ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠳᠤᠭᠤᠢᠯᠠᠩ ᠬᠤᠪᠢᠶᠠᠵᠤ ᠡᠯ᠎ᠡ ᠵᠦᠶ᠋ᠯ᠎ᠦᠨ ᠱᠢᠶ᠋ᠳᠪᠦᠷᠢ᠎ᠶ᠋ᠢᠨ ᠲᠥᠰᠦᠯ᠎ᠢ ᠬᠢᠨᠠᠨ ᠵᠥᠪᠯᠡᠵᠠᠢ
2024-03-12 10:15:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆


  ᠰᠦᠨ ᠱᠤᠤ ᠴᠧᠩ ᠬᠢᠨᠠᠨ ᠵᠥᠪᠯᠡᠬᠦ᠌᠎ᠳᠦ ᠣᠷᠣᠯᠴᠠᠪᠠ


 3 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ ᠪᠣᠯᠤᠨ 11 ᠤ᠋ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠎ᠳᠤ ᠣᠷᠣᠯᠴᠠᠵᠤ ᠪᠠᠢᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠲᠥᠯᠥᠭᠡᠯᠡᠭ᠌ᠴᠢᠳ᠎ᠦᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠶᠡᠬᠡ ᠬᠤᠷᠠᠯ᠎ᠤᠨ ᠡᠯ᠎ᠡ ᠵᠦᠢᠯ᠎ᠦᠨ ᠱᠢᠢᠳᠪᠦᠷᠢ᠎ᠶ᠋ᠢᠨ ᠲᠥᠰᠦᠯ᠎ᠢ ᠬᠢᠨᠠᠨ ᠵᠥᠪᠯᠡᠪᠡ᠃

ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ᠌᠎ᠳᠦ ᠣᠷᠣᠯᠴᠠᠵᠤ᠂ ᠢᠦᠢ ᠯᠢ ᠱᠢᠨ᠂ ᠯᠢᠨ ᠱᠤᠤ ᠴᠦᠨ᠂ ᠵᠠᠩ ᠱᠤᠤ ᠴᠦᠨ ᠲᠤᠰ ᠲᠤᠰ ᠲᠥᠯᠥᠭᠡᠯᠡᠭ᠌ᠴᠢᠳ᠎ᠦᠨ ᠳᠤᠭᠤᠢᠯᠠᠩ ᠬᠤᠪᠢᠶᠠᠭ᠍ᠰᠠᠨ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠬᠠᠤᠯᠢ᠎ᠶ᠋ᠢᠨ ᠲᠥᠰᠦᠯ ᠎ᠦᠨ ᠳᠤᠭᠤᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃

ᠬᠤᠷᠠᠯ ᠎ᠡᠴᠡ ᠵᠠᠰᠠᠭ ᠎ᠤᠨ ᠣᠷᠳᠣᠨ ᠎ᠤ ᠠᠵᠢᠯ᠎ᠤᠨ ᠢᠯᠡᠳᠭᠡᠯ᠎ᠦᠨ ᠲᠤᠬᠠᠶ ᠱᠢᠶ᠋ᠳᠪᠦᠷᠢ᠎ᠶ᠋ᠢᠨ ᠲᠥᠰᠦᠯ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠶ ᠱᠢᠶ᠋ᠳᠪᠦᠷᠢ᠎ᠶ᠋ᠢᠨ ᠲᠥᠰᠦᠯ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠬᠢᠨᠠᠨ ᠵᠥᠪᠯᠡᠪᠡ᠃

 ᠬᠤᠷᠠᠯ᠎ᠡᠴᠡ᠂ ᠶᠡᠬᠡ ᠬᠤᠷᠠᠯ᠎ᠤᠨ ᠬᠤᠭᠤᠴᠠᠭᠠᠨ᠎ᠳᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢᠳ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ ᠪᠡᠷ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠶ᠋ᠴᠡᠳᠭᠡᠵᠦ᠍᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠰᠤᠳᠤ ᠮᠡᠷᠭᠡᠨ ᠣᠶᠤᠨ ᠤᠬᠠᠭᠠᠨ᠎ᠢᠶᠠᠨ ᠡᠷᠭᠦᠵᠦ᠍᠂ ᠪᠣᠳᠠᠲᠠᠶ᠎ᠶ᠋ᠢ ᠡᠷᠬᠢᠮᠯᠡᠭᠰᠡᠨ ᠠᠷᠭ᠎ᠠ ᠪᠣᠳᠣᠯᠭ᠎ᠠ ᠰᠦᠪᠡᠭ᠌ᠴᠢᠯᠡᠨ ᠦᠭᠴᠦ᠂ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠵᠤ᠂ ᠠᠷᠠᠳ ᠣᠯᠠᠨ᠎ᠤ ᠰᠡᠳᠬᠢᠯ᠎ᠤᠨ ᠲᠠᠭᠤᠨ ᠪᠠ ᠬᠦᠰᠡᠯ ᠡᠷᠡᠮᠡᠯᠵᠡᠯ᠎ᠢ ᠭᠦᠶ᠋ᠴᠡᠳ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠣᠯᠠᠨ ᠳᠡᠮᠵᠢᠯᠭᠡ ᠵᠢ ᠲᠡᠮᠡᠴᠡᠨ ᠤᠯᠵᠤ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠨᠡᠯᠢᠶᠡᠳ ᠴᠢᠩᠭ᠎ᠠ ᠬᠡᠷᠡᠭ ᠵᠥᠪᠯᠡᠬᠦ᠌ ᠴᠢᠳᠠᠪᠤᠷᠢ᠎ᠶ᠋ᠢ ᠢᠯᠡᠷᠡᠭᠦᠯᠪᠡ᠃ ᠲᠥᠯᠥᠭᠡᠯᠡᠭ᠌ᠴᠢᠳ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢ ᠴᠢᠩᠳᠠᠯᠠᠬᠤ ᠱᠠᠭᠠᠷᠳᠠᠯᠭ᠎ᠠ ᠪᠠ ᠨᠢᠭᠤᠴᠠ᠎ᠶ᠋ᠢ ᠬᠠᠮᠠᠭᠠᠯᠠᠬᠤ ᠡᠯ᠎ᠡ ᠵᠦᠢᠯ᠎ᠦᠨ ᠲᠣᠭ᠍ᠲᠠᠭᠠᠯ᠎ᠢ ᠴᠢᠩᠭ᠎ᠠ ᠵᠢᠷᠤᠮᠯᠠᠨ᠂ ᠤᠶᠤᠨ ᠴᠢᠳᠠᠯ᠎ᠢᠶᠠᠨ ᠲᠥᠪᠯᠡᠷᠡᠭᠦᠯᠦᠨ᠂ ᠨᠢᠭᠡ ᠰᠡᠳᠭᠢᠯ ᠨᠢᠭᠡ ᠵᠣᠷᠢᠭ᠎ᠢᠶᠠᠷ ᠬᠤᠷᠠᠯ᠎ᠳᠤ ᠣᠷᠣᠯᠴᠠᠵᠤ᠂ ᠳᠡᠭᠡᠳᠦ ᠬᠡᠮᠵᠢᠶᠡᠨ᠎ᠦ ᠰᠠᠬᠢᠯᠭ᠎ᠠ ᠪᠠᠲᠤᠴᠢ ᠴᠢᠨᠠᠷ᠂ ᠤᠬᠠᠮᠰᠠᠷᠲᠤ ᠴᠢᠨᠠᠷ᠎ᠢ ᠢᠯᠡᠷᠡᠭᠦᠯᠵᠦ᠍᠂ ᠲᠥᠯᠥᠭᠡᠯᠡᠭ᠌ᠴᠢᠳ᠎ᠦᠨ ᠪᠦᠯᠬᠦᠮ᠎ᠦᠨ ᠡᠯ᠎ᠡ ᠵᠦᠢᠯ᠎ᠦᠨ ᠡᠭᠦᠷᠭᠡ᠎ᠶ᠋ᠢ ᠲᠡᠭᠦᠰ ᠰᠠᠢᠨ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃

  ᠬᠤᠷᠠᠯ᠎ᠡᠴᠡ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠤᠬᠠᠭᠤᠯᠵᠤ᠂ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠣᠷᠣᠨ ᠳᠠᠶᠠᠭᠠᠷ᠎ᠤᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠲᠥᠯᠥᠭᠡᠯᠡᠭ᠌ᠴᠢᠳ ᠤᠯᠤᠰ ᠲᠥᠷᠥ᠎ᠶ᠋ᠢᠨ ᠦᠵᠡᠯ ᠤᠬᠠᠮᠰᠠᠷ᠎ᠢᠶᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ ᠱᠠᠭᠠᠷᠳᠠᠯᠭ᠎ᠠ ᠶᠣᠰᠣᠭᠠᠷ᠂ ᠠᠵᠢᠯᠯᠠᠵᠤ ᠪᠠᠢᠭ᠎ᠠ ᠨᠢᠭᠡᠴᠢ᠂ ᠱᠢᠰᠲ᠋ᠧᠮ ᠪᠣᠯᠤᠨ ᠬᠥᠳᠡᠭᠡ ᠲᠣᠰᠭᠣᠨ᠂ ᠨᠡᠢᠭᠡᠮ ᠲᠣᠭᠣᠷᠢᠭ᠎ᠲᠤ ᠬᠦᠷᠴᠦ ᠴᠠᠭ ᠲᠤᠬᠠᠶ᠎ᠳᠤᠨᠢ ᠤᠯᠠᠮᠵᠢᠯᠠᠨ᠂ ᠨᠠᠮ ᠪᠣᠯᠤᠨ ᠤᠯᠤᠰ᠎ᠤᠨ ᠠᠭᠤᠤ ᠶᠡᠬᠡ ᠠᠮᠵᠢᠯᠲᠠ ᠪᠦᠲᠦᠮᠵᠢ᠂ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠡᠮᠦᠨ᠎ᠡ ᠹᠷᠣᠨᠲ᠂ ᠬᠥᠮᠦᠨ ᠪᠦᠷᠢ᠎ᠳᠦ ᠳᠠᠮᠵᠢᠭᠤᠯᠵᠤ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠯᠢᠭᠡᠷ ᠳᠠᠭᠤᠷᠢᠶᠠᠯ ᠪᠣᠯᠬᠤ᠎ᠪᠠᠷ ᠬᠦᠴᠦᠯᠡᠨ ᠴᠢᠷᠮᠠᠢᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号