ᠰᠡᠳᠭᠢᠯ ᠨᠢᠬᠡᠳᠦᠨ ᠬᠦᠴᠦ᠍᠎ᠪᠡᠨ ᠬᠠᠮᠲᠤᠳᠭᠠᠵᠤ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠰᠤᠭᠠᠢ — ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠢᠯᠠᠯᠳᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
2024-03-12 10:04:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠯᠬᠦᠮᠳᠡᠨ ᠨᠢᠭᠡᠳᠴᠦ᠍ ᠬᠥᠭ᠌ᠵᠢᠯᠲᠡ᠎ᠶ᠋ᠢ ᠡᠷᠢᠯᠬᠢᠯᠡᠵᠦ᠍᠂ ᠡᠷᠡᠮᠡᠬᠡᠢᠯᠡᠨ ᠲᠠᠮᠠᠴᠡᠵᠦ ᠢᠷᠡᠭᠡᠳᠦᠢ ᠵᠦᠭ ᠤᠷᠤᠭ᠍ᠰᠢᠯᠠᠨ᠎ᠠ᠃ 3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠠᠮᠵᠢᠯᠳᠠ ᠳᠠᠢ ᠪᠡᠶᠡᠯᠡᠬᠦᠯᠵᠥ᠂ ᠪᠡᠭᠡᠵᠢᠩ᠎ᠳᠦ ᠢᠯᠠᠯᠳᠠ᠎ᠲᠠᠶ ᠲᠡᠭᠦᠰᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠤᠯ ᠦᠬᠡᠢ ᠪᠡᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠭ ᠎ᠢ ᠥᠨᠳᠥᠷ ᠮᠠᠨᠳᠤᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠂ ᠪᠦᠯᠬᠦᠮᠳᠡᠨ ᠤᠷᠤᠭ᠍ᠰᠢᠯᠠᠬᠰᠠᠨ ᠱᠢᠨ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃ ᠪᠢᠳᠡ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍᠂ ᠶᠡᠬᠡ ᠬᠤᠷᠠᠯ᠎ᠤᠨ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠡᠨᠡ ᠤᠳᠠᠭ᠎ᠠ᠎ᠶ᠋ᠢᠨ ᠶᠡᠬᠡ ᠬᠤᠷᠠᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠵᠢᠯ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ ᠡᠴᠡ ᠥᠩᠭᠡᠷᠡᠭ᠌ᠰᠡᠨ ᠨᠢᠭᠡ ᠵᠢᠯ᠎ᠦᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ ᠭᠡᠵᠦ᠍  ᠳᠦᠯᠦᠭᠡᠯᠡᠭᠴᠢᠳ ᠰᠠᠨᠠᠯ ᠨᠢᠭᠡᠲᠡᠢ ᠦᠵᠡᠵᠡᠭᠡᠪᠡ᠃ ᠶᠡᠬᠡ ᠬᠤᠷᠠᠯ ᠡᠴᠡ ᠵᠠᠰᠠᠭ᠎ᠤᠨ ᠣᠷᠳᠣᠨ᠎ᠤ  ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠴᠢᠬᠤᠯᠠ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠂ ᠳᠦᠯᠦᠬᠡᠯᠡᠭᠴᠢᠳ ᠡᠴᠡ᠂  ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠮᠵᠢᠯᠲᠠ ᠪᠦᠲᠦᠮᠵᠢ ᠵᠢ ᠳ᠋ᠦᠩᠨᠡᠭᠰᠡᠨ ᠨᠢ ᠦᠨᠡᠨ᠎ᠡᠴᠡ ᠵᠥᠪ᠎ᠢ ᠡᠷᠢᠵᠦ᠍᠂ ᠬᠠᠷᠠᠯᠲᠠ᠎ᠪᠠᠨ ᠲᠣᠭ᠍ᠲᠠᠭᠠᠭ᠍ᠰᠠᠨ ᠨᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠂ ᠳᠤᠷᠠᠳᠤᠭ᠍ᠰᠠᠨ ᠠᠷᠭ᠎ᠠ ᠬᠡᠮᠵᠢᠶ᠎ᠡ ᠨᠢ ᠦᠨᠡᠨ ᠬᠦ᠌ ᠬᠡᠷᠡᠭ᠌ᠵᠢᠭᠦᠯᠦᠭᠦᠱᠢᠲᠡᠢ ᠪᠠᠢᠵᠥ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠤ᠂ ᠵᠠᠮ ᠨᠡᠭᠡᠭᠡᠨ ᠤᠷᠤᠭ᠍ᠰᠢᠯᠠᠵᠤ᠂ ᠪᠦᠯᠬᠦᠮᠳᠡᠨ ᠨᠢᠭᠳᠠᠷᠠᠭᠤᠯᠵᠤ ᠵᠣᠷᠢᠭ ᠢ᠋ ᠬᠥᠪᠴᠢᠯᠡᠭ᠌ᠰᠡᠨ ᠰᠠᠢ᠌ᠨ ᠢᠯᠡᠳᠭᠡᠯ ᠪᠣᠯᠵᠠᠢ ᠭᠡᠵᠦ᠍ ᠰᠠᠨᠠᠯ ᠨᠢᠭᠡᠲᠡᠢ ᠦᠵᠡᠵᠡᠭᠡᠪᠡ᠃  ᠶᠡᠬᠡ ᠬᠤᠷᠠᠯ᠎ᠡᠴᠡ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠶ᠋ᠢ ᠬᠢᠨᠠᠨ ᠵᠥᠪᠯᠡᠵᠦ᠍ ᠪᠠᠲᠤᠯᠠᠪᠠ᠂ ᠡᠨᠡ ᠨᠢ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠲᠦᠷᠢᠮ ᠪᠣᠯᠤᠨ ᠠᠵᠢᠯ᠎ᠤᠨ ᠲᠦᠷᠢᠮ᠎ᠢ ᠤᠯᠠᠮ ᠪᠦᠷᠢᠨᠱᠢᠬᠦᠯᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤᠯᠠᠵᠤ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠬᠠᠤᠯᠢᠵᠢᠯ᠎ᠤᠨ ᠵᠠᠰᠠᠭ᠎ᠤᠨ ᠣᠷᠳᠣᠨ᠂ ᠱᠢᠨ᠎ᠡ᠎ᠶ᠋ᠢ ᠡᠭᠦᠳᠬᠦ᠌ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠣᠯᠤᠨ ᠦᠢᠯᠡᠴᠢᠯᠡᠭᠡᠨ᠎ᠦ ᠮᠠᠶᠢᠭ᠎ᠤᠨ ᠵᠠᠰᠠᠭ᠎ᠤᠨ ᠣᠷᠳᠣᠨ᠎ᠢ ᠪᠠᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠪᠤᠯᠪᠠ᠃ ᠶᠡᠬᠡ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠢᠭᠡ ᠵᠢᠯ᠎ᠦᠨ ᠲᠤᠷᠱᠢᠬᠢ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠣᠯᠤᠭ᠍ᠰᠠᠨ᠎ᠢ ᠭᠦᠢᠴᠡᠳ ᠨᠤᠲᠠᠯᠠᠪᠠ᠃ ᠶᠡᠬᠡ ᠬᠤᠷᠠᠯ᠎ᠤᠨ ᠠᠮᠵᠢᠯᠲᠠ ᠨᠢ ᠲᠦᠭ ᠲᠦᠮᠡᠨ ᠠᠷᠠᠳ ᠲᠦᠮᠡᠨ᠎ᠦ ᠢᠲᠡᠭᠡᠯ ᠵᠣᠷᠢᠭ᠎ᠢᠶᠠᠨ ᠪᠠᠲᠤᠳᠭᠠᠨ᠂ ᠨᠢᠭᠡ ᠰᠡᠳᠭᠢᠯ ᠨᠢᠭᠡ ᠵᠣᠷᠢᠭ᠎ᠢᠶᠠᠷ ᠱᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌᠎ᠶ᠋ᠢ ᠵᠣᠷᠢᠭ᠍ᠵᠢᠭᠤᠯᠵᠤ ᠪᠠᠢᠨ᠎ᠠ᠃

ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠃ 75 ᠵᠢᠯ᠎ᠦᠨ ᠲᠤᠷᠰᠢ᠂ ᠮᠠᠨ᠎ᠤ ᠤᠯᠤᠰ ᠶᠠᠳᠠᠭᠤ ᠬᠣᠭᠣᠰᠣᠨ ᠪᠠᠢᠭ᠍ᠰᠠᠨ᠎ᠡᠴᠡ᠎ᠪᠠᠨ ᠪᠦᠬᠦ᠌ ᠲᠠᠯ᠎ᠠ᠎ᠪᠠᠷ ᠴᠢᠨᠡᠭᠡᠯᠢᠭ᠌ᠵᠢᠭ᠌ᠰᠡᠨ ᠬᠦᠷᠲᠡᠯ᠎ᠡ᠂ ᠨᠢᠭᠡᠨᠲᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠬᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠵᠡᠢ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠪᠤᠯ ᠳᠤᠮᠳᠠᠳᠤ᠎ᠶ᠋ᠢᠨ ᠦᠨᠳᠦᠰᠦᠲᠡᠨ᠎ᠦ ᠬᠦᠰᠡᠯ ᠡᠷᠡᠮᠡᠯᠵᠡᠯ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠮᠡᠴᠡᠯ ᠪᠠ ᠬᠦᠴᠦ᠍ ᠬᠥᠯᠥᠰᠥ᠍ ᠨᠢᠭᠳᠠᠷᠠᠵᠤ᠂ ᠢᠷᠡᠭᠡᠳᠦᠶ ᠭᠡᠭᠡᠨ ᠰᠠᠷᠠᠭᠤᠯ ᠪᠠᠢᠬᠤ᠎ᠶ᠋ᠢ ᠪᠢᠳᠡ ᠭᠦᠨᠵᠡᠭᠡᠶ ᠣᠢᠯᠠᠭᠠᠵᠤ ᠪᠠᠢᠨ᠎ᠠ᠃ ᠡᠭᠦᠨ᠎ᠦ ᠬᠠᠮᠲᠤ ᠪᠢᠳᠡ ᠪᠠᠰᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠭᠤᠤ ᠶᠡᠬᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠡᠯ᠎ᠡ ᠵᠦᠢᠯ᠎ᠦᠨ ᠲᠦᠰᠦᠭᠡᠯᠡᠵᠦ ᠪᠣᠯᠬᠤ ᠪᠠ ᠲᠦᠰᠦᠭᠡᠯᠡᠬᠦᠶ᠎ᠡ ᠪᠡᠷᠬᠡ ᠠᠶᠤᠯ ᠲᠦᠭ᠌ᠰᠢᠭᠦᠷᠢ ᠪᠠ ᠱᠢᠯᠭᠠᠯᠲᠠ᠎ᠳᠤ ᠲᠤᠯᠭᠠᠷᠠᠬᠤ ᠨᠢ ᠵᠠᠢᠯᠠᠰᠢ ᠦᠭᠡᠢ ᠶᠤᠮ᠂ ᠡᠢᠮᠦ᠍᠎ᠡᠴᠡ ᠡᠷᠬᠡᠪᠰᠢ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ᠃  ᠢᠷᠡᠭᠡᠳᠦᠢ᠎ᠳᠦ ᠂ ᠴᠢᠨᠠᠷ ᠰᠠᠢᠲᠠᠢ ᠪᠠᠷ ᠬᠥᠭ᠌ᠵᠢᠬᠦᠯᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠡᠨᠡ ᠬᠦ᠌ ᠰᠠᠷᠠᠭᠤᠯ ᠳᠠᠷᠳᠠᠩ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠵᠤ᠂ ᠡᠷᠡᠰ ᠪᠠᠲᠤ ᠦᠢᠯᠡᠳᠦᠯᠭᠡᠵᠢᠭᠦᠯᠵᠦ᠍᠂ ᠵᠠᠮ ᠬᠤᠪᠢᠷᠠᠬᠤ ᠦᠭᠡᠢ᠂ ᠵᠣᠷᠢᠭ ᠬᠤᠪᠢᠷᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠢᠮᠠᠭ᠍ᠲᠠ ᠲᠤᠭᠤᠱᠢᠯᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠪᠠᠯ ᠪᠢᠳᠠ ᠤᠷᠤᠭ᠍ᠰᠢᠯᠠᠯᠲᠠ᠎ᠶ᠋ᠢᠨ ᠳᠤᠮᠳᠠᠬᠢ ᠡᠯ᠎ᠡ ᠵᠦᠢᠯ᠎ᠦᠨ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠮᠵᠢᠯᠲᠠ᠎ᠶ᠋ᠢᠨ ᠲᠡᠷᠲᠡᠭᠡ ᠡᠷᠭᠢ ᠲᠡᠢᠰᠢ ᠲᠠᠰᠤᠷᠠᠯᠳᠠ ᠦᠭᠡᠢ ᠤᠷᠤᠭ᠍ᠰᠢᠯᠠᠵᠤ  ᠴᠢᠳᠠᠬᠤ ᠨᠢ ᠯᠠᠪᠲᠠᠢ ᠶᠤᠮ᠃

    ᠶᠡᠷᠦᠩᠬᠡᠢ ᠱᠦᠵᠢ ᠰᠢ ᠵᠢᠨ ᠫᠢᠩ᠄《ᠮᠠᠨ᠎ᠤ ᠬᠠᠷᠠᠯᠲᠠ ᠮᠠᠰᠢ ᠠᠤᠭ᠎ᠠ ᠶᠡᠬᠡ᠂ ᠮᠠᠰᠢ ᠪᠣᠷᠣᠭ᠍ᠵᠢᠭᠤᠨ ᠪᠠᠢᠵᠤ᠂ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠢ ᠨᠡᠩ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ》ᠭᠡᠵᠦ ᠴᠢᠬᠤᠯᠠᠴᠢᠯᠠᠪᠠ᠃ ᠲᠡᠮᠡᠴᠡᠯ ᠵᠢᠡᠷ ᠲᠡᠦᠬᠡ᠎ᠶ᠋ᠢ ᠪᠦᠲᠦᠭᠡᠵᠦ᠍᠂ ᠪᠣᠳᠠᠲᠠᠢ ᠠᠵᠢᠯᠯᠠᠵᠤ ᠢᠷᠡᠭᠡᠳᠦᠢ᠎ᠶ᠋ᠢ ᠴᠣᠭ᠍ᠴᠠᠯᠠᠨ᠎ᠠ᠃ ᠥᠩᠭᠡᠷᠡᠭ᠌ᠰᠡᠨ᠎ᠦ ᠲᠡᠮᠡᠴᠡᠯ᠎ᠦᠨ ᠵᠠᠮ᠎ᠢᠶᠠᠨ ᠡᠷᠭᠢᠴᠡᠭᠦᠯᠪᠡᠯ᠂ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ᠎ᠶ᠋ᠢ ᠨᠠᠮ ᠪᠣᠯᠤᠨ ᠠᠷᠠᠳ ᠲᠦᠮᠡᠨ ᠬᠠᠮᠲᠤ᠎ᠪᠠᠷ ᠬᠦᠴᠦᠯᠡᠵᠦ᠍᠂ ᠬᠠᠮᠲᠤ ᠪᠡᠷ ᠠᠵᠢᠯᠯᠠᠵᠤ᠂ ᠲᠡᠮᠡᠴᠡᠵᠦ᠍ ᠪᠠᠢᠭᠠᠳ ᠣᠯᠤᠭ᠍ᠰᠠᠨ ᠶᠤᠮ; ᠤᠷᠤᠭ᠍ᠰᠢᠯᠠᠯᠲᠠ᠎ᠶ᠋ᠢᠨ ᠵᠠᠮ᠎ᠢ ᠪᠠᠷᠠᠯᠠᠪᠠᠯ᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠷᠤᠭ᠍ᠰᠢᠯᠠᠯᠲᠠ᠎ᠶ᠋ᠢᠨ ᠬᠥᠳᠡᠯᠭᠡᠬᠦ᠌ ᠬᠦᠴᠦᠨ ᠨᠡᠩ ᠬᠦᠴᠦᠷᠬᠡᠭ᠌ᠵᠢᠵᠦ᠍᠂ ᠲᠡᠮᠡᠴᠡᠯ᠎ᠦᠨ ᠵᠣᠷᠢᠭ ᠰᠠᠨᠠᠭ᠎ᠠ ᠨᠡᠩ ᠪᠠᠳᠠᠷᠠᠵᠤ᠂ ᠯᠠᠪᠲᠠᠢ ᠢᠯᠠᠯᠲᠠ ᠤᠯᠬᠤ ᠢᠲᠡᠭᠡᠯ ᠵᠣᠷᠢᠭ ᠨᠡᠩ ᠪᠠᠲᠤᠵᠢᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠦ ᠦᠢᠯᠡᠰ ᠮᠥᠨ᠂ ᠡᠷᠬᠡᠪᠰᠢ ᠠᠷᠠᠳ ᠲᠦᠮᠡᠨ᠎ᠳᠦ ᠴᠢᠩᠭ᠎ᠠ ᠲᠦᠱᠢᠭ᠌ᠯᠡᠵᠦ᠍᠂ ᠠᠷᠠᠳ ᠲᠦᠮᠡᠨ᠎ᠦ ᠳᠤᠮᠳᠠ ᠬᠠᠳᠠᠭᠠᠯᠠᠭ᠍ᠳᠠᠵᠤ ᠪᠠᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ᠎ᠢ ᠬᠤᠷᠠᠮᠳᠤᠭᠤᠯᠪᠠᠯ ᠰᠠᠶᠢ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠲᠠᠰᠤᠷᠠᠯᠳᠠ ᠦᠭᠡᠢ  ᠪᠦᠲᠦᠭᠡᠵᠦ᠍ ᠴᠢᠳᠠᠨ᠎ᠠ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠢᠯᠡᠳᠭᠡᠭ᠌ᠰᠡᠨ ᠬᠦᠰᠡᠯ ᠰᠠᠨᠠᠭ᠎ᠠ᠂ ᠡᠭᠦᠳᠦᠭ᠌ᠰᠡᠨ ᠲᠤᠷᠱᠢᠯᠭ᠎ᠠ᠂ ᠡᠳ᠋ᠯᠡᠵᠦ᠍ ᠪᠠᠢᠭ᠎ᠠ ᠡᠷᠬᠡ᠂ ᠪᠠᠳᠠᠷᠠᠭᠤᠯᠵᠤ ᠪᠠᠢᠭ᠎ᠠ ᠦᠢᠯᠡᠳᠦᠯ᠎ᠢ ᠭᠦᠢᠴᠡᠳ ᠬᠦᠨᠳᠦᠳᠭᠡᠵᠦ᠍᠂ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠵᠦ᠍᠂ ᠪᠦᠬᠦ᠌ ᠠᠷᠠᠳ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠨᠡᠩ ᠰᠠᠢᠲᠤᠷ ᠬᠥᠭ᠌ᠵᠢᠭᠡᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠲᠠᠰᠤᠷᠠᠯᠲᠠ ᠦᠭᠡᠢ ᠠᠬᠢᠭᠤᠯᠬᠤ ᠬᠡᠷᠡᠭ᠌ᠲᠡᠢ᠃

 ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠲᠤᠬᠢᠷᠠᠭᠤᠯᠤᠯᠳᠠ ᠮᠥᠨ᠂ ᠤᠯᠤᠰ ᠤ᠋ᠨ ᠨᠡᠢᠭᠡᠮ ᠵᠢᠷᠤᠮ᠎ᠤᠨ ᠵᠠᠮ᠎ᠢᠶᠠᠷ ᠤᠷᠤᠭ᠍ᠰᠢᠯᠠᠬᠤ᠎ᠶ᠋ᠢ ᠪᠦᠲᠦᠮᠵᠢᠲᠡᠢ ᠪᠠᠲᠤᠯᠠᠵᠤ᠂ ᠤᠯᠤᠰ᠎ᠤᠨ ᠵᠠᠰᠠᠯᠲᠠ᠎ᠶ᠋ᠢᠨ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠡᠴᠡ ᠮᠤᠯᠳᠤᠷᠠᠬᠤ᠎ᠶ᠋ᠢ ᠪᠦᠲᠦᠮᠵᠢᠲᠡᠢ ᠪᠠᠲᠤᠯᠠᠵᠤ᠂ ᠤᠯᠤᠰ ᠣᠷᠣᠨ᠎ᠤ ᠤᠯᠤᠰ ᠲᠦᠷᠦ᠍᠎ᠶ᠋ᠢᠨ ᠠᠮᠢᠳᠤᠷᠠᠯ᠎ᠤᠨ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠮᠥᠷᠲᠡᠭᠡᠨ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠠᠢᠬᠤ ᠵᠢ ᠪᠠᠳᠤᠯᠠᠵᠤ᠂ ᠵᠦᠢᠷᠯᠡᠰᠢ ᠦᠭᠡᠢ ᠳᠠᠪᠠᠭᠤᠯᠢᠭ ᠴᠢᠨᠠᠷ ᠪᠠ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠡᠶ ᠶᠤᠮ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌᠎ᠪᠡᠷ ᠠᠵᠠ ᠲᠣᠬᠢᠶᠠᠯ ᠪᠣᠯᠭᠠᠵᠤ᠂ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠳᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭ᠌ᠲᠡᠢ᠃

  ᠠᠤᠭ᠎ᠠ ᠵᠢᠷᠤᠭ ᠲᠥᠰᠦᠪ ᠬᠥᠮᠦᠰ᠎ᠢ ᠵᠣᠷᠢᠭ᠍ᠵᠢᠭᠤᠯᠵᠤ᠂ ᠴᠠᠭ ᠦᠶ᠎ᠡ᠎ᠶ᠋ᠢᠨ ᠪᠦᠷᠢᠶ᠎ᠠ ᠡᠷᠴᠢ ᠵᠣᠷᠢᠭ᠎ᠢ ᠬᠥᠪᠴᠢᠯᠡᠨ᠎ᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠢᠳᠡ ᠢᠲᠡᠭᠡᠯ ᠲᠡᠭᠦᠯᠳᠡᠷ᠂ ᠬᠦᠴᠦᠨ ᠲᠡᠭᠦᠯᠳᠡᠷ ᠪᠠᠢᠨ᠎ᠠ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《 ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠤᠮᠤᠭ ᠵᠣᠷᠢᠭ᠎ᠢᠶᠠᠨ ᠬᠥᠪᠴᠢᠯᠡᠵᠦ᠍᠂ ᠪᠦᠯᠬᠦᠮᠳᠡᠨ ᠲᠡᠮᠡᠴᠡᠵᠦ᠍᠂ ᠵᠤᠷᠢᠭᠳᠠᠢ ᠵᠢᠳᠭᠦᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠪᠠᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠠᠷᠠᠯᠲᠠ᠎ᠶ᠋ᠢ ᠯᠠᠪᠲᠠᠶ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠯᠠᠪᠲᠠᠶ ᠲᠡᠷᠭᠡᠯᠱᠢᠭᠦᠯᠵᠦ᠍ ᠴᠢᠳᠠᠨ᠎ᠠ!


    (ᠰᠢᠨᠬᠤᠸᠠ ᠬᠤᠷᠢᠶ᠎ᠠ ᠵᠢᠨ ᠪᠡᠬᠡᠵᠢᠩ ᠤ᠋ᠨ 3 ᠰᠠᠷ᠎ᠠ ᠵᠢᠨ 11 ᠤ᠋ ᠴᠠᠬᠢᠯᠭᠠᠨ ᠮᠡᠳᠡᠬᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号