(2024 ᠣᠨ᠎ᠤ 3 ᠰᠠᠷ᠎ᠠ᠎ᠶ᠋ᠢᠨ 11 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠬᠣᠶᠠᠳᠤᠭᠠᠷ ᠬᠤᠷᠠᠯ ᠡᠴᠡ ᠪᠠᠲᠤᠯᠠᠪᠠ)
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠴᠡ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠶᠢᠩ ᠶᠦᠩ᠎ᠤᠨ ᠬᠢᠭ᠌ᠰᠡᠨ ᠠᠵᠢᠯ᠎ᠤᠨ ᠮᠡᠳᠡᠭᠦᠯᠦᠯᠳᠡ ᠵᠢ ᠰᠣᠨᠣᠰᠴᠤ ᠬᠢᠨᠠᠨ ᠵᠦᠪᠯᠡᠪᠡ᠃ ᠬᠤᠷᠠᠯ ᠡᠴᠡ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠳᠡ᠎ᠳᠦ ᠳᠤᠷᠠᠳᠤᠭ᠍ᠰᠠᠨ 2024 ᠣᠨ᠎ᠤ ᠠᠵᠢᠯ᠎ᠤᠨ ᠲᠤᠬᠢᠷᠠᠭᠤᠯᠤᠯᠲᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠳᠡ ᠵᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠡᠴᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢᠵᠢᠯ ᠤ᠋ᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠤ᠂ ᠪᠠᠢᠴᠠᠭᠠᠬᠤ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ ᠪᠠᠨ ᠦᠨᠡᠨᠴᠢᠰᠢᠳᠤᠷᠭᠤ ᠪᠡᠷ ᠭᠦᠶ᠋ᠴᠡᠳᠭᠡᠵᠤ᠂ ᠬᠠᠤᠯᠢ ᠪᠠᠷᠢᠬᠤ ᠪᠠᠢᠭᠤᠯᠤᠮᠵᠢ ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠯᠭᠠᠷᠠᠭ᠍ᠰᠠᠨ ᠪᠠᠢᠴᠠᠭᠠᠬᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠵᠤ᠂ ᠬᠡᠷᠡᠭ ᠨᠢᠭᠡ ᠪᠦᠷᠢ ᠵᠢ ᠥᠨᠳᠥᠷ ᠪᠦᠲᠦᠮᠵᠢᠲᠡᠶ ᠴᠢᠨᠠᠷᠯᠢᠭ ᠰᠠᠢᠲᠤᠷ ᠰᠢᠢᠳᠪᠦᠷᠢᠯᠡᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠢ᠋ ᠪᠠᠳᠤᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠵᠤ᠂ ᠠᠷᠠᠳ ᠲᠦᠮᠡᠨ᠎ᠦ ᠠᠮᠤᠷ ᠵᠢᠮᠤᠷ ᠠᠵᠤ ᠲᠦᠷᠦᠭᠦ᠎ᠶ᠋ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠢ᠋ ᠪᠦᠬᠦ ᠲᠠᠯ᠎ᠠ ᠪᠡᠷ ᠠᠬᠢᠭᠤᠯᠬᠤ ᠳ᠋ᠤ ᠬᠠᠤᠯᠢ ᠪᠠᠷᠢᠬᠤ ᠬᠦᠴᠦᠳᠠᠢ ᠪᠠᠲᠤᠯᠠᠭ᠎ᠠ ᠬᠠᠩᠭᠠᠵᠤ᠂ ᠱᠢᠯᠢᠳᠡᠭ ᠬᠢᠷᠢ ᠪᠦᠲᠦᠮᠵᠢ ᠪᠡᠷ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠤᠭ᠍ᠲᠤᠬᠤ ᠬᠡᠷᠡᠭᠳᠠᠢ ! ᠭᠡᠵᠤ ᠱᠠᠭᠠᠷᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号