ᠲᠥᠷᠥ᠎ᠶ᠋ᠢᠨ ᠪᠣᠳᠣᠯᠭ᠎ᠠ᠎ᠶ᠋ᠢᠨ ᠬᠦᠴᠦᠯᠡᠬᠦ᠌ ᠴᠡᠭ᠎ᠢ ᠡᠷᠢᠨ ᠤᠯᠵᠥ ᠰᠠᠢᠲᠤᠷ ᠬᠡᠷᠡᠭ᠌ᠯᠡᠬᠦ᠌ ᠬᠡᠷᠡᠭ᠌ᠲᠡᠶ — ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ
2024-03-14 10:53:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ


ᠬᠠᠪᠤᠷ᠎ᠤᠨ ᠦᠪᠡᠳᠡᠭ᠌ᠰᠢ ᠴᠤᠭ᠍ᠯᠠᠭᠠᠨ ᠲᠡᠮᠡᠴᠡᠯ᠎ᠦᠨ ᠱᠢᠨ᠎ᠡ ᠣᠷᠣᠱᠢᠯ᠎ᠢ ᠳᠤᠭᠤᠷᠪᠢᠵᠤ᠂ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠣᠷᠣᠨ ᠳᠠᠶᠠᠭᠠᠷ᠎ᠢᠶᠠᠨ ᠪᠣᠳᠠᠲᠤ ᠪᠠᠢᠳᠠᠯ᠎ᠳᠤ ᠰᠠᠭᠤᠷᠢᠯᠠᠨ᠂ ᠰᠠᠨᠠᠭᠠᠴᠢᠯᠠᠭ᠎ᠠ ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠲᠥᠷᠥ᠎ᠶ᠋ᠢᠨ ᠪᠣᠳᠣᠯᠭ᠎ᠠ᠎ᠶ᠋ᠢᠨ ᠬᠦᠴᠦᠯᠡᠬᠦ᠌ ᠴᠡᠭ᠎ᠢ ᠡᠷᠢᠵᠥ ᠤᠯᠵᠥ ᠰᠠᠢᠲᠤᠷ ᠬᠡᠷᠡᠭ᠌ᠯᠡᠵᠦ᠍᠂ ᠥᠪᠥᠷ ᠮᠣᠩᠭᠣᠯ᠎ᠳᠤ ᠬᠣᠯᠪᠣᠭ᠍ᠳᠠᠬᠤ ᠲᠥᠷᠥ᠎ᠶ᠋ᠢᠨ ᠪᠣᠳᠣᠯᠭ᠎ᠠ ᠨᠢᠭᠡᠪᠦᠷᠢ᠎ᠶ᠋ᠢ ᠴᠥᠮ ᠪᠣᠳᠠᠲᠠᠶ ᠲᠥᠷᠥᠯ ᠵᠦᠶ᠋ᠯ ᠪᠣᠯᠭᠠᠨ ᠨᠠᠷᠢᠯᠢᠬ᠍ᠵᠢᠭᠤᠯᠤᠨ ᠪᠤᠳᠠᠳᠠᠢ《ᠭᠠᠵᠠᠷ ᠳᠡᠭᠡᠷ᠎ᠡ》 ᠨᠠᠢᠳᠠᠪᠤᠷᠢᠵᠢᠭᠤᠯᠬᠤ ᠬᠡᠷᠡᠭ᠌ᠲᠡᠶ᠃

ᠴᠢᠭ᠌ᠯᠡᠯ ᠲᠣᠳᠣᠷᠬᠠᠢ ᠪᠣᠯᠪᠠᠰᠤ ᠰᠡᠳᠬᠢᠮᠵᠢ ᠲᠤᠳᠤᠷᠬᠠᠢ᠂ ᠬᠠᠷᠠᠯᠲᠠ ᠲᠣᠳᠣᠷᠬᠠᠢ ᠪᠣᠯᠪᠠᠰᠤ ᠠᠯᠬᠤᠭ᠎ᠠ ᠪᠠᠲᠤ᠌᠃ ᠡᠨᠡ ᠵᠢᠯ᠎ᠦᠨ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠨᠢᠭᠡᠨᠲᠡ ᠪᠥᠬᠥ᠌ ᠲᠠᠯ᠎ᠠ᠎ᠶ᠋ᠢᠨ ᠲᠣᠬᠢᠷᠠᠭᠤᠯᠤᠯᠲᠠ ᠬᠢᠪᠠ᠂ ᠶᠡᠬᠡ ᠲᠠᠯ᠎ᠠ ᠡᠴᠡ ᠠᠪᠴᠤ᠌ ᠬᠡᠯᠡᠪᠡᠯ  ᠬᠣᠶᠠᠷ ᠶᠡᠬᠡ ᠶᠠᠪᠤᠳᠠᠯ᠎ᠢ ᠦᠷᠭᠦᠯᠵᠢᠯᠡᠨ ᠰᠠᠢᠲᠤᠷ ᠬᠢᠵᠥ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠦᠷᠢᠶᠡᠨ᠎ᠳᠦ ᠠᠪᠴᠤ᠌ ᠬᠡᠯᠡᠪᠡᠯ 《ᠲᠠᠪᠤᠨ ᠶᠡᠬᠡ ᠡᠭᠦᠷᠭᠡ》 ᠎ᠶ᠋ᠢ ᠰᠠᠢᠲᠤᠷ ᠪᠡᠶᠡᠯᠡᠭᠦᠯᠵᠦ᠍᠂ 《ᠵᠢᠷᠭᠤᠭᠠᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠬᠦ᠌ ᠶᠠᠪᠤᠳᠠᠯ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠡᠴᠡ ᠬᠣᠶᠠᠷ ᠶᠡᠬᠡ ᠶᠠᠪᠤᠳᠠᠯ᠎ᠢ ᠴᠢᠨᠠᠭ᠍ᠰᠢᠳᠠ ᠰᠠᠢᠲᠤᠷ ᠬᠢᠬᠦ᠌ ᠬᠥᠳᠡᠯᠭᠡᠬᠦ᠌ ᠬᠦᠴᠦᠨ᠎ᠢ ᠰᠢᠩᠬᠡᠬᠡᠨ ᠠᠪᠴᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠳᠤᠮᠳᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠨᠢᠳᠤᠨᠤᠨ᠎ᠠᠴᠠ ᠨᠠᠭᠠᠰᠢ᠂ ᠮᠠᠨ᠎ᠤ ᠣᠷᠣᠨ᠎ᠤ ᠬᠥᠭ᠌ᠵᠢᠯᠲᠡ᠎ᠶ᠋ᠢᠨ ᠬᠠᠨᠳᠤᠰᠢ ᠮᠠᠰᠢ ᠰᠠᠢ᠌ᠨ ᠪᠠᠢᠨ᠎ᠠ᠂ ᠪᠢᠳᠡ ᠪᠦᠬᠦ᠌ ᠤᠯᠤᠰ᠎ᠤᠨ ᠬᠣᠶᠠᠷ ᠬᠤᠷᠠᠯ᠎ᠤᠨ ᠤᠷᠢᠬᠠᠨ ᠰᠠᠯᠬᠢ᠎ᠶ᠋ᠢ ᠠᠱᠢᠭ᠍ᠯᠠᠨ᠂  《ᠤᠷᠤᠭ᠍ᠰᠢᠯᠠᠯᠳᠠ》 ᠵᠢᠨ ᠪᠦᠷᠢᠶ᠎ᠡ ᠵᠢ ᠦᠷᠬᠦᠯᠵᠢᠯᠡᠨ ᠬᠠᠩᠭᠢᠨᠠᠭᠤᠯᠵᠤ᠂ ᠬᠢᠯᠪᠠᠷ ᠪᠤᠰᠤ᠎ᠪᠠᠷ ᠢᠷᠡᠭ᠌ᠰᠡᠨ ᠰᠠᠢ᠌ᠨ ᠬᠠᠨᠳᠤᠰᠢ ᠪᠠᠨ ᠦᠨᠡᠨ ᠬᠦ᠌ ᠰᠠᠢᠲᠤᠷ ᠬᠠᠮᠠᠭᠠᠯᠠᠵᠤ ᠪᠠᠷᠢᠮᠳᠠᠯᠠᠬᠤ ᠬᠡᠷᠡᠭ᠌ᠲᠡᠢ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ 《ᠪᠠᠷᠢᠯᠭ᠎ᠠ᠎ᠶ᠋ᠢᠨ ᠵᠢᠷᠤᠭ》 ᠪᠣᠯᠬᠤ ᠪᠥᠭᠡᠳ ᠪᠠᠰᠠ 《ᠲᠥᠷᠥ᠎ᠶ᠋ᠢᠨ ᠪᠣᠳᠣᠯᠭ᠎ᠠ᠎ᠶ᠋ᠢᠨ ᠬᠥᠮᠥᠷᠭᠡ》 ᠪᠣᠯᠤᠨ᠎ᠠ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠪᠴᠢᠯᠡᠨ ᠬᠥᠭ᠌ᠵᠢᠭᠦᠯᠦᠨ᠎ᠡ; ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠲᠤᠯᠭᠠᠭᠤᠷᠢᠯᠠᠯ᠎ᠢ ᠴᠢᠩᠭᠠᠳᠭᠠᠨ᠎ᠠ; ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠬᠦᠴᠦᠯᠡᠨ ᠥᠷᠭᠡᠳᠭᠡᠵᠦ᠍᠂ ᠠᠵᠤ ᠠᠬᠤᠢ᠎ᠶ᠋ᠢᠨ ᠰᠠᠢ᠌ᠨ ᠡᠷᠬᠢᠯᠳᠡ ᠵᠢ  ᠪᠡᠶᠡᠯᠡᠭᠦᠯᠬᠦ᠌᠎ᠶ᠋ᠢ ᠠᠬᠢᠭᠤᠯᠤᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠯᠢ ᠤᠯᠠᠨ 《ᠦᠨ᠎ᠡ ᠴᠠᠨ᠎ᠠ᠎ᠲᠠᠶ》 ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠴᠠᠢ᠃ ᠪᠢᠳᠡ ᠲᠥᠷᠥ᠎ᠶ᠋ᠢᠨ ᠪᠣᠳᠣᠯᠭ᠎ᠠ᠎ᠶ᠋ᠢ ᠪᠤᠳᠠᠳᠠᠢ ᠳ᠋ᠤ ᠨᠠᠢᠳᠠᠪᠤᠷᠢᠵᠢᠭᠤᠯᠬᠤ ᠢᠨᠵᠧᠨᠧᠷᠢᠩ᠎ᠢ ᠬᠡᠷᠡᠭᠵᠢᠬᠦᠯᠬᠦ ᠲᠡᠶ ᠤᠶᠠᠯᠳᠤᠭᠤᠯᠤᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠢᠳᠠᠪᠤᠷᠢᠵᠢᠭᠤᠯᠬᠤ᠎ᠶ᠋ᠢ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠰᠠᠨᠠᠯ》 ᠢ᠋ ᠨᠠᠢᠳᠠᠪᠤᠷᠢᠵᠢᠭᠤᠯᠬᠤ᠂ ᠮᠠᠨ᠎ᠤ ᠣᠷᠣᠨ᠎ᠤ ᠭᠥᠷᠳᠡᠭᠰᠡᠨ ᠡᠯ᠎ᠡ ᠵᠦᠶ᠋ᠯ᠎ᠦᠨ ᠤᠯᠤᠰ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠯᠤᠭ᠎ᠠ ᠨᠢᠭᠡᠳᠦᠯᠲᠡᠶ ᠲᠥᠯᠥᠪᠵᠢᠭᠦᠯᠵᠦ᠍᠂ ᠨᠢᠭᠡ ᠴᠣᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃

ᠲᠥᠷᠥ᠎ᠶ᠋ᠢᠨ ᠪᠣᠳᠣᠯᠭ᠎ᠠ᠎ᠶ᠋ᠢᠨ ᠦᠨ᠎ᠡ ᠥᠷᠲᠡᠭ ᠨᠢ ᠬᠡᠷᠡᠭ᠌ᠯᠡᠬᠦ᠎ᠳᠦ ᠪᠤᠶ᠃ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠬᠠᠷᠠᠯᠲᠠ᠎ᠲᠠᠶ᠎ᠪᠠᠷ ᠰᠤᠮᠤ ᠬᠠᠷᠪᠤᠪᠠᠯ ᠰᠠᠶᠢ ᠪᠠᠭ᠎ᠠ ᠬᠦᠴᠦ᠍ ᠣᠷᠣᠭᠤᠯᠵᠤ ᠶᠡᠬᠡ ᠠᠮᠵᠢᠯᠲᠠ ᠣᠯᠵᠤ ᠴᠢᠳᠠᠨ᠎ᠠ᠃ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠶ᠋ᠢ ᠨᠠᠩ ᠰᠠᠢᠲᠤᠷ ᠪᠡᠶᠡᠯᠡᠭᠦᠯᠬᠦ᠌᠎ᠳᠦ ᠠᠱᠢᠭ᠍ᠲᠠᠶ ᠪᠠᠢᠬᠤ ᠪᠣᠳᠠᠲᠠᠶ ᠲᠥᠷᠥ᠎ᠶ᠋ᠢᠨ ᠪᠣᠳᠣᠯᠭ᠎ᠠ᠎ᠳᠤ ᠪᠤᠯ᠂ 《ᠲᠠᠪᠤᠨ ᠶᠡᠬᠡ ᠡᠭᠦᠷᠭᠡ》 ᠶ᠋ᠢ ᠬᠡᠷᠡᠭ᠌ᠵᠢᠭᠦᠯᠬᠦ᠌ ᠣᠨ᠎ᠤ ᠭᠣᠸ᠋ᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠲᠠᠩᠰᠠ᠎ᠲᠠᠶ ᠨᠢᠭ᠍ᠲᠠ ᠤᠶᠠᠯᠳᠤᠭᠤᠯᠤᠨ᠂ ᠤᠯᠤᠰ᠎ᠤᠨ ᠲᠥᠷᠥᠯ ᠵᠦᠶ᠋ᠯ᠎ᠦᠨ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠪᠥᠬᠥ᠌ ᠬᠦᠴᠦᠨ᠎ᠢᠶᠡᠷ᠎ᠢᠶᠡᠨ ᠲᠡᠮᠡᠴᠡᠨ ᠤᠯᠬᠤ ᠬᠡᠷᠡᠭ᠌ᠲᠡᠶ᠃ ᠮᠠᠨ᠎ᠤ ᠣᠷᠣᠨ᠎ᠲᠠᠶ ᠱᠢᠭᠤᠳ ᠬᠣᠯᠪᠣᠭ᠍ᠳᠠᠬᠤ ᠬᠣᠷᠸ᠎ᠠ ᠴᠢᠨᠠᠷᠲᠠᠶ ᠣᠷᠣᠨ ᠪᠦᠰᠡ᠎ᠶ᠋ᠢᠨ ᠲᠥᠷᠥ᠎ᠶ᠋ᠢᠨ ᠪᠣᠳᠣᠯᠭ᠎ᠠ᠎ᠳᠤ᠂ ᠱᠢᠰᠲ᠋ᠧᠮ᠎ᠲᠡᠶ᠎ᠪᠡᠷ ᠤᠬᠠᠭᠠᠯᠠᠨ ᠲᠥᠯᠥᠪᠵᠢᠬᠦᠯᠬᠦ᠎ᠶ᠋ᠢ ᠴᠢᠩᠭᠠᠳᠭᠠᠵᠤ᠂ ᠥᠨᠳᠥᠷ ᠲᠸ᠋ ᠵᠣᠭ᠍ᠰᠣᠨ ᠠᠯᠤᠰ᠎ᠢ ᠪᠠᠷᠠᠯᠠᠵᠤ᠂ ᠭᠦᠨᠵᠡᠭᠡᠶ ᠰᠤᠳᠤᠯᠵᠤ᠂ ᠤᠯᠤᠰ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠵᠣᠯᠭᠠᠭᠤᠯᠬᠤ᠎ᠲᠤᠬᠠᠢ ᠲᠣᠰ ᠪᠡᠶ᠎ᠡ᠎ᠶ᠋ᠢᠨ ᠭᠠᠷᠳᠠᠬᠤ ᠴᠡᠭ ᠪᠠ ᠲᠤᠰᠤᠯᠲᠠ᠎ᠪᠠᠨ ᠴᠢᠨᠠᠬᠰᠢᠳᠠ ᠣᠨᠣᠪᠴᠢᠲᠠᠶ ᠡᠷᠢᠬᠦ᠌ ᠬᠡᠷᠡᠭ᠌ᠲᠡᠶ᠃ ᠲᠦᠬᠡᠮᠡᠯ ᠵᠢᠯᠣᠭᠣᠳᠭᠤ ᠠᠴᠢ ᠬᠣᠯᠪᠣᠭ᠍ᠳᠠᠯ᠎ᠲᠠᠶ ᠪᠦᠭᠡᠳ ᠮᠠᠨ᠎ᠤ ᠣᠷᠣᠨ᠎ᠳᠤ ᠬᠠᠨᠳᠤᠯᠭᠠᠳᠤ ᠴᠢᠨᠠᠷ᠎ᠲᠠᠶ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠭᠦᠨᠵᠡᠭᠡᠶ ᠠᠭᠤᠳᠠᠯᠤᠨ ᠦᠨᠡᠨ ᠬᠦ᠌ ᠰᠠᠢᠲᠤᠷ ᠠᠱᠢᠭ᠍ᠯᠠᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠭᠠᠵᠠᠷ ᠱᠢᠷᠣᠶ᠎ᠶ᠋ᠢᠨ ᠭᠦᠶ᠋ᠴᠡᠳᠭᠡᠯ ᠲᠣᠭ᠎ᠠ᠎ᠶ᠋ᠢ ᠠᠷᠠᠯᠵᠢᠶᠠᠯᠠᠬᠤ᠂ ᠤᠯᠤᠰ᠎ᠤᠨ ᠥᠮᠴᠢᠯᠡᠯ ᠤ᠋ᠨ ᠠᠵᠤ ᠠᠬᠤᠢᠯᠠᠯ᠎ᠤᠨ 《ᠪᠦᠰᠡᠯᠡᠯᠲᠡ᠎ᠱᠢᠪᠲᠤᠯᠬᠤ》᠂ ᠡᠳ᠋᠎ᠦᠨ ᠵᠠᠰᠠᠭ ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠵᠡᠷᠭᠡ ᠠᠵᠢᠯ᠎ᠳᠤ ᠨᠠᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃

ᠤᠯᠠᠨ ᠳᠠᠪᠬᠤᠷ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠡᠳ᠋ᠯᠡᠬᠦ ᠨᠢ ᠥᠪᠥᠷ ᠮᠣᠩᠭᠣᠯ᠎ᠳᠤ ᠨᠡᠩ ᠤᠯᠠᠨ ᠨᠡᠩ ᠥᠷᠭᠡᠨ ᠬᠥᠭ᠌ᠵᠢᠯᠲᠡ᠎ᠶ᠋ᠢᠨ ᠠᠵᠠ ᠲᠣᠬᠢᠶᠠᠯ ᠪᠠ ᠣᠷᠣᠨ ᠵᠠᠢ᠎ᠶ᠋ᠢ ᠡᠭᠦᠳᠴᠦ᠍ ᠥᠭ᠌ᠴᠡᠢ᠃ ᠠᠷᠭ᠎ᠠ ᠪᠦᠬᠦᠨ᠎ᠢ ᠰᠦᠪᠡᠭ᠌ᠴᠢᠯᠡᠵᠦ᠍  ᠲᠦᠷᠦ᠍᠎ᠶ᠋ᠢᠨ ᠪᠤᠳᠤᠯᠭ᠎ᠠ᠂ ᠰᠠᠢ᠌ᠨ ᠠᠷᠭ᠎ᠠ ᠬᠡᠮᠵᠢᠶ᠎ᠡ᠎ᠶ᠋ᠢ ᠲᠤᠢᠯᠪᠤᠷᠢᠳᠠᠢ ᠠᠰᠢᠬᠯᠠᠵᠤ᠂ ᠭᠦᠢᠴᠡᠳ ᠬᠡᠷᠡᠭ᠌ᠯᠡᠵᠦ᠍ ᠠᠮᠢᠳᠤᠯᠢᠭ᠎ᠢᠶᠠᠷ ᠬᠡᠷᠡᠭ᠌ᠯᠡᠵᠦ᠍᠂ ᠬᠠᠮᠤᠭ᠎ᠤᠨ ᠶᠡᠬᠡ ᠬᠡᠮᠵᠢᠶ᠎ᠡ᠎ᠪᠡᠷ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ ᠲᠤᠰᠠ᠎ᠶ᠋ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠳᠤ᠂ ᠪᠦᠬᠦ᠌ ᠣᠷᠣᠨ ᠳᠠᠶᠠᠭᠠᠷ᠎ᠢᠶᠠᠨ ᠮᠥᠨ ᠴᠢᠳᠠᠮᠠᠭᠠᠢ᠎ᠪᠠᠷ ᠠᠷᠭ᠎ᠠ ᠰᠦᠪᠡᠭ᠌ᠴᠢᠯᠡᠨ ᠴᠢᠷᠮᠠᠢᠨ ᠬᠡᠷᠡᠭ᠌ᠵᠢᠭᠦᠯᠵᠦ᠍᠂ ᠪᠣᠳᠠᠲᠠᠢ ᠠᠵᠢᠯᠯᠠᠬᠤ᠎ᠶ᠋ᠢ ᠲᠡᠷᠢᠭᠦᠨ᠎ᠳᠦ ᠲᠠᠯᠪᠢᠬᠤ ᠬᠡᠷᠡᠭ᠌ᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠣᠯᠭᠠᠭᠤᠯᠤᠨ ᠵᠣᠬᠢᠴᠠᠭᠤᠯᠬᠤ᠂ ᠲᠥᠷᠥᠯ ᠵᠦᠶ᠋ᠯ᠎ᠦᠨ ᠨᠥᠭᠡᠴᠡᠯᠡᠯᠲᠡ᠎ᠶ᠋ᠢ ᠬᠠᠨᠳᠤᠯᠭᠠᠲᠤ ᠴᠢᠨᠠᠷᠲᠠᠶ᠎ᠪᠠᠷ ᠰᠠᠢᠲᠤᠷ ᠬᠢᠵᠦ᠍᠂ ᠤᠴᠢᠷ ᠶᠠᠪᠤᠳᠠᠯ ᠨᠢᠭᠡ ᠪᠦᠷᠢ ᠎ᠶ᠋ᠢ ᠴᠥᠮ ᠪᠣᠳᠠᠲᠠᠶ ᠢᠨᠵᠧᠨᠧᠷᠢᠩ᠎ᠦᠨ ᠲᠥᠷᠥᠯ ᠵᠦᠶ᠋ᠯ ᠪᠣᠯᠭᠠᠨ ᠨᠠᠷᠢᠯᠢᠬ᠍ᠵᠢᠭᠤᠯᠵᠤ᠂ ᠵᠣᠬᠢᠶᠠᠨ ᠪᠠᠢᠭᠤᠯᠤᠨ ᠪᠠᠷᠢᠯᠭ᠎ᠠ ᠪᠠᠷᠢᠬᠤ᠎ᠶ᠋ᠢ ᠰᠠᠢᠲᠤᠷ ᠠᠳᠭᠤᠵᠤ᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠮᠠᠨ᠎ᠤ ᠣᠷᠣᠨ᠎ᠳᠤ 《ᠪᠡᠯᠡᠨ ᠵᠣᠭᠣᠰ ᠪᠣᠯᠭᠠᠨ ᠲᠦᠷᠭᠡᠳᠬᠡᠨ ᠬᠤᠪᠢᠷᠠᠭᠤᠯᠬᠤ》 ᠶ᠋ᠢ ᠠᠬᠢᠭᠤᠯᠬᠤ ᠬᠡᠷᠡᠭ᠌ᠲᠡᠶ᠃ ᠥᠷᠭᠡᠨ ᠤᠯᠠᠨ ᠨᠠᠮ ᠎ᠤᠨ ᠭᠡᠱᠢᠭᠦᠨ ᠺᠠᠳ᠋ᠷ ᠡᠷᠴᠢ ᠵᠣᠷᠢᠭ᠎ᠢᠶᠠᠨ ᠬᠥᠪᠴᠢᠯᠡᠨ ᠡᠷᠡᠯᠬᠡᠭ᠌ᠯᠡᠨ ᠤᠷᠤᠭ᠍ᠰᠢᠯᠠᠵᠤ᠂ ᠯᠠᠪᠳᠠᠭᠤᠨ ᠪᠠᠲᠤᠲᠠᠢ᠎ᠪᠠᠷ ᠠᠵᠢᠯ ᠶᠠᠪᠤᠳᠠᠯ᠎ᠢ ᠪᠣᠳᠣᠯᠬᠢᠯᠠᠵᠤ᠂ ᠦᠨᠡᠨ ᠪᠣᠳᠠᠲᠠᠢ᠎ᠪᠠᠷ ᠠᠵᠢᠯ  ᠬᠢᠵᠦ᠍᠂ ᠡᠯ᠎ᠡ ᠵᠦᠢᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠬᠤ ᠬᠡᠷᠡᠭ᠌ᠲᠡᠢ᠃

ᠵᠢᠯ᠎ᠦᠨ ᠠᠵᠢᠯ ᠬᠠᠪᠤᠷ᠎ᠲᠠᠭᠠᠨ ᠭᠡᠳᠡᠭᠴᠢᠯᠡᠨ ᠡᠬᠢᠯᠡᠯᠲᠡ ᠵᠢᠨ ᠪᠠᠢᠳᠠᠯ᠎ᠢᠶᠡᠷ ᠤᠶᠤᠨ ᠰᠠᠨᠠᠭᠠᠨ᠎ᠤ ᠲᠦᠷᠰᠦ ᠪᠠᠢᠳᠠᠯ ᠎ᠢ ᠤᠯᠵᠤ ᠬᠠᠷᠠᠨ᠎ᠠ ᠃ ᠪᠢᠳᠡ ᠦᠳᠲᠡᠷ ᠲᠦᠷᠭᠡᠨ ᠬᠥᠳᠡᠯᠦᠯᠴᠡᠵᠦ᠍᠂ ᠲᠦᠷᠦ᠍᠎ᠶ᠋ᠢᠨ ᠪᠤᠳᠤᠯᠭ᠎ᠠ᠎ᠶ᠋ᠢ ᠰᠤᠷᠤᠯᠴᠠᠵᠦ᠍ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠯᠡᠬᠦ᠌ ᠱᠢᠨᠵᠢᠯᠡᠬᠦ᠌ ᠤᠬᠠᠭᠠᠨᠴᠢ ᠴᠢᠨᠠᠷ᠂ ᠬᠠᠨᠳᠤᠯᠭᠠᠳᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯ᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ ᠎ᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠬᠥᠭ᠌ᠵᠢᠯᠲᠡ᠎ᠶ᠋ᠢᠨ ᠠᠤᠭ᠎ᠠ ᠲᠦᠰᠦᠪ ᠢ᠋ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠢᠯᠠᠯᠲᠠ᠎ᠶ᠋ᠢᠨ ᠡᠷᠴᠢᠨ ᠳᠡᠭᠡᠷ᠎ᠡ ᠎ᠪᠡᠨ ᠤᠷᠤᠭ᠍ᠰᠢᠯᠠᠵᠤ᠂ ᠲᠠᠬᠢᠨ ᠱᠢᠨ᠎ᠡ ᠥᠨᠳᠥᠷ ᠲᠦᠪᠱᠢᠨ᠎ᠳᠦ ᠭᠠᠷᠬᠤ᠎ᠶ᠋ᠢ ᠠᠬᠢᠭᠤᠯᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号