— ᠤᠯᠤᠰ ᠲᠦᠷᠦ᠎ᠶᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠬᠣᠷᠢᠶᠠᠨ᠎ᠤ ᠬᠣᠶᠠᠳᠤᠭᠠᠷ ᠬᠤᠷᠠᠯ ᠳᠡᠭᠡᠷ᠎ᠡ
(2024 ᠣᠨ᠎ᠤ 3 ᠰᠠᠷ᠎ᠠ᠎ᠶᠢᠨ 4᠎ᠤ᠋ ᠡᠳᠦᠷ)
ᠸᠠᠩ ᠬᠤ᠌ ᠨᠢᠩ
ᠭᠡᠰᠢᠭᠦᠳ ᠠ᠋ ᠄
ᠪᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠬᠣᠷᠢᠶᠠᠨ᠎ᠤ ᠪᠠᠢᠩᠭᠤ᠎ᠶᠢᠨ ᠬᠣᠷᠢᠶ᠎ᠠ᠎ᠶᠢ ᠲᠥᠯᠥᠭᠡᠯᠡᠨ᠂ ᠶᠡᠬᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠨᠢᠭᠡ᠂ 2023 ᠣᠨ᠎ᠤ ᠭᠣᠣᠯ ᠠᠵᠢᠯ
2023 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶᠢᠨ ᠵᠢᠯ ᠮᠥᠨ᠃ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠪᠠᠢᠯᠭᠠᠬᠤ᠎ᠶᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠦᠷᠭᠦᠯᠵᠢᠯᠡᠨ ᠲᠡᠮᠡᠴᠡᠵᠦ᠂ ᠡᠷᠡᠮᠡᠬᠡᠢᠯᠡᠨ ᠤᠷᠤᠭᠰᠢᠯᠠᠵᠤ᠂ ᠳᠣᠲᠣᠭᠠᠳᠤ ᠭᠠᠳᠠᠭᠠᠳᠤ᠎ᠶᠢᠨ ᠬᠦᠴᠢᠷᠳᠡᠯ᠎ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠲᠣᠭᠲᠠᠭᠤᠨ᠎ᠢᠶᠠᠷ ᠱᠠᠲᠤ ᠰᠢᠯᠵᠢᠵᠦ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠠᠵᠢᠯ᠎ᠤᠨ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠤ᠂ ᠠᠮᠤᠷ ᠲᠦᠪᠰᠢᠨ ᠬᠥᠭᠵᠢᠯᠲᠡ᠎ᠶᠢᠨ ᠰᠠᠭᠤᠷᠢ ᠪᠡᠬᠢᠵᠢᠨ ᠪᠠᠲᠤᠵᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢ᠎ᠲᠠᠢ ᠪᠣᠯᠵᠤ᠂ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠭᠣᠣᠯ ᠵᠢᠱ᠌ᠢᠭᠰᠡᠨ ᠬᠠᠷᠠᠯᠲᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠨᠡᠢᠭᠡᠮ᠎ᠤᠨ ᠶᠡᠬᠡ ᠲᠠᠯ᠎ᠠ᠎ᠶᠢᠨ ᠲᠣᠭᠲᠠᠭᠤᠨ ᠪᠠᠢᠳᠠᠯ᠎ᠢ ᠪᠠᠲᠤᠯᠠᠨ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠲᠡᠭᠡᠯ ᠪᠠ ᠡᠷᠴᠢ ᠵᠣᠷᠢᠭ᠋᠎ᠢ ᠲᠤᠢᠯ᠎ᠤᠨ ᠶᠡᠬᠡ᠎ᠪᠠᠷ ᠨᠡᠮᠡᠭᠳᠡᠭᠦᠯᠪᠡ᠃
ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠦᠷᠦ᠎ᠶᠢᠨ ᠵᠥᠪᠯᠡᠯᠭᠡᠨ᠎ᠤ ᠪᠦᠬᠦ ᠤᠯᠤᠰ᠎ᠤᠨ ᠬᠣᠷᠢᠶ᠎ᠠ ᠵᠢᠴᠢ ᠲᠡᠭᠦᠨ᠎ᠤ ᠪᠠᠢᠩᠭᠤ᠎ᠶᠢᠨ ᠬᠣᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠨ᠂ 《ᠳᠥᠷᠪᠡᠨ ᠤᠬᠠᠮᠰᠠᠷ》ᠵᠢᠡᠨ ᠴᠢᠩᠭᠠᠳᠬᠠᠨ᠂ 《ᠳᠥᠷᠪᠡᠨ ᠢᠲᠡᠭᠡᠯ》ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠦᠨ᠂ ᠪᠦᠯᠬᠦᠮᠳᠡᠯ ᠪᠠ ᠠᠷᠠᠳᠴᠢᠯᠠᠯ ᠭᠡᠬᠦ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠨ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠰᠢᠨᠵᠢ ᠴᠢᠨᠠᠷ᠎ᠤᠨ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠶᠢᠨ ᠳᠤᠮᠳᠠ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠢ ᠤᠬᠠᠭᠠᠯᠠᠨ ᠲᠥᠯᠥᠪᠯᠡᠵᠦ ᠠᠬᠢᠭᠤᠯᠬᠤ᠎ᠶᠢ ᠪᠠᠷᠢᠮᠲᠠᠯᠠᠨ᠂ ᠲᠥᠪ ᠶᠣᠰᠣ᠌᠎ᠶᠢ ᠰᠠᠬᠢᠨ ᠰᠢᠨ᠎ᠡ᠎ᠶᠢ ᠡᠭᠦᠳᠴᠦ᠂ ᠪᠦᠯᠬᠦᠮᠳᠡᠵᠦ ᠡᠷᠡᠯᠬᠡᠭᠯᠡᠨ ᠲᠡᠮᠡᠴᠡᠵᠦ᠂ ᠬᠤᠭᠤᠴᠠᠭ᠎ᠠ ᠪᠦᠷᠢ᠎ᠶᠢᠨ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠲᠠᠯᠪᠢᠭ᠍ᠰᠠᠨ ᠰᠠᠢᠨ ᠰᠠᠭᠤᠷᠢᠨ ᠳᠡᠭᠡᠷ᠎ᠡ᠂ ᠡᠯ᠎ᠡ ᠵᠦᠢᠯ᠎ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭᠵᠢᠯᠲᠡ᠎ᠳᠤ ᠦᠢᠯᠡᠴᠢᠯᠡᠬᠦ᠎ᠳᠤ ᠰᠢᠨ᠎ᠡ ᠬᠤᠪᠢ ᠨᠡᠮᠡᠷᠢ ᠦᠵᠡᠭᠦᠯᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯ᠎ᠢ ᠤᠷᠤᠭᠰᠢᠲᠠᠢ ᠡᠬᠢᠯᠡᠭᠦᠯᠬᠦ᠎ᠶᠢ ᠠᠬᠢᠭᠤᠯᠬᠤ᠎ᠶᠢᠨ ᠲᠤᠯᠠᠳᠠ᠂ ᠪᠢᠳᠡ ᠭᠣᠣᠯᠳᠠᠭᠤ ᠳᠣᠣᠷᠠᠬᠢ ᠳᠥᠷᠪᠡᠨ ᠲᠠᠯ᠎ᠠ᠎ᠪᠠᠷ ᠬᠦᠴᠦ ᠲᠠᠯᠪᠢᠨ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠪᠡ᠃
ᠨᠢᠭᠡ᠎ᠳᠤ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠤᠯᠤᠰ ᠲᠦᠷᠦ᠎ᠶᠢᠨ ᠵᠥᠪ ᠴᠢᠭᠯᠡᠯ᠎ᠢ ᠪᠠᠲᠤ ᠡᠵᠡᠮᠳᠡᠪᠡ᠃ ᠪᠢᠳᠡ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠤᠯᠤᠰ ᠲᠦᠷᠦ᠎ᠶᠢᠨ ᠵᠣᠬᠢᠶᠠᠨ ᠪᠠᠢᠭᠤᠯᠤᠯᠲᠠ ᠮᠥᠨ ᠭᠡᠳᠡᠭ᠎ᠢ ᠭᠦᠨᠵᠡᠭᠡᠢ ᠲᠠᠨᠢᠵᠤ᠂ ᠤᠬᠠᠮᠰᠠᠷ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠶᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠦᠬᠦ ᠠᠵᠢᠯ᠎ᠤᠨ ᠳᠤᠮᠳᠠ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ᠎ᠪᠠᠨ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢᠪᠠ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠂ ᠪᠠᠢᠭᠤᠯᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠬᠤ ᠪᠠ ᠲᠡᠭᠦᠨ᠎ᠳᠤ ᠮᠡᠳᠡᠭᠦᠯᠬᠦ ᠬᠡᠷᠡᠭ ᠶᠠᠪᠤᠳᠠᠯ᠎ᠤᠨ ᠲᠣᠳᠣᠷᠬᠠᠢ ᠬᠠᠭᠤᠳᠠᠰᠤ᠎ᠶᠢ ᠲᠣᠭᠲᠠᠭᠠᠵᠤ᠂ ᠴᠢᠬᠤᠯᠠ ᠶᠡᠬᠡ ᠬᠡᠷᠡᠭ ᠶᠠᠪᠤᠳᠠᠯ᠎ᠤᠨ ᠲᠤᠬᠠᠢ ᠵᠢᠭᠠᠪᠤᠷᠢ ᠠᠪᠬᠤ ᠪᠠ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠪᠡ᠃ 《ᠨᠢᠭᠡᠳᠦᠭᠡᠷ ᠵᠥᠪᠯᠡᠬᠦ ᠰᠡᠳᠦᠪ》᠎ᠤ᠋ᠨ ᠳᠦᠷᠢᠮ᠎ᠢ ᠲᠣᠭᠲᠠᠭᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯᠳᠤᠭᠠᠨ᠂ ᠲᠡᠷᠢᠭᠦᠯᠡᠭᠴᠢᠳ᠎ᠤᠨ ᠬᠤᠷᠠᠯᠳᠤᠭᠠᠨ᠎ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠬᠠᠮᠤᠭ᠎ᠤᠨ ᠰᠢᠨ᠎ᠡ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ 19 ᠤᠳᠠᠭ᠎ᠠ᠂ 182 ᠬᠤᠪᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳᠦᠷᠢᠮ᠂ ᠠᠵᠢᠯ᠎ᠤᠨ ᠡᠬᠡ ᠳᠠᠩᠰᠠ᠂ ᠰᠢᠪᠠᠳᠠᠨ ᠪᠠᠢᠴᠠᠭᠠᠬᠤ ᠲᠣᠭᠲᠠᠴᠠ᠎ᠶᠢ ᠪᠦᠷᠢᠨᠰᠢᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠶᠡᠷᠦᠩᠬᠡᠢ ᠱᠦᠵᠢ ᠰᠢ᠎ᠶᠢᠨ ᠫᠢᠩ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠪᠢᠴᠢᠭ ᠮᠠᠲᠧᠷᠢᠶᠠᠯ᠎ᠢ ᠨᠠᠢᠳᠠᠪᠤᠷᠢᠵᠢᠭᠤᠯᠤᠭᠰᠠᠨ ᠪᠠᠢᠳᠠᠯ᠎ᠳᠤ 《ᠡᠷᠭᠢᠵᠦ ᠬᠠᠷᠠᠬᠤ》 ᠠᠵᠢᠯᠯᠠᠭ᠎ᠠ᠎ᠶᠢ ᠥᠷᠨᠢᠭᠦᠯᠪᠡ᠃ ᠪᠦᠬᠦ ᠤᠯᠤᠰ᠎ᠤᠨ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ᠎ᠶᠢᠨ ᠶᠡᠬᠡ ᠬᠤᠷᠠᠯ᠂ ᠲᠥᠪ᠎ᠤᠨ ᠮᠥᠩᠭᠥᠨ ᠭᠦᠢᠯᠭᠡᠭᠡᠨ᠎ᠤ ᠠᠵᠢᠯ᠎ᠤᠨ ᠬᠤᠷᠠᠯᠳᠤᠭᠠᠨ᠂ ᠲᠥᠪ᠎ᠤᠨ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ᠂ ᠲᠥᠪ᠎ᠤᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠠᠯᠳᠤᠭᠠᠨ ᠵᠡᠷᠭᠡ ᠴᠢᠬᠤᠯᠠ ᠬᠤᠷᠠᠯ᠎ᠤᠨ ᠵᠣᠷᠢᠭ᠋ ᠰᠠᠨᠠᠭ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠪᠠᠢᠷᠢᠯᠠᠭᠤᠯᠤᠯᠲᠠ᠎ᠶᠢ ᠰᠤᠷᠤᠯᠴᠠᠨ ᠣᠢᠯᠠᠭᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠵᠢᠴᠢ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠂ ᠡᠯ᠎ᠡ ᠲᠤᠰᠬᠠᠢ ᠵᠥᠪᠯᠡᠯ 64 ᠬᠤᠪᠢ ᠠᠵᠢᠯ᠎ᠤᠨ ᠲᠥᠰᠥᠯ᠎ᠢ ᠲᠣᠭᠲᠠᠭᠠᠵᠤ ᠬᠡᠷᠡᠭᠵᠢᠭᠦᠯᠦᠨ ᠨᠠᠢᠳᠠᠪᠤᠷᠢᠵᠢᠭᠤᠯᠪᠠ᠃
ᠬᠣᠶᠠᠷ᠎ᠲᠤ ᠤᠯᠤᠰ ᠲᠦᠷᠦ᠎ᠶᠢᠨ ᠪᠣᠯᠪᠠᠰᠤᠷᠠᠭᠤᠯᠤᠯ᠎ᠢ ᠴᠢᠩᠭᠠᠳᠬᠠᠵᠤ᠂ ᠤᠯᠤᠰ ᠲᠦᠷᠦ᠎ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠪᠡ᠃ ᠪᠢᠳᠡ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢ ᠴᠢᠩᠭᠠᠳᠬᠠᠬᠤ᠎ᠪᠠᠷ ᠦᠨᠳᠦᠰᠦ ᠪᠣᠯᠭᠠᠨ᠂ ᠭᠣᠣᠯ ᠠᠵᠢᠯ᠎ᠲᠠᠢ ᠤᠶᠠᠯᠳᠤᠭᠤᠯᠬᠤ᠂ ᠶᠡᠬᠡ ᠲᠠᠯ᠎ᠠ᠎ᠳᠤ ᠦᠢᠯᠡᠴᠢᠯᠡᠬᠦ ᠴᠢᠳᠠᠪᠤᠷᠢ᠎ᠪᠠᠨ ᠴᠢᠩᠭᠠᠳᠬᠠᠬᠤ᠎ᠪᠠᠷ ᠵᠠᠩᠭᠢᠯᠠᠭ᠎ᠠ ᠪᠣᠯᠭᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠢ ᠲᠥᠪᠯᠡᠷᠡᠭᠦᠯᠦᠨ ᠰᠤᠷᠤᠯᠴᠠᠭᠤᠯᠵᠤ ᠪᠣᠯᠪᠠᠰᠤᠷᠠᠭᠤᠯᠬᠤ ᠲᠥᠯᠦᠪᠵᠢᠭᠦᠯᠭᠡ ᠪᠠ ᠪᠣᠯᠪᠠᠰᠤᠷᠠᠭᠤᠯᠬᠤ ᠠᠵᠢᠯ᠎ᠤᠨ ᠠᠷᠭ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠺᠠᠳ᠋ᠷᠴᠤᠳ᠎ᠢ ᠬᠥᠮᠥᠵᠢᠭᠦᠯᠦᠨ ᠪᠣᠯᠪᠠᠰᠤᠷᠠᠭᠤᠯᠬᠤ ᠲᠥᠯᠦᠪᠵᠢᠭᠦᠯᠭᠡ ᠪᠠ ᠪᠣᠯᠪᠠᠰᠤᠷᠠᠭᠤᠯᠬᠤ ᠠᠵᠢᠯ᠎ᠤᠨ ᠠᠷᠭ᠎ᠠ ᠵᠡᠷᠭᠡ᠎ᠶᠢ ᠲᠣᠭᠲᠠᠭᠠᠪᠠ᠃ ᠶᠡᠷᠦᠩᠬᠡᠢ ᠱᠦᠵᠢ ᠰᠢ᠎ᠶᠢᠨ ᠫᠢᠩ᠎ᠤ᠋ᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ᠎ᠲᠠᠢ ᠤᠶᠠᠯᠳᠤᠭᠤᠯᠤᠨ᠂ ᠰᠢᠨ᠎ᠡ᠎ᠪᠠᠷ ᠲᠤᠰᠢᠶᠠᠯ ᠡᠭᠦᠷᠭᠡᠯᠡᠭᠰᠡᠨ ᠭᠡᠰᠢᠭᠦᠳ᠎ᠤᠨ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠭᠢ᠂ ᠲᠤᠰᠬᠠᠢ ᠵᠥᠪᠯᠡᠯ᠎ᠤᠨ ᠡᠷᠬᠢᠯᠡᠭᠴᠢᠳ᠎ᠤᠨ ᠬᠤᠷᠠᠯᠳᠤᠭᠠᠨ ᠵᠢᠴᠢ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠭᠢ᠂ ᠭᠡᠰᠢᠭᠦᠳ᠎ᠤᠨ ᠲᠤᠰᠬᠠᠢ ᠰᠡᠳᠦᠪᠲᠦ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠭᠢ᠂ ᠡᠯ᠎ᠡ ᠱᠠᠲᠤᠨ᠎ᠤ ᠤᠯᠤᠰ ᠲᠦᠷᠦ᠎ᠶᠢᠨ ᠵᠥᠪᠯᠡᠯᠭᠡᠨ᠎ᠤ ᠺᠠᠳ᠋ᠷᠴᠤᠳ᠎ᠤᠨ ᠲᠤᠰᠬᠠᠢ ᠰᠡᠳᠦᠪᠲᠦ ᠪᠣᠯᠪᠠᠰᠤᠷᠠᠭᠤᠯᠤᠯ᠎ᠤᠨ ᠠᠩᠭᠢ ᠵᠡᠷᠭᠡ᠎ᠶᠢ ᠡᠷᠬᠢᠯᠡᠵᠦ᠂ ᠰᠤᠷᠤᠯᠴᠠᠯᠭ᠎ᠠ ᠪᠣᠯᠪᠠᠰᠤᠷᠠᠭᠤᠯᠤᠯ᠎ᠳᠤ 8740 ᠬᠥᠮᠥᠨ ᠤᠳᠠᠭ᠎ᠠ ᠣᠷᠣᠯᠴᠠᠨ᠂ ᠪᠥᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠲᠡᠷᠢᠭᠦᠯᠡᠭᠴᠢᠳ᠎ᠤᠨ ᠬᠤᠷᠠᠯᠳᠤᠭᠠᠨ᠎ᠤ ᠪᠦᠷᠢᠯᠳᠦᠭᠦᠨ ᠣᠷᠤᠯᠴᠠᠭᠰᠠᠨ ᠪᠥᠭᠡᠳ ᠲᠦᠷᠦᠭᠦᠯᠡᠨ ᠬᠢᠴᠢᠶᠡᠯᠯᠡᠵᠦ᠂ ᠥᠷᠭᠡᠨ ᠣᠯᠠᠨ ᠭᠡᠰᠢᠭᠦᠳ ᠪᠠ ᠪᠠᠢᠭᠤᠯᠭ᠎ᠠ᠎ᠶᠢᠨ ᠺᠠᠳ᠋ᠷᠴᠤᠳ᠎ᠤᠨ ᠨᠠᠮ᠎ᠤᠨ ᠰᠢᠨ᠎ᠡ ᠡᠭᠦᠳᠦᠯᠲᠡ᠎ᠶᠢᠨ ᠣᠨᠣᠯ᠎ᠢᠶᠠᠷ ᠰᠡᠳᠬᠢᠯ ᠰᠠᠨᠠᠭ᠎ᠠ᠎ᠪᠠᠨ ᠨᠢᠭ᠍ᠲᠠᠷᠠᠭᠤᠯᠤᠨ ᠰᠦᠭ ᠰᠦᠯᠳᠡ᠎ᠶᠢ ᠪᠣᠰᠬᠠᠬᠤ᠂ ᠦᠨᠳᠦᠰᠦ ᠰᠠᠭᠤᠷᠢ᠎ᠪᠠᠨ ᠪᠠᠲᠤᠳᠬᠠᠨ ᠪᠡᠬᠢᠵᠢᠭᠦᠯᠬᠦ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠣᠷᠣᠨ᠎ᠤ ᠲᠥᠯᠥᠭᠡ ᠲᠤᠰᠢᠶᠠᠯ᠎ᠢᠶᠠᠨ ᠨᠡᠩ ᠰᠠᠢᠨ ᠭᠦᠢᠴᠡᠳᠬᠡᠵᠦ᠂ ᠠᠷᠠᠳ ᠲᠦᠮᠡᠨ᠎ᠤ ᠲᠥᠯᠥᠭᠡ ᠬᠠᠷᠢᠭᠤᠴᠠᠯᠭ᠎ᠠ᠎ᠪᠠᠨ ᠨᠡᠩ ᠰᠠᠢᠨ ᠪᠡᠶᠡᠯᠡᠭᠦᠯᠬᠦ᠎ᠶᠢ ᠬᠥᠲᠥᠯᠥᠨ ᠵᠢᠯᠣᠭᠣᠳᠪᠠ᠃
ᠭᠤᠷᠪᠠ᠎ᠳᠤ ᠠᠵᠢᠯ᠎ᠤᠨ ᠳᠦᠷᠢᠮ᠎ᠤᠨ ᠰᠢᠰᠲᠧᠮ᠎ᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠳᠦᠷᠢᠮ᠎ᠤᠨ ᠰᠠᠭᠤᠷᠢ᠎ᠶᠢ ᠪᠡᠬᠢᠵᠢᠭᠦᠯᠪᠡ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠠᠬᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠵᠢᠯᠲᠠ ᠵᠡᠷᠭᠡ ᠴᠢᠳᠠᠮᠵᠢ᠎ᠶᠢᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠤᠷᠤᠯᠴᠠᠯᠭ᠎ᠠ ᠪᠣᠯᠪᠠᠰᠤᠷᠠᠭᠤᠯᠤᠯ᠂ ᠪᠠᠢᠴᠠᠭᠠᠨ ᠰᠤᠳᠤᠯᠤᠯᠲᠠ ᠬᠢᠵᠦ ᠪᠠᠢᠴᠠᠭᠠᠨ ᠦᠵᠡᠬᠦ᠂ ᠵᠥᠪᠯᠡᠯᠭᠡ ᠬᠢᠵᠦ ᠲᠦᠷᠤ᠎ᠶᠢᠨ ᠬᠡᠷᠡᠭ᠎ᠢ ᠵᠥᠪᠯᠡᠬᠦ᠂ ᠰᠡᠳᠬᠢᠯ᠎ᠤᠨ ᠦᠭᠡ᠎ᠪᠠᠨ ᠶᠠᠷᠢᠯᠴᠠᠨ ᠰᠣᠯᠢᠯᠴᠠᠬᠤ᠂ ᠰᠣᠨᠢᠨ ᠮᠡᠳᠡᠭᠡᠨ᠎ᠤ ᠤᠬᠠᠭᠤᠯᠭ᠎ᠠ᠂ ᠭᠡᠰᠢᠭᠦᠳ ᠨᠣᠮ ᠤᠩᠰᠢᠬᠤ᠂ ᠪᠠᠢᠭᠤᠯᠭ᠎ᠠ᠎ᠶᠢᠨ ᠪᠠᠢᠭᠤᠯᠤᠯᠲᠠ ᠵᠡᠷᠭᠡ ᠠᠵᠢᠯ᠎ᠲᠠᠢ ᠤᠶᠠᠯᠳᠤᠭᠤᠯᠤᠨ᠂ 87 ᠵᠦᠢᠯ᠎ᠤᠨ ᠳᠦᠷᠢᠮ᠎ᠢ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠳᠦᠷᠢᠮ᠎ᠤᠨ ᠬᠡᠷᠡᠭᠵᠢᠭᠦᠯᠦᠯᠲᠡ᠎ᠶᠢ ᠴᠢᠩᠳᠠᠯᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠳᠠᠪᠬᠤᠷᠭ᠎ᠠ᠎ᠶᠢᠨ 57 ᠵᠦᠢᠯ᠂ ᠪᠠᠢᠭᠤᠯᠭ᠎ᠠ᠎ᠶᠢᠨ ᠳᠠᠪᠬᠤᠷᠭ᠎ᠠ᠎ᠶᠢᠨ 171 ᠵᠦᠢᠯ᠎ᠤᠨ ᠳᠦᠷᠢᠮ᠎ᠢ ᠡᠮᠬᠢᠯᠡᠨ ᠨᠠᠢᠷᠠᠭᠤᠯᠵᠤ᠂ ᠭᠣᠣᠯᠳᠠᠯᠭ᠎ᠠ᠎ᠲᠠᠢ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠳᠤ ᠲᠤᠰᠬᠠᠢ ᠰᠢᠪᠠᠳᠠᠨ ᠪᠠᠢᠴᠠᠭᠠᠯᠲᠠ᠎ᠶᠢ ᠥᠷᠨᠢᠭᠦᠯᠵᠦ᠂ ᠬᠡᠯᠪᠡᠷᠢ᠎ᠶᠢᠨ ᠦᠵᠡᠯ᠂ ᠨᠣᠶᠠᠨᠴᠢ ᠰᠤᠷᠲᠠᠯ᠎ᠢ ᠡᠰᠡᠷᠭᠦᠴᠡᠬᠦ ᠱᠠᠭᠠᠷᠳᠠᠯᠭ᠎ᠠ᠎ᠶᠢ ᠨᠠᠢᠳᠠᠪᠤᠷᠢᠵᠢᠭᠤᠯᠪᠠ᠃ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠪᠠᠢᠭᠤᠯᠭ᠎ᠠ ᠢᠵᠢ ᠪᠦᠷᠢᠳᠦᠭᠦᠯᠬᠦ ᠳᠦᠷᠢᠮ᠎ᠤᠨ ᠪᠠᠢᠭᠤᠯᠤᠯᠲᠠ᠎ᠶᠢ ᠰᠠᠢᠲᠤᠷ ᠠᠳᠬᠤᠵᠤ᠂ ᠠᠵᠢᠯ᠎ᠤᠨ ᠪᠠᠢᠷᠢ ᠪᠠ ᠬᠠᠷᠢᠭᠤᠴᠠᠯᠭ᠎ᠠ᠎ᠶᠢ ᠲᠣᠭᠲᠠᠭᠠᠨ ᠦᠷ᠎ᠡ ᠪᠥᠳᠥᠮᠵᠢ᠎ᠶᠢ ᠠᠰᠠᠭᠤᠬᠤ᠂ ᠲᠣᠭᠲᠠᠭᠠᠯ ᠪᠠ ᠳᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠪᠡᠶᠡᠯᠡᠭᠦᠯᠪᠡ᠃
ᠳᠥᠷᠪᠡ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠠᠢᠴᠠᠭᠠᠨ ᠰᠤᠳᠤᠯᠵᠤ ᠲᠥᠷᠥ᠎ᠶᠢᠨ ᠬᠡᠷᠡᠭ᠎ᠢ ᠵᠥᠪᠯᠡᠬᠦ ᠶᠠᠰᠤ ᠴᠢᠨᠠᠷ᠎ᠢ ᠳᠡᠭᠡᠭᠰᠢᠯᠡᠭᠦᠯᠪᠡ᠃ ᠪᠢᠳᠡ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠤ ᠠᠵᠢᠯ᠎ᠤᠨ ᠪᠠᠢᠷᠢ ᠲᠣᠭᠲᠠᠭᠠᠯᠲᠠ ᠪᠠ ᠣᠨᠴᠠᠯᠢᠭ᠋᠎ᠢ ᠡᠵᠡᠮᠰᠢᠵᠦ᠂ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠬᠦ ᠠᠵᠢᠯ᠎ᠢ ᠪᠦᠬᠦ ᠶᠠᠪᠤᠴᠠ᠎ᠳᠤ ᠵᠢᠷᠤᠮᠵᠢᠭᠤᠯᠤᠨ ᠰᠢᠯᠢᠳᠡᠭᠵᠢᠭᠦᠯᠵᠦ᠂ 《ᠭᠦᠨᠵᠡᠭᠡᠢ᠂ ᠪᠣᠳᠠᠲᠠᠢ᠂ ᠨᠠᠷᠢᠯᠢᠭ᠋᠂ ᠣᠨᠣᠪᠴᠢᠲᠠᠢ᠂ ᠪᠦᠲᠦᠮᠵᠢᠲᠡᠢ》 ᠪᠠᠢᠬᠤ ᠲᠠᠯ᠎ᠠ᠎ᠪᠠᠷ ᠦᠷᠭᠦᠯᠵᠢᠯᠡᠨ ᠬᠦᠴᠦᠯᠡᠪᠡ᠃ ᠪᠠᠢᠴᠠᠭᠠᠨ ᠰᠤᠳᠤᠯᠤᠯᠲᠠ᠎ᠶᠢ ᠵᠥᠪᠯᠡᠬᠦ᠎ᠠᠴᠠ ᠡᠮᠦᠨ᠎ᠡ ᠬᠢᠬᠦ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠢᠴᠠᠭᠠᠨ ᠰᠤᠳᠤᠯᠤᠯᠲᠠ ᠬᠢᠬᠦ᠎ᠶᠢ ᠶᠡᠬᠡ᠎ᠪᠠᠷ ᠪᠠᠳᠠᠷᠠᠭᠤᠯᠬᠤ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠪᠠᠢᠴᠠᠭᠠᠨ ᠰᠤᠳᠤᠯᠤᠯᠲᠠ᠎ᠶᠢᠨ ᠠᠵᠢᠯ᠎ᠢ ᠴᠢᠩᠭᠠᠳᠬᠠᠨ ᠰᠠᠢᠵᠢᠷᠠᠭᠤᠯᠬᠤ ᠰᠠᠨᠠᠯ᠎ᠢ ᠲᠣᠭᠲᠠᠭᠠᠵᠤ᠂ ᠲᠡᠷᠢᠭᠦᠯᠡᠭᠴᠢᠳ᠎ᠤᠨ ᠬᠤᠷᠠᠯᠳᠤᠭᠠᠨ᠎ᠤ ᠪᠦᠷᠢᠯᠳᠦᠭᠦᠨ᠎ᠢᠶᠠᠷ ᠲᠦᠷᠦᠭᠦᠯᠡᠭᠦᠯᠦᠭᠰᠡᠨ᠂ ᠲᠤᠰᠬᠠᠢ ᠵᠥᠪᠯᠡᠯ ᠠᠯᠤᠰᠯᠠᠭᠰᠠᠨ ᠲᠤᠰᠬᠠᠢ ᠰᠡᠳᠦᠪᠲᠦ ᠰᠤᠳᠤᠯᠭᠠᠨ ᠬᠢᠬᠦ ᠳᠦᠷᠢᠮ᠎ᠢ ᠰᠦᠪᠡᠭᠴᠢᠯᠡᠨ ᠪᠠᠢᠭᠤᠯᠵᠤ᠂ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠬᠦ ᠳᠤᠮᠳᠠᠬᠢ ᠵᠠᠷᠢᠮ ᠭᠦᠨ ᠳᠠᠪᠬᠤᠷᠭ᠎ᠠ᠎ᠶᠢᠨ ᠠᠰᠠᠭᠤᠳᠠᠯ᠎ᠳᠤ ᠴᠢᠭᠯᠡᠭᠦᠯᠦᠨ ᠬᠦᠴᠦᠨ᠎ᠢᠶᠠᠨ ᠵᠣᠬᠢᠶᠠᠨ ᠪᠠᠢᠭᠤᠯᠵᠤ ᠮᠥᠷᠳᠡᠨ ᠰᠤᠳᠤᠯᠵᠤ᠂ 《ᠪᠠᠢᠴᠠᠭᠠᠨ ᠰᠤᠳᠤᠯᠤᠯᠲᠠ ᠬᠢᠬᠦ — ᠵᠥᠪᠳᠡᠯᠴᠡᠬᠦ — ᠳᠠᠬᠢᠨᠲᠠ ᠪᠠᠢᠴᠠᠭᠠᠨ ᠰᠤᠳᠤᠯᠤᠯᠲᠠ ᠬᠢᠬᠦ》᠎ᠪᠠᠷ ᠳᠠᠮᠵᠢᠭᠤᠯᠤᠨ ᠠᠰᠠᠭᠤᠳᠠᠯ᠎ᠢ ᠭᠦᠨᠵᠡᠭᠡᠢ ᠰᠤᠳᠤᠯᠤᠨ ᠭᠦᠢᠴᠡᠳ ᠵᠥᠪᠯᠡᠪᠡ᠃ ᠴᠢᠬᠤᠯᠠ ᠵᠥᠪᠯᠡᠬᠦ ᠬᠤᠷᠠᠯ᠎ᠢ ᠪᠡᠯᠡᠳᠬᠡᠬᠦ ᠵᠣᠬᠢᠶᠠᠨ ᠪᠠᠶ᠋ᠢᠭᠤᠯᠬᠤ ᠠᠵᠢᠯ᠎ᠢ ᠰᠠᠢᠵᠢᠷᠠᠭᠤᠯᠵᠤ᠂ ᠬᠤᠷᠠᠯ᠎ᠳᠤ ᠣᠷᠣᠯᠴᠠᠬᠤ ᠭᠡᠰᠢᠭᠦᠳ᠎ᠤᠨ ᠲᠤᠰᠬᠠᠢ ᠮᠡᠷᠭᠡᠵᠢᠯ᠎ᠤᠨ ᠴᠢᠨᠠᠷ ᠪᠠ ᠲᠥᠯᠥᠭᠡᠯᠡᠬᠦ ᠴᠢᠨᠠᠷ᠎ᠢ ᠴᠢᠩᠭᠠᠳᠬᠠᠵᠤ᠂ ᠨᠥᠬᠥᠴᠡᠯ ᠪᠦᠷᠢᠳᠦᠭᠦᠯᠵᠦ ᠪᠠᠢᠭᠠᠳ ᠭᠡᠰᠢᠭᠦᠳ᠎ᠤᠨ ᠪᠠᠢᠳᠠᠯ᠎ᠢ ᠡᠵᠡᠮᠰᠢᠬᠦ᠂ ᠲᠥᠷᠥ᠎ᠶᠢᠨ ᠪᠣᠳᠣᠯᠭ᠎ᠠ᠎ᠶᠢ ᠣᠢᠯᠠᠭᠠᠬᠤ᠎ᠳᠤ ᠬᠠᠪᠰᠤᠷᠴᠤ᠂ ᠭᠦᠨᠵᠡᠭᠡᠢ ᠵᠥᠪᠳᠡᠯᠴᠡᠨ ᠦᠢᠯᠡᠳᠦᠯᠴᠡᠬᠦ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠠᠷ ᠨᠢᠭ᠍ᠲᠠᠷᠠᠭᠤᠯᠬᠤ᠎ᠶᠢ ᠠᠬᠢᠭᠤᠯᠪᠠ᠃ 1755 ᠰᠠᠨᠠᠭᠤᠯᠭ᠎ᠠ᠎ᠶᠢᠨ ᠵᠥᠪᠯᠡᠬᠦ ᠰᠡᠳᠦᠪ᠎ᠠᠴᠠ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠬᠦ 21 ᠭᠣᠣᠯᠳᠠᠯᠭ᠎ᠠ᠎ᠲᠠᠢ ᠰᠡᠳᠦᠪ᠎ᠢ ᠰᠢᠯᠢᠨ ᠰᠣᠩᠭᠣᠵᠤ᠂ ᠭᠣᠣᠯ ᠡᠭᠦᠷᠭᠡ ᠪᠠ ᠤᠯᠠᠨ ᠲᠦᠮᠡᠨ᠎ᠤ ᠬᠦᠰᠡᠯ ᠡᠷᠡᠮᠡᠯᠵᠡᠯ᠎ᠲᠠᠢ ᠤᠶᠠᠯᠳᠤᠭᠤᠯᠤᠨ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠵᠦ᠂ ᠰᠠᠨᠠᠯ ᠪᠣᠳᠣᠯᠭ᠎ᠠ ᠳᠡᠪᠰᠢᠭᠦᠯᠦᠨ ᠵᠠᠰᠠᠭ᠎ᠲᠤ ᠲᠤᠰᠠᠯᠠᠪᠠ᠃
ᠨᠢᠭᠡ ᠵᠢᠯ᠎ᠤᠨ ᠲᠤᠷᠰᠢ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠩᠭᠤ᠎ᠶᠢᠨ ᠬᠣᠷᠢᠶ᠎ᠠ ᠡᠯ᠎ᠡ ᠵᠦᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ᠂ ᠭᠣᠣᠯᠳᠠᠭᠤ ᠳᠣᠣᠷᠠᠬᠢ ᠠᠵᠢᠯ᠎ᠤᠳ᠎ᠢ ᠬᠢᠪᠡ᠃
(ᠨᠢᠭᠡ) ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ᠎ᠶᠢ ᠪᠡᠬᠢᠵᠢᠭᠦᠯᠪᠡ᠃ ᠪᠢᠳᠡ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠥᠷᠥ᠎ᠶᠢᠨ ᠵᠥᠪᠯᠡᠯᠭᠡᠨ᠎ᠤ ᠠᠵᠢᠯ᠎ᠢ ᠶᠡᠷᠦᠩᠬᠡᠢᠯᠡᠨ ᠵᠢᠯᠤᠭᠣᠳᠬᠤ ᠶᠡᠷᠦᠩᠬᠡᠢ ᠬᠥᠲᠥᠯᠪᠦᠷᠢ ᠪᠣᠯᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ᠎ᠶᠢ ᠨᠢᠭᠡᠳᠬᠡᠬᠦ᠎ᠶᠢ ᠪᠠᠷᠢᠮᠲᠠᠯᠠᠵᠤ᠂ ᠡᠯ᠎ᠡ ᠨᠠᠮ ᠪᠦᠯᠦᠭ ᠪᠦᠯᠬᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠥᠰ᠎ᠤᠨ ᠦᠵᠡᠯ ᠰᠠᠨᠠᠭᠠᠨ᠎ᠤ ᠲᠠᠯ᠎ᠠ᠎ᠪᠠᠷ ᠬᠠᠮᠲᠤ᠎ᠪᠠᠷ ᠳᠠᠪᠰᠢᠬᠤ᠂ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠠᠯᠬᠤᠮ᠎ᠢᠶᠠᠨ ᠨᠢᠭᠡᠳᠬᠡᠬᠦ᠎ᠶᠢ ᠠᠬᠢᠭᠤᠯᠪᠠ᠃ ᠤᠯᠤᠰ ᠲᠥᠷᠥ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ ᠪᠠ ᠪᠠᠢᠭᠤᠯᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠂ ᠡᠯ᠎ᠡ ᠲᠤᠰᠬᠠᠢ ᠵᠥᠪᠯᠡᠯ᠎ᠤᠨ ᠨᠠᠮ᠎ᠤᠨ ᠬᠤᠪᠢᠶᠠᠷᠢ ᠤᠳᠤᠷᠢᠳᠬᠤ ᠳᠤᠭᠤᠢᠯᠠᠩ ᠵᠡᠷᠭᠡ᠎ᠶᠢᠨ ᠭᠣᠣᠯ ᠰᠡᠳᠦᠪᠲᠦ ᠬᠥᠮᠦᠵᠢᠯ᠎ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠦᠵᠡᠯ ᠰᠠᠨᠠᠭ᠎ᠠ᠎ᠶᠢ ᠰᠤᠷᠤᠯᠴᠠᠬᠤ᠂ ᠨᠠᠮᠴᠢ ᠴᠢᠨᠠᠷ᠎ᠢ ᠴᠢᠩᠭᠠᠳᠬᠠᠬᠤ᠂ ᠦᠢᠯᠡᠳᠦᠯᠭᠡ᠎ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶ᠋ᠢᠭᠤᠯᠬᠤ ᠶᠡᠷᠦᠩᠬᠡᠢ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠤᠯᠴᠠᠬᠤ᠎ᠪᠠᠷ ᠰᠦᠭ ᠰᠦᠯᠳᠡ᠎ᠶᠢ ᠱᠤᠭᠤᠬᠤ᠂ ᠰᠤᠷᠤᠯᠴᠠᠬᠤ᠎ᠪᠠᠷ ᠪᠢᠯᠢᠭ ᠤᠶᠤᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠬᠡᠪ ᠰᠤᠷᠲᠠᠯ᠎ᠢ ᠲᠥᠪ ᠪᠤᠯᠭᠠᠬᠤ᠂ ᠰᠤᠷᠤᠯᠴᠠᠬᠤ᠎ᠪᠠᠷ ᠡᠷᠴᠢ ᠵᠣᠷᠢᠭ᠋᠎ᠢ ᠬᠥᠪᠴᠢᠯᠡᠬᠦ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠪᠠ᠃ 《ᠰᠢ᠎ᠶᠢᠨ ᠫᠢᠩ ᠤ᠋ᠨ ᠵᠣᠬᠢᠶᠠᠯ᠎ᠤᠨ ᠲᠡᠭᠦᠪᠦᠷᠢ》᠂ 《ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠲᠤᠰᠬᠠᠢ ᠰᠡᠳᠦᠪᠲᠦ ᠲᠡᠭᠦᠪᠦᠷᠢ》᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ ᠵᠡᠷᠭᠡ᠎ᠶᠢ ᠰᠤᠷᠤᠯᠴᠠᠨ ᠣᠢᠯᠠᠭᠠᠬᠤ ᠯᠤᠭ᠎ᠠ ᠤᠶᠠᠯᠳᠤᠭᠤᠯᠤᠨ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ 5 ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ᠂ 2 ᠬᠤᠭᠤᠴᠠᠭᠠᠨ᠎ᠤ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠡᠷᠢᠭᠦᠯᠡᠭᠴᠢᠳ᠎ᠤᠨ ᠬᠤᠷᠠᠯᠳᠤᠭᠠᠨ᠎ᠤ 4 ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ᠂ ᠪᠠᠢᠩᠭᠤ᠎ᠶᠢᠨ ᠬᠣᠷᠢᠶᠠᠨ᠎ᠤ 3 ᠤᠳᠠᠭᠠᠨ᠎ᠤ ᠰᠤᠷᠤᠯᠴᠠᠯᠭ᠎ᠠ᠎ᠶᠢᠨ ᠲᠠᠢᠯᠤᠮᠵᠢ᠎ᠶᠢ ᠡᠷᠬᠢᠯᠡᠪᠡ᠃ ᠶᠡᠷᠦᠩᠬᠡᠢ ᠱᠦᠵᠢ ᠰᠢ᠎ᠶᠢᠨ ᠫᠢᠩ ᠤ᠋ᠨ ᠬᠣᠯᠪᠣᠭᠳᠠᠯ ᠪᠦᠬᠦᠢ ᠴᠢᠬᠤᠯᠠ ᠥᠭᠦᠯᠡᠯᠲᠡ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠤᠷᠤᠯᠴᠠᠵᠦ ᠲᠣᠳᠣᠷᠬᠠᠢᠯᠠᠨ ᠲᠠᠢᠯᠪᠤᠷᠢᠯᠠᠬᠤ᠎ᠶᠢ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠬᠦ ᠠᠵᠢᠯᠯᠠᠭ᠎ᠠ᠎ᠶᠢᠨ ᠳᠤᠮᠳᠠ ᠲᠤᠭᠤᠰᠢᠯᠠᠭᠤᠯᠬᠤ᠎ᠶᠢ ᠪᠠᠷᠢᠮᠲᠠᠯᠠᠵᠤ᠂ ᠰᠠᠨᠠᠯ ᠪᠣᠳᠣᠯᠭ᠎ᠠ ᠳᠡᠪᠰᠢᠭᠦᠯᠦᠨ ᠵᠠᠰᠠᠭ᠎ᠲᠤ ᠲᠤᠰᠠᠯᠠᠬᠤ᠎ᠶᠢᠨ ᠬᠠᠨᠳᠤᠯᠭᠠᠲᠤ ᠴᠢᠨᠠᠷ ᠪᠠ ᠦᠵᠡᠯ ᠰᠠᠨᠠᠭᠠᠨ᠎ᠤ ᠬᠥᠲᠥᠯᠥᠨ ᠳᠠᠭᠠᠭᠤᠯᠭ᠎ᠠ᠎ᠶᠢᠨ ᠪᠦᠲᠦᠮᠵᠢᠲᠦ ᠴᠢᠨᠠᠷ᠎ᠢ ᠴᠢᠩᠭᠠᠳᠬᠠᠪᠠ᠃ ᠰᠢ᠎ᠶᠢᠨ ᠫᠢᠩ ᠤ᠋ᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠶᠠᠷᠢᠯᠴᠠᠬᠤ ᠳᠤᠭᠤᠢᠯᠠᠩ ᠨᠡᠶ᠋ᠢᠲᠡ 35 ᠤᠳᠠᠭ᠎ᠠ᠎ᠶᠢᠨ ᠰᠤᠷᠤᠯᠴᠠᠨ ᠶᠠᠷᠢᠯᠴᠠᠬᠤ ᠬᠤᠷᠠᠯ ᠡᠷᠬᠢᠯᠡᠵᠦ᠂ ᠭᠡᠰᠢᠭᠦᠳ 619 ᠬᠥᠮᠥᠨ ᠤᠳᠠᠭ᠎ᠠ ᠣᠷᠣᠯᠴᠠᠵᠤ᠂ 34 ᠡᠲᠡᠭᠡᠳ᠎ᠤᠨ ᠢᠯᠭᠠᠯ᠎ᠤᠨ ᠬᠢᠨᠢ ᠬᠠᠮᠤᠷᠪᠠ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠨᠣᠮ ᠤᠩᠰᠢᠬᠤ ᠠᠵᠢᠯᠯᠠᠭ᠎ᠠ᠎ᠶᠢᠨ ᠠᠵᠢᠯ᠎ᠤᠨ ᠠᠷᠭ᠎ᠠ᠎ᠶᠢ ᠲᠣᠭᠲᠠᠭᠠᠵᠤ᠂ 《ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ》 ᠵᠡᠷᠭᠡ 12 ᠭᠣᠣᠯ ᠰᠡᠳᠦᠪᠲᠦ ᠨᠣᠮ ᠤᠩᠰᠢᠬᠤ ᠬᠤᠯᠪᠤᠭ᠎ᠠ᠎ᠶᠢ ᠪᠠᠢᠭᠤᠯᠪᠠ᠃ ᠤᠨᠤᠯ᠎ᠤᠨ ᠰᠤᠳᠤᠯᠭᠠᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠰᠠᠨᠠᠯ᠎ᠢ ᠨᠡᠢᠲᠡᠯᠡᠵᠦ᠂ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠲᠠᠢ ᠤᠶᠠᠯᠳᠤᠭᠤᠯᠤᠨ ᠴᠢᠬᠤᠯᠠ ᠶᠡᠬᠡ ᠤᠨᠤᠯ ᠪᠠ ᠦᠢᠯᠡᠳᠦᠯᠭᠡ᠎ᠶᠢᠨ ᠠᠰᠠᠭᠤᠳᠠᠯ᠎ᠤᠨ ᠲᠣᠭᠣᠷᠢᠨ᠎ᠳᠤ ᠰᠤᠳᠤᠯᠭᠠᠨ ᠥᠷᠨᠢᠭᠦᠯᠬᠦ᠂ ᠰᠤᠳᠤᠯᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠎ᠶᠢ ᠬᠥᠲᠥᠯᠥᠨ ᠵᠢᠯᠣᠭᠣᠳᠪᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠬᠤᠷᠠᠯ᠎ᠤᠨ 《ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠳᠤᠮᠳᠠᠬᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠴᠢᠬᠤᠯᠠ ᠦᠢᠯᠡᠳᠦᠯ᠎ᠢ ᠪᠠᠳᠠᠷᠠᠭᠤᠯᠬᠤ》 ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ᠎ᠶᠢ ᠲᠡᠮᠵᠢᠪᠡ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠰᠣᠨᠢᠨ ᠰᠡᠳᠬᠦᠯ᠎ᠳᠤ ᠤᠨᠤᠯ᠎ᠤᠨ ᠰᠤᠷᠤᠯᠴᠠᠯᠭ᠎ᠠ᠎ᠶᠢᠨ ᠲᠤᠰᠬᠠᠢ ᠪᠤᠯᠤᠩ ᠭᠠᠷᠭᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠡᠯ᠎ᠡ ᠲᠤᠰᠬᠠᠢ ᠵᠥᠪᠯᠡᠯ᠎ᠤᠨ ᠨᠠᠮ᠎ᠤᠨ ᠬᠤᠪᠢᠶᠠᠷᠢ ᠤᠳᠤᠷᠢᠳᠬᠤ ᠳᠤᠭᠤᠢᠯᠠᠩ᠎ᠤᠨ ᠱᠦᠵᠢ᠂ ᠣᠷᠣᠨ ᠨᠤᠲᠤᠭ᠎ᠤᠨ ᠤᠯᠤᠰ ᠲᠦᠷᠦ᠎ᠶᠢᠨ ᠵᠥᠪᠯᠡᠯᠭᠡᠨ᠎ᠤ ᠭᠣᠣᠯ ᠬᠠᠷᠢᠭᠤᠴᠠᠯᠭᠠᠲᠠᠨ ᠨᠥᠬᠥᠳ᠂ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠤᠨᠤᠯ᠎ᠤᠨ ᠰᠤᠷᠤᠯᠴᠠᠯᠭ᠎ᠠ᠎ᠶᠢᠨ 516 ᠵᠣᠬᠢᠶᠠᠯ᠎ᠢ ᠨᠡᠢᠲᠡᠯᠡᠪᠡ᠃ ᠰᠤᠷᠤᠯᠴᠠᠵᠦ ᠰᠤᠳᠤᠯᠬᠤ᠎ᠪᠠᠷ ᠳᠠᠮᠵᠢᠨ᠂ ᠥᠷᠭᠡᠨ ᠤᠯᠠᠨ ᠭᠡᠰᠢᠭᠦᠨ ᠪᠠ ᠪᠠᠢᠭᠤᠯᠭ᠎ᠠ᠎ᠶᠢᠨ ᠺᠠᠳ᠋ᠷ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠦᠨᠡᠨ ᠶᠣᠰᠣᠨ᠎ᠤ ᠬᠦᠴᠦᠨ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠨᠡᠩ ᠭᠦᠨᠵᠡᠭᠡᠢ ᠣᠢᠯᠠᠭᠠᠪᠠ᠃ ᠰᠤᠷᠤᠯᠴᠠᠬᠤ᠎ᠶᠢᠨ ᠳᠠᠭᠠᠤ ᠪᠠᠢᠴᠠᠭᠠᠬᠤ ᠰᠠᠢᠵᠢᠷᠠᠭᠤᠯᠬᠤ ᠪᠠᠶ᠋ᠢᠭᠤᠯᠬᠤ᠎ᠶᠢ ᠪᠠᠷᠢᠮᠲᠠᠯᠠᠵᠤ᠂ ᠥᠩᠭᠡᠷᠡᠭᠰᠡᠨ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠤᠳᠤᠷᠢᠳᠬᠤ ᠨᠥᠬᠥᠳ᠂ ᠡᠯ᠎ᠡ ᠲᠤᠰᠬᠠᠢ ᠵᠥᠪᠯᠡᠯ᠎ᠤᠨ ᠬᠠᠷᠢᠭᠤᠴᠠᠯᠭᠠᠲᠠᠨ ᠨᠥᠬᠥᠳ᠂ ᠤᠯᠤᠰ ᠲᠥᠷᠥ᠎ᠶᠢᠨ ᠵᠥᠪᠯᠡᠯᠭᠡᠨ᠎ᠤ ᠭᠡᠰᠢᠭᠦᠨ᠂ ᠤᠯᠤᠰ ᠲᠥᠷᠥ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠺᠠᠳ᠋ᠷ᠂ ᠡᠯ᠎ᠡ ᠮᠤᠵᠢ᠎ᠶᠢᠨ ᠱᠠᠲᠤᠨ᠎ᠤ ᠪᠠ ᠳᠡᠳ᠋ ᠮᠤᠵᠢ᠎ᠶᠢᠨ ᠱᠠᠲᠤᠨ᠎ᠤ ᠬᠤᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠤ ᠰᠠᠨᠠᠯ ᠪᠠ ᠰᠠᠨᠠᠭᠤᠯᠭ᠎ᠠ᠎ᠶᠢ ᠥᠷᠭᠡᠨ᠎ᠢᠶᠠᠷ ᠬᠤᠷᠢᠶᠠᠵᠤ᠂ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠪᠠᠢᠴᠠᠭᠠᠨ ᠳᠡᠯᠭᠡᠭᠰᠡᠨ ᠠᠰᠠᠭᠤᠳᠠᠯ᠎ᠲᠠᠢ ᠤᠶᠠᠯᠳᠤᠭᠤᠯᠤᠨ᠂ 69 ᠵᠤᠷᠪᠤᠰ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠲᠣᠳᠣᠷᠬᠠᠢᠯᠠᠵᠤ᠂ ᠲᠥᠯᠥᠪᠯᠡᠭᠡ ᠶᠣᠰᠣᠭᠠᠷ ᠪᠦᠬᠦᠨ᠎ᠢ ᠨᠠᠢᠳᠠᠪᠤᠷᠢᠵᠢᠭᠤᠯᠪᠠ᠃
(ᠬᠣᠶᠠᠷ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠪᠠᠢᠷᠢᠯᠠᠭᠤᠯᠤᠯᠲᠠ᠎ᠶᠢᠨ ᠲᠣᠭᠣᠷᠢᠨ᠎ᠳᠤ ᠵᠥᠪᠯᠡᠯᠭᠡ ᠬᠢᠵᠦ ᠲᠦᠷᠤ᠎ᠶᠢᠨ ᠬᠡᠷᠡᠭ᠎ᠢ ᠵᠥᠪᠯᠡᠵᠦ᠂ ᠨᠠᠮ ᠪᠠ ᠤᠯᠤᠰ᠎ᠤᠨ ᠭᠣᠣᠯ ᠡᠭᠦᠷᠭᠡ᠎ᠳᠤ ᠦᠢᠯᠡᠴᠢᠯᠡᠪᠡ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠥᠪᠰᠢᠶᠡᠷᠡᠭᠰᠡᠨ ᠣᠨ᠎ᠤ ᠵᠥᠪᠯᠡᠬᠦ ᠲᠥᠯᠥᠪᠯᠡᠭᠡ᠎ᠶᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠲᠤᠰᠬᠠᠢ ᠰᠡᠳᠦᠪᠲᠦ ᠲᠥᠷᠥ᠎ᠶᠢᠨ ᠬᠡᠷᠡᠭ᠎ᠢ ᠵᠥᠪᠯᠡᠬᠦ ᠴᠢᠨᠠᠷᠲᠠᠢ ᠪᠠᠢᠩᠭᠤ᠎ᠶᠢᠨ ᠬᠣᠷᠢᠶᠠᠨ᠎ᠤ ᠬᠤᠷᠠᠯ᠂ ᠲᠤᠰᠬᠠᠢ ᠰᠡᠳᠦᠪᠲᠦ ᠵᠥᠪᠯᠡᠬᠦ ᠬᠤᠷᠠᠯ᠂ ᠬᠣᠣᠰ ᠭᠠᠷᠠᠭ᠎ᠤᠨ ᠵᠥᠪᠯᠡᠨ ᠶᠠᠷᠢᠯᠴᠠᠬᠤ ᠬᠤᠷᠠᠯ᠂ ᠠᠯᠤᠰ ᠡᠵᠡᠮᠰᠢᠯᠲᠦ ᠵᠥᠪᠯᠡᠬᠦ ᠬᠤᠷᠠᠯ᠂ ᠰᠠᠨᠠᠯ ᠳᠤᠷᠠᠳᠤᠯᠭ᠎ᠠ᠎ᠶᠢ ᠰᠢᠢᠳᠪᠦᠷᠢᠯᠡᠬᠦ ᠵᠥᠪᠯᠡᠬᠦ ᠬᠤᠷᠠᠯ᠂ ᠡᠲᠡᠭᠡᠳ᠎ᠤᠨ ᠢᠯᠭᠠᠯ᠎ᠤᠨ ᠵᠥᠪᠯᠡᠬᠦ ᠬᠤᠷᠠᠯ᠂ ᠠᠵᠢᠯ ᠲᠥᠷᠥᠯ᠎ᠤᠨ ᠰᠢᠰᠲᠧᠮ᠎ᠢᠶᠠᠷ ᠵᠥᠪᠯᠡᠬᠦ ᠬᠤᠷᠠᠯ᠂ ᠲᠤᠰᠬᠠᠢ ᠮᠡᠷᠭᠡᠵᠢᠯᠲᠡᠨ᠎ᠤ ᠵᠥᠪᠯᠡᠬᠦ ᠬᠤᠷᠠᠯ᠂ ᠠᠩᠬᠠᠷᠤᠯ ᠲᠠᠯᠪᠢᠵᠤ ᠪᠠᠢᠭ᠎ᠠ ᠭᠣᠣᠯᠳᠠᠯᠭ᠎ᠠ᠎ᠲᠠᠢ ᠠᠰᠠᠭᠤᠳᠠᠯ᠎ᠤᠨ ᠪᠠᠢᠳᠠᠯ᠎ᠢ ᠮᠡᠳᠡᠭᠳᠡᠬᠦ ᠬᠤᠷᠠᠯ ᠵᠡᠷᠭᠡ ᠡᠯ᠎ᠡ ᠲᠦᠷᠦᠯ᠎ᠤᠨ ᠵᠥᠪᠯᠡᠬᠦ ᠠᠵᠢᠯᠯᠠᠭ᠎ᠠ᠎ᠶᠢ 94 ᠲᠠᠯᠠᠪᠤᠷ ᠤᠳᠠᠭ᠎ᠠ ᠡᠷᠬᠢᠯᠡᠵᠦ᠂ ᠨᠡᠶ᠋ᠢᠳᠡ 5087 ᠬᠥᠮᠥᠨ ᠤᠳᠠᠭ᠎ᠠ ᠣᠷᠣᠯᠴᠠᠵᠤ᠂ 1602 ᠬᠥᠮᠥᠨ ᠤᠳᠠᠭ᠎ᠠ ᠶᠠᠷᠢᠶ᠎ᠠ ᠲᠠᠯᠪᠢᠪᠠ᠃ 《ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ》 《ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠰᠢᠰᠲᠧᠮ᠎ᠢ ᠲᠡᠭᠦᠯᠳᠡᠷᠵᠢᠭᠦᠯᠵᠦ᠂ ᠰᠢᠨ᠎ᠡ᠎ᠶᠢ ᠡᠭᠦᠳᠬᠦ᠎ᠪᠠᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶᠢ ᠲᠦᠷᠭᠡᠯᠡᠨ ᠬᠡᠷᠡᠭᠵᠢᠭᠦᠯᠬᠦ》 ᠲᠤᠰᠬᠠᠢ ᠰᠡᠳᠦᠪᠲᠦ ᠲᠦᠷᠦ᠎ᠶᠢᠨ ᠬᠡᠷᠡᠭ᠎ᠢ ᠵᠥᠪᠯᠡᠬᠦ ᠴᠢᠨᠠᠷᠲᠠᠢ ᠪᠠᠢᠩᠭᠤ᠎ᠶᠢᠨ ᠬᠣᠷᠢᠶᠠᠨ᠎ᠤ ᠬᠤᠷᠠᠯ ᠬᠤᠷᠠᠯᠳᠤᠭᠤᠯᠵᠤ᠂ ᠣᠳᠣᠬᠢᠴᠢᠯᠠᠭᠰᠠᠨ ᠠᠵᠤ ᠦᠢᠯᠡᠰ᠎ᠤᠨ ᠰᠢᠰᠲᠧᠮ᠎ᠢ ᠪᠠᠶ᠋ᠢᠭᠤᠯᠬᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢᠳᠪᠦᠷᠢᠯᠡᠬᠦ ᠰᠢᠨ᠎ᠡ ᠬᠡᠯᠪᠡᠷᠢ᠎ᠶᠢᠨ ᠤᠯᠤᠰ ᠳᠠᠶᠠᠭᠠᠷ᠎ᠤᠨ ᠪᠠᠢᠭᠤᠯᠤᠯ᠎ᠢ ᠪᠦᠷᠢᠨᠰᠢᠭᠦᠯᠬᠦ᠂ ᠠᠷᠠᠳ ᠨᠡᠶ᠋ᠢᠲᠡ᠎ᠶᠢᠨ ᠰᠢᠨᠵᠢᠯᠡᠬᠦ ᠤᠬᠠᠭᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠵᠡᠷᠭᠡ᠎ᠶᠢᠨ ᠲᠣᠭᠣᠷᠢᠨ᠎ᠳᠤ ᠰᠢᠷᠢᠰ ᠪᠠᠢᠴᠠᠭᠠᠨ ᠰᠤᠳᠤᠯᠤᠯᠲᠠ ᠬᠢᠵᠦ ᠵᠥᠪᠯᠡᠯᠭᠡ ᠥᠷᠨᠢᠭᠦᠯᠵᠦ᠂ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ᠎ᠢᠶᠠᠷ ᠴᠢᠩᠭ᠎ᠠ ᠰᠠᠨᠠᠯ ᠪᠠ ᠰᠠᠨᠠᠭᠤᠯᠭ᠎ᠠ ᠳᠤᠷᠠᠳᠪᠠ᠃ ᠠᠷᠠᠳ᠎ᠡᠴᠡ ᠡᠵᠡᠩᠨᠡᠭᠰᠡᠨ ᠠᠵᠤ ᠠᠬᠤᠢᠯᠠᠯ᠎ᠤᠨ ᠬᠥᠭᠵᠢᠯᠲᠡ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠰᠢᠷᠢᠰ ᠪᠠᠢᠴᠠᠭᠠᠨ ᠰᠤᠳᠤᠯᠤᠯᠲᠠ ᠬᠢᠵᠦ᠂ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ᠂ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ᠎ᠢᠶᠠᠷ ᠬᠥᠭᠵᠢᠬᠦ᠎ᠶᠢ ᠠᠬᠢᠭᠤᠯᠬᠤ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠠᠷ ᠵᠥᠪᠯᠡᠵᠦ᠂ ᠬᠣᠷᠸ᠎ᠠ ᠠᠵᠤ ᠠᠬᠤᠢ᠎ᠶᠢᠨ ᠪᠠᠢᠳᠠᠯ᠎ᠳᠤ ᠵᠠᠳᠠᠯᠤᠯᠲᠠ ᠬᠢᠬᠦ 4 ᠤᠳᠠᠭᠠᠨ᠎ᠤ ᠶᠠᠷᠢᠯᠴᠠᠬᠤ ᠬᠤᠷᠠᠯ᠎ᠢ ᠡᠷᠬᠢᠯᠡᠵᠦ᠂ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠨ ᠠᠵᠤ ᠠᠬᠤᠢ᠎ᠶᠢᠨ ᠲᠤᠬᠠᠢ ᠶᠠᠷᠢᠯᠴᠠᠬᠤ ᠵᠡᠷᠭᠡ ᠰᠢᠷᠢᠰ ᠠᠵᠢᠯᠯᠠᠭ᠎ᠠ᠎ᠶᠢ ᠥᠷᠨᠢᠭᠦᠯᠵᠦ᠂ ᠬᠥᠭᠵᠢᠯᠲᠡ᠎ᠶᠢᠨ ᠢᠲᠡᠭᠡᠯ ᠵᠣᠷᠢᠭ᠋᠎ᠢ ᠬᠥᠪᠴᠢᠯᠡᠬᠦ᠎ᠳᠤ ᠬᠦᠴᠦ ᠨᠡᠮᠡᠷᠢᠯᠡᠪᠡ᠃ 《ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ᠎ᠶᠢ ᠴᠢᠩᠭᠠᠳᠬᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ》 ᠲᠤᠰᠬᠠᠢ ᠰᠡᠳᠦᠪᠲᠦ ᠲᠦᠷᠦ᠎ᠶᠢᠨ ᠬᠡᠷᠡᠭ᠎ᠢ ᠵᠥᠪᠯᠡᠬᠦ ᠴᠢᠨᠠᠷᠲᠠᠢ ᠪᠠᠢᠩᠭᠤ᠎ᠶᠢᠨ ᠬᠣᠷᠢᠶᠠᠨ᠎ᠤ ᠬᠤᠷᠠᠯ᠎ᠢ ᠬᠤᠷᠠᠯᠳᠤᠭᠤᠯᠵᠤ᠂ ᠰᠢᠨ᠎ᠡ᠎ᠪᠠᠷ ᠨᠡᠮᠡᠵᠦ ᠪᠠᠢᠭᠤᠯᠤᠭᠰᠠᠨ ᠣᠷᠴᠢᠨ ᠨᠥᠬᠥᠴᠡᠯ ᠡᠬᠢ ᠪᠠᠶᠠᠯᠢᠭ᠋᠎ᠤᠨ ᠡᠲᠡᠭᠡᠳ᠎ᠤᠨ ᠬᠢᠨ᠎ᠤ ᠦᠢᠯᠡᠳᠦᠯ᠎ᠢ ᠪᠠᠳᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠭᠦᠨᠵᠡᠭᠡᠢ ᠰᠠᠢᠲᠤᠷ ᠬᠢᠬᠦ᠂ ᠬᠥᠭᠵᠢᠯᠲᠡ᠎ᠶᠢᠨ ᠠᠷᠭ᠎ᠠ ᠮᠠᠶᠢᠭ᠋᠎ᠢ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠢᠰᠢ ᠬᠤᠪᠢᠷᠠᠭᠤᠯᠬᠤ᠎ᠶᠢ ᠲᠦᠷᠭᠡᠯᠡᠨ ᠠᠬᠢᠭᠤᠯᠬᠤ᠂ ᠬᠥᠬᠡᠮᠥ᠋ᠷᠡᠨ᠎ᠤ ᠠᠵᠤ ᠠᠬᠤᠢ᠎ᠶᠢᠨ ᠪᠦᠰᠡ᠎ᠶᠢᠨ ᠬᠥᠭᠵᠢᠯᠲᠡ᠎ᠶᠢ ᠪᠦᠬᠦ ᠲᠠᠯ᠎ᠠ᠎ᠪᠠᠷ ᠠᠬᠢᠭᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠂ ᠬᠠᠤᠯᠢ᠎ᠪᠠᠷ ᠵᠠᠰᠠᠬᠤ ᠠᠷᠭ᠎ᠠ ᠮᠠᠶᠢᠭ᠋᠎ᠢ ᠬᠡᠷᠡᠭᠯᠡᠨ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲᠧᠮ᠎ᠤᠨ ᠪᠠᠢᠭᠤᠯᠤᠯᠲᠠ᠎ᠶᠢ ᠠᠬᠢᠭᠤᠯᠬᠤ᠂ ᠴᠥᠯᠵᠢᠯᠲᠡ᠎ᠶᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠬᠤ ᠵᠡᠷᠭᠡ᠎ᠶᠢᠨ ᠲᠤᠬᠠᠢ ᠭᠦᠨᠵᠡᠭᠡᠢ ᠵᠥᠪᠳᠡᠯᠴᠡᠵᠦ᠂ ᠰᠢᠨ᠎ᠡ ᠪᠣᠬᠢᠷᠲᠤᠯ ᠪᠣᠳᠠᠰ᠎ᠢ ᠵᠠᠰᠠᠬᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠠᠵᠤ ᠦᠢᠯᠡᠰ᠎ᠤᠨ ᠳᠠᠬᠢᠠ ᠡᠭᠦᠰᠬᠦ ᠡᠬᠢ ᠪᠠᠶᠠᠯᠢᠭ᠋᠎ᠢ ᠡᠭᠡᠭᠦᠯᠦᠨ ᠬᠤᠷᠢᠶᠠᠵᠤ ᠠᠰᠢᠭ᠍ᠯᠠᠬᠤ᠂ ᠠᠮᠢ ᠠᠬᠤᠢ᠎ᠶᠢᠨ ᠦᠢᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠡᠴᠡ᠂ ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠵᠡᠷᠭᠡ ᠠᠰᠠᠭᠤᠳᠠᠯ᠎ᠳᠤ ᠴᠢᠭᠯᠡᠭᠦᠯᠦᠨ ᠰᠤᠳᠤᠯᠭᠠᠨ ᠥᠷᠨᠢᠭᠦᠯᠪᠡ᠃ 《ᠳᠤᠮᠳᠠᠳᠤ᠎ᠶᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠨᠥᠯᠥᠭᠡᠯᠡᠬᠦ ᠬᠦᠴᠦᠨ᠎ᠢ ᠨᠡᠮᠡᠭᠳᠡᠭᠦᠯᠬᠦ》 ᠲᠤᠰᠬᠠᠢ ᠰᠡᠳᠦᠪᠲᠦ ᠵᠥᠪᠯᠡᠬᠦ ᠬᠤᠷᠠᠯ᠎ᠢ ᠬᠤᠷᠠᠯᠳᠤᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠬᠤ ᠪᠠ ᠤᠯᠠᠮᠵᠢᠯᠠᠨ ᠪᠠᠳᠠᠷᠠᠭᠤᠯᠬᠤ᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠰᠢᠰᠲᠧᠮ᠎ᠤᠨ ᠪᠠᠢᠭᠤᠯᠤᠯᠲᠠ᠂ ᠳ᠋ᠢᠵᠢᠲ᠋ᠠᠯ ᠰᠣᠶᠣᠯ᠎ᠤᠨ ᠠᠵᠤ ᠦᠢᠯᠡᠰ᠎ᠤᠨ ᠬᠥᠭᠵᠢᠯᠲᠡ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠴᠢᠩᠭᠠᠳᠬᠠᠬᠤ ᠵᠡᠷᠭᠡ᠎ᠶᠢᠨ ᠲᠤᠬᠠᠢ ᠪᠠᠢᠴᠠᠭᠠᠨ ᠰᠤᠳᠤᠯᠤᠯᠲᠠ ᠬᠢᠵᠦ ᠰᠠᠨᠠᠯ ᠰᠠᠨᠠᠭᠤᠯᠭ᠎ᠠ ᠳᠤᠷᠠᠳᠴᠤ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠳᠤ ᠦᠢᠯᠡᠴᠢᠯᠡᠪᠡ᠃ ᠵᠥᠪᠯᠡᠯᠭᠡ᠎ᠳᠤ ᠣᠷᠣᠯᠴᠠᠬᠤ ᠬᠡᠪᠴᠢᠶ᠎ᠡ᠎ᠶᠢ ᠥᠷᠭᠡᠳᠬᠡᠵᠦ᠂ ᠲᠤᠰᠬᠠᠢ ᠰᠡᠳᠦᠪᠲᠦ ᠲᠦᠷᠦ᠎ᠶᠢᠨ ᠬᠡᠷᠡᠭ᠎ᠢ ᠵᠥᠪᠯᠡᠬᠦ ᠴᠢᠨᠠᠷᠲᠠᠢ ᠪᠠᠢᠩᠭᠤ᠎ᠶᠢᠨ ᠬᠣᠷᠢᠶᠠᠨ᠎ᠤ ᠬᠤᠷᠠᠯ᠎ᠤᠨ ᠶᠠᠷᠢᠶ᠎ᠠ ᠲᠠᠯᠪᠢᠭ᠍ᠴᠢ᠎ᠶᠢᠨ ᠲᠣᠭ᠎ᠠ᠎ᠶᠢ ᠨᠡᠮᠡᠭᠳᠡᠭᠦᠯᠵᠦ᠂ ᠬᠣᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠰᠤᠯᠠ ᠣᠷᠣᠯᠴᠠᠬᠤ ᠭᠡᠰᠢᠭᠦᠨ᠎ᠢ ᠨᠡᠮᠡᠪᠡ᠃ ᠣᠷᠣᠨ ᠨᠤᠲᠤᠭ᠎ᠤᠨ ᠤᠯᠤᠰ ᠲᠦᠷᠦ᠎ᠶᠢᠨ ᠵᠥᠪᠯᠡᠯᠭᠡᠨ ᠯᠦ᠍ᠭᠡ᠎ᠶᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭᠠᠳᠬᠠᠵᠤ᠂ ᠬᠣᠯᠪᠣᠭᠳᠠᠯ ᠪᠦᠬᠦᠢ ᠵᠥᠪᠯᠡᠬᠦ ᠰᠡᠳᠦᠪ᠎ᠤᠨ ᠲᠤᠬᠠᠢ ᠬᠣᠯᠪᠣᠯᠳᠤᠨ ᠬᠥᠳᠡᠯᠦᠯᠴᠡᠵᠦ ᠵᠥᠪᠳᠡᠯᠴᠡᠬᠦ ᠠᠵᠢᠯ ᠥᠷᠨᠢᠭᠦᠯᠪᠡ᠃ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠲᠣᠭᠲᠠᠭᠠᠵᠤ᠂ ᠵᠥᠪᠯᠡᠬᠦ ᠮᠠᠶᠢᠭ᠋᠎ᠤᠨ ᠬᠢᠨᠠᠯᠲᠠ᠎ᠶᠢᠨ ᠳᠠᠪᠠᠭᠤᠯᠢᠭ᠋᠎ᠢ ᠪᠠᠳᠠᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ᠎ᠶᠢ ᠬᠡᠷᠡᠭᠵᠢᠭᠦᠯᠬᠦ ᠳᠤᠮᠳᠠᠬᠢ 10 ᠭᠣᠣᠯᠳᠠᠯᠭ᠎ᠠ ᠲᠠᠢ ᠠᠰᠠᠭᠤᠳᠠᠯ ᠯᠤᠭ᠎ᠠ ᠤᠶᠠᠯᠳᠤᠭᠤᠯᠤᠨ ᠲᠤᠰᠬᠠᠢ ᠵᠦᠢᠯ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠦᠷᠭᠦᠯᠵᠢᠯᠡᠨ ᠥᠷᠨᠢᠭᠦᠯᠵᠦ᠂ 92 ᠬᠥᠮᠥᠨ ᠤᠳᠠᠭ᠎ᠠ ᠣᠷᠣᠯᠴᠠᠪᠠ᠃ 21 ᠭᠡᠰᠢᠭᠦᠨ ᠢ᠋ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠣᠨᠴᠠ ᠤᠷᠢᠭ᠍ᠰᠠᠨ ᠬᠢᠨᠠᠨ ᠪᠠᠢᠴᠠᠭᠠᠭ᠍ᠴᠢ᠎ᠶᠢᠨ ᠲᠤᠰᠢᠶᠠᠯ ᠡᠭᠦᠷᠭᠡᠯᠡᠭᠦᠯᠬᠦ᠎ᠪᠠᠷ᠂ 30 ᠭᠡᠰᠢᠭᠦᠨ ᠢ᠋ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠣᠨᠴᠠ ᠤᠷᠢᠭ᠍ᠰᠠᠨ ᠬᠢᠨᠠᠯᠲᠠ ᠲᠠᠯᠪᠢᠭ᠍ᠴᠢ᠎ᠶᠢᠨ ᠲᠤᠰᠢᠶᠠᠯ ᠡᠭᠦᠷᠭᠡᠯᠡᠭᠦᠯᠬᠦ᠎ᠪᠠᠷ᠂ 10 ᠭᠡᠰᠢᠭᠦᠨ᠎ᠢ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠨᠠᠮ᠎ᠤᠨ ᠰᠤᠷᠲᠠᠯ ᠵᠠᠰᠠᠭ᠎ᠤᠨ ᠰᠤᠷᠲᠠᠯ ᠴᠠᠭᠳᠠᠭᠠᠨ᠎ᠤ ᠰᠤᠷᠲᠠᠯ᠎ᠤᠨ ᠬᠢᠨᠠᠯᠲᠠ ᠲᠠᠯᠪᠢᠭ᠍ᠴᠢ᠎ᠶᠢᠨ ᠲᠤᠰᠢᠶᠠᠯ ᠡᠭᠦᠷᠭᠡᠯᠡᠭᠦᠯᠬᠦ᠎ᠪᠠᠷ ᠲᠠᠨᠢᠯᠴᠠᠭᠤᠯᠪᠠ᠃
(ᠭᠤᠷᠪᠠ)ᠠᠷᠠᠳ ᠲᠦᠮᠡᠨ᠎ᠢᠶᠠᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠠᠬᠢᠭᠤᠯᠪᠠ᠃ ᠪᠢᠳᠡ ᠠᠷᠠᠳ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠪᠠᠷᠢᠮᠲᠠᠯᠠᠵᠤ᠂ ᠭᠡᠰᠢᠭᠦᠳ᠎ᠤᠨ ᠪᠣᠳᠠᠲᠤ ᠪᠠᠢᠳᠠᠯ᠎ᠳᠤ ᠰᠠᠭᠤᠷᠢᠯᠠᠨ ᠤᠯᠠᠨ ᠲᠦᠮᠡᠨ᠎ᠳᠤ ᠦᠢᠯᠡᠴᠢᠯᠡᠬᠦ᠎ᠶᠢ ᠬᠥᠲᠥᠯᠥᠨ ᠵᠢᠯᠣᠭᠣᠳᠪᠠ᠃ 《ᠬᠤᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠯᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ᠎ᠢ ᠬᠤᠷᠠᠯᠳᠤᠭᠤᠯᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠬᠡᠪᠴᠢᠶ᠎ᠡ᠎ᠵᠢ᠎ᠲᠦ ᠴᠢᠨᠠᠷᠲᠠᠢ ᠳᠠᠬᠢᠨ ᠶᠠᠳᠠᠭᠤᠷᠠᠯᠢ ᠦᠯᠦ ᠡᠭᠦᠰᠬᠡᠬᠦ ᠬᠢᠵᠠᠭᠠᠷ ᠱᠤᠭᠤᠮ᠎ᠢ ᠪᠠᠲᠤ ᠰᠠᠬᠢᠬᠤ᠂ ᠠᠷᠠᠳ ᠲᠦᠮᠡᠨ᠎ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠂ ᠤᠳᠤ ᠦᠶ᠎ᠡ᠎ᠶᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠰᠢᠰᠲᠧᠮ᠎ᠢ ᠪᠠᠶ᠋ᠢᠭᠤᠯᠬᠤ᠂ ᠠᠵᠤ ᠦᠢᠯᠡᠳᠪᠦᠷᠢ᠎ᠶᠢᠨ ᠠᠵᠢᠯᠴᠢᠨ᠎ᠤ ᠰᠢᠨ᠎ᠡ᠎ᠶᠢ ᠡᠭᠦᠳᠬᠦ ᠮᠡᠷᠭᠡᠵᠢᠯ ᠴᠢᠳᠠᠪᠤᠷᠢ᠎ᠶᠢ ᠳᠡᠭᠡᠭᠰᠢᠯᠡᠭᠦᠯᠬᠦ᠂ ᠴᠢᠨᠠᠷ ᠰᠠᠢᠲᠠᠢ ᠡᠮᠴᠢᠯᠡᠭᠡᠨ᠎ᠤ ᠡᠬᠢ ᠪᠠᠶᠠᠯᠢᠭ᠋᠎ᠤᠨ ᠬᠡᠪᠴᠢᠶ᠎ᠡ᠎ᠶᠢ ᠥᠷᠭᠡᠳᠬᠡᠬᠦ ᠪᠠ ᠣᠷᠣᠨ ᠪᠦᠰᠡ᠎ᠳᠤ ᠲᠡᠩᠴᠡᠭᠦᠷᠢᠲᠡᠢ ᠪᠠᠢᠷᠢᠯᠠᠭᠤᠯᠬᠤ᠂ ᠨᠠᠰᠤᠵᠢᠯ᠎ᠤᠨ ᠠᠰᠠᠷᠠᠮᠵᠢ᠎ᠶᠢᠨ ᠠᠵᠢᠯ ᠦᠢᠯᠡᠰ ᠪᠠ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠢ ᠬᠠᠮᠵᠢᠯᠴᠠᠭᠤᠯᠤᠨ ᠬᠥᠭᠵᠢᠭᠦᠯᠬᠦ᠂ ᠬᠤᠲᠠ᠎ᠶᠢᠨ ᠪᠦᠰᠡ᠎ᠶᠢᠨ ᠨᠡᠢᠭᠡᠮ᠎ᠤᠨ ᠵᠠᠰᠠᠯᠲᠠ᠎ᠶᠢᠨ ᠣᠳᠣᠬᠢᠴᠢᠯᠠᠯᠲᠠ᠎ᠶᠢ ᠠᠬᠢᠭᠤᠯᠬᠤ ᠵᠡᠷᠭᠡ᠎ᠶᠢᠨ ᠲᠣᠭᠣᠷᠢᠨ᠎ᠳᠤ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠢᠭᠠᠨ ᠰᠤᠳᠤᠯᠬᠤ ᠰᠢᠰᠲᠧᠮ᠎ᠤᠨ ᠪᠠᠢᠭᠤᠯᠤᠯᠲᠠ᠂ ᠨᠡᠢᠭᠡᠮ᠎ᠤᠨ ᠨᠠᠰᠤᠵᠢᠯᠲᠡᠳᠤ ᠲᠣᠬᠢᠷᠠᠭᠤᠯᠬᠤ ᠥᠭᠡᠷᠡᠴᠢᠯᠡᠯᠲᠡ᠎ᠶᠢ ᠲᠦᠷᠭᠡᠳᠬᠡᠬᠦ᠂ ᠦᠷᠡᠵᠢᠯ᠎ᠢ ᠳᠡᠮᠵᠢᠬᠦ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠦᠷᠢᠨᠰᠢᠭᠦᠯᠬᠦ ᠵᠡᠷᠭᠡ ᠲᠠᠯ᠎ᠠ᠎ᠪᠠᠷ ᠵᠥᠪᠳᠡᠯᠴᠡᠪᠡ᠃ ᠭᠡᠰᠢᠭᠦᠳ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ 《ᠠᠷᠠᠳ ᠲᠦᠮᠡᠨ᠎ᠳᠤ ᠦᠢᠯᠡᠴᠢᠯᠡᠬᠦ》ᠠᠵᠢᠯᠯᠠᠭ᠎ᠠ᠎ᠶᠢ ᠰᠢᠨ᠎ᠡ᠎ᠶᠢ ᠡᠭᠦᠳᠦᠨ ᠥᠷᠨᠢᠭᠦᠯᠵᠦ᠂ 《ᠭᠡᠰᠢᠭᠦᠳ᠎ᠤᠨ ᠰᠢᠨᠵᠢᠯᠡᠬᠦ ᠤᠬᠠᠭᠠᠨ᠎ᠤ ᠬᠢᠴᠢᠶᠡᠯ᠎ᠤᠨ ᠲᠠᠩᠬᠢᠮ》᠎ᠢ᠋ ᠡᠭᠦᠳᠦᠨ ᠡᠷᠬᠢᠯᠡᠵᠦ᠂ 《ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠦᠮᠡᠨ ᠭᠠᠵᠠᠷ᠎ᠤᠨ ᠠᠶᠠᠯᠠᠯ》᠎ᠤ᠋ᠨ ᠠᠵᠢᠯᠯᠠᠭ᠎ᠠ ᠥᠷᠨᠢᠭᠦᠯᠵᠦ᠂ ᠭᠡᠰᠢᠭᠦᠳ᠎ᠢ ᠵᠣᠬᠢᠶᠠᠨ ᠪᠠᠢᠭᠤᠯᠤᠨ ᠵᠠᠯᠠᠭᠤᠴᠤᠳ ᠪᠠᠭᠠᠴᠤᠳ᠂ ᠦᠨᠳᠦᠰᠦᠨ ᠱᠠᠲᠤᠨ᠎ᠤ ᠤᠯᠠᠨ ᠲᠦᠮᠡᠨ ᠵᠡᠷᠭᠡ᠎ᠳᠤ ᠬᠠᠨᠳᠤᠭᠤᠯᠤᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ᠂ ᠬᠠᠤᠯᠢ᠎ᠪᠠᠷ ᠵᠠᠰᠠᠬᠤ ᠤᠬᠠᠭᠤᠯᠭ᠎ᠠ ᠵᠡᠷᠭᠡ᠎ᠶᠢ 44 ᠲᠠᠯᠠᠪᠤᠷ ᠤᠳᠠᠭ᠎ᠠ ᠥᠷᠨᠢᠭᠦᠯᠪᠡ᠃《ᠤᠯᠤᠰ ᠲᠥᠷᠥ᠎ᠶᠢᠨ ᠵᠥᠪᠯᠡᠯᠭᠡᠨ᠎ᠤ ᠭᠡᠰᠢᠭᠦᠨ᠎ᠤ ᠠᠵᠤ ᠠᠬᠤᠢᠯᠠᠯ ᠰᠤᠷᠭᠠᠭᠤᠯᠢ᠎ᠶᠢᠨ ᠬᠦᠷᠢᠶᠡᠨ᠎ᠳᠤ ᠣᠷᠣᠵᠤ ᠠᠵᠢᠯ ᠣᠯᠭᠣᠯᠲᠠ᠎ᠶᠢ ᠠᠬᠢᠭᠤᠯᠬᠤ》ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠎ᠤᠨ 《ᠦᠨᠳᠦᠰᠦᠨ ᠱᠠᠲᠤᠨ᠎ᠳᠤ ᠪᠠᠭᠤᠵᠤ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ》 ᠵᠡᠷᠭᠡ ᠠᠵᠢᠯᠯᠠᠭ᠎ᠠ᠎ᠶᠢ ᠥᠷᠨᠢᠭᠦᠯᠵᠦ᠂ ᠭᠡᠰᠢᠭᠦᠳ᠎ᠢ ᠵᠣᠬᠢᠶᠠᠨ ᠪᠠᠢᠭᠤᠯᠤᠨ ᠵᠣᠭᠣᠰ ᠬᠠᠨᠳᠢᠪᠯᠡᠨ ᠰᠤᠷᠤᠯᠭ᠎ᠠ᠎ᠶᠢ ᠲᠡᠳᠬᠦᠬᠦ᠂ ᠵᠡᠮᠳᠡᠭᠴᠦᠳ᠎ᠢ ᠲᠡᠳᠬᠦᠨ ᠪᠠᠭᠤᠷᠠᠶ᠋ᠢᠴᠤᠳᠲᠤ ᠲᠤᠰᠠᠯᠠᠬᠤ᠂ ᠮᠡᠷᠭᠡᠵᠢᠯ᠎ᠤᠨ ᠪᠣᠯᠪᠠᠰᠤᠷᠠᠭᠤᠯᠤᠯ᠂ ᠬᠠᠤᠯᠢ ᠴᠠᠭᠠᠵᠠ᠎ᠶᠢᠨ ᠲᠤᠰᠠᠯᠠᠮᠵᠢ᠂ ᠲᠥᠰᠥᠯ᠎ᠢᠶᠠᠷ ᠬᠠᠪᠰᠤᠷᠤᠨ ᠲᠡᠳᠬᠦᠬᠦ ᠵᠡᠷᠭᠡ ᠣᠯᠠᠨ ᠲᠦᠮᠡᠨ᠎ᠳᠤ ᠦᠢᠯᠡᠴᠢᠯᠡᠬᠦ 2480 ᠵᠦᠢᠯ᠎ᠤᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠭᠡᠰᠢᠭᠦᠨ᠎ᠤ ᠡᠭᠦᠷᠭᠡ ᠡᠭᠦᠷᠭᠡᠯᠡᠨ ᠬᠠᠷᠢᠭᠤᠴᠠᠯᠭ᠎ᠠ ᠭᠦᠢᠴᠡᠳᠬᠡᠬᠦ᠎ᠶᠢ ᠬᠥᠲᠥᠯᠥᠨ ᠵᠢᠯᠤᠭᠣᠳᠴᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠠᠷᠠᠳ ᠲᠦᠮᠡᠨ᠎ᠤ ᠲᠥᠯᠥᠭᠡ ᠪᠠᠢᠬᠤ ᠣᠢᠯᠠᠭᠠᠭᠳᠠᠬᠤᠨ᠎ᠢ ᠪᠣᠳᠠᠲᠤ ᠠᠵᠢᠯᠯᠠᠭ᠎ᠠ᠎ᠪᠠᠷ᠎ᠢᠶᠠᠨ ᠦᠢᠯᠡᠳᠦᠯᠭᠡᠵᠢᠭᠦᠯᠪᠡ᠃
(ᠳᠥᠷᠪᠡ) ᠪᠠᠢᠩᠭᠤ᠎ᠶᠢᠨ ᠴᠢᠨᠠᠷᠲᠠᠢ ᠠᠵᠢᠯ᠎ᠢ ᠪᠣᠳᠠᠲᠠᠢ ᠠᠳᠬᠤᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠦᠢᠯᠡᠳᠦᠯ ᠴᠢᠳᠠᠪᠤᠷᠢ᠎ᠪᠠᠨ ᠳᠡᠭᠡᠭᠰᠢᠯᠡᠭᠦᠯᠪᠡ᠃ ᠪᠢᠳᠡ ᠪᠠᠢᠴᠠᠭᠠᠨ ᠰᠤᠳᠤᠯᠤᠯᠲᠠ ᠬᠢᠬᠦ ᠠᠵᠢᠯᠯᠠᠭ᠎ᠠ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠎ᠶᠢ ᠴᠢᠩᠭᠠᠳᠬᠠᠵᠤ᠂ ᠪᠦᠯᠬᠦᠮ ᠳᠤᠭᠤᠢᠯᠠᠩ᠎ᠤᠨ ᠬᠥᠮᠥᠨ᠎ᠤ ᠲᠣᠭ᠎ᠠ᠎ᠶᠢ ᠴᠣᠮᠬᠠᠳᠬᠠᠨ᠂ ᠲᠥᠪᠯᠡᠷᠡᠨ ᠪᠥᠭᠡᠮᠨᠡᠷᠡᠯᠳᠦᠵᠦ ᠪᠠᠢᠴᠠᠭᠠᠨ ᠰᠤᠳᠤᠯᠤᠯᠲᠠ ᠬᠢᠬᠦ᠎ᠡᠴᠡ ᠵᠠᠢᠯᠠᠰᠬᠢᠵᠦ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠪᠡ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠰᠡᠳᠦᠪ ᠳᠠᠭᠠᠭᠠᠨ ᠠᠪᠴᠤ ᠪᠠᠢᠴᠠᠭᠠᠨ ᠰᠤᠳᠤᠯᠤᠯᠲᠠ ᠬᠢᠬᠦ᠂ ᠲᠡᠷᠢᠭᠦᠯᠡᠭᠴᠢᠳ᠎ᠤᠨ ᠬᠤᠷᠠᠯᠳᠤᠭᠠᠨ᠎ᠤ ᠪᠦᠷᠢᠯᠳᠦᠭᠦᠨ ᠲᠤᠰᠬᠠᠢ ᠰᠡᠳᠦᠪᠲᠦ ᠰᠤᠳᠤᠯᠭᠠᠨ ᠬᠢᠬᠦ ᠪᠠ ᠲᠤᠰᠬᠠᠢ ᠵᠥᠪᠯᠡᠯ ᠪᠠᠢᠴᠠᠭᠠᠨ ᠰᠤᠳᠤᠯᠵᠤ ᠪᠠᠢᠴᠠᠭᠠᠨ ᠦᠵᠡᠬᠦ ᠪᠠ ᠰᠢᠨᠵᠢᠯᠡᠨ ᠪᠠᠢᠴᠠᠭᠠᠬᠤ ᠵᠡᠷᠭᠡ 138 ᠵᠦᠢᠯ ᠤ᠋ᠨ ᠠᠵᠢᠯᠯᠠᠭ᠎ᠠ᠎ᠶᠢ ᠥᠷᠨᠢᠭᠦᠯᠪᠡ᠃ ᠭᠡᠰᠢᠭᠦᠳ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ 17 ᠪᠠᠢᠴᠠᠭᠠᠨ ᠦᠵᠡᠬᠦ ᠰᠢᠨᠵᠢᠯᠡᠨ ᠪᠠᠢᠴᠠᠭᠠᠬᠤ ᠪᠦᠯᠬᠦᠮ ᠳᠤᠭᠤᠢᠯᠠᠩ᠎ᠳᠤ 202 ᠬᠥᠮᠥᠨ ᠤᠳᠠᠭ᠎ᠠ ᠣᠷᠣᠯᠴᠠᠵᠤ᠂ 81 ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ᠎ᠳᠤ 600 ᠭᠠᠷᠤᠢ ᠬᠥᠮᠥᠨ ᠤᠳᠠᠭ᠎ᠠ ᠣᠷᠣᠯᠴᠠᠪᠠ᠃ 《ᠤᠯᠤᠰ ᠲᠦᠷᠦ᠎ᠶᠢᠨ ᠵᠥᠪᠯᠡᠯᠭᠡᠨ᠎ᠤ ᠪᠠᠢᠴᠠᠭᠠᠨ ᠰᠤᠳᠤᠯᠤᠯᠲᠠ》ᠵᠢ ᠡᠭᠦᠳᠦᠨ ᠪᠠᠢᠭᠤᠯᠪᠠ᠃ ᠰᠠᠨᠠᠯ ᠳᠤᠷᠠᠳᠤᠯᠭ᠎ᠠ᠎ᠶᠢᠨ ᠠᠵᠢᠯ᠎ᠤᠨ ᠳᠦᠷᠢᠮ᠎ᠢ ᠵᠠᠰᠠᠨ ᠲᠣᠭᠲᠠᠭᠠᠵᠤ᠂ ᠳᠤᠷᠠᠳᠬᠤ᠂ ᠳᠠᠩᠰᠠᠯᠠᠬᠤ᠂ ᠭᠦᠢᠴᠡᠳᠬᠡᠬᠦ᠂ ᠰᠢᠪᠠᠳᠠᠬᠤ᠂ ᠦᠨᠡᠯᠡᠬᠦ ᠠᠵᠢᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ 5621 ᠬᠤᠪᠢ ᠰᠠᠨᠠᠯ ᠳᠤᠷᠠᠳᠤᠯᠭ᠎ᠠ᠎ᠶᠢ ᠭᠥᠯᠢᠶᠡᠨ ᠠᠪᠴᠤ᠂ 4791 ᠬᠤᠪᠢ᠎ᠵᠢ ᠨᠢ ᠬᠡᠷᠡᠭ ᠪᠣᠯᠭᠠᠨ ᠳᠠᠩᠰᠠᠯᠠᠪᠠ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 99.9%᠎ᠳᠤ ᠬᠦᠷᠪᠡ᠂ 1982 ᠭᠡᠰᠢᠭᠦᠨ ᠰᠠᠨᠠᠯ ᠳᠤᠷᠠᠳᠤᠯᠭ᠎ᠠ ᠳᠤᠷᠠᠳᠬᠤ᠎ᠳᠤ ᠣᠷᠣᠯᠴᠠᠵᠦ᠂ 1811 ᠭᠡᠰᠢᠭᠦᠨ ᠨᠢᠭᠡᠳᠦᠭᠡᠷ ᠰᠠᠨᠠᠯ ᠳᠤᠷᠠᠳᠤᠯᠭ᠎ᠠ ᠳᠤᠷᠠᠳᠤᠭ᠍ᠴᠢᠶᠢᠨ ᠬᠤᠪᠢ᠎ᠪᠠᠷ ᠰᠠᠨᠠᠯ ᠳᠤᠷᠠᠳᠤᠯᠭ᠎ᠠ ᠳᠡᠪᠰᠢᠭᠦᠯᠵᠦ᠂ 《ᠴᠢᠬᠤᠯᠠ ᠰᠠᠨᠠᠯ ᠳᠤᠷᠠᠳᠤᠯᠭ᠎ᠠ᠎ᠶᠢᠨ ᠲᠣᠪᠴᠢ ᠮᠡᠳᠡᠭᠡ》 ᠪᠠ ᠲᠤᠰᠬᠠᠢ ᠮᠡᠳᠡᠭᠦᠯᠦᠯᠲᠡ᠎ᠶᠢ ᠨᠠᠢᠷᠠᠭᠤᠯᠤᠨ ᠲᠠᠷᠬᠠᠭᠠᠪᠠ᠃ 72 ᠭᠣᠣᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶᠢ ᠰᠢᠯᠢᠨ ᠰᠣᠩᠭᠣᠭᠰᠠᠨ ᠪᠥᠭᠡᠳ ᠰᠢᠪᠠᠳᠠᠨ ᠰᠢᠢᠳᠪᠦᠷᠢᠯᠡᠭᠦᠯᠵᠦ᠂ 22 ᠨᠡᠷᠡᠰ ᠲᠡᠷᠢᠭᠦᠯᠡᠭᠴᠢᠳ᠎ᠤᠨ ᠬᠤᠷᠠᠯᠳᠤᠭᠠᠨ᠎ᠤ ᠪᠦᠷᠢᠯᠳᠦᠭᠦᠨ 31 ᠭᠣᠣᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶᠢ ᠲᠦᠷᠦᠭᠦᠯᠡᠨ ᠰᠢᠪᠠᠳᠠᠨ ᠰᠢᠢᠳᠪᠦᠷᠢᠯᠡᠭᠦᠯᠪᠡ᠃ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶᠢ ᠲᠤᠰᠬᠠᠭᠰᠠᠨ ᠮᠡᠳᠡᠭᠡ ᠵᠠᠩᠭᠢ᠎ᠶᠢᠨ ᠠᠵᠢᠯ᠎ᠢ ᠴᠢᠩᠭᠠᠳᠬᠠᠨ ᠰᠠᠢᠵᠢᠷᠠᠭᠤᠯᠬᠤ ᠰᠠᠨᠠᠯ᠎ᠢ ᠲᠣᠭᠲᠠᠭᠠᠵᠤ᠂ ᠡᠯ᠎ᠡ ᠲᠠᠯ᠎ᠠ᠎ᠶᠢᠨ ᠮᠡᠳᠡᠭᠡ ᠵᠠᠩᠭᠢ᠎ᠶᠢᠨ ᠡᠬᠡ ᠪᠢᠴᠢᠭ᠎ᠢ 43995 ᠬᠤᠪᠢ ᠣᠯᠵᠤ᠂ 6010 ᠬᠤᠪᠢ᠎ᠵᠢ ᠨᠢ ᠰᠣᠩᠭᠣᠨ ᠬᠡᠷᠡᠭᠯᠡᠪᠡ᠃ ᠡᠭᠦᠨ᠎ᠳᠤ᠂ 1154 ᠨᠡᠷᠡᠰ ᠭᠡᠰᠢᠭᠦᠨ 7421 ᠬᠤᠪᠢ ᠮᠡᠳᠡᠭᠡ ᠵᠠᠩᠭᠢ ᠮᠡᠳᠡᠭᠦᠯᠦᠨ ᠬᠦᠷᠭᠡᠵᠦ᠂ 1715 ᠬᠤᠪᠢ ᠵᠢ ᠨᠢ ᠰᠣᠩᠭᠣᠨ ᠬᠡᠷᠡᠭᠯᠡᠪᠡ᠂ ᠭᠡᠰᠢᠭᠦᠨ ᠬᠠᠮᠤᠭ᠎ᠤᠨ ᠤᠯᠠᠨ᠎ᠳᠠᠭᠠᠨ 93 ᠬᠤᠪᠢ ᠮᠡᠳᠡᠭᠡ ᠵᠠᠩᠭᠢ ᠮᠡᠳᠡᠭᠦᠯᠦᠨ ᠬᠦᠷᠭᠡᠵᠦ᠂ ᠬᠠᠮᠤᠭ᠎ᠤᠨ ᠤᠯᠠᠨ᠎ᠳᠠᠭᠠᠨ 23 ᠬᠤᠪᠢ᠎ᠶᠢ ᠨᠢ ᠰᠣᠩᠭᠣᠨ ᠬᠡᠷᠡᠭᠯᠡᠪᠡ᠃ ᠡᠯ᠎ᠡ ᠲᠥᠷᠥᠯ᠎ᠤᠨ ᠮᠡᠳᠡᠭᠡ ᠵᠠᠩᠭᠢ᠎ᠶᠢᠨ ᠰᠡᠳᠬᠦᠯ᠎ᠢ 1063 ᠬᠤᠭᠤᠴᠠᠭ᠎ᠠ ᠨᠠᠢᠷᠠᠭᠤᠯᠤᠨ ᠮᠡᠳᠡᠭᠦᠯᠪᠡ᠂ ᠡᠭᠦᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ 594 ᠬᠤᠭᠤᠴᠠᠭ᠎ᠠ ᠮᠡᠳᠡᠭᠡ ᠵᠠᠩᠭᠢ ᠮᠡᠳᠡᠭᠦᠯᠦᠨ ᠬᠦᠷᠭᠡᠵᠦ᠂ ᠰᠠᠨᠠᠯ ᠳᠤᠷᠠᠳᠤᠯᠭ᠎ᠠ᠂ ᠶᠡᠬᠡ ᠬᠤᠷᠠᠯ ᠳᠡᠭᠡᠷᠡᠬᠢ ᠶᠠᠷᠢᠶ᠎ᠠ᠂ ᠰᠡᠳᠬᠢᠯ᠎ᠢᠶᠠᠨ ᠶᠠᠷᠢᠯᠴᠠᠵᠤ ᠰᠣᠯᠢᠯᠴᠠᠭᠰᠠᠨ᠂ ᠪᠠᠢᠴᠠᠭᠠᠨ ᠰᠤᠳᠤᠯᠵᠤ ᠪᠠᠢᠴᠠᠭᠠᠨ ᠦᠵᠡᠭᠰᠡᠨ᠂ ᠵᠥᠪᠯᠡᠯᠭᠡ ᠬᠢᠵᠦ ᠲᠥᠷᠥ᠎ᠶᠢᠨ ᠬᠡᠷᠡᠭ᠎ᠢ ᠵᠥᠪᠯᠡᠭᠰᠡᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠶᠢᠨ ᠮᠡᠳᠡᠭᠡ ᠵᠠᠩᠭᠢ᠎ᠶᠢ 233 ᠬᠤᠭᠤᠴᠠᠭ᠎ᠠ ᠨᠠᠢᠷᠠᠭᠤᠯᠤᠨ ᠮᠡᠳᠡᠭᠦᠯᠵᠦ᠂ ᠡᠯ᠎ᠡ ᠲᠥᠷᠥᠯ᠎ᠤᠨ ᠲᠥᠷᠥ᠎ᠶᠢᠨ ᠬᠡᠷᠡᠭ᠎ᠢ ᠵᠥᠪᠯᠡᠨ ᠰᠠᠨᠠᠯ ᠪᠣᠳᠣᠯᠭ᠎ᠠ ᠳᠡᠪᠰᠢᠭᠦᠯᠦᠭᠰᠡᠨ ᠦᠷ᠎ᠡ ᠪᠦᠲᠦᠭᠡᠯ᠎ᠤᠨ ᠲᠤᠬᠠᠢ 578 ᠬᠥᠮᠥᠨ ᠤᠳᠠᠭ᠎ᠠ᠎ᠶᠢᠨ ᠴᠣᠬᠣᠯᠠᠪᠤᠷᠢ᠂ 76 ᠬᠤᠪᠢ ᠬᠠᠷᠢᠭᠤ ᠲᠤᠰᠬᠠᠭᠰᠠᠨ ᠮᠡᠳᠡᠭᠦᠯᠦᠯᠲᠡ᠎ᠶᠢ ᠬᠣᠷᠢᠶᠠᠨ ᠣᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠥᠷᠥ᠎ᠶᠢᠨ ᠪᠣᠳᠣᠯᠭ᠎ᠠ ᠲᠣᠭᠲᠠᠭᠠᠬᠤ᠂ ᠠᠷᠭ᠎ᠠ ᠬᠡᠮᠵᠢᠶ᠎ᠡ ᠨᠡᠢᠲᠡᠯᠡᠬᠦ᠎ᠳᠤ ᠴᠢᠬᠤᠯᠠ ᠯᠠᠪᠯᠠᠯᠲᠠ ᠬᠠᠩᠭᠠᠪᠠ᠃ ᠤᠯᠤᠰ ᠲᠥᠷᠥ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠰᠣᠨᠢᠨ ᠰᠡᠳᠬᠦᠯ᠎ᠡᠴᠡ ᠴᠢᠬᠤᠯᠠ ᠵᠥᠪᠯᠡᠬᠦ ᠠᠵᠢᠯᠯᠠᠭ᠎ᠠ᠎ᠶᠢᠨ ᠮᠡᠳᠡᠭᠡᠯᠡᠯ᠎ᠢ 680 ᠬᠤᠪᠢ ᠨᠡᠢᠲᠡᠯᠡᠵᠦ᠂ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠮᠡᠳᠡᠭᠡᠯᠡᠯ᠎ᠢ 2278 ᠬᠤᠪᠢ ᠨᠡᠢᠲᠡᠯᠡᠪᠡ᠂ 《ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠰᠣᠨᠢᠨ》 ᠨᠢ ᠲᠤᠰᠬᠠᠢ ᠪᠣᠯᠣᠩ ᠭᠠᠷᠭᠠᠵᠤ ᠡᠯ᠎ᠡ ᠭᠠᠵᠠᠷ᠎ᠤᠨ ᠤᠯᠤᠰ ᠲᠦᠷᠦ᠎ᠶᠢᠨ ᠵᠥᠪᠯᠡᠯᠭᠡᠨ᠎ᠤ ᠬᠢᠨ᠎ᠤ ᠲᠤᠷᠰᠢᠯᠭ᠎ᠠ ᠪᠠ ᠠᠷᠭ᠎ᠠ᠎ᠶᠢᠨ ᠲᠤᠬᠠᠢ 278 ᠬᠤᠪᠢ ᠰᠢᠷᠢᠰ ᠮᠡᠳᠡᠭᠡᠯᠡᠯ ᠨᠡᠢᠲᠡᠯᠡᠪᠡ᠃ ᠶᠡᠬᠡ ᠬᠤᠷᠠᠯ ᠳᠡᠭᠡᠷᠡᠬᠢ ᠶᠠᠷᠢᠶ᠎ᠠ᠎ᠶᠢ ᠰᠢᠯᠢᠨ ᠰᠣᠩᠭᠣᠬᠤ ᠪᠠ ᠵᠣᠬᠢᠶᠠᠨ ᠪᠠᠶ᠋ᠢᠭᠤᠯᠬᠤ ᠠᠵᠢᠯ᠎ᠢ ᠥᠭᠡᠷᠡᠴᠢᠯᠡᠨ ᠰᠠᠢᠵᠢᠷᠠᠭᠤᠯᠵᠤ᠂ ᠶᠠᠷᠢᠶ᠎ᠠ ᠲᠠᠯᠪᠢᠬᠤ ᠲᠥᠯᠥᠭᠡᠯᠡᠬᠦ ᠴᠢᠨᠠᠷ ᠪᠠ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠂ ᠶᠡᠬᠡ ᠬᠤᠷᠠᠯ ᠳᠡᠭᠡᠷᠡᠬᠢ ᠶᠠᠷᠢᠶ᠎ᠠ᠎ᠶᠢ 901 ᠬᠤᠪᠢ ᠨᠠᠢᠷᠠᠭᠤᠯᠤᠨ ᠲᠠᠷᠬᠠᠭᠠᠵᠤ᠂ 65 ᠭᠡᠰᠢᠭᠦᠨ ᠶᠠᠷᠢᠶ᠎ᠠ ᠲᠠᠯᠪᠢᠪᠠ᠃ 《ᠠᠷᠠᠳ᠎ᠤᠨ ᠡᠳᠦᠷ᠎ᠤᠨ ᠰᠣᠨᠢᠨ》 ᠪᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠰᠣᠨᠢᠨ ᠰᠡᠳᠬᠦᠯ ᠨᠢ ᠪᠠᠢᠩᠭᠤ᠎ᠶᠢᠨ ᠬᠣᠷᠢᠶᠠᠨ᠎ᠤ ᠬᠤᠷᠠᠯᠳᠤᠭᠠᠨ᠂ ᠬᠣᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ ᠳᠡᠭᠡᠷᠡᠬᠢ ᠭᠡᠰᠢᠭᠦᠳ᠎ᠤᠨ ᠶᠠᠷᠢᠶ᠎ᠠ᠎ᠶᠢ 818 ᠬᠤᠪᠢ ᠤᠳᠠᠭ᠎ᠠ ᠨᠡᠢᠲᠡᠯᠡᠪᠡ᠃ ᠭᠡᠰᠢᠭᠦᠳ᠎ᠤᠨ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠳᠦᠷᠢᠮ ᠲᠣᠭᠲᠡᠴᠡ᠎ᠶᠢ ᠲᠡᠭᠦᠯᠳᠡᠷᠵᠢᠭᠦᠯᠬᠦ ᠰᠠᠨᠠᠯ᠎ᠢ ᠲᠣᠭᠲᠠᠭᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠡᠴᠡ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠠᠵᠢᠯᠯᠠᠭ᠎ᠠ᠎ᠶᠢ ᠨᠡᠶ᠋ᠢᠲᠡ 6806 ᠵᠦᠢᠯ ᠥᠷᠨᠢᠭᠦᠯᠪᠡ᠃ 《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠰᠣᠶᠣᠯ ᠲᠡᠦᠬᠡ᠎ᠶᠢᠨ ᠮᠠᠲᠧᠷᠢᠶᠠᠯ᠎ᠤᠨ ᠰᠡᠳᠦᠪ ᠰᠣᠩᠭᠣᠬᠤ ᠬᠠᠮᠵᠢᠯᠴᠠᠭᠠᠨ᠎ᠤ ᠲᠥᠯᠦᠪᠵᠢᠭᠦᠯᠭᠡ》 ᠵᠢᠴᠢ ᠡᠯᠰᠡᠵᠦ ᠨᠠᠢᠷᠠᠭᠤᠯᠬᠤ ᠲᠥᠰᠥᠯ᠎ᠢ ᠲᠣᠭᠲᠠᠭᠠᠪᠠ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠎ᠶᠢᠨ ᠠᠵᠢᠯ᠎ᠤᠨ ᠶᠠᠷᠢᠯᠴᠠᠬᠤ ᠬᠤᠷᠠᠯ ᠪᠠ ᠪᠠᠢᠭᠤᠯᠭ᠎ᠠ᠎ᠶᠢᠨ ᠺᠠᠳ᠋ᠷ᠎ᠤᠨ 11 ᠲᠠᠯᠠᠪᠤᠷ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ 19 ᠲᠠᠰᠤᠭ ᠪᠠ ᠲᠣᠪᠴᠢᠶᠠᠨ᠎ᠤ 324 ᠨᠡᠷᠡᠰ ᠪᠠᠢᠭᠤᠯᠭ᠎ᠠ᠎ᠶᠢᠨ ᠺᠠᠳ᠋ᠷ᠎ᠲᠠᠢ ᠨᠢᠭᠤᠷᠳᠠᠨ ᠶᠠᠷᠢᠯᠴᠠᠪᠠ᠃ ᠬᠥᠮᠥᠨ ᠬᠡᠷᠡᠭᠯᠡᠬᠦ ᠵᠥᠪ ᠤᠳᠤᠷᠢᠳᠤᠮᠵᠢ᠎ᠶᠢ ᠪᠠᠷᠢᠮᠲᠠᠯᠠᠵᠤ᠂ ᠺᠠᠳ᠋ᠷ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ᠎ᠶᠢ ᠰᠠᠢᠲᠤᠷ ᠠᠳᠬᠤᠵᠤ᠂ ᠪᠠᠢᠭᠤᠯᠭ᠎ᠠ᠎ᠶᠢᠨ 808 ᠨᠡᠷᠡᠰ ᠨᠠᠮ᠎ᠤᠨ ᠭᠡᠰᠢᠭᠦᠨ ᠺᠠᠳ᠋ᠷ᠎ᠤᠨ ᠥᠪᠡᠷ᠎ᠢ᠎ᠪᠠᠨ ᠪᠠᠢᠴᠠᠭᠠᠵᠤ ᠥᠪᠡᠷᠲᠡᠭᠡᠨ ᠵᠠᠯᠠᠷᠠᠭᠤᠯᠵᠤ ᠥᠪᠡᠰᠦᠪᠡᠨ ᠮᠡᠳᠡᠭᠦᠯᠵᠦ ᠥᠪᠡᠰᠦᠪᠡᠨ ᠵᠠᠰᠠᠬᠤ᠎ᠶᠢ ᠵᠣᠬᠢᠶᠠᠨ ᠪᠠᠢᠭᠤᠯᠪᠠ᠃ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠲᠣᠭᠣᠷᠢᠨ ᠪᠠᠢᠴᠠᠭᠠᠬᠤ ᠪᠠᠢᠭᠤᠯᠤᠮᠵᠢ᠎ᠶᠢ ᠪᠠᠢᠭᠤᠯᠵᠤ᠂ ᠲᠤᠰᠬᠠᠢ ᠲᠣᠭᠣᠷᠢᠨ ᠪᠠᠢᠴᠠᠭᠠᠬᠤ ᠠᠵᠢᠯ᠎ᠤᠨ ᠠᠷᠭ᠎ᠠ ᠵᠢᠴᠢ 5 ᠵᠢᠯ᠎ᠤᠨ ᠲᠥᠯᠦᠪᠵᠢᠭᠦᠯᠭᠡ᠎ᠶᠢ ᠲᠣᠭᠲᠠᠭᠠᠵᠤ᠂ 10 ᠲᠤᠰᠬᠠᠢ ᠵᠥᠪᠯᠡᠯ᠎ᠤᠨ ᠨᠠᠮ᠎ᠤᠨ ᠬᠤᠪᠢᠶᠠᠷᠢ ᠤᠳᠤᠷᠢᠳᠬᠤ ᠳᠤᠭᠤᠢᠯᠠᠩ᠎ᠳᠤ ᠪᠦᠬᠦᠨ᠎ᠢ ᠬᠠᠮᠤᠷᠤᠭᠰᠠᠨ ᠲᠣᠭᠣᠷᠢᠨ ᠪᠠᠢᠴᠠᠭᠠᠯᠲᠠ ᠥᠷᠨᠢᠭᠦᠯᠬᠦ᠎ᠶᠢ ᠪᠠᠢᠷᠢᠯᠠᠭᠤᠯᠪᠠ᠃ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠭᠤᠯᠭ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠠᠵᠢᠯ᠎ᠢ ᠳᠡᠮᠵᠢᠵᠦ᠂ ᠵᠢᠱ᠌ᠢᠶᠡᠴᠢ ᠪᠠᠢᠭᠤᠯᠭ᠎ᠠ᠎ᠶᠢ ᠪᠠᠢᠭᠤᠯᠤᠭᠠᠳ ᠰᠢᠨ᠎ᠡ ᠦᠷ᠎ᠡ ᠪᠦᠲᠦᠮᠵᠢ ᠣᠯᠪᠠ᠃ ᠠᠮᠤᠷ ᠲᠦᠪᠰᠢᠨ᠎ᠤ ᠳᠠᠯᠳᠠ ᠭᠡᠮ᠎ᠢ ᠰᠠᠮᠨᠠᠨ ᠪᠠᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ᠎ᠢ 7 ᠡᠭᠡᠯᠵᠢ ᠵᠣᠬᠢᠶᠠᠨ ᠪᠠᠢᠭᠤᠯᠵᠤ᠂ ᠪᠠᠢᠭᠤᠯᠭ᠎ᠠ᠎ᠶᠢᠨ ᠠᠮᠤᠷ ᠲᠦᠪᠰᠢᠨ ᠠᠵᠢᠯᠯᠠᠭ᠎ᠠ᠎ᠨᠢ ᠦᠨᠡᠨ ᠬᠦ᠌ ᠪᠠᠲᠤᠯᠠᠪᠠ᠃
(ᠲᠠᠪᠤ) ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠪᠠᠳᠠᠷᠠᠭᠤᠯᠵᠤ᠂ ᠲᠦᠷᠦ᠎ᠶᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠤ ᠬᠠᠷᠢᠴᠠᠭ᠎ᠠ᠂ ᠱᠠᠰᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠬ᠎ᠠ ᠳᠡᠭᠦᠦ ᠨᠠᠷ᠎ᠤᠨ ᠬᠠᠷᠢᠴᠠᠭ᠎ᠠ᠎ᠶᠢᠨ ᠡᠶ᠎ᠡ ᠵᠣᠬᠢᠴᠠᠯ᠎ᠢ ᠠᠬᠢᠭᠤᠯᠪᠠ᠃ ᠪᠢᠳᠡ ᠦᠵᠡᠯ ᠰᠠᠨᠠᠭ᠎ᠠ ᠤᠯᠤᠰ ᠲᠥᠷᠥ᠎ᠶᠢᠨ ᠬᠥᠲᠥᠯᠥᠨ ᠳᠠᠭᠠᠭᠤᠯᠭ᠎ᠠ᠎ᠶᠢ ᠴᠢᠩᠭᠠᠳᠬᠠᠬᠤ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠠᠷ ᠨᠢᠭ᠍ᠲᠠᠷᠠᠭᠤᠯᠬᠤ᠎ᠶᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯ᠎ᠤᠨ ᠭᠣᠣᠯ ᠵᠠᠩᠭᠢᠯᠠᠭ᠎ᠠ ᠪᠣᠯᠭᠠᠨ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶᠢ ᠡᠷᠢᠯᠬᠢᠯᠡᠬᠦ᠂ ᠬᠠᠮᠤᠭ᠎ᠤᠨ ᠶᠡᠬᠡ ᠢᠵᠢᠯ ᠲᠥᠪ᠎ᠲᠦ ᠲᠣᠭᠣᠷᠢᠭ᠋᠎ᠢ ᠵᠢᠷᠤᠭᠯᠠᠬᠤ᠎ᠪᠠᠷ ᠴᠢᠷᠮᠠᠢᠪᠠ᠃ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠨᠢ ᠳᠤᠮᠳᠠᠳᠤ ᠤᠯᠤᠰ᠎ᠤᠨ ᠰᠢᠨ᠎ᠡ ᠮᠠᠶᠢᠭ᠋᠎ᠤᠨ ᠲᠥᠷᠥ᠎ᠶᠢᠨ ᠨᠠᠮ᠎ᠤᠨ ᠪᠠᠢᠭᠤᠯᠤᠯ᠎ᠢ ᠬᠡᠷᠡᠭᠵᠢᠭᠦᠯᠬᠦ ᠴᠢᠬᠤᠯᠠ ᠤᠯᠤᠰ ᠲᠥᠷᠥ᠎ᠶᠢᠨ ᠬᠡᠯᠪᠡᠷᠢ ᠪᠠ ᠵᠣᠬᠢᠶᠠᠨ ᠪᠠᠢᠭᠤᠯᠤᠯᠲᠠ᠎ᠶᠢᠨ ᠬᠡᠯᠪᠡᠷᠢ ᠪᠣᠯᠬᠤ ᠦᠢᠯᠡᠳᠦᠯ᠎ᠢ ᠪᠠᠳᠠᠷᠠᠭᠤᠯᠵᠤ᠂ ᠬᠣᠯᠪᠣᠭᠳᠠᠯ ᠪᠦᠬᠦᠢ ᠲᠤᠰᠬᠠᠢ ᠵᠥᠪᠯᠡᠯ᠎ᠡᠴᠡ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠣᠯᠪᠣᠭᠠᠲᠤ ᠬᠤᠷᠠᠯ᠎ᠲᠠᠢ ᠬᠠᠮᠲᠤᠷᠠᠨ 5 ᠤᠳᠠᠭ᠎ᠠ᠎ᠶᠢᠨ ᠬᠠᠮᠲᠤᠷᠠᠭᠰᠠᠨ ᠪᠠᠢᠴᠠᠭᠠᠨ ᠰᠤᠳᠤᠯᠤᠯᠲᠠ ᠬᠢᠵᠦ᠂ 9 ᠤᠳᠠᠭ᠎ᠠ᠎ᠶᠢᠨ ᠵᠥᠪᠯᠡᠬᠦ ᠠᠵᠢᠯᠯᠠᠭ᠎ᠠ᠎ᠶᠢ ᠬᠠᠮᠲᠤᠷᠠᠨ ᠡᠷᠬᠢᠯᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠣᠯᠪᠣᠭᠠᠲᠤ ᠬᠤᠷᠠᠯ ᠪᠠ ᠨᠠᠮ ᠪᠦᠯᠦᠭ᠎ᠤᠨ ᠪᠤᠰᠤ ᠬᠥᠮᠥᠰ 563 ᠬᠤᠪᠢ ᠰᠠᠨᠠᠯ ᠳᠤᠷᠠᠳᠤᠯᠭ᠎ᠠ᠂ 144 ᠬᠤᠪᠢ ᠶᠡᠬᠡ ᠬᠤᠷᠠᠯ ᠳᠡᠭᠡᠷᠡᠬᠢ ᠶᠠᠷᠢᠶ᠎ᠠ᠎ᠶᠢ ᠳᠡᠪᠰᠢᠭᠦᠯᠪᠡ᠃ ᠭᠡᠰᠢᠭᠦᠳ᠎ᠤᠨ ᠬᠠᠷᠢᠯᠴᠠᠬᠤ ᠪᠠᠢᠭᠤᠯᠤᠮᠵᠢ᠎ᠶᠢ ᠪᠠᠢᠭᠤᠯᠪᠠ᠃ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠨᠠᠷ ᠨᠠᠮ᠎ᠤᠨ ᠭᠠᠳᠠᠨᠠᠬᠢ ᠭᠡᠰᠢᠭᠦᠳ᠎ᠲᠠᠢ《ᠨᠢᠭᠡ ᠨᠢᠭᠡ᠎ᠪᠠᠷ ᠶᠠᠷᠢᠯᠴᠠᠬᠤ》 ᠰᠡᠳᠬᠢᠯ᠎ᠢᠶᠠᠨ ᠶᠠᠷᠢᠯᠴᠠᠵᠤ ᠰᠣᠯᠢᠯᠴᠠᠬᠤ ᠠᠵᠢᠯᠯᠠᠭ᠎ᠠ᠎ᠶᠢ 403 ᠬᠥᠮᠥᠨ ᠤᠳᠠᠭ᠎ᠠ ᠥᠷᠨᠢᠭᠦᠯᠵᠦ᠂ ᠪᠠᠢᠳᠠᠯ᠎ᠢᠶᠠᠨ ᠰᠣᠯᠢᠯᠴᠠᠵᠤ᠂ ᠦᠵᠡᠯ ᠰᠠᠨᠠᠭ᠎ᠠ᠎ᠪᠠᠨ ᠨᠡᠪᠲᠡᠷᠡᠯᠴᠡᠨ᠂ ᠬᠠᠮᠲᠤ᠎ᠶᠢᠨ ᠲᠠᠨᠢᠯᠲᠠ᠎ᠪᠠᠨ ᠨᠡᠮᠡᠭᠳᠡᠭᠦᠯᠪᠡ᠂ ᠡᠭᠦᠨ᠎ᠤ ᠳᠣᠲᠣᠷᠠᠬᠢ ᠮᠠᠰᠢ ᠤᠯᠠᠨ ᠴᠢᠬᠤᠯᠠ ᠰᠠᠨᠠᠯ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨ ᠴᠢᠬᠤᠯᠠᠴᠢᠯᠠᠨ ᠬᠦᠯᠢᠶᠡᠨ ᠠᠪᠴᠠᠢ᠃ ᠨᠠᠮ᠎ᠤᠨ ᠭᠠᠳᠠᠨᠠᠬᠢ ᠭᠡᠰᠢᠭᠦᠳ᠎ᠢ ᠵᠣᠬᠢᠶᠠᠨ ᠪᠠᠢᠭᠤᠯᠤᠨ ᠲᠤᠰᠬᠠᠢ ᠰᠡᠳᠦᠪ᠎ᠢᠶᠠᠷ 11 ᠤᠳᠠᠭ᠎ᠠ ᠪᠠᠢᠴᠠᠭᠠᠨ ᠦᠵᠡᠵᠦ᠂ ᠨᠠᠮ᠎ᠤᠨ ᠭᠡᠰᠢᠭᠦᠨ ᠭᠡᠰᠢᠭᠦᠳ᠎ᠤᠨ ᠨᠠᠮ᠎ᠤᠨ ᠭᠠᠳᠠᠨᠠᠬᠢ ᠭᠡᠰᠢᠭᠦᠳ᠎ᠲᠠᠢ ᠬᠠᠷᠢᠯᠴᠠᠬᠤ ᠳᠦᠷᠢᠮ ᠲᠣᠭᠲᠡᠴᠡ᠎ᠶᠢ ᠪᠦᠷᠢᠨᠰᠢᠭᠦᠯᠵᠦ᠂ 828 ᠨᠡᠷᠡᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ 1157 ᠨᠡᠷᠡᠰ ᠨᠠᠮ᠎ᠤᠨ ᠭᠠᠳᠠᠨᠠᠬᠢ ᠭᠡᠰᠢᠭᠦᠨ ᠯᠦ᠍ᠭᠡ ᠬᠠᠷᠢᠯᠴᠠᠭ᠎ᠠ ᠪᠠᠢᠭᠤᠯᠪᠠ᠃ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠳᠤᠮᠳᠠ ᠨᠠᠮ᠎ᠤᠨ ᠭᠠᠳᠠᠨᠠᠬᠢ ᠰᠡᠬᠡᠭᠡᠲᠡᠨ᠂ ᠨᠡᠶ᠋ᠢᠲᠡ᠎ᠶᠢᠨ ᠥᠮᠴᠢᠯᠡᠯ᠎ᠤᠨ ᠪᠤᠰᠤ ᠠᠵᠤ ᠠᠬᠤᠢ᠎ᠶᠢᠨ ᠬᠥᠮᠥᠰ᠂ ᠨᠡᠢᠭᠡᠮ᠎ᠤᠨ ᠰᠢᠨ᠎ᠡ ᠳᠠᠪᠬᠤᠷᠭ᠎ᠠ᠎ᠶᠢᠨ ᠬᠥᠮᠥᠰ ᠯᠦ᠍ᠭᠡ᠎ᠶᠢᠨ ᠨᠡᠪᠲᠡᠷᠡᠯᠴᠡᠭᠡ ᠰᠣᠯᠢᠯᠴᠠᠭ᠎ᠠ ᠬᠢᠬᠦ᠂ ᠬᠠᠷᠢᠯᠴᠠᠭ᠎ᠠ ᠨᠥᠬᠥᠷᠯᠡᠯ᠎ᠢᠶᠠᠨ ᠴᠢᠩᠭᠠᠳᠬᠠᠬᠤ᠎ᠶᠢ ᠴᠢᠬᠤᠯᠠᠴᠢᠯᠠᠪᠠ᠃ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠂ ᠰᠢᠨ᠎ᠡ ᠴᠠᠭ ᠦᠶ᠎ᠡ᠎ᠶᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠲᠥᠪᠡᠳ ᠤᠯᠠᠮᠵᠢᠯᠠᠯᠲᠤ ᠪᠤᠳ᠋ᠳ᠋ᠾᠠ᠎ᠶᠢᠨ ᠱᠠᠰᠢᠨ᠎ᠤ ᠳᠤᠮᠳᠠᠳᠤ ᠤᠯᠤᠰᠴᠢᠯᠠᠯᠲᠠ᠎ᠶᠢ ᠠᠬᠢᠭᠤᠯᠬᠤ᠂ ᠰᠢᠨᠵᠢᠶᠠᠩ᠎ᠤᠨ ᠢᠰᠯᠠᠮ᠎ᠤᠨ ᠱᠠᠰᠢᠨ᠎ᠤ ᠳᠤᠮᠳᠠᠳᠤ ᠤᠯᠤᠰᠴᠢᠯᠠᠯᠲᠠ᠎ᠶᠢ ᠠᠬᠢᠭᠤᠯᠬᠤ ᠵᠡᠷᠭᠡ ᠲᠤᠬᠠᠢ ᠲᠥᠪᠡᠳ᠂ ᠰᠢᠨᠵᠢᠶᠠᠩ ᠵᠢᠴᠢ ᠲᠥᠪᠡᠳ ᠦᠨᠳᠦᠰᠦᠲᠡᠨ᠎ᠳᠤ ᠬᠣᠯᠪᠣᠭᠳᠠᠬᠤ ᠰᠧᠴᠤᠸᠠᠨ᠎ᠤ ᠵᠧᠦ ᠰᠢᠶᠠᠨ᠎ᠳᠤ ᠬᠦᠷᠴᠦ 10 ᠤᠳᠠᠭᠠᠨ᠎ᠤ ᠪᠠᠢᠴᠠᠭᠠᠨ ᠰᠤᠳᠤᠯᠵᠤ ᠪᠠᠢᠴᠠᠭᠠᠨ ᠦᠵᠡᠬᠦ ᠠᠵᠢᠯ ᠥᠷᠨᠢᠭᠦᠯᠦᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢᠨ ᠲᠡᠦᠬᠡᠨ ᠲᠠᠢᠯᠪᠤᠷᠢᠯᠠᠯᠲᠠ ᠪᠠ ᠤᠬᠠᠭᠤᠯᠭ᠎ᠠ ᠬᠥᠮᠦᠵᠢᠯ᠎ᠢ ᠴᠢᠩᠭᠠᠳᠬᠠᠬᠤ᠂ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠤᠢ ᠪᠣᠯᠭᠠᠬᠤ ᠬᠥᠮᠦᠵᠢᠯ᠎ᠢ ᠴᠢᠩᠭᠠᠳᠬᠠᠬᠤ ᠵᠡᠷᠭᠡ ᠲᠠᠯ᠎ᠠ᠎ᠪᠠᠷ ᠭᠦᠨᠵᠡᠭᠡᠢ ᠰᠤᠳᠤᠯᠪᠠ᠃ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠰᠢᠨ ᠰᠤᠷᠲᠠᠬᠤᠨ᠎ᠤ ᠡᠲᠡᠭᠡᠳ᠎ᠤᠨ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶᠢ ᠲᠤᠰᠬᠠᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ 《ᠭᠡᠰᠢᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ᠎ᠶᠢ ᠠᠬᠢᠭᠤᠯᠬᠤ》ᠰᠢᠷᠢᠰ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠪᠡ᠃ ᠰᠢᠶᠠᠩᠭᠠᠩ ᠣᠣᠮᠧᠨ᠎ᠤ ᠵᠠᠯᠠᠭᠤᠴᠤᠳ᠎ᠢ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠠᠩ ᠰᠠᠢᠨ ᠠᠭᠤᠰᠤᠯᠴᠠᠭᠤᠯᠬᠤ᠎ᠶᠢ ᠠᠬᠢᠭᠤᠯᠬᠤ ᠵᠡᠷᠭᠡ᠎ᠶᠢᠨ ᠲᠣᠭᠣᠷᠢᠨ᠎ᠳᠤ ᠪᠠᠢᠴᠠᠭᠠᠨ ᠰᠤᠳᠤᠯᠤᠯᠲᠠ ᠬᠢᠵᠦ᠂ ᠰᠢᠶᠠᠩᠭᠠᠩ ᠣᠣᠮᠧᠨ ᠬᠢᠭᠡᠳ ᠳᠣᠲᠣᠷ᠎ᠠ ᠭᠠᠵᠠᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠲᠤᠬᠠᠢ ᠲᠤᠰᠬᠠᠢ ᠰᠡᠳᠦᠪ᠎ᠢᠶᠠᠷ ᠪᠠᠢᠴᠠᠭᠠᠨ ᠦᠵᠡᠬᠦ᠎ᠶᠢ ᠵᠣᠬᠢᠶᠠᠨ ᠪᠠᠢᠭᠤᠯᠵᠤ᠂ ᠰᠢᠶᠠᠩᠭᠠᠩ ᠣᠣᠮᠧᠨ᠎ᠤ ᠭᠡᠰᠢᠭᠦᠳ᠎ᠲᠠᠢ ᠬᠠᠷᠢᠯᠴᠠᠬᠤ ᠠᠵᠢᠯ᠎ᠤᠨ ᠲᠣᠭᠲᠡᠴᠡ᠎ᠶᠢ ᠲᠡᠭᠦᠯᠳᠡᠷᠵᠢᠭᠦᠯᠪᠡ᠃ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠠᠵᠤ ᠦᠢᠯᠡᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠬᠤ᠂ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠬᠠᠮᠲᠤ᠎ᠶᠢᠨ ᠵᠠᠬ᠎ᠠ ᠳᠡᠯᠭᠡᠭᠦᠷ᠎ᠢ ᠪᠠᠶ᠋ᠢᠭᠤᠯᠬᠤ ᠵᠡᠷᠭᠡ᠎ᠶᠢᠨ ᠲᠣᠭᠣᠷᠢᠨ᠎ᠳᠤ ᠵᠥᠪᠯᠡᠯᠭᠡ ᠬᠢᠵᠦ ᠰᠠᠨᠠᠯ ᠪᠣᠳᠣᠯᠭ᠎ᠠ ᠳᠡᠪᠰᠢᠭᠦᠯᠦᠨ᠂ ᠵᠢᠷᠭᠤᠳᠤᠭᠠᠷ ᠬᠤᠭᠤᠴᠠᠭᠠᠨ᠎ᠤ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢᠨ ᠶᠠᠷᠢᠯᠴᠠᠭᠠᠨ᠎ᠤ ᠲᠠᠪᠴᠠᠩ᠎ᠢ ᠡᠷᠬᠢᠯᠡᠵᠤ᠂ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠪᠠ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠨᠠᠷ᠎ᠤᠨ ᠪᠦᠯᠬᠦᠮ᠎ᠤᠨ ᠰᠣᠷᠪᠤᠯᠵᠢᠯᠠᠭ᠎ᠠ᠎ᠶᠢ 367 ᠬᠥᠮᠥᠨ ᠤᠳᠠᠭ᠎ᠠ ᠬᠦᠯᠢᠶᠡᠨ ᠠᠪᠴᠤ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠎ᠤᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠠᠶ᠋ᠢᠭᠤᠯᠬᠤ᠎ᠳᠤ ᠭᠦᠨᠵᠡᠭᠡᠢ ᠣᠷᠣᠯᠴᠠᠬᠤ ᠲᠤᠬᠠᠢ ᠪᠠᠢᠴᠠᠭᠠᠨ ᠰᠤᠳᠤᠯᠤᠯᠲᠠ᠎ᠶᠢᠨ ᠶᠠᠷᠢᠯᠴᠠᠬᠤ ᠬᠤᠷᠠᠯ ᠬᠢᠵᠦ᠂ ᠬᠠᠷᠢᠶᠠᠲᠤ ᠨᠠᠷ᠎ᠤᠨ ᠰᠡᠳᠬᠢᠯ᠎ᠢ ᠨᠢᠭ᠍ᠲᠠᠷᠠᠭᠤᠯᠤᠨ᠂ ᠬᠠᠷᠢᠶᠠᠲᠤ ᠨᠠᠷ᠎ᠤᠨ ᠤᠶᠤᠨ ᠤᠬᠠᠭᠠᠨ᠎ᠢ ᠲᠥᠪᠯᠡᠷᠡᠭᠦᠯᠵᠦ᠂ ᠬᠠᠷᠢᠶᠠᠲᠤ ᠨᠠᠷ᠎ᠤᠨ ᠬᠦᠴᠦᠨ ᠴᠢᠳᠠᠯ᠎ᠢ ᠪᠠᠳᠠᠷᠠᠭᠤᠯᠪᠠ᠃
(ᠵᠢᠷᠭᠤᠭ᠎ᠠ) ᠭᠠᠳᠠᠭᠠᠳᠤ᠎ᠲᠠᠢ ᠨᠥᠬᠦᠷᠰᠡᠭ᠎ᠢᠶᠠᠷ ᠶᠠᠪᠤᠯᠴᠠᠬᠤ᠎ᠶᠢ ᠢᠳᠡᠪᠬᠢᠲᠡᠢ ᠥᠷᠨᠢᠭᠦᠯᠵᠦ᠂ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠬᠡ ᠲᠠᠯ᠎ᠠ᠎ᠳᠤ ᠦᠢᠯᠡᠴᠢᠯᠡᠪᠡ᠃ ᠪᠢᠳᠡ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠷᠦᠩᠬᠡᠢ ᠪᠠᠢᠷᠢᠯᠠᠭᠤᠯᠤᠯᠲᠠ ᠶᠣᠰᠣᠭᠠᠷ᠂ ᠤᠯᠠᠨ ᠨᠡᠶ᠋ᠢᠲᠡ᠎ᠶᠢᠨ ᠭᠠᠳᠠᠭᠠᠳᠤ ᠬᠠᠷᠢᠯᠴᠠᠭ᠎ᠠ᠂ ᠠᠷᠠᠳ᠎ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ᠂ ᠤᠶᠤᠨ᠎ᠤ ᠬᠥᠮᠥᠷᠭᠡ᠎ᠶᠢᠨ ᠭᠠᠳᠠᠭᠠᠳᠤ ᠬᠠᠷᠢᠯᠴᠠᠭ᠎ᠠ᠎ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠠᠰᠢᠭ᠍ᠲᠠᠢ ᠭᠠᠳᠠᠭᠠᠳᠤ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠬᠦᠴᠦᠨ ᠨᠡᠮᠡᠷᠢᠯᠡᠪᠡ᠃ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ ᠵᠢᠴᠢ ᠬᠠᠷᠢᠶ᠎ᠠ ᠪᠠᠢᠭᠤᠯᠤᠮᠵᠢ᠎ᠨᠤᠭᠤᠳ 23 ᠪᠦᠯᠦᠭ ᠤᠳᠠᠭ᠎ᠠ᠎ᠶᠢᠨ ᠠᠶ᠋ᠢᠯᠴᠢᠯᠠᠯᠲᠠ᠎ᠶᠢ ᠵᠣᠬᠢᠶᠠᠨ ᠪᠠᠢᠭᠤᠯᠵᠤ᠂ 50 ᠤᠯᠤᠰ᠎ᠤᠨ 200 ᠭᠠᠷᠤᠢ ᠪᠠᠢᠭᠤᠯᠤᠮᠵᠢ᠎ᠲᠠᠢ ᠰᠣᠯᠢᠯᠴᠠᠨ ᠶᠠᠪᠤᠯᠴᠠᠵᠤ᠂ 41 ᠭᠠᠳᠠᠭᠠᠳᠤ᠎ᠶᠢᠨ ᠣᠶᠤᠨ᠎ᠤ ᠬᠥᠮᠥᠷᠭᠡ ᠪᠠ 12 ᠠᠷᠠᠳ᠎ᠤᠨ ᠵᠣᠬᠢᠶᠠᠨ ᠪᠠᠢᠭᠤᠯᠤᠯᠲᠠ᠎ᠲᠠᠢ ᠰᠢᠨ᠎ᠡ᠎ᠪᠠᠷ ᠬᠠᠷᠢᠯᠴᠠᠭ᠎ᠠ ᠪᠠᠢᠭᠤᠯᠵᠤ᠂ ᠳᠤᠮᠳᠠᠳᠤ ᠤᠯᠤᠰ᠎ᠲᠤ ᠰᠠᠭᠤᠭ᠎ᠠ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ᠂ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶᠢᠨ ᠡᠯᠴᠢᠨ ᠰᠠᠢᠳ᠂ 《ᠳᠣᠷᠣᠨᠠᠳᠠᠬᠢᠨ᠎ᠤ ᠰᠤᠷᠤᠯᠭ᠎ᠠ᠎ᠶᠢᠨ ᠱᠠᠩᠨᠠᠯ᠎ᠤᠨ ᠮᠥᠩᠭᠥ》 ᠢ᠋ᠢᠨ ᠳᠡᠭᠡᠳᠦ ᠵᠡᠷᠭᠡ᠎ᠶᠢᠨ ᠠᠢᠯᠴᠢᠯᠠᠬᠤ ᠡᠷᠳᠡᠮᠲᠡᠨ ᠵᠡᠷᠭᠡ᠎ᠶᠢ 《ᠤᠯᠤᠰ ᠲᠥᠷᠥ᠎ᠶᠢᠨ ᠵᠥᠪᠯᠡᠯᠭᠡᠨ᠎ᠳᠤ ᠠᠢᠯᠴᠢᠯᠠᠭᠤᠯᠬᠤ》 3 ᠲᠠᠯᠠᠪᠤᠷ ᠠᠵᠢᠯᠯᠠᠭ᠎ᠠ ᠶᠠᠪᠤᠭᠤᠯᠵᠤ᠂ ᠭᠠᠳᠠᠭᠠᠳᠤ᠎ᠶᠢᠨ ᠡᠯ᠎ᠡ ᠡᠲᠡᠭᠡᠳ᠎ᠤᠨ ᠬᠥᠮᠥᠰ᠎ᠲᠠᠢ 2100 ᠭᠠᠷᠤᠢ ᠬᠥᠮᠥᠨ ᠤᠳᠠᠭ᠎ᠠ ᠰᠣᠯᠢᠯᠴᠠᠭ᠎ᠠ ᠥᠷᠨᠢᠭᠦᠯᠵᠦ᠂ ᠲᠣᠭᠣᠷᠢᠨ ᠠᠶ᠋ᠢᠯᠴᠢᠯᠠᠭᠰᠠᠨ᠂ ᠰᠤᠷᠪᠤᠯᠵᠢᠯᠠᠬᠤ᠎ᠪᠠᠷ ᠢᠷᠡᠭᠰᠡᠨ ᠪᠤᠶᠤ ᠳᠤᠮᠳᠠᠳᠤ ᠤᠯᠤᠰ᠎ᠲᠤ ᠢᠷᠡᠵᠤ ᠤᠯᠠᠨ ᠤᠯᠤᠰ᠎ᠤᠨ ᠬᠤᠷᠠᠯ᠎ᠳᠤ ᠣᠷᠣᠯᠴᠠᠭᠰᠠᠨ ᠬᠥᠮᠥᠰ ᠨᠢ 84 ᠤᠯᠤᠰ ᠪᠠ 25 ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠳᠤ ᠬᠣᠯᠪᠣᠭᠳᠠᠵᠤ᠂ ᠭᠠᠳᠠᠭᠠᠳᠤ᠎ᠶᠢᠨ ᠬᠥᠮᠥᠰ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠠ ᠮᠠᠨ᠎ᠤ ᠤᠯᠤᠰ᠎ᠤᠨ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠲᠤᠬᠠᠢ ᠣᠢᠯᠠᠭᠠᠯᠲᠠ ᠲᠠᠨᠢᠯᠲᠠ᠎ᠶᠢ ᠨᠡᠮᠡᠭᠳᠡᠭᠦᠯᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠳᠤᠮᠳᠠᠳᠤ ᠠᠹᠷᠢᠺᠠ᠎ᠶᠢᠨ ᠨᠥᠬᠦᠷᠰᠡᠭ ᠳᠤᠭᠤᠢᠯᠠᠩ᠎ᠢ ᠵᠣᠬᠢᠶᠠᠨ ᠪᠠᠢᠭᠤᠯᠵᠤ᠂ ᠠᠹᠷᠢᠺᠠ ᠯᠤᠭ᠎ᠠ᠎ᠶᠢᠨ ᠨᠥᠬᠦᠷᠰᠡᠭ ᠶᠠᠪᠤᠯᠴᠠᠭ᠎ᠠ᠎ᠶᠢ ᠥᠷᠨᠢᠭᠦᠯᠪᠡ᠃ ᠳᠤᠮᠳᠠᠳᠤ ᠤᠯᠤᠰ᠎ᠤᠨ ᠱᠠᠰᠢᠨ ᠰᠤᠷᠲᠠᠬᠤᠨ᠎ᠤ ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ ᠬᠣᠶᠠᠳᠤᠭᠠᠷ ᠬᠤᠭᠤᠴᠠᠭᠠᠨ᠎ᠤ 《ᠱᠠᠰᠢᠨ ᠰᠤᠷᠲᠠᠬᠤᠨ ᠠᠯᠤᠰᠯᠠᠭᠰᠠᠨ ᠰᠣᠯᠢᠯᠴᠠᠭ᠎ᠠ ᠪᠠ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》 ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ᠎ᠶᠢ ᠲᠡᠮᠵᠢᠪᠡ᠃ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ 《ᠨᠡᠭᠡᠭᠡᠯᠲᠡ᠂ ᠬᠥᠭᠵᠢᠯᠲᠡ᠂ ᠪᠣᠯᠪᠠᠰᠤᠨ — ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》᠎ᠪᠠᠷ ᠭᠣᠣᠯ ᠰᠡᠳᠦᠪ ᠪᠣᠯᠭᠠᠭᠰᠠᠨ 2023 ᠣᠨ᠎ᠤ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠤᠨ ᠶᠠᠷᠢᠯᠴᠠᠭᠠᠨ᠎ᠤ ᠲᠠᠪᠴᠠᠩ ᠵᠡᠷᠭᠡ ᠠᠵᠢᠯᠯᠠᠭ᠎ᠠ᠎ᠶᠢ ᠰᠠᠢᠲᠤᠷ ᠡᠷᠬᠢᠯᠡᠬᠦ᠎ᠶᠢ ᠳᠡᠮᠵᠢᠨ ᠵᠢᠯᠤᠭᠣᠳᠴᠤ᠂ ᠭᠤᠷᠪᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ》᠎ᠤ᠋ᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠤᠨ ᠶᠠᠷᠢᠯᠴᠠᠭᠠᠨ᠎ᠤ ᠲᠠᠪᠴᠠᠩ᠎ᠤᠨ ᠦᠷ᠎ᠡ ᠪᠦᠲᠦᠭᠡᠯ᠎ᠢ ᠤᠬᠠᠭᠤᠯᠤᠨ ᠲᠠᠨᠢᠯᠴᠠᠭᠤᠯᠪᠠ᠃ ᠭᠡᠰᠢᠭᠦᠳ᠎ᠢ ᠬᠥᠲᠥᠯᠥᠨ ᠵᠢᠯᠤᠭᠣᠳᠴᠤ ᠭᠠᠳᠠᠭᠠᠳᠤ᠎ᠳᠤ ᠢᠳᠡᠪᠬᠢᠲᠡᠢ᠎ᠪᠠᠷ ᠦᠵᠡᠯᠲᠡ᠎ᠶᠢ ᠨᠢ ᠶᠠᠷᠢᠭᠤᠯᠵᠤ᠂ ᠢᠲᠡᠭᠡᠮᠵᠢᠲᠡᠢ᠂ ᠬᠠᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠳᠦᠷᠢ ᠲᠥᠷᠬᠦ᠎ᠶᠢ ᠢᠯᠡᠷᠡᠭᠦᠯᠪᠡ᠃
ᠭᠡᠰᠢᠭᠦᠳ ᠠ᠋᠂ ᠨᠢᠭᠡ ᠵᠢᠯ᠎ᠤᠨ ᠲᠤᠷᠰᠢ ᠣᠯᠣᠭᠰᠠᠨ ᠠᠵᠢᠯ᠎ᠤᠨ ᠠᠮᠵᠢᠯᠲᠠ ᠪᠦᠲᠦᠮᠵᠢ᠎ᠶᠢᠨ ᠦᠨᠳᠦᠰᠦ ᠨᠢ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠂ ᠡᠯ᠎ᠡ ᠲᠠᠯ᠎ᠠ᠎ᠶᠢᠨ ᠬᠢᠨ᠎ᠤ ᠬᠦᠴᠦᠲᠡᠢ ᠳᠡᠮᠵᠢᠯᠭᠡ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠡᠯ᠎ᠡ ᠣᠷᠣᠯᠴᠠᠭ᠍ᠴᠢ ᠨᠢᠭᠡᠴᠢ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠬᠠᠮᠲᠤ᠎ᠪᠠᠷ ᠴᠢᠷᠮᠠᠢᠭᠰᠠᠨᠤ ᠦᠷ᠎ᠡ ᠳ᠋ᠦᠩ ᠮᠥᠨ᠃ ᠡᠭᠦᠨ᠎ᠳᠤ ᠪᠢ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠪᠠᠢᠩᠭᠤ᠎ᠶᠢᠨ ᠬᠣᠷᠢᠶ᠎ᠠ᠎ᠶᠢ ᠲᠥᠯᠥᠭᠡᠯᠡᠨ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠵᠦ ᠪᠠᠢᠨ᠎ᠠ!
ᠡᠭᠦᠨ᠎ᠤ ᠬᠠᠮᠲᠤ᠂ ᠮᠠᠨ᠎ᠤ ᠠᠵᠢᠯ᠎ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠢᠨ᠎ᠠ᠂ ᠭᠣᠣᠯᠳᠠᠭᠤ ᠴᠢᠬᠤᠯᠠ ᠶᠡᠬᠡ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠨᠤᠲᠠᠯᠠᠵᠤ᠂ ᠭᠦᠨᠵᠡᠭᠡᠢ ᠵᠥᠪᠯᠡᠯᠭᠡ ᠬᠢᠵᠦ ᠲᠦᠷᠤ᠎ᠶᠢᠨ ᠬᠡᠷᠡᠭ᠎ᠢ ᠵᠥᠪᠯᠡᠬᠦ ᠰᠢᠰᠲᠧᠮᠲᠦ ᠴᠢᠨᠠᠷ᠎ᠢᠶᠠᠷ ᠳᠤᠲᠠᠮᠠᠭ᠂ ᠵᠥᠪᠯᠡᠬᠦ ᠮᠠᠶᠢᠭ᠋᠎ᠤᠨ ᠬᠢᠨᠠᠯᠲᠠ᠎ᠶᠢᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠭᠦᠢᠴᠡᠳ ᠪᠤᠰᠤ᠂ ᠭᠡᠰᠢᠭᠦᠳ᠎ᠤᠨ ᠪᠡᠶᠡᠴᠢ ᠴᠣᠭᠴᠠ᠎ᠶᠢᠨ ᠦᠢᠯᠡᠳᠦᠯ᠎ᠢ ᠪᠠᠳᠠᠷᠠᠭᠤᠯᠬᠤ ᠠᠵᠢᠯᠯᠠᠭ᠎ᠠ ᠪᠠ ᠠᠴᠢᠶᠠᠯᠠᠪᠤᠷᠢ ᠨᠢ ᠪᠠᠶᠠᠯᠢᠭ᠋ ᠪᠢᠰᠢ᠂ ᠳᠦᠷᠢᠮ᠎ᠤᠨ ᠨᠠᠢᠳᠠᠪᠤᠷᠢᠵᠢᠭᠤᠯᠤᠯᠲᠠ᠎ᠳᠤ ᠪᠠᠭᠤᠷᠠᠢ ᠭᠣᠭᠴᠣᠭ᠎ᠠ ᠣᠷᠣᠰᠢᠵᠤ ᠪᠠᠢᠬᠤ ᠵᠡᠷᠭᠡ ᠪᠣᠯᠣᠨ᠎ᠠ᠃ ᠡᠳᠡᠭᠡᠷ᠎ᠢ ᠬᠣᠢᠰᠢᠳᠠ᠎ᠶᠢᠨ ᠠᠵᠢᠯ᠎ᠤᠨ ᠳᠤᠮᠳᠠ᠎ᠪᠠᠨ ᠬᠢᠨᠠᠮᠠᠭᠠᠢ ᠰᠤᠳᠤᠯᠤᠨ ᠰᠠᠢᠵᠢᠷᠠᠭᠤᠯᠤᠨ᠎ᠠ᠃
ᠬᠣᠶᠠᠷ᠂ 2024 ᠣᠨ᠎ᠤ ᠭᠣᠣᠯ ᠡᠭᠦᠷᠭᠡ
2024 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠨᠢᠭᠡ ᠵᠢᠯ ᠮᠥᠨ᠂ ᠪᠠᠰᠠ ᠴᠤ᠌ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ᠎ᠤᠨ ᠤᠢ ᠮᠥᠨ᠃ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠨ᠂《ᠳᠥᠷᠪᠡᠨ ᠤᠬᠠᠮᠰᠠᠷ》 ᠢ᠋ᠢᠡᠨ ᠴᠢᠩᠭᠠᠳᠬᠠᠵᠤ᠂《ᠳᠥᠷᠪᠡᠨ ᠢᠲᠡᠭᠡᠯ》᠎ᠢ᠋ᠢᠡᠨ ᠪᠠᠲᠤᠳᠬᠠᠨ᠂《ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ᠎ᠢ ᠣᠷᠭᠠᠨᠢᠭ᠋᠎ᠢᠶᠠᠷ ᠤᠶᠠᠯᠳᠤᠭᠤᠯᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠦᠵᠡᠯ ᠰᠠᠨᠠᠭ᠎ᠠ ᠤᠯᠤᠰ ᠲᠥᠷᠥ᠎ᠶᠢᠨ ᠬᠥᠲᠥᠯᠥᠨ ᠳᠠᠭᠠᠭᠤᠯᠭ᠎ᠠ᠎ᠶᠢ ᠠᠬᠢᠭᠤᠯᠵᠤ᠂ ᠢᠳᠡᠪᠬᠢᠲᠡᠢ᠎ᠪᠠᠷ ᠰᠠᠨᠠᠯ ᠪᠣᠳᠣᠯᠭ᠎ᠠ ᠳᠡᠪᠰᠢᠭᠦᠯᠦᠨ ᠵᠠᠰᠠᠭ᠎ᠲᠤ ᠲᠤᠰᠠᠯᠠᠵᠤ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠠᠷ ᠨᠢᠭ᠍ᠲᠠᠷᠠᠭᠤᠯᠵᠤ᠂ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠨ᠂ ᠪᠦᠬᠦ ᠵᠢᠯ᠎ᠤᠨ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠤ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃
— ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠪᠠᠶ᠋ᠢᠭᠤᠯᠬᠤ ᠦᠶ᠎ᠡ᠎ᠶᠢᠨ ᠲᠤᠯᠭᠤᠷ ᠵᠣᠷᠢᠯᠲᠠ ᠮᠥᠨ᠂ 75 ᠵᠢᠯ᠎ᠤᠨ ᠲᠤᠷᠰᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠢᠮᠠᠭᠲᠠ ᠬᠢᠴᠢᠶᠡᠩᠭᠦᠢᠯᠡᠨ ᠵᠢᠷᠤᠮᠯᠠᠭᠰᠠᠨ ᠦᠨᠳᠦᠰᠦᠨ ᠤᠯᠤᠰ ᠲᠦᠷᠦ᠎ᠶᠢᠨ ᠵᠠᠷᠴᠢᠮ ᠮᠥᠨ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠦᠢᠯᠡᠰ᠎ᠤᠨ ᠬᠥᠭᠵᠢᠯᠲᠡ ᠲᠠᠪᠰᠢᠯᠳᠠ᠎ᠶᠢᠨ ᠦᠨᠳᠦᠰᠦᠨ ᠪᠠᠲᠤᠯᠠᠭ᠎ᠠ ᠮᠥᠨ᠃ ᠪᠢᠳᠡ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠥᠷᠥ᠎ᠶᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠤ ᠪᠠᠢᠭᠤᠯᠤᠯ ᠪᠠ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ᠎ᠶᠢᠨ ᠢᠯᠡ ᠲᠣᠳᠣ᠌ ᠤᠯᠤᠰ ᠲᠥᠷᠥ᠎ᠶᠢᠨ ᠰᠢᠨᠵᠢ ᠴᠢᠨᠠᠷ᠎ᠢ ᠭᠦᠨᠵᠡᠭᠡᠢ ᠡᠵᠡᠮᠰᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠵᠥᠪᠯᠡᠯᠭᠡ ᠬᠢᠵᠦ ᠲᠦᠷᠦ᠎ᠶᠢᠨ ᠬᠡᠷᠡᠭ᠎ᠢ ᠵᠥᠪᠯᠡᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ᠂ ᠪᠠᠢᠴᠠᠭᠠᠨ ᠰᠤᠳᠤᠯᠬᠤ᠂ ᠪᠦᠯᠬᠦᠮᠳᠡᠨ ᠨᠥᠬᠥᠷᠯᠡᠬᠦ᠂ ᠲᠤᠰ ᠪᠡᠶ᠎ᠡ᠎ᠶᠢᠨ ᠪᠠᠢᠭᠤᠯᠤᠯᠲᠠ ᠬᠢᠬᠦ ᠵᠡᠷᠭᠡ ᠡᠯ᠎ᠡ ᠵᠦᠢᠯ᠎ᠤᠨ ᠠᠵᠢᠯ᠎ᠤᠨ ᠳᠤᠮᠳᠠ ᠲᠤᠭᠤᠰᠢᠯᠠᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠯᠲᠠ᠎ᠶᠢ ᠨᠡᠢᠭᠡᠮ᠎ᠤᠨ ᠡᠯ᠎ᠡ ᠡᠲᠡᠭᠡᠳ᠎ᠤᠨ ᠥᠷᠭᠡᠨ ᠳᠡᠯᠭᠡᠷ ᠬᠠᠮᠲᠤ᠎ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠳᠤ ᠪᠦᠬᠦ ᠲᠠᠯ᠎ᠠ᠎ᠪᠠᠷ ᠲᠤᠭᠤᠰᠢᠯᠠᠭᠤᠯᠬᠤ᠎ᠶᠢ ᠦᠨᠡᠨ ᠬᠦ᠌ ᠪᠠᠲᠤᠯᠠᠨ᠎ᠠ᠃
— ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢᠶᠠᠷ ᠵᠡᠪᠰᠡᠭᠯᠡᠬᠦ᠎ᠶᠢ ᠴᠥᠬᠥᠷᠡᠰᠢ ᠦᠭᠡᠢ ᠴᠢᠩᠭᠠᠳᠬᠠᠨ᠎ᠠ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠨᠠᠮ ᠪᠠ ᠤᠯᠤᠰ᠎ᠤᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ ᠵᠢᠯᠤᠭᠣᠳᠬᠤ ᠦᠵᠡᠯ ᠰᠠᠨᠠᠭ᠎ᠠ ᠮᠥᠨ᠂ ᠡᠨᠡ ᠬᠦ᠌ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠳᠤ ᠪᠠᠢᠩᠭᠤ ᠠᠳᠬᠤᠵᠤ ᠪᠠᠢᠩᠭᠤ ᠳᠠᠪᠰᠢᠵᠤ᠂ ᠦᠨᠡᠨ ᠬᠦ᠌ ᠢᠲᠡᠭᠡᠵᠦ ᠦᠨᠡᠨ ᠬᠦ᠌ ᠬᠡᠷᠡᠭᠯᠡᠬᠦ ᠬᠡᠷᠡᠭᠲᠡᠢ᠃ ᠪᠢᠳᠡ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠭᠦᠨᠵᠡᠭᠡᠢᠷᠡᠭᠦᠯᠬᠦ᠂ ᠬᠠᠳᠠᠩᠰᠢᠭᠤᠯᠬᠤ᠂ ᠬᠤᠪᠢᠷᠠᠭᠤᠯᠬᠤ ᠠᠵᠢᠯ᠎ᠢ ᠰᠠᠢᠲᠤᠷ ᠬᠢᠵᠦ᠂ ᠭᠡᠰᠢᠭᠦᠳ ᠨᠣᠮ ᠤᠩᠰᠢᠬᠤ ᠪᠠ ᠤᠨᠤᠯ ᠰᠤᠷᠤᠯᠴᠠᠬᠤ ᠵᠢᠴᠢ ᠤᠯᠤᠰ ᠲᠦᠷᠦ᠎ᠶᠢᠨ ᠪᠣᠯᠪᠠᠰᠤᠷᠠᠭᠤᠯᠤᠯ ᠬᠢᠬᠦ᠎ᠶᠢ ᠪᠠᠢᠩᠭᠤᠵᠢᠭᠤᠯᠤᠨ ᠥᠷᠨᠢᠭᠦᠯᠵᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠨᠡᠩ ᠰᠠᠢᠨ᠎ᠢᠶᠠᠷ ᠤᠯᠤᠰ ᠲᠦᠷᠦ᠎ᠶᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠦᠷᠦ᠎ᠶᠢᠨ ᠬᠡᠷᠡᠭ᠎ᠢ ᠵᠥᠪᠯᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ᠥᠨᠳᠥᠷ ᠲᠦᠪᠰᠢᠨ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠠᠷ ᠴᠢᠨᠠᠷ ᠰᠠᠢᠲᠠᠢ ᠬᠥᠭᠵᠢᠯᠲᠡ᠎ᠳᠤ ᠦᠢᠯᠡᠴᠢᠯᠡᠬᠦ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠣᠨᠣᠯ᠎ᠤᠨ ᠰᠤᠳᠤᠯᠭᠠᠨ᠎ᠢ ᠴᠢᠩᠭᠠᠳᠬᠠᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠰᠢᠰᠲᠧᠮ᠂ ᠡᠯᠪᠡᠭ ᠪᠠᠶᠠᠯᠢᠭ᠋ ᠠᠭᠤᠯᠤᠭᠳᠠᠬᠤᠨ᠂ ᠦᠢᠯᠡᠳᠦᠯᠭᠡ᠎ᠶᠢᠨ ᠱᠠᠭᠠᠷᠳᠠᠯᠭ᠎ᠠ᠎ᠶᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠦᠨ᠂ ᠤᠨᠤᠯ᠎ᠤᠨ ᠰᠤᠷᠤᠯᠴᠠᠯᠭ᠎ᠠ᠎ᠪᠠᠷ ᠤᠯᠤᠰ ᠲᠦᠷᠦ᠎ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠎ᠶᠢ ᠳᠠᠢᠴᠢᠯᠠᠬᠤ ᠬᠡᠷᠡᠭᠲᠡᠢ᠃ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ᠎ᠤᠨ ᠤᠢ᠎ᠶᠢ ᠪᠡᠯᠭᠡᠯᠡᠬᠦ ᠬᠠᠮᠢᠶ᠎ᠠ ᠪᠦᠬᠦᠢ ᠠᠵᠢᠯᠯᠠᠭ᠎ᠠ᠎ᠶᠢ ᠰᠠᠢᠲᠤᠷ ᠪᠡᠯᠡᠳᠬᠡᠵᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠥᠰ᠎ᠢ ᠬᠥᠲᠥᠯᠥᠨ ᠵᠢᠯᠤᠭᠣᠳᠴᠤ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠤᠯᠤᠰ ᠲᠦᠷᠦ᠎ᠶᠢᠨ ᠪᠠᠢᠭᠤᠯᠤᠯ᠎ᠤᠨ ᠳᠠᠪᠠᠭᠤᠯᠢᠭ᠋᠎ᠢ ᠭᠦᠨᠵᠡᠭᠡᠢ ᠲᠠᠨᠢᠭᠤᠯᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠦᠢᠯᠡᠰ᠎ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ᠃
— ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠠᠷᠠᠯᠲᠠ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠨ᠎ᠡ᠃ ᠪᠢᠳᠡ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠲᠤᠰᠬᠠᠢ ᠵᠥᠪᠯᠡᠬᠦ ᠪᠠᠢᠭᠤᠯᠤᠮᠵᠢ ᠪᠣᠯᠬᠤ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠂ ᠬᠥᠭᠵᠢᠯᠲᠡ᠎ᠶᠢᠨ ᠳᠤᠮᠳᠠᠬᠢ ᠴᠢᠬᠤᠯᠠ ᠶᠡᠬᠡ ᠪᠣᠳᠠᠲᠤ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠰᠠᠨᠠᠯ ᠪᠣᠳᠣᠯᠭ᠎ᠠ ᠳᠡᠪᠰᠢᠭᠦᠯᠬᠦ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠡᠴᠡ ᠵᠥᠪᠰᠢᠶᠡᠷᠡᠭᠰᠡᠨ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ 2024 ᠣᠨ᠎ᠤ ᠵᠥᠪᠯᠡᠬᠦ ᠲᠥᠯᠥᠪᠯᠡᠭᠡ᠎ᠶᠢ ᠰᠠᠢᠲᠤᠷ ᠬᠡᠷᠡᠭᠵᠢᠭᠦᠯᠵᠦ᠂ ᠲᠤᠰᠬᠠᠢ ᠵᠥᠪᠯᠡᠯ᠎ᠤᠨ ᠰᠠᠭᠤᠷᠢᠯᠠᠬᠤ ᠴᠢᠨᠠᠷᠲᠠᠢ ᠦᠢᠯᠡᠳᠦᠯ ᠪᠠ ᠭᠡᠰᠢᠭᠦᠨ᠎ᠤ ᠪᠡᠶᠡᠴᠢ ᠴᠣᠭᠴᠠ᠎ᠶᠢᠨ ᠦᠢᠯᠡᠳᠦᠯ᠎ᠢ ᠴᠢᠩᠭᠠᠳᠬᠠᠵᠤ᠂ ᠡᠲᠡᠭᠡᠳ᠎ᠤᠨ ᠢᠯᠭᠠᠯ᠎ᠤᠨ ᠳᠠᠪᠠᠭᠤᠯᠢᠭ᠋᠎ᠢ ᠪᠠᠳᠠᠷᠠᠭᠤᠯᠤᠨ᠂ ᠪᠠᠢᠴᠠᠭᠠᠨ ᠰᠤᠳᠤᠯᠤᠯᠲᠠ᠎ᠶᠢ ᠶᠡᠬᠡ᠎ᠪᠠᠷ ᠳᠡᠯᠭᠡᠷᠡᠭᠦᠯᠵᠦ᠂ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠦᠢᠯᠡᠳᠦᠯᠭᠡ᠎ᠪᠠᠷ ᠡᠭᠦᠳᠦᠭᠰᠡᠨ ᠰᠢᠨ᠎ᠡ ᠰᠣᠷᠭᠣᠭ ᠲᠤᠷᠰᠢᠯᠭ᠎ᠠ᠂ ᠠᠷᠠᠳ ᠣᠯᠠᠨ᠎ᠤ ᠬᠦᠰᠡᠯ ᠱᠠᠭᠠᠷᠳᠠᠯᠭ᠎ᠠ᠂ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢᠨ ᠬᠦᠴᠢᠷ ᠪᠡᠷᠬᠡ ᠠᠰᠠᠭᠤᠳᠠᠯ᠎ᠢ ᠣᠢᠯᠠᠭᠠᠨ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ᠎ᠶᠢᠨ ᠪᠠᠷᠠᠯᠠᠬᠢᠯᠠᠯᠲᠤ ᠴᠢᠨᠠᠷ ᠪᠠ ᠨᠠᠷᠢᠯᠢᠭ᠋ ᠣᠨᠣᠴᠠᠲᠤ ᠬᠡᠮᠵᠢᠶ᠎ᠡ᠎ᠶᠢ ᠨᠡᠮᠡᠭᠳᠡᠭᠦᠯᠵᠦ᠂ ᠲᠦᠷᠦ᠎ᠶᠢᠨ ᠬᠡᠷᠡᠭ᠎ᠢ ᠵᠥᠪᠯᠡᠨ ᠰᠠᠨᠠᠯ ᠪᠣᠳᠣᠯᠭ᠎ᠠ ᠳᠡᠪᠰᠢᠭᠦᠯᠬᠦ ᠭᠦᠨᠴᠡ᠎ᠶᠢ ᠥᠷᠭᠡᠳᠬᠡᠵᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠱᠠᠭᠠᠷᠳᠠᠯᠭ᠎ᠠ᠎ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ᠎ᠪᠠᠷ ᠠᠷᠠᠳᠴᠢᠯᠠᠯ᠎ᠢᠶᠠᠷ ᠪᠣᠳᠣᠯᠭ᠎ᠠ ᠲᠣᠭᠲᠠᠭᠠᠬᠤ᠎ᠳᠤ ᠨᠡᠩ ᠰᠠᠢᠨ ᠦᠢᠯᠡᠴᠢᠯᠡᠵᠦ᠂ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃
— ᠬᠠᠮᠤᠭ᠎ᠤᠨ ᠶᠡᠬᠡ ᠢᠵᠢᠯ ᠲᠥᠪ᠎ᠲᠦ ᠲᠣᠭᠣᠷᠢᠭ᠋᠎ᠢ ᠰᠠᠢᠲᠤᠷ ᠵᠢᠷᠤᠭᠯᠠᠬᠤ᠎ᠪᠠᠷ ᠴᠢᠷᠮᠠᠢᠨ᠎ᠠ᠃ ᠪᠢᠳᠡ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠤ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠬᠤ ᠦᠢᠯᠡᠳᠦᠯ᠎ᠢ ᠪᠠᠳᠠᠷᠠᠭᠤᠯᠵᠤ᠂ ᠰᠢᠨ᠎ᠡ ᠪᠠᠢᠳᠠᠯ ᠳᠣᠣᠷᠠᠬᠢ ᠣᠯᠠᠨ ᠲᠦᠮᠡᠨ᠎ᠤ ᠠᠵᠢᠯ᠎ᠤᠨ ᠣᠨᠴᠠᠯᠢᠭ᠋ ᠪᠣᠯᠣᠨ ᠵᠢᠮ᠎ᠡ ᠶᠣᠰᠣ᠌᠎ᠶᠢ ᠡᠵᠡᠮᠰᠢᠨ᠂ ᠪᠦᠯᠬᠦᠮᠳᠡᠵᠦ ᠨᠥᠬᠥᠷᠯᠡᠬᠦ᠂ ᠰᠡᠳᠬᠢᠯ᠎ᠤᠨ ᠦᠭᠡ᠎ᠪᠠᠨ ᠶᠠᠷᠢᠯᠴᠠᠨ ᠰᠣᠯᠢᠯᠴᠠᠬᠤ ᠵᠡᠷᠭᠡ ᠠᠵᠢᠯ᠎ᠤᠨ ᠪᠣᠳᠠᠲᠤ ᠪᠦᠲᠦᠮᠵᠢ᠎ᠶᠢ ᠴᠢᠩᠭᠠᠳᠬᠠᠵᠤ᠂ ᠭᠡᠰᠢᠭᠦᠳ᠎ᠤᠨ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠲᠠᠢ ᠬᠠᠷᠢᠯᠴᠠᠬᠤ ᠠᠵᠢᠯ ᠪᠠ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ 《ᠠᠷᠠᠳ᠎ᠤᠨ ᠲᠥᠯᠥᠭᠡ ᠦᠢᠯᠡᠴᠢᠯᠡᠬᠦ》 ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠥᠷᠥ᠎ᠶᠢᠨ ᠪᠣᠳᠣᠯᠭ᠎ᠠ᠎ᠶᠢ ᠤᠬᠠᠭᠤᠯᠬᠤ᠂ ᠡᠷᠡᠭᠡᠯᠵᠡᠭᠡ᠎ᠶᠢ ᠠᠯᠳᠠᠷᠠᠭᠠᠨ ᠲᠥᠭᠡᠷᠢᠭᠳᠡᠯ᠎ᠢ ᠲᠠᠢᠯᠬᠤ᠂ ᠰᠡᠳᠬᠢᠯ᠎ᠢ ᠨᠢᠭ᠍ᠲᠠᠷᠠᠭᠤᠯᠤᠨ ᠬᠦᠴᠦᠨ᠎ᠢ ᠲᠥᠪᠯᠡᠷᠡᠭᠦᠯᠬᠦ᠂ ᠪᠦᠯᠬᠦᠮᠳᠡᠯ᠎ᠢ ᠠᠬᠢᠭᠤᠯᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ᠎ᠶᠢᠨ ᠬᠥᠲᠥᠯᠥᠨ ᠳᠠᠭᠠᠭᠤᠯᠭ᠎ᠠ᠎ᠶᠢ ᠴᠢᠩᠭᠠᠳᠬᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠤᠭ᠎ᠠ ᠲᠥᠰᠥᠪ ᠪᠠ ᠠᠮᠢᠳᠤᠯᠢᠭ᠋ ᠦᠢᠯᠡᠳᠦᠯᠭᠡ᠎ᠪᠠᠷ ᠬᠥᠮᠥᠰ᠎ᠢ ᠵᠣᠷᠢᠭ᠍ᠵᠢᠭᠤᠯᠵᠤ ᠤᠷᠮᠠᠰᠢᠭᠤᠯᠵᠤ ᠤᠷᠢᠶᠠᠯᠠᠵᠤ᠂ ᠬᠠᠮᠲᠤ᠎ᠶᠢᠨ ᠲᠠᠨᠢᠯᠲᠠ᠎ᠶᠢᠨ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠯᠬᠦᠮᠳᠡᠬᠦ ᠬᠡᠪᠴᠢᠶ᠎ᠡ᠎ᠶᠢ ᠲᠠᠰᠤᠷᠠᠯᠲᠠ ᠦᠭᠡᠢ ᠥᠷᠭᠡᠳᠬᠡᠵᠦ᠂ ᠪᠦᠬᠦ ᠳᠤᠮᠳᠠᠳᠤ᠎ᠶᠢᠨ ᠬᠥᠪᠡᠭᠦᠳ ᠥᠬᠢᠳ᠎ᠤᠨ ᠨᠢᠭ᠍ᠲᠠᠷᠠᠨ ᠪᠦᠯᠬᠦᠮᠳᠡᠬᠦ᠎ᠶᠢ ᠠᠬᠢᠭᠤᠯᠬᠤ ᠬᠡᠷᠡᠭᠲᠡᠢ᠃ ᠭᠠᠳᠠᠭᠠᠳᠤ ᠬᠠᠷᠢᠯᠴᠠᠭᠠᠨ᠎ᠤ ᠠᠵᠢᠯ᠎ᠤᠨ ᠳᠤᠮᠳᠠᠬᠢ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠤ ᠦᠢᠯᠡᠳᠦᠯ᠎ᠢ ᠪᠠᠳᠠᠷᠠᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠣᠢᠯᠠᠭᠠᠭᠳᠠᠬᠤᠨ᠎ᠢ ᠤᠬᠠᠭᠤᠯᠤᠨ ᠲᠠᠢᠯᠪᠤᠷᠢᠯᠠᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠳᠠᠭᠤᠨ᠎ᠢ ᠰᠠᠢᠲᠤᠷ ᠤᠯᠠᠮᠵᠢᠯᠠᠬᠤ ᠬᠡᠷᠡᠭᠲᠡᠢ᠃
ᠭᠡᠰᠢᠭᠦᠳ ᠠ᠋! ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠠᠬᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠢ ᠰᠠᠢᠲᠤᠷ ᠬᠢᠬᠦ ᠨᠢ ᠮᠠᠨ᠎ᠤ ᠤᠯᠤᠰ ᠲᠦᠷᠦ᠎ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠢᠷᠢ ᠬᠡᠮᠵᠢᠶ᠎ᠡ᠎ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ 《ᠤᠯᠤᠰ ᠲᠥᠷᠥ᠎ᠶᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ᠎ᠶᠢᠨ ᠬᠡᠷᠡᠭ᠎ᠢ ᠴᠢᠳᠠᠮᠠᠭᠠᠢ᠎ᠪᠠᠷ ᠵᠥᠪᠯᠡᠬᠦ᠂ ᠰᠠᠬᠢᠯᠭ᠎ᠠ ᠪᠠᠲᠤ᠎ᠶᠢ ᠰᠠᠬᠢᠬᠤ᠂ ᠶᠣᠰᠣ᠌ ᠳᠦᠷᠢᠮ᠎ᠢ ᠡᠷᠬᠢᠮᠯᠡᠬᠦ᠂ ᠵᠠᠩ ᠰᠤᠷᠲᠠᠯ᠎ᠢ ᠴᠢᠬᠤᠯᠠᠴᠢᠯᠠᠬᠤ》 ᠴᠢᠬᠤᠯᠠ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ 《ᠬᠣᠶᠠᠷ ᠡᠩᠨᠡᠭᠡ》ᠢ᠋ᠢᠨ ᠪᠠᠢᠭᠤᠯᠤᠯᠲᠠ᠎ᠶᠢ ᠴᠢᠩᠭᠠᠳᠬᠠᠨ᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶᠢᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠣᠳᠠᠲᠤ ᠪᠠᠢᠳᠠᠯ᠎ᠢ ᠴᠢᠬᠤᠯᠠᠴᠢᠯᠠᠨ᠂ ᠪᠣᠳᠠᠲᠤ ᠠᠵᠢᠯ ᠬᠢᠵᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠬᠡᠷᠡᠭᠲᠡᠢ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠵᠤ᠂ ᠬᠡᠯᠪᠡᠷᠢ᠎ᠶᠢᠨ ᠦᠵᠡᠯ᠂ ᠨᠣᠶᠠᠨᠴᠢ ᠰᠤᠷᠲᠠᠯ᠎ᠢ ᠢᠯᠠᠨ ᠳᠠᠪᠠᠭᠤ ᠪᠠ ᠵᠠᠯᠠᠷᠠᠭᠤᠯᠤᠨ ᠵᠠᠰᠠᠵᠤ᠂ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠠᠮᠵᠢᠯᠲᠠ ᠭᠠᠷᠭᠠᠬᠤ᠎ᠪᠠᠷ ᠬᠦᠴᠦᠯᠡᠨ ᠴᠢᠷᠮᠠᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠬᠦ ᠬᠡᠷᠡᠭᠲᠡᠢ᠃ ᠤᠯᠤᠰ ᠲᠥᠷᠥ᠎ᠶᠢᠨ ᠪᠠᠢᠭᠤᠯᠭ᠎ᠠ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠨᠢᠭ᠍ᠲᠠᠯᠠᠭᠰᠠᠨ ᠳᠡᠭᠡᠷ᠎ᠡ ᠨᠢᠭ᠍ᠲᠠᠯᠠᠬᠤ᠂ ᠲᠤᠢᠯ᠎ᠤᠨ ᠰᠠᠢᠨ ᠬᠡᠮᠵᠢᠶᠡᠨ᠎ᠳᠤ ᠬᠦᠷᠭᠡᠬᠦ᠎ᠶᠢ ᠬᠥᠭᠡᠭᠡᠴᠡᠯᠳᠦᠬᠦ ᠠᠵᠢᠯ᠎ᠤᠨ ᠣᠪᠣᠷ᠎ᠢ ᠰᠠᠨᠠᠭᠠᠴᠢᠯᠠᠵᠤ᠂ ᠳᠦᠷᠢᠮ ᠲᠣᠭᠲᠠᠭᠠᠯ᠎ᠢ ᠲᠡᠭᠦᠯᠳᠡᠷᠵᠢᠭᠦᠯᠦᠨ᠂ ᠠᠵᠢᠯ᠎ᠤᠨ ᠲᠥᠯᠥᠪᠯᠡᠭᠡᠲᠦ ᠴᠢᠨᠠᠷ᠂ ᠰᠢᠰᠲᠧᠮᠲᠦ ᠴᠢᠨᠠᠷ᠂ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ᠎ᠢ ᠴᠢᠩᠭᠠᠳᠬᠠᠵᠤ᠂ ᠪᠠᠢᠭᠤᠯᠭ᠎ᠠ᠎ᠶᠢᠨ ᠺᠠᠳ᠋ᠷ᠎ᠤᠨ ᠶᠡᠷᠦᠩᠬᠡᠢ ᠬᠡᠪ ᠴᠢᠨᠠᠷ ᠪᠠ ᠦᠢᠯᠡᠴᠢᠯᠡᠬᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠠᠬᠢᠭᠤᠯᠵᠤ᠂ ᠲᠡᠷᠡ ᠶᠣᠰᠣᠭᠠᠷ ᠨᠢ ᠨᠠᠢᠳᠠᠪᠤᠷᠢᠵᠢᠭᠤᠯᠤᠯᠲᠠ᠎ᠶᠢ ᠠᠳᠬᠤᠬᠤ᠂ ᠱᠠᠯᠠᠮᠠᠭᠠᠢ ᠰᠢᠭᠤᠷᠬᠠᠢ᠎ᠪᠠᠷ ᠨᠠᠢᠳᠠᠪᠤᠷᠢᠵᠢᠭᠤᠯᠤᠯᠲᠠ᠎ᠶᠢ ᠠᠳᠬᠤᠬᠤ᠂ ᠦᠨᠡᠨ᠎ᠢ ᠪᠠᠷᠢᠮᠲᠠᠯᠠᠵᠤ ᠪᠣᠳᠠᠲᠠᠢ᠎ᠶᠢ ᠡᠷᠬᠢᠮᠯᠡᠨ ᠨᠠᠢᠳᠠᠪᠤᠷᠢᠵᠢᠭᠤᠯᠤᠯᠲᠠ᠎ᠶᠢ ᠠᠳᠬᠤᠬᠤ᠂ ᠵᠣᠷᠢᠭ᠍ᠲᠠᠢ ᠬᠢᠵᠦ ᠴᠢᠳᠠᠮᠠᠭᠠᠢ ᠠᠵᠢᠯᠯᠠᠨ ᠨᠠᠢᠳᠠᠪᠤᠷᠢᠵᠢᠭᠤᠯᠤᠯᠲᠠ᠎ᠶᠢ ᠠᠳᠬᠤᠬᠤ᠎ᠶᠢ ᠪᠡᠶᠡᠯᠡᠭᠦᠯᠦᠨ᠂ ᠨᠠᠮ᠎ᠳᠠᠭᠠᠨ ᠨᠠᠢᠳᠠᠪᠤᠷᠢᠲᠠᠢ᠂ ᠠᠷᠠᠳ ᠲᠦᠮᠡᠨ᠎ᠳᠤ ᠲᠠᠭᠠᠰᠢᠶᠠᠭᠳᠠᠬᠤ ᠵᠢᠱ᠌ᠢᠶᠡᠴᠢ ᠪᠠᠢᠭᠤᠯᠭ᠎ᠠ᠎ᠶᠢ ᠪᠠᠶ᠋ᠢᠭᠤᠯᠬᠤ ᠬᠡᠷᠡᠭᠲᠡᠢ᠃
ᠭᠡᠰᠢᠭᠦᠳ ᠠ᠋! ᠪᠦᠯᠬᠦᠮᠳᠡᠯ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠡᠮᠡᠴᠡᠯ ᠠᠭᠤᠤ ᠦᠢᠯᠡᠰ᠎ᠢ ᠴᠣᠭᠴᠠᠯᠠᠨ᠎ᠠ᠃ ᠪᠢᠳᠡ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠂ ᠨᠢᠭᠡ ᠰᠡᠳᠬᠢᠯ ᠨᠡᠶ᠋ᠢᠲᠡ᠎ᠶᠢᠨ ᠵᠣᠷᠢᠭ᠋᠎ᠢᠶᠠᠷ᠂ ᠣᠯᠠᠨ᠎ᠤ ᠪᠣᠳᠣᠯᠭ᠎ᠠ ᠬᠠᠮᠲᠤ᠎ᠶᠢᠨ ᠬᠦᠴᠦᠨ᠎ᠢᠶᠠᠷ᠂ ᠰᠢᠨ᠎ᠡ ᠴᠠᠭ ᠦᠶ᠎ᠡ᠎ᠶᠢᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠵᠢᠯ᠎ᠤᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠦ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!
(ᠰᠢᠨᠬᠤᠸᠠ ᠬᠣᠷᠢᠶ᠎ᠠ ᠵᠢᠨ ᠪᠡᠭᠡᠵᠢᠡᠭ᠎ᠤᠨ 3 ᠰᠠᠷ᠎ᠠ ᠵᠢᠨ 10 ᠤ ᠴᠠᠬᠢᠯᠭᠠᠨ ᠮᠡᠳᠡᠭᠡ)
(ᠲᠤᠮᠳᠠᠳᠤ ᠤᠯᠤᠰ᠎ᠤᠨ ᠦᠨᠳᠦᠰᠳᠦᠲᠡᠨᠤ ᠬᠡᠯᠡᠨ᠎ᠤ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)