ᠡᠷᠡᠮᠡᠬᠡᠢᠯᠡᠨ ᠤᠷᠤᠭ᠍ᠰᠢᠯᠠᠬᠤ ᠡᠷᠴᠢ ᠬᠦᠴᠦᠨ ᠎ᠢ ᠨᠢᠭ᠍ᠲᠠᠷᠠᠭᠤᠯᠵᠤ ᠴᠤ ᠱᠢᠨ᠎ᠡ ᠬᠠᠭᠤᠳᠠᠰᠤ ᠶ᠋ᠢ ᠪᠢᠴᠢᠭᠯᠡᠨ᠎ᠡ
2024-03-12 16:04:41
ᠵᠣᠬᠢᠶᠠᠭ᠍ᠴᠢ᠄
ᠯᠢ ᠬᠠᠨ ᠮᠨ ᠵᠢᠶᠠᠨ ᠴᠢᠤᠸᠠᠨ ᠮᠥᠨᠭᠭᠡᠴᠢᠯᠠᠭᠤ
ᠣᠩᠱᠢᠭ᠍ᠰᠠᠨ ᠣᠳᠠᠭ᠎ᠠ᠄
★★★☆☆

3 ᠰᠠᠷ᠎ᠠ ᠵᠢᠨ 11 ᠤ᠋ ᠡᠳᠦᠷ᠂ ᠡᠯ᠎ᠡ ᠵᠦᠢᠯ ᠤ᠋ᠨ ᠵᠥᠪᠯᠡᠬᠦ᠌ ᠵᠦᠢᠯ ᠵᠢᠡᠨ ᠲᠡᠭᠦᠰ ᠠᠮᠵᠢᠯᠲᠠ᠎ᠲᠠᠶ ᠳᠠᠭᠤᠰᠬᠠᠭᠠᠳ᠂ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠣᠶᠠᠳᠤᠭᠠᠷ ᠬᠤᠷᠠᠯ ᠪᠡᠭᠡᠵᠢᠩ ᠳ᠋ᠤ ᠠᠮᠵᠢᠯᠲᠠ᠎ᠲᠠᠶ᠎ᠲᠡᠭᠦᠰᠪᠡ᠃ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ 58 ᠲᠥᠯᠥᠭᠡᠯᠡᠭ᠌ᠴᠢ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ ᠪᠡᠨ ᠨᠠᠷᠢᠨ ᠬᠢᠨᠠᠮᠠᠭᠠᠢ ᠭᠦᠢᠴᠡᠳᠭᠡᠵᠦ᠍᠂ ᠳᠡᠭᠡᠳᠦ ᠬᠡᠮᠵᠢᠶᠡᠨ ᠤ᠋ ᠤᠯᠤᠰ ᠲᠦᠷᠦ᠍ ᠵᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡ ᠵᠢᠨ ᠡᠭᠦᠷᠭᠡᠲᠦ ᠰᠡᠳᠭᠢᠯᠭᠡ ᠪᠡᠷ ᠭᠣᠣᠯᠳᠠᠯᠭ᠎ᠠ ᠶ᠋ᠢ ᠠᠳᠭᠤᠵᠤ᠂ ᠶᠡᠬᠡ ᠶᠠᠪᠤᠳᠠᠯ ᠢ᠋ ᠵᠥᠪᠯᠡᠵᠦ᠍᠂ ᠦᠨᠡᠨ ᠦᠭᠡ ᠬᠡᠯᠡᠵᠦ᠍᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠤᠯᠤᠰ ᠤ᠋ᠨ ᠶᠡᠬᠡ ᠶᠠᠪᠤᠳᠠᠯ ᠢ᠋ ᠬᠠᠮᠲᠤ ᠪᠠᠷ ᠵᠥᠪᠯᠡᠵᠦ᠍᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠡᠰᠪᠦᠷᠢ ᠬᠠᠲᠠᠭᠤᠵᠢᠯᠲᠠᠢ  ᠪᠡᠷ  ᠱᠢᠨ᠎ᠡ ᠵᠠᠮ ᠢ᠋ ᠨᠡᠭᠡᠭᠡᠬᠦ᠂ ᠴᠤᠴᠠᠯᠲᠠ ᠦᠭᠡᠢ ᠤᠷᠤᠭ᠍ᠰᠢᠯᠠᠨ ᠳᠤᠮᠳᠠ ᠲᠦᠪᠰᠢᠨ᠎ᠳᠤ ᠣᠷᠣᠬᠤ ᠰᠦᠷ ᠳᠠᠯᠠᠢᠴᠠᠲᠠᠢ  ᠬᠦᠴᠦᠨ ᠢ᠋  ᠨᠢᠭ᠍ᠲᠠᠷᠠᠭᠤᠯᠪᠠ᠃


QQ截图20240312160632.png


ᠬᠤᠷᠠᠯ ᠎ᠤᠨ ᠵᠠᠪᠰᠠᠷᠯᠠᠭ᠎ᠠ ᠵᠢᠨ ᠬᠤᠭᠤᠴᠠᠭᠠᠨ ᠎ᠳᠤ ᠨᠤᠮ ᠤᠩᠰᠢᠵᠠᠭᠠᠨ᠎ᠠ


QQ截图20240312160648.png


ᠲᠦᠯᠦᠭᠡᠯᠡᠭᠴᠢᠳ ᠦᠭᠡ ᠬᠡᠯᠡᠵᠦ ᠪᠠᠢᠭ᠎ᠠ ᠨᠢ



ᠶᠡᠬᠡ ᠬᠤᠷᠠᠯ ᠤ᠋ᠨ ᠬᠤᠭᠤᠴᠠᠭᠠᠨ᠎ᠳᠤ ᠂ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠶᠡᠬᠡ ᠬᠤᠷᠠᠯ᠎ᠳᠤ 《ᠥᠪᠥᠷ ᠮᠣᠩᠭᠣᠯ ᠎ᠤ᠋ᠨ ᠪᠡᠭᠡᠵᠢᠩ ᠲᠢᠶᠠᠨᠵᠢᠨ ᠡᡁᠸᠪᠸᠢ᠎ᠵᠢᠨ ᠬᠠᠮᠵᠢᠯᠴᠠᠨ ᠬᠥᠭ᠌ᠵᠢᠬᠦ᠌ ᠶ᠋ᠢᠨ ᠠᠵᠢᠭ᠍ᠯᠠᠭ᠍ᠴᠢ ᠪᠤᠯᠬᠤ ᠵᠢ ᠠᠬᠢᠭᠤᠯᠬᠤ ᠲᠤᠬᠠᠢ ᠰᠠᠨᠠᠭᠤᠯᠭ᠎ᠠ》 ᠵᠢ ᠪᠦᠬᠦ᠌ ᠪᠦᠯᠬᠦᠮ ᠤ᠋ᠨ  ᠰᠠᠨᠠᠯ ᠰᠠᠨᠠᠭᠤᠯᠭ᠎ᠠ ᠪᠤᠯᠭᠠᠨ ᠳᠡᠪᠱᠢᠭᠦᠯᠪᠡ᠃ ᠲᠥᠯᠥᠭᠡᠯᠡᠭ᠌ᠴᠢᠳ ᠭᠠᠵᠠᠷ ᠣᠷᠣᠨ ᠤ᠋ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ ᠪᠥᠬᠥᠢ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠂ 《 ᠵᠢᠷᠭᠤᠭᠠᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠬᠦ᠂ ᠡᠨᠧᠷᠭᠢ ᠵᠢᠨ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ᠂ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠵᠢᠴᠢ ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠢᠭᠤᠯᠤᠯᠲᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠷᠠᠳ ᠤ᠋ᠨ ᠠᠮᠢᠳᠤᠷᠠᠯ ᠤ᠋ᠨ ᠠᠰᠠᠭᠤᠳᠠᠯ ᠢ᠋ ᠠᠬᠢᠭᠤᠯᠬᠤ᠎ᠵᠢᠨ ᠲᠣᠭᠣᠷᠢᠨ᠎ᠳᠤ ᠨᠡᠢ᠌ᠳᠡ 120 ᠬᠤᠪᠢ ᠰᠠᠨᠠᠯ ᠰᠠᠨᠠᠭᠤᠯᠭ᠎ᠠ ᠳᠤᠷᠠᠳᠪᠠ᠃ ᠲᠥᠯᠥᠭᠡᠯᠡᠭ᠌ᠴᠢᠳ ᠶᠡᠬᠡ ᠬᠤᠷᠠᠯ ᠤ᠋ᠨ ᠡᠯ᠎ᠡ ᠵᠦᠢᠯ ᠤ᠋ᠨ ᠰᠠᠬᠢᠯᠭ᠎ᠠ ᠪᠠᠲᠤ ᠳᠦᠷᠢᠮ ᠲᠣᠭ᠍ᠲᠠᠭᠠᠯ ᠢ᠋ ᠴᠢᠩᠭ᠎ᠠ ᠵᠢᠷᠤᠮᠯᠠᠨ᠂ ᠰᠡᠳᠭᠢᠯ ᠰᠠᠨᠠᠭ᠎ᠠ ᠪᠡᠨ ᠲᠦᠪᠯᠡᠷᠡᠭᠦᠯᠦᠨ ᠬᠤᠷᠠᠯ᠎ᠳᠤ ᠣᠷᠣᠯᠴᠠᠵᠤ᠂ ᠰᠠᠢ᠌ᠨ ᠰᠠᠢᠬᠠᠨ ᠬᠤᠷᠠᠯ ᠤ᠋ᠨ ᠰᠤᠷᠲᠠᠯ ᠬᠤᠷᠠᠯ ᠤ᠋ᠨ ᠰᠠᠬᠢᠯᠭ᠎ᠠ ᠪᠠᠲᠤ ᠶ᠋ᠢ ᠪᠠᠲᠤᠯᠠᠵᠤ᠂ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠰᠠᠢ᠌ᠨ ᠰᠠᠢᠬᠠᠨ ᠲᠦᠷᠢ ᠲᠥᠷᠬᠦ᠌ ᠶ᠋ᠢ ᠬᠠᠷᠠᠭᠤᠯᠪᠠ᠃


QQ截图20240312160714.png


ᠰᠢᠨ᠎ᠡ ᠠᠶᠠᠨ᠎ᠳᠠᠭᠠᠨ ᠢᠳᠡᠭᠡᠯ ᠲᠦᠭᠦᠷᠡᠩ ᠮᠤᠷᠳᠠᠨᠠᠮ


QQ截图20240312160657.png


ᠲᠤᠮᠳᠠᠳᠤ ᠭᠠᠳᠠᠭᠠᠳᠤ ᠵᠢᠨ ᠵᠠᠭᠤᠴᠢᠯᠠᠭᠤᠷ ᠎ᠤᠨ  ᠭᠢᠨ ᠦᠪᠦᠷ ᠮᠤᠩᠭᠤᠯ ᠎ᠤᠨ ᠲᠦᠯᠦᠭᠡᠯᠡᠭᠴᠢᠳ ᠎ᠤᠨ ᠪᠦᠯᠬᠦᠮ ᠎ᠤᠨ ᠪᠦᠯᠬᠦᠮ ᠲᠤᠭᠤᠢᠯᠠᠩ᠎ᠤᠨ ᠨᠡᠭᠡᠭᠡᠯᠳᠡ ᠬᠢᠬᠦ ᠠᠵᠢᠯᠯᠠᠭ᠎ᠠ᠎ᠳᠤ ᠠᠩᠬᠠᠷᠤᠯ ᠵᠢᠡᠨ ᠬᠠᠨᠳᠤᠭᠤᠯᠤᠨ᠎ᠠ


ᠢᠷᠡᠭᠡᠳᠦᠢ ᠭᠡᠭᠡᠨ ᠰᠠᠷᠠᠭᠤᠯ᠂ ᠰᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠭᠰᠢᠯᠠᠨ᠎ᠠ᠃ ᠡᠨᠡ ᠵᠢᠯ ᠪᠣᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 75 ᠵᠢᠯ ᠤ᠋ᠨ ᠤᠢ᠂  《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠶ᠋ᠢ ᠪᠡᠶᠡᠯᠡᠭᠦᠯᠬᠦ᠌ ᠵᠠᠩᠭᠢᠯᠠᠭ᠎ᠠ ᠵᠢᠨ ᠨᠢᠭᠡ ᠵᠢᠯ ᠮᠥᠨ᠃ ᠲᠥᠯᠥᠭᠡᠯᠡᠭ᠌ᠴᠢᠳ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ᠎ᠳᠤ ᠥᠭ᠌ᠭᠦᠭ᠌ᠰᠡᠨ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠠ ᠪᠥᠬᠥ᠌ ᠤᠯᠤᠰ ᠤ᠋ᠨ ᠬᠣᠶᠠᠷ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠭ᠌ᠵᠢᠯᠲᠡ ᠶ᠋ᠢ ᠠᠳᠭᠤᠬᠤ᠂ ᠥᠭᠡᠷᠡᠴᠢᠯᠡᠯᠲᠡ ᠶ᠋ᠢ ᠠᠬᠢᠭᠤᠯᠬᠤ᠂ ᠠᠷᠠᠳ ᠤ᠋ᠨ ᠠᠮᠢᠳᠤᠷᠠᠯ᠎ᠳᠤ ᠠᠱᠢᠭ ᠬᠦᠷᠲᠡᠭᠡᠬᠦ᠌᠂ ᠪᠦᠯᠬᠦᠮᠳᠡᠯ ᠢ᠋ ᠴᠢᠩᠭᠠᠳᠭᠠᠬᠤ᠂ ᠠᠮᠤᠷ ᠲᠦᠪᠱᠢᠨ ᠢ᠋ ᠪᠠᠲᠤᠯᠠᠬᠤ ᠵᠡᠷᠭᠡ ᠡᠯ᠎ᠡ ᠵᠦᠶ᠋ᠯ ᠤ᠋ᠨ ᠠᠵᠢᠯ ᠢ᠋ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠬᠣᠶᠠᠷ ᠶᠡᠬᠡ ᠶᠠᠪᠤᠳᠠᠯ ᠢ᠋ ᠨᠠᠩ ᠰᠠᠢᠨ ᠬᠢᠵᠦ᠍᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠶ᠋ᠢ ᠲᠠᠰᠤᠷᠠᠯᠲᠠ ᠥᠬᠡᠶ ᠪᠢᠴᠢᠭ᠌ᠯᠡᠨ᠎ᠡ ᠭᠡᠵᠤ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号