2024 ᠣᠨ ᠳ᠋ᠦ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠢᠷᠠᠭᠤ ᠰᠠᠢᠬᠠᠨ ᠬᠠᠭᠤᠳᠠᠰᠤ ᠪᠢᠴᠢᠭ᠌ᠯᠡᠭᠳᠡᠬᠦ᠌ ᠨᠢ ᠯᠠᠪᠲᠠᠢ —
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ᠃ ᠡᠭᠦᠨ ᠦ ᠬᠠᠮᠲᠤ᠂ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ᠎ᠪᠠᠨ ᠤᠭ᠍ᠲᠤᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠪᠠᠨ ᠤᠭ᠍ᠲᠤᠨ ᠠᠪᠤᠯ᠎ᠠ᠃
ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠲᠥᠯᠥᠪᠵᠢᠭᠦᠯᠦᠯᠳᠡ ᠪᠠᠢᠷᠢᠯᠠᠭᠤᠯᠤᠯᠳᠠ ᠬᠢᠯ᠎ᠡ᠃
ᠤᠢ᠍ᠢᠷ᠎ᠠ᠎ᠶ᠋ᠢᠨ ᠡᠳᠦᠷ ᠤ᠋ᠨ ᠳᠤᠷᠰᠢ᠂ ᠶᠡᠷᠦᠩᠬᠡᠢ ᠱᠦᠵᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠣᠯᠤᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ᠂ ᠵᠢᠶᠠᠩᠰᠦ᠎ᠶ᠋ᠢᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠵᠤ᠂ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠦᠨ ᠪᠦᠬᠦᠳᠡ ᠬᠤᠷᠠᠯ᠎ᠳᠤ ᠣᠷᠣᠯᠴᠠᠵᠤ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ ᠢ ᠡᠷᠬᠢᠨ ᠦᠵᠡᠭ᠌ᠰᠡᠨ ᠪᠥᠭᠡᠳ ᠬᠠᠮᠲᠤᠷᠠᠭ᠍ᠰᠠᠨ ᠳᠤᠭᠤᠢᠯᠠᠩ᠎ᠤᠨ ᠬᠤᠷᠠᠯ ᠳᠤᠨᠢ ᠣᠷᠣᠯᠴᠠᠵᠤ᠂ ᠤᠯᠠᠨ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠤᠯᠤᠰ᠎ᠤᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠳᠡᠯᠴᠡᠵᠦ᠍᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠠᠷᠭ᠎ᠠ᠎ᠶ᠋ᠢᠨ ᠤᠨᠤᠯ — 《ᠤᠷᠢᠳ᠎ᠢᠶᠠᠷ ᠰᠢᠨ᠎ᠡ ᠵᠢ ᠪᠠᠢᠭᠤᠯᠵᠤ ᠳᠠᠷᠠᠭ᠎ᠠ ᠨᠢ ᠬᠠᠭᠤᠴᠢᠨ ᠵᠢᠡᠨ ᠦᠭᠡᠷᠡᠴᠢᠯᠡᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠵᠢᠯᠣᠭᠣᠳᠤᠨ᠎ᠠ》
ᠱᠢᠨ᠎ᠡ ᠬᠥᠭ᠌ᠵᠢᠯᠲᠡ᠎ᠶ᠋ᠢᠨ ᠱᠠᠳᠤ᠂ ᠱᠢᠨ᠎ᠡ ᠬᠥᠭ᠌ᠵᠢᠯᠲᠡ᠎ᠶ᠋ᠢᠨ ᠦᠢᠯᠡᠳᠦᠯᠭᠡ ᠨᠢ ᠱᠢᠨ᠎ᠡ ᠬᠥᠭ᠌ᠵᠢᠯᠲᠡ᠎ᠶ᠋ᠢᠨ ᠤᠨᠤᠯ᠎ᠢᠶᠠᠷ ᠵᠢᠯᠤᠭᠤᠳᠤᠭᠤᠯᠬᠤ ᠴᠢᠬᠤᠯᠠᠲᠠᠢ᠃ ᠨᠢᠳᠤᠨᠤᠨ ᠡᠴᠡ ᠨᠠᠭᠠᠰᠢ᠂ ᠨᠠᠮ᠎ᠤᠨ ᠰᠢᠨ᠎ᠠ ᠵᠢ ᠡᠬᠦᠳᠦᠭᠰᠡᠨ ᠤᠨᠤᠯ ᠪᠠᠰᠠ ᠨᠢᠭᠡ ᠤᠳᠠᠭ᠎ᠠ ᠪᠠᠶᠠᠯᠢᠭ᠍ᠵᠢᠨ ᠬᠥᠭ᠌ᠵᠢᠪᠡ —
ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ ᠠᠩᠬ᠎ᠠ ᠤᠳᠠᠭ᠎ᠠ 《ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ》ᠭᠡᠬᠦ᠌ ᠴᠢᠬᠤᠯᠠ ᠶᠡᠬᠡ ᠤᠬᠠᠭ᠍ᠳᠠᠬᠤᠨ᠎ᠢ ᠳᠤᠷᠠᠳᠤᠭ᠍ᠰᠠᠨ ᠡᠴᠡ ᠠᠪᠤᠭᠠᠳ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ ᠴᠢᠬᠤᠯᠠ ᠪᠠᠢᠷᠢᠯᠠᠭᠤᠯᠤᠯᠲᠠ ᠬᠢᠭ᠌ᠰᠡᠨ ᠬᠦᠷᠲᠡᠯ᠎ᠡ᠂ ᠲᠠᠬᠢᠭᠠᠳ ᠨᠠᠮ ᠤ᠋ᠨ ᠳᠦᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠭᠦᠨ ᠭᠦᠨᠵᠡᠭᠡᠢ ᠪᠠᠢᠯᠳᠤᠬᠤ ᠪᠤᠳᠤᠯᠭ᠎ᠠ᠎ᠶ᠋ᠢᠨ ᠬᠠᠷᠠᠴᠠ ᠪᠣᠯᠤᠨ ᠳᠡᠭᠡᠳᠦ ᠬᠡᠮᠵᠢᠶᠡᠨ᠎ᠦ ᠤᠨᠤᠯ᠎ᠤᠨ ᠤᠬᠠᠮᠰᠠᠷ᠎ᠢᠶᠠᠷ 《ᠶᠠᠭᠤ᠎ᠶ᠋ᠢ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ ᠭᠡᠬᠦ᠌᠂ ᠶᠠᠭᠤᠨ᠎ᠳᠤ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠡᠷᠬᠢᠨ ᠬᠥᠭ᠌ᠵᠢᠭᠦᠯᠬᠦ᠌》 ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠴᠡᠢ᠃
ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠲᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠭᠤᠷᠪᠠ ᠤᠳᠠᠭ᠎ᠠ ᠪᠦᠯᠬᠦᠮ ᠳᠤᠭᠤᠢᠯᠠᠩ᠎ᠳᠤ ᠬᠦᠷᠴᠦ᠍᠂ ᠭᠤᠷᠪᠠ ᠤᠳᠠᠭ᠎ᠠ 《ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ》᠎ᠤ᠋ ᠲᠤᠬᠠᠢ ᠶᠠᠷᠢᠵᠤ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠠᠷᠭ᠎ᠠ ᠶ᠋ᠢᠨ ᠤᠨᠤᠯ ᠢ ᠴᠢᠨᠠᠭ᠍ᠰᠢᠳᠠ ᠲᠣᠳᠣᠷᠬᠠᠢᠯᠠᠨ ᠥᠭᠦᠯᠡᠵᠡᠢ᠃
3 ᠰᠠᠷ᠎ᠠ᠎ᠶ᠋ᠢᠨ 5 ᠤ᠋ ᠦᠳᠡ ᠶ᠋ᠢᠨ ᠬᠣᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ ᠳᠤ᠂ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮᠤᠨᠬᠢᠨᠠᠨ ᠵᠥᠪᠯᠡᠬᠦ᠌ ᠲᠤᠬᠠᠢ ᠵᠢᠨ ᠲᠠᠯᠠᠪᠠᠢ᠎ᠳᠤ᠃
ᠲᠢᠶᠠᠨ ᠾᠧ ᠭᠡᠷᠡᠯᠴᠢ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠭᠤᠤ ᠵᠢᠶ ᠹᠠᠨ ᠲᠥᠯᠥᠭᠡᠯᠡᠭ᠌ᠴᠢ ᠦᠭᠡ ᠬᠡᠯᠡᠬᠦ᠌ᠦᠶᠡᠳᠤ᠂ ᠬᠡᠷᠡᠯᠴᠢ ᠴᠡᠨᠡᠭ᠎ᠦᠨ ᠱᠢᠨᠵᠢᠯᠡᠬᠦ᠌ ᠤᠬᠠᠭᠠᠨ ᠪᠣᠯᠤᠨ ᠮᠡᠷᠭᠡᠵᠢᠯ᠎ᠦᠨ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ ᠪᠤᠯᠬᠤᠲᠡᠭᠦᠨᠦ ᠨᠥᠭᠥᠭᠡ ᠨᠢᠭᠡ ᠪᠡᠶ᠎ᠡ᠎ᠶ᠋ᠢᠨ ᠭᠠᠷᠤᠯ ᠨᠢ ᠶᠡᠷᠦᠩᠬᠡᠶ ᠱᠦᠵᠢ᠎ᠶ᠋ᠢᠨ ᠠᠩᠬᠠᠷᠤᠯ᠎ᠢ ᠲᠠᠲᠠᠪᠠ᠃
《ᠲᠠᠨ᠎ᠤ ᠡᠨᠡ ᠬᠦ᠌ ᠲᠤᠷᠱᠢᠯᠲᠠ᠎ᠶ᠋ᠢᠨ ᠲᠠᠰᠤᠭ ᠴᠢᠨᠢ ᠬᠠᠮᠢᠭ᠎ᠠ ᠲᠤᠬᠢᠷᠠᠭᠤᠯᠤᠭᠰᠠᠨ ᠪᠤᠢ?》 ᠭᠡᠵᠦ᠍ ᠶᠡᠷᠦᠩᠬᠡᠢ ᠱᠦᠵᠢ ᠠᠰᠠᠭᠤᠪᠠ᠃
《ᠴᠠᠩᠵᠸᠦ ᠪᠣᠯᠤᠨ ᠱᠠᠩᠬᠠᠢ᠎ᠳᠤ ᠪᠦᠷ ᠪᠤᠢ᠂ ᠪᠢᠳᠡ ᠠᠵᠤ ᠠᠬᠤᠢᠯᠠᠯ ᠪᠣᠯᠤᠨ ᠶᠡᠬᠡ ᠰᠤᠷᠭᠠᠭᠤᠯᠢ ᠬᠣᠯᠪᠣᠭᠠᠯᠠᠨ ᠪᠦᠳᠦᠭᠡᠨ ᠪᠠᠢᠭᠤᠯᠵᠤ᠂ ᠰᠠᠭᠤᠷᠢ ᠰᠤᠳᠤᠯᠭᠠᠨ᠂ ᠬᠣᠱᠢᠭᠤᠷᠠᠯ ᠰᠤᠳᠤᠯᠭᠠᠨ᠂ ᠬᠡᠷᠡᠭ᠌ᠯᠡᠭᠡᠨ᠎ᠦ ᠰᠤᠳᠤᠯᠭᠠᠨ᠎ᠢ ᠨᠡᠪᠲᠡᠷᠡᠭᠦᠯᠵᠠᠢ》 ᠭᠡᠵᠦ ᠭᠤᠤ ᠵᠶ᠋ᠢ ᠹᠠᠨ ᠬᠡᠯᠡᠪᠡ᠃
《ᠬᠡᠷᠡᠯᠴᠢ ᠴᠡᠨᠡᠭ᠎ᠦᠨ ᠠᠵᠤ ᠦᠶ᠋ᠯᠡᠰ᠎ᠢ ᠤᠯᠤᠰ᠎ᠲᠠᠭᠠᠨ ᠦᠶ᠋ᠯᠡᠳᠪᠦᠷᠢᠯᠡᠬᠦ᠌ ᠲᠠᠯ᠎ᠠ᠎ᠡᠴᠡ ᠠᠪᠴᠤ᠌ ᠦᠵᠡᠪᠡᠯ ᠪᠠᠰᠠ ᠶᠠᠮᠠᠷ ᠳᠤᠲᠠᠭᠤᠳᠠᠯ ᠪᠠᠢᠬᠤ ᠪᠣᠶ?》᠂ 《ᠣᠳᠣ ᠴᠠᠬᠢᠯᠭᠠᠨ ᠲᠣᠣᠷ᠎ᠲᠠᠶ ᠵᠠᠯᠭᠠᠬᠤ᠎ᠳᠤ ᠶᠠᠮᠠᠷ ᠠᠰᠠᠭᠤᠳᠠᠯ ᠪᠠᠢᠨ᠎ᠠ ᠦᠦ?》 ᠭᠡᠵᠦ᠍ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠃
ᠭᠤᠤ ᠵᠢᠶ ᠹᠠᠨ ᠶᠡᠷᠦᠩᠬᠡᠶ ᠱᠦᠵᠢ᠎ᠳᠦ᠂ ᠲᠡᠭᠦᠨ᠎ᠦ ᠪᠠᠢᠭ᠎ᠠ ᠠᠵᠤ ᠠᠬᠤᠢᠯᠠᠯ᠎ᠨᠢ 20 ᠭᠠᠷᠤᠶ ᠵᠢᠯ᠎ᠦᠨ ᠲᠤᠷᠰᠢ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠯᠴᠢ ᠴᠡᠨᠡᠭ᠎ᠦᠨ ᠬᠦᠷᠢᠶᠡᠨ᠎ᠦ ᠮᠡᠷᠭᠡᠵᠢᠯ᠎ᠦᠨ ᠦᠨᠳᠦᠷᠯᠢᠭ᠎ᠢ ᠴᠢᠷᠮᠠᠢᠨ ᠡᠵᠡᠯᠡᠪᠡ᠃ ᠰᠤᠷᠭᠠᠭᠤᠯᠢ ᠠᠵᠤ ᠠᠬᠤᠢᠯᠠᠯ ᠬᠠᠮᠲᠤᠷᠠᠯᠴᠠᠬᠤ᠂ ᠦᠢᠯᠡᠳᠪᠦᠷᠢᠯᠡᠬᠦ᠌ ᠵᠢᠭᠠᠬᠤ ᠰᠤᠳᠤᠯᠬᠤ᠎ᠶ᠋ᠢ ᠨᠡᠪᠲᠡᠷᠡᠭᠦᠯᠬᠦ᠌᠎ᠪᠡᠷ ᠳᠠᠮᠵᠢᠭᠤᠯᠤᠨ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠵᠠᠮ᠎ᠢᠶᠠᠷ ᠵᠠᠮᠨᠠᠵᠤ᠂ ᠲᠣᠨᠣᠭ᠍ᠯᠠᠯ᠂ ᠲᠦᠭᠦᠬᠡᠢ ᠮᠠᠲ᠋ᠧᠷᠢᠶᠠᠯ᠎ᠢ ᠦᠨᠳᠦᠰᠦᠨ᠎ᠳᠡᠭᠡᠨ ᠤᠯᠤᠰ᠎ᠲᠠᠭᠠᠨ ᠦᠢᠯᠡᠳᠪᠦᠷᠢᠯᠡᠬᠦ᠌᠎ᠶ᠋ᠢ ᠡᠵᠡᠮᠳᠡᠵᠦ᠍ ᠪᠣᠯᠤᠨ᠎ᠠ ᠭᠡᠵᠦ ᠬᠡᠯᠡᠵᠦ ᠦᠭᠴᠡᠢ᠃
ᠶᠡᠷᠦᠩᠬᠡᠶ ᠱᠦᠵᠢ ᠲᠣᠯᠣᠭᠠᠶ ᠳᠣᠬᠢᠨ ᠮᠠᠭ᠍ᠲᠠᠨ ᠰᠠᠢᠱᠢᠶᠠᠪᠠ᠃
ᠶᠡᠷᠦᠩᠬᠡᠢ ᠱᠦᠵᠢ ᠰᠢ ᠵᠢᠨ ᠫᠢᠩ᠎ᠦᠨ ᠦᠵᠡᠬᠦ᠌᠎ᠪᠡᠷ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠦ 《ᠣᠨᠴᠠᠯᠢᠭ ᠨᠢ ᠱᠢᠨ᠎ᠡ᠎ᠶ᠋ᠢ ᠡᠭᠦᠳᠬᠦ᠌᠎ᠳᠦ ᠪᠤᠢ᠂ ᠵᠠᠩᠭᠢᠯᠠᠭ᠎ᠠ ᠨᠢ ᠴᠢᠨᠠᠷ ᠰᠠᠢᠲᠠᠢ᠎ᠳᠤ ᠪᠤᠢ᠂ ᠮᠥᠨ ᠴᠢᠨᠠᠷ ᠨᠢ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠳᠦ ᠪᠤᠢ》᠃ ᠡᠭᠦᠨ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠨᠢ ᠭᠣᠣᠯᠯᠠᠬᠤ ᠦᠢᠯᠡᠳᠦᠯ ᠦᠵᠡᠭᠦᠯᠵᠦ᠍᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠭᠣᠣᠯ ᠬᠦᠴᠦᠨ ᠵᠦᠢᠯ ᠪᠣᠯᠤᠨ᠎ᠠ᠃
ᠨᠢᠳᠤᠨᠤᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠢᠶᠠᠩᠰᠦ᠎ᠳᠦ 《ᠪᠦᠬᠦ᠌ ᠪᠥᠮᠪᠥᠷᠴᠡᠭ᠎ᠲᠦ ᠨᠥᠯᠥᠭᠡᠯᠡᠬᠦ ᠬᠦᠴᠦᠨ᠎ᠲᠡᠶ ᠠᠵᠤ ᠦᠢᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠬᠦᠴᠦᠯᠡᠨ ᠪᠠᠢᠭᠤᠯᠬᠤ ᠬᠡᠷᠡᠭᠲᠡᠢ》 ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ᠎ᠶ᠋ᠢ ᠣᠯᠭᠣᠪᠠ᠃
ᠡᠨᠡ ᠤᠳᠠᠭ᠎ᠠ᠂ ᠶᠡᠷᠦᠩᠬᠡᠢ ᠱᠦᠵᠢ ᠵᠢᠶᠠᠩᠰᠦ᠎ᠶ᠋ᠢ 《ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ᠎ᠲᠡᠶ ᠪᠠᠢᠯᠳᠤᠬᠤ ᠪᠤᠳᠤᠯᠭ᠎ᠠ ᠶ᠋ᠢᠨ ᠴᠢᠨᠠᠷᠲᠠᠢ ᠱᠢᠨ᠎ᠡ ᠪᠡᠷ ᠮᠠᠨᠳᠤᠭ᠍ᠰᠠᠨ ᠠᠵᠤ ᠦᠢᠯᠡᠰ᠎ᠦᠨ ᠪᠦᠯᠦᠭ᠌ᠵᠢᠯ᠎ᠢ ᠲᠦᠷᠭᠡᠨ ᠴᠣᠭ᠍ᠴᠠᠯᠠᠵᠤ᠂ ᠵᠢᠶᠠᠩᠰᠦ᠎ᠶ᠋ᠢ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠬᠤ ᠬᠡᠷᠡᠭ᠌ᠲᠡᠢ》 ᠭᠡᠵᠦ᠍ ᠵᠣᠷᠢᠭ᠍ᠵᠢᠭᠤᠯᠪᠠ᠃
ᠬᠢᠨᠠᠨ ᠵᠥᠪᠯᠡᠬᠦ᠌ ᠳᠤᠮᠳᠠ᠂ ᠵᠢᠶᠠᠩᠰᠦ ᠮᠤᠵᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ ᠨᠢᠭᠡ ᠵᠢᠯ᠎ᠦᠨ ᠲᠤᠷᠱᠢᠬᠢ ᠡᠨᠡ ᠬᠦ᠌ ᠵᠡᠭᠦᠨ ᠤᠷᠤᠨ᠎ᠤ ᠠᠵᠤ ᠠᠬᠤᠶ᠎ᠶ᠋ᠢᠨ ᠲᠣᠮᠣ ᠮᠤᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠄ ᠪᠥᠬᠥ᠌ ᠨᠡᠢᠭᠡᠮ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ 3.2% ᠣᠷᠴᠢᠮ ᠪᠠᠢᠵᠤ᠂ ᠠᠵᠤ ᠦᠶ᠋ᠯᠡᠳᠪᠦᠷᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠡᠵᠡᠯᠡᠬᠦ᠌ ᠬᠠᠷᠢᠴᠠᠯ᠎ᠢ 41.3% ᠪᠠ 49.9% ᠪᠣᠯᠲᠠᠯ᠎ᠠ ᠳᠡᠭᠡᠭ᠌ᠰᠢᠯᠡᠭᠦᠯᠪᠡ ᠁
《ᠵᠢᠶᠠᠨᠭᠰᠦ ᠪᠣᠯ ᠦᠢᠯᠡᠳᠬᠦ᠌ ᠦᠢᠯᠡᠰ᠎ᠦᠨ ᠲᠤᠮᠤ ᠮᠤᠵᠢ ᠮᠥᠨ᠃ ᠪᠦᠬᠦ᠌ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠤ᠂ ᠲᠠ᠎ᠨᠠᠷ᠎ᠤᠨ ᠬᠢ 12.8 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠡᠢ᠂ ᠶᠠᠭ ᠠᠷᠪᠠᠨ᠎ᠤ ᠨᠢᠭᠡ ᠪᠣᠯᠤᠨ᠎ᠠ᠂ ᠲᠤᠩ ᠰᠦᠷᠡᠬᠡᠢ ᠪᠠᠢᠨ᠎ᠠ᠃ ᠵᠢᠶᠠᠩᠰᠦ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠰᠠᠢᠨ ᠨᠥᠬᠥᠴᠡᠯ ᠪᠣᠯᠤᠨ ᠴᠢᠳᠠᠪᠤᠷᠢ᠎ᠲᠠᠶ ᠶᠤᠮ》᠃ ᠶᠡᠷᠦᠩᠬᠡᠢ ᠱᠦᠵᠢ ᠰᠢ ᠵᠢᠨ ᠫᠢᠩ᠄《ᠬᠡᠳᠦᠨ ᠤᠳᠠᠭ᠎ᠠ᠎ᠶ᠋ᠢᠨ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ ᠳᠡᠭᠡᠷ᠎ᠡ᠂ ᠪᠢ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠤᠬᠠᠢ ᠶᠠᠷᠢᠬᠤ᠎ᠳᠠᠭᠠᠨ ᠪᠦᠷ ᠭᠤᠸᠠᠩᠳᠦ᠋ᠩ᠂ ᠵᠢᠶᠠᠩᠰᠦ ᠵᠡᠷᠭᠡ ᠠᠵᠤ ᠠᠬᠤᠢ᠎ᠶ᠋ᠢᠨ ᠲᠤᠮᠤ ᠮᠤᠵᠢ᠎ᠵᠢ ᠳᠤᠷᠠᠳᠴᠤ᠂ ᠲᠠ᠎ᠨᠠᠷ ᠡᠨᠡ ᠬᠦ᠌ ᠨᠢᠷᠤᠭᠤ᠎ᠶ᠋ᠢ ᠲᠤᠯᠭᠠᠭᠤᠷᠢ ᠪᠤᠯᠬᠤ ᠦᠭᠡᠢ ᠪᠣᠯ ᠤᠯᠤᠰ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠶ᠋ᠢᠨ ᠠᠷᠭ᠎ᠠ ᠦᠭᠡᠢ ᠶᠤᠮ ᠭᠡᠵᠦ᠍ ᠬᠡᠯᠡᠵᠤ ᠦᠩᠭᠡᠷᠡᠭᠰᠡᠨ ᠶᠤᠮ᠃ ᠲᠠ ᠨᠠᠷ ᠮᠠᠰᠢ ᠴᠢᠬᠤᠯᠠ ᠪᠠᠢᠵᠤ᠂ ᠣᠷᠣᠯᠠᠭᠤᠯᠵᠤ ᠪᠤᠯᠤᠰᠢ ᠦᠭᠡᠢ》 ᠭᠡᠵᠦ ᠬᠡᠯᠡᠪᠡ᠃
ᠠᠮᠵᠢᠯᠲᠠ ᠵᠢ ᠨᠤᠲᠠᠯᠠᠬᠤ᠎ᠶ᠋ᠢᠨ ᠵᠡᠷᠭᠡ᠎ᠪᠡᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ᠄《ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠡᠮᠦᠨ᠎ᠡ᠂ ᠪᠢᠳᠡ ᠡᠷᠬᠡᠪᠰᠢ ᠠᠵᠠ ᠲᠣᠬᠢᠶᠠᠯ᠎ᠢ ᠠᠮᠵᠢᠵᠤ᠂ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠤᠨ ᠪᠦᠲᠦᠭᠡᠨ ᠪᠠᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠢ》᠃
ᠡᠳᠡᠭᠡᠷ ᠦᠭᠡ ᠨᠢ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠱᠢᠪᠲᠤᠯᠤᠯᠲᠠ᠎ᠶ᠋ᠢᠨ ᠴᠡᠭ ᠪᠠ ᠭᠣᠣᠯ ᠱᠢᠪᠲᠤᠯᠬᠤ ᠴᠢᠭ᠌ᠯᠡᠯ᠎ᠢ ᠲᠣᠳᠣᠷᠬᠠᠢ ᠵᠢᠭᠠᠵᠤ ᠭᠠᠷᠭᠠᠪᠠ᠃
《ᠶᠠᠷᠢᠶᠠᠨ ᠥᠬᠡᠶ᠂ ᠱᠢᠨ᠎ᠡ ᠴᠢᠨᠠᠷ᠎ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠨᠢ ᠤᠯᠠᠮᠵᠢᠯᠠᠯᠲᠤ ᠠᠵᠤ ᠦᠶ᠋ᠯᠡᠰ᠎ᠢ ᠣᠮᠲᠣᠭᠠᠢᠯᠠᠵᠤ ᠲᠠᠶᠠᠭ᠍ᠳᠠᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠳᠦᠷᠭᠢᠯᠳᠦᠵᠦ᠍᠂ ᠬᠥᠭᠡᠰᠦᠷᠡᠬᠦ᠌ᠡᠴᠡ ᠰᠡᠷᠭᠡᠢᠯᠡᠬᠦ᠌ ᠬᠡᠷᠡᠭ᠌ᠲᠡᠶ᠂ ᠪᠠᠰᠠ ᠨᠢᠭᠡ ᠯᠡ ᠵᠦᠶ᠋ᠯ᠎ᠦᠨ ᠵᠠᠭ᠍ᠪᠤᠷᠵᠢᠡᠷ ᠶᠠᠪᠤᠭᠳᠠᠭᠤᠯᠵᠤ ᠪᠣᠯᠬᠤ ᠥᠬᠡᠶ》᠃ ᠶᠡᠷᠦᠩᠬᠡᠢ ᠱᠦᠵᠢ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠤᠬᠠᠢ ᠨᠡᠩ ᠭᠦᠨᠵᠡᠭᠡᠢ ᠪᠣᠳᠣᠯᠬᠢᠯᠠᠯ ᠵᠢᠡᠨ ᠳᠡᠯᠭᠡᠯ᠎ᠡ᠃
ᠨᠢᠭᠡ ᠯᠡ ᠠᠳᠠᠯᠢᠦᠭᠡ ᠵᠢ ᠶᠡᠷᠦᠩᠬᠡᠢ ᠱᠦᠵᠢ ᠰᠢ ᠵᠢᠨ ᠫᠢᠩ ᠲᠠᠷᠠᠭ᠎ᠠ ᠡᠳᠦᠷ ᠨᠢ ᠶᠠᠪᠤᠭ᠍ᠳᠠᠭ᠍ᠰᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠤᠭᠤᠢᠯᠠᠩᠬᠠᠮᠲᠤᠷᠠᠭ᠍ᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ᠃
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠪᠡᠭᠡᠵᠢᠩ᠎ᠦᠨ ᠨᠥᠬᠥᠷᠯᠡᠯ ᠵᠣᠴᠢᠳ᠎ᠤᠨ ᠪᠠᠭᠤᠳᠠᠯ᠎ᠤᠨ ᠵᠢᠤᠢ ᠶᠢᠨᠭ ᠲᠢᠩᠬᠢᠮ᠎ᠳᠦ ᠠᠷᠠᠳᠴᠢᠯᠠᠭ᠍ᠰᠠᠨ ᠪᠦᠯᠬᠦᠮᠳᠡᠯ᠎ᠲᠡᠶ ᠪᠣᠳᠠᠲᠠᠢ᠎ᠶ᠋ᠢ ᠡᠷᠬᠢᠮᠯᠡᠵᠦ᠍ ᠡᠷᠡᠮᠡᠬᠡᠢᠯᠡᠨ ᠤᠷᠤᠭ᠍ᠰᠢᠯᠠᠬᠤ ᠠᠭᠤᠷ ᠠᠮᠢᠰᠭᠤᠯ᠎ᠢᠶᠠᠷ ᠪᠢᠯᠬᠠᠵᠤ ᠪᠠᠢᠯ᠎ᠠ᠃ ᠶᠡᠷᠦᠩᠬᠡᠢ ᠱᠦᠵᠢ ᠰᠢ ᠵᠢᠨ ᠫᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠡᠶ ᠲᠦᠷᠦ᠍᠎ᠶ᠋ᠢᠨ ᠶᠠᠪᠤᠳᠠᠯ᠎ᠢ ᠬᠠᠮᠲᠤ ᠪᠠᠷ ᠵᠥᠪᠯᠡᠵᠦ᠍᠂ ᠶᠠᠷᠢᠶᠠᠨ᠎ᠤ ᠰᠡᠳᠦᠪ ᠠᠭᠠᠵᠢᠮ᠎ᠢᠶᠠᠷ 《ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ》 ᠳᠡᠭᠡᠷ᠎ᠡ ᠲᠥᠪᠯᠡᠷᠡᠪᠡ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠎ᠦᠨ ᠬᠢᠨ᠎ᠡᠴᠡ ᠢᠷᠡᠭ᠌ᠰᠡᠨ ᠵᠤᠤ ᠢᠦᠢ ᠯᠢᠶᠠᠩ ᠭᠡᠱᠢᠭᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌᠎ᠪᠡᠷ ᠭᠠᠷᠳᠡᠴᠡ ᠪᠣᠯᠭᠠᠵᠤ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠰᠠᠨᠠᠭᠤᠯᠪᠠ᠃
ᠲᠡᠷᠡ᠄ 《ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠥᠭᠦᠯᠡᠯ᠎ᠦᠨ ᠡᠭᠦᠳᠦᠯᠲᠡ᠎ᠶ᠋ᠢᠨ ᠲᠤᠰᠭᠠᠢ ᠠᠱᠢᠭ᠎ᠤᠨ ᠡᠷᠬᠡ ᠨᠢ ᠤᠯᠠᠨ ᠪᠣᠯᠪᠠᠴᠤ᠌ ᠨᠠᠢᠳᠠᠪᠤᠷᠢᠵᠢᠭᠤᠯᠵᠤ ᠤᠨᠳᠤᠤᠰᠢᠭᠤᠯᠤᠭᠰᠠᠨ ᠨᠢ ᠪᠠᠭ᠎ᠠ᠃ ᠮᠠᠨ᠎ᠤ ᠤᠯᠤᠰ᠎ᠤᠨ ᠠᠵᠤ ᠠᠬᠤᠢᠯᠠᠯ᠎ᠤᠨ ᠲᠤᠰᠭᠠᠶ ᠠᠱᠢᠭ᠎ᠤᠨ ᠤᠨᠳᠤᠤᠰᠢᠭᠤᠯᠤᠯᠳᠠ ᠪᠠᠰᠠ ᠨᠡᠯᠢᠶᠡᠳ ᠶᠡᠬᠡ ᠣᠷᠣᠨ ᠵᠠᠶ᠎ᠲᠠᠶ ᠪᠠᠢᠨ᠎ᠠ᠃ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠶ᠋ᠯᠡᠰ᠎ᠦᠨ ᠬᠡᠯᠬᠢᠶ᠎ᠡ 〈ᠬᠠᠷᠢᠯᠴᠠᠨ ᠤᠶᠠᠯᠳᠤᠬᠤ᠎ᠳᠤ ᠪᠡᠷᠬᠡ〉ᠪᠠᠢᠬᠤ ᠪᠣᠯ ᠱᠢᠨ᠎ᠡ ᠴᠢᠨᠠᠷ᠎ᠪᠦᠬᠦᠢ ᠦᠶ᠋ᠯᠡᠳᠪᠦᠷᠢᠯᠡᠯ᠎ᠦᠨ ᠬᠦᠴᠦᠨ᠎ᠦ ᠪᠦᠷᠢᠯᠳᠦᠬᠦ᠌᠎ᠶ᠋ᠢ ᠬᠠᠷᠱᠢᠯᠠᠵᠤ ᠪᠠᠢᠭ᠎ᠠ ᠪᠤᠭᠤᠮᠢ ᠮᠥᠨ》 ᠭᠡᠵᠦ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ ᠭᠦᠨ ᠲᠦᠷᠦᠭ᠌ᠳᠡᠯ᠎ᠲᠡᠶ ᠬᠡᠯᠡᠪᠡ᠃
ᠶᠡᠷᠦᠩᠬᠡᠢ ᠱᠦᠵᠢ ᠰᠢ ᠵᠢᠨ ᠫᠢᠩ᠄ 《ᠥᠩᠭᠡᠷᠡᠭ᠌ᠰᠡᠨ᠎ᠦ ᠰᠤᠳᠤᠯᠭᠠᠨ ᠪᠣᠯᠤᠨ ᠦᠢᠯᠡᠳᠪᠦᠷᠢᠯᠡᠯ ᠠᠰ ᠠᠰ ᠲᠠᠭᠠᠨ ᠶᠠᠪᠤᠬᠳᠠᠵᠤ ᠪᠠᠢᠬᠰᠠᠨ ᠶᠤᠮ᠂ ᠤᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠣᠨᠳᠣᠣᠱᠢᠭᠤᠯᠬᠤ ᠨᠤᠷᠮ᠎ᠠ ᠥᠩᠭᠡᠷᠡᠭ᠌ᠰᠡᠨ᠎ᠦ ᠬᠢ᠎ᠡᠴᠡ ᠬᠤᠯᠠ ᠥᠨᠳᠥᠷ ᠪᠣᠯᠵᠠᠢ᠂ ᠢᠯᠠᠩᠭᠤᠶ᠎ᠠ ᠠᠵᠤ ᠠᠬᠤᠢᠯᠠᠯ᠎ᠤᠨ ᠲᠤᠰ ᠪᠡᠶ᠎ᠡ᠎ᠶ᠋ᠢᠨ ᠱᠢᠭᠤᠳ ᠰᠤᠳᠤᠯᠤᠨ ᠨᠡᠭᠡᠭᠡᠯᠳᠠ ᠨᠢ ᠦᠷ᠎ᠡ ᠪᠦᠲᠦᠭᠡᠯ᠎ᠢ ᠣᠨᠳᠣᠣᠱᠢᠭᠤᠯᠵᠤ᠂ ᠶᠡᠬᠡ ᠳᠡᠭᠡᠳᠦ ᠰᠤᠷᠭᠠᠭᠤᠯᠢ ᠪᠣᠯᠤᠨ ᠠᠵᠤ ᠠᠬᠤᠢᠯᠠᠯ ᠬᠠᠮᠲᠤ᠎ᠶ᠋ᠢᠨ ᠴᠣᠭ᠍ᠴᠠ᠎ᠶ᠋ᠢ ᠪᠦᠷᠢᠯᠳᠦᠭᠦᠯᠪᠡ᠂ ᠡᠢᠮᠦᠷᠬᠦᠦ ᠬᠠᠨᠳᠤᠰᠢ ᠴᠢᠭ᠌ᠯᠡᠯ ᠨᠢ ᠵᠥᠪ ᠪᠠᠢᠨ᠎ᠠ᠂ ᠬᠤᠷᠳᠤᠨ ᠮᠤᠷᠢᠨ᠎ᠳᠤ ᠲᠠᠱᠢᠭᠤᠷ ᠨᠡᠮᠡᠵᠦ᠍᠂ ᠤᠷᠮᠠᠱᠢᠭᠤᠯᠤᠨ ᠵᠣᠷᠢᠭ᠍ᠵᠢᠭᠤᠯᠬᠤ᠂ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠤᠯᠠᠮ ᠰᠠᠢᠲᠤᠷ ᠠᠳᠭᠤᠬᠤ ᠬᠡᠷᠡᠭ᠌ᠲᠡᠢ》 ᠭᠡᠵᠦ ᠬᠠᠷᠢᠭᠤᠯᠪᠠ᠃
ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠬᠤ ᠳ᠋ᠤ᠂ 《ᠡᠯ᠎ᠡ ᠭᠠᠵᠠᠷ᠎ᠤᠨ ᠬᠢᠨ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠤᠷᠢᠳ᠎ᠢᠶᠠᠷ ᠰᠢᠨ᠎ᠠ ᠵᠢ ᠪᠠᠢᠭᠤᠯᠤᠨ ᠳᠠᠷᠠᠭ᠎ᠠ ᠨᠢ ᠬᠠᠭᠤᠴᠢᠨᠵᠢᠡᠨ ᠦᠭᠡᠷᠡᠴᠢᠯᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠵᠢᠯᠣᠭᠣᠳᠭᠤ ᠬᠡᠷᠡᠭ᠌ᠲᠡᠢ》 ᠭᠡᠵᠦ᠍ ᠴᠢᠬᠤᠯᠠᠴᠢᠯᠠᠪᠠ; ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠬᠤ ᠳ᠋ᠤ᠂ 《ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠲᠦᠭ᠌ᠵᠢᠷᠡᠯ ᠪᠤᠭᠤᠮᠢ᠎ᠵᠢ ᠬᠦᠴᠦᠯᠡᠨ ᠨᠡᠪᠳᠡᠷᠡᠭᠦᠯᠬᠦ ᠬᠡᠷᠡᠭᠳᠠᠢ》 ᠭᠡᠵᠦ᠍ ᠳᠤᠷᠠᠳᠴᠠᠢ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠎ᠳᠤ᠂ 《ᠨᠡᠩ ᠤᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠢ᠂ ᠲᠤᠨᠭᠰᠤᠯᠤᠯᠳᠠᠶ᠋ᠢᠨ ᠴᠢᠨᠠᠷᠲᠠᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠡᠵᠡᠮᠱᠢᠵᠦ᠍᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ ᠢ᠋ ᠬᠦᠭᠵᠢᠭᠦᠯᠬᠦ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠬᠤ ᠬᠡᠷᠡᠭ᠌ᠲᠡᠢ》 ᠭᠡᠵᠦ᠍ ᠱᠠᠭᠠᠷᠳᠠᠪᠠ; ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ᠂ 《ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠣᠣᠰ ᠴᠢᠭ᠌ᠯᠡᠯ᠎ᠢᠶᠡᠷ ᠬᠦᠴᠦᠯᠡᠬᠦ᠎ᠶ᠋ᠢ ᠠᠬᠢᠭᠤᠯᠬᠤ ᠬᠡᠷᠡᠭ᠌ᠲᠡᠢ》 ᠭᠡᠵᠦ᠍ ᠱᠠᠭᠠᠷᠳᠠᠪᠠ ᠁
ᠣᠳᠣᠬᠠᠨ ᠪᠠ ᠠᠯᠤᠰ ᠬᠡᠲᠦ᠍᠎ᠳᠦ ᠰᠠᠭᠤᠷᠢᠯᠠᠨ᠂ ᠣᠷᠣᠨ ᠪᠦᠰᠡ ᠪᠠ ᠪᠥᠬᠥ᠌ ᠲᠠᠯ᠎ᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠶᠡᠷᠦᠩᠬᠡᠶ ᠱᠦᠵᠢ ᠰᠢ ᠵᠢᠨ ᠫᠢᠩ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠣᠨᠣᠯ ᠪᠠ ᠦᠶ᠋ᠯᠡᠳᠦᠯᠭᠡ᠎ᠶ᠋ᠢᠨ ᠠᠰᠠᠭᠤᠳᠠᠯ᠎ᠢ ᠤᠯᠠᠮ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠳᠤ ᠠᠶᠠᠯᠠᠯ ᠢ᠋ ᠵᠢᠯᠤᠭᠤᠳᠤᠨ ᠴᠢᠭᠯᠡᠯ ᠢ᠋ ᠲᠤᠭᠳᠠᠭᠠᠵᠠᠢ᠃
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠤᠪᠢᠰᠤᠩᠭᠤᠢ ᠠᠷᠭ᠎ᠠ — 《ᠦᠩᠭᠡ ᠦᠵᠡᠮᠵᠢ ᠵᠢ ᠪᠠᠷᠠᠯᠠᠨ ᠬᠠᠷᠠᠬᠤᠢ ᠳ᠋ᠤᠷ ᠬᠠᠷᠠᠭ᠎ᠠ ᠪᠠᠨ ᠬᠤᠯᠠᠳᠬᠠᠪᠠᠰᠤ ᠵᠤᠬᠢᠮᠤᠢ》
《ᠪᠢᠳᠡ ᠨᠢᠩᠱᠢᠶᠠ᠎ᠶ᠋ᠢᠨ ᠬᠦ᠋ᠶᠤᠸᠠᠨ᠎ᠳᠤ ᠤᠰᠤᠨ᠎ᠤ ᠣᠷᠴᠢᠨ ᠲᠣᠭᠣᠷᠢᠨ᠎ᠤ ᠵᠠᠰᠠᠯᠲᠠ ᠬᠢᠵᠤ ᠪᠠᠢᠬᠤ ᠦᠶ᠎ᠡ᠎ᠳᠦ᠂ ᠲᠤᠬᠠᠢ ᠶ᠋ᠢᠨ ᠭᠠᠵᠠᠷ᠎ᠤᠨ ᠠᠷᠠᠳᠴᠠᠢ ᠬᠣᠭᠣᠯᠠ ᠬᠦᠷᠭᠡᠵᠦ᠍᠂ ᠮᠠᠨ᠎ᠤ ᠠᠵᠢᠯ᠎ᠢ ᠳᠡᠮᠵᠢᠪᠡ》
《ᠲᠠ᠎ᠨᠠᠷ ᠭᠣᠣᠯᠳᠠᠭᠤ ᠶᠠᠮᠠᠷ ᠶᠠᠩᠵᠤ᠎ᠶ᠋ᠢᠨ ᠤᠰᠤ ᠵᠠᠰᠠᠬᠤ ᠠᠷᠭ᠎ᠠ᠎ᠶ᠋ᠢ ᠬᠡᠷᠡᠭ᠌ᠯᠡᠭᠰᠡᠨ ᠪᠤᠢ? ᠶᠠᠮᠠᠷ ᠠᠰᠠᠭᠤᠳᠠᠯ᠎ᠢ ᠱᠢᠶ᠋ᠳᠪᠦᠷᠢᠯᠡᠭᠰᠡᠨ ᠪᠤᠢ?》
ᠤᠯᠤᠰ ᠲᠦᠷᠦ᠍᠎ᠶ᠋ᠢᠨ ᠵᠥᠪᠯᠡᠯᠭᠡᠨ᠎ᠦ ᠳᠤᠭᠤᠢᠯᠠᠩ ᠬᠠᠮᠳᠤᠷᠠᠭᠰᠠᠨ ᠬᠤᠷᠠᠯ ᠳᠡᠭᠡᠷ᠎ᠡ᠂ ᠪᠡᠭᠡᠵᠢᠩ᠎ᠦᠨ ᠱᠸᠤ ᠴᠤᠸᠠᠩ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠦᠯᠦᠭ᠌ᠯᠡᠯ᠎ᠦᠨ ᠬᠤᠸᠠᠩ ᠮᠢᠶᠠᠨ ᠰᠦᠩ ᠭᠡᠱᠢᠭᠦᠨ᠎ᠦ ᠶᠠᠷᠢᠵᠤ ᠪᠠᠢᠭᠰᠠᠨ ᠦᠨᠳᠦᠰᠦᠨ ᠱᠠᠳᠤᠨ ᠤ᠋ ᠡᠮᠦᠨ᠎ᠠ ᠹᠷᠤᠨᠲ ᠤ᠋ᠨ ᠦᠯᠢᠭᠡᠷ ᠢ᠋ ᠰᠤᠨᠤᠰᠤᠭᠠᠳ ᠶᠡᠷᠦᠩᠬᠡᠢ ᠱᠦᠵᠢ ᠰᠢ ᠵᠢᠨ ᠫᠢᠩ ᠦᠭᠡ ᠡᠯᠭᠦᠵᠦ᠍ ᠠᠰᠠᠭᠤᠪᠠ᠃
ᠭᠦᠶᠤᠸᠠᠨᠤ ᠪᠠᠢᠭ᠎ᠠ ᠰᠢ ᠬᠠᠶ ᠬᠥ᠋ ᠣᠷᠣᠨ ᠨᠢ 《ᠬᠦᠴᠢᠷ ᠵᠤᠪᠠᠭᠤᠷᠢ ᠪᠠᠷ ᠳᠦᠭᠦᠷᠦᠭᠰᠡᠨ ᠭᠠᠵᠠᠷ》 ᠪᠤᠯᠤᠨ᠎ᠠ᠃ ᠣᠷᠣᠨ ᠨᠤᠲᠤᠭ᠎ᠲᠤ ᠠᠵᠢᠯᠯᠠᠭ᠍ᠰᠠᠨ ᠴᠤ᠌ ᠲᠡᠷᠡ᠂ ᠲᠥᠪ ᠬᠣᠷᠢᠶ᠎ᠠ᠎ᠳᠤ ᠠᠵᠢᠯᠯᠠᠭ᠍ᠰᠠᠨ ᠴᠤ᠌ ᠲᠡᠷᠡ᠂ ᠰᠢ ᠵᠢᠨ ᠫᠢᠩ ᠨᠥᠬᠥᠷ ᠴᠥᠮ ᠰᠢ ᠬᠠᠶ ᠬᠥ᠋ᠶ᠋ᠢ ᠰᠠᠨᠠᠭᠠᠯᠵᠠᠵᠤ᠂ ᠡᠨᠡ ᠬᠦ᠌ ᠭᠠᠵᠠᠷ ᠤᠷᠤᠨ ᠤ᠋ ᠬᠥᠭ᠌ᠵᠢᠯᠲᠡ᠎ᠳᠦ ᠶᠡᠬᠡ ᠬᠡᠮᠵᠢᠶᠡᠨ᠎ᠦ ᠬᠦᠴᠦ᠍ ᠵᠠᠷᠤᠴᠠᠭᠤᠯᠤᠭ᠍ᠰᠠᠨ ᠶᠤᠮ᠃
ᠬᠤᠸᠠᠩ ᠮᠢᠶᠠᠨ ᠰᠦᠩ ᠶᠡᠷᠦᠩᠬᠡᠢ ᠱᠦᠵᠢ᠎ᠳᠦ᠂ ᠤᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠬᠦ᠋ᠶᠤᠸᠠᠨ ᠤ᠋ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠵᠢᠯ᠎ᠡᠴᠡ ᠵᠢᠯ ᠰᠠᠢᠵᠢᠷᠠᠵᠤ᠂ ᠡᠨᠡ ᠵᠢᠯ᠎ᠦᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠳᠡᠯᠡᠬᠡᠢ᠎ᠶ᠋ᠢᠨ ᠡᠯ᠎ᠡ ᠭᠠᠵᠠᠷ᠎ᠤᠨ ᠵᠢᠭᠤᠯᠴᠢᠯᠠᠭᠰᠠᠳ᠎ᠢ 42.8 ᠲᠦᠮᠡᠨ ᠬᠥᠮᠦᠨ ᠤᠳᠠᠭ᠎ᠠ ᠬᠦᠯᠢᠶᠠᠨ ᠠᠪᠴᠤ᠂ ᠵᠢᠭᠤᠯᠴᠢᠯᠠᠯ᠎ᠤᠨ ᠣᠷᠣᠯᠭ᠎ᠠ 2.15 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ ᠲᠠᠰᠤᠷᠠᠯᠳᠠ ᠦᠭᠡᠢ ᠪᠡᠶᠡᠯᠡᠭᠳᠡᠪᠡ ᠭᠡᠵᠦ᠍ ᠬᠡᠯᠠᠵᠤ ᠦᠭᠴᠠᠢ᠃
《ᠣᠷᠴᠢᠨ ᠲᠣᠭᠣᠷᠢᠨ᠎ᠤ ᠬᠠᠮᠠᠭᠠᠯᠠᠯᠲᠠ ᠵᠢ ᠨᠠᠮ᠎ᠤᠨ ᠲᠥᠪ ᠬᠣᠷᠢᠶ᠎ᠠ ᠢᠮᠠᠭ᠍ᠲᠠ ᠴᠢᠬᠤᠯᠠᠴᠢᠯᠠᠭ᠍ᠰᠠᠭᠠᠷ ᠢᠷᠡᠵᠠᠢ᠂ ᠤᠨᠴᠠᠭᠠᠢᠯᠠᠨ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠨᠢᠰᠭᠦ ᠮᠡᠲᠦ ᠲᠦᠷᠭᠡᠨ ᠬᠥᠭ᠌ᠵᠢᠵᠤ᠂ ᠯᠤᠲᠤ ᠶᠡᠬᠡ ᠬᠤᠪᠢᠷᠠᠯᠲᠠ᠎ᠲᠠᠶ ᠪᠣᠯᠵᠠᠢ》᠂ ᠶᠡᠷᠦᠩᠬᠡᠢ ᠱᠦᠵᠢ ᠰᠢ ᠵᠢᠨ ᠫᠢᠩ ᠪᠠᠭ᠎ᠠ᠎ᠶ᠋ᠢᠨ ᠦᠶ᠎ᠠ ᠵᠢᠨ ᠵᠢᠡᠨ ᠪᠡᠭᠡᠵᠢᠩ ᠬᠤᠳᠠ ᠵᠢ ᠡᠷᠭᠢᠴᠡᠭᠦᠯᠬᠦ᠌᠎ᠳᠡᠭᠡᠨ 《ᠦᠷᠭᠦᠯᠵᠢ ᠡᠯᠡᠰᠦᠨ ᠱᠢᠭᠤᠷᠭ᠎ᠠ ᠳᠡᠭ᠌ᠳᠡᠳᠡᠭ᠃ ᠬᠠᠪᠤᠷ ᠠᠮᠠᠪᠴᠢ ᠵᠡᠭᠦᠵᠤ᠂ ᠠᠮᠠᠪᠴᠢ ᠪᠠᠨ ᠠᠪᠬᠤ ᠳ᠋ᠤ ᠳᠡᠭᠡᠷ᠎ᠠ ᠨᠢ ᠴᠦᠮ ᠲᠤᠭᠤᠰᠤ ᠰᠠᠭᠤᠴᠢᠬᠠᠭᠰᠠᠨ ᠪᠠᠢᠳᠠᠭ᠃ ᠭᠠᠳᠠᠭᠰᠢ ᠭᠠᠷᠤᠭᠠᠳ ᠤᠷᠤᠵᠤ ᠢᠷᠡᠪᠡᠯ᠂ ᠭᠡᠷ᠎ᠦᠨ ᠱᠠᠯᠠ ᠳᠡᠭᠡᠷ᠎ᠠ ᠴᠦᠮ ᠱᠢᠷᠣᠢ ᠰᠠᠭᠤᠴᠢᠬᠠᠬᠰᠠᠨ ᠪᠠᠢᠳᠠᠭ》 ᠭᠡᠵᠠᠢ᠃
10 ᠵᠢᠯ᠎ᠦᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ(APEC) ᠵᠢᠨ ᠬᠣᠷᠢᠨ ᠬᠣᠶᠠᠳᠤᠭᠠᠷ ᠤᠳᠠᠭ᠎ᠠ᠎ᠶ᠋ᠢᠨ ᠤᠳᠤᠷᠢᠳᠭᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠪᠡᠭᠡᠵᠢᠩ᠎ᠳᠦ ᠬᠤᠷᠠᠯᠳᠤᠵᠤ᠂ ᠦᠵᠡᠰᠭᠦᠯᠡᠩᠲᠦ ᠰᠠᠢᠬᠠᠨ ᠬᠦᠬᠡ ᠣᠭ᠍ᠲᠠᠷᠭᠤᠢ ᠨᠢ ᠬᠥᠮᠦᠰ᠎ᠦᠨ ᠰᠡᠳᠭᠢᠯ᠎ᠢ ᠪᠠᠶᠠᠰᠭᠠᠪᠠ᠃
《ᠲᠡᠷᠡ ᠬᠡᠳᠦᠨ ᠡᠳᠦᠷ᠎ᠦᠨ ᠠᠭᠤᠷ ᠠᠮᠢᠰᠭᠤᠯ ᠮᠠᠰᠢ ᠰᠠᠢᠨ᠂ ᠲᠤᠬᠠᠶ᠎ᠶ᠋ᠢᠨ ᠦᠶ᠎ᠡ᠎ᠳᠦ ᠵᠠᠷᠢᠮ ᠬᠥᠮᠦᠨ ᠡᠨᠡ ᠪᠣᠯ 〈APEC ᠤ᠋ᠨ ᠬᠥᠬᠡ〉 ᠶᠤᠮ᠂ ᠤᠳᠠᠭᠠᠨ ᠦᠷᠭᠦᠯᠵᠢᠯᠡᠵᠦ᠍ ᠲᠠᠢᠯᠤᠨ᠎ᠠ ᠦᠦ ? ᠭᠡᠵᠦ᠍ ᠠᠰᠠᠭᠤᠵᠤ ᠪᠠᠢᠪᠠ᠃ ᠪᠢ ᠲᠡᠳᠡᠨ᠎ᠳᠦ᠂ ᠡᠨᠡ᠎ᠨᠢ ᠲᠦᠷ ᠴᠠᠭ ᠤ᠋ᠨ ᠬᠥᠬᠡ ᠣᠭ᠍ᠲᠠᠷᠭᠤᠢ ᠪᠢᠰᠢ᠂ ᠬᠡᠳᠦᠨ ᠵᠢᠯ᠎ᠦᠨ ᠳᠠᠷᠠᠭ᠎ᠠ ᠡᠭᠦᠷᠢᠳᠡ᠎ᠶ᠋ᠢᠨ ᠬᠥᠬᠡ ᠪᠣᠯᠤᠨ᠎ᠠ ᠭᠡᠵᠤ ᠬᠠᠷᠢᠭᠤᠯᠪᠠ》᠂ ᠲᠤᠬᠠᠢ᠎ᠶ᠋ᠢᠨ ᠵᠢᠯ᠎ᠦᠨ ᠡᠨᠡ ᠬᠦ᠌ ᠵᠢᠵᠢᠭ ᠶᠠᠪᠤᠳᠠᠯ ᠢ᠋ ᠶᠠᠷᠢᠬᠤ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠶᠠᠷᠢᠶ᠎ᠠ ᠮᠠᠰᠢ ᠰᠢᠭᠤᠷᠬᠠᠢ ᠪᠠᠢᠪᠠ᠃
ᠴᠠᠭ ᠮᠥᠴᠡ ᠨᠢᠰᠭᠦ ᠮᠡᠲᠦ ᠲᠦᠷᠭᠡᠨ ᠥᠩᠭᠡᠷᠡᠵᠦ᠍᠂ 《APEC ᠤ᠋ᠨ ᠬᠥᠬᠡ》 ᠨᠢ ᠠᠭᠠᠵᠢᠮ᠎ᠢᠶᠠᠷ ᠠᠷᠠᠳ᠎ᠤᠨ ᠠᠮᠢᠳᠤᠷᠠᠯ᠎ᠤᠨ ᠬᠡᠪ᠎ᠦᠨ ᠪᠠᠢᠳᠠᠯ ᠪᠣᠯᠵᠤ ᠪᠠᠢᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠤᠯᠤᠰ᠎ᠤᠨ ᠠᠮᠢ ᠠᠬᠤᠢ᠎ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠴᠠᠢ᠃ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠬᠤᠪᠢᠰᠤᠯᠲᠠ᠎ᠶ᠋ᠢ ᠲᠩᠷᠢ ᠨᠢ ᠨᠡᠩ ᠬᠦᠭᠡ᠂ ᠠᠭᠤᠯᠠ ᠨᠢ ᠨᠡᠩ ᠬᠦᠭᠡᠮᠳᠦᠭ᠂ ᠤᠰᠤ ᠨᠢ ᠨᠡᠩ ᠲᠤᠩᠭᠠᠯᠠᠭ ᠦᠵᠡᠰᠭᠦᠯᠡᠩᠲᠦ ᠰᠠᠢᠬᠠᠨ ᠵᠢᠷᠤᠭᠲᠤ ᠪᠢᠴᠢᠭ᠌ᠯᠡᠭᠳᠡᠨᠡ᠃
ᠬᠢᠯᠪᠠᠷ ᠪᠤᠰᠤ᠎ᠪᠠᠷ ᠣᠯᠤᠭ᠍ᠰᠠᠨ ᠠᠮᠵᠢᠯᠲᠠ ᠪᠦᠲᠦᠮᠵᠢ᠎ᠡᠴᠡ᠎ᠪᠡᠨ ᠡᠷᠬᠢᠮ ᠨᠠᠨᠳᠢᠨ ᠲᠤᠷᠱᠢᠯᠭ᠎ᠠ ᠬᠦᠷᠲᠡᠯ᠎ᠡ ᠶᠠᠷᠢᠬᠤ᠎ᠳᠠᠭᠠᠨ᠂ ᠶᠡᠷᠦᠩᠬᠡᠶ ᠱᠦᠵᠢ ᠰᠢ᠎ᠶ᠋ᠢᠨ ᠫᠢᠩ᠄《ᠦᠩᠭᠡ ᠦᠵᠡᠮᠵᠢ ᠵᠢ ᠪᠠᠷᠠᠯᠠᠨ ᠬᠠᠷᠠᠬᠤᠢ ᠳ᠋ᠤᠷ ᠬᠠᠷᠠᠭ᠎ᠠ ᠪᠠᠨ ᠬᠤᠯᠠᠳᠬᠠᠪᠠᠰᠤ ᠵᠤᠬᠢᠮᠤᠢ᠂ ᠵᠥᠪᠬᠡᠨ ᠲᠡᠨᠳᠡ ᠱᠢᠭᠦᠮᠵᠢᠯᠡᠭᠡᠳ ᠵᠢᠭᠠᠵᠤ ᠳᠣᠬᠢᠭᠠᠳ ᠯᠠ ᠪᠠᠢᠵᠤ ᠪᠣᠯᠬᠤ ᠦᠭᠡᠶ᠂ ᠬᠠᠷᠢᠨ ᠦᠨᠡᠨ ᠬᠦ᠌ ᠠᠵᠢᠯᠯᠠᠭ᠎ᠠ ᠠᠪᠴᠤ᠌᠂ ᠴᠢᠳᠠᠯ ᠤ᠋ᠨ ᠬᠢᠷᠢ ᠪᠡᠷ ᠵᠢᠡᠨ ᠰᠢᠢᠳᠪᠤᠷᠢᠯᠡᠬᠦ ᠭᠡᠷᠡᠭᠳᠠᠢ》᠃ 《ᠪᠢᠳᠡ ᠤᠷᠤᠭ᠍ᠰᠢ᠎ᠪᠠᠨ ᠶᠠᠪᠤᠵᠤ ᠪᠠᠢᠬᠤ᠎ᠪᠡᠨ ᠣᠯᠵᠤ ᠬᠠᠷᠠᠳᠠᠭ ᠯᠠ ᠶᠤᠮ ᠪᠣᠯ ᠲᠤᠬᠳᠠᠯ ᠬᠦᠴᠦᠨ ᠵᠢᠡᠨ ᠪᠠᠲᠤᠯᠠᠬᠤ ᠬᠡᠷᠡᠭ᠌ᠲᠡᠶ》 ᠭᠡᠵᠤ ᠴᠢᠬᠤᠯᠠᠴᠢᠯᠠᠪᠠ᠃
ᠬᠤᠸᠠᠩ ᠮᠢᠶᠠᠨ ᠰᠦᠩᠭᠡᠰᠢᠬᠦᠨ ᠤ᠋ ᠪᠠᠢᠭ᠎ᠠ ᠣᠷᠴᠢᠨ ᠲᠤᠭᠤᠷᠢᠨ ᠡᠬᠢ ᠪᠠᠶᠠᠯᠢᠭ᠎ᠤᠨ ᠡᠲᠡᠭᠡᠳ᠎ᠦᠨ ᠬᠢᠨ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ ᠤ᠋ᠨ ᠤᠯᠤᠰ ᠲᠦᠷᠦ ᠵᠢᠨ ᠵᠦᠪᠯᠡᠯᠭᠡᠨ ᠤ᠋ ᠨᠡᠮᠡᠵᠦ᠍ ᠪᠠᠢᠭᠤᠯᠤᠭ᠍ᠰᠠᠨ ᠰᠢᠨ᠎ᠠ ᠡᠳᠡᠭᠡᠳ ᠢᠯᠭᠠᠯ ᠪᠣᠯᠤᠨ᠎ᠠ᠃
ᠶᠡᠷᠦᠩᠬᠡᠢ ᠱᠦᠵᠢ ᠰᠢ᠎ᠶ᠋ᠢᠨ ᠫᠢᠩ ᠠᠩᠬ᠎ᠠ ᠤᠳᠠᠭ᠎ᠠ ᠡᠨᠡ ᠬᠦ᠌ ᠡᠲᠡᠭᠡᠳ ᠢᠯᠭᠠᠯᠳᠤ ᠢᠷᠡᠵᠥ᠍᠂ ᠭᠡᠱᠢᠭᠦᠳ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠳᠦ᠄ 《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠂ ᠥᠨᠳᠥᠷ ᠲᠦᠪᠱᠢᠨ᠎ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠲᠠᠯ᠎ᠠ᠎ᠪᠠᠷ ᠥᠷᠭᠡᠨ ᠤᠯᠠᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ ᠤᠨ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ》 ᠬᠡᠵᠦ ᠶᠡᠬᠡ ᠬᠦᠰᠡᠯ ᠨᠠᠢᠳᠠᠯᠭ᠎ᠠ ᠲᠠᠯᠪᠢᠪᠠ᠃
《ᠥᠨᠳᠥᠷ ᠲᠦᠪᠱᠢᠨ᠎ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠭᠡᠷᠡᠭᠳᠠᠢ》᠂ ᠶᠡᠷᠦᠩᠬᠡᠢ ᠱᠦᠵᠢ ᠰᠢ᠎ᠶ᠋ᠢᠨ ᠫᠢᠩ ᠤ᠋ᠨ ᠬᠤᠪᠢᠰᠤᠩᠭᠤᠢ ᠠᠷᠭ᠎ᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠤᠯᠠᠨ᠎ᠡᠴᠡ ᠬᠡᠲᠦᠢᠳᠦᠭ᠌ᠰᠡᠨ ᠤᠶᠤᠨ ᠤᠬᠠᠭᠠᠨ᠎ᠢ ᠢᠯᠡᠷᠡᠭᠦᠯᠵᠡᠢ᠃
ᠱᠢᠨ᠎ᠡ ᠠᠶᠠᠨ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠪᠠᠷ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠭ᠌ᠵᠢᠭᠦᠯᠬᠦ᠌ ᠪᠠ ᠬᠠᠮᠠᠭᠠᠯᠠᠬᠤ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠪᠡᠷ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ᠃
ᠠᠳᠠᠯᠢᠬᠠᠨ᠎ᠢᠶᠠᠷ ᠣᠷᠴᠢᠨ ᠲᠤᠭᠤᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠨ ᠬᠣ᠌ ᠰᠥᠩ ᠴᠢᠨ᠄ 《ᠮᠠᠨ᠎ᠤ ᠤᠯᠤᠰ᠎ᠤᠨ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠠᠵᠢᠯ ᠣᠲᠣ ᠶᠠᠭ 〈ᠪᠣᠬᠢᠷ ᠮᠠᠨᠠᠨ〉᠂ 〈ᠦᠮᠡᠬᠡᠶ ᠦᠨᠦᠷ〉 ᠵᠡᠷᠭᠡ ᠰᠡᠷᠡᠯ᠎ᠦᠨ ᠡᠷᠬᠡᠲᠡᠨ᠎ᠦ ᠭᠦᠶ᠋ᠴᠡᠳᠭᠡᠯ ᠲᠣᠭ᠎ᠠ᠎ᠵᠢᠨ ᠵᠠᠰᠠᠯᠳᠠ ᠡᠴᠡ᠎ᠪᠠᠨ ᠣᠷᠳᠣ ᠬᠤᠭᠤᠴᠠᠭᠠᠨ᠎ᠤ ᠴᠢᠨᠠᠷᠲᠠᠶ᠂ ᠳᠠᠯᠳᠠ ᠴᠢᠨᠠᠷᠲᠠᠶ ᠬᠣᠸ᠋ᠷ ᠬᠥᠨᠥᠭᠡᠯᠲᠡᠶ ᠱᠢᠨ᠎ᠡ ᠪᠣᠬᠢᠷᠲᠤᠯ ᠪᠣᠳᠠᠰ ᠤ᠋ᠨ ᠵᠠᠰᠠᠯᠳᠠ ᠵᠢᠨ ᠱᠠᠲᠤ ᠳᠠᠢᠰᠢ ᠬᠥᠭ᠌ᠵᠢᠵᠦ᠍ ᠪᠠᠢᠨ᠎ᠠ》 ᠭᠡᠵᠡᠶ᠃
《ᠱᠢᠨ᠎ᠡ ᠪᠣᠬᠢᠷᠲᠤᠯ ᠪᠣᠳᠠᠰ᠎ᠤ᠋ᠨ ᠵᠠᠰᠠᠯᠳᠠ᠎ᠶᠢᠨ ᠲᠤᠬᠠᠶ ᠳᠤᠷᠠᠳᠤᠭ᠍ᠰᠠᠨ ᠨᠢ ᠮᠠᠰᠢ ᠴᠠᠭ ᠲᠠᠭᠠᠨ ᠲᠤᠬᠢᠷᠠᠵᠤ ᠪᠠᠢᠨ᠎ᠠ᠂ ᠥᠭᠡᠷ᠎ᠡ᠎ᠪᠡᠷ ᠬᠡᠯᠡᠪᠡᠯ ᠵᠠᠰᠠᠯᠳᠠ ᠵᠢᠨ ᠤᠬᠠᠮᠰᠠᠷ᠎ᠲᠠᠶ ᠪᠠᠢᠬᠤ ᠬᠡᠷᠡᠭ᠌ᠲᠡᠶ ᠭᠡᠰᠡᠨ ᠨᠢ ᠪᠢᠳᠠᠨ ᠢ᠋ ᠡᠨᠡ ᠲᠠᠯ᠎ᠠ᠎ᠪᠠᠷ ᠬᠣᠴᠣᠷᠬᠤ ᠦᠭᠡᠶ ᠪᠤᠯᠭᠠᠪᠠ》᠃ ᠶᠡᠷᠦᠩᠬᠡᠢ ᠱᠦᠵᠢ ᠬᠤᠪᠢᠰᠤᠩᠭᠤᠢ᠎ᠪᠠᠷ ᠬᠠᠨᠳᠤᠵᠤ᠂ ᠱᠢᠨ᠎ᠡ ᠬᠠᠭᠤᠴᠢᠨ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠱᠢᠢᠳᠪᠦᠷᠢᠯᠡᠬᠦ᠌᠎ᠶ᠋ᠢᠨ ᠴᠢᠬᠤᠯᠠ ᠴᠢᠨᠠᠷ᠎ᠢ ᠵᠢᠭᠠᠵᠤ ᠭᠠᠷᠭᠠᠪᠠ᠂《ᠱᠢᠨ᠎ᠡ ᠠᠰᠠᠭᠤᠳᠠᠯ᠎ᠲᠠᠶ ᠪᠣᠯᠪᠠᠯ ᠡᠮᠦᠨᠡᠬᠢ ᠬᠠᠭᠤᠴᠢᠨ ᠠᠰᠠᠭᠤᠳᠠᠯ᠎ᠢ ᠱᠢᠢᠳᠪᠦᠷᠢᠯᠡᠵᠦ᠍ ᠳᠠᠭᠤᠰᠭᠤ᠎ᠡᠴᠡ ᠡᠮᠦᠨ᠎ᠡ ᠠᠮᠠᠷᠠᠵᠤ ᠪᠣᠯᠤᠨ᠎ᠠ ᠭᠡᠵᠦ᠍ ᠬᠡᠯᠡᠵᠦ᠍ ᠪᠣᠯᠬᠤ ᠦᠭᠡᠢ᠂ ᠵᠡᠷᠭᠡ ᠪᠡᠷ ᠠᠳᠭᠤᠬᠤ ᠬᠡᠷᠡᠭ᠌ᠲᠡᠢ᠂ ᠬᠥᠮᠦᠨ ᠬᠤᠯᠠ᠎ᠶ᠋ᠢᠨ ᠪᠤᠳᠤᠯᠭ᠎ᠠ ᠦᠭᠡᠢ ᠪᠣᠯ ᠤᠢ᠍ᠢᠷ᠎ᠠ᠎ᠶ᠋ᠢᠨ ᠵᠣᠪᠠᠯᠠᠩ᠎ᠲᠠᠶ ᠪᠣᠯᠤᠨ᠎ᠠ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠭᠦᠷᠭᠡ ᠬᠦᠨᠳᠦ ᠵᠠᠮ ᠬᠤᠯᠠ ᠪᠠᠢᠨ᠎ᠠ᠂ ᠪᠠᠰᠠ ᠦᠷᠭᠦᠯᠵᠢᠯᠡᠨ ᠰᠠᠢᠲᠤᠷ ᠠᠳᠭᠤᠬᠤ ᠬᠡᠷᠡᠭ᠌ᠲᠡᠢ》 ᠭᠡᠪᠡ᠃
《ᠴᠢᠨᠠᠷ ᠰᠠᠢᠲᠠᠢ ᠬᠥᠭ᠌ᠵᠢᠯᠲᠡ᠎ᠶ᠋ᠢ ᠥᠨᠳᠥᠷ ᠲᠦᠪᠱᠢᠨ᠎ᠢᠶᠡᠷ ᠬᠠᠮᠠᠭᠠᠯᠠᠵᠤ ᠲᠤᠯᠭᠠᠭᠤᠷᠢᠯᠠᠬᠤ》 ᠡᠴᠡ 《ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌》 ᠬᠦᠷᠲᠡᠯ᠎ᠡ᠂ 《ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠬᠦ᠌》 ᠡᠴᠡ 《ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠠᠷᠭ᠎ᠠ ᠵᠠᠮ᠎ᠢ ᠥᠷᠭᠡᠳᠭᠡᠬᠦ᠌》 ᠬᠦᠷᠲᠡᠯ᠎ᠡ᠂ 《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ ᠪᠣᠯᠤᠨ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠴᠢᠩᠭᠠᠳᠭᠠᠬᠤ》 ᠡᠴᠡ《ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠱᠢᠨ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠬᠦ᠌》 ᠬᠦᠷᠲᠡᠯ᠎ᠡ ᠁ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠪᠬᠤ ᠭᠡᠭᠡᠬᠦ ᠪᠤᠯᠬᠤ ᠡᠰᠡᠬᠦ ᠵᠢ ᠲᠣᠭ᠍ᠲᠠᠭᠠᠬᠤ ᠲᠠᠰᠢᠷᠠᠮ ᠳ᠋ᠤ᠂ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠬᠦᠴᠦᠷᠬᠡᠭ ᠶᠡᠬᠡ ᠲᠣᠭ᠍ᠲᠠᠯ ᠬᠦᠴᠦᠨ ᠪᠣᠯᠤᠨ ᠬᠤᠯᠠ᠎ᠶ᠋ᠢᠨ ᠬᠠᠷᠠᠴᠠ ᠬᠤᠷᠴᠠ ᠲᠠᠨᠢᠯᠲᠠ᠎ᠶ᠋ᠢ ᠱᠢᠯᠭᠠᠵᠠᠢ᠃
ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠵᠠᠩ ᠵᠢᠶᠠ ᠭᠠᠩ ᠬᠤᠳᠠ᠎ᠶ᠋ᠢᠨ ᠨᠠᠨ ᠹᠸᠩ ᠪᠠᠯᠭᠠᠰᠤ᠎ᠶ᠋ᠢᠨ ᠶᠦᠩ ᠯᠢᠶᠠᠨ ᠲᠣᠰᠭᠣᠨ᠎ᠤ ᠨᠠᠮ᠎ᠤᠨ ᠬᠣᠷᠢᠶ᠎ᠠ ᠵᠢᠨ ᠱᠦᠵᠢ ᠦ᠋ ᠬᠤᠢ ᠹᠠᠩ ᠲᠥᠯᠥᠭᠡᠯᠡᠭ᠌ᠴᠢ ᠬᠥᠳᠡᠭᠡ ᠲᠣᠰᠭᠣᠨ᠎ᠳᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ᠃
ᠴᠡᠷᠢᠭ᠎ᠲᠦ 25 ᠵᠢᠯ ᠶᠠᠪᠤᠭᠰᠠᠨ ᠡᠨᠡ ᠬᠦ᠌ ᠠᠬᠠᠮᠠᠳ ᠴᠡᠷᠢᠭ 2005 ᠣᠨ᠎ᠳᠤ ᠴᠡᠷᠢᠭ᠎ᠦᠨ ᠬᠤᠪᠴᠠᠰᠤ᠎ᠪᠠᠨ ᠲᠠᠢᠯᠵᠤ᠂ ᠪᠡᠶ᠎ᠡ᠎ᠪᠡᠨ ᠳᠠᠭᠠᠭᠠᠵᠤ ᠠᠵᠢᠯ ᠰᠣᠩᠭᠣᠬᠤ᠎ᠪᠠᠷ ᠳᠠᠮᠵᠢᠨ ᠶᠦᠩ ᠯᠢᠶᠠᠨ ᠲᠣᠰᠭᠣᠨ᠎ᠳᠤ ᠬᠦᠷᠴᠦ᠍ ᠠᠵᠢᠯᠯᠠᠪᠠ᠃ ᠡᠭᠦᠨ᠎ᠡᠴᠡ ᠡᠬᠢᠯᠡᠨ᠂ ᠬᠠᠮᠲᠤ᠎ᠪᠠᠷ ᠪᠠᠶᠠᠵᠢᠭᠰᠠᠨ ᠵᠣᠯ ᠵᠢᠷᠭᠠᠯᠲᠤ ᠲᠣᠰᠭᠣᠨ᠎ᠢ ᠪᠠᠢᠭᠤᠯᠬᠤ ᠨᠢ ᠲᠡᠭᠦᠨ᠎ᠦ ᠱᠢᠨ᠎ᠡ 《ᠵᠢᠭ᠍ᠰᠠᠭᠠᠯ᠎ᠤᠨ ᠭᠠᠵᠠᠷ》 ᠪᠣᠯᠵᠠᠢ᠃
ᠲᠡᠷᠡ ᠨᠢᠭᠡᠨᠳᠡ19 ᠵᠢᠯ ᠠᠵᠢᠯᠯᠠᠯ᠎ᠠ᠃
《ᠨᠢᠳᠤᠨᠤᠨ᠂ ᠶᠦᠩ ᠯᠢᠶᠠᠨ ᠲᠣᠰᠭᠣᠨ᠎ᠤ ᠠᠵᠤ ᠦᠢᠯᠡᠳᠪᠦᠷᠢ ᠬᠥᠳᠡᠭᠡ ᠠᠵᠤ ᠠᠬᠤᠢ᠎ᠶ᠋ᠢᠨ ᠶᠡᠷᠦᠩᠬᠡᠢ ᠣᠷᠣᠯᠭ᠎ᠠ 1616 ᠳ᠋ᠦᠩᠱᠢᠭᠤᠷ ᠲᠥᠭᠥᠷᠢᠭ᠂ ᠲᠣᠰᠭᠣᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠢ ᠣᠷᠣᠯᠭ᠎ᠠ 3.35 ᠳ᠋ᠦᠩᠱᠢᠭᠤᠷ ᠲᠥᠭᠥᠷᠢᠭ᠂ ᠲᠣᠰᠭᠣᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 7.3 ᠲᠦᠮᠡᠨ ᠲᠥᠭᠥᠷᠢᠭ᠎ᠲᠦ ᠬᠦᠷᠴᠡᠢ᠃ ᠲᠣᠰᠭᠣᠨ᠎ᠤ ᠠᠵᠤ ᠠᠬᠤᠢᠯᠠᠯ ᠬᠥᠭ᠌ᠵᠢᠭ᠌ᠰᠡᠨᠦ ᠳᠠᠷᠠᠭ᠎ᠠ᠂ ᠪᠢᠳᠡ ᠥᠮᠴᠢᠯᠡᠯ᠎ᠦᠨ ᠡᠷᠬᠡ᠎ᠶ᠋ᠢ ᠲᠣᠳᠣᠷᠬᠠᠢᠯᠠᠬᠤ᠎ᠪᠠᠷ ᠳᠡᠮᠵᠢᠨ᠂ ᠲᠣᠰᠭᠣᠨ᠎ᠤ ᠠᠷᠠᠳ᠎ᠢ 25% ᠶ᠋ᠢᠨ ᠰᠲ᠋ᠣᠺ᠎ᠤᠨ ᠡᠷᠬᠡ᠎ᠲᠡᠶ ᠪᠣᠯᠭᠠᠵᠤ᠂ ᠨᠢᠳᠤᠨᠤᠨ ᠬᠣᠶᠠᠳᠠᠬᠢ ᠤᠳᠠᠭ᠎ᠠ ᠲᠣᠰᠭᠣᠨ᠎ᠤ ᠠᠷᠠᠳ᠎ᠤᠨ ᠬᠥᠮᠦᠨ ᠳᠤᠮᠳᠠᠴᠢ᠎ᠳᠤ 1.7 ᠲᠦᠮᠡᠨ ᠲᠥᠭᠥᠷᠢᠭ ᠢ᠋ ᠬᠤᠪᠢᠶᠠᠪᠠ》ᠭᠡᠵᠦ᠍ ᠶᠡᠷᠦᠩᠬᠡᠢ ᠱᠦᠵᠢ᠎ᠳᠦ ᠨᠢᠭᠡᠳ ᠨᠢᠭᠡ᠎ᠪᠡᠷ ᠮᠡᠳᠡᠭᠦᠯᠪᠡ᠃
《ᠡᠨᠡ ᠣᠷᠣᠯᠭ᠎ᠠ᠎ᠶ᠋ᠢᠨ ᠪᠠᠢᠳᠠᠯ ᠪᠠᠰᠠ ᠲᠤᠩ ᠰᠦᠷᠡᠬᠡᠢ ᠪᠠᠢᠨ᠎ᠠ》᠃ ᠶᠡᠷᠦᠩᠬᠡᠢ ᠱᠦᠵᠢ ᠰᠢ ᠵᠢᠨ ᠫᠢᠩ᠂ 《ᠬᠠᠮᠲᠤ᠎ᠪᠠᠷ ᠪᠠᠶᠠᠵᠢᠬᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠵᠠᠮᠨᠠᠬᠤ᠎ᠳᠤ ᠲᠠ᠎ᠨᠠᠷ ᠪᠣᠯ ᠬᠣᠱᠢᠭᠤᠴᠢ ᠮᠥᠨ᠂ ᠡᠨᠡ ᠵᠠᠮ᠎ᠢ᠋ ᠨᠡᠭᠡᠭᠡᠬᠦ ᠬᠡᠷᠡᠭᠳᠡᠢ᠃ ᠬᠠᠮᠲᠤ᠎ᠪᠠᠷ ᠪᠠᠶᠠᠵᠢᠬᠤ ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ ᠬᠡᠷᠡᠭ᠌ᠲᠡᠢ》 ᠭᠡᠵᠦ ᠪᠠᠶᠠᠷᠲᠠᠢᠬᠠᠨ ᠬᠡᠯᠡᠪᠡ᠃
ᠤᠯᠤᠰ᠎ᠢ ᠵᠠᠰᠠᠬᠤᠡᠭᠦᠷᠢᠳᠡ ᠵᠢᠨ ᠶᠤᠰᠤ ᠠᠨ᠎ᠤ ᠠᠷᠠᠳ᠎ᠲᠤ ᠠᠱᠢᠭ ᠬᠦᠷᠲᠡᠭᠡᠬᠦ᠌᠎ᠪᠡᠷ ᠦᠨᠳᠦᠰᠦ ᠪᠣᠯᠭᠠᠮᠤᠢ᠃
ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ᠄ 《ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠱᠢᠨ᠎ᠢ ᠯᠠᠪᠳᠠᠭᠤᠨᠳᠡᠭᠡᠭ᠌ᠰᠢᠯᠡᠭᠦᠯᠵᠦ᠍᠂ ᠥᠷᠭᠡᠨ ᠤᠯᠠᠨ ᠲᠦᠮᠡᠨ᠎ᠦ ᠥᠪᠡᠷ᠎ᠦᠨ ᠬᠣᠶᠠᠷ ᠭᠠᠷ᠎ᠢᠶᠠᠷ᠎ᠢᠶᠠᠨ ᠵᠢᠷᠭᠠᠯᠲᠤ ᠠᠮᠢᠳᠤᠷᠠᠯ᠎ᠢᠶᠠᠨ ᠴᠣᠭ᠍ᠴᠠᠯᠠᠬᠤ᠎ᠶ᠋ᠢ ᠬᠦᠳᠦᠯᠦᠨ ᠵᠢᠯᠣᠭᠣᠳᠴᠤ᠌ ᠵᠣᠷᠢᠭ᠍ᠵᠢᠭᠤᠯᠬᠤ ᠬᠡᠷᠡᠭ᠌ᠲᠡᠢ》 ᠭᠡᠵᠦ ᠴᠢᠬᠤᠯᠠᠴᠢᠯᠠᠪᠠ᠃
ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠤᠷᠢᠭ᠎ᠢᠶᠡᠨ ᠬᠥᠭ᠌ᠵᠢᠭᠡᠵᠦ᠍ — 《ᠣᠨᠢᠯᠠᠨ ᠲᠤᠭᠳᠠᠪᠠᠯ ᠱᠠᠯᠠᠪᠳᠠᠨ ᠬᠢᠵᠦ᠍᠂ ᠡᠯ᠎ᠡ ᠲᠠᠯ᠎ᠠ᠎ᠶ᠋ᠢᠨ ᠬᠢᠨ᠎ᠦ ᠡᠷᠴᠢ ᠵᠣᠷᠢᠭ᠎ᠢ ᠳᠠᠢᠴᠢᠯᠠᠬᠤ ᠬᠡᠷᠡᠭ᠌ᠲᠡᠢ》
ᠵᠢᠶᠠᠩᠰᠦ᠎ᠡᠴᠡ ᠢᠷᠡᠭ᠌ᠰᠡᠨ ᠰᠦᠨ ᠵᠢᠩ ᠨᠠᠨ ᠲᠥᠯᠥᠭᠡᠯᠡᠭ᠌ᠴᠢ ᠪᠤᠯ ᠵᠦᠩ ᠴᠧ ᠪᠦᠯᠦᠭᠯᠡᠯ᠎ᠤᠨ ᠨᠠᠨᠵᠢᠩ᠎ᠤᠨ ᠫᠦ ᠵᠧᠨ ᠮᠠᠱᠢᠨ ᠲᠡᠷᠭᠡᠨ᠎ᠦ ᠬᠢᠵᠠᠭᠠᠷᠲᠤ ᠺᠣᠮᠫᠠᠨᠢ᠎ᠶ᠋ᠢᠨ ᠴᠠᠬᠢᠯᠭᠠᠨ ᠭᠠᠩᠨᠠᠭᠤᠷᠴᠢᠨ ᠪᠣᠯᠤᠨ᠎ᠠ᠃
ᠶᠡᠷᠦᠩᠬᠡᠢ ᠱᠦᠵᠢ ᠰᠢ ᠵᠢᠨ ᠫᠢᠩ᠎ᠤᠨ ᠡᠮᠦᠨ᠎ᠡ᠂ ᠲᠡᠷᠡ᠄ 《ᠤᠷᠠᠨ ᠳᠠᠷᠬᠠᠨ᠎ᠤ 〈ᠲᠠᠷᠬᠠᠨ〉 ᠭᠡᠳᠡᠭ ᠦᠭᠡ ᠪᠣᠯ ᠲᠤᠰᠭᠠᠢ ᠮᠡᠷᠭᠡᠵᠢᠯ᠎ᠦᠨ ᠬᠦᠷᠢᠶᠡᠨ᠎ᠳᠦ ᠥᠪᠡᠷ᠎ᠦᠨ ᠪᠡᠶ᠎ᠡ᠎ᠡᠴᠡ ᠪᠡᠨ〈ᠦ ᠰᠡᠪ ᠡᠷᠢᠬᠦ〉 ᠶᠠᠪᠤᠳᠠᠯ ᠪᠣᠯᠤᠨ᠎ᠠ᠂ ᠤᠯᠠᠨ ᠤᠳᠠᠭᠠᠨ᠎ᠤ ᠳᠠᠪᠲᠠᠯᠲᠠ᠎ᠶ᠋ᠢ ᠥᠩᠭᠡᠷᠡᠭᠦᠯᠪᠡᠯ ᠰᠠᠶᠢ ᠱᠢᠪᠲᠤᠯᠤᠯᠲᠠ ᠭᠠᠷᠭᠠᠵᠤ ᠴᠢᠳᠠᠨ᠎ᠠ》 ᠭᠡᠵᠦ ᠪᠣᠷᠣᠭ᠍ᠵᠢᠭᠤᠨ ᠪᠥᠭᠡᠳ ᠢᠳᠡ ᠬᠦᠴᠦᠲᠡᠢ ᠬᠡᠯᠡᠪᠡ᠃
ᠰᠤᠨᠭᠭᠤᠬᠰᠠᠨ ᠠᠵᠢᠯ ᠦᠢᠯᠡᠰ ᠳᠡᠭᠡᠨ ᠨᠠᠰᠤᠨ ᠳᠤᠷᠰᠢᠳᠠ ᠵᠢᠳᠬᠦᠨ᠎ᠡ᠃
30 ᠭᠠᠷᠤᠢ ᠵᠢᠯ ᠠᠵᠢᠯᠯᠠᠭ᠍ᠰᠠᠨ ᠰᠦᠨ ᠵᠢᠩ ᠨᠠᠨ ᠭᠠᠩᠨᠠᠬᠤ ᠠᠵᠢᠯ᠎ᠢ ᠨᠢᠭᠡ ᠵᠦᠢᠯ᠎ᠦᠨ ᠤᠷᠠᠯᠢᠭ᠎ᠢᠶᠠᠷ ᠦᠵᠡᠵᠦ᠍᠂ ᠱᠠᠪᠢ ᠠᠵᠢᠯᠴᠢᠨ ᠪᠠᠢᠭ᠍ᠰᠠᠨ ᠡᠴᠡ᠎ᠪᠠᠨ ᠳᠤᠮᠳᠠᠳᠤ ᠤᠯᠤᠰ᠎ᠤᠨ ᠵᠦᠩ ᠴᠧ ᠺᠣᠮᠫᠠᠨᠢ᠎ᠶ᠋ᠢᠨ ᠠᠯᠳᠠᠷᠲᠤ ᠤᠷ᠎ᠠ ᠮᠡᠷᠭᠡᠵᠢᠯ᠎ᠦᠨ ᠲᠤᠰᠭᠠᠢ ᠮᠡᠷᠭᠡᠵᠢᠯᠲᠡᠨ᠂ ᠭᠠᠳᠠᠭᠠᠳᠤ᠎ᠶ᠋ᠢᠨ ᠲᠤᠰᠭᠠᠢ ᠮᠡᠷᠭᠡᠵᠢᠯᠲᠡᠨ᠎ᠦ ᠨᠢᠳᠤᠨ᠎ᠳᠦ ᠠᠯᠳᠠᠷᠱᠢᠭ᠍ᠰᠠᠨ 《ᠳᠣᠷᠣᠨᠠᠳᠠᠬᠢᠨ᠎ᠤ ᠭᠠᠩᠨᠠᠭᠤᠷᠴᠢᠨ ᠳᠠᠭᠢᠨᠢ》 ᠪᠣᠯᠪᠠ᠃
《ᠲᠠ ᠪᠣᠯ ᠲᠤᠮᠤ ᠤᠯᠤᠰ᠎ᠤᠨ ᠤᠷᠠᠨ ᠳᠠᠷᠬᠠᠨ ᠮᠦᠨ》᠃ ᠶᠡᠷᠦᠩᠬᠡᠶ ᠱᠦᠵᠢ ᠮᠠᠭ᠍ᠲᠠᠨ ᠰᠠᠢᠱᠢᠶᠠᠭ᠍ᠰᠠᠨ ᠬᠠᠷᠠᠴᠠ᠎ᠪᠠᠷ ᠰᠦᠨ ᠵᠢᠩ ᠨᠠᠨ᠎ᠢ ᠬᠠᠷᠠᠵᠤ᠄ 《ᠲᠤᠮᠤ ᠤᠯᠤᠰ᠎ᠤᠨ ᠤᠷᠠᠨ ᠳᠠᠷᠬᠠᠨ ᠪᠣᠯ ᠮᠠᠨ᠎ᠤ ᠳᠤᠮᠳᠠᠳᠤ᠎ᠶ᠋ᠢᠨ ᠦᠨᠳᠦᠰᠦᠲᠡᠨ ᠭᠡᠬᠦ ᠲᠣᠮᠣ ᠠᠰᠠᠷ᠎ᠤᠨ ᠰᠠᠭᠤᠷᠢ ᠴᠢᠯᠠᠭᠤ᠂ ᠲᠤᠯᠭᠠᠭᠤᠷᠢ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠡᠷᠡᠭ᠎ᠠ᠂ ᠪᠢᠳᠠ ᠨᠢᠭᠡ᠎ᠳᠦ ᠶᠠᠳᠠᠭᠤ ᠬᠣᠶᠠᠷ᠎ᠲᠤ ᠬᠣᠭᠣᠰᠣᠨ ᠪᠠᠢᠵᠤ᠂ ᠤᠢ᠍ᠭᠡᠢ ᠡᠴᠡ᠎ᠪᠡᠨ ᠪᠠᠢᠬᠤ ᠪᠤᠯᠵᠦ᠍᠂ ᠣᠷᠣᠭᠤᠯᠤᠨ ᠠᠪᠴᠢᠷᠠᠵᠤ ᠱᠢᠩᠭᠡᠭᠡᠨ ᠠᠪᠤᠭᠠᠳ ᠲᠡᠬᠢᠠ ᠬᠥᠭ᠌ᠵᠢᠭᠦᠯᠵᠦ᠍᠂ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠨ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠪᠡᠶ᠎ᠡ᠎ᠪᠡᠨ ᠳᠠᠭᠠᠭᠠᠵᠤ ᠡᠵᠡᠨ ᠮᠡᠳᠡᠭ᠌ᠰᠡᠨ ᠦᠢᠯᠡᠳᠬᠦ᠌ ᠦᠢᠯᠡᠰ᠎ᠦᠨ ᠰᠠᠭᠤᠷᠢ᠎ᠲᠠᠶ ᠪᠣᠯᠤᠭ᠍ᠰᠠᠨ ᠪᠠᠢᠨ᠎ᠠ》 ᠭᠡᠪᠡ᠃
ᠶᠡᠷᠦᠩᠬᠡᠢ ᠱᠦᠵᠢ᠄ 《ᠢᠩᠭᠢᠵᠦ᠍ ᠪᠤᠳᠤᠬᠤ ᠪᠡᠷ ᠦᠨᠡᠬᠡᠷ ᠬᠢᠵᠠᠭᠠᠯᠠᠰᠢ ᠦᠭᠡᠢ ᠣᠮᠣᠭ᠍ᠰᠢᠬᠤ ᠶᠤᠮ᠃ ᠵᠠᠮ ᠬᠠᠷᠢᠯᠴᠠᠭ᠎ᠠ᠎ᠪᠠᠷ ᠠᠪᠴᠤ᠌ ᠬᠡᠯᠡᠪᠡᠯ᠂ ᠣᠲᠣ ᠮᠠᠨ᠎ᠤ ᠤᠯᠤᠰ᠎ᠤᠨ ᠮᠠᠱᠢᠨ ᠲᠡᠷᠭᠡᠨ᠎ᠦ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠮᠵᠢᠶ᠎ᠡ᠎ᠨᠢ ᠪᠥᠬᠥ᠌ ᠪᠥᠮᠪᠥᠷᠴᠡᠭ᠎ᠲᠦ ᠬᠠᠮᠤᠭ᠎ᠤᠨ ᠶᠡᠬᠡ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠠᠮᠤᠭ᠎ᠤᠨ ᠰᠠᠢᠨ᠂ ᠲᠦᠷᠭᠡᠨ᠎ᠤ ᠵᠠᠰᠠᠮᠠᠯ ᠵᠠᠮ᠎ᠤᠨ ᠵᠠᠢ᠎ᠨᠢ ᠴᠦ᠍ ᠬᠠᠮᠤᠭ᠎ᠤᠨ ᠣᠷᠳᠣ᠂ ᠲᠦᠷᠭᠡᠨ᠎ᠦ ᠲᠡᠮᠦᠷ ᠵᠠᠮ ᠭᠠᠳᠠᠭᠰᠢ ᠭᠠᠷᠴᠤ᠌᠂ ᠬᠣᠲᠠ᠎ᠶ᠋ᠢᠨ ᠲᠤᠭᠤᠷᠢᠯ ᠵᠠᠮ᠎ᠤᠨ ᠨᠡᠪᠳᠡᠷᠡᠯᠴᠡᠭᠡ ᠭᠠᠳᠠᠭᠰᠢ ᠭᠠᠷᠴᠤ᠌᠂ ᠬᠥᠯᠭᠡ ᠣᠩᠭᠣᠴᠠ ᠪᠠᠰᠠ ᠭᠠᠳᠠᠭᠰᠢ ᠭᠠᠷᠴᠤ᠌᠂ ᠲᠣᠮᠣ ᠨᠢᠰᠭᠡᠯ᠎ᠢ ᠴᠦ᠍ ᠦᠶ᠋ᠯᠡᠳᠦᠨ ᠭᠠᠷᠭᠠᠵᠤ᠂ ᠣᠩᠭᠣᠴᠠ ᠦᠶ᠋ᠯᠡᠳᠬᠦ᠌ ᠦᠶ᠋ᠯᠡᠰ᠎ᠦᠨ 〈ᠭᠤᠷᠪᠠᠨ ᠶᠡᠬᠡ ᠭᠡᠷᠡᠯᠲᠦ ᠰᠤᠪᠤᠳ〉 ᠢ᠋ ᠴᠤ᠌ ᠦᠶ᠋ᠯᠡᠳᠦᠨ ᠭᠠᠷᠭᠠᠵᠠᠶ ᠁ ᠪᠦᠷ ᠠᠯᠬᠤᠮ ᠠᠯᠬᠤᠮ᠎ᠢᠶᠠᠷ ᠤᠷᠤᠭ᠍ᠰᠢᠯᠠᠵᠤ᠂ ᠲᠠᠰᠤᠷᠠᠯᠲᠠ ᠥᠬᠡᠶ ᠤᠯᠤᠰ᠎ᠲᠠᠭᠠᠨ ᠦᠶ᠋ᠯᠡᠳᠪᠦᠷᠢᠯᠡᠵᠦ᠍᠂ ᠳᠠᠷᠠᠭ᠎ᠠ᠎ᠨᠢ ᠳᠡᠯᠡᠬᠡᠶ᠎ᠶ᠋ᠢᠨ ᠡᠮᠦᠨ᠎ᠡ ᠬᠣᠱᠢᠭᠤᠷᠠᠭᠰᠠᠨ ᠪᠦᠭᠡᠳ ᠲᠠᠰᠤᠷᠠᠯᠲᠠ ᠥᠬᠡᠶ ᠱᠢᠪᠲᠤᠯᠤᠯᠲᠠ ᠬᠢᠵᠦ᠍ ᠪᠠᠢᠨ᠎ᠠ》 ᠭᠡᠵᠤ ᠭᠦᠨ ᠰᠡᠳᠭᠢᠯᠭᠡ᠎ᠲᠡᠶ ᠶᠠᠷᠢᠪᠠ᠃
《ᠡᠭᠦᠨ᠎ᠳᠦ ᠤᠷᠠᠨ ᠳᠠᠷᠬᠠᠨ ᠮᠠᠰᠢ ᠴᠢᠬᠤᠯᠠ ᠶᠤᠮ᠃ ᠵᠢᠷᠤᠭ ᠲᠦᠯᠦᠪᠯᠡᠭᠡ᠎ᠶᠢ ᠰᠠᠢᠬᠠᠨ ᠵᠢᠷᠤᠵᠤ ᠲᠥᠯᠥᠪᠯᠡᠭᠡᠳ ᠯᠡ ᠪᠤᠯᠬᠤ ᠦᠭᠡᠢ᠂ ᠬᠠᠮᠤᠭ᠎ᠤᠨ ᠰᠡᠭᠦᠯ᠎ᠳᠦ ᠭᠠᠩᠨᠠᠭᠤᠷᠴᠢᠨᠤ ᠭᠠᠷ᠎ᠲᠤ ᠨᠠᠢᠳᠠᠪᠤᠷᠢᠵᠢᠭᠤᠯᠬᠤ ᠬᠡᠷᠡᠭ᠌ᠲᠡᠶ᠂ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠲᠦᠪᠱᠢᠨ ᠦᠭᠡᠢ ᠪᠣᠯ ᠬᠠᠮᠤᠭ᠎ᠤᠨ ᠰᠠᠢᠨ ᠲᠣᠨᠣᠭ ᠲᠥᠬᠥᠭᠡᠷᠦᠮᠵᠢ ᠵᠢ ᠬᠢᠵᠦ᠍ ᠴᠢᠳᠠᠬᠤ ᠦᠭᠡᠢ᠂ ᠡᠢᠮᠦ᠍ ᠡᠴᠡ ᠪᠢᠳᠡ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠦᠨᠡᠨ ᠪᠣᠳᠠᠲᠠᠢ ᠰᠠᠢᠲᠤᠷ ᠬᠢᠵᠦ᠍᠂ ᠤᠷᠠᠨ ᠲᠠᠷᠬᠠᠨ᠎ᠤ ᠵᠣᠷᠢᠭ ᠰᠠᠨᠠᠭ᠎ᠠ᠎ᠶ᠋ᠢ ᠪᠤᠢ ᠪᠣᠯᠭᠠᠵᠤ᠂ ᠨᠢᠭᠡᠳᠦᠭᠡᠷ ᠹᠷᠣᠨᠲ᠎ᠤᠨ ᠲᠤᠮᠤ ᠤᠯᠤᠰ᠎ᠤᠨ ᠤᠷᠠᠨ ᠲᠠᠷᠬᠠᠨ᠎ᠢ ᠪᠦᠯᠦᠭ ᠪᠦᠯᠦᠭ᠎ᠢᠶᠡᠷ ᠬᠥᠮᠦᠵᠢᠭᠦᠯᠬᠦ᠌ ᠬᠡᠷᠡᠭ᠌ᠲᠡᠢ᠂ ᠡᠨᠡ ᠪᠣᠯ ᠨᠢᠷᠤᠭᠤ ᠲᠤᠯᠭᠠᠭᠤᠷᠢ ᠪᠤᠯᠤᠨ᠎ᠠ᠂ ᠠᠯᠮᠠᠰ ᠴᠢᠯᠠᠭᠤ ᠦᠭᠡᠢ ᠪᠣᠯ ᠱᠠᠭᠠᠵᠠᠩ᠎ᠤᠨ ᠠᠵᠢᠯ᠎ᠢ ᠭᠠᠷᠳᠠᠵᠤ ᠳᠡᠢᠯᠬᠦ᠌ ᠦᠭᠡᠢ ᠶᠤᠮ》 ᠭᠡᠬᠦ ᠶᠡᠷᠦᠩᠬᠡᠢ ᠱᠦᠵᠢ᠎ᠶ᠋ᠢᠨ ᠦᠭᠡ ᠦᠨᠡᠨᠴᠢ ᠰᠡᠳᠭᠢᠯᠭᠡ ᠭᠦᠨ ᠶᠠᠷᠢᠶ᠎ᠠ ᠨᠢ ᠪᠦᠬᠦ᠌ ᠲᠠᠯᠠᠪᠠᠢ᠎ᠶ᠋ᠢᠨ ᠬᠠᠮᠲᠤ ᠤᠯᠠᠨ᠎ᠤ ᠰᠡᠳᠬᠢᠯ᠎ᠢ ᠴᠤᠤᠷᠢᠶᠠᠳᠤᠭᠤᠯᠪᠠ᠃
ᠤᠷᠠᠨ ᠳᠠᠷᠬᠠᠨ᠎ᠢ ᠬᠦᠨᠳᠦᠳᠭᠡᠨ᠎ᠡ᠂ ᠨᠡᠩ᠎ᠴᠤ ᠲᠡᠳᠡᠨ᠎ᠦ 《ᠤᠷᠠᠨ ᠰᠠᠨᠠᠭ᠎ᠠ》 ᠵᠢ ᠴᠢᠬᠤᠯᠠᠴᠢᠯᠠᠨ᠎ᠠ᠃
ᠶᠡᠷᠦᠩᠬᠡᠶ ᠱᠦᠵᠢ ᠰᠢ ᠵᠢᠨ ᠫᠢᠩ᠄ 《ᠪᠢᠳᠡ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠲᠠᠯ᠎ᠠ᠎ᠪᠠᠷ ᠨᠢᠭᠡᠨᠲᠡ ᠨᠡᠯᠢᠶᠡᠳ ᠵᠦᠭᠡᠷ ᠬᠢᠭ᠌ᠰᠡᠨ ᠪᠣᠯᠪᠠᠴᠤ᠌ ᠪᠠᠰᠠ ᠬᠦᠢᠴᠡᠳ ᠪᠢᠰᠢ ᠪᠠᠢᠨ᠎ᠠ᠂ ᠲᠡᠳᠡᠨ᠎ᠳᠦ ᠵᠣᠬᠢᠬᠤ ᠤᠯᠤᠰ ᠲᠥᠷᠥ᠎ᠶ᠋ᠢᠨ ᠪᠠᠢᠷᠢ ᠰᠠᠭᠤᠷᠢ᠂ ᠨᠡᠢᠭᠡᠮ᠎ᠦᠨ ᠪᠠᠢᠷᠢ ᠰᠠᠭᠤᠷᠢ ᠪᠠ ᠴᠠᠯᠢᠩ ᠣᠯᠭᠣᠮᠵᠢ ᠬᠠᠷᠠᠭᠠᠯᠵᠠᠯ ᠣᠯᠭᠣᠵᠤ᠂ ᠵᠤᠬᠢᠬᠤ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ》 ᠭᠡᠵᠦ ᠵᠢᠭᠠᠵᠤ ᠭᠠᠷᠭᠠᠪᠠ᠃
2022 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠤᠯᠤᠰ᠎ᠤᠨ ᠮᠦᠽᠧᠢ᠎ᠶ᠋ᠢᠨ ᠠᠬᠠᠮᠠᠳ ᠲᠤᠰᠭᠠᠢ ᠮᠡᠷᠭᠡᠵᠢᠯᠲᠡᠨ᠎ᠳᠦ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ᠎ᠶ᠋ᠢᠨ ᠮᠦᠽᠧᠢ᠎ᠶ᠋ᠢᠨ ᠶᠡᠷᠦᠩᠬᠡᠢ ᠣᠷᠳᠣᠨ᠎ᠤ ᠳᠡᠳ᠋ ᠳᠠᠷᠤᠭ᠎ᠠ ᠰᠦᠩ ᠶᠠᠨ ᠲᠥᠯᠥᠭᠡᠯᠡᠭ᠌ᠴᠢ᠎ᠳᠦ ᠤᠳᠤ ᠪᠣᠯᠲᠠᠯ᠎ᠠ ᠮᠠᠰᠢ ᠶᠡᠬᠡ ᠵᠣᠷᠢᠭ᠍ᠵᠢᠭᠤᠯᠤᠯ ᠪᠣᠯᠤᠭᠰᠠᠭᠠᠷ ᠶᠤᠮ᠃ ᠶᠠᠷᠢᠶ᠎ᠠ ᠲᠠᠯᠪᠢᠬᠤ᠎ᠳᠠᠭᠠᠨ ᠲᠡᠷᠡ ᠨᠠᠨᠵᠢᠩ ᠬᠤᠲᠠ᠎ᠶ᠋ᠢᠨ ᠲᠡᠤᠬᠡ ᠵᠢᠨ ᠲᠤᠷᠠᠰᠬᠠᠯᠲᠤ ᠵᠦᠢᠯᠡᠰᠤᠨᠮᠦᠽᠧᠢᠶ᠋ᠢᠨ ᠠᠵᠢᠯᠲᠠᠳ᠎ᠤᠨ ᠰᠣᠶᠣᠯ᠎ᠤᠨ ᠥᠪᠢᠶᠡᠨ ᠰᠠᠬᠢᠨ ᠬᠠᠮᠠᠭᠠᠯᠠᠵᠤ᠂ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠵᠤ᠂ ᠰᠣᠶᠣᠯ᠎ᠤᠨ ᠬᠦᠴᠦᠨ᠎ᠢ ᠬᠥᠭ᠌ᠵᠢᠭᠡᠭ᠌ᠰᠡᠨ ᠦᠯᠢᠭᠡᠷ᠎ᠢ ᠶᠠᠷᠢᠪᠠ᠃
《ᠨᠠᠨᠵᠢᠩ᠎ᠤᠨ ᠮᠦᠽᠧᠢ᠎ᠳᠤ ᠪᠠᠰᠠ ᠦᠵᠡᠭᠦᠱᠢᠲᠡᠢ ᠵᠦᠢᠯ ᠲᠤᠩ ᠤᠯᠠᠨ ᠪᠤᠢ᠂ ᠵᠢᠷᠭᠤᠭᠠᠨ ᠲᠦᠷᠦ᠍᠎ᠶ᠋ᠢᠨ ᠡᠷᠲᠡᠨ᠎ᠦ ᠨᠡᠢᠰᠯᠡᠯ᠂ ᠪᠠᠰᠠ ᠬᠣᠢᠨᠠᠬᠢ ᠮᠢᠩ ᠤᠯᠤᠰ᠂ ᠴᠢᠩ ᠤᠯᠤᠰ᠎ᠤᠨ ᠦᠶ᠎ᠡ᠎ᠳᠦ᠂ ᠶᠠᠭᠤᠮ᠎ᠠ ᠪᠠᠰᠠ ᠲᠤᠩ ᠠᠷᠪᠢᠨ ᠪᠠᠢᠵᠠᠢ᠃ ᠮᠦᠽᠧᠶ ᠮᠠᠰᠢ ᠴᠢᠬᠤᠯᠠ ᠶᠤᠮ᠂ ᠪᠢ ᠪᠠᠭ᠎ᠠ᠎ᠡᠴᠡ᠎ᠪᠠᠨ ᠮᠦᠽᠧᠶ᠎ᠳᠤ ᠤᠴᠢᠬᠤ ᠳᠤᠷᠠᠲᠠᠶ᠂ ᠪᠠᠭ᠎ᠠ᠎ᠳᠠᠭᠠᠨ ᠪᠡᠭᠡᠵᠢᠩ᠎ᠳᠡᠬᠢ ᠮᠦᠽᠧᠶ ᠪᠡᠷ ᠪᠠᠷᠤᠭ ᠪᠦᠷ ᠤᠴᠢᠵᠤ ᠥᠨᠭᠭᠡᠷᠡᠭᠰᠡᠨ》 ᠭᠡᠵᠦ᠍ ᠶᠡᠷᠦᠩᠬᠡᠢ ᠱᠦᠵᠢ ᠰᠢ ᠵᠢᠨ ᠫᠢᠩ ᠰᠦᠩ ᠶᠠᠨ᠎ᠳᠤ ᠳᠣᠲᠣᠨᠣᠰᠣᠭ᠎ᠢᠶᠠᠷ ᠬᠡᠯᠡᠪᠡ᠃
ᠰᠤᠶᠤᠯ᠎ᠤᠨ ᠭᠤᠯᠤᠮᠲᠠ ᠥᠨᠢ ᠤᠳᠠᠭᠠᠨ᠂ ᠨᠢᠭᠡ ᠦᠨᠳᠦᠰᠦᠲᠡᠨ᠎ᠦ ᠤᠤᠷ ᠲᠤᠨᠳᠠᠰᠤ ᠵᠢ ᠬᠤᠷᠠᠮᠳᠤᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠂ ᠥᠷᠭᠡᠨ ᠤᠯᠠᠨ ᠲᠦᠮᠡᠨ ᠣᠨᠴᠠᠭᠠᠢᠯᠠᠨ ᠵᠠᠯᠠᠭᠤᠴᠤᠳ ᠪᠠᠭᠠᠴᠤᠳ᠎ᠢ ᠮᠦᠽᠧᠢ᠎ᠲᠡᠶ ᠢᠯᠡᠭᠦᠬᠡᠨ ᠣᠢᠷᠠᠲᠤᠭᠤᠯᠵᠤ᠂ ᠲᠡᠦᠬᠡ᠎ᠶ᠋ᠢᠨ ᠲᠦᠷᠦᠭ᠌ᠳᠡᠯ᠎ᠢᠶᠡᠨ ᠤᠯᠠᠮ ᠨᠡᠮᠡᠭ᠌ᠳᠡᠭᠦᠯᠬᠦ᠌᠎ᠶ᠋ᠢ ᠬᠦᠰᠡᠪᠡ᠃ 《ᠮᠦᠽᠧᠢ᠎ᠶ᠋ᠢᠨ ᠦᠢᠯᠡᠰ᠎ᠢ ᠰᠠᠢᠲᠤᠷ ᠬᠢᠬᠦ᠌ ᠬᠡᠷᠡᠭ᠌ᠲᠡᠢ᠃ ᠮᠦᠽᠧᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠨᠡᠩ ᠲᠡᠭᠦᠯᠳᠡᠷᠵᠢᠭᠦᠯᠵᠦ᠍᠂ ᠨᠡᠩ ᠱᠢᠰᠲ᠋ᠧᠮᠵᠢᠭᠦᠯᠬᠦ᠌ᠶ᠋ᠢᠨ ᠬᠠᠮᠲᠤ ᠮᠦᠽᠧᠶ᠎ᠶ᠋ᠢᠨ ᠰᠤᠷᠭᠠᠨ ᠬᠥᠮᠦᠵᠢᠯ᠎ᠦᠨ ᠴᠢᠳᠠᠮᠵᠢ᠎ᠶ᠋ᠢ ᠰᠠᠢᠲᠤᠷ ᠪᠠᠳᠠᠷᠠᠭᠤᠯᠬᠤ ᠬᠡᠷᠡᠭ᠌ᠲᠡᠶ》 ᠭᠡᠵᠦ ᠭᠦᠨ ᠰᠡᠳᠭᠢᠯᠭᠡ ᠲᠠᠢ ᠬᠡᠯᠡᠪᠡ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠬᠤᠯᠠ ᠵᠢᠨ ᠠᠶᠠᠨ ᠮᠥᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠦᠢᠯᠡᠰ ᠮᠥᠨ᠃
ᠤᠯᠤᠰ ᠲᠦᠷᠦ᠍᠎ᠶ᠋ᠢᠨ ᠵᠥᠪᠯᠡᠯᠭᠡᠨ᠎ᠦ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠱᠢᠶᠠ ᠱᠢᠶᠠᠨ ᠫᠸᠩ ᠭᠡᠱᠢᠭᠦᠨ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠡᠬᠡ ᠬᠠᠭᠤᠷᠠᠢ᠎ᠶ᠋ᠢᠨ ᠯᠤᠲᠤ ᠶᠡᠬᠡ ᠵᠠᠬ᠎ᠠ ᠳᠡᠯᠭᠡᠭᠦᠷ᠎ᠦᠨ ᠳᠠᠪᠠᠭᠤᠯᠢᠭ᠎ᠢᠶᠠᠷ ᠪᠠᠲᠤ ᠲᠤᠯᠭᠠᠭᠤᠷᠢᠯᠠᠯ ᠪᠣᠯᠭᠠᠵᠤ᠂ ᠲᠠᠢᠸᠠᠨ ᠬᠤᠭᠤᠯᠠᠢ᠎ᠶᠢᠨ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠪᠡᠷ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠣᠯᠭᠠᠵᠤ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠠᠵᠠ ᠲᠣᠬᠢᠶᠠᠯ ᠳᠣᠣᠷ᠎ᠠ᠂ ᠲᠠᠢᠸᠠᠨ ᠬᠤᠭᠤᠯᠠᠢ᠎ᠶᠢᠨ ᠬᠣᠶᠠᠷ ᠬᠥᠪᠡᠭᠡᠨ᠎ᠦ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭ᠎ᠠ ᠲᠦᠷᠭᠡᠨ ᠬᠥᠭ᠌ᠵᠢᠪᠡ ᠭᠡᠵᠦ ᠶᠡᠷᠦᠩᠬᠡᠢ ᠱᠦᠵᠢ᠎ᠳᠦ ᠬᠡᠯᠡᠪᠡ᠃
ᠲᠢᠶᠠᠨ ᠬᠣᠩ ᠴᠢ ᠭᠡᠱᠢᠭᠦᠨ᠂ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠲᠦᠷᠭᠡᠳᠭᠡᠨ ᠪᠠᠢᠭᠤᠯᠵᠤ᠂ ᠬᠣᠶᠠᠷ ᠬᠥᠪᠡᠭᠡᠨ᠎ᠦ ᠡᠯ᠎ᠡ ᠬᠦᠷᠢᠶᠡᠨ᠎ᠦ ᠰᠣᠯᠢᠯᠴᠠᠭ᠎ᠠ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠣᠶᠠᠷ ᠬᠥᠪᠡᠭᠡᠨ᠎ᠦ ᠳᠤᠮᠳᠠᠳᠤ᠎ᠶ᠋ᠢᠨ ᠰᠣᠶᠣᠯ᠎ᠢ ᠬᠠᠮᠲᠤ ᠪᠠᠷ ᠪᠠᠳᠠᠷᠠᠭᠤᠯᠬᠤ᠎ᠶ᠋ᠢ ᠠᠬᠢᠭᠤᠯᠵᠤ᠂ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ᠎ᠦᠨ ᠰᠡᠳᠭᠢᠯ ᠰᠠᠨᠠᠭ᠎ᠠ᠎ᠪᠠᠨ ᠤᠯᠤᠯᠴᠠᠬᠤ᠎ᠶ᠋ᠢ ᠠᠬᠢᠭᠤᠯᠬᠤ᠎ᠵᠢ ᠰᠠᠨᠠᠭᠤᠯᠪᠠ᠃
ᠶᠡᠷᠦᠩᠬᠡᠢ ᠱᠦᠵᠢ ᠰᠢ ᠵᠢᠨ ᠫᠢᠩ ᠲᠠᠢᠸᠠᠨ᠎ᠤ ᠠᠵᠢᠯ᠎ᠤᠨ ᠶᠡᠬᠡ ᠲᠠᠯ᠎ᠠ᠎ᠳᠤ ᠤᠯᠠᠮ ᠴᠢᠨᠠᠭ᠍ᠰᠢᠳᠠ ᠪᠠᠢᠷᠢ ᠲᠣᠭ᠍ᠲᠠᠭᠠᠯᠲᠠ᠎ᠪᠠᠨ ᠵᠥᠪ ᠣᠯᠵᠤ᠂ ᠳᠠᠪᠠᠭᠤᠯᠢᠭ᠎ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ᠂ ᠠᠷᠠᠯ᠎ᠤᠨ ᠳᠣᠲᠣᠭᠠᠳᠤ ᠭᠠᠳᠠᠭᠠᠳᠤ᠎ᠶ᠋ᠢᠨ ᠪᠦᠯᠬᠦᠮᠳᠡᠵᠦ᠍ ᠪᠣᠯᠬᠤ ᠤᠯᠤᠰ᠎ᠢᠶᠡᠨ ᠬᠠᠢᠷᠠᠯᠠᠬᠤ ᠬᠦᠴᠦᠨ ᠪᠦᠬᠦᠨ᠎ᠲᠡᠶ ᠨᠡᠩ ᠰᠠᠢᠲᠤᠷ ᠪᠦᠯᠬᠦᠮᠳᠡᠵᠦ᠍᠂ 《ᠲᠤᠰᠠᠭᠠᠷ ᠲᠣᠭ᠍ᠲᠠᠨᠢᠭᠤᠯᠬᠤ》 ᠵᠢ ᠡᠰᠡᠷᠭᠦᠴᠡᠵᠦ᠍ ᠨᠢᠭᠡᠳᠦᠯ᠎ᠢ ᠠᠬᠢᠭᠤᠯᠬᠤ ᠬᠦᠴᠦᠨ᠎ᠢ ᠳᠠᠰᠤᠷᠠᠯᠳᠠ ᠦᠭᠡᠢ ᠪᠤᠵᠠᠭᠠᠢᠷᠠᠭᠤᠯᠵᠤ᠂ ᠡᠬᠡ ᠤᠯᠤᠰ᠎ᠢᠶᠠᠨ ᠨᠠᠢᠷᠠᠮᠳᠠᠯ᠎ᠢᠶᠠᠷ ᠨᠢᠭᠡᠳᠭᠡᠬᠦ᠌ ᠠᠬᠢᠴᠠ᠎ᠶ᠋ᠢ ᠬᠠᠮᠲᠤ ᠪᠠᠷ ᠠᠬᠢᠭᠤᠯᠬᠤ᠎ᠶ᠋ᠢ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠬᠢᠨ ᠳ᠋ᠤ ᠬᠦᠰᠡᠪᠡ᠃
ᠤᠷᠢᠬᠠᠨ ᠰᠠᠯᠬᠢ ᠡᠬᠡ ᠭᠠᠵᠠᠷ᠎ᠢ ᠢᠯᠪᠢᠵᠦ᠍᠂ ᠲᠦᠮᠡᠨ ᠪᠣᠳᠠᠰ ᠰᠢᠨᠡᠳᠦᠨ ᠠᠮᠢᠯᠠᠨ᠎ᠠ᠃
ᠱᠢᠨ᠎ᠡ ᠠᠶᠠᠨ᠎ᠢ ᠪᠠᠷᠠᠯᠠᠬᠤᠶ᠎ᠠ᠂ ᠶᠡᠷᠦᠩᠬᠡᠢ ᠱᠦᠵᠢ ᠰᠢ ᠵᠢᠨ ᠫᠢᠩ᠎ᠦᠨ 《ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠰᠠᠢᠨ ᠬᠠᠨᠳᠤᠰᠢ᠎ᠶ᠋ᠢ ᠦᠷᠭᠦᠯᠵᠢᠯᠡᠨ ᠪᠡᠬᠢᠵᠢᠭᠦᠯᠦᠨ ᠴᠢᠩᠭᠠᠳᠭᠠᠵᠤ᠂ ᠪᠦᠬᠦ᠌ ᠨᠡᠢᠭᠡᠮ᠎ᠦᠨ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠬᠦ᠌᠎ᠳᠦ᠂ ᠨᠠᠮ᠎ᠤᠨ ᠭᠡᠱᠢᠭᠦᠨ ᠺᠠᠳ᠋ᠷ ᠡᠩ ᠲᠡᠷᠢᠭᠦᠨ᠎ᠳᠦ ᠢᠲᠡᠭᠡᠯ ᠵᠣᠷᠢᠭ᠎ᠢᠶᠠᠨ ᠪᠠᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠠᠯᠢᠪᠠ ᠠᠱᠢᠭ᠍ᠲᠠᠢ ᠴᠠᠭ ᠲᠣᠬᠢᠶᠠᠯ᠎ᠢ ᠠᠮᠵᠢᠵᠤ᠂ ᠠᠯᠢᠪᠠ ᠠᠱᠢᠭ᠍ᠲᠠᠢ ᠨᠥᠬᠥᠴᠡᠯ᠎ᠢ ᠠᠱᠢᠭ᠍ᠯᠠᠨ᠂ ᠬᠢᠬᠦ ᠪᠡᠷ ᠵᠤᠷᠢᠭ ᠰᠢᠭᠤᠳᠪᠠᠯ ᠲᠠᠷᠤᠢ ᠱᠠᠯᠠᠪᠳᠠᠨ ᠠᠵᠢᠯᠯᠠᠵᠤ᠂ ᠡᠯ᠎ᠡ ᠲᠠᠯ᠎ᠠ᠎ᠶ᠋ᠢᠨ ᠬᠢᠨ᠎ᠦ ᠡᠷᠴᠢ ᠵᠣᠷᠢᠭ᠎ᠢ ᠳᠠᠢᠴᠢᠯᠠᠬᠤ ᠬᠡᠷᠡᠭ᠌ᠲᠡᠢ》 ᠭᠡᠬᠦ ᠶᠠᠷᠢᠶ᠎ᠠ ᠨᠢ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)