠭ᠍ᠲᠠᠭᠠᠯ᠂ ᠵᠠᠷᠯᠢᠭ᠎ᠢ ᠦᠨᠳᠦᠰᠦᠯᠡᠨ᠂ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ᠎ᠦᠨ᠎ᠢᠶᠡᠨ ᠡᠷᠬᠡ᠎ᠶ᠋ᠢᠨ ᠬᠡᠪᠴᠢᠶᠡᠨ ᠳᠣᠲᠣᠷ᠎ᠠ ᠵᠠᠷᠯᠢᠭ᠂ ᠵᠢᠭᠠᠪᠤᠷᠢ ᠨᠡᠢᠲᠡᠯᠡᠵᠦ᠍ ᠪᠣᠯᠤᠨ᠎ᠠ᠃

ᠲᠦᠷᠤ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ ᠪᠠ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠡᠭᠦᠷᠭᠡ ᠴᠢᠳᠠᠪᠤᠷᠢ ᠪᠦᠬᠦᠢ ᠱᠢᠭᠤᠳ ᠬᠠᠷᠢᠶ᠎ᠠ ᠪᠠᠢᠭᠤᠯᠤᠮᠵᠢ ᠵᠢᠴᠢ ᠬᠠᠤᠯᠢ᠎ᠳᠤ ᠲᠣᠭ᠍ᠲᠠᠭᠠᠭ᠍ᠰᠠᠨ ᠪᠠᠢᠭᠤᠯᠤᠮᠵᠢ᠎ᠨᠤᠭᠤᠳ ᠬᠠᠤᠯᠢ ᠴᠠᠭᠠᠵᠠ ᠪᠠ ᠲᠦᠷᠤ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠠᠰᠠᠭ ᠵᠠᠬᠢᠷᠭᠠᠨ᠎ᠤ ᠬᠠᠤᠯᠢ ᠲᠦᠷᠢᠮ᠂ ᠲᠣᠭ᠍ᠲᠠᠭᠠᠯ᠂ ᠵᠠᠷᠯᠢᠭ᠎ᠢ ᠦᠨᠳᠦᠰᠦᠯᠡᠨ᠂ ᠲᠤᠰ ᠰᠠᠯᠠᠭ᠎ᠠ ᠮᠥᠴᠢᠷ᠎ᠦᠨ᠎ᠢᠶᠡᠨ ᠡᠷᠬᠡ᠎ᠶ᠋ᠢᠨ ᠬᠡᠪᠴᠢᠶᠡᠨ ᠳᠣᠲᠣᠷ᠎ᠠ ᠲᠦᠷᠢᠮ ᠲᠣᠭ᠍ᠲᠠᠭᠠᠯ ᠲᠣᠭ᠍ᠲᠠᠭᠠᠵᠤ ᠪᠣᠯᠤᠨ᠎ᠠ᠃

ᠠᠷᠪᠠᠨ ᠲᠠᠪᠤᠳᠤᠭᠠᠷ ᠵᠦᠢᠯ   ᠲᠦᠷᠤ᠎ᠶ᠋ᠢᠨ ᠶᠠᠪᠤᠳᠠᠯ᠎ᠤᠨ ᠬᠣᠷᠢᠶ᠎ᠠ ᠪᠦᠬᠦ᠌ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠲᠦᠷᠤ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠠᠵᠢᠯ᠎ᠢ ᠨᠢᠭᠡᠳᠦᠯᠲᠡᠶ ᠤᠳᠤᠷᠢᠳᠤᠨ᠎ᠠ᠃

ᠠᠷᠪᠠᠨ ᠵᠢᠷᠭᠤᠳᠤᠭᠠᠷ ᠵᠦᠢᠯ    ᠲᠥᠷᠥ᠎ᠶ᠋ᠢᠨ ᠶᠠᠪᠤᠳᠠᠯ᠎ᠤᠨ ᠬᠣᠷᠢᠶ᠎ᠠ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠶ᠋ᠢ ᠪᠠᠷᠢᠮᠲᠠᠯᠠᠵᠤ᠂ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠥᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠦᠨ᠂ ᠴᠢᠬᠤᠯᠠ ᠶᠡᠬᠡ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠡᠰ ᠲᠠᠷᠠᠭᠠᠯᠠᠯ ᠢ᠋ ᠵᠢᠷᠤᠮᠵᠢᠭᠤᠯᠵᠤ᠂ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ᠎ᠶ᠋ᠢ ᠬᠡᠷᠡᠭ᠌ᠵᠢᠭᠦᠯᠬᠦ᠌ ᠪᠠ ᠦᠨᠡᠯᠡᠨ ᠵᠢᠱ᠌ᠢᠬᠦ᠌ ᠠᠵᠢᠯ᠎ᠢ ᠴᠢᠩᠭᠠᠳᠭᠠᠵᠤ᠂ ᠱᠢᠶ᠋ᠳᠪᠦᠷᠢᠲᠦ ᠪᠣᠳᠣᠯᠭ᠎ᠠ᠎ᠶ᠋ᠢᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

ᠠᠷᠪᠠᠨ ᠳᠣᠯᠣᠳᠤᠭᠠᠷ ᠵᠦᠢᠯ   ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠠᠰᠠᠭ ᠵᠠᠬᠢᠷᠭᠠᠨ᠎ᠤ ᠬᠢᠨᠠᠯᠲᠠ ᠲᠠᠯᠪᠢᠬᠤ ᠳᠦᠷᠢᠮ᠎ᠢ ᠪᠦᠷᠢᠨᠱᠢᠭᠦᠯᠵᠦ᠍᠂ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠭᠦᠯᠬᠦ᠂ ᠳᠠᠩᠰᠠᠯᠠᠭᠤᠯᠤᠨ ᠬᠢᠨᠠᠨ ᠪᠠᠢᠴᠠᠭᠠᠬᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ᠎ᠡᠴᠡ ᠱᠠᠯᠠᠪᠳᠠᠭᠤᠯᠤᠨ ᠪᠠᠢᠴᠠᠭᠠᠬᠤ ᠵᠡᠷᠭᠡ ᠠᠵᠢᠯ᠎ᠢ ᠴᠢᠩᠭᠠᠳᠭᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶ᠋ᠢ ᠪᠠᠷᠢᠮᠲᠠᠯᠠᠨ᠂ ᠡᠯ᠎ᠡ ᠲᠠᠯ᠎ᠠ᠎ᠶ᠋ᠢᠨ ᠬᠢᠨ᠎ᠦ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠵᠠᠰᠠᠭ ᠵᠠᠬᠢᠷᠭᠠᠨ᠎ᠤ ᠡᠷᠬᠡ᠎ᠶ᠋ᠢᠨ ᠠᠵᠢᠯᠯᠠᠭᠠᠨ᠎ᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃

ᠠᠷᠪᠠᠨ ᠨᠠᠢ᠍ᠮᠠᠳᠤᠭᠠᠷ ᠵᠦᠢᠯ    ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠦᠷᠢᠯᠳᠦᠬᠦᠨ᠎ᠨᠡᠷ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢ ᠵᠢᠱ᠌ᠢᠶᠡᠴᠢ᠎ᠪᠡᠷ ᠵᠢᠷᠤᠮᠯᠠᠨ ᠰᠠᠬᠢᠵᠤ᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ᠋ ᠲᠦᠷᠦᠬᠦᠯᠡᠨ ᠡᠰᠡᠷᠬᠦᠴᠡᠵᠤ᠂ ᠠᠷᠠᠳ᠎ᠤᠨ ᠲᠥᠯᠥᠭᠡ ᠪᠣᠳᠠᠲᠠᠢ᠎ᠶ᠋ᠢ ᠡᠷᠬᠢᠮᠯᠡᠬᠦ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠠᠵᠢᠯᠴᠢ ᠠᠷᠢᠭᠤᠨ ᠴᠢᠬᠡᠴᠢ ᠪᠠᠢᠪᠠᠯ ᠵᠤᠬᠢᠨ᠎ᠠ᠃

ᠠᠷᠪᠠ ᠶᠢᠰᠦᠳᠦᠭᠡᠷ ᠵᠦᠢᠯ    ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠦᠷᠢᠯᠳᠦᠬᠦᠨ ᠰᠠᠯᠠᠭ᠎ᠠ ᠮᠥᠴᠢᠷ᠂ ᠱᠢᠭᠤᠳ ᠬᠠᠷᠢᠶ᠎ᠠ ᠪᠠᠢᠭᠤᠯᠤᠮᠵᠢ᠂ ᠬᠡᠷᠡᠭ ᠡᠷᠬᠢᠯᠡᠬᠦ᠌ ᠪᠠᠢᠭᠤᠯᠤᠮᠵᠢ᠎ᠨᠤᠭᠤᠳ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠵᠦ᠍᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠬᠦᠷᠭᠡᠯᠡᠨ᠂ ᠵᠣᠬᠢᠴᠠᠭᠤᠯᠭ᠎ᠠ᠎ᠪᠠᠨ ᠴᠢᠩᠭᠠᠳᠭᠠᠨ᠂ ᠨᠢᠭ᠍ᠲᠠ ᠬᠠᠮᠵᠢᠯᠴᠠᠵᠤ᠂ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠡᠯ ᠵᠤᠬᠢᠨ᠎ᠠ᠃

ᠬᠣᠷᠢᠳᠤᠭᠠᠷ ᠵᠦᠢᠯ    ᠲᠤᠰ ᠬᠠᠤᠯᠢ᠎ᠶ᠋ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠃

(ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 11᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号