— 2024 ᠣᠨ ᠤ 3 ᠰᠠᠷ᠎ᠠ᠎ᠶᠢᠨ 5 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭᠠᠷ ᠬᠤᠷᠠᠯᠳᠤᠭᠠᠨ ᠳᠡᠭᠡᠷ᠎ᠡ
ᠲᠦᠷᠦ᠎ᠶᠢᠨ ᠶᠠᠪᠤᠳᠠᠯ᠎ᠤᠨ ᠬᠣᠷᠢᠶᠠᠨ ᠤ ᠶᠡᠷᠦᠩᠬᠡᠢ ᠰᠠᠢᠳ ᠯᠢ ᠴᠢᠶᠠᠩ
ᠲᠥᠯᠥᠭᠡᠯᠡᠭᠴᠢᠳ ᠠ᠋᠄
ᠤᠳᠤ ᠪᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠡᠮᠦᠨᠡᠡᠴᠨ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ ᠴᠦ᠍ ᠰᠠᠨᠠᠯ᠎ᠢᠶᠠᠨ ᠳᠤᠷᠠᠳᠬᠤ ᠪᠣᠯᠪᠠ ᠤᠤ᠃
ᠨᠢᠭᠡ᠂ 2023 ᠣᠨ᠎ᠤ ᠠᠵᠢᠯ᠎ᠤᠨ ᠡᠷᠭᠢᠴᠡᠭᠦᠯᠦᠯ
ᠥᠩᠭᠡᠷᠡᠭᠰᠡᠨ ᠨᠢᠭᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ᠎ᠶᠢᠨ ᠵᠢᠯ ᠮᠥᠨ᠂ ᠲᠤᠰ ᠬᠤᠭᠤᠴᠠᠭᠠᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠠᠩᠬᠠᠳᠠᠭ᠍ᠴᠢ ᠵᠢᠯ ᠮᠥᠨ᠃ ᠲᠤᠢᠯ ᠤᠨ ᠲᠦᠪᠡᠭ ᠪᠤᠳᠤᠯᠢᠶᠠᠨᠲᠠᠢ ᠣᠯᠠᠨ ᠤᠯᠤᠰ᠎ᠤᠨ ᠣᠷᠴᠢᠨ ᠨᠥᠬᠥᠴᠡᠯ ᠪᠠ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ᠎ᠶᠢᠨ ᠡᠮᠦᠨ᠎ᠡ᠂ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ᠎ᠶᠢ ᠲᠤᠯᠵᠤ᠂ ᠳᠣᠲᠣᠭᠠᠳᠤ᠎ᠶᠢᠨ ᠪᠡᠷᠬᠡᠰᠢᠶᠡᠯ᠎ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ᠎ᠢᠶᠠᠷ ᠱᠠᠲᠤ ᠰᠢᠯᠵᠢᠵᠦ᠂ ᠴᠢᠬᠤᠯᠠ ᠶᠡᠬᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠬᠦ ᠵᠢᠯ᠎ᠤᠨ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠭᠣᠣᠯ ᠭᠣᠣᠯ ᠬᠠᠷᠠᠯᠲᠠ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠤᠨ ᠶᠡᠬᠡ ᠲᠠᠯ᠎ᠠ᠎ᠶᠢᠨ ᠲᠣᠭᠲᠠᠭᠤᠨ ᠪᠠᠢᠳᠠᠯ᠎ᠢ ᠪᠠᠲᠤᠯᠠᠵᠤ ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃
— ᠠᠵᠤ ᠠᠬᠤᠢ ᠶᠡᠷᠦᠩᠬᠡᠢ ᠳ᠋ᠡᠭᠡᠨ ᠰᠡᠷᠭᠦᠨ ᠰᠠᠢᠵᠢᠷᠠᠪᠠ᠃ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠤᠨ ᠪᠦᠬᠦ ᠦᠷᠳᠡᠭ 126 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ 5.2%᠎ᠢᠶᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ ᠨᠢ ᠳᠡᠯᠡᠬᠡᠢ᠎ᠶᠢᠨ ᠭᠣᠣᠯ ᠪᠤᠯᠬᠤ ᠠᠵᠤ ᠠᠬᠤᠢ᠎ᠶᠢᠨ ᠴᠣᠭᠴᠠ᠎ᠶᠢᠨ ᠡᠮᠦᠨ᠎ᠡ ᠡᠩᠨᠡᠭᠡᠨ᠎ᠳᠤ ᠣᠷᠣᠪᠠ᠃ ᠬᠤᠲᠠ ᠪᠠᠯᠭᠠᠰᠤᠨ᠎ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ᠎ᠪᠠᠷ ᠨᠡᠮᠡᠭᠳᠡᠵᠦ᠂ ᠬᠤᠲᠠ ᠪᠠᠯᠭᠠᠰᠤᠨ᠎ᠤ ᠪᠠᠢᠴᠠᠭᠠᠭᠰᠠᠨ ᠠᠵᠢᠯ ᠠᠯᠳᠠᠯᠲᠠ᠎ᠶᠢᠨ ᠨᠣᠷᠮ᠎ᠠ ᠳᠤᠮᠳᠠᠴᠢ᠎ᠪᠠᠷ 5.2% ᠪᠣᠯᠪᠠ᠃ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠦᠨ᠎ᠡ 0.2%᠎ᠢᠶᠠᠷ ᠥᠰᠪᠡ᠃ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠦᠨᠳᠦᠰᠦᠨ᠎ᠳᠡᠭᠡᠨ ᠲᠡᠩᠴᠡᠭᠦᠷᠢᠲᠡᠢ ᠪᠠᠢᠨ᠎ᠠ᠃
— ᠣᠳᠣᠬᠢᠴᠢᠯᠠᠭᠰᠠᠨ ᠠᠵᠤ ᠦᠢᠯᠡᠰ᠎ᠤᠨ ᠰᠢᠰᠲᠧᠮ᠎ᠤᠨ ᠪᠠᠢᠭᠤᠯᠤᠯᠲᠠ ᠴᠢᠬᠤᠯᠠ ᠠᠬᠢᠯᠲᠠ᠎ᠲᠠᠢ ᠪᠣᠯᠪᠠ᠃ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠶᠢ ᠲᠦᠷᠭᠡᠳᠬᠡᠵᠦ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢᠯᠡᠰ᠎ᠢ ᠥᠷᠨᠢᠩᠭᠦᠢ ᠬᠥᠭᠵᠢᠭᠦᠯᠵᠦ᠂ ᠢᠷᠡᠭᠡᠳᠦᠢ᠎ᠶᠢᠨ ᠠᠵᠤ ᠦᠢᠯᠡᠰ ᠢ ᠡᠮᠬᠢ ᠵᠢᠷᠤᠮ᠎ᠲᠠᠢ ᠪᠠᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ᠎ᠶᠢᠨ ᠦᠢᠯᠡᠴᠢᠯᠡᠭᠡᠨ᠎ᠤ ᠦᠢᠯᠡᠰ᠎ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠬᠡ ᠠᠵᠤ ᠦᠢᠯᠡᠰ᠎ᠤᠨ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ ᠳᠡᠯᠡᠬᠡᠢ᠎ᠶᠢᠨ ᠲᠡᠷᠢᠭᠦᠨ᠎ᠤ ᠲᠦᠪᠰᠢᠨ᠎ᠳᠤ ᠬᠦᠷᠪᠡ᠃ ᠤᠯᠤᠰ᠎ᠲᠠᠭᠠᠨ ᠦᠢᠯᠡᠳᠪᠦᠷᠢᠯᠡᠭᠰᠡᠨ ᠲᠣᠮᠣ᠌ ᠨᠢᠰᠬᠡᠯ C919ᠵᠢ ᠬᠤᠳᠠᠯᠳᠤᠭᠠᠨ᠎ᠤ ᠠᠵᠢᠯᠯᠠᠭᠠᠨ᠎ᠳᠤ ᠣᠷᠣᠭᠤᠯᠵᠤ᠂ ᠤᠯᠤᠰ᠎ᠲᠠᠭᠠᠨ ᠦᠢᠯᠡᠳᠪᠦᠷᠢᠯᠡᠭᠰᠡᠨ ᠲᠣᠮᠣ᠌ ᠬᠡᠯᠪᠡᠷᠢ᠎ᠶᠢᠨ ᠰᠢᠤᠳᠠᠨ᠎ᠤ ᠬᠥᠯᠭᠡ ᠣᠩᠭᠣᠴᠠ᠎ᠶᠢ ᠠᠮᠵᠢᠯᠲᠠ᠎ᠲᠠᠢ᠎ᠪᠠᠷ ᠦᠢᠯᠡᠳᠴᠦ᠂ ᠰᠢᠨ᠎ᠡ ᠡᠨᠧᠷᠭᠢ᠎ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ᠎ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠬᠦ ᠪᠥᠮᠪᠥᠷᠴᠡᠭ᠎ᠲᠤ ᠡᠵᠡᠯᠡᠬᠦ ᠬᠤᠪᠢ ᠶᠢᠨ ᠵᠢᠩ 60%᠎ᠶᠢ ᠳᠠᠪᠠᠵᠠᠢ᠃
— ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠠᠵᠢᠯ ᠰᠢᠨ᠎ᠡ ᠰᠢᠪᠲᠤᠯᠤᠯᠲᠠ᠎ᠲᠠᠢ ᠪᠣᠯᠪᠠ᠃ ᠤᠯᠤᠰ᠎ᠤᠨ ᠲᠤᠷᠰᠢᠯᠲᠠ᠎ᠶᠢᠨ ᠲᠠᠰᠤᠭ᠎ᠤᠨ ᠰᠢᠰᠲᠧᠮ᠎ᠤᠨ ᠪᠦᠲᠦᠭᠡᠨ ᠪᠠᠢᠭᠤᠯᠤᠯᠲᠠ᠎ᠶᠢ ᠬᠦᠴᠦᠲᠡᠢ ᠠᠬᠢᠭᠤᠯᠪᠠ᠃ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ ᠣᠯᠵᠤ᠂ ᠠᠭᠠᠷ᠎ᠤᠨ ᠠᠶᠠᠯᠠᠯ᠎ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ᠎ᠶᠢᠨ ᠲᠦᠷᠪᠢᠨ᠂ ᠳᠥᠷᠪᠡᠳᠦᠭᠡᠷ ᠦᠶ᠎ᠡ᠎ᠶᠢᠨ ᠴᠥᠮ᠎ᠡ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ᠎ᠤᠨ ᠲᠣᠨᠣᠭᠯᠠᠯ᠎ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ᠂ ᠵᠣᠬᠢᠶᠠᠮᠠᠯ ᠤᠶᠤᠯᠢᠬ᠂ ᠺᠸᠠᠨ᠋ᠲ᠎ᠤᠨ ᠮᠡᠷᠭᠡᠵᠢᠯ ᠵᠡᠷᠭᠡ ᠬᠣᠰᠢᠭᠤᠷᠠᠯ ᠬᠦᠷᠢᠶᠡᠨ᠎ᠳᠠᠬᠢ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠪᠠ᠃ ᠮᠡᠷᠭᠡᠵᠢᠯ᠎ᠤᠨ ᠭᠡᠷ᠎ᠡ᠎ᠶᠢᠨ ᠠᠷᠠᠯᠵᠢᠶ᠎ᠠ ᠲᠣᠬᠢᠷᠠᠭᠰᠠᠨ ᠲᠣᠭ᠎ᠠ 28.6%᠎ᠪᠠᠷ ᠨᠡᠮᠡᠭᠳᠡᠪᠡ᠃ ᠰᠢᠨ᠎ᠡ᠎ᠶᠢ ᠡᠭᠦᠳᠬᠦ᠎ᠪᠠᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃
— ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠵᠢᠨ ᠪᠠᠢᠭᠤᠯᠤᠮᠵᠢ᠎ᠶᠢᠨ ᠥᠭᠡᠷᠡᠴᠢᠯᠡᠯᠲᠡ ᠶᠢᠨ ᠲᠥᠪ᠎ᠤᠨ ᠳᠡᠰ ᠳᠠᠪᠬᠤᠷᠭ᠎ᠠ᠎ᠳᠠᠬᠢ ᠥᠭᠡᠷᠡᠴᠢᠯᠡᠯᠲᠡ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠣᠷᠣᠨ ᠨᠤᠲᠤᠭ᠎ᠤᠨ ᠳᠡᠰ ᠳᠠᠪᠬᠤᠷᠭ᠎ᠠ᠎ᠶᠢᠨ ᠥᠭᠡᠷᠡᠴᠢᠯᠡᠯᠲᠡ᠎ᠶᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠪᠠ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠪᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠠᠷᠠᠳ ᠡᠴᠨ ᠡᠵᠡᠩᠨᠡᠭᠰᠡᠨ ᠠᠵᠤ ᠠᠬᠤᠢ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢ ᠨᠡᠢᠲᠡᠯᠡᠪᠡ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠪᠠᠢᠷᠢᠯᠠᠭᠤᠯᠤᠯᠲᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ᠎ᠤᠨ ᠵᠠᠬ᠎ᠠ ᠳᠡᠯᠭᠡᠭᠦᠷ᠎ᠲᠤ ᠡᠵᠡᠯᠡᠬᠦ ᠭᠠᠳᠠᠭᠠᠳᠤ ᠭᠠᠷᠭᠠᠯᠲᠠ᠎ᠶᠢᠨ ᠬᠤᠪᠢᠲᠠᠴᠠᠶᠢᠨ ᠲᠣᠭᠲᠠᠭᠤᠨ ᠪᠠᠢᠳᠠᠯ᠎ᠢ ᠪᠠᠲᠤᠯᠠᠵᠤ᠂ ᠭᠠᠳᠠᠭᠠᠳᠤ ᠪᠡᠯᠡ᠎ᠶᠢ ᠪᠣᠳᠠᠲᠠᠢ ᠬᠡᠷᠡᠭᠯᠡᠬᠦ ᠪᠦᠲᠦᠴᠡ᠎ᠶᠢ ᠰᠢᠯᠢᠳᠡᠭᠵᠢᠭᠦᠯᠵᠦ᠂ 《 ᠨᠢᠭᠡ ᠪᠦᠰᠡ ᠨᠢᠭᠡ ᠵᠠᠮ 》 ᠢ ᠬᠠᠮᠲᠤ᠎ᠪᠠᠷ ᠪᠠᠶ᠋ᠢᠭᠤᠯᠬᠤ᠎ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠎ᠢ ᠨᠡᠩ ᠢᠯᠡ ᠲᠣᠳᠣ᠌ ᠢᠯᠡᠷᠡᠭᠦᠯᠪᠡ᠃
—ᠠᠮᠤᠷ ᠲᠦᠪᠰᠢᠨ᠎ᠢᠶᠠᠷ ᠬᠥᠭᠵᠢᠭᠦᠯᠬᠦ ᠰᠠᠭᠤᠷᠢ᠎ᠶᠢ ᠪᠠᠲᠤᠳᠬᠠᠨ ᠪᠡᠬᠢᠵᠢᠭᠦᠯᠪᠡ᠃ ᠠᠮᠤ ᠪᠤᠳᠠᠭᠠᠨ᠎ᠤ ᠤᠨᠠᠯᠳᠠ 1.39 ᠲᠦᠮᠡᠨ ᠳ᠋ᠦᠩᠰᠢᠭᠤᠷ ᠵᠢᠩ᠎ᠳᠤ ᠬᠦᠷᠴᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠪᠡ᠃ ᠡᠨᠧᠷᠭᠢ᠎ᠶᠢᠨ ᠰᠤᠷᠪᠤᠯᠵᠢ ᠡᠬᠢ ᠪᠠᠶᠠᠯᠢᠭ᠋᠎ᠤᠨ ᠬᠠᠩᠭᠠᠯᠭ᠎ᠠ ᠲᠣᠭᠲᠠᠭᠤᠨ ᠪᠠᠢᠨ᠎ᠠ᠃ ᠴᠢᠬᠤᠯᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠪᠡᠶ᠎ᠡ᠎ᠪᠠᠨ ᠳᠠᠭᠠᠭᠠᠵᠤ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠪᠡ᠃ ᠠᠵᠤ ᠠᠬᠤᠢ ᠮᠥᠩᠭᠥᠨ ᠭᠦᠢᠯᠭᠡᠭᠡᠨ ᠤ ᠭᠣᠣᠯᠳᠠᠯᠭ᠎ᠠ ᠲᠠᠢ ᠬᠦᠷᠢᠶᠡᠨ᠎ᠳᠠᠬᠢ ᠠᠶᠤᠯ ᠲᠦᠭᠰᠢᠭᠦᠷᠢ᠎ᠶᠢ ᠯᠠᠪᠳᠠᠭᠤᠨ᠎ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠪᠠ᠃
ᠠᠮᠢ ᠠᠬᠤᠢ᠎ᠶᠢᠨ ᠣᠷᠴᠢᠨ ᠨᠥᠬᠥᠴᠡᠯ᠎ᠤᠨ ᠶᠠᠰᠤ ᠴᠢᠨᠠᠷ ᠢ ᠲᠣᠭᠲᠠᠭᠤᠨ ᠪᠠᠢᠯᠭᠠᠬᠤ᠎ᠶᠢᠨ ᠵᠡᠷᠭᠡ᠎ᠳᠤ ᠰᠠᠢᠵᠢᠷᠠᠭᠤᠯᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠭᠦᠨᠵᠡᠭᠡᠢ ᠥᠷᠨᠢᠭᠦᠯᠵᠦ᠂ ᠭᠣᠣᠯ ᠪᠣᠯᠬᠤ ᠪᠣᠬᠢᠷᠲᠤᠭᠤᠯᠬᠤ ᠪᠣᠳᠠᠰ᠎ᠤᠨ ᠭᠠᠳᠠᠭᠰᠢᠯᠠᠭᠤᠯᠤᠯᠲᠠ᠎ᠶᠢᠨ ᠬᠡᠮᠵᠢᠶ᠎ᠡ᠎ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ᠎ᠤᠨ ᠭᠠᠳᠠᠷᠭᠤ᠎ᠶᠢᠨ ᠤᠰᠤ ᠪᠠ ᠡᠷᠭᠢ ᠣᠶ᠋ᠢᠷᠠᠯᠴᠠᠭ᠎ᠠ ᠲᠠᠯᠠᠢ᠎ᠶᠢᠨ ᠣᠷᠣᠨ᠎ᠤ ᠤᠰᠤᠨ᠎ᠤ ᠴᠢᠨᠠᠷ᠎ᠢ ᠦᠷᠭᠦᠯᠵᠢᠯᠡᠨ ᠰᠠᠢᠵᠢᠷᠠᠭᠤᠯᠪᠠ᠃ 《 ᠭᠤᠷᠪᠠᠨ ᠤᠮᠠᠷᠠᠲᠤ 》 ᠵᠢᠨ ᠢᠨᠵᠧᠨᠧᠷᠢᠩ᠎ᠤᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠪᠡ᠃ ᠳᠠᠬᠢᠨ ᠡᠭᠦᠰᠴᠦ ᠪᠣᠯᠬᠤ ᠡᠨᠧᠷᠭᠢ᠎ᠶᠢᠨ ᠰᠤᠷᠪᠤᠯᠵᠢ᠎ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠢᠯᠴᠢ᠎ᠶᠢᠨ ᠴᠠᠬᠢᠯᠭᠠᠨᠡᠴᠨ ᠲᠡᠦᠬᠡᠲᠦ ᠴᠢᠨᠠᠷᠲᠠᠢ᠎ᠪᠠᠷ ᠳᠠᠪᠠᠵᠤ᠂ ᠪᠦᠬᠦ ᠵᠢᠯ᠎ᠳᠤ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠬᠦ ᠪᠥᠮᠪᠥᠷᠴᠡᠭ᠎ᠤᠨ ᠬᠠᠭᠠᠰᠡᠴᠨ ᠳᠠᠪᠠᠪᠠ᠃
— ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 6.1%᠎ᠪᠠᠷ ᠨᠡᠮᠡᠭᠳᠡᠵᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤᠡᠴᠨ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠶᠠᠳᠠᠭᠤᠡᠴᠨ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠤᠨ ᠤ ᠰᠠᠭᠤᠭᠠᠯᠢ ᠠᠷᠠᠳ᠎ᠤᠨ ᠣᠷᠣᠯᠭ᠎ᠠ 8.4%᠎ᠪᠠᠷ ᠨᠡᠮᠡᠭᠳᠡᠪᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ᠎ᠶᠢᠨ ᠡᠳ᠋ ᠤᠨ ᠵᠠᠰᠠᠭ᠎ᠤᠨ ᠨᠥᠬᠥᠪᠦᠷᠢ᠎ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ᠎ᠶᠢᠨ ᠪᠠᠲᠤᠯᠠᠭ᠎ᠠ ᠬᠥᠷᠳᠡᠬᠦ ᠡᠲᠡᠭᠡᠳ᠎ᠤᠨ ᠬᠡᠪᠴᠢᠶ᠎ᠡ᠎ᠶᠢ ᠥᠷᠭᠡᠳᠬᠡᠪᠡ᠃ ᠬᠤᠪᠢ ᠬᠥᠮᠥᠨ᠎ᠤ ᠠᠰᠢᠭ᠋ ᠣᠷᠣᠯᠭ᠎ᠠ᠎ᠶᠢᠨ ᠭᠠᠢᠯᠢ᠎ᠳᠠᠬᠢ 《ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ》 ᠲᠤᠰᠬᠠᠢ ᠵᠦᠢᠯ᠎ᠤᠨ ᠨᠡᠮᠡᠯᠲᠡ ᠰᠠᠭᠤᠳᠬᠠᠯ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠢᠯᠢ ᠲᠤᠰᠢᠶᠠᠭ᠍ᠴᠢ ᠠᠰᠢᠭ᠋ ᠬᠦᠷᠲᠡᠪᠡ᠃ ᠬᠤᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ᠎ᠳᠤ ᠠᠰᠢᠭ᠋ ᠬᠦᠷᠲᠡᠭᠡᠪᠡ᠃
ᠥᠩᠭᠡᠷᠡᠭᠰᠡᠨ ᠨᠢᠭᠡ ᠵᠢᠯ᠎ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ᠎ᠤ ᠤᠯᠤᠰ᠎ᠤᠨ ᠠᠵᠤ ᠠᠬᠤᠢ ᠳᠠᠪᠠᠯᠭᠠᠨ ᠮᠠᠶᠢᠭ᠋᠎ᠢᠶᠠᠷ ᠬᠥᠭᠵᠢᠵᠦ᠂ ᠨᠤᠭᠤᠷᠠᠯ ᠪᠦᠳᠦᠷᠢᠯᠲᠠᠢᠪᠠᠷ ᠤᠷᠤᠭᠰᠢᠯᠠᠨ᠂ ᠠᠮᠵᠢᠯᠲᠠ ᠪᠦᠲᠦᠮᠵᠢ᠎ᠶᠢ ᠬᠢᠯᠪᠠᠷ ᠪᠤᠰᠤ᠎ᠪᠠᠷ ᠣᠯᠣᠭᠰᠠᠨ ᠶᠤᠮ᠃ ᠳᠡᠯᠡᠬᠡᠢ᠎ᠶᠢᠨ ᠪᠠᠢᠳᠠᠯᠡᠴᠨ ᠠᠪᠴᠤ ᠦᠵᠡᠪᠡᠯ᠂ ᠳᠡᠯᠡᠬᠡᠢ᠎ᠶᠢᠨ ᠠᠵᠤ ᠠᠬᠤᠢ᠎ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ᠎ᠤ ᠤᠯᠤᠰ ᠲᠦᠷᠦ᠎ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ᠎ᠤ ᠤᠯᠤᠰ᠎ᠤᠨ ᠬᠥᠭᠵᠢᠯᠲᠡ᠎ᠳᠤ ᠦᠵᠡᠭᠦᠯᠬᠦ ᠭᠠᠳᠠᠭᠠᠳᠤ ᠣᠷᠴᠢᠨ ᠨᠥᠬᠥᠴᠡᠯ᠎ᠤᠨ ᠠᠰᠢᠭ᠋ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠢᠨ᠎ᠠ᠃ ᠤᠯᠤᠰ᠎ᠤᠨ ᠳᠣᠲᠣᠭᠠᠳᠤ᠎ᠶᠢᠨ ᠪᠠᠢᠳᠠᠯ ᠡᠴᠨ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠭᠤᠷᠪᠠᠨ ᠵᠢᠯ᠎ᠤᠨ ᠳᠠᠭᠠᠷᠢᠯᠲᠠ᠎ᠶᠢ ᠥᠩᠭᠡᠷᠡᠭᠡᠭᠡᠳ᠂ ᠠᠵᠤ ᠠᠬᠤᠢ᠎ᠶᠢᠨ ᠰᠡᠷᠭᠦᠯᠲᠡ ᠬᠥᠭᠵᠢᠯᠲᠡ᠎ᠶᠢᠨ ᠲᠤᠰ ᠪᠡᠶ᠎ᠡ᠎ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ᠎ᠪᠠᠷ ᠬᠤᠷᠠᠮᠳᠤᠭᠰᠠᠨ ᠭᠦᠨ ᠳᠠᠪᠬᠤᠷᠭ᠎ᠠ᠎ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠢᠳᠠᠯ ᠰᠢᠨ᠎ᠡ ᠠᠰᠠᠭᠤᠳᠠᠯ ᠴᠤ᠌ ᠬᠣᠢᠨ᠎ᠠ ᠬᠣᠢᠨ᠎ᠠ ᠡᠴᠨ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠢᠬᠤ ᠪᠠᠢᠳᠠᠯ ᠳᠠᠪᠬᠤᠴᠠᠵᠤ᠂ ᠦᠶᠡᠯᠡᠯ᠎ᠤᠨ ᠴᠢᠨᠠᠷᠲᠠᠢ ᠪᠠ ᠪᠦᠲᠦᠴᠡ᠎ᠶᠢᠨ ᠴᠢᠨᠠᠷᠲᠠᠢ ᠠᠰᠠᠭᠤᠳᠠᠯ ᠵᠡᠷᠭᠡ᠎ᠪᠠᠷ ᠣᠷᠣᠰᠢᠵᠤ᠂ ᠵᠠᠷᠢᠮ ᠭᠠᠵᠠᠷ ᠣᠷᠣᠨ᠎ᠤ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠂ ᠣᠷᠣᠨ ᠨᠤᠲᠤᠭ᠎ᠤᠨ ᠥᠷᠢ ᠥᠭᠴᠡᠭᠡ᠂ ᠳᠤᠮᠳᠠ ᠵᠢᠵᠢᠭ ᠮᠥᠩᠭᠥᠨ ᠭᠦᠢᠯᠭᠡᠭᠡᠨ ᠤ ᠪᠠᠢᠭᠤᠯᠤᠮᠵᠢ ᠵᠡᠷᠭᠡ᠎ᠶᠢᠨ ᠲᠦᠭᠰᠢᠭᠦᠷᠢ᠎ᠶᠢᠨ ᠳᠠᠯᠳᠠ ᠭᠡᠮ ᠲᠣᠪᠣᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠢᠭᠠᠯᠢ᠎ᠶᠢᠨ ᠭᠠᠮᠰᠢᠭ᠋᠎ᠲᠤ ᠲᠠᠭᠠᠷᠢᠬ᠍ᠳᠠᠪᠠ᠃ ᠡᠢᠮᠦᠷᠬᠦᠦ ᠪᠠᠢᠳᠠᠯ᠎ᠤᠨ ᠳᠣᠣᠷ᠎ᠠ᠂ ᠲᠦᠷᠦ᠎ᠶᠢᠨ ᠪᠣᠳᠣᠯᠭ᠎ᠠ᠎ᠶᠢ ᠰᠣᠩᠭᠣᠬᠤ ᠪᠠ ᠠᠵᠢᠯ᠎ᠢ ᠠᠬᠢᠭᠤᠯᠬᠤ᠎ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ᠎ᠤᠨ ᠬᠠᠮᠲᠤ᠎ᠶᠢᠨ ᠴᠢᠷᠮᠠᠢᠯᠭ᠎ᠠ᠎ᠪᠠᠷ ᠳᠠᠮᠵᠢᠨ᠂ ᠪᠦᠬᠦ ᠵᠢᠯ᠎ᠤᠨ ᠵᠢᠱ᠌ᠢᠭᠰᠡᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠦᠭᠰᠡᠨ᠎ᠢᠶᠠᠷ ᠪᠠᠷᠠᠬᠤ ᠦᠭᠡᠢ ᠮᠠᠰᠢ ᠤᠯᠠᠨ ᠲᠠᠯ᠎ᠠ᠎ᠪᠠᠷ ᠪᠠᠰᠠ ᠢᠳᠡᠪᠬᠢᠲᠡᠢ ᠰᠠᠢᠵᠢᠷᠠᠬᠤ ᠬᠤᠪᠢᠷᠠᠯᠲᠠ ᠭᠠᠷᠤᠭᠰᠠᠨ ᠪᠠᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ᠎ᠳᠤ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠬᠦᠨᠳᠦ ᠶᠡᠬᠡ ᠬᠦᠴᠢᠷ ᠪᠡᠷᠬᠡᠰᠢᠶᠡᠯ ᠢ ᠢᠯᠠᠨ ᠳᠠᠪᠠᠬᠤ ᠡᠷᠬᠢᠮ ᠨᠠᠨᠳᠢᠨ ᠲᠤᠷᠰᠢᠯᠭ᠎ᠠ᠎ᠶᠢ ᠬᠤᠷᠠᠮᠳᠤᠭᠤᠯᠪᠠ᠃ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠲᠠᠪᠠᠬᠤ ᠰᠥᠰᠥ ᠵᠣᠷᠢᠭ᠋᠂ ᠤᠶᠤᠨ ᠤᠬᠠᠭᠠᠨ᠂ ᠴᠢᠳᠠᠪᠤᠷᠢ᠎ᠲᠠᠢ ᠶᠤᠮ᠂ ᠳᠤᠮᠳᠠᠳᠤ ᠤᠯᠤᠰ᠎ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ᠎ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠢᠰᠢ ᠤᠷᠤᠭᠰᠢᠯᠠᠵᠤ ᠴᠢᠳᠠᠬᠤ ᠶᠤᠮ ᠭᠡᠳᠡᠭ᠎ᠢ ᠦᠢᠯᠡᠳᠦᠯᠭᠡ ᠭᠦᠢᠴᠡᠳ ᠬᠠᠷᠠᠭᠤᠯᠵᠠᠢ!
ᠨᠢᠭᠡ ᠵᠢᠯ᠎ᠤᠨ ᠲᠤᠷᠰᠢ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠭᠣᠣᠯᠳᠠᠭᠤ ᠳᠣᠣᠷᠠᠬᠢ ᠠᠵᠢᠯ᠎ᠤᠳ᠎ᠢ ᠬᠢᠪᠡ᠃
ᠨᠢᠭᠡ᠎ᠳᠤ ᠬᠣᠷᠸ᠎ᠠ ᠲᠣᠬᠢᠷᠠᠭᠤᠯᠤᠯ ᠡᠵᠡᠮᠳᠡᠯ᠎ᠤᠨ ᠡᠷᠴᠢᠮ᠎ᠢ ᠴᠢᠩᠭᠠᠷᠠᠭᠤᠯᠵᠤ᠂ ᠠᠵᠤ ᠠᠬᠤᠢ᠎ᠶᠢᠨ ᠠᠵᠢᠯᠯᠠᠭᠠᠨ᠎ᠤ ᠦᠷᠭᠦᠯᠵᠢᠯᠡᠨ ᠰᠠᠢᠵᠢᠷᠠᠬᠤ᠎ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ᠎ᠶᠢᠨ ᠰᠡᠷᠭᠦᠯᠲᠡ᠎ᠶᠢᠨ ᠣᠨᠴᠠᠯᠢᠭ᠋᠎ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠢᠯᠭᠠᠬᠤ ᠪᠠ ᠰᠡᠯᠭᠦᠬᠦ ᠬᠦᠴᠦᠨ᠎ᠢ ᠨᠡᠮᠡᠭᠳᠡᠭᠦᠯᠬᠦ᠎ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ᠎ᠶᠢ ᠪᠡᠬᠢᠵᠢᠭᠦᠯᠬᠦ᠎ᠶᠢ ᠳᠣᠪᠤᠶ᠋ᠢᠯᠭᠠᠵᠤ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠴᠢᠬᠤᠯᠠᠴᠢᠯᠠᠵᠤ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠴᠠᠭ ᠬᠡᠮᠵᠢᠶ᠎ᠡ ᠪᠦᠲᠦᠮᠵᠢ᠎ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ᠎ᠶᠢ ᠴᠢᠩᠭᠠᠳᠬᠠᠵᠤ᠂ 《ᠨᠡᠯᠦᠢᠯᠭᠡᠨ ᠤᠰᠤᠯᠠᠬᠤ》 ᠪᠠ ᠣᠬᠣᠷ ᠬᠤᠭᠤᠴᠠᠭᠠᠨ᠎ᠤ ᠴᠢᠩᠭ᠎ᠠ ᠰᠡᠳᠦᠯᠲᠡ ᠥᠭᠬᠦ ᠦᠭᠡᠢ ᠪᠠᠢᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠬᠦ ᠵᠢᠯ᠎ᠤᠨ ᠠᠵᠤ ᠠᠬᠤᠢ᠎ᠶᠢᠨ ᠠᠵᠢᠯᠯᠠᠭᠠᠨ᠎ᠳᠤ ᠡᠮᠦᠨᠡᠬᠢ ᠬᠤᠭᠤᠴᠠᠭᠠᠨ᠎ᠳᠤ ᠳᠣᠣᠷ᠎ᠠ᠂ ᠳᠤᠮᠳᠠ ᠬᠤᠭᠤᠴᠠᠭᠠᠨ᠎ᠳᠤ ᠥᠨᠳᠥᠷ᠂ ᠰᠡᠭᠦᠯ᠎ᠤᠨ ᠬᠤᠭᠤᠴᠠᠭᠠᠨ᠎ᠳᠤ ᠲᠣᠭᠲᠠᠭᠤᠨ ᠪᠠᠢᠳᠠᠯ ᠢᠯᠡᠷᠡᠪᠡ᠃ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠂ ᠪᠦᠲᠦᠴᠡ᠎ᠶᠢ ᠰᠢᠯᠢᠳᠡᠭᠵᠢᠭᠦᠯᠬᠦ᠂ ᠢᠲᠡᠭᠡᠯ ᠵᠣᠷᠢᠭ᠋᠎ᠢ ᠬᠥᠪᠴᠢᠯᠡᠬᠦ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ᠎ᠶᠢᠨ ᠲᠣᠭᠣᠷᠢᠨ᠎ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ᠎ᠶᠢᠨ ᠪᠣᠳᠣᠯᠭ᠎ᠠ᠎ᠶᠢ ᠴᠠᠭ ᠲᠤᠬᠠᠢ ᠳ᠋ᠤᠨᠢ ᠨᠡᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠪᠡ᠃ ᠡᠳ᠋᠎ᠤᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠴᠢᠩᠭᠠᠷᠠᠭᠤᠯᠤᠨ ᠦᠷ᠎ᠡ ᠪᠦᠳᠤᠮᠵᠢ᠎ᠶᠢ ᠲᠡᠭᠡᠭᠰᠢᠯᠡᠬᠦᠯᠵᠤ᠂ ᠭᠣᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ᠂ ᠪᠦᠬᠦ ᠵᠢᠯ᠎ᠳᠤ ᠰᠢᠨ᠎ᠡ᠎ᠪᠠᠷ ᠨᠡᠮᠡᠭᠳᠡᠭᠰᠡᠨ ᠭᠠᠢᠯᠢ ᠰᠦᠢᠳᠬᠡᠯ᠎ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂1 ᠲᠦᠮᠡᠨ ᠳ᠋ᠦᠩᠰᠢᠭᠤᠷ ᠲᠥᠭᠥᠷᠢᠭ᠎ᠤᠨ ᠤᠯᠤᠰ᠎ᠤᠨ ᠵᠢᠭᠡᠯᠡᠯᠭᠡ᠎ᠶᠢ ᠨᠡᠮᠡᠨ ᠲᠠᠷᠬᠠᠭᠠᠵᠤ᠂ ᠭᠠᠮᠰᠢᠭ᠋᠎ᠤᠨ ᠳᠠᠷᠠᠭᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠪᠠ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ᠡᠴᠨ ᠠᠪᠤᠷᠠᠬᠤ ᠴᠢᠳᠠᠪᠤᠷᠢ᠎ᠶᠢ ᠲᠡᠭᠡᠭᠰᠢᠯᠡᠬᠦᠯᠬᠦ᠎ᠶᠢ ᠳᠡᠮᠵᠢᠪᠡ᠃ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠲᠠᠢ ᠪᠥᠭᠡᠳ ᠬᠦᠴᠦᠲᠡᠢ ᠪᠠᠢᠯᠭᠠᠵᠤ᠂ ᠬᠠᠳᠠᠭᠠᠯᠠᠮᠵᠢ᠎ᠶᠢᠨ ᠪᠡᠯᠡᠳᠬᠡᠯ ᠮᠥᠩᠭᠥᠨ᠎ᠤ ᠨᠤᠷᠮ᠎ᠠ᠎ᠶᠢ ᠬᠣᠶᠠᠷ ᠤᠳᠠᠭ᠎ᠠ ᠪᠠᠭᠤᠷᠠᠭᠤᠯᠵᠤ᠂ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠬᠦᠦ ᠮᠥᠩᠭᠥ᠎ᠶᠢᠨ ᠨᠤᠷᠮ᠎ᠠ᠎ᠶᠢ ᠬᠣᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠲᠡᠷᠢᠭᠦᠨ᠎ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠂ ᠨᠣᠭᠣᠭᠠᠨ ᠬᠥᠭᠵᠢᠯᠲᠡ ᠵᠡᠷᠭᠡ᠎ᠶᠢᠨ ᠵᠢᠭᠡᠯᠡᠯᠭᠡ᠎ᠶᠢ ᠶᠡᠬᠡ᠎ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ᠎ᠶᠢᠨ ᠬᠡᠷᠡᠭᠯᠡᠭᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ᠎ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ᠎ᠤᠨ ᠦᠢᠯᠡᠴᠢᠯᠡᠭᠡᠨ᠎ᠤ ᠬᠡᠷᠡᠭᠯᠡᠭᠡ᠎ᠶᠢᠨ ᠰᠡᠷᠭᠦᠯᠲᠡ ᠲᠦᠷᠭᠡᠰᠪᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠬᠥᠰᠢᠨ ᠬᠥᠳᠡᠯᠭᠡᠬᠦ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠡᠨᠧᠷᠭᠢ᠎ᠶᠢᠨ ᠰᠤᠷᠪᠤᠯᠵᠢ᠂ ᠤᠰᠤᠨ ᠠᠰᠢᠭ᠍ᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ᠎ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ᠎ᠶᠢᠨ ᠪᠠᠢᠳᠠᠯ ᠳ᠋ᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠲᠣᠬᠢᠷᠠᠭᠤᠯᠤᠯ ᠡᠵᠡᠮᠳᠡᠯ᠎ᠢ ᠰᠢᠯᠢᠳᠡᠭᠵᠢᠭᠦᠯᠵᠦ᠂ ᠣᠷᠣᠨ ᠰᠠᠭᠤᠴᠠ᠎ᠶᠢᠨ ᠵᠢᠭᠡᠯᠡᠯᠭᠡ᠎ᠶᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠶᠢ ᠠᠬᠢᠭᠤᠯᠤᠨ᠂ ᠠᠰᠠᠷ᠎ᠢ ᠪᠠᠲᠤᠲᠠᠢ ᠲᠤᠰᠢᠶᠠᠬᠤ ᠠᠵᠢᠯ᠎ᠢ ᠢᠳᠡᠪᠬᠢᠲᠡᠢ᠎ᠪᠠᠷ ᠠᠬᠢᠭᠤᠯᠪᠠ᠃ ᠣᠷᠣᠨ ᠨᠤᠲᠤᠭ᠎ᠤᠨ ᠥᠷᠢ ᠥᠭᠴᠡᠭᠡ᠎ᠶᠢ ᠠᠷᠢᠯᠭᠠᠬᠤ ᠪᠦᠬᠦᠨ᠎ᠢ ᠬᠠᠮᠤᠷᠤᠭᠰᠠᠨ ᠲᠥᠰᠥᠯ᠎ᠢ ᠲᠣᠭᠲᠠᠭᠠᠨ ᠬᠡᠷᠡᠭᠵᠢᠭᠦᠯᠵᠦ᠂ ᠮᠥᠩᠭᠥᠨ ᠭᠦᠢᠯᠭᠡᠭᠡᠨ᠎ᠤ ᠲᠦᠭᠰᠢᠭᠦᠷᠢ᠎ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲᠧᠮ᠎ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ᠎ᠢ ᠰᠠᠬᠢᠵᠤ ᠴᠢᠳᠠᠪᠠ᠃
ᠬᠣᠶᠠᠷ᠎ᠲᠤ ᠰᠢᠨ᠎ᠡ᠎ᠶᠢ ᠡᠭᠦᠳᠬᠦ᠎ᠳᠤ ᠲᠦᠰᠢᠭᠯᠡᠨ ᠠᠵᠤ ᠦᠢᠯᠡᠰ᠎ᠤᠨ ᠲᠡᠰ ᠳᠡᠪᠰᠢᠬᠦ᠎ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ᠎ᠶᠢᠨ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ᠎ᠶᠢ ᠴᠢᠩᠭᠠᠷᠠᠭᠤᠯᠪᠠ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠳᠬᠠᠵᠤ᠂ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠤᠨ ᠲᠥᠰᠥᠯ᠎ᠢ ᠲᠦᠷᠭᠡᠯᠡᠨ ᠬᠡᠷᠡᠭᠵᠢᠭᠦᠯᠪᠡ᠃ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠪᠦᠬᠦ ᠲᠠᠯ᠎ᠠ ᠪᠠᠷ ᠪᠠᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ᠎ᠶᠢᠨ ᠠᠵᠤ ᠠᠬᠤᠢ ᠶᠢᠨ ᠠᠵᠢᠯᠯᠠᠭ᠎ᠠ᠎ᠨᠢ ᠲᠣᠭᠲᠠᠪᠤᠷᠢᠵᠢᠭᠤᠯᠬᠤ᠂ ᠲᠡᠷᠢᠭᠦᠨ᠎ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ᠎ᠶᠢ ᠨᠡᠢᠲᠡᠯᠡᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ᠎ᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠰᠢᠭ᠋ ᠬᠣᠨᠵᠢᠪᠤᠷᠢ ᠪᠠᠭᠤᠷᠠᠵᠤ ᠪᠠᠢᠭᠰᠠᠨ ᠡᠴᠨ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ᠎ᠶᠢᠨ ᠲᠦᠭᠡᠮᠡᠯᠵᠢᠭᠰᠡᠨ ᠨᠣᠷᠮ᠎ᠠ 50%᠎ᠶᠢ ᠳᠠᠪᠠᠪᠠ᠃ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠤᠲᠠ᠎ᠳᠤ ᠡᠷᠦᠬᠡ ᠠᠮᠠ ᠣᠷᠤᠭᠤᠯᠬᠤ ᠨᠥᠬᠥᠴᠡᠯ᠎ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠣᠯᠭᠠᠵᠤ᠂ ᠰᠢᠶᠠᠨ᠎ᠤ ᠬᠤᠲᠠ᠎ᠶᠢᠨ ᠶᠡᠷᠦᠩᠬᠡᠢᠯᠡᠭᠰᠡᠨ ᠳᠠᠭᠠᠭᠠᠬᠤ ᠴᠢᠳᠠᠪᠤᠷᠢ᠎ᠶᠢ ᠴᠢᠩᠭᠠᠷᠠᠭᠤᠯᠤᠨ᠂ ᠪᠠᠢᠩᠭᠤ ᠰᠠᠭᠤᠭ᠎ᠠ ᠬᠥᠮᠥᠨ ᠠᠮᠠ᠎ᠶᠢᠨ ᠬᠤᠲᠠ ᠪᠠᠯᠭᠠᠰᠤᠵᠢᠯᠲᠠ᠎ᠶᠢᠨ ᠨᠣᠷᠮ᠎ᠠ᠎ᠶᠢ 66.2% ᠪᠣᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ᠎ᠤᠨ ᠬᠥᠭᠵᠢᠯᠲᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠴᠢᠩᠭᠠᠳᠬᠠᠵᠤ᠂ ᠭᠠᠮᠰᠢᠭ᠋᠎ᠲᠠᠢ ᠲᠡᠮᠡᠴᠡᠵᠦ ᠡᠯᠪᠡᠭ ᠬᠤᠷᠢᠶᠠᠯᠲᠠ᠎ᠶᠢ ᠲᠡᠮᠡᠴᠡᠨ ᠣᠯᠬᠤ ᠠᠵᠢᠯ᠎ᠢ ᠬᠦᠴᠦᠲᠡᠢ ᠥᠷᠨᠢᠭᠦᠯᠵᠦ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ᠎ᠶᠢᠨ ᠠᠵᠢᠯᠯᠠᠭ᠎ᠠ᠎ᠶᠢ ᠬᠡᠷᠡᠭᠵᠢᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ᠎ᠶᠢ ᠭᠠᠷᠭᠠᠵᠤ᠂ ᠨᠢᠭᠡ ᠪᠦᠯᠦᠭ ᠴᠢᠬᠤᠯᠠ ᠶᠡᠬᠡ ᠲᠥᠰᠥᠯ᠎ᠢ ᠬᠡᠷᠡᠭᠵᠢᠭᠦᠯᠵᠦ᠂ ᠣᠷᠣᠨ ᠪᠦᠰᠡ᠎ᠶᠢᠨ ᠬᠥᠭᠵᠢᠯᠲᠡ᠎ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ ᠴᠢᠨᠠᠷ᠎ᠢ ᠲᠠᠰᠤᠷᠠᠯᠲᠠ ᠦᠭᠡᠢ ᠴᠢᠩᠭᠠᠷᠠᠭᠤᠯᠪᠠ᠃
ᠭᠤᠷᠪᠠ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠨᠡᠭᠡᠭᠡᠯᠲᠡ᠎ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠬᠤ ᠶᠡᠷᠦᠩᠬᠡᠢ ᠠᠵᠢᠯ᠎ᠤᠨ ᠲᠥᠰᠥᠯ᠎ᠢ ᠨᠡᠢᠲᠡᠯᠡᠵᠦ᠂ ᠭᠤᠤᠯᠴᠢ ᠥᠷᠢᠰᠦᠯᠳᠦᠭᠡᠨ᠎ᠢ ᠬᠠᠷᠰᠢᠯᠠᠬᠤ ᠨᠢᠭᠡ ᠪᠦᠯᠦᠭ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢ ᠢᠯᠭᠠᠷᠠᠭᠤᠯᠤᠨ ᠴᠡᠪᠡᠷᠯᠡᠪᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠠᠷᠠᠳᠡᠴᠨ ᠡᠵᠡᠩᠨᠡᠭᠰᠡᠨ ᠠᠵᠤ ᠠᠬᠤᠢᠯᠠᠯ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠥᠭᠵᠢᠯᠲᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠤᠰ ᠲᠤᠰ ᠭᠠᠷᠭᠠᠵᠤ᠂ ᠵᠠᠰᠠᠭ᠎ᠤᠨ ᠣᠷᠳᠣᠨ ᠪᠠ ᠠᠵᠤ ᠠᠬᠤᠢᠯᠠᠯ᠎ᠤᠨ ᠪᠠᠢᠩᠭᠤ᠎ᠶᠢᠨ ᠴᠢᠨᠠᠷᠲᠠᠢ᠎ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ᠎ᠶᠢ ᠪᠠᠢᠭᠤᠯᠵᠤ᠂ ᠠᠵᠤ ᠠᠬᠤᠢᠯᠠᠯ᠎ᠤᠨ ᠠᠪᠴᠠᠭᠠᠨ᠎ᠤ ᠵᠣᠭᠣᠰ᠎ᠢ ᠥᠷᠢᠲᠦᠬᠦ᠎ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠲᠣᠭᠲᠠᠭᠠᠯᠡᠴᠨ ᠵᠥᠷᠢᠴᠡᠭᠰᠡᠨ ᠰᠦᠢᠳᠬᠡᠯ ᠬᠤᠷᠢᠶᠠᠯᠲᠠ᠎ᠶᠢ ᠴᠡᠭᠴᠡᠯᠡᠨ ᠵᠠᠰᠠᠬᠤ ᠠᠵᠢᠯ᠎ᠢ ᠴᠢᠩᠭᠠᠳᠬᠠᠪᠠ᠃ ᠡᠳ᠋᠎ᠤᠨ ᠵᠠᠰᠠᠭ ᠭᠠᠢᠯᠢ ᠮᠥᠩᠭᠥᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠡᠷᠭᠡ ᠬᠦᠷᠢᠶᠡᠨ᠎ᠳᠠᠬᠢ ᠥᠭᠡᠷᠡᠴᠢᠯᠡᠯᠲᠡ ᠶᠢ ᠭᠦᠨᠵᠡᠭᠡᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ᠎ᠶᠢ ᠲᠣᠭᠲᠠᠪᠤᠷᠢᠵᠢᠭᠤᠯᠬᠤ ᠪᠠ ᠪᠦᠲᠦᠴᠡ᠎ᠶᠢ ᠰᠢᠯᠢᠳᠡᠭᠵᠢᠭᠦᠯᠬᠦ᠎ᠶᠢ ᠠᠬᠢᠭᠤᠯᠵᠤ᠂ ᠴᠠᠬᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠠᠬᠢᠯᠭᠠᠨ᠎ᠤ ᠦᠢᠯᠡᠳᠬᠦᠨ 《ᠰᠢᠨ᠎ᠡ ᠭᠤᠷᠪᠠᠨ ᠵᠦᠢᠯ》 ᠤ᠋ᠨ ᠭᠠᠳᠠᠭᠠᠳᠤ ᠭᠠᠷᠭᠠᠯᠲᠠ 30% ᠰᠢᠬᠠᠮ᠎ᠢᠶᠠᠷ ᠨᠡᠮᠡᠭᠳᠡᠪᠡ᠃ ᠭᠠᠳᠠᠭᠠᠳᠤ ᠪᠡᠯᠡ᠎ᠶᠢ ᠲᠠᠲᠠᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠳᠦᠷᠢᠮ᠎ᠤᠨ ᠬᠡᠯᠪᠡᠷᠢ᠎ᠶᠢᠨ ᠨᠡᠭᠡᠭᠡᠯᠲᠡ᠎ᠶᠢ ᠥᠷᠭᠡᠳᠬᠡᠪᠡ᠃ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠠᠶ᠋ᠢᠭᠤᠯᠬᠤ᠎ᠶᠢᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ᠎ᠪᠠᠷ ᠪᠠᠶ᠋ᠢᠭᠤᠯᠬᠤ ᠤᠯᠤᠰ ᠯᠤᠭ᠎ᠠ᠎ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ᠎ᠢᠶᠠᠷ ᠨᠡᠮᠡᠭᠳᠡᠪᠡ᠃
ᠳᠥᠷᠪᠡ᠎ᠳᠤ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠠᠰᠠᠯᠲᠠ᠎ᠶᠢ ᠴᠢᠩᠭᠠᠳᠬᠠᠵᠤ᠂ ᠬᠥᠭᠵᠢᠯᠲᠡ᠎ᠶᠢᠨ ᠠᠷᠭ᠎ᠠ ᠮᠠᠶᠢᠭ᠋᠎ᠤᠨ ᠨᠣᠭᠣᠭᠠᠨ ᠬᠤᠪᠢᠷᠠᠭᠤᠯᠤᠯᠲᠠ᠎ᠶᠢ ᠲᠦᠷᠭᠡᠳᠬᠡᠪᠡ᠃ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠲᠠᠶ᠋ᠢᠨ᠎ᠢ ᠦᠷᠭᠦᠯᠵᠢᠯᠡᠨ ᠰᠠᠢᠲᠤᠷ ᠬᠢᠪᠡ᠃ ᠴᠢᠬᠤᠯᠠ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ᠎ᠶᠢᠨ ᠢᠳᠡᠭᠳᠡᠯ᠂ ᠴᠥᠯᠵᠢᠯᠲᠡ᠎ᠶᠢ ᠶᠡᠷᠦᠩᠬᠡᠢᠯᠡᠨ ᠰᠡᠷᠭᠡᠢᠯᠡᠨ ᠵᠠᠰᠠᠬᠤ ᠠᠵᠢᠯ ᠢ ᠰᠠᠢᠲᠤᠷ ᠠᠳᠬᠤᠪᠠ᠃ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ᠎ᠶᠢᠨ ᠰᠢᠪᠠᠳᠠᠨ ᠪᠠᠢᠴᠠᠭᠠᠯᠲᠠ᠎ᠶᠢ ᠴᠢᠩᠭᠠᠳᠬᠠᠪᠠ᠃ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ᠎ᠤᠨ ᠬᠥᠭᠵᠢᠯᠲᠡ᠎ᠶᠢ ᠳᠡᠮᠵᠢᠬᠦ ᠲᠦᠷᠦ᠎ᠶᠢᠨ ᠪᠣᠳᠣᠯᠭ᠎ᠠ᠎ᠶᠢ ᠲᠣᠭᠲᠠᠭᠠᠪᠠ᠃ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ᠎ᠶᠢᠨ ᠭᠠᠳᠠᠭᠰᠢᠯᠠᠭᠤᠯᠤᠯᠲᠠ᠎ᠶᠢ ᠤᠷᠬᠢᠯ ᠬᠡᠮᠵᠢᠭᠳᠡᠯ ᠳ᠋ᠤᠨᠢ ᠬᠦᠷᠭᠡᠬᠦ ᠲᠤᠷᠰᠢᠯᠲᠠ᠎ᠶᠢᠨ ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠡᠬᠢᠯᠡᠭᠦᠯᠪᠡ᠃ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠭᠰᠠᠨ ᠪᠠ ᠲᠡᠭᠦᠨ᠎ᠢ ᠠᠬᠢᠭᠤᠯᠪᠠ᠃
ᠲᠠᠪᠤ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠬᠦᠴᠦᠯᠡᠨ ᠰᠠᠢᠲᠤᠷ ᠠᠳᠬᠤᠵᠤ᠂ ᠨᠡᠢᠭᠡᠮ᠎ᠤᠨ ᠦᠢᠯᠡᠰ᠎ᠤᠨ ᠬᠥᠭᠵᠢᠯᠲᠡ᠎ᠶᠢ ᠠᠬᠢᠭᠤᠯᠪᠠ᠃ ᠣᠯᠠᠨ ᠲᠦᠮᠡᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠪᠡ᠃ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠠᠮᠲᠤᠯᠢᠭ᠋᠎ᠲᠤ ᠠᠵᠢᠯ ᠣᠯᠭᠣᠬᠤ᠎ᠶᠢ ᠠᠬᠢᠭᠤᠯᠬᠤ ᠦᠢᠯᠡᠴᠢᠯᠡᠭᠡ᠎ᠶᠢ ᠴᠢᠩᠭᠠᠳᠬᠠᠵᠤ᠂ ᠶᠠᠳᠠᠭᠤᠡᠴᠨ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠦᠳᠡᠯᠮᠤᠷᠢ ᠬᠢᠬᠦ ᠬᠡᠪᠴᠢᠶ᠎ᠡ 3300 ᠲᠦᠮᠡ᠎ᠶᠢ ᠳᠠᠪᠠᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠭᠤᠷᠠᠢ ᠭᠣᠭᠴᠣᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ 《ᠬᠣᠶᠠᠷ᠎ᠢ ᠬᠥᠩᠭᠡᠷᠡᠭᠦᠯᠬᠦ》 ᠠᠵᠢᠯ᠎ᠢ ᠰᠠᠢᠲᠤᠷ ᠬᠢᠵᠦ᠂ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠦᠨ ᠬᠦᠦ ᠮᠥᠩᠭᠥ᠎ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠭ᠍ᠴᠢᠳ᠎ᠲᠤ ᠠᠰᠢᠭ᠋ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠳᠤ 《ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ》 ᠵᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠂ ᠰᠠᠯᠠᠭᠠᠲᠤ ᠠᠩᠬᠠᠨ᠎ᠤ ᠪᠠᠶᠠᠳᠠᠨᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃ ᠠᠵᠢᠯᠲᠠᠨ ᠠᠵᠢᠯᠴᠢᠨ᠎ᠤ ᠡᠮᠨᠡᠯᠭᠡ᠎ᠶᠢᠨ ᠳᠠᠭᠠᠳᠬᠠᠯ᠎ᠤᠨ ᠡᠩ᠎ᠤᠨ ᠡᠭᠦᠳᠡᠨ ᠡᠮᠨᠡᠯᠭᠡ᠎ᠶᠢᠨ ᠵᠠᠷᠤᠳᠠᠯ᠎ᠢ ᠨᠢᠭᠡᠳᠦᠯᠲᠡᠢ ᠲᠥᠯᠥᠪᠯᠡᠬᠦ᠎ᠶᠢ ᠬᠡᠷᠡᠭᠵᠢᠭᠦᠯᠪᠡ᠃ ᠨᠡᠢᠭᠡᠮ ᠲᠣᠭᠣᠷᠢᠭ᠋ ᠤᠨ ᠶᠡᠷᠦᠩᠬᠡᠢᠯᠡᠭᠰᠡᠨ ᠦᠢᠯᠡᠴᠢᠯᠡᠭᠡᠨ᠎ᠤ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠨᠠᠰᠤᠲᠠᠢᠴᠤᠳ᠎ᠤᠨ ᠬᠤᠭᠤᠯᠠ ᠪᠤᠳᠠᠭ᠎ᠠ᠎ᠳᠤ ᠲᠤᠰᠠᠯᠠᠮᠵᠢ ᠥᠵᠡᠬᠦᠯᠬᠦ ᠦᠢᠯᠡᠴᠢᠯᠡᠭᠡ᠎ᠶᠢ ᠶᠡᠬᠡ᠎ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ᠎ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠵᠦᠢᠯ᠎ᠢ ᠪᠠᠲᠤᠯᠠᠬᠤ ᠪᠠᠲᠤᠯᠠᠭ᠎ᠠ᠎ᠶᠢ ᠴᠢᠩᠭᠠᠳᠬᠠᠪᠠ᠃ ᠬᠠᠶ᠋ᠢᠾᠧ ᠭᠣᠣᠯ ᠵᠡᠷᠭᠡ ᠰᠠᠪᠠ ᠭᠠᠵᠠᠷ᠎ᠤᠨ ᠣᠨᠴᠠ ᠶᠡᠬᠡ ᠦᠶᠡᠷ ᠤᠰᠤᠲᠤᠯ᠎ᠤᠨ ᠭᠠᠮᠰᠢᠭ᠋᠎ᠢ ᠪᠦᠲᠦᠮᠵᠢᠲᠡᠶ ᠠᠷᠭᠠᠴᠠᠵᠤ᠂ ᠭᠠᠨᠰᠤ᠎ᠶᠢᠨ ᠵᠢᠢ ᠱᠢ ᠱᠠᠨ᠎ᠤ ᠭᠠᠵᠠᠷ ᠬᠥᠳᠡᠯᠦᠯᠲᠡ ᠵᠡᠷᠭᠡ᠎ᠶᠢᠨ ᠠᠶᠤᠯᠡᠴᠨ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠵᠦ᠂ ᠭᠠᠮᠰᠢᠭ᠋᠎ᠤᠨ ᠳᠠᠷᠠᠭ᠎ᠠ ᠰᠡᠷᠭᠦᠭᠡᠨ ᠳᠠᠬᠢᠨ ᠪᠦᠲᠦᠭᠡᠨ ᠪᠠᠶ᠋ᠢᠭᠤᠯᠬᠤ ᠠᠵᠢᠯ᠎ᠢ ᠴᠢᠩᠭᠠᠳᠬᠠᠪᠠ᠃ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢ ᠠᠬᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ ᠪᠦᠬᠦ ᠲᠠᠯ᠎ᠠ᠎ᠪᠠᠷ ᠰᠡᠷᠭᠦᠪᠡ᠃ ᠣᠯᠠᠨ ᠲᠦᠮᠡᠨ᠎ᠤ ᠪᠡᠶ᠎ᠡ᠎ᠶᠢᠨ ᠲᠠᠮᠢᠷ ᠥᠷᠨᠢᠨ ᠬᠥᠭᠵᠢᠵᠦ᠂ ᠴᠧᠩᠳᠦ᠋᠎ᠳᠤ ᠪᠣᠯᠤᠭᠰᠠᠨ ᠣᠶᠤᠲᠠᠳ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠂ ᠬᠠᠩᠵᠧᠦ᠎ᠶᠢᠨ ᠠᠽᠢᠶ᠎ᠠ ᠲᠢᠪ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠠ ᠠᠽᠢᠶ᠎ᠠ ᠲᠢᠪ᠎ᠤᠨ ᠵᠡᠮᠳᠡᠭᠴᠦᠳ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠠᠮᠵᠢᠯᠲᠠ᠎ᠲᠠᠢ ᠡᠷᠬᠢᠯᠡᠵᠦ᠂ ᠮᠠᠨ᠎ᠤ ᠤᠯᠤᠰ᠎ᠤᠨ ᠲᠠᠮᠢᠷᠴᠢᠳ ᠵᠣᠷᠢᠭ᠍ᠲᠠᠢ᠎ᠪᠠᠷ ᠰᠢᠯᠢᠳᠡᠭ ᠬᠢᠷᠢ ᠪᠦᠲᠦᠮᠵᠢ ᠡᠭᠦᠳᠪᠡ᠃
ᠵᠢᠷᠭᠤᠭ᠎ᠠ᠎ᠳᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠪᠥᠬᠦ ᠲᠠᠯ᠎ᠠ᠎ᠪᠠᠷ ᠴᠢᠩᠭᠠᠳᠬᠠᠵᠤ᠂ ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠶᠡᠬᠡ ᠪᠠᠷ ᠳᠡᠭᠡᠭᠰᠢᠯᠡᠭᠦᠯᠪᠡ᠃ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠬᠤ᠎ᠶᠢᠨ ᠰᠠᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭ᠍ᠴᠢ ᠪᠣᠯᠪᠠ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠪᠡ᠃ ᠤᠯᠤᠰ ᠲᠥᠷᠥ᠎ᠶᠢᠨ ᠪᠠᠢᠭᠤᠯᠤᠯᠲᠠ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠬᠠᠤᠯᠢᠵᠢᠯ ᠤ᠋ᠨ ᠵᠠᠰᠠᠬ ᠤ᠋ᠨ ᠤᠷᠳᠤᠨ ᠤ᠋ ᠪᠦᠳᠦᠬᠡᠨ ᠪᠠᠢᠭᠤᠯᠤᠯᠳᠠ ᠵᠢ ᠬᠦᠨᠵᠡᠬᠡᠢ ᠠᠬᠢᠭᠤᠯᠪᠠ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ 10 ᠬᠤᠪᠢ ᠬᠠᠤᠯᠢ ᠴᠠᠭᠠᠵᠠ᠎ᠶᠢᠨ ᠰᠠᠨᠠᠯ ᠵᠥᠪᠯᠡᠯᠭᠡ᠎ᠶᠢ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠵᠦ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ᠎ᠶᠢ ᠬᠡᠷᠡᠭᠵᠢᠭᠦᠯᠪᠡ᠃ ᠤᠬᠠᠮᠰᠠᠷ ᠡᠴᠨ᠎ᠪᠠᠨ ᠬᠠᠤᠯᠢ ᠶᠣᠰᠣᠭᠠᠷ ᠬᠢᠨᠠᠯᠲᠠ᠎ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠰᠠᠨᠠᠭᠤᠯᠭ᠎ᠠ ᠪᠠ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ᠎ᠶᠢ ᠬᠢᠨᠠᠮᠠᠭᠠᠢ ᠰᠢᠢᠳᠪᠦᠷᠢᠯᠡᠪᠡ᠃ ᠪᠠᠢᠴᠠᠭᠠᠨ ᠰᠤᠳᠤᠯᠤᠯᠲᠠ᠎ᠶᠢ ᠴᠢᠬᠤᠯᠠᠴᠢᠯᠠᠵᠤ᠂ ᠲᠥᠷᠥ᠎ᠶᠢᠨ ᠪᠣᠳᠣᠯᠭ᠎ᠠ ᠪᠣᠯᠣᠨ ᠠᠵᠢᠯ᠎ᠢ ᠪᠣᠳᠠᠲᠤ ᠪᠠᠢᠳᠠᠯ᠎ᠳᠤ ᠨᠡᠢᠴᠡᠭᠦᠯᠬᠦ᠂ ᠣᠯᠠᠨ ᠲᠦᠮᠡᠨ᠎ᠲᠠᠢ ᠣᠢᠷᠠᠲᠤᠭᠤᠯᠬᠤ᠎ᠪᠠᠷ ᠴᠢᠷᠮᠠᠢᠪᠠ᠃ ᠰᠢᠪᠠᠳᠠᠨ ᠪᠠᠢᠴᠠᠭᠠᠬᠤ ᠠᠵᠢᠯ᠎ᠤᠨ ᠲᠣᠭᠲᠠᠴᠠ᠎ᠶᠢ ᠰᠢᠯᠢᠳᠡᠭᠵᠢᠭᠦᠯᠪᠡ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠴᠢᠩᠭᠠᠳᠬᠠᠪᠠ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ 《ᠳᠦᠷᠪᠡᠨ ᠰᠤᠷᠲᠠᠯ》 ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠥᠨ ᠭᠦᠢᠯᠭᠡᠭᠡᠨ᠎ᠤ ᠨᠢᠭᠡᠴᠢ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠵᠡᠷᠭᠡ᠎ᠶᠢ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠬᠦᠴᠦᠲᠡᠢ ᠠᠬᠢᠭᠤᠯᠪᠠ᠃ ᠬᠤᠲᠠ ᠬᠥᠳᠡᠭᠡ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶᠢ ᠬᠦᠴᠦᠲᠡᠢ ᠠᠳᠬᠤᠵᠤ᠂ ᠬᠦᠨᠳᠦ ᠶᠡᠬᠡ ᠠᠳᠡᠯ᠎ᠤᠨ ᠳᠠᠯᠳᠠ ᠭᠡᠮ ᠢ ᠲᠤᠰᠬᠠᠢ ᠰᠠᠮᠨᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠥᠷᠨᠢᠭᠦᠯᠪᠡ᠃ ᠤᠯᠤᠰ᠎ᠤᠨ ᠠᠮᠤᠷ ᠲᠦᠪᠰᠢᠨ ᠤ ᠰᠢᠰᠲᠧᠮ᠎ᠢ ᠲᠡᠭᠦᠯᠳᠡᠷᠵᠢᠭᠦᠯᠬᠦ᠎ᠶᠢ ᠠᠬᠢᠭᠤᠯᠪᠠ᠃ ᠨᠡᠢᠭᠡᠮ᠎ᠤᠨ ᠠᠮᠤᠷ ᠲᠦᠪᠰᠢᠨ ᠢ ᠶᠡᠷᠦᠩᠬᠡᠢᠯᠡᠨ ᠵᠠᠰᠠᠬᠤ᠎ᠶᠢ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ᠎ᠡᠴᠨ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠦᠲᠦᠮᠵᠢᠲᠡᠢ᠎ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠰᠢᠨ᠎ᠡ ᠠᠬᠢᠴᠠ᠎ᠲᠠᠢ ᠪᠣᠯᠪᠠ᠃
ᠨᠢᠭᠡ ᠵᠢᠯ᠎ᠤᠨ ᠲᠤᠷᠰᠢ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠲᠣᠮᠣ᠌ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢ ᠪᠦᠬᠦ ᠲᠠᠯ᠎ᠠ᠎ᠪᠠᠷ ᠠᠬᠢᠭᠤᠯᠪᠠ᠃ ᠲᠡᠷᠢᠭᠦᠯᠡᠭᠴᠢ ᠰᠢ᠎ᠶᠢᠨ ᠫᠢᠩ ᠵᠡᠷᠭᠡ ᠨᠠᠮ ᠪᠣᠯᠣᠨ ᠲᠦᠷᠦ᠎ᠶᠢᠨ ᠤᠳᠤᠷᠢᠳᠬᠤ ᠬᠥᠮᠥᠰ ᠤᠯᠠᠨ ᠤᠯᠤᠰ᠎ᠲᠤ ᠠᠶ᠋ᠢᠯᠴᠢᠯᠠᠯᠲᠠ ᠬᠢᠵᠦ᠂ BRICS᠎ᠤ᠋ᠨ ᠤᠯᠤᠰ᠎ᠤᠳ᠎ᠤᠨ ᠤᠳᠤᠷᠢᠳᠬᠤ ᠬᠥᠮᠥᠰ᠎ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂ ᠵᠡᠭᠦᠨ ᠠᠽᠢᠶ᠎ᠠ᠎ᠶᠢᠨ ᠬᠠᠮᠲᠤᠷᠠᠯᠴᠠᠭᠠᠨ᠎ᠤ ᠤᠳᠤᠷᠢᠳᠬᠤ ᠬᠥᠮᠥᠰ᠎ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ᠎ᠶᠢᠨ ᠪᠠ ᠬᠣᠶᠠᠷ ᠲᠠᠯ᠎ᠠ᠎ᠶᠢᠨ ᠴᠢᠬᠤᠯᠠ ᠶᠡᠬᠡ ᠠᠵᠢᠯᠯᠠᠭ᠎ᠠ᠎ᠳᠤ ᠣᠷᠣᠯᠴᠠᠪᠠ᠃ ᠳᠤᠮᠳᠠᠳᠤ ᠤᠯᠤᠰ — ᠳᠤᠮᠳᠠᠳᠤ ᠠᠽᠢᠶ᠎ᠠ᠎ᠶᠢᠨ ᠲᠦᠷᠦᠭᠦᠴᠦᠳ᠎ᠤᠨ ᠬᠤᠷᠠᠯ᠂ ᠭᠤᠷᠪᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ》 ᠤ᠋ᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠤᠨ ᠶᠠᠷᠢᠯᠴᠠᠭᠠᠨ᠎ᠤ ᠲᠠᠪᠴᠠᠩ ᠵᠡᠷᠭᠡ ᠴᠢᠬᠤᠯᠠ ᠶᠡᠬᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶᠢ ᠠᠮᠵᠢᠯᠲᠠ᠎ᠲᠠᠢ ᠡᠷᠬᠢᠯᠡᠪᠡ᠃ ᠬᠥᠮᠥᠨ ᠲᠥᠷᠥᠯᠬᠢᠲᠡᠨ᠎ᠤ ᠬᠤᠪᠢ ᠵᠠᠶᠠᠭᠠᠨ ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠪᠦᠬᠦ ᠪᠥᠮᠪᠥᠷᠴᠡᠭ᠎ᠤᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠵᠤ᠂ ᠪᠦᠬᠦ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶᠢ ᠭᠦᠨᠵᠡᠭᠡᠢᠷᠡᠭᠦᠯᠦᠨ ᠥᠷᠭᠡᠳᠬᠡᠵᠦ᠂ ᠳᠡᠯᠡᠬᠡᠢ᠎ᠶᠢᠨ ᠪᠠ ᠭᠠᠵᠠᠷ ᠣᠷᠣᠨ᠎ᠤ ᠬᠠᠯᠠᠭᠤᠨ ᠴᠡᠭ᠎ᠤᠨ ᠠᠰᠠᠭᠤᠳᠠᠯ᠎ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
ᠲᠥᠯᠥᠭᠡᠯᠡᠭᠴᠢᠳ ᠠ᠋!
ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ᠎ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠠᠶᠠᠯᠠᠯ ᠵᠠᠮᠴᠢᠯᠠᠨ ᠴᠢᠭᠯᠡᠯ᠎ᠢ ᠡᠵᠡᠮᠳᠡᠭᠰᠡᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠂ ᠲᠡᠷᠡ ᠨᠢ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠪᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠮᠦᠨᠡᠡᠴᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠣᠨ ᠡᠯ᠎ᠡ ᠡᠲᠡᠭᠡᠳ᠎ᠤᠨ ᠬᠥᠮᠥᠰ᠎ᠲᠤ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ! ᠰᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠠᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠠᠷ᠂ ᠲᠠᠢᠸᠠᠨ᠎ᠤ ᠠᠬ᠎ᠠ ᠳᠡᠭᠦᠦ ᠨᠠᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠸ᠋ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠣᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ!
ᠠᠮᠵᠢᠯᠲᠠ᠎ᠪᠠᠨ ᠨᠤᠲᠠᠯᠠᠬᠤ᠎ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ᠎ᠶᠢ ᠰᠡᠷᠭᠡᠭ᠎ᠢᠶᠠᠷ ᠣᠯᠵᠤ ᠬᠠᠷᠠᠪᠠ᠃ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠢᠵᠤ᠂ ᠭᠠᠵᠠᠷ ᠣᠷᠣᠨ᠎ᠤ ᠬᠠᠯᠠᠭᠤᠨ ᠴᠡᠭ᠎ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ ᠣᠷᠴᠢᠨ ᠨᠥᠬᠥᠴᠡᠯ᠎ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠦᠷᠭᠦᠯᠵᠢᠯᠡᠨ ᠰᠡᠷᠭᠦᠵᠦ ᠰᠠᠢᠵᠢᠷᠠᠬᠤ ᠰᠠᠭᠤᠷᠢ ᠪᠠᠰᠠ ᠪᠠᠲᠤ ᠪᠢᠰᠢ ᠪᠠᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ᠎ᠤᠨ ᠥᠢᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠢᠭᠡᠮ᠎ᠤᠨ ᠵᠢᠱ᠌ᠢᠯᠲᠡ ᠪᠠᠭᠤᠷᠠᠢ᠂ ᠠᠶᠤᠯ ᠲᠦᠭᠰᠢᠭᠦᠷᠢ᠎ᠶᠢᠨ ᠳᠠᠯᠳᠠ ᠭᠡᠮ ᠮᠥᠨ ᠬᠦ᠌ ᠨᠡᠯᠢᠶᠡᠳ ᠣᠯᠠᠨ ᠪᠠᠢᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠳᠤ ᠲᠦᠭᠵᠢᠷᠡᠯ ᠣᠷᠣᠰᠢᠵᠤ᠂ ᠤᠯᠠᠨ ᠤᠯᠤᠰ᠎ᠤᠨ ᠣᠷᠴᠢᠯ᠎ᠳᠤ ᠬᠠᠷᠰᠢᠯᠠᠯ ᠣᠷᠣᠰᠢᠵᠤ ᠪᠠᠢᠨ᠎ᠠ᠃ ᠬᠡᠰᠡᠭ ᠳᠤᠮᠳᠠ ᠵᠢᠵᠢᠭ ᠠᠵᠤ ᠠᠬᠤᠢᠯᠠᠯ ᠪᠤᠯᠤᠨ ᠬᠤᠪᠢ ᠵᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠵᠢᠨ ᠡᠵᠡᠩᠨᠡᠯᠲᠡ ᠬᠦᠴᠢᠷᠳᠡᠯ᠎ᠲᠠᠢ ᠪᠠᠢᠨ᠎ᠠ᠃ ᠠᠵᠢᠯ ᠣᠯᠭᠣᠯᠲᠠ᠎ᠶᠢᠨ ᠶᠡᠷᠦᠩᠬᠡᠢ ᠬᠡᠮᠵᠢᠶ᠎ᠡ᠎ᠶᠢᠨ ᠳᠠᠷᠤᠯᠲᠠ ᠪᠣᠯᠣᠨ ᠪᠦᠲᠦᠴᠡ᠎ᠶᠢᠨ ᠴᠢᠨᠠᠷᠲᠠᠢ ᠵᠥᠷᠢᠴᠡᠯ ᠵᠡᠷᠭᠡ᠎ᠪᠠᠷ ᠣᠷᠣᠰᠢᠵᠤ᠂ ᠣᠯᠠᠨ ᠨᠡᠶ᠋ᠢᠲᠡ᠎ᠶᠢᠨ ᠦᠢᠯᠡᠴᠢᠯᠡᠭᠡ᠎ᠳᠤ ᠮᠥᠨ ᠴᠤ᠌ ᠴᠥᠭᠡᠨ ᠪᠤᠰᠤ ᠳᠤᠲᠠᠭᠤᠳᠠᠯ ᠣᠷᠣᠰᠢᠵᠤ ᠪᠠᠢᠨ᠎ᠠ᠃ ᠵᠠᠷᠢᠮ ᠭᠠᠵᠠᠷ ᠣᠷᠣᠨ᠎ᠤ ᠦᠨᠳᠦᠰᠦᠨ ᠱᠠᠲᠤᠨ᠎ᠤ ᠡᠳ᠋᠎ᠤᠨ ᠬᠦᠴᠦᠨ ᠨᠡᠯᠢᠶᠡᠳ ᠪᠠᠴᠢᠮ ᠪᠠᠢᠨ᠎ᠠ᠃ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠢᠨ᠎ᠠ᠃ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠎ᠳᠤ ᠮᠥᠨ ᠬᠦ᠌ ᠴᠥᠭᠡᠨ ᠪᠤᠰᠤ ᠬᠦᠴᠢᠷ ᠠᠰᠠᠭᠤᠳᠠᠯ᠎ᠢ ᠰᠢᠢᠳᠪᠦᠷᠢᠯᠡᠬᠦ ᠴᠢᠬᠤᠯᠠᠲᠠᠢ ᠪᠠᠢᠨ᠎ᠠ᠃ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠠᠰᠠᠯᠲᠠ᠎ᠶᠢᠨ ᠡᠭᠦᠷᠭᠡ ᠬᠦᠨᠳᠦ ᠵᠠᠮ ᠬᠤᠯᠠ ᠪᠠᠢᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠪᠠᠭᠤᠷᠠᠢ ᠭᠣᠭᠴᠣᠭ᠎ᠠ᠎ᠶᠢ ᠣᠮᠲᠣᠭᠠᠢᠯᠠᠵᠤ ᠪᠣᠯᠣᠰᠢ ᠦᠭᠡᠢ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ᠎ᠶᠢᠨ ᠦᠵᠡᠯ᠂ ᠨᠣᠶᠠᠨᠴᠢ ᠰᠤᠷᠲᠠᠯ᠎ᠤᠨ ᠦᠵᠡᠭᠳᠡᠯ ᠮᠥᠨ ᠬᠦ᠌ ᠨᠡᠯᠢᠶᠡᠳ ᠲᠣᠪᠣᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ᠎ᠶᠢᠨ ᠵᠠᠷᠢᠮ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ᠎ᠢᠶᠠᠷ ᠬᠦᠷᠦᠯᠴᠡᠬᠦ ᠦᠭᠡᠢ ᠪᠠᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ᠋ ᠰᠠᠨᠠᠭ᠎ᠠ᠎ᠪᠠᠷ ᠳᠤᠲᠠᠮᠠᠭ ᠪᠠᠢᠵᠤ᠂ ᠨᠠᠵᠠᠭᠠᠢᠷᠠᠨ ᠬᠣᠢᠷᠭᠤᠰᠢᠵᠤ ᠬᠠᠷᠢᠭᠤᠴᠠᠯᠭᠠᠡᠴᠨ ᠵᠠᠢᠯᠠᠨ᠂ ᠥᠩᠭᠡᠪᠴᠢ ᠠᠵᠢᠯ ᠬᠢᠵᠦ ᠪᠠᠢᠨ᠎ᠠ᠃ ᠵᠠᠷᠢᠮ ᠬᠦᠷᠢᠶᠡᠨ᠎ᠳᠤ ᠢᠯᠵᠢᠷᠡᠯ᠎ᠤᠨ ᠠᠰᠠᠭᠤᠳᠠᠯ ᠮᠥᠨ ᠯᠡ ᠤᠯᠠᠨ ᠭᠠᠷᠴᠤ ᠪᠠᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ᠎ᠳᠤ ᠰᠢᠭᠤᠳ ᠬᠠᠨᠳᠤᠵᠤ᠂ ᠪᠦᠬᠦ ᠰᠡᠳᠬᠢᠯ ᠪᠦᠬᠦ ᠴᠢᠳᠠᠯ᠎ᠢᠶᠠᠷ᠎ᠢᠶᠠᠨ ᠠᠵᠢᠯ᠎ᠢᠶᠠᠨ ᠰᠠᠢᠲᠤᠷ ᠬᠢᠵᠦ᠂ ᠠᠷᠠᠳ ᠲᠦᠮᠡᠨ᠎ᠤ ᠬᠦᠰᠡᠯ ᠡᠷᠡᠮᠡᠯᠵᠡᠯ ᠪᠠ ᠬᠦᠨᠳᠦ ᠨᠠᠶ᠋ᠢᠳᠠᠯᠭ᠎ᠠ᠎ᠶᠢ ᠶᠠᠭᠠᠬᠢᠭ᠍ᠰᠠᠨ ᠴᠤ᠌ ᠬᠥᠰᠡᠷᠳᠡᠭᠦᠯᠬᠦ ᠦᠭᠡᠢ!
ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 6.1%᠎ᠪᠠᠷ ᠨᠡᠮᠡᠭᠳᠡᠵᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠡᠴᠨ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠶᠠᠳᠠᠭᠤᠡᠴᠨ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠤᠨ᠎ᠤ ᠰᠠᠭᠤᠭᠠᠯᠢ ᠠᠷᠠᠳ᠎ᠤᠨ ᠣᠷᠣᠯᠭ᠎ᠠ 8.4%᠎ᠪᠠᠷ ᠨᠡᠮᠡᠭᠳᠡᠪᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ᠎ᠶᠢᠨ ᠡᠳ᠋᠎ᠤᠨ ᠵᠠᠰᠠᠭ ᠤᠨ ᠨᠥᠬᠥᠪᠦᠷᠢ᠎ᠶᠢᠨ ᠡᠷᠴᠢᠮ᠎ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ᠎ᠶᠢᠨ ᠪᠠᠲᠤᠯᠠᠭ᠎ᠠ ᠬᠥᠷᠳᠡᠬᠦ ᠡᠲᠡᠭᠡᠳ᠎ᠤᠨ ᠬᠡᠪᠴᠢᠶ᠎ᠡ᠎ᠶᠢ ᠥᠷᠭᠡᠳᠬᠡᠪᠡ᠃ ᠬᠤᠪᠢ ᠬᠥᠮᠥᠨ᠎ᠤ ᠠᠰᠢᠭ᠋ ᠣᠷᠣᠯᠭ᠎ᠠ᠎ᠶᠢᠨ ᠭᠠᠢᠯᠢ᠎ᠳᠠᠬᠢ 《ᠨᠠᠰᠤᠲᠠᠨ᠎ᠢ ᠠᠰᠠᠷᠠᠬᠤ ᠪᠠ ᠬᠡᠦᠬᠡᠳ ᠬᠥᠮᠥᠵᠢᠭᠦᠯᠬᠦ》 ᠲᠤᠰᠬᠠᠢ ᠵᠦᠢᠯ᠎ᠤᠨ ᠨᠡᠮᠡᠯᠲᠡ ᠰᠠᠭᠤᠳᠬᠠᠯ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠢᠯᠢ ᠲᠤᠰᠢᠶᠠᠭ᠍ᠴᠢ ᠠᠰᠢᠭ᠋ ᠬᠦᠷᠲᠡᠪᠡ᠃ ᠬᠤᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ᠎ᠳᠤ ᠠᠰᠢᠭ᠋ ᠬᠦᠷᠲᠡᠭᠡᠪᠡ᠃
ᠥᠩᠭᠡᠷᠡᠭᠰᠡᠨ ᠨᠢᠭᠡ ᠵᠢᠯ᠎ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ᠎ᠤ ᠤᠯᠤᠰ᠎ᠤᠨ ᠠᠵᠤ ᠠᠬᠤᠢ ᠳᠠᠪᠠᠯᠭᠠᠨ ᠮᠠᠶᠢᠭ᠋᠎ᠢᠶᠠᠷ ᠬᠥᠭᠵᠢᠵᠦ᠂ ᠨᠤᠭᠤᠷᠠᠯ ᠪᠦᠳᠦᠷᠢᠯᠲᠠᠢᠪᠠᠷ ᠤᠷᠤᠭᠰᠢᠯᠠᠨ᠂ ᠠᠮᠵᠢᠯᠲᠠ ᠪᠦᠲᠦᠮᠵᠢ᠎ᠶᠢ ᠬᠢᠯᠪᠠᠷ ᠪᠤᠰᠤ᠎ᠪᠠᠷ ᠣᠯᠣᠭᠰᠠᠨ ᠶᠤᠮ᠃ ᠳᠡᠯᠡᠬᠡᠢ᠎ᠶᠢᠨ ᠪᠠᠢᠳᠠᠯᠡᠴᠨ ᠠᠪᠴᠤ ᠦᠵᠡᠪᠡᠯ᠂ ᠳᠡᠯᠡᠬᠡᠢ᠎ᠶᠢᠨ ᠠᠵᠤ ᠠᠬᠤᠢ᠎ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ᠎ᠤ ᠤᠯᠤᠰ ᠲᠦᠷᠦ᠎ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ᠎ᠤ ᠤᠯᠤᠰ᠎ᠤᠨ ᠬᠥᠭᠵᠢᠯᠲᠡ᠎ᠳᠤ ᠦᠵᠡᠭᠦᠯᠬᠦ ᠭᠠᠳᠠᠭᠠᠳᠤ ᠣᠷᠴᠢᠨ ᠨᠥᠬᠥᠴᠡᠯ᠎ᠤᠨ ᠠᠰᠢᠭ᠋ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠢᠨ᠎ᠠ᠃ ᠤᠯᠤᠰ᠎ᠤᠨ ᠳᠣᠲᠣᠭᠠᠳᠤ᠎ᠶᠢᠨ ᠪᠠᠢᠳᠠᠯᠡᠴᠨ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠭᠤᠷᠪᠠᠨ ᠵᠢᠯ᠎ᠤᠨ ᠳᠠᠭᠠᠷᠢᠯᠲᠠ᠎ᠶᠢ ᠥᠩᠭᠡᠷᠡᠭᠡᠭᠡᠳ᠂ ᠠᠵᠤ ᠠᠬᠤᠢ᠎ᠶᠢᠨ ᠰᠡᠷᠭᠦᠯᠲᠡ ᠬᠥᠭᠵᠢᠯᠲᠡ᠎ᠶᠢᠨ ᠲᠤᠰ ᠪᠡᠶ᠎ᠡ᠎ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ᠎ᠪᠠᠷ ᠬᠤᠷᠠᠮᠳᠤᠭᠰᠠᠨ ᠭᠦᠨ ᠳᠠᠪᠬᠤᠷᠭ᠎ᠠ᠎ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠢᠳᠠᠯ ᠰᠢᠨ᠎ᠡ ᠠᠰᠠᠭᠤᠳᠠᠯ ᠴᠤ᠌ ᠬᠣᠢᠨ᠎ᠠ ᠬᠣᠢᠨ᠎ᠠ ᠡᠴᠨ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠢᠬᠤ ᠪᠠᠢᠳᠠᠯ ᠳᠠᠪᠬᠤᠴᠠᠵᠤ᠂ ᠦᠶᠡᠯᠡᠯ᠎ᠤᠨ ᠴᠢᠨᠠᠷᠲᠠᠢ ᠪᠠ ᠪᠦᠲᠦᠴᠡ᠎ᠶᠢᠨ ᠴᠢᠨᠠᠷᠲᠠᠢ ᠠᠰᠠᠭᠤᠳᠠᠯ ᠵᠡᠷᠭᠡ᠎ᠪᠠᠷ ᠣᠷᠣᠰᠢᠵᠤ᠂ ᠵᠠᠷᠢᠮ ᠭᠠᠵᠠᠷ ᠣᠷᠣᠨ᠎ᠤ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠂ ᠣᠷᠣᠨ ᠨᠤᠲᠤᠭ᠎ᠤᠨ ᠥᠷᠢ ᠥᠭᠴᠡᠭᠡ᠂ ᠳᠤᠮᠳᠠ ᠵᠢᠵᠢᠭ ᠮᠥᠩᠭᠥᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠶᠢᠨ ᠲᠦᠭᠰᠢᠭᠦᠷᠢ᠎ᠶᠢᠨ ᠳᠠᠯᠳᠠ ᠭᠡᠮ ᠲᠣᠪᠣᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠢᠭᠠᠯᠢ᠎ᠶᠢᠨ ᠭᠠᠮᠰᠢᠭ᠋᠎ᠲᠤ ᠲᠠᠭᠠᠷᠢᠬ᠍ᠳᠠᠪᠠ᠃ ᠡᠢᠮᠦᠷᠬᠦᠦ ᠪᠠᠢᠳᠠᠯ᠎ᠤᠨ ᠳᠣᠣᠷ᠎ᠠ᠂ ᠲᠦᠷᠦ᠎ᠶᠢᠨ ᠪᠣᠳᠣᠯᠭ᠎ᠠ᠎ᠶᠢ ᠰᠣᠩᠭᠣᠬᠤ ᠪᠠ ᠠᠵᠢᠯ᠎ᠢ ᠠᠬᠢᠭᠤᠯᠬᠤ᠎ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ᠎ᠤᠨ ᠬᠠᠮᠲᠤ᠎ᠶᠢᠨ ᠴᠢᠷᠮᠠᠢᠯᠭ᠎ᠠ᠎ᠪᠠᠷ ᠳᠠᠮᠵᠢᠨ᠂ ᠪᠦᠬᠦ ᠵᠢᠯ᠎ᠤᠨ ᠵᠢᠱ᠌ᠢᠭᠰᠡᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠦᠭᠰᠡᠨ᠎ᠢᠶᠠᠷ ᠪᠠᠷᠠᠬᠤ ᠦᠭᠡᠢ ᠮᠠᠰᠢ ᠤᠯᠠᠨ ᠲᠠᠯ᠎ᠠ᠎ᠪᠠᠷ ᠪᠠᠰᠠ ᠢᠳᠡᠪᠬᠢᠲᠡᠢ ᠰᠠᠢᠵᠢᠷᠠᠬᠤ ᠬᠤᠪᠢᠷᠠᠯᠲᠠ ᠭᠠᠷᠤᠭᠰᠠᠨ ᠪᠠᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ᠎ᠳᠤ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠬᠦᠨᠳᠦ ᠶᠡᠬᠡ ᠬᠦᠴᠢᠷ ᠪᠡᠷᠬᠡᠰᠢᠶᠡᠯ᠎ᠢ ᠢᠯᠠᠨ ᠳᠠᠪᠠᠬᠤ ᠡᠷᠬᠢᠮ ᠨᠠᠨᠳᠢᠨ ᠲᠤᠷᠰᠢᠯᠭ᠎ᠠ᠎ᠶᠢ ᠬᠤᠷᠠᠮᠳᠤᠭᠤᠯᠪᠠ᠃ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠲᠠᠪᠠᠬᠤ ᠰᠥᠰᠥ ᠵᠣᠷᠢᠭ᠋᠂ ᠤᠶᠤᠨ ᠤᠬᠠᠭᠠᠨ᠂ ᠴᠢᠳᠠᠪᠤᠷᠢ᠎ᠲᠠᠢ ᠶᠤᠮ᠂ ᠳᠤᠮᠳᠠᠳᠤ ᠤᠯᠤᠰ᠎ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ᠎ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠢᠰᠢ ᠤᠷᠤᠭᠰᠢᠯᠠᠵᠤ ᠴᠢᠳᠠᠬᠤ ᠶᠤᠮ ᠭᠡᠳᠡᠭ᠎ᠢ ᠦᠢᠯᠡᠳᠦᠯᠭᠡ ᠭᠦᠢᠴᠡᠳ ᠬᠠᠷᠠᠭᠤᠯᠵᠠᠢ!
ᠨᠢᠭᠡ ᠵᠢᠯ᠎ᠤᠨ ᠲᠤᠷᠰᠢ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠭᠣᠣᠯᠳᠠᠭᠤ ᠳᠣᠣᠷᠠᠬᠢ ᠠᠵᠢᠯ᠎ᠤᠳ᠎ᠢ ᠬᠢᠪᠡ᠃
ᠨᠢᠭᠡ᠎ᠳᠤ ᠬᠣᠷᠸ᠎ᠠ ᠲᠣᠬᠢᠷᠠᠭᠤᠯᠤᠯ ᠡᠵᠡᠮᠳᠡᠯ᠎ᠤᠨ ᠡᠷᠴᠢᠮ᠎ᠢ ᠴᠢᠩᠭᠠᠷᠠᠭᠤᠯᠵᠤ᠂ ᠠᠵᠤ ᠠᠬᠤᠢ᠎ᠶᠢᠨ ᠠᠵᠢᠯᠯᠠᠭᠠᠨ᠎ᠤ ᠦᠷᠭᠦᠯᠵᠢᠯᠡᠨ ᠰᠠᠢᠵᠢᠷᠠᠬᠤ᠎ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ᠎ᠤᠨ ᠳᠠᠷᠠᠭᠠᠬᠢ ᠠᠵᠤ ᠠᠬᠤᠢ᠎ᠶᠢᠨ ᠰᠡᠷᠭᠦᠯᠲᠡ᠎ᠶᠢᠨ ᠣᠨᠴᠠᠯᠢᠭ᠋᠎ᠲᠤ ᠴᠢᠭᠯᠡᠭᠦᠯᠦᠨ᠂ ᠪᠢᠳᠡ ᠨᠡᠮᠡᠭᠳᠡᠯ᠎ᠢ ᠲᠣᠭᠲᠠᠭᠤᠨ ᠪᠠᠢᠯᠭᠠᠬᠤ ᠪᠠ ᠰᠡᠯᠭᠦᠬᠦ ᠬᠦᠴᠦᠨ᠎ᠢ ᠨᠡᠮᠡᠭᠳᠡᠭᠦᠯᠬᠦ᠎ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ᠎ᠶᠢ ᠪᠡᠬᠢᠵᠢᠭᠦᠯᠬᠦ᠎ᠶᠢ ᠳᠣᠪᠤᠶ᠋ᠢᠯᠭᠠᠵᠤ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠴᠢᠬᠤᠯᠠᠴᠢᠯᠠᠵᠤ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠴᠠᠭ ᠬᠡᠮᠵᠢᠶ᠎ᠡ ᠪᠦᠲᠦᠮᠵᠢ᠎ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ᠎ᠶᠢ ᠴᠢᠩᠭᠠᠳᠬᠠᠵᠤ᠂ 《ᠨᠡᠯᠦᠢᠯᠭᠡᠨ ᠤᠰᠤᠯᠠᠬᠤ》 ᠪᠠ ᠣᠬᠣᠷ ᠬᠤᠭᠤᠴᠠᠭᠠᠨ᠎ᠤ ᠴᠢᠩᠭ᠎ᠠ ᠰᠡᠳᠦᠯᠲᠡ ᠥᠭᠬᠦ ᠦᠭᠡᠢ ᠪᠠᠢᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠬᠦ ᠵᠢᠯ᠎ᠤᠨ ᠠᠵᠤ ᠠᠬᠤᠢ᠎ᠶᠢᠨ ᠠᠵᠢᠯᠯᠠᠭᠠᠨ᠎ᠳᠤ ᠡᠮᠦᠨᠡᠬᠢ ᠬᠤᠭᠤᠴᠠᠭᠠᠨ᠎ᠳᠤ ᠳᠣᠣᠷ᠎ᠠ᠂ ᠳᠤᠮᠳᠠ ᠬᠤᠭᠤᠴᠠᠭᠠᠨ᠎ᠳᠤ ᠥᠨᠳᠥᠷ᠂ ᠰᠡᠭᠦᠯ᠎ᠤᠨ ᠬᠤᠭᠤᠴᠠᠭᠠᠨ᠎ᠳᠤ ᠲᠣᠭᠲᠠᠭᠤᠨ ᠪᠠᠢᠳᠠᠯ ᠢᠯᠡᠷᠡᠪᠡ᠃ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠂ ᠪᠦᠲᠦᠴᠡ᠎ᠶᠢ ᠰᠢᠯᠢᠳᠡᠭᠵᠢᠭᠦᠯᠬᠦ᠂ ᠢᠲᠡᠭᠡᠯ ᠵᠣᠷᠢᠭ᠋᠎ᠢ ᠬᠥᠪᠴᠢᠯᠡᠬᠦ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ᠎ᠶᠢᠨ ᠲᠣᠭᠣᠷᠢᠨ᠎ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ᠎ᠶᠢᠨ ᠪᠣᠳᠣᠯᠭ᠎ᠠ᠎ᠶᠢ ᠴᠠᠭ ᠲᠤᠬᠠᠢ ᠳ᠋ᠤᠨᠢ ᠨᠡᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠪᠡ᠃ ᠡᠳ᠋᠎ᠤᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠴᠢᠩᠭᠠᠷᠠᠭᠤᠯᠤᠨ ᠦᠷ᠎ᠡ ᠪᠦᠳᠤᠮᠵᠢ᠎ᠶᠢ ᠲᠡᠭᠡᠭᠰᠢᠯᠡᠬᠦᠯᠵᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠷᠤᠯᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ᠂ ᠪᠦᠬᠦ ᠵᠢᠯ᠎ᠳᠤ ᠰᠢᠨ᠎ᠡ᠎ᠪᠠᠷ ᠨᠡᠮᠡᠭᠳᠡᠭᠰᠡᠨ ᠭᠠᠢᠯᠢ ᠰᠦᠢᠳᠬᠡᠯ᠎ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂1 ᠲᠦᠮᠡᠨ ᠳ᠋ᠦᠩᠰᠢᠭᠤᠷ ᠲᠥᠭᠥᠷᠢᠭ᠎ᠤᠨ ᠤᠯᠤᠰ᠎ᠤᠨ ᠵᠢᠭᠡᠯᠡᠯᠭᠡ᠎ᠶᠢ ᠨᠡᠮᠡᠨ ᠲᠠᠷᠬᠠᠭᠠᠵᠤ᠂ ᠭᠠᠮᠰᠢᠭ᠋᠎ᠤᠨ ᠳᠠᠷᠠᠭᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠪᠠ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ᠡᠴᠨ ᠠᠪᠤᠷᠠᠬᠤ ᠴᠢᠳᠠᠪᠤᠷᠢ᠎ᠶᠢ ᠲᠡᠭᠡᠭᠰᠢᠯᠡᠬᠦᠯᠬᠦ᠎ᠶᠢ ᠳᠡᠮᠵᠢᠪᠡ᠃ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠲᠠᠢ ᠪᠥᠭᠡᠳ ᠬᠦᠴᠦᠲᠡᠢ ᠪᠠᠢᠯᠭᠠᠵᠤ᠂ ᠬᠠᠳᠠᠭᠠᠯᠠᠮᠵᠢ᠎ᠶᠢᠨ ᠪᠡᠯᠡᠳᠬᠡᠯ ᠮᠥᠩᠭᠥᠨ᠎ᠤ ᠨᠤᠷᠮ᠎ᠠ᠎ᠶᠢ ᠬᠣᠶᠠᠷ ᠤᠳᠠᠭ᠎ᠠ ᠪᠠᠭᠤᠷᠠᠭᠤᠯᠵᠤ᠂ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠬᠦᠦ ᠮᠥᠩᠭᠥ᠎ᠶᠢᠨ ᠨᠤᠷᠮ᠎ᠠ᠎ᠶᠢ ᠬᠣᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠲᠡᠷᠢᠭᠦᠨ᠎ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠂ ᠨᠣᠭᠣᠭᠠᠨ ᠬᠥᠭᠵᠢᠯᠲᠡ ᠵᠡᠷᠭᠡ᠎ᠶᠢᠨ ᠵᠢᠭᠡᠯᠡᠯᠭᠡ᠎ᠶᠢ ᠶᠡᠬᠡ᠎ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ᠎ᠶᠢᠨ ᠬᠡᠷᠡᠭᠯᠡᠭᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ᠎ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ᠎ᠤᠨ ᠦᠢᠯᠡᠴᠢᠯᠡᠭᠡᠨ᠎ᠤ ᠬᠡᠷᠡᠭᠯᠡᠭᠡ᠎ᠶᠢᠨ ᠰᠡᠷᠭᠦᠯᠲᠡ ᠲᠦᠷᠭᠡᠰᠪᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠬᠥᠰᠢᠨ ᠬᠥᠳᠡᠯᠭᠡᠬᠦ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠡᠨᠧᠷᠭᠢ᠎ᠶᠢᠨ ᠰᠤᠷᠪᠤᠯᠵᠢ᠂ ᠤᠰᠤᠨ ᠠᠰᠢᠭ᠍ᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ᠎ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ᠎ᠶᠢᠨ ᠪᠠᠢᠳᠠᠯ ᠳ᠋ᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠲᠣᠬᠢᠷᠠᠭᠤᠯᠤᠯ ᠡᠵᠡᠮᠳᠡᠯ᠎ᠢ ᠰᠢᠯᠢᠳᠡᠭᠵᠢᠭᠦᠯᠵᠦ᠂ ᠣᠷᠣᠨ ᠰᠠᠭᠤᠴᠠ᠎ᠶᠢᠨ ᠵᠢᠭᠡᠯᠡᠯᠭᠡ᠎ᠶᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠶᠢ ᠠᠬᠢᠭᠤᠯᠤᠨ᠂ ᠠᠰᠠᠷ᠎ᠢ ᠪᠠᠲᠤᠲᠠᠢ ᠲᠤᠰᠢᠶᠠᠬᠤ ᠠᠵᠢᠯ᠎ᠢ ᠢᠳᠡᠪᠬᠢᠲᠡᠢ᠎ᠪᠠᠷ ᠠᠬᠢᠭᠤᠯᠪᠠ᠃ ᠣᠷᠣᠨ ᠨᠤᠲᠤᠭ᠎ᠤᠨ ᠥᠷᠢ ᠥᠭᠴᠡᠭᠡ᠎ᠶᠢ ᠠᠷᠢᠯᠭᠠᠬᠤ ᠪᠦᠬᠦᠨ᠎ᠢ ᠬᠠᠮᠤᠷᠤᠭᠰᠠᠨ ᠲᠥᠰᠥᠯ᠎ᠢ ᠲᠣᠭᠲᠠᠭᠠᠨ ᠬᠡᠷᠡᠭᠵᠢᠭᠦᠯᠵᠦ᠂ ᠮᠥᠩᠭᠥᠨ ᠭᠦᠢᠯᠭᠡᠭᠡᠨ᠎ᠤ ᠲᠦᠭᠰᠢᠭᠦᠷᠢ᠎ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲᠧᠮ᠎ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ᠎ᠢ ᠰᠠᠬᠢᠵᠤ ᠴᠢᠳᠠᠪᠠ᠃
ᠬᠣᠶᠠᠷ᠎ᠲᠤ ᠰᠢᠨ᠎ᠡ᠎ᠶᠢ ᠡᠭᠦᠳᠬᠦ᠎ᠳᠤ ᠲᠦᠰᠢᠭᠯᠡᠨ ᠠᠵᠤ ᠦᠢᠯᠡᠰ᠎ᠤᠨ ᠲᠡᠰ ᠳᠡᠪᠰᠢᠬᠦ᠎ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ᠎ᠶᠢᠨ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ᠎ᠶᠢ ᠴᠢᠩᠭᠠᠷᠠᠭᠤᠯᠪᠠ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠳᠬᠠᠵᠤ᠂ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠤᠨ ᠲᠥᠰᠥᠯ᠎ᠢ ᠲᠦᠷᠭᠡᠯᠡᠨ ᠬᠡᠷᠡᠭᠵᠢᠭᠦᠯᠪᠡ᠃ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠪᠦᠬᠦ ᠲᠠᠯ᠎ᠠ᠎ᠪᠠᠷ ᠪᠠᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠠᠵᠢᠯᠯᠠᠭ᠎ᠠ᠎ᠨᠢ ᠲᠣᠭᠲᠠᠪᠤᠷᠢᠵᠢᠭᠤᠯᠬᠤ᠂ ᠲᠡᠷᠢᠭᠦᠨ᠎ᠤ ᠦᠢᠯᠡᠳᠬᠦ ᠦᠢᠯᠡᠰ᠎ᠢ ᠳᠡᠮᠵᠢᠬᠦ ᠠᠷᠭ᠎ᠠ ᠬᠡᠮᠵᠢᠶ᠎ᠡ᠎ᠶᠢ ᠨᠡᠢᠲᠡᠯᠡᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ᠎ᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠰᠢᠭ᠋ ᠬᠣᠨᠵᠢᠪᠤᠷᠢ ᠪᠠᠭᠤᠷᠠᠵᠤ ᠪᠠᠢᠭᠰᠠᠨ ᠡᠴᠨ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ᠎ᠶᠢᠨ ᠲᠦᠭᠡᠮᠡᠯᠵᠢᠭᠰᠡᠨ ᠨᠣᠷᠮ᠎ᠠ 50%᠎ᠶᠢ ᠳᠠᠪᠠᠪᠠ᠃ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠤᠲᠠ᠎ᠳᠤ ᠡᠷᠦᠬᠡ ᠠᠮᠠ ᠣᠷᠤᠭᠤᠯᠬᠤ ᠨᠥᠬᠥᠴᠡᠯ᠎ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠣᠯᠭᠠᠵᠤ᠂ ᠰᠢᠶᠠᠨ᠎ᠤ ᠬᠤᠲᠠ᠎ᠶᠢᠨ ᠶᠡᠷᠦᠩᠬᠡᠢᠯᠡᠭᠰᠡᠨ ᠳᠠᠭᠠᠭᠠᠬᠤ ᠴᠢᠳᠠᠪᠤᠷᠢ᠎ᠶᠢ ᠴᠢᠩᠭᠠᠷᠠᠭᠤᠯᠤᠨ᠂ ᠪᠠᠢᠩᠭᠤ ᠰᠠᠭᠤᠭ᠎ᠠ ᠬᠥᠮᠥᠨ ᠠᠮᠠ᠎ᠶᠢᠨ ᠬᠤᠲᠠ ᠪᠠᠯᠭᠠᠰᠤᠵᠢᠯᠲᠠ᠎ᠶᠢᠨ ᠨᠣᠷᠮ᠎ᠠ᠎ᠶᠢ 66.2% ᠪᠣᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ᠎ᠤᠨ ᠬᠥᠭᠵᠢᠯᠲᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠴᠢᠩᠭᠠᠳᠬᠠᠵᠤ᠂ ᠭᠠᠮᠰᠢᠭ᠋᠎ᠲᠠᠢ ᠲᠡᠮᠡᠴᠡᠵᠦ ᠡᠯᠪᠡᠭ ᠬᠤᠷᠢᠶᠠᠯᠲᠠ᠎ᠶᠢ ᠲᠡᠮᠡᠴᠡᠨ ᠣᠯᠬᠤ ᠠᠵᠢᠯ᠎ᠢ ᠬᠦᠴᠦᠲᠡᠢ ᠥᠷᠨᠢᠭᠦᠯᠵᠦ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ᠎ᠶᠢᠨ ᠠᠵᠢᠯᠯᠠᠭ᠎ᠠ᠎ᠶᠢ ᠬᠡᠷᠡᠭᠵᠢᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ᠎ᠶᠢ ᠭᠠᠷᠭᠠᠵᠤ᠂ ᠨᠢᠭᠡ ᠪᠦᠯᠦᠭ ᠴᠢᠬᠤᠯᠠ ᠶᠡᠬᠡ ᠲᠥᠰᠥᠯ᠎ᠢ ᠬᠡᠷᠡᠭᠵᠢᠭᠦᠯᠵᠦ᠂ ᠣᠷᠣᠨ ᠪᠦᠰᠡ᠎ᠶᠢᠨ ᠬᠥᠭᠵᠢᠯᠲᠡ᠎ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ ᠴᠢᠨᠠᠷ᠎ᠢ ᠲᠠᠰᠤᠷᠠᠯᠲᠠ ᠦᠭᠡᠢ ᠴᠢᠩᠭᠠᠷᠠᠭᠤᠯᠪᠠ᠃
ᠭᠤᠷᠪᠠ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠨᠡᠭᠡᠭᠡᠯᠲᠡ᠎ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠬᠤ ᠶᠡᠷᠦᠩᠬᠡᠢ ᠠᠵᠢᠯ᠎ᠤᠨ ᠲᠥᠰᠥᠯ᠎ᠢ ᠨᠡᠢᠲᠡᠯᠡᠵᠦ᠂ ᠭᠤᠤᠯᠴᠢ ᠥᠷᠢᠰᠦᠯᠳᠦᠭᠡᠨ᠎ᠢ ᠬᠠᠷᠰᠢᠯᠠᠬᠤ ᠨᠢᠭᠡ ᠪᠦᠯᠦᠭ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢ ᠢᠯᠭᠠᠷᠠᠭᠤᠯᠤᠨ ᠴᠡᠪᠡᠷᠯᠡᠪᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠠᠷᠠᠳᠡᠴᠨ ᠡᠵᠡᠩᠨᠡᠭᠰᠡᠨ ᠠᠵᠤ ᠠᠬᠤᠢᠯᠠᠯ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠥᠭᠵᠢᠯᠲᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠤᠰ ᠲᠤᠰ ᠭᠠᠷᠭᠠᠵᠤ᠂ ᠵᠠᠰᠠᠭ᠎ᠤᠨ ᠣᠷᠳᠣᠨ ᠪᠠ ᠠᠵᠤ ᠠᠬᠤᠢᠯᠠᠯ᠎ᠤᠨ ᠪᠠᠢᠩᠭᠤ᠎ᠶᠢᠨ ᠴᠢᠨᠠᠷᠲᠠᠢ᠎ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ᠎ᠶᠢ ᠪᠠᠢᠭᠤᠯᠵᠤ᠂ ᠠᠵᠤ ᠠᠬᠤᠢᠯᠠᠯ᠎ᠤᠨ ᠠᠪᠴᠠᠭᠠᠨ᠎ᠤ ᠵᠣᠭᠣᠰ᠎ᠢ ᠥᠷᠢᠲᠦᠬᠦ᠎ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠲᠣᠭᠲᠠᠭᠠᠯᠡᠴᠨ ᠵᠥᠷᠢᠴᠡᠭᠰᠡᠨ ᠰᠦᠢᠳᠬᠡᠯ ᠬᠤᠷᠢᠶᠠᠯᠲᠠ᠎ᠶᠢ ᠴᠡᠭᠴᠡᠯᠡᠨ ᠵᠠᠰᠠᠬᠤ ᠠᠵᠢᠯ᠎ᠢ ᠴᠢᠩᠭᠠᠳᠬᠠᠪᠠ᠃ ᠡᠳ᠋᠎ᠤᠨ ᠵᠠᠰᠠᠭ ᠭᠠᠢᠯᠢ ᠮᠥᠩᠭᠥᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠡᠷᠭᠡ ᠬᠦᠷᠢᠶᠡᠨ᠎ᠳᠠᠬᠢ ᠥᠭᠡᠷᠡᠴᠢᠯᠡᠯᠲᠡ᠎ᠶᠢ ᠭᠦᠨᠵᠡᠭᠡᠢᠷᠡᠭᠦᠯᠪᠡ᠃ ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶᠢ ᠲᠣᠭᠲᠠᠪᠤᠷᠢᠵᠢᠭᠤᠯᠬᠤ ᠪᠠ ᠪᠦᠲᠦᠴᠡ᠎ᠶᠢ ᠰᠢᠯᠢᠳᠡᠭᠵᠢᠭᠦᠯᠬᠦ᠎ᠶᠢ ᠠᠬᠢᠭᠤᠯᠵᠤ᠂ ᠴᠠᠬᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠠᠬᠢᠯᠭᠠᠨ᠎ᠤ ᠦᠢᠯᠡᠳᠬᠦᠨ 《ᠰᠢᠨ᠎ᠡ ᠭᠤᠷᠪᠠᠨ ᠵᠦᠢᠯ》 ᠤ᠋ᠨ ᠭᠠᠳᠠᠭᠠᠳᠤ ᠭᠠᠷᠭᠠᠯᠲᠠ 30% ᠰᠢᠬᠠᠮ᠎ᠢᠶᠠᠷ ᠨᠡᠮᠡᠭᠳᠡᠪᠡ᠃ ᠭᠠᠳᠠᠭᠠᠳᠤ ᠪᠡᠯᠡ᠎ᠶᠢ ᠲᠠᠲᠠᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠳᠦᠷᠢᠮ᠎ᠤᠨ ᠬᠡᠯᠪᠡᠷᠢ᠎ᠶᠢᠨ ᠨᠡᠭᠡᠭᠡᠯᠲᠡ᠎ᠶᠢ ᠥᠷᠭᠡᠳᠬᠡᠪᠡ᠃ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠠᠶ᠋ᠢᠭᠤᠯᠬᠤ᠎ᠶᠢᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ᠎ᠪᠠᠷ ᠪᠠᠶ᠋ᠢᠭᠤᠯᠬᠤ ᠤᠯᠤᠰ ᠯᠤᠭ᠎ᠠ᠎ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ᠎ᠢᠶᠠᠷ ᠨᠡᠮᠡᠭᠳᠡᠪᠡ᠃
ᠳᠥᠷᠪᠡ᠎ᠳᠤ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠠᠰᠠᠯᠲᠠ᠎ᠶᠢ ᠴᠢᠩᠭᠠᠳᠬᠠᠵᠤ᠂ ᠬᠥᠭᠵᠢᠯᠲᠡ᠎ᠶᠢᠨ ᠠᠷᠭ᠎ᠠ ᠮᠠᠶᠢᠭ᠋᠎ᠤᠨ ᠨᠣᠭᠣᠭᠠᠨ ᠬᠤᠪᠢᠷᠠᠭᠤᠯᠤᠯᠲᠠ᠎ᠶᠢ ᠲᠦᠷᠭᠡᠳᠬᠡᠪᠡ᠃ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠲᠠᠶ᠋ᠢᠨ᠎ᠢ ᠦᠷᠭᠦᠯᠵᠢᠯᠡᠨ ᠰᠠᠢᠲᠤᠷ ᠬᠢᠪᠡ᠃ ᠴᠢᠬᠤᠯᠠ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ᠎ᠶᠢᠨ ᠢᠳᠡᠭᠳᠡᠯ᠂ ᠴᠥᠯᠯᠡᠷᠬᠡᠭᠵᠢᠯᠢᠶᠡᠷᠦᠩᠬᠡᠢᠯᠡᠨ ᠰᠡᠷᠭᠡᠢᠯᠡᠨ ᠵᠠᠰᠠᠬᠤ ᠠᠵᠢᠯ᠎ᠢ ᠰᠠᠢᠲᠤᠷ ᠠᠳᠬᠤᠪᠠ᠃ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ᠎ᠶᠢᠨ ᠰᠢᠪᠠᠳᠠᠨ ᠪᠠᠢᠴᠠᠭᠠᠯᠲᠠ᠎ᠶᠢ ᠴᠢᠩᠭᠠᠳᠬᠠᠪᠠ᠃ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ᠎ᠤᠨ ᠬᠥᠭᠵᠢᠯᠲᠡ᠎ᠶᠢ ᠳᠡᠮᠵᠢᠬᠦ ᠲᠦᠷᠦ᠎ᠶᠢᠨ ᠪᠣᠳᠣᠯᠭ᠎ᠠ᠎ᠶᠢ ᠲᠣᠭᠲᠠᠭᠠᠪᠠ᠃ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ᠎ᠶᠢ ᠠᠬᠢᠭᠤᠯᠪᠠ᠃ ᠨᠡᠭᠦᠷᠡᠰᠦᠳᠦ᠋ᠷᠦᠭᠴᠢ᠎ᠶᠢᠨ ᠭᠠᠳᠠᠭᠰᠢᠯᠠᠭᠤᠯᠤᠯᠲᠠ᠎ᠶᠢ ᠤᠷᠬᠢᠯ ᠬᠡᠮᠵᠢᠭᠳᠡᠯ ᠳ᠋ᠤᠨᠢ ᠬᠦᠷᠭᠡᠬᠦ ᠲᠤᠷᠰᠢᠯᠲᠠ᠎ᠶᠢᠨ ᠲᠦᠷᠦᠭᠦᠥ ᠪᠦᠯᠦᠭ᠎ᠤᠨ ᠬᠤᠳᠠ ᠪᠠ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠡᠬᠢᠯᠡᠭᠦᠯᠪᠡ᠃ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠭᠰᠠᠨ ᠪᠠ ᠲᠡᠭᠦᠨ᠎ᠢ ᠠᠬᠢᠭᠤᠯᠪᠠ᠃
ᠲᠠᠪᠤ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠬᠦᠴᠦᠯᠡᠨ ᠰᠠᠢᠲᠤᠷ ᠠᠳᠬᠤᠵᠤ᠂ ᠨᠡᠢᠭᠡᠮ᠎ᠤᠨ ᠦᠢᠯᠡᠰ᠎ᠤᠨ ᠬᠥᠭᠵᠢᠯᠲᠡ᠎ᠶᠢ ᠠᠬᠢᠭᠤᠯᠪᠠ᠃ ᠣᠯᠠᠨ ᠲᠦᠮᠡᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠪᠡ᠃ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠠᠮᠲᠤᠯᠢᠭ᠋᠎ᠲᠤ ᠠᠵᠢᠯ ᠣᠯᠭᠣᠬᠤ᠎ᠶᠢ ᠠᠬᠢᠭᠤᠯᠬᠤ ᠦᠢᠯᠡᠴᠢᠯᠡᠭᠡ᠎ᠶᠢ ᠴᠢᠩᠭᠠᠳᠬᠠᠵᠤ᠂ ᠶᠠᠳᠠᠭᠤᠡᠴᠨ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠦᠳᠡᠯᠮᠤᠷᠢ ᠬᠢᠬᠦ ᠬᠡᠪᠴᠢᠶ᠎ᠡ 3300 ᠲᠦᠮᠡ᠎ᠶᠢ ᠳᠠᠪᠠᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠭᠤᠷᠠᠢ ᠭᠣᠭᠴᠣᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ 《ᠬᠣᠶᠠᠷ᠎ᠢ ᠬᠥᠩᠭᠡᠷᠡᠭᠦᠯᠬᠦ》 ᠠᠵᠢᠯ᠎ᠢ ᠰᠠᠢᠲᠤᠷ ᠬᠢᠵᠦ᠂ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠦᠨ ᠬᠦᠦ ᠮᠥᠩᠭᠥ᠎ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠭ᠍ᠴᠢᠳ᠎ᠲᠤ ᠠᠰᠢᠭ᠋ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠳᠤ 《ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ》 ᠵᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠂ ᠰᠠᠯᠠᠭᠠᠲᠤ ᠠᠩᠬᠠᠨ᠎ᠤ ᠪᠠᠶᠠᠳᠠᠨᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃ ᠠᠵᠢᠯᠲᠠᠨ ᠠᠵᠢᠯᠴᠢᠨ᠎ᠤ ᠡᠮᠨᠡᠯᠭᠡ᠎ᠶᠢᠨ ᠳᠠᠭᠠᠳᠬᠠᠯ᠎ᠤᠨ ᠡᠩ᠎ᠤᠨ ᠡᠭᠦᠳᠡᠨ ᠡᠮᠨᠡᠯᠭᠡ᠎ᠶᠢᠨ ᠵᠠᠷᠤᠳᠠᠯ᠎ᠢ ᠨᠢᠭᠡᠳᠦᠯᠲᠡᠢ ᠲᠥᠯᠥᠪᠯᠡᠬᠦ᠎ᠶᠢ ᠬᠡᠷᠡᠭᠵᠢᠭᠦᠯᠪᠡ᠃ ᠨᠡᠢᠭᠡᠮ ᠲᠣᠭᠣᠷᠢᠭ᠋᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠤ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠨᠠᠰᠤᠲᠠᠢᠴᠤᠳ᠎ᠤᠨ ᠬᠤᠭᠤᠯᠠ ᠪᠤᠳᠠᠭ᠎ᠠ᠎ᠳᠤ ᠲᠤᠰᠠᠯᠠᠮᠵᠢ ᠥᠵᠡᠬᠦᠯᠬᠦ ᠦᠢᠯᠡᠴᠢᠯᠡᠭᠡ᠎ᠶᠢ ᠶᠡᠬᠡ᠎ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ᠎ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠵᠦᠢᠯ᠎ᠢ ᠪᠠᠲᠤᠯᠠᠬᠤ ᠪᠠᠲᠤᠯᠠᠭ᠎ᠠ᠎ᠶᠢ ᠴᠢᠩᠭᠠᠳᠬᠠᠪᠠ᠃ ᠬᠠᠶ᠋ᠢᠾᠧ ᠭᠣᠣᠯ ᠵᠡᠷᠭᠡ ᠰᠠᠪᠠ ᠭᠠᠵᠠᠷ᠎ᠤᠨ ᠣᠨᠴᠠ ᠶᠡᠬᠡ ᠦᠶᠡᠷ ᠤᠰᠤᠲᠤᠯ᠎ᠤᠨ ᠭᠠᠮᠰᠢᠭ᠋᠎ᠢ ᠪᠦᠲᠦᠮᠵᠢᠲᠡᠶ ᠠᠷᠭᠠᠴᠠᠵᠤ᠂ ᠭᠠᠨᠰᠤ᠎ᠶᠢᠨ ᠵᠢᠢ ᠱᠢ ᠱᠠᠨ᠎ᠤ ᠭᠠᠵᠠᠷ ᠬᠥᠳᠡᠯᠦᠯᠲᠡ ᠵᠡᠷᠭᠡ᠎ᠶᠢᠨ ᠠᠶᠤᠯᠡᠴᠨ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠵᠦ᠂ ᠭᠠᠮᠰᠢᠭ᠋᠎ᠤᠨ ᠳᠠᠷᠠᠭ᠎ᠠ ᠰᠡᠷᠭᠦᠭᠡᠨ ᠳᠠᠬᠢᠨ ᠪᠦᠲᠦᠭᠡᠨ ᠪᠠᠶ᠋ᠢᠭᠤᠯᠬᠤ ᠠᠵᠢᠯ᠎ᠢ ᠴᠢᠩᠭᠠᠳᠬᠠᠪᠠ᠃ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢ ᠠᠬᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ ᠪᠦᠬᠦ ᠲᠠᠯ᠎ᠠ᠎ᠪᠠᠷ ᠰᠡᠷᠭᠦᠪᠡ᠃ ᠣᠯᠠᠨ ᠲᠦᠮᠡᠨ᠎ᠤ ᠪᠡᠶ᠎ᠡ᠎ᠶᠢᠨ ᠲᠠᠮᠢᠷ ᠥᠷᠨᠢᠨ ᠬᠥᠭᠵᠢᠵᠦ᠂ ᠴᠧᠩᠳᠦ᠋᠎ᠳᠤ ᠪᠣᠯᠤᠭᠰᠠᠨ ᠣᠶᠤᠲᠠᠳ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠂ ᠬᠠᠩᠵᠧᠦ᠎ᠶᠢᠨ ᠠᠽᠢᠶ᠎ᠠ ᠲᠢᠪ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠠ ᠠᠽᠢᠶ᠎ᠠ ᠲᠢᠪ᠎ᠤᠨ ᠵᠡᠮᠳᠡᠭᠴᠦᠳ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠠᠮᠵᠢᠯᠲᠠ᠎ᠲᠠᠢ ᠡᠷᠬᠢᠯᠡᠵᠦ᠂ ᠮᠠᠨ᠎ᠤ ᠤᠯᠤᠰ᠎ᠤᠨ ᠲᠠᠮᠢᠷᠴᠢᠳ ᠵᠣᠷᠢᠭ᠍ᠲᠠᠢ᠎ᠪᠠᠷ ᠰᠢᠯᠢᠳᠡᠭ ᠬᠢᠷᠢ ᠪᠦᠲᠦᠮᠵᠢ ᠡᠭᠦᠳᠪᠡ᠃
ᠵᠢᠷᠭᠤᠭ᠎ᠠ ᠳᠤ ᠵᠠᠰᠠᠭ ᠤᠨ ᠣᠷᠳᠣᠨ᠎ᠤ ᠪᠠᠢᠭᠤᠯᠤᠯᠲᠠ᠎ᠶᠢ ᠪᠥᠬᠦ ᠲᠠᠯ᠎ᠠ᠎ᠪᠠᠷ ᠴᠢᠩᠭᠠᠳᠬᠠᠵᠤ᠂ ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠶᠡᠬᠡ᠎ᠪᠠᠷ ᠳᠡᠭᠡᠭᠰᠢᠯᠡᠭᠦᠯᠪᠡ᠃ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠬᠤ᠎ᠶᠢᠨ ᠰᠠᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭ᠍ᠴᠢ ᠪᠣᠯᠪᠠ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠪᠡ᠃ ᠤᠯᠤᠰ ᠲᠥᠷᠥ᠎ᠶᠢᠨ ᠪᠠᠢᠭᠤᠯᠤᠯᠲᠠ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠬᠠᠤᠯᠢᠵᠢᠯ ᠤ᠋ᠨ ᠵᠠᠰᠠᠬ ᠤ᠋ᠨ ᠤᠷᠳᠤᠨ ᠤ᠋ ᠪᠦᠳᠦᠬᠡᠨ ᠪᠠᠢᠭᠤᠯᠤᠯᠳᠠ ᠵᠢ ᠬᠦᠨᠵᠡᠬᠡᠢ ᠠᠬᠢᠭᠤᠯᠪᠠ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ 10 ᠬᠤᠪᠢ ᠬᠠᠤᠯᠢ ᠴᠠᠭᠠᠵᠠ᠎ᠶᠢᠨ ᠰᠠᠨᠠᠯ ᠵᠥᠪᠯᠡᠯᠭᠡ᠎ᠶᠢ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠵᠦ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ᠎ᠶᠢ ᠬᠡᠷᠡᠭᠵᠢᠭᠦᠯᠪᠡ᠃ ᠤᠬᠠᠮᠰᠠᠷ ᠡᠴᠨ᠎ᠪᠠᠨ ᠬᠠᠤᠯᠢ ᠶᠣᠰᠣᠭᠠᠷ ᠬᠢᠨᠠᠯᠲᠠ᠎ᠶᠢ ᠬᠦᠯᠢᠶᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠰᠠᠨᠠᠭᠤᠯᠭ᠎ᠠ ᠪᠠ ᠤᠯᠤᠰ ᠲᠦᠷᠦ᠎ᠶᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ᠎ᠶᠢ ᠬᠢᠨᠠᠮᠠᠭᠠᠢ ᠰᠢᠢᠳᠪᠦᠷᠢᠯᠡᠪᠡ᠃ ᠪᠠᠢᠴᠠᠭᠠᠨ ᠰᠤᠳᠤᠯᠤᠯᠲᠠ᠎ᠶᠢ ᠴᠢᠬᠤᠯᠠᠴᠢᠯᠠᠵᠤ᠂ ᠲᠥᠷᠥ᠎ᠶᠢᠨ ᠪᠣᠳᠣᠯᠭ᠎ᠠ ᠪᠣᠯᠣᠨ ᠠᠵᠢᠯ᠎ᠢ ᠪᠣᠳᠠᠲᠤ ᠪᠠᠢᠳᠠᠯ᠎ᠳᠤ ᠨᠡᠢᠴᠡᠭᠦᠯᠬᠦ᠂ ᠣᠯᠠᠨ ᠲᠦᠮᠡᠨ᠎ᠲᠠᠢ ᠣᠢᠷᠠᠲᠤᠭᠤᠯᠬᠤ᠎ᠪᠠᠷ ᠴᠢᠷᠮᠠᠢᠪᠠ᠃ ᠰᠢᠪᠠᠳᠠᠨ ᠪᠠᠢᠴᠠᠭᠠᠬᠤ ᠠᠵᠢᠯ᠎ᠤᠨ ᠲᠣᠭᠲᠠᠴᠠ᠎ᠶᠢ ᠰᠢᠯᠢᠳᠡᠭᠵᠢᠭᠦᠯᠪᠡ᠃ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠴᠢᠩᠭᠠᠳᠬᠠᠪᠠ᠃ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ 《ᠳᠦᠷᠪᠡᠨ ᠰᠤᠷᠲᠠᠯ》 ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠥᠨ ᠭᠦᠢᠯᠭᠡᠭᠡᠨ᠎ᠤ ᠨᠢᠭᠡᠴᠢ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠵᠡᠷᠭᠡ᠎ᠶᠢ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠬᠦᠴᠦᠲᠡᠢ ᠠᠬᠢᠭᠤᠯᠪᠠ᠃ ᠬᠤᠲᠠ ᠬᠥᠳᠡᠭᠡ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶᠢ ᠬᠦᠴᠦᠲᠡᠢ ᠠᠳᠬᠤᠵᠤ᠂ ᠬᠦᠨᠳᠦ ᠶᠡᠬᠡ ᠠᠳᠡᠯ᠎ᠤᠨ ᠳᠠᠯᠳᠠ ᠭᠡᠮ᠎ᠢ ᠲᠤᠰᠬᠠᠢ ᠰᠠᠮᠨᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠥᠷᠨᠢᠭᠦᠯᠪᠡ᠃ ᠤᠯᠤᠰ᠎ᠤᠨ ᠠᠮᠤᠷ ᠲᠦᠪᠰᠢᠨ᠎ᠤ ᠰᠢᠰᠲᠧᠮ᠎ᠢ ᠲᠡᠭᠦᠯᠳᠡᠷᠵᠢᠭᠦᠯᠬᠦ᠎ᠶᠢ ᠠᠬᠢᠭᠤᠯᠪᠠ᠃ ᠨᠡᠢᠭᠡᠮ᠎ᠤᠨ ᠠᠮᠤᠷ ᠲᠦᠪᠰᠢᠨ᠎ᠢ ᠶᠡᠷᠦᠩᠬᠡᠢᠯᠡᠨ ᠵᠠᠰᠠᠬᠤ᠎ᠶᠢ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠬᠠᠤᠯᠢ᠎ᠡᠴᠨ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠦᠲᠦᠮᠵᠢᠲᠡᠢ᠎ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠰᠢᠨ᠎ᠡ ᠠᠬᠢᠴᠠ᠎ᠲᠠᠢ ᠪᠣᠯᠪᠠ᠃
ᠨᠢᠭᠡ ᠵᠢᠯ᠎ᠤᠨ ᠲᠤᠷᠰᠢ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠲᠣᠮᠣ᠌ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢ ᠪᠦᠬᠦ ᠲᠠᠯ᠎ᠠ᠎ᠪᠠᠷ ᠠᠬᠢᠭᠤᠯᠪᠠ᠃ ᠲᠡᠷᠢᠭᠦᠯᠡᠭᠴᠢ ᠰᠢ᠎ᠶᠢᠨ ᠫᠢᠩ ᠵᠡᠷᠭᠡ ᠨᠠᠮ ᠪᠣᠯᠣᠨ ᠲᠦᠷᠦ᠎ᠶᠢᠨ ᠤᠳᠤᠷᠢᠳᠬᠤ ᠬᠥᠮᠥᠰ ᠤᠯᠠᠨ ᠤᠯᠤᠰ᠎ᠲᠤ ᠠᠶ᠋ᠢᠯᠴᠢᠯᠠᠯᠲᠠ ᠬᠢᠵᠦ᠂ BRICS᠎ᠤ᠋ᠨ ᠤᠯᠤᠰ᠎ᠤᠳ᠎ᠤᠨ ᠤᠳᠤᠷᠢᠳᠬᠤ ᠬᠥᠮᠥᠰ᠎ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂ ᠵᠡᠭᠦᠨ ᠠᠽᠢᠶ᠎ᠠ᠎ᠶᠢᠨ ᠬᠠᠮᠲᠤᠷᠠᠯᠴᠠᠭᠠᠨ᠎ᠤ ᠤᠳᠤᠷᠢᠳᠬᠤ ᠬᠥᠮᠥᠰ᠎ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ᠎ᠶᠢᠨ ᠪᠠ ᠬᠣᠶᠠᠷ ᠲᠠᠯ᠎ᠠ᠎ᠶᠢᠨ ᠴᠢᠬᠤᠯᠠ ᠶᠡᠬᠡ ᠠᠵᠢᠯᠯᠠᠭ᠎ᠠ᠎ᠳᠤ ᠣᠷᠣᠯᠴᠠᠪᠠ᠃ ᠳᠤᠮᠳᠠᠳᠤ ᠤᠯᠤᠰ — ᠳᠤᠮᠳᠠᠳᠤ ᠠᠽᠢᠶ᠎ᠠ᠎ᠶᠢᠨ ᠲᠦᠷᠦᠭᠦᠴᠦᠳ᠎ᠤᠨ ᠬᠤᠷᠠᠯ᠂ ᠭᠤᠷᠪᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ》 ᠤ᠋ᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠤᠨ ᠶᠠᠷᠢᠯᠴᠠᠭᠠᠨ᠎ᠤ ᠲᠠᠪᠴᠠᠩ ᠵᠡᠷᠭᠡ ᠴᠢᠬᠤᠯᠠ ᠶᠡᠬᠡ ᠡᠵᠡᠨ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶᠢ ᠠᠮᠵᠢᠯᠲᠠ᠎ᠲᠠᠢ ᠡᠷᠬᠢᠯᠡᠪᠡ᠃ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠪᠦᠬᠦ ᠪᠥᠮᠪᠥᠷᠴᠡᠭ᠎ᠤᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠵᠤ᠂ ᠪᠦᠬᠦ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶᠢ ᠭᠦᠨᠵᠡᠭᠡᠢᠷᠡᠭᠦᠯᠦᠨ ᠥᠷᠭᠡᠳᠬᠡᠵᠦ᠂ ᠳᠡᠯᠡᠬᠡᠢ᠎ᠶᠢᠨ ᠪᠠ ᠭᠠᠵᠠᠷ ᠣᠷᠣᠨ᠎ᠤ ᠬᠠᠯᠠᠭᠤᠨ ᠴᠡᠭ᠎ᠤᠨ ᠠᠰᠠᠭᠤᠳᠠᠯ᠎ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
ᠲᠥᠯᠥᠭᠡᠯᠡᠭᠴᠢᠳ ᠠ᠋!
ᠥᠩᠭᠡᠷᠡᠭᠰᠡᠨ ᠨᠢᠭᠡ ᠵᠢᠯ᠎ᠳᠤ ᠣᠯᠣᠭᠰᠠᠨ ᠠᠮᠵᠢᠯᠲᠠ ᠪᠦᠲᠦᠮᠵᠢ᠎ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠠᠶᠠᠯᠠᠯ ᠵᠠᠮᠴᠢᠯᠠᠨ ᠴᠢᠭᠯᠡᠯ᠎ᠢ ᠡᠵᠡᠮᠳᠡᠭᠰᠡᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠂ ᠲᠡᠷᠡ ᠨᠢ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠪᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠮᠦᠨᠡᠡᠴᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠣᠨ ᠡᠯ᠎ᠡ ᠡᠲᠡᠭᠡᠳ᠎ᠤᠨ ᠬᠥᠮᠥᠰ᠎ᠲᠤ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ! ᠰᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠠᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠠᠷ᠂ ᠲᠠᠢᠸᠠᠨ᠎ᠤ ᠠᠬ᠎ᠠ ᠳᠡᠭᠦᠦ ᠨᠠᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠎ᠲᠤ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠣᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ!
ᠠᠮᠵᠢᠯᠲᠠ᠎ᠪᠠᠨ ᠨᠤᠲᠠᠯᠠᠬᠤ᠎ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ᠎ᠶᠢ ᠰᠡᠷᠭᠡᠭ᠎ᠢᠶᠠᠷ ᠣᠯᠵᠤ ᠬᠠᠷᠠᠪᠠ᠃ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠢᠵᠤ᠂ ᠭᠠᠵᠠᠷ ᠣᠷᠣᠨ᠎ᠤ ᠬᠠᠯᠠᠭᠤᠨ ᠴᠡᠭ᠎ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ ᠣᠷᠴᠢᠨ ᠨᠥᠬᠥᠴᠡᠯ᠎ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠦᠷᠭᠦᠯᠵᠢᠯᠡᠨ ᠰᠡᠷᠭᠦᠵᠦ ᠰᠠᠢᠵᠢᠷᠠᠬᠤ ᠰᠠᠭᠤᠷᠢ ᠪᠠᠰᠠ ᠪᠠᠲᠤ ᠪᠢᠰᠢ ᠪᠠᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ᠎ᠤᠨ ᠥᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠢᠭᠡᠮ᠎ᠤᠨ ᠵᠢᠱ᠌ᠢᠯᠲᠡ ᠪᠠᠭᠤᠷᠠᠢ᠂ ᠠᠶᠤᠯ ᠲᠦᠭᠰᠢᠭᠦᠷᠢ᠎ᠶᠢᠨ ᠳᠠᠯᠳᠠ ᠭᠡᠮ ᠮᠥᠨ ᠬᠦ᠌ ᠨᠡᠯᠢᠶᠡᠳ ᠣᠯᠠᠨ ᠪᠠᠢᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠳᠤ ᠲᠦᠭᠵᠢᠷᠡᠯ ᠣᠷᠣᠰᠢᠵᠤ᠂ ᠤᠯᠠᠨ ᠤᠯᠤᠰ᠎ᠤᠨ ᠣᠷᠴᠢᠯ᠎ᠳᠤ ᠬᠠᠷᠰᠢᠯᠠᠯ ᠣᠷᠣᠰᠢᠵᠤ ᠪᠠᠢᠨ᠎ᠠ᠃ ᠬᠡᠰᠡᠭ ᠳᠤᠮᠳᠠ ᠵᠢᠵᠢᠭ ᠠᠵᠤ ᠠᠬᠤᠢᠯᠠᠯ ᠪᠤᠯᠤᠨ ᠬᠤᠪᠢ ᠵᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠵᠢᠨ ᠡᠵᠡᠩᠨᠡᠯᠲᠡ ᠬᠦᠴᠢᠷᠳᠡᠯ᠎ᠲᠠᠢ ᠪᠠᠢᠨ᠎ᠠ᠃ ᠠᠵᠢᠯ ᠣᠯᠭᠣᠯᠲᠠ᠎ᠶᠢᠨ ᠶᠡᠷᠦᠩᠬᠡᠢ ᠬᠡᠮᠵᠢᠶ᠎ᠡ᠎ᠶᠢᠨ ᠳᠠᠷᠤᠯᠲᠠ ᠪᠣᠯᠣᠨ ᠪᠦᠲᠦᠴᠡ᠎ᠶᠢᠨ ᠴᠢᠨᠠᠷᠲᠠᠢ ᠵᠥᠷᠢᠴᠡᠯ ᠵᠡᠷᠭᠡ᠎ᠪᠠᠷ ᠣᠷᠣᠰᠢᠵᠤ᠂ ᠣᠯᠠᠨ ᠨᠡᠶ᠋ᠢᠲᠡ᠎ᠶᠢᠨ ᠦᠢᠯᠡᠴᠢᠯᠡᠭᠡ᠎ᠳᠤ ᠮᠥᠨ ᠴᠤ᠌ ᠴᠥᠭᠡᠨ ᠪᠤᠰᠤ ᠳᠤᠲᠠᠭᠤᠳᠠᠯ ᠣᠷᠣᠰᠢᠵᠤ ᠪᠠᠢᠨ᠎ᠠ᠃ ᠵᠠᠷᠢᠮ ᠭᠠᠵᠠᠷ ᠣᠷᠣᠨ᠎ᠤ ᠦᠨᠳᠦᠰᠦᠨ ᠱᠠᠲᠤᠨ᠎ᠤ ᠡᠳ᠋᠎ᠤᠨ ᠬᠦᠴᠦᠨ ᠨᠡᠯᠢᠶᠡᠳ ᠪᠠᠴᠢᠮ ᠪᠠᠢᠨ᠎ᠠ᠃ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠢᠨ᠎ᠠ᠃ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠎ᠳᠤ ᠮᠥᠨ ᠬᠦ᠌ ᠴᠥᠭᠡᠨ ᠪᠤᠰᠤ ᠬᠦᠴᠢᠷ ᠠᠰᠠᠭᠤᠳᠠᠯ᠎ᠢ ᠰᠢᠢᠳᠪᠦᠷᠢᠯᠡᠬᠦ ᠴᠢᠬᠤᠯᠠᠲᠠᠢ ᠪᠠᠢᠨ᠎ᠠ᠃ ᠠᠮᠢ ᠠᠬᠤᠢ᠎ᠶᠢᠨ ᠣᠷᠴᠢᠨ ᠨᠥᠬᠥᠴᠡᠯ᠎ᠤᠨ ᠬᠠᠮᠠᠭᠠᠯᠠᠯᠲᠠ ᠵᠠᠰᠠᠯᠲᠠ᠎ᠶᠢᠨ ᠡᠭᠦᠷᠭᠡ ᠬᠦᠨᠳᠦ ᠵᠠᠮ ᠬᠤᠯᠠ ᠪᠠᠢᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠪᠠᠭᠤᠷᠠᠢ ᠭᠣᠭᠴᠣᠭ᠎ᠠ᠎ᠶᠢ ᠣᠮᠲᠣᠭᠠᠢᠯᠠᠵᠤ ᠪᠣᠯᠣᠰᠢ ᠦᠭᠡᠢ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ᠎ᠶᠢᠨ ᠦᠵᠡᠯ᠂ ᠨᠣᠶᠠᠨᠴᠢ ᠰᠤᠷᠲᠠᠯ᠎ᠤᠨ ᠦᠵᠡᠭᠳᠡᠯ ᠮᠥᠨ ᠬᠦ᠌ ᠨᠡᠯᠢᠶᠡᠳ ᠲᠣᠪᠣᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ᠎ᠶᠢᠨ ᠵᠠᠷᠢᠮ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ᠎ᠢᠶᠠᠷ ᠬᠦᠷᠦᠯᠴᠡᠬᠦ ᠦᠭᠡᠢ ᠪᠠᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ᠋ ᠰᠠᠨᠠᠭ᠎ᠠ᠎ᠪᠠᠷ ᠳᠤᠲᠠᠮᠠᠭ ᠪᠠᠢᠵᠤ᠂ ᠨᠠᠵᠠᠭᠠᠢᠷᠠᠨ ᠬᠣᠢᠷᠭᠤᠰᠢᠵᠤ ᠬᠠᠷᠢᠭᠤᠴᠠᠯᠭᠠᠡᠴᠨ ᠵᠠᠢᠯᠠᠨ᠂ ᠥᠩᠭᠡᠪᠴᠢ ᠠᠵᠢᠯ ᠬᠢᠵᠦ ᠪᠠᠢᠨ᠎ᠠ᠃ ᠵᠠᠷᠢᠮ ᠬᠦᠷᠢᠶᠡᠨ᠎ᠳᠤ ᠢᠯᠵᠢᠷᠡᠯ᠎ᠤᠨ ᠠᠰᠠᠭᠤᠳᠠᠯ ᠮᠥᠨ ᠯᠡ ᠤᠯᠠᠨ ᠭᠠᠷᠴᠤ ᠪᠠᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ᠎ᠳᠤ ᠰᠢᠭᠤᠳ ᠬᠠᠨᠳᠤᠵᠤ᠂ ᠪᠦᠬᠦ ᠰᠡᠳᠬᠢᠯ ᠪᠦᠬᠦ ᠴᠢᠳᠠᠯ᠎ᠢᠶᠠᠷ᠎ᠢᠶᠠᠨ ᠠᠵᠢᠯ᠎ᠢᠶᠠᠨ ᠰᠠᠢᠲᠤᠷ ᠬᠢᠵᠦ᠂ ᠠᠷᠠᠳ ᠲᠦᠮᠡᠨ᠎ᠤ ᠬᠦᠰᠡᠯ ᠡᠷᠡᠮᠡᠯᠵᠡᠯ ᠪᠠ ᠬᠦᠨᠳᠦ ᠨᠠᠶ᠋ᠢᠳᠠᠯᠭ᠎ᠠ᠎ᠶᠢ ᠶᠠᠭᠠᠬᠢᠭ᠍ᠰᠠᠨ ᠴᠤ᠌ ᠬᠥᠰᠡᠷᠳᠡᠭᠦᠯᠬᠦ ᠦᠭᠡᠢ!
ᠬᠣᠶᠠᠷ᠂ 2024 ᠣᠨ᠎ᠤ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ᠎ᠶᠢᠨ ᠪᠣᠳᠣᠯᠭ᠎ᠠ᠎ᠶᠢᠨ ᠬᠠᠨᠳᠤᠰᠢ
ᠡᠨᠡ ᠵᠢᠯ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠨᠢᠭᠡ ᠵᠢᠯ ᠮᠥᠨ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠎ᠳᠤ᠂ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠤᠨ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ᠎ᠤ ᠪᠠᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠢᠯᠭᠠᠬᠤ᠎ᠶᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠯᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭᠵᠢᠭᠦᠯᠬᠦ᠎ᠶᠢ ᠠᠬᠢᠭᠤᠯᠵᠤ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠡᠷᠴᠢᠮ᠎ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠨᠢᠭᠡᠳᠦᠯᠲᠡᠢ ᠲᠥᠯᠥᠪᠯᠡᠵᠦ᠂ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠠᠵᠤ ᠠᠬᠤᠢ᠎ᠶᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠨᠡᠮᠡᠭᠳᠡᠭᠦᠯᠦᠨ᠂ ᠠᠶᠤᠯ ᠲᠦᠭᠰᠢᠭᠦᠷᠢ᠎ᠶᠢ ᠦᠨᠡᠨ ᠬᠦ᠌ ᠰᠡᠷᠭᠡᠢᠯᠡᠨ ᠠᠷᠢᠯᠭᠠᠵᠤ᠂ ᠨᠡᠢᠭᠡᠮ᠎ᠤᠨ ᠵᠢᠱ᠌ᠢᠯᠲᠡ᠎ᠶᠢ ᠦᠨᠡᠨ ᠬᠦ᠌ ᠰᠠᠢᠵᠢᠷᠠᠭᠤᠯᠤᠨ᠂ ᠠᠵᠤ ᠠᠬᠤᠢ᠎ᠶᠢᠨ ᠰᠡᠷᠭᠦᠨ ᠰᠠᠢᠵᠢᠷᠠᠬᠤ ᠬᠠᠨᠳᠤᠰᠢ᠎ᠶᠢ ᠪᠠᠲᠤᠳᠬᠠᠨ ᠴᠢᠩᠭᠠᠷᠠᠭᠤᠯᠵᠤ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠦᠷᠭᠦᠯᠵᠢᠯᠡᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠵᠦ᠂ ᠨᠡᠢᠭᠡᠮ᠎ᠤᠨ ᠲᠣᠭᠲᠠᠭᠤᠨ ᠪᠠᠢᠳᠠᠯ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃
ᠶᠡᠷᠦᠩᠬᠡᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ᠎ᠤᠨ ᠮᠠᠨ᠎ᠤ ᠤᠯᠤᠰ᠎ᠤᠨ ᠬᠥᠭᠵᠢᠯᠲᠡ᠎ᠳᠤ ᠲᠤᠯᠭᠠᠷᠠᠵᠤ ᠪᠠᠢᠭ᠎ᠠ ᠣᠷᠴᠢᠨ ᠨᠥᠬᠥᠴᠡᠯ ᠮᠥᠨ ᠬᠦ᠌ ᠪᠠᠢᠯᠳᠤᠬᠤ ᠪᠣᠳᠣᠯᠭ᠎ᠠ᠎ᠶᠢᠨ ᠲᠣᠬᠢᠶᠠᠯ ᠪᠠ ᠲᠦᠭᠰᠢᠭᠦᠷᠢ ᠰᠢᠯᠭᠠᠯᠲᠠ ᠵᠡᠷᠭᠡ᠎ᠪᠠᠷ ᠣᠷᠣᠰᠢᠵᠤ᠂ ᠠᠰᠢᠭ᠍ᠲᠠᠢ ᠨᠥᠬᠥᠴᠡᠯ ᠨᠢ ᠠᠰᠢᠭ᠋ ᠦᠭᠡᠢ ᠬᠦᠴᠦᠨ ᠵᠦᠢᠯᠡᠴᠠ ᠢᠯᠡᠭᠦᠦ ᠪᠠᠢᠨ᠎ᠠ᠃ ᠮᠠᠨ᠎ᠤ ᠤᠯᠤᠰ᠎ᠲᠤ ᠢᠯᠡ ᠲᠣᠳᠣ᠌ ᠪᠠᠢᠭᠤᠯᠤᠯ᠎ᠤᠨ ᠳᠠᠪᠠᠭᠤᠯᠢᠭ᠋᠂ ᠬᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠋᠂ ᠠᠵᠤ ᠦᠢᠯᠡᠰ᠎ᠤᠨ ᠰᠢᠰᠲᠧᠮ ᠪᠦᠷᠢᠨ ᠲᠥᠬᠥᠷ ᠪᠠᠢᠳᠠᠭ ᠬᠠᠩᠭᠠᠯᠭ᠎ᠠ᠎ᠶᠢᠨ ᠳᠠᠪᠠᠭᠤᠯᠢᠭ᠋᠂ ᠬᠡᠪ ᠴᠢᠨᠠᠷ ᠰᠠᠢᠲᠠᠢ ᠬᠥᠳᠡᠯᠮᠦᠷᠢᠴᠢᠨ ᠣᠯᠠᠨ ᠪᠠᠢᠳᠠᠭ ᠴᠢᠳᠠᠪᠤᠷᠢᠲᠠᠨ᠎ᠤ ᠳᠠᠪᠠᠭᠤᠯᠢᠭ᠋᠎ᠲᠠᠢ ᠪᠠᠢᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠢᠷᠠᠵᠤ᠂ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ ᠠᠬᠤᠢ ᠰᠡᠷᠭᠦᠨ ᠰᠠᠢᠵᠢᠷᠠᠵᠤ᠂ ᠤᠷᠲᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ᠌ ᠦᠭᠡᠢ ᠶᠤᠮ᠂ ᠡᠢᠮᠦ ᠡᠴᠠ ᠡᠷᠬᠡᠪᠰᠢ ᠢᠲᠡᠭᠡᠯ ᠵᠣᠷᠢᠭ᠋ ᠪᠠ ᠢᠳᠡ ᠬᠦᠴᠦᠨ᠎ᠢᠶᠠᠨ ᠴᠢᠩᠭᠠᠳᠬᠠᠬᠤ ᠬᠡᠷᠡᠭᠲᠡᠢ᠃ ᠡᠭᠦᠨ᠎ᠤ ᠬᠠᠮᠲᠤ ᠬᠢᠵᠠᠭᠠᠷ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠨ᠂ ᠡᠯ᠎ᠡ ᠵᠦᠢᠯ᠎ᠤᠨ ᠲᠦᠭᠰᠢᠭᠦᠷᠢ ᠰᠢᠯᠭᠠᠯᠲᠠ᠎ᠶᠢ ᠠᠷᠭᠠᠴᠠᠭᠠᠬᠤ ᠪᠡᠯᠡᠳᠬᠡᠯ᠎ᠢ ᠭᠦᠢᠴᠡᠳ ᠰᠠᠢᠲᠤᠷ ᠬᠢᠬᠦ ᠬᠡᠷᠡᠭᠲᠡᠢ᠃ ᠪᠢᠳᠡ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠰᠢᠭ᠍ᠲᠠᠢ ᠲᠣᠬᠢᠶᠠᠯ᠎ᠢ ᠠᠯᠳᠠᠯ ᠦᠭᠡᠢ ᠠᠮᠵᠢᠵᠤ᠂ ᠠᠰᠢᠭ᠍ᠲᠠᠢ ᠨᠥᠬᠥᠴᠡᠯ᠎ᠢ ᠰᠠᠢᠲᠤᠷ ᠠᠰᠢᠭ᠍ᠯᠠᠨ᠂ ᠡᠯ᠎ᠡ ᠲᠠᠯ᠎ᠠ᠎ᠶᠢᠨ ᠬᠢᠨ᠎ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ᠎ᠢ ᠭᠦᠢᠴᠡᠳ ᠳᠠᠢᠴᠢᠯᠠᠳᠠᠭ ᠯᠠ ᠶᠤᠮ ᠪᠣᠯ ᠯᠠᠪᠲᠠᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ᠎ᠶᠢ ᠢᠯᠠᠨ ᠳᠠᠪᠠᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ᠎ᠶᠢ ᠠᠬᠢᠭᠤᠯᠵᠤ ᠴᠢᠳᠠᠬᠤ ᠶᠤᠮ᠃
ᠡᠨᠡ ᠵᠢᠯ᠎ᠤᠨ ᠬᠥᠭᠵᠢᠯᠲᠡ᠎ᠶᠢᠨ ᠭᠣᠣᠯ ᠵᠢᠱ᠌ᠢᠭᠰᠡᠨ ᠬᠠᠷᠠᠯᠲᠠ ᠪᠣᠯ᠄ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠤᠨ ᠪᠦᠬᠦ ᠦᠷᠲᠡᠭ᠎ᠢ 5% ᠣᠷᠴᠢᠮ ᠨᠡᠮᠡᠭᠳᠡᠭᠦᠯᠦᠨ᠎ᠡ; ᠬᠤᠳᠠ ᠪᠠᠯᠭᠠᠰᠤᠨ᠎ᠳᠤ ᠠᠵᠢᠯ ᠣᠯᠣᠭᠰᠠᠨ ᠬᠥᠮᠥᠨ᠎ᠢ 1200 ᠲᠦᠮᠡᠡᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠬᠤᠳᠠ ᠪᠠᠯᠭᠠᠰᠤᠨ᠎ᠤ ᠪᠠᠢᠴᠠᠭᠠᠭᠰᠠᠨ ᠠᠵᠢᠯ ᠠᠯᠳᠠᠯᠲᠠ᠎ᠶᠢᠨ ᠨᠤᠷᠮ᠎ᠠ᠎ᠶᠢ 5.5% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠦᠨ᠎ᠡ᠎ᠶᠢᠨ ᠥᠰᠦᠯᠲᠡ᠎ᠶᠢᠨ ᠬᠡᠮᠵᠢᠶ᠎ᠡ᠎ᠶᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ ᠪᠣᠯᠣᠨ ᠠᠵᠤ ᠠᠬᠤᠢ᠎ᠶᠢᠨ ᠨᠡᠮᠡᠭᠳᠡᠯ᠎ᠢ ᠵᠢᠭᠳᠡ ᠪᠠᠢᠯᠭᠠᠨ᠎ᠠ; ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠳᠠ᠎ᠶᠢ 1.3 ᠲᠦᠮᠡᠨ ᠳ᠋ᠦᠩᠰᠢᠭᠤᠷ ᠵᠢᠩᠡᠴᠠ ᠳᠡᠭᠡᠭᠰᠢ ᠪᠠᠢᠯᠭᠠᠨ᠎ᠠ; ᠨᠢᠭᠡᠴᠢ ᠤᠯᠤᠰ ᠤᠨ ᠳᠣᠲᠣᠭᠠᠳᠤ᠎ᠶᠢᠨ ᠦᠢᠯᠡᠳᠪᠦᠷᠢᠯᠡᠯ᠎ᠤᠨ ᠪᠦᠬᠦ ᠦᠷᠲᠡᠭ᠎ᠤᠨ ᠡᠨᠧᠷᠭᠢ᠎ᠶᠢᠨ ᠬᠣᠷᠣᠭᠳᠠᠭᠤᠯᠤᠯ᠎ᠢ 2.5% ᠣᠷᠴᠢᠮ᠎ᠢᠶᠠᠷ ᠪᠠᠭᠤᠷᠠᠭᠤᠯᠵᠤ᠂ ᠠᠮᠢ ᠠᠬᠤᠢ᠎ᠶᠢᠨ ᠣᠷᠴᠢᠨ ᠨᠥᠬᠥᠴᠡᠯ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ᠃
ᠳᠡᠭᠡᠷ᠎ᠡ ᠳᠤᠷᠠᠳᠤᠭᠰᠠᠨ ᠵᠢᠱ᠌ᠢᠭᠰᠡᠨ ᠬᠠᠷᠠᠯᠲᠠ᠎ᠶᠢ ᠳᠤᠷᠠᠳᠬᠤ᠎ᠳᠠᠭᠠᠨ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ ᠪᠣᠯᠣᠨ ᠡᠯ᠎ᠡ ᠲᠠᠯ᠎ᠠ᠎ᠶᠢᠨ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠬᠡᠷᠡᠭᠴᠡᠭᠡ ᠪᠠ ᠪᠣᠯᠣᠯᠴᠠᠭ᠎ᠠ᠎ᠶᠢ ᠬᠠᠮᠲᠤ ᠳ᠋ᠤᠨᠢ ᠬᠠᠷᠠᠭᠠᠯᠵᠠᠭᠰᠠᠨ ᠶᠤᠮ᠃ ᠠᠵᠤ ᠠᠬᠤᠢ᠎ᠶᠢᠨ ᠨᠡᠮᠡᠭᠳᠡᠯ᠎ᠤᠨ ᠵᠢᠱ᠌ᠢᠭᠰᠡᠨ ᠬᠠᠷᠠᠯᠲᠠ᠎ᠶᠢ 5% ᠣᠷᠴᠢᠮ ᠪᠠᠢᠯᠭᠠᠬᠤ ᠨᠢ ᠠᠵᠢᠯ ᠣᠯᠭᠣᠯᠲᠠ᠎ᠶᠢ ᠠᠬᠢᠭᠤᠯᠤᠨ ᠣᠷᠣᠯᠭ᠎ᠠ᠎ᠶᠢ ᠨᠡᠮᠡᠭᠳᠡᠭᠦᠯᠬᠦ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠵᠡᠷᠭᠡ ᠬᠡᠷᠡᠭᠴᠡᠭᠡ᠎ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ ᠠᠬᠤᠢ᠎ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ ᠨᠥᠬᠥᠴᠡᠯ᠎ᠢ ᠴᠤ᠌ ᠪᠣᠳᠣᠯᠬᠢᠯᠠᠭᠰᠠᠨ ᠶᠤᠮ᠂ ᠡᠨᠡ ᠨᠢ ᠢᠳᠡᠪᠬᠢᠲᠡᠢ᠎ᠪᠠᠷ ᠤᠷᠤᠭᠰᠢᠯᠠᠨ ᠳᠠᠪᠰᠢᠬᠤ᠂ ᠠᠮᠵᠢᠯᠲᠠ ᠪᠥᠳᠥᠮᠵᠢ ᠭᠠᠷᠭᠠᠬᠤ᠎ᠪᠠᠷ ᠬᠦᠴᠦᠯᠡᠨ ᠴᠢᠷᠮᠠᠢᠬᠤ ᠱᠠᠭᠠᠷᠳᠠᠯᠭ᠎ᠠ᠎ᠶᠢ ᠢᠯᠡᠷᠡᠭᠦᠯᠪᠡ᠃ ᠡᠨᠡ ᠵᠢᠯ᠎ᠤᠨ ᠵᠢᠱ᠌ᠢᠭᠰᠡᠨ ᠬᠠᠷᠠᠯᠲᠠ᠎ᠶᠢ ᠪᠡᠶᠡᠯᠡᠭᠦᠯᠬᠦ ᠨᠢ ᠬᠢᠯᠪᠠᠷ ᠶᠠᠪᠤᠳᠠᠯ ᠪᠢᠰᠢ ᠲᠤᠯᠠ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠬᠢᠨ ᠴᠢᠷᠮᠠᠢᠨ ᠠᠵᠢᠯᠯᠠᠵᠤ᠂ ᠡᠯ᠎ᠡ ᠲᠠᠯ᠎ᠠ᠎ᠶᠢᠨ ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ ᠴᠢᠬᠤᠯᠠᠲᠠᠢ᠃
ᠪᠢᠳᠠ ᠲᠣᠭᠲᠠᠭᠤᠨ ᠪᠠᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ᠎ᠪᠠᠷ ᠲᠣᠭᠲᠠᠭᠤᠨ ᠪᠠᠢᠯᠭᠠᠬᠤ᠎ᠶᠢ ᠠᠬᠢᠭᠤᠯᠬᠤ᠂ ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠎ᠶᠢ ᠪᠠᠷᠢᠮᠲᠠᠯᠠᠬᠤ ᠬᠡᠷᠡᠭᠲᠡᠢ᠃ ᠲᠣᠭᠲᠠᠭᠤᠨ ᠪᠠᠢᠯᠭᠠᠬᠤ ᠪᠣᠯ ᠶᠡᠬᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠵᠢᠱ᠌ᠢᠯᠲᠡ᠎ᠶᠢ ᠲᠣᠭᠲᠠᠭᠤᠨ ᠪᠠᠢᠯᠭᠠᠬᠤ᠂ ᠨᠡᠮᠡᠭᠳᠡᠯ᠎ᠢ ᠲᠣᠭᠲᠠᠭᠤᠨ ᠪᠠᠢᠯᠭᠠᠬᠤ᠂ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠳᠤ ᠠᠰᠢᠭ᠍ᠲᠠᠢ ᠲᠥᠷᠥ᠎ᠶᠢᠨ ᠪᠣᠳᠣᠯᠭ᠎ᠠ᠎ᠶᠢ ᠢᠯᠡᠭᠦᠬᠡᠨ ᠲᠣᠭᠲᠠᠭᠠᠵᠤ᠂ ᠠᠪᠴᠢᠭᠠᠬᠤ ᠴᠢᠨᠠᠷᠲᠠᠢ ᠬᠣᠷᠢᠭ᠍ᠯᠠᠬᠤ ᠴᠢᠨᠠᠷᠲᠠᠢ ᠠᠷᠭ᠎ᠠ ᠬᠡᠮᠵᠢᠶ᠎ᠡ᠎ᠶᠢ ᠬᠢᠨᠠᠭᠤᠷ ᠪᠣᠯᠭᠣᠮᠵᠢᠲᠠᠢ ᠨᠡᠢᠲᠡᠯᠡᠵᠦ᠂ ᠴᠢᠨᠠᠷ ᠰᠠᠢᠲᠠᠢ ᠬᠥᠭᠵᠢᠯᠲᠡ ᠯᠦ᠍ᠭᠡ ᠵᠥᠷᠢᠴᠡᠯᠳᠦᠬᠦ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢ ᠢᠯᠭᠠᠷᠠᠭᠤᠯᠤᠨ ᠲᠢᠭᠯᠡᠬᠦ ᠪᠠ ᠬᠦᠴᠦᠨ ᠦᠭᠡᠢ ᠪᠣᠯᠭᠠᠬᠤ ᠬᠡᠷᠡᠭᠲᠡᠢ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ ᠪᠠᠶ᠋ᠢᠭᠤᠯᠬᠤ ᠶᠣᠰᠣᠲᠠᠢ᠎ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠠᠢᠭᠤᠯᠵᠤ᠂ ᠡᠪᠳᠡᠬᠦ ᠶᠣᠰᠣᠲᠠᠢ᠎ᠶᠢ ᠨᠢ ᠪᠠᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ ᠠᠷᠭ᠎ᠠ ᠮᠠᠶᠢᠭ᠋᠎ᠢᠶᠠᠨ ᠬᠤᠪᠢᠷᠠᠭᠤᠯᠬᠤ᠂ ᠪᠦᠲᠦᠴᠡ᠎ᠶᠢ ᠲᠣᠬᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ᠎ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠦᠶᠡᠯᠡᠯ ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ᠎ᠶᠢ ᠴᠢᠩᠭᠠᠳᠬᠠᠵᠤ᠂ ᠡᠳ᠋᠎ᠤᠨ ᠵᠠᠰᠠᠭ᠎ᠤᠨ ᠢᠳᠡᠪᠬᠢᠲᠡᠢ ᠲᠦᠷᠦ᠎ᠶᠢᠨ ᠪᠣᠳᠣᠯᠭ᠎ᠠ ᠪᠠ ᠵᠣᠭᠣᠰᠤᠨ᠎ᠤ ᠯᠠᠪᠳᠠᠭᠤᠨ ᠲᠦᠷᠦ ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ᠎ᠶᠢᠨ ᠪᠣᠳᠣᠯᠭ᠎ᠠ᠎ᠶᠢᠨ ᠪᠠᠭᠠᠵᠢ ᠵᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ᠎ᠶᠢ ᠴᠢᠩᠭᠠᠳᠬᠠᠨ᠎ᠠ᠃
ᠡᠳ᠋᠎ᠤᠨ ᠵᠠᠰᠠᠭ ᠤᠨ ᠢᠳᠡᠪᠬᠢᠲᠡᠢ ᠲᠦᠷᠦ᠎ᠶᠢᠨ ᠪᠣᠳᠣᠯᠭ᠎ᠠ᠎ᠶᠢᠨ ᠡᠷᠴᠢᠮ᠎ᠢ ᠵᠣᠬᠢᠰᠲᠠᠢ ᠴᠢᠩᠭᠠᠷᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ᠎ᠶᠢᠨ ᠬᠡᠷᠡᠭᠴᠡᠭᠡ ᠪᠣᠯᠣᠨ ᠡᠳ᠋᠎ᠤᠨ ᠵᠠᠰᠠᠭ ᠤᠨ ᠦᠷᠭᠦᠯᠵᠢᠯᠡᠬᠦᠢᠴᠡ ᠴᠢᠨᠠᠷ ᠢ ᠶᠡᠷᠦᠩᠬᠡᠢᠯᠡᠨ ᠪᠣᠳᠣᠯᠬᠢᠯᠠᠵᠤ᠂ ᠡᠳ᠋᠎ᠤᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢᠨ ᠣᠷᠣᠨ ᠵᠠᠢ᠎ᠶᠢ ᠰᠠᠢᠲᠤᠷ ᠬᠡᠷᠡᠭᠯᠡᠨ᠂ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠨᠡᠢᠯᠡᠯᠢ ᠰᠢᠯᠢᠳᠡᠭᠵᠢᠭᠦᠯᠦᠨ᠎ᠡ᠃ ᠤᠯᠠᠭᠠᠨ ᠲᠣᠭ᠎ᠠ᠎ᠶᠢᠨ ᠨᠤᠷᠮ᠎ᠠ᠎ᠶᠢ 3%᠎ᠪᠠᠷ ᠲᠣᠬᠢᠷᠠᠭᠤᠯᠤᠨ᠂ ᠤᠯᠠᠭᠠᠨ ᠲᠣᠭ᠎ᠠ᠎ᠶᠢᠨ ᠬᠡᠪᠴᠢᠶ᠎ᠡ᠎ᠶᠢ 4.06 ᠲᠦᠮᠡᠨ ᠳ᠋ᠦᠩᠰᠢᠭᠤᠷ ᠲᠥᠭᠥᠷᠢᠭ ᠪᠠᠢᠯᠭᠠᠵᠤ᠂ ᠲᠦᠷᠦᠭᠦᠥ ᠵᠢᠯ᠎ᠤᠨ ᠵᠢᠯ᠎ᠤᠨ ᠡᠬᠢᠨ᠎ᠤ ᠲᠥᠰᠥᠪ ᠡᠴᠠ 1800 ᠳ᠋ᠦᠩᠰᠢᠭᠤᠷ ᠲᠥᠭᠥᠷᠢᠭ ᠨᠡᠮᠡᠭᠳᠡᠭᠦᠯᠬᠦ᠎ᠪᠠᠷ ᠲᠥᠯᠥᠪᠯᠡᠵᠦ ᠪᠠᠢᠨ᠎ᠠ᠃ ᠵᠢᠱ᠌ᠢᠯᠲᠡ᠎ᠪᠠᠷ ᠡᠨᠡ ᠵᠢᠯ᠎ᠤᠨ ᠡᠳ᠋ ᠤᠨ ᠵᠠᠰᠠᠭ᠎ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ᠎ᠶᠢᠨ ᠳᠡᠭᠡᠷ᠎ᠡ ᠰᠢᠯᠵᠢᠭᠦᠯᠦᠨ ᠣᠷᠣᠭᠤᠯᠬᠤ ᠪᠡᠯᠡ ᠮᠥᠩᠭᠥ ᠵᠡᠷᠭᠡ᠎ᠶᠢ ᠨᠡᠮᠡᠪᠡᠯ᠂ ᠡᠩ᠎ᠤᠨ ᠤᠯᠠᠨ ᠨᠡᠶ᠋ᠢᠲᠡ᠎ᠶᠢᠨ ᠲᠥᠰᠥᠪ᠎ᠤᠨ ᠵᠠᠷᠤᠯᠭ᠎ᠠ᠎ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠥᠷᠢᠭ ᠪᠣᠯᠵᠤ᠂ ᠲᠦᠷᠦᠭᠦᠦ ᠵᠢᠯ᠎ᠤᠨ ᠬᠢ ᠡᠴᠠ 1.1 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢ 3.9 ᠲᠦᠮᠡᠨ ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠲᠦᠷᠦᠭᠦᠦ ᠵᠢᠯ᠎ᠤᠨ ᠬᠢᠡᠴᠠ 1000 ᠳ᠋ᠦᠩᠰᠢᠭᠤᠷ ᠲᠥᠭᠥᠷᠢᠭ ᠨᠡᠮᠡᠭᠳᠡᠭᠦᠯᠬᠦ᠎ᠪᠠᠷ ᠲᠥᠯᠥᠪᠯᠡᠵᠦ ᠪᠠᠢᠨ᠎ᠠ᠃ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠬᠢᠴᠠ ᠳᠤᠮᠳᠠᠬᠢ ᠵᠠᠷᠢᠮ ᠴᠢᠬᠤᠯᠠ ᠶᠡᠬᠡ ᠲᠥᠰᠥᠯ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ᠎ᠶᠢᠨ ᠠᠰᠠᠭᠤᠳᠠᠯ᠎ᠢ ᠰᠢᠰᠲᠧᠮ᠎ᠲᠠᠢ ᠰᠢᠢᠳᠪᠦᠷᠢᠯᠡᠬᠦ᠎ᠶᠢᠨ ᠲᠥᠯᠥᠭᠡ᠂ ᠡᠨᠡ ᠵᠢᠯᠡᠴᠠ ᠡᠬᠢᠯᠡᠨ ᠵᠠᠯᠭᠠᠭ᠎ᠠ᠎ᠪᠠᠷ ᠬᠡᠳᠦᠨ ᠵᠢᠯ ᠬᠡᠳᠥ ᠤᠷᠲᠤ ᠬᠤᠭᠤᠴᠠᠭᠠᠨ᠎ᠤ ᠣᠨᠴᠠᠭᠠᠢ ᠤᠯᠤᠰ᠎ᠤᠨ ᠵᠢᠭᠡᠯᠡᠯᠭᠡ ᠲᠠᠷᠬᠠᠭᠠᠵᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠵᠢᠭᠦᠯᠦᠯᠲᠡ ᠪᠠ ᠭᠣᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ ᠤ ᠴᠢᠳᠠᠪᠤᠷᠢ᠎ᠶᠢᠨ ᠪᠠᠢᠭᠤᠯᠤᠯᠲᠠ᠎ᠳᠤ ᠲᠤᠰᠬᠠᠢ ᠬᠡᠷᠡᠭᠯᠡᠭᠦᠯᠵᠦ᠂ ᠡᠨᠡ ᠵᠢᠯ ᠤᠷᠢᠳ᠎ᠢᠶᠠᠷ ᠲᠦᠮᠡᠨ ᠳ᠋ᠦᠩᠰᠢᠭᠤᠷ ᠲᠥᠭᠥᠷᠢᠭ ᠲᠠᠷᠬᠠᠭᠠᠬᠤ᠎ᠪᠠᠷ ᠲᠥᠯᠥᠪᠯᠡᠵᠦ ᠪᠠᠢᠨ᠎ᠠ᠃ ᠣᠳᠣ᠌ ᠣᠯᠠᠨ ᠲᠠᠯ᠎ᠠ᠎ᠪᠠᠷ ᠴᠥᠮ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ᠎ᠶᠢ ᠨᠡᠮᠡᠭᠳᠡᠭᠦᠯᠬᠦ ᠴᠢᠬᠤᠯᠠᠲᠠᠢ ᠪᠣᠯᠬᠣᠷ ᠵᠠᠷᠤᠯᠭ᠎ᠠ᠎ᠶᠢᠨ ᠪᠦᠲᠦᠴᠡ᠎ᠶᠢ ᠶᠡᠬᠡ᠎ᠪᠠᠷ ᠰᠢᠯᠢᠳᠡᠭᠵᠢᠭᠦᠯᠦᠨ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠠᠷᠠᠳ᠎ᠤᠨ ᠦᠨᠳᠦᠰᠦᠨ ᠠᠮᠢᠳᠤᠷᠠᠯ᠎ᠤᠨ ᠡᠳ᠋᠎ᠤᠨ ᠬᠦᠴᠦᠨ᠎ᠤ ᠪᠠᠲᠤᠯᠠᠭ᠎ᠠ᠎ᠶᠢ ᠴᠢᠩᠭᠠᠳᠬᠠᠵᠤ᠂ ᠡᠩ᠎ᠤᠨ ᠴᠢᠨᠠᠷᠲᠠᠢ ᠵᠠᠷᠤᠯᠭ᠎ᠠ᠎ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠪ᠎ᠤᠨ ᠡᠳ᠋᠎ᠤᠨ ᠵᠠᠰᠠᠭᠡᠴᠠ ᠣᠷᠣᠨ ᠨᠤᠲᠤᠭ᠎ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ᠎ᠢᠶᠠᠨ ᠴᠢᠩᠭᠠᠷᠠᠭᠤᠯᠵᠤ᠂ ᠬᠦᠴᠢᠷᠳᠡᠯ᠎ᠲᠠᠢ ᠭᠠᠵᠠᠷ ᠣᠷᠣᠨ ᠲᠡᠢᠰᠢ ᠵᠣᠬᠢᠰᠲᠠᠢ ᠬᠡᠯᠪᠡᠢᠯᠭᠡᠵᠦ᠂ ᠮᠤᠵᠢ᠎ᠶᠢᠨ ᠱᠠᠲᠤᠨ᠎ᠤ ᠵᠠᠰᠠᠭ᠎ᠤᠨ ᠣᠷᠳᠣᠨ ᠡᠳ᠋᠎ᠤᠨ ᠬᠦᠴᠦᠨ᠎ᠤ ᠬᠤᠪᠢᠶᠠᠷᠢᠯᠠᠯᠲᠠ᠎ᠶᠢ ᠳᠣᠷᠣᠭ᠍ᠰᠢ ᠪᠠᠭᠤᠯᠭᠠᠬᠤ᠎ᠶᠢ ᠠᠬᠢᠭᠤᠯᠵᠤ᠂ ᠦᠨᠳᠦᠰᠦᠨ ᠱᠠᠲᠤᠨ᠎ᠤ《ᠭᠤᠷᠪᠠ᠎ᠶᠢ ᠪᠠᠲᠤᠯᠠᠬᠤ》 ᠬᠢᠵᠠᠭᠠᠷ ᠱᠤᠭᠤᠮ᠎ᠢ ᠪᠠᠲᠤ ᠰᠠᠬᠢᠬᠤ ᠬᠡᠷᠡᠭᠲᠡᠢ᠃ ᠪᠦᠲᠦᠴᠡ᠎ᠶᠢᠨ ᠴᠢᠨᠠᠷᠲᠠᠢ᠎ᠪᠠᠷ ᠭᠠᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ᠎ᠤᠨ ᠬᠥᠭᠵᠢᠯᠲᠡ᠎ᠶᠢ ᠭᠣᠣᠯᠳᠠᠯᠭ᠎ᠠ᠎ᠲᠠᠢ᠎ᠪᠠᠷ ᠲᠡᠮᠵᠢᠨ᠎ᠠ᠃ ᠡᠳ᠋᠎ᠤᠨ ᠵᠠᠰᠠᠭ ᠠᠵᠤ ᠠᠬᠤᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠡᠳ᠋᠎ᠤᠨ ᠶᠠᠪᠤᠳᠠᠯ᠎ᠤᠨ ᠨᠢᠭ᠍ᠲᠠᠯᠠᠨ ᠪᠣᠳᠣᠯᠲᠠ᠎ᠶᠢᠨ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠦᠡᠭᠭᠡᠨ ᠲᠠᠯ᠎ᠠ᠎ᠶᠢᠨ ᠢᠨᠵᠧᠨᠧᠷᠢᠩ᠂ ᠳᠦᠷᠢ ᠲᠥᠷᠬᠦ᠎ᠶᠢᠨ ᠢᠨᠵᠧᠨᠧᠷᠢᠩ ᠬᠢᠬᠦ᠎ᠶᠢ ᠴᠢᠩᠭ᠎ᠠ ᠴᠠᠭᠠᠵᠠᠯᠠᠵᠤ᠂ ᠪᠦᠷᠢᠯᠭᠡᠨ ᠰᠦᠢᠳᠬᠡᠬᠦ᠎ᠶᠢ ᠡᠷᠡᠰ ᠬᠣᠷᠢᠭ᠍ᠯᠠᠨ ᠵᠣᠭᠰᠣᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠭᠠᠮᠨᠠᠨ ᠠᠮᠢᠳᠤᠷᠠᠬᠤ ᠳᠠᠳᠬᠠᠯ᠎ᠲᠠᠢ ᠪᠣᠯᠵᠤ᠂ ᠦᠨᠡᠨ ᠬᠦ᠌ ᠨᠠᠷᠢᠯᠢᠭ᠋ ᠪᠣᠳᠤᠵᠤ ᠨᠢᠮᠪᠠᠢ ᠲᠥᠯᠥᠪᠯᠡᠨ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢ ᠦᠨᠡᠨ ᠬᠦ᠌ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃
ᠵᠣᠭᠣᠰ᠎ᠤᠨ ᠤ ᠯᠠᠪᠳᠠᠭᠤᠨ ᠲᠦᠷᠦ ᠶᠢᠨ ᠪᠣᠳᠣᠯᠭ᠎ᠠ᠎ᠶᠢ ᠠᠮᠢᠳᠤᠯᠢᠭ᠋ ᠪᠥᠭᠡᠳ ᠲᠣᠬᠢᠷᠠᠮᠵᠢᠲᠠᠢ᠂ ᠨᠠᠷᠢᠯᠢᠭ᠋ ᠣᠨᠣᠴᠠᠲᠠᠢ ᠪᠥᠭᠡᠳ ᠪᠦᠲᠦᠮᠵᠢᠲᠡᠶ ᠪᠠᠢᠯᠭᠠᠬᠤ ᠬᠡᠷᠡᠭᠲᠡᠢ᠃ ᠭᠦᠢᠯᠭᠡᠭᠡᠨ᠎ᠤ ᠴᠢᠨᠠᠷ᠎ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠢᠯᠭᠠᠵᠤ᠂ ᠨᠡᠢᠭᠡᠮ᠎ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠣᠰᠤᠨ᠎ᠤ ᠬᠠᠩᠭᠠᠯᠭ᠎ᠠ᠎ᠶᠢᠨ ᠬᠡᠮᠵᠢᠶ᠎ᠡ᠎ᠶᠢ ᠠᠵᠤ ᠠᠬᠤᠢ᠎ᠶᠢᠨ ᠨᠡᠮᠡᠭᠳᠡᠯ ᠪᠠ ᠦᠨ᠎ᠡ ᠬᠠᠩᠰᠢ᠎ᠶᠢᠨ ᠲᠦᠪᠰᠢᠨ᠎ᠤ ᠵᠢᠱ᠌ᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ ᠬᠡᠮᠵᠢᠶ᠎ᠡ ᠪᠠ ᠪᠦᠲᠦᠴᠡ᠎ᠶᠢᠨ ᠳᠠᠪᠬᠤᠷ ᠲᠣᠬᠢᠷᠠᠭᠤᠯᠭ᠎ᠠ᠎ᠶᠢ ᠴᠢᠩᠭᠠᠳᠬᠠᠵᠤ᠂ ᠬᠠᠳᠠᠭᠠᠯᠠᠯᠲᠠ᠎ᠶᠢ ᠠᠮᠢᠳᠤᠯᠢᠭ᠍ᠵᠢᠭᠤᠯᠤᠨ᠂ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠣᠣᠯᠳᠠᠯᠭ᠎ᠠ᠎ᠲᠠᠢ ᠬᠦᠷᠢᠶ᠎ᠡ ᠪᠠ ᠪᠠᠭᠤᠷᠠᠢ ᠭᠣᠭᠴᠣᠭ᠎ᠠ ᠶᠢ ᠳᠡᠮᠵᠢᠬᠦ ᠡᠷᠴᠢᠮ᠎ᠢᠶᠠᠨ ᠴᠢᠩᠭᠠᠷᠠᠭᠤᠯᠤᠨ᠎ᠠ᠃ ᠨᠡᠢᠭᠡᠮ᠎ᠤᠨ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠤᠨ ᠦᠷᠳᠡᠭ᠎ᠢ ᠲᠣᠭᠲᠠᠭᠤᠨ ᠪᠠᠢᠯᠭᠠᠬᠤ᠎ᠶᠢᠨ ᠵᠡᠷᠭᠡ᠎ᠳᠤ ᠪᠠᠭᠤᠷᠠᠭᠤᠯᠬᠤ᠎ᠶᠢ ᠠᠬᠢᠭᠤᠯᠤᠨ᠎ᠠ᠃ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠳᠠᠮᠵᠢᠭᠤᠯᠬᠤ ᠲᠣᠭᠲᠠᠴᠠ᠎ᠶᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠥ᠎ᠶᠢᠨ ᠰᠤᠯᠠ ᠳᠠᠷᠤᠭᠳᠠᠬᠤ ᠪᠠ ᠬᠣᠭᠣᠰᠤᠨ ᠡᠷᠭᠢᠯᠳᠦᠬᠦᠡᠴᠠ ᠵᠠᠢᠯᠠᠰᠬᠢᠨ᠎ᠡ᠃ ᠬᠥᠷᠥᠩᠭᠡ ᠶᠢᠨ ᠵᠠᠬ᠎ᠠ ᠳᠡᠯᠭᠡᠭᠦᠷ᠎ᠤᠨ ᠳᠣᠲᠣᠭᠠᠳᠤ᠎ᠶᠢᠨ ᠲᠣᠭᠲᠠᠪᠤᠷᠢᠲᠤ ᠴᠢᠨᠠᠷ᠎ᠢ ᠨᠡᠮᠡᠭᠳᠡᠭᠦᠯᠦᠨ᠎ᠡ᠃ ᠠᠷᠠᠳ᠎ᠤᠨ ᠵᠣᠭᠣᠰ᠎ᠤᠨ ᠭᠤᠪᠢᠭᠤᠯᠭ᠎ᠠ᠎ᠶᠢᠨ ᠨᠤᠷᠮ᠎ᠠ᠎ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ᠎ᠤᠨ ᠮᠥᠩᠭᠥᠨ ᠭᠦᠢᠯᠭᠡᠭᠡ᠂ ᠨᠣᠭᠣᠭᠠᠨ ᠮᠥᠩᠭᠥᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠂ ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠢᠯᠭᠡᠭᠡ᠂ ᠳ᠋ᠢᠵᠢᠲ᠋ᠠᠯ ᠮᠥᠩᠭᠥᠨ ᠭᠦᠢᠯᠭᠡᠭᠡ᠎ᠶᠢ ᠶᠡᠬᠡ᠎ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ᠎ᠶᠢᠨ ᠢᠲᠡᠭᠡᠮᠵᠢ᠎ᠶᠢ ᠨᠡᠮᠡᠭᠳᠡᠭᠦᠯᠬᠦ᠂ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠡᠷᠡᠭᠴᠡᠭᠡ᠎ᠶᠢ ᠨᠠᠩ ᠰᠠᠢᠨ ᠬᠠᠩᠭᠠᠨ᠎ᠠ᠃
ᠬᠣᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠢ ᠴᠢᠩᠭᠠᠳᠬᠠᠨ᠎ᠠ᠃ ᠬᠥᠭᠵᠢᠯᠲᠡ᠎ᠶᠢᠨ ᠶᠡᠬᠡ ᠲᠠᠯ᠎ᠠ᠎ᠲᠠᠢ ᠤᠶᠠᠯᠳᠤᠭᠤᠯᠵᠤ᠂ ᠡᠳ᠋᠎ᠤᠨ ᠵᠠᠰᠠᠭ᠂ ᠵᠣᠭᠣᠰ᠂ ᠠᠵᠢᠯ ᠣᠯᠭᠣᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ᠎ᠶᠢᠨ ᠬᠠᠮᠠᠭᠠᠯᠠᠯᠲᠠ ᠵᠡᠷᠭᠡ ᠲᠥᠷᠥ᠎ᠶᠢᠨ ᠪᠣᠳᠣᠯᠭ᠎ᠠ᠎ᠶᠢᠨ ᠵᠣᠬᠢᠴᠠᠭᠤᠯᠭ᠎ᠠ ᠬᠠᠮᠵᠢᠯᠴᠠᠭ᠎ᠠ᠎ᠶᠢ ᠴᠢᠩᠭᠠᠳᠬᠠᠵᠤ᠂ ᠠᠵᠤ ᠠᠬᠤᠢ᠎ᠶᠢᠨ ᠪᠤᠰᠤ ᠲᠥᠷᠥ᠎ᠶᠢᠨ ᠪᠣᠳᠣᠯᠭ᠎ᠠ᠎ᠶᠢ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠤᠨ ᠦᠨᠡᠯᠡᠨ ᠵᠢᠱ᠌ᠢᠯᠲᠡ᠎ᠳᠤ ᠣᠷᠣᠭᠤᠯᠵᠤ᠂ ᠲᠥᠷᠥ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠨ᠂ ᠢᠵᠢᠯ ᠴᠢᠭᠯᠡᠯ᠎ᠢᠶᠠᠷ ᠬᠦᠴᠦᠯᠡᠵᠦ᠂ ᠨᠡᠢᠯᠡᠯ ᠬᠦᠴᠦᠨ᠎ᠢ ᠪᠦᠷᠢᠯᠳᠦᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠲᠦᠷᠦ᠎ᠶᠢᠨ ᠪᠣᠳᠣᠯᠭ᠎ᠠ ᠲᠣᠭᠲᠠᠭᠠᠬᠤ᠎ᠳᠠᠭᠠᠨ ᠡᠯ᠎ᠡ ᠲᠠᠯ᠎ᠠ᠎ᠶᠢᠨ ᠬᠢᠨ᠎ᠤ ᠰᠠᠨᠠᠯ᠎ᠢ ᠬᠢᠨᠠᠮᠠᠭᠠᠢ ᠰᠣᠨᠣᠰᠬᠤ ᠪᠠ ᠰᠢᠩᠭᠡᠬᠡᠨ ᠠᠪᠴᠤ᠂ ᠠᠵᠤ ᠠᠬᠤᠢᠯᠠᠯ᠎ᠳᠤ ᠬᠣᠯᠪᠣᠭᠳᠠᠬᠤ ᠲᠦᠷᠦ᠎ᠶᠢᠨ ᠪᠣᠳᠣᠯᠭ᠎ᠠ᠎ᠶᠢᠨ ᠵᠠᠬ᠎ᠠ ᠳᠡᠯᠭᠡᠭᠦᠷ᠎ᠲᠠᠢ ᠨᠡᠪᠲᠡᠷᠡᠯᠴᠡᠬᠦ ᠪᠠ ᠠᠵᠤ ᠠᠬᠤᠢᠯᠠᠯ᠎ᠤᠨ ᠠᠩᠬᠠᠷᠤᠯ ᠲᠠᠯᠪᠢᠵᠤ ᠪᠠᠢᠭ᠎ᠠ ᠵᠦᠢᠯ᠎ᠳᠤ ᠬᠠᠷᠢᠭᠤᠯᠲᠠ ᠥᠭᠬᠦ᠎ᠶᠢ ᠴᠢᠬᠤᠯᠠᠴᠢᠯᠠᠬᠤ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠳᠡᠭᠡᠨ ᠬᠠᠮᠵᠢᠯᠴᠠᠵᠤ ᠬᠣᠯᠪᠣᠯᠳᠤᠨ ᠬᠥᠳᠡᠯᠦᠯᠴᠡᠬᠦ᠎ᠶᠢ ᠴᠢᠩᠭᠠᠳᠬᠠᠵᠤ᠂ ᠨᠡᠢᠯᠡᠮᠡᠯ ᠦᠢᠯᠡᠳᠦᠯ᠎ᠢ ᠶᠡᠬᠡᠰᠬᠡᠵᠦ᠂ ᠨᠢᠭᠡ᠎ᠶᠢ ᠨᠢ ᠠᠩᠬᠠᠷᠤᠭᠠᠳ ᠨᠦᠬᠦᠭᠡ᠎ᠶᠢ ᠨᠢ ᠤᠷᠬᠢᠬᠤ ᠪᠠ ᠬᠠᠷᠢᠯᠴᠠᠨ ᠬᠠᠷᠰᠢᠯᠠᠬᠤᠡᠴᠠ ᠰᠡᠷᠭᠡᠢᠯᠡᠬᠦ ᠬᠡᠷᠡᠭᠲᠡᠢ᠃
ᠨᠥᠭᠡᠴᠡ ᠲᠥᠷᠥ᠎ᠶᠢᠨ ᠪᠣᠳᠣᠯᠭ᠎ᠠ᠎ᠶᠢ ᠰᠤᠳᠤᠯᠬᠤ᠎ᠳᠠᠭᠠᠨ ᠪᠠᠷᠠᠯᠠᠬᠢᠯᠠᠯᠲᠤ ᠴᠢᠨᠠᠷ᠎ᠢ ᠨᠢ ᠴᠢᠩᠭᠠᠷᠠᠭᠤᠯᠤᠨ᠂ ᠪᠠᠭᠠᠵᠢ᠎ᠶᠢᠨ ᠬᠠᠢᠷᠴᠠᠭ᠎ᠢ ᠨᠢ ᠪᠠᠶᠠᠯᠢᠭ᠍ᠵᠢᠭᠤᠯᠬᠤ᠎ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ ᠦᠶ᠎ᠡ᠎ᠳᠤ ᠴᠠᠭ ᠲᠤᠬᠠᠢ ᠳ᠋ᠤᠨᠢ ᠬᠡᠷᠡᠭᠵᠢᠭᠦᠯᠬᠦ ᠪᠠ ᠦᠢᠯᠡᠳᠦᠯ᠎ᠢ ᠨᠢ ᠪᠦᠲᠦᠮᠵᠢᠲᠡᠢ ᠪᠠᠳᠠᠷᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠢ ᠮᠥᠷᠳᠡᠨ ᠦᠨᠡᠯᠡᠨ ᠵᠢᠱ᠌ᠢᠬᠦ᠎ᠶᠢ ᠴᠢᠩᠭᠠᠳᠬᠠᠵᠤ᠂ ᠠᠵᠤ ᠠᠬᠤᠢᠯᠠᠯ ᠪᠠ ᠣᠯᠠᠨ ᠲᠦᠮᠡᠨ᠎ᠤ ᠲᠠᠭᠠᠰᠢᠶᠠᠯ᠎ᠤᠨ ᠬᠡᠮᠵᠢᠶ᠎ᠡ᠎ᠪᠠᠷ ᠴᠢᠬᠤᠯᠠ ᠪᠠᠷᠢᠮᠵᠢᠶ᠎ᠠ ᠪᠣᠯᠭᠠᠵᠤ᠂ ᠴᠠᠭ ᠲᠤᠬᠠᠢ ᠳ᠋ᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠢᠯᠤᠮᠵᠢ᠎ᠶᠢ ᠨᠠᠷᠢᠯᠢᠭ᠋ ᠣᠨᠣᠴᠠᠲᠠᠢ ᠰᠠᠢᠲᠤᠷ ᠬᠢᠵᠦ᠂ ᠲᠣᠭᠲᠠᠭᠤᠨ ᠪᠥᠭᠡᠳ ᠢᠯᠡ ᠲᠣᠳᠣ᠌ ᠵᠢᠱ᠌ᠢᠵᠦ ᠪᠣᠯᠬᠤᠢᠴᠠ ᠲᠦᠷᠦ᠎ᠶᠢᠨ ᠪᠣᠳᠣᠯᠭ᠎ᠠ᠎ᠶᠢᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃
ᠡᠨᠡ ᠵᠢᠯ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠤ᠂ ᠡᠷᠬᠡᠪᠰᠢ ᠰᠢ᠎ᠶᠢᠨ ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ᠎ᠢᠶᠠᠨ ᠲᠥᠪᠯᠡᠷᠡᠭᠦᠯᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠰᠢᠰᠲᠧᠮ᠎ᠤᠨ ᠦᠵᠡᠯᠲᠡ᠎ᠪᠠᠨ ᠴᠢᠩᠭᠠᠳᠬᠠᠵᠤ᠂ ᠴᠢᠬᠤᠯᠠ ᠶᠡᠬᠡ ᠬᠠᠷᠢᠴᠠᠭ᠎ᠠ᠎ᠶᠢ ᠡᠵᠡᠮᠳᠡᠬᠦ ᠪᠠ ᠰᠠᠢᠲᠤᠷ ᠰᠢᠢᠳᠪᠦᠷᠢᠯᠡᠵᠦ᠂ ᠡᠯ᠎ᠡ ᠵᠦᠢᠯ᠎ᠤᠨ ᠠᠵᠢᠯ᠎ᠢ ᠪᠦᠬᠦᠯᠢ ᠴᠣᠭᠴᠠᠡᠴᠠ ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠋᠎ᠢ ᠤᠷᠢᠳ᠎ᠢᠶᠠᠷ ᠪᠣᠳᠣᠯᠬᠢᠯᠠᠬᠤ᠎ᠶᠢ ᠪᠠᠷᠢᠮᠲᠠᠯᠠᠵᠤ᠂ ᠦᠨᠳᠦᠰᠦ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ᠎ᠢ ᠴᠢᠩᠭᠠᠳᠬᠠᠨ᠂ ᠠᠵᠤ ᠠᠬᠤᠢᠯᠠᠯ ᠪᠣᠯᠣᠨ ᠤᠯᠠᠨ ᠲᠦᠮᠡᠨ᠎ᠤ ᠬᠦᠰᠡᠯ ᠡᠷᠡᠮᠡᠯᠵᠡᠯ᠎ᠤᠨ ᠳᠤᠮᠳᠠᠡᠴᠠ ᠠᠵᠢᠯ᠎ᠤᠨ ᠪᠣᠳᠣᠯᠬᠢᠯᠠᠬᠤ ᠴᠡᠭ᠂ ᠲᠦᠷᠦ᠎ᠶᠢᠨ ᠪᠣᠳᠣᠯᠭ᠎ᠠ᠎ᠶᠢᠨ ᠬᠦᠴᠦᠯᠡᠬᠦ ᠴᠡᠭ᠎ᠢ ᠣᠨᠣᠪᠴᠢᠲᠠᠢ ᠡᠷᠢᠵᠦ ᠣᠯᠬᠤ᠎ᠶᠢ ᠴᠢᠬᠤᠯᠠᠴᠢᠯᠠᠨ᠂ ᠪᠦᠬᠦ ᠵᠢᠯ᠎ᠤᠨ ᠨᠡᠮᠡᠭᠳᠡᠯ᠎ᠤᠨ ᠬᠠᠷᠠᠯᠲᠠ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠰᠠᠢᠨ ᠦᠢᠯᠡᠳᠦᠯᠴᠡᠭᠦᠯᠬᠦ᠎ᠶᠢ ᠪᠠᠷᠢᠮᠲᠠᠯᠠᠵᠤ᠂ ᠠᠮᠤᠷ ᠲᠦᠪᠰᠢᠨ᠎ᠤ ᠬᠢᠵᠠᠭᠠᠷ ᠱᠤᠭᠤᠮ᠎ᠢ ᠪᠠᠲᠤ ᠰᠠᠬᠢᠭ᠍ᠰᠠᠨ ᠤᠷᠢᠲᠠᠯ ᠳᠣᠣᠷ᠎ᠠ᠂ ᠬᠥᠭᠵᠢᠯᠲᠡ᠎ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠢᠯᠠᠯ᠎ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠬᠦ ᠠᠰᠠᠭᠤᠳᠠᠯ᠎ᠳᠤ ᠬᠥᠭᠵᠢᠯᠲᠡ᠎ᠶᠢᠨ ᠰᠡᠳᠬᠢᠬᠦᠢ᠎ᠪᠠᠷ ᠬᠠᠨᠳᠤᠬᠤ᠎ᠶᠢ ᠴᠢᠬᠤᠯᠠᠴᠢᠯᠠᠵᠤ᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢᠭ᠎ᠠ ᠵᠦᠢᠯ᠎ᠢ ᠰᠢᠢᠳᠪᠦᠷᠢᠯᠡᠬᠦ ᠳᠤᠮᠳᠠ ᠠᠵᠤ ᠠᠬᠤᠢ᠎ᠶᠢᠨ ᠰᠢᠨ᠎ᠡ ᠨᠡᠮᠡᠭᠳᠡᠯ᠎ᠤᠨ ᠴᠡᠭ᠎ᠢ ᠪᠣᠢᠵᠢᠭᠤᠯᠬᠤ ᠬᠡᠷᠡᠭᠲᠡᠢ᠃ ᠦᠨᠳᠦᠰᠦᠨᠡᠴᠠ ᠨᠢ ᠠᠪᠴᠤ ᠬᠡᠯᠡᠪᠡᠯ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠥᠭᠡᠷᠡᠴᠢᠯᠡᠯᠲᠡ᠎ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠬᠡ ᠡᠷᠡᠰ ᠵᠣᠷᠢᠭ᠋ ᠪᠠ ᠡᠷᠴᠢᠮ᠎ᠢᠶᠠᠷ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠢᠯᠲᠠ᠎ᠲᠠᠢ ᠵᠠᠰᠠᠭ᠎ᠤᠨ ᠣᠷᠳᠣᠨ᠎ᠢ ᠨᠡᠩ ᠰᠠᠢᠨ ᠤᠶᠠᠯᠳᠤᠭᠤᠯᠬᠤ᠎ᠶᠢ ᠠᠬᠢᠭᠤᠯᠵᠤ᠂ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ᠎ᠶᠢᠨ ᠨᠡᠩ ᠶᠡᠬᠡ ᠰᠢᠨ᠎ᠡ ᠠᠮᠵᠢᠯᠲᠠ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃
ᠭᠤᠷᠪᠠ᠂ 2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ
ᠨᠠᠮ᠎ᠤᠨ ᠲᠥᠪ ᠬᠣᠷᠢᠶ᠎ᠠ ᠡᠨᠡ ᠵᠢᠯ᠎ᠤᠨ ᠠᠵᠢᠯ᠎ᠳᠤ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠣᠣᠯ ᠵᠥᠷᠢᠴᠡᠯ᠎ᠢ ᠴᠢᠩᠭ᠎ᠠ ᠠᠳᠬᠤᠵᠤ᠂ ᠪᠣᠭᠣᠮᠢ ᠬᠢᠵᠠᠭᠠᠷᠯᠠᠯ᠎ᠢ ᠬᠦᠴᠦᠯᠡᠨ ᠰᠢᠪᠲᠤᠯᠵᠤ᠂ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ᠃
(ᠨᠢᠭᠡ) ᠣᠳᠣᠬᠢᠴᠢᠯᠠᠭᠰᠠᠨ ᠠᠵᠤ ᠦᠢᠯᠡᠰ᠎ᠤᠨ ᠰᠢᠰᠲᠧᠮ᠎ᠤᠨ ᠪᠠᠢᠭᠤᠯᠤᠯᠲᠠ᠎ᠶᠢ ᠶᠡᠬᠡ᠎ᠪᠠᠷ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠯᠡᠨ ᠬᠥᠭᠵᠢᠭᠦᠯᠦᠨ᠎ᠡ᠃ ᠰᠢᠨ᠎ᠡ᠎ᠶᠢ ᠡᠭᠦᠳᠬᠦ᠎ᠶᠢᠨ ᠭᠣᠣᠯ ᠤᠳᠤᠷᠢᠳᠤᠮᠵᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢᠯᠡᠰ᠎ᠤᠨ ᠰᠢᠨ᠎ᠡ ᠡᠭᠦᠳᠦᠯᠲᠡ᠎ᠶᠢ ᠠᠬᠢᠭᠤᠯᠵᠤ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠲᠦᠷᠭᠡᠯᠡᠨ ᠠᠬᠢᠭᠤᠯᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ᠎ᠤᠨ ᠨᠤᠷᠮ᠎ᠠ᠎ᠶᠢ ᠳᠡᠭᠡᠭᠰᠢᠯᠡᠭᠦᠯᠦᠨ᠂ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠋᠎ᠢ ᠲᠠᠰᠤᠷᠠᠯᠲᠠ ᠦᠭᠡᠢ ᠪᠣᠶ ᠪᠣᠯᠭᠠᠵᠤ᠂ ᠨᠡᠢᠭᠡᠮ᠎ᠤᠨ ᠦᠢᠯᠡᠳᠪᠦᠷᠢᠯᠡᠯ᠎ᠤᠨ ᠬᠦᠴᠦᠨ᠎ᠤ ᠰᠢᠨ᠎ᠡ ᠳᠡᠭᠡᠭᠰᠢᠯᠡᠯᠲᠡ᠎ᠶᠢ ᠠᠬᠢᠭᠤᠯᠤᠨ᠎ᠠ᠃
ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠰᠢᠯᠢᠳᠡᠭᠵᠢᠭᠦᠯᠦᠨ ᠲᠡᠰ ᠳᠡᠪᠰᠢᠭᠦᠯᠬᠦ᠎ᠶᠢ ᠠᠬᠢᠭᠤᠯᠤᠨ᠎ᠠ᠃ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠲᠣᠭᠲᠠᠭᠤᠨ ᠠᠵᠢᠯᠯᠠᠭ᠎ᠠ᠎ᠶᠢ ᠪᠠᠲᠤᠯᠠᠨ᠎ᠠ᠃ ᠦᠢᠯᠡᠳᠬᠦ ᠦᠢᠯᠡᠰ᠎ᠤᠨ ᠭᠣᠣᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶᠢ ᠴᠢᠨᠠᠷ ᠰᠠᠢᠲᠠᠢ ᠬᠥᠭᠵᠢᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠳᠤᠲᠠᠭᠤᠳᠠᠯ᠎ᠢᠶᠠᠨ ᠨᠥᠬᠥᠪᠦᠷᠢᠯᠡᠬᠦ᠂ ᠳᠠᠪᠠᠭᠤᠯᠢᠭ᠋᠎ᠢᠶᠠᠨ ᠪᠠᠳᠠᠷᠠᠭᠤᠯᠬᠤ᠂ ᠰᠢᠨ᠎ᠡ ᠳᠠᠪᠠᠭᠤᠯᠢᠭ᠋᠎ᠢ ᠪᠤᠢ ᠪᠤᠯᠭᠠᠬᠤ᠎ᠪᠠᠷ ᠬᠦᠴᠦᠯᠡᠵᠦ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ᠎ᠢ ᠴᠢᠩᠭᠠᠳᠬ᠍ᠨᠠ᠃ ᠦᠢᠯᠡᠳᠬᠦ ᠦᠢᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠲᠡᠷᠢᠭᠦᠨ᠎ᠤ ᠦᠢᠯᠡᠳᠬᠦ ᠦᠢᠯᠡᠰ᠎ᠤᠨ ᠪᠥᠭᠡᠭᠡᠨᠡᠷᠡᠯ᠎ᠢ ᠪᠣᠢᠵᠢᠭᠤᠯᠤᠨ ᠪᠤᠵᠠᠭᠠᠢᠷᠠᠭᠤᠯᠵᠤ᠂ ᠤᠯᠤᠰ᠎ᠤᠨ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢᠭᠤᠯᠵᠤ᠂ ᠤᠯᠠᠮᠵᠢᠯᠠᠯᠲᠤ ᠠᠵᠤ ᠦᠢᠯᠡᠰ᠎ᠢ ᠳᠡᠭᠡᠳᠦ ᠲᠡᠰᠴᠢᠯᠡᠬᠦ᠂ ᠣᠶᠤᠨᠴᠢᠯᠠᠬᠤ᠂ ᠨᠤᠭᠤᠭᠠᠨᠵᠢᠭᠤᠯᠬᠤ ᠬᠡᠯᠪᠡᠷᠢ᠎ᠶᠢᠨ ᠬᠤᠪᠢᠷᠠᠭᠤᠯᠤᠯᠲᠠ᠎ᠶᠢ ᠠᠬᠢᠭᠤᠯᠤᠨ᠎ᠠ᠃ ᠤᠳᠤ ᠦᠶ᠎ᠡ᠎ᠶᠢᠨ ᠦᠢᠯᠡᠳᠪᠦᠷᠢᠯᠡᠯ᠎ᠤᠨ ᠴᠢᠨᠠᠷᠲᠠᠢ ᠦᠢᠯᠡᠴᠢᠯᠡᠭᠡᠨ᠎ᠤ ᠦᠢᠯᠡᠰ᠎ᠢ ᠲᠦᠷᠭᠡᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠢᠯᠠᠯ᠎ᠤᠨ ᠲᠤᠰᠬᠠᠢ ᠨᠠᠷᠢᠯᠢᠭ᠋ ᠥᠪᠡᠷᠮᠢᠴᠡ ᠰᠢᠨ᠎ᠡ ᠬᠥᠭᠵᠢᠯᠲᠡ᠎ᠶᠢ ᠠᠬᠢᠭᠤᠯᠤᠨ᠎ᠠ᠃ ᠤᠷᠠᠨ ᠲᠠᠷᠬᠠᠨ᠎ᠤ ᠵᠤᠷᠢᠭ ᠰᠠᠨᠠᠭ᠎ᠠ ᠵᠢ ᠪᠠᠲᠠᠷᠠᠭᠤᠯᠤᠨ᠎ᠠ᠃ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ᠎ᠢᠶᠠᠷ ᠲᠤᠯᠭᠠᠭᠤᠷᠢᠯᠠᠬᠤ᠎ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ《ᠳᠤᠮᠳᠠᠳᠤ ᠤᠯᠤᠰ᠎ᠤᠨ ᠦᠢᠯᠡᠳᠬᠦ ᠦᠢᠯᠡᠰ》 ᠤ᠋ᠨ ᠨᠠᠷᠠᠲᠤ ᠲᠡᠮᠳᠡᠭ᠎ᠢ ᠨᠠᠩ ᠣᠯᠠᠨ ᠪᠣᠶ ᠪᠣᠯᠭᠠᠨ᠎ᠠ᠃
ᠰᠢᠨ᠎ᠡ᠎ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ᠎ᠶᠢᠨ ᠠᠵᠤ ᠦᠢᠯᠡᠰ᠎ᠢ ᠢᠳᠡᠪᠬᠢᠲᠡᠢ ᠪᠣᠢᠵᠢᠭᠤᠯᠤᠨ᠎ᠠ᠃ ᠠᠵᠤ ᠦᠢᠯᠡᠰ᠎ᠤᠨ ᠰᠢᠨ᠎ᠡ᠎ᠶᠢ ᠡᠭᠦᠳᠬᠦ᠎ᠪᠠᠷ ᠬᠥᠲᠥᠯᠥᠨ ᠳᠠᠭᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠠᠵᠤ ᠦᠢᠯᠡᠰ ᠤᠨ ᠠᠮᠢ ᠠᠬᠤᠢ᠎ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ ᠪᠠᠢᠳᠠᠯ᠎ᠢ ᠥᠷᠭᠡᠳᠬᠡᠨ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢᠯᠡᠰ᠎ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ᠎ᠶᠢ ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ᠎ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ᠎ᠤᠨ ᠲᠡᠷᠢᠭᠦᠯᠡᠬᠦ ᠳᠠᠪᠠᠭᠤᠯᠢᠭ᠋᠎ᠢ ᠪᠡᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲᠧᠷᠢᠶᠠᠯ᠂ ᠰᠢᠨ᠎ᠡ᠎ᠶᠢ ᠡᠭᠦᠳᠦᠭᠰᠡᠨ ᠡᠮ ᠵᠡᠷᠭᠡ ᠰᠢᠨ᠎ᠡ᠎ᠪᠠᠷ ᠬᠥᠭᠵᠢᠭᠰᠡᠨ ᠬᠣᠰᠢᠭᠤᠷᠠᠯ ᠠᠵᠤ ᠦᠢᠯᠡᠰ᠎ᠤᠨ ᠬᠥᠭᠵᠢᠯᠲᠡ᠎ᠶᠢ ᠲᠦᠷᠭᠡᠳᠬᠡᠵᠦ᠂ ᠠᠮᠢᠳᠤ ᠪᠣᠳᠠᠰ᠎ᠤᠨ ᠦᠢᠯᠡᠳᠬᠦ ᠦᠢᠯᠡᠰ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠳᠣᠣᠷ᠎ᠠ ᠠᠭᠠᠷ᠎ᠤᠨ ᠠᠵᠤ ᠠᠬᠤᠢ ᠵᠡᠷᠭᠡ ᠰᠢᠨ᠎ᠡ ᠨᠡᠮᠡᠭᠳᠡᠯ᠎ᠤᠨ ᠬᠥᠳᠡᠯᠭᠡᠭᠦᠷ᠎ᠢ ᠢᠳᠡᠪᠬᠢᠲᠡᠢ ᠪᠤᠢ ᠪᠣᠯᠭᠠᠨ᠎ᠠ᠃ ᠢᠷᠡᠭᠡᠳᠦᠢ᠎ᠶᠢᠨ ᠠᠵᠤ ᠦᠢᠯᠡᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ ᠨᠠᠰᠤᠨ᠎ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠂ ᠨᠢᠭᠡ ᠪᠦᠯᠦᠭ ᠢᠷᠡᠭᠡᠳᠦᠢ᠎ᠶᠢᠨ ᠠᠵᠤ ᠦᠢᠯᠡᠰ᠎ᠤᠨ ᠬᠣᠰᠢᠭᠤᠴᠢ ᠣᠷᠣᠨ᠎ᠢ ᠡᠭᠦᠳᠦᠨ ᠪᠠᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ ᠰᠲ᠋ᠣᠺ᠎ᠤᠨ ᠡᠷᠬᠡ᠎ᠶᠢᠨ ᠪᠡᠯᠡ ᠣᠷᠣᠭᠤᠯᠤᠯᠲᠠ᠎ᠶᠢ ᠬᠥᠭᠵᠢᠭᠦᠯᠬᠦ᠎ᠶᠢ ᠵᠣᠷᠢᠭ᠍ᠵᠢᠭᠤᠯᠵᠤ᠂ ᠠᠵᠤ ᠦᠢᠯᠡᠰ᠎ᠤᠨ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠴᠢᠳᠠᠮᠵᠢ᠎ᠶᠢ ᠰᠢᠯᠢᠳᠡᠭᠵᠢᠭᠦᠯᠦᠨ᠎ᠡ᠃ ᠭᠣᠣᠯᠳᠠᠯᠭ᠎ᠠ᠎ᠲᠠᠢ ᠠᠵᠢᠯ ᠲᠥᠷᠥᠯ᠎ᠤᠨ ᠨᠢᠭᠡᠳᠦᠯᠲᠡᠢ ᠲᠥᠯᠥᠪᠯᠡᠨ ᠪᠠᠢᠷᠢᠯᠠᠭᠤᠯᠬᠤ ᠪᠠ ᠪᠡᠯᠡ ᠣᠷᠣᠭᠤᠯᠤᠯᠲᠠ᠎ᠶᠢ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ᠎ᠳᠤ ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ᠎ᠶᠢ ᠰᠡᠷᠭᠡᠢᠯᠡᠨ᠎ᠡ᠃
ᠳ᠋ᠢᠵᠢᠲ᠋ᠠᠯ ᠠᠵᠤ ᠠᠬᠤᠢ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠣᠭᠲᠠᠭᠠᠵᠤ᠂ ᠳ᠋ᠢᠵᠢᠲ᠋ᠠᠯ᠎ᠤᠨ ᠠᠵᠤ ᠦᠢᠯᠡᠰᠵᠢᠯᠲᠡ ᠪᠠ ᠠᠵᠤ ᠦᠢᠯᠡᠰ᠎ᠤᠨ ᠳ᠋ᠢᠵᠢᠲ᠋ᠠᠯᠴᠢᠯᠠᠯᠲᠠ᠎ᠶᠢ ᠢᠳᠡᠪᠬᠢᠲᠡᠢ ᠠᠬᠢᠭᠤᠯᠵᠤ᠂ ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠲᠣᠮᠣ᠌ ᠳ᠋ᠠᠢᠲ᠋ᠠ᠂ ᠵᠣᠬᠢᠶᠠᠮᠠᠯ ᠣᠶᠤᠯᠢᠭ᠋ ᠵᠡᠷᠭᠡ᠎ᠶᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠭᠦᠨᠵᠡᠭᠡᠢᠷᠡᠭᠦᠯᠵᠦ᠂《ᠵᠣᠬᠢᠶᠠᠮᠠᠯ ᠤᠶᠤᠯᠢᠭ᠋ +》ᠠᠵᠢᠯᠯᠠᠭ᠎ᠠ᠎ᠶᠢ ᠥᠷᠨᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ᠎ᠤᠨ ᠪᠥᠭᠡᠭᠡᠨᠡᠷᠡᠯ᠎ᠢ ᠪᠤᠢ ᠪᠣᠯᠭᠠᠨ᠎ᠠ᠃ ᠦᠢᠯᠡᠳᠬᠦ ᠦᠢᠯᠡᠰ᠎ᠤᠨ ᠬᠡᠯᠪᠡᠷᠢ᠎ᠶᠢ ᠳ᠋ᠢᠵᠢᠲ᠋ᠠᠯᠴᠢᠯᠠᠭᠰᠠᠨ ᠲᠡᠢᠰᠢ ᠬᠤᠪᠢᠷᠠᠭᠤᠯᠬᠤ ᠠᠵᠢᠯᠯᠠᠭ᠎ᠠ᠎ᠶᠢ ᠬᠡᠷᠡᠭᠵᠢᠭᠦᠯᠵᠦ᠂ ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ᠎ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ᠎ᠶᠢ ᠲᠦᠷᠭᠡᠳᠬᠡᠵᠦ᠂ ᠦᠢᠯᠡᠴᠢᠯᠡᠭᠡᠨ᠎ᠤ ᠦᠢᠯᠡᠰ᠎ᠤᠨ ᠳ᠋ᠢᠵᠢᠲ᠋ᠠᠯᠴᠢᠯᠠᠯᠲᠠ᠎ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ᠎ᠢ ᠪᠦᠲᠦᠭᠡᠨ ᠪᠠᠢᠭᠤᠯᠤᠨ᠎ᠠ᠃ ᠳᠤᠮᠳᠠ ᠵᠢᠵᠢᠭ ᠠᠵᠤ ᠠᠬᠤᠢᠯᠠᠯ᠎ᠳᠤ ᠳ᠋ᠢᠵᠢᠲ᠋ᠠᠯᠵᠢᠭᠤᠯᠤᠨ ᠡᠨᠧᠷᠭᠢ ᠣᠯᠭᠣᠬᠤ ᠲᠤᠰᠬᠠᠢ ᠠᠵᠢᠯᠯᠠᠭ᠎ᠠ᠎ᠶᠢ ᠭᠦᠨᠵᠡᠭᠡᠢ ᠥᠷᠨᠢᠭᠦᠯᠦᠨ᠎ᠡ᠃ ᠲᠠᠪᠴᠠᠩ᠎ᠤᠨ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ᠎ᠶᠢ ᠠᠬᠢᠭᠤᠯᠬᠤ᠂ ᠠᠵᠢᠯ ᠣᠯᠭᠣᠯᠲᠠ ᠶᠢ ᠨᠡᠮᠡᠭᠳᠡᠭᠦᠯᠬᠦ᠂ ᠤᠯᠠᠨ ᠤᠯᠤᠰ᠎ᠤᠨ ᠥᠷᠢᠰᠦᠯᠳᠦᠭᠡᠨ ᠳᠤᠮᠳᠠ ᠡᠷᠳᠡᠮ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠬᠤ᠎ᠶᠢ ᠳᠡᠮᠵᠢᠨ᠎ᠡ᠃ ᠳ᠋ᠠᠢᠲ᠋ᠠ᠎ᠶᠢᠨ ᠰᠠᠭᠤᠷᠢ ᠳᠦᠷᠢᠮ᠎ᠢ ᠪᠦᠷᠢᠨᠰᠢᠭᠦᠯᠵᠦ᠂ ᠳ᠋ᠠᠢᠲ᠋ᠠ᠎ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠ ᠭᠦᠢᠯᠭᠡᠭᠡ᠎ᠳᠤ ᠣᠷᠣᠭᠤᠯᠵᠤ ᠬᠡᠷᠡᠭᠯᠡᠬᠦ᠎ᠶᠢ ᠶᠡᠬᠡ᠎ᠪᠠᠷ ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ᠎ᠶᠢ ᠵᠣᠬᠢᠰᠲᠠᠢ ᠤᠷᠢᠳᠴᠢᠯᠠᠨ ᠪᠦᠲᠦᠭᠡᠨ ᠪᠠᠢᠭᠤᠯᠵᠤ᠂ ᠪᠦᠬᠦ ᠤᠯᠤᠰ᠎ᠲᠤ ᠨᠢᠭᠡ ᠴᠣᠭᠴᠠᠵᠢᠭ᠍ᠰᠠᠨ ᠪᠤᠳᠤᠬᠤ ᠬᠦᠴᠦᠨ᠎ᠤ ᠰᠢᠰᠲᠧᠮ᠎ᠢ ᠲᠦᠷᠭᠡᠯᠡᠨ ᠪᠤᠢ ᠪᠣᠯᠭᠠᠵᠦ᠂ ᠪᠤᠳᠤᠬᠤ ᠬᠦᠴᠦᠨ᠎ᠤ ᠠᠵᠦ ᠦᠢᠯᠡᠰ᠎ᠤᠨ ᠠᠮᠢ ᠠᠬᠤᠢ ᠵᠢ ᠪᠤᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ ᠳ᠋ᠢᠵᠢᠲ᠋ᠠᠯ ᠬᠤᠪᠢᠰᠤᠯᠲᠠ᠎ᠪᠠᠷ ᠠᠵᠤ ᠠᠬᠤᠢ᠎ᠶᠢᠨ ᠬᠥᠭᠵᠢᠯᠲᠡ᠎ᠳᠤ ᠡᠨᠧᠷᠬᠢ ᠣᠯᠭᠣᠵᠤ᠂ ᠠᠷᠠᠳ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠨᠡᠢᠭᠡᠮ᠎ᠤᠨ ᠵᠠᠰᠠᠯᠲᠠ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃
(ᠬᠣᠶᠠᠷ) ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠠᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢᠨ ᠰᠠᠭᠤᠷᠢ ᠲᠤᠯᠭᠠᠭᠤᠷᠢᠯᠠᠯ᠎ᠢ ᠴᠢᠩᠭᠠᠳᠬᠠᠨ᠎ᠠ᠃ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠡᠯᠡ ᠮᠥᠩᠭᠥ᠎ᠶᠢᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢ ᠨᠢᠭᠡ ᠴᠣᠭᠴᠠᠵᠢᠭᠤᠯᠤᠨ ᠪᠠᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ᠎ᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠬᠠᠩᠭᠠᠨ᠎ᠠ᠃
ᠴᠢᠨᠠᠷ ᠰᠠᠢᠲᠠᠢ ᠰᠤᠷᠭᠠᠨ ᠬᠥᠮᠦᠵᠢᠯ᠎ᠤᠨ ᠰᠢᠰᠲᠧᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠨᠠᠮ᠎ᠤᠨ ᠰᠤᠷᠭᠠᠨ ᠬᠥᠮᠦᠵᠢᠯ᠎ᠤᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠯᠲᠡ᠎ᠪᠠᠷ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭᠠᠨ ᠬᠥᠮᠦᠵᠢᠯ᠎ᠤᠨ ᠠᠮᠢᠨ ᠰᠤᠳᠠᠰᠤ ᠪᠣᠯᠭᠠᠬᠤ᠎ᠶᠢ ᠪᠠᠷᠢᠮᠲᠠᠯᠠᠨ᠎ᠠ᠃ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ᠎ᠶᠢᠨ ᠲᠣᠪᠴᠢ᠎ᠶᠢ ᠲᠣᠭᠲᠠᠭᠠᠨ ᠬᠡᠷᠡᠭᠵᠢᠭᠦᠯᠦᠨ᠎ᠡ᠃ ᠶᠣᠰᠣ᠌ ᠰᠤᠷᠲᠠᠬᠤᠨ᠎ᠢ ᠪᠤᠢ ᠪᠣᠯᠭᠠᠨ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠠᠬᠢᠭᠤᠯᠤᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠢᠯᠢᠳᠡᠭ᠎ᠢ ᠨᠢ ᠥᠷᠭᠡᠳᠬᠡᠨ ᠴᠢᠨᠠᠷ᠎ᠢ ᠨᠢ ᠳᠡᠭᠡᠭᠰᠢᠯᠡᠭᠦᠯᠬᠦ ᠠᠵᠢᠯᠯᠠᠭ᠎ᠠ᠎ᠶᠢ ᠥᠷᠨᠢᠭᠦᠯᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ᠎ᠶᠢᠨ ᠨᠢᠭᠡ ᠴᠣᠭᠴᠠᠵᠢᠯᠲᠠ᠎ᠶᠢ ᠲᠦᠷᠭᠡᠳᠬᠡᠵᠦ᠂ ᠬᠥᠳᠡᠭᠡ ᠲᠤᠰᠬᠤᠨ᠎ᠤ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠨᠥᠬᠥᠴᠡᠯ᠎ᠢ ᠰᠠᠢᠵᠢᠷᠠᠭᠤᠯᠤᠨ᠂ 《ᠬᠣᠶᠠᠷ᠎ᠢ ᠬᠥᠩᠭᠡᠷᠡᠭᠦᠯᠬᠦ》 ᠵᠢ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠭᠠᠭᠤᠯᠢ᠎ᠳᠤ ᠣᠷᠣᠬᠤ ᠨᠠᠰᠤᠨᠡᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯ ᠬᠠᠷᠠᠭᠠᠯᠵᠠᠯᠲᠤ ᠬᠥᠭᠵᠢᠯᠲᠡ᠎ᠶᠢ ᠠᠬᠢᠭᠤᠯᠵᠤ᠂ ᠰᠢᠶᠠᠨ᠎ᠤ ᠪᠦᠰᠡ᠎ᠶᠢᠨ ᠡᠩ᠎ᠤᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠲᠤᠮᠲᠠᠲᠤ ᠪᠠᠭ᠎ᠠ ᠰᠤᠷᠭᠠᠭᠤᠯᠢ ᠢ᠋ᠢᠨ ᠪᠠᠬᠰᠢ ᠢ᠋ᠢᠨ ᠵᠢᠭᠠᠨ ᠰᠤᠷᠭᠠᠯᠲᠠ ᠢ᠋ᠢᠨ ᠪᠤᠰᠤ ᠲᠠᠷᠤᠭᠠᠰᠤ ᠵᠢ ᠬᠦᠩᠭᠡᠷᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠤ᠂ ᠠᠷᠠᠳᠡᠴᠠ ᠡᠷᠬᠢᠯᠡᠭᠰᠡᠨ ᠰᠤᠷᠭᠠᠨ ᠬᠥᠮᠦᠵᠢᠯ᠎ᠤᠨ ᠬᠥᠭᠵᠢᠯᠲᠡ᠎ᠶᠢ ᠬᠥᠲᠥᠯᠥᠨ ᠵᠢᠯᠤᠭᠣᠳᠴᠤ ᠵᠢᠷᠤᠮᠵᠢᠭᠤᠯᠤᠨ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠶᠡᠬᠡ᠎ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠤᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢ ᠬᠡᠷᠡᠭᠵᠢᠭᠦᠯᠵᠦ᠂ ᠰᠢᠨᠵᠢᠯᠡᠭᠡᠨ᠎ᠤ ᠰᠠᠯᠠᠭ᠎ᠠ ᠲᠤᠰᠬᠠᠢ ᠮᠡᠷᠭᠡᠵᠢᠯ ᠪᠠ ᠡᠬᠢ ᠪᠠᠶᠠᠯᠢᠭ᠋᠎ᠤᠨ ᠪᠦᠲᠦᠴᠡ ᠪᠠᠢᠷᠢᠯᠠᠭᠤᠯᠤᠯᠲᠠ᠎ᠶᠢ ᠰᠢᠯᠢᠳᠡᠭᠵᠢᠭᠦᠯᠦᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠶᠡᠬᠡ ᠰᠤᠷᠭᠠᠭᠤᠯᠢ ᠪᠠ ᠳᠠᠪᠠᠭᠤᠯᠢᠭ᠋ ᠰᠢᠨᠵᠢᠯᠡᠭᠡᠨ᠎ᠤ ᠰᠠᠯᠠᠭ᠎ᠠ᠎ᠶᠢ ᠲᠦᠷᠭᠡᠯᠡᠨ ᠪᠠᠢᠭᠤᠯᠵᠤ᠂ ᠬᠡᠷᠡᠭᠯᠡᠭᠡᠨ᠎ᠤ ᠬᠡᠯᠪᠡᠷᠢ ᠢ᠋ᠢᠨ ᠵᠢᠩᠬᠢᠨᠢ ᠠᠩᠬᠢ ᠢ᠋ᠢᠨ ᠶᠡᠬᠡ ᠲᠡᠭᠡᠲᠦ ᠰᠤᠷᠭᠠᠭᠤᠯᠢ ᠵᠢ ᠬᠦᠴᠦᠷᠭᠡᠭᠵᠢᠭᠦᠯᠦᠨ ᠪᠠᠢᠭᠤᠯᠵᠦ᠂ ᠳᠤᠮᠳᠠ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠪᠣᠳᠠᠲᠤ ᠬᠦᠴᠦᠨ᠎ᠢ ᠴᠢᠩᠭᠠᠷᠠᠭᠤᠯᠤᠨ᠎ᠠ᠃ ᠰᠤᠷᠤᠬᠴᠢ ᠢ᠋ᠢᠨ ᠰᠡᠳᠬᠢᠴᠡ ᠢ᠋ᠢᠨ ᠡᠷᠡᠭᠦᠯ ᠮᠡᠨᠲᠦ ᠢ᠋ᠢᠨ ᠬᠦᠮᠦᠵᠢᠯ ᠢ᠋ ᠴᠢᠩᠭᠠᠳᠬᠠᠨ᠎ᠠ᠃ ᠳ᠋ᠢᠵᠢᠲ᠋ᠠᠯ ᠰᠤᠷᠭᠠᠨ ᠬᠥᠮᠦᠵᠢᠯ᠎ᠢ ᠶᠡᠬᠡ᠎ᠪᠠᠷ ᠬᠥᠭᠵᠢᠭᠦᠯᠦᠨ᠎ᠡ᠃ ᠰᠤᠷᠭᠠᠨ ᠬᠥᠮᠥᠵᠢᠯᠲᠡᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠢᠵᠢᠭ᠍ᠰᠠᠨ ᠪᠠᠭ᠍ᠰᠢ᠎ᠶᠢᠨ ᠡᠩᠨᠡᠭᠡ᠎ᠶᠢ ᠪᠠᠢᠭᠤᠯᠤᠨ᠎ᠠ᠃ ᠪᠢᠳᠡ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠎ᠶᠢ ᠪᠠᠷᠢᠮᠲᠠᠯᠠᠵᠤ᠂ ᠰᠤᠷᠭᠠᠨ ᠬᠥᠮᠦᠵᠢᠯ᠎ᠤᠨ ᠣᠳᠣᠬᠢᠴᠢᠯᠠᠯᠲᠠ᠎ᠶᠢ ᠲᠦᠷᠭᠡᠯᠡᠨ ᠠᠬᠢᠭᠤᠯᠵᠤ᠂ ᠠᠷᠠᠳ ᠲᠦᠮᠡᠨ᠎ᠤ ᠵᠣᠯ ᠵᠢᠷᠭᠠᠯ᠎ᠤᠨ ᠦᠨᠳᠦᠰᠦ᠎ᠶᠢ ᠪᠠᠲᠤᠳᠬᠠᠨ᠂ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠎ᠤᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃
ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭᠵᠢᠭᠦᠯᠬᠦ᠎ᠶᠢ ᠲᠦᠷᠭᠡᠯᠡᠨ ᠠᠬᠢᠭᠤᠯᠤᠨ᠎ᠠ᠃ ᠰᠢᠨ᠎ᠡ ᠬᠡᠯᠪᠡᠷᠢ᠎ᠶᠢᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠪᠡᠶ᠎ᠡ᠎ᠪᠠᠨ ᠳᠠᠭᠠᠭᠠᠵᠤ ᠰᠢᠨ᠎ᠡ᠎ᠶᠢ ᠡᠭᠦᠳᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ᠎ᠤ ᠰᠢᠰᠲᠧᠮᠲᠦ ᠪᠠᠢᠷᠢᠯᠠᠭᠤᠯᠤᠯᠲᠠ᠎ᠶᠢ ᠴᠢᠩᠭᠠᠳᠬᠠᠵᠤ᠂ ᠨᠢᠭᠡ ᠪᠦᠯᠦᠭ ᠰᠢᠨ᠎ᠡ᠎ᠶᠢ ᠡᠭᠦᠳᠬᠦ ᠰᠠᠭᠤᠷᠢᠨ ᠭᠠᠵᠠᠷ᠂ ᠳᠠᠪᠠᠭᠤᠯᠢᠭ᠋ ᠪᠦᠯᠬᠦᠮ ᠨᠡᠶ᠋ᠢᠲᠡ ᠪᠣᠯᠣᠨ ᠭᠣᠣᠯᠳᠠᠯᠭ᠎ᠠ᠎ᠲᠠᠢ ᠴᠢᠭᠯᠡᠯ᠎ᠢ ᠤᠷᠲᠤ ᠬᠤᠭᠤᠴᠠᠭ᠎ᠠ᠎ᠪᠠᠷ ᠲᠣᠭᠲᠠᠭᠤᠨ᠎ᠢᠶᠠᠷ ᠳᠠᠮᠵᠢᠵᠤ᠂ ᠤᠤᠭᠠᠯ ᠰᠢᠨ᠎ᠡ᠎ᠶᠢ ᠡᠭᠦᠳᠬᠦ ᠴᠢᠳᠠᠪᠤᠷᠢ᠎ᠶᠢ ᠴᠢᠩᠭᠠᠷᠠᠭᠤᠯᠤᠨ᠎ᠠ᠃ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠪᠠ ᠠᠵᠤ ᠦᠢᠯᠡᠰ᠎ᠤᠨ ᠬᠥᠭᠵᠢᠯᠲᠡ᠎ᠶᠢᠨ ᠬᠡᠷᠡᠭᠴᠡᠭᠡ᠎ᠶᠢ ᠬᠠᠷᠠᠭᠠᠯᠠᠵᠤ᠂ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ᠎ᠢ ᠪᠠᠢᠷᠢᠯᠠᠭᠤᠯᠤᠨ ᠬᠡᠷᠡᠭᠵᠢᠭᠦᠯᠦᠨ᠎ᠡ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠬᠦᠴᠦᠨ᠂ ᠨᠡᠢᠭᠡᠮ᠎ᠤᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠬᠤᠷᠠᠭᠤᠯᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠬᠠᠮᠵᠢᠯᠴᠠᠭᠤᠯᠤᠨ ᠰᠢᠢᠳᠪᠦᠷᠢᠯᠡᠬᠦ᠎ᠶᠢ ᠠᠬᠢᠭᠤᠯᠵᠤ᠂ ᠨᠤᠷᠠᠭᠠᠯᠲᠠ᠎ᠶᠢᠨ ᠴᠢᠨᠠᠷᠲᠠᠢ ᠮᠡᠷᠭᠡᠵᠢᠯ ᠪᠠ ᠬᠣᠰᠢᠭᠤᠷᠠᠯ ᠮᠡᠷᠭᠡᠵᠢᠯ᠎ᠤᠨ ᠰᠤᠳᠤᠯᠭᠠᠨ᠎ᠢ ᠴᠢᠩᠭᠠᠳᠬᠠᠨ᠎ᠠ᠃ ᠤᠯᠤᠰ᠎ᠤᠨ ᠲᠤᠷᠰᠢᠯᠲᠠ᠎ᠶᠢᠨ ᠲᠠᠰᠤᠭ᠎ᠤᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠤᠯᠠᠨ ᠤᠯᠤᠰ᠎ᠤᠨ ᠪᠠ ᠣᠷᠣᠨ ᠪᠦᠰᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠎ᠤᠨ ᠨᠥᠯᠥᠭᠡᠯᠡᠨ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠤᠨ ᠰᠠᠭᠤᠷᠢ ᠲᠥᠬᠦᠭᠡᠷᠦᠮᠵᠢ᠎ᠶᠢᠨ ᠰᠢᠰᠲᠧᠮᠴᠢᠯᠡᠭᠰᠡᠨ ᠪᠠᠢᠷᠢᠯᠠᠭᠤᠯᠤᠯᠲᠠ ᠵᠢ ᠲᠦᠷᠭᠡᠳᠬᠡᠵᠦ᠂ ᠨᠡᠢᠲᠡᠯᠢᠭ ᠴᠢᠨᠠᠷᠲᠠᠢ ᠮᠡᠷᠭᠡᠵᠢᠯ᠎ᠤᠨ ᠲᠠᠪᠴᠠᠩ᠂ ᠵᠠᠪᠰᠠᠷ᠎ᠤᠨ ᠲᠤᠷᠰᠢᠯᠲᠠ᠎ᠪᠠᠷ ᠰᠢᠯᠭᠠᠨ ᠨᠤᠲᠠᠯᠠᠬᠤ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠤᠨ᠎ᠠ᠃ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠶᠢ ᠵᠣᠷᠢᠭ᠍ᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ᠎ᠶᠢ ᠤᠶᠠᠯᠳᠤᠭᠤᠯᠬᠤ᠎ᠶᠢ ᠭᠦᠨᠵᠡᠭᠡᠢᠷᠡᠭᠦᠯᠵᠦ᠂ ᠪᠣᠳᠠᠲᠤ ᠬᠦᠴᠦᠨ᠎ᠲᠠᠢ ᠠᠵᠤ ᠠᠬᠤᠢᠯᠠᠯ᠎ᠤᠨ ᠴᠢᠬᠤᠯᠠ ᠶᠡᠬᠡ ᠪᠡᠷᠬᠡ ᠰᠡᠳᠦᠪ᠎ᠢ ᠰᠢᠢᠳᠪᠦᠷᠢᠯᠡᠬᠦ ᠡᠭᠦᠷᠭᠡ᠎ᠶᠢ ᠲᠦᠷᠦᠭᠦᠯᠡᠨ ᠬᠡᠷᠡᠭᠵᠢᠭᠦᠯᠬᠦ᠎ᠶᠢ ᠳᠡᠮᠵᠢᠨ᠎ᠡ᠃ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠵᠡᠮᠲᠡᠭᠴᠤᠳ ᠢ᠋ ᠲᠤᠰᠠᠯᠠᠬᠤ ᠵᠡᠷᠭᠡ ᠠᠷᠠᠳ᠎ᠤᠨ ᠠᠮᠢᠳᠤᠷᠠᠯ᠎ᠤᠨ ᠰᠢᠨᠵᠢᠯᠡᠬᠦ ᠤᠬᠠᠭᠠᠨ ᠮᠡᠷᠭᠡᠵᠢᠯ᠎ᠢ ᠰᠤᠳᠤᠯᠤᠨ ᠨᠡᠭᠡᠭᠡᠵᠦ ᠠᠰᠢᠭ᠍ᠯᠠᠬᠤ᠎ᠶᠢ ᠴᠢᠩᠭᠠᠳᠬᠠᠨ᠎ᠠ᠃ ᠪᠦᠬᠦ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠳᠡᠮᠵᠢᠬᠦ ᠰᠠᠭᠤᠷᠢ ᠳᠦᠷᠢᠮ᠎ᠢ ᠲᠦᠷᠭᠡᠯᠡᠨ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠦᠨᠡᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠎ᠤᠨ ᠱᠠᠩᠨᠠᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠰᠥᠯ ᠪᠠ ᠵᠠᠷᠤᠳᠠᠯ᠎ᠤᠨ ᠬᠠᠮᠢᠶᠠᠷᠤᠯᠲᠠ᠎ᠶᠢᠨ ᠳᠦᠷᠢᠮ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ 《ᠲᠤᠩᠬᠠᠭ ᠨᠡᠢᠲᠡᠯᠡᠨ ᠮᠠᠩᠯᠠᠢᠯᠠᠭ᠍ᠴᠢ ᠡᠯᠰᠡᠬᠦ》 ᠲᠣᠭᠲᠠᠴᠠ᠎ᠶᠢ ᠪᠦᠷᠢᠨᠰᠢᠭᠦᠯᠦᠨ᠎ᠡ᠃ ᠮᠡᠳᠡᠯᠭᠡ᠎ᠶᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠨ᠎ᠠ᠃ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠎ᠶᠢ ᠥᠷᠭᠡᠨ᠎ᠢᠶᠠᠷ ᠥᠷᠨᠢᠭᠦᠯᠦᠨ᠎ᠡ᠃ ᠰᠢᠨ᠎ᠡ᠎ᠶᠢ ᠡᠭᠦᠳᠬᠦ ᠰᠣᠶᠣᠯ᠎ᠢ ᠪᠣᠢᠵᠢᠭᠤᠯᠵᠤ᠂ ᠰᠢᠨᠵᠢᠯᠡᠬᠦ ᠤᠬᠠᠭᠠᠨᠲᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ᠎ᠢ ᠬᠠᠳᠠᠭᠠᠯᠠᠨ᠎ᠠ᠃ ᠤᠯᠠᠨ ᠤᠯᠤᠰ᠎ᠤᠨ ᠰᠢᠨᠵᠢᠯᠡᠬᠦ ᠤᠬᠠᠭᠠᠨ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠥᠷᠭᠡᠳᠬᠡᠵᠦ᠂ ᠪᠦᠬᠦ ᠪᠥᠮᠪᠥᠷᠴᠡᠭ᠎ᠤᠨ ᠥᠷᠢᠰᠦᠯᠳᠦᠬᠦ ᠬᠦᠴᠦᠨ ᠪᠦᠬᠦᠢ ᠰᠢᠨ᠎ᠡ᠎ᠶᠢ ᠡᠭᠦᠳᠬᠦ ᠨᠡᠭᠡᠭᠡᠯᠲᠡᠲᠤ ᠠᠮᠢ ᠠᠬᠤᠢ᠎ᠶᠢ ᠪᠤᠢ ᠪᠣᠯᠭᠠᠨ᠎ᠠ᠃
ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠥᠵᠢᠭᠦᠯᠦᠨ ᠰᠠᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ ᠪᠦᠲᠦᠮᠵᠢᠲᠡᠶ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ᠃ ᠥᠨᠳᠥᠷ ᠲᠦᠪᠰᠢᠨ ᠪᠦᠬᠦᠢ ᠴᠢᠳᠠᠪᠤᠷᠢᠲᠠᠨ᠎ᠤ ᠥᠨᠳᠥᠷᠯᠢᠭ ᠭᠠᠵᠠᠷ ᠪᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠳᠠᠪᠤᠷᠢᠲᠠᠨ᠎ᠢ ᠴᠤᠭᠯᠠᠭᠤᠯᠬᠤ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠴᠢᠳᠠᠪᠤᠷᠢᠲᠠᠨ᠎ᠤ ᠣᠷᠣᠨ ᠪᠦᠰᠡ᠎ᠶᠢᠨ ᠵᠦᠢ ᠵᠣᠬᠢᠰᠲᠠᠢ ᠪᠠᠢᠷᠢᠰᠢᠯ ᠪᠠ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ᠎ᠢ ᠲᠦᠷᠭᠡᠯᠡᠨ ᠪᠦᠲᠦᠭᠡᠨ ᠪᠠᠢᠭᠤᠯᠵᠤ᠂ ᠨᠡᠩ ᠣᠯᠠᠨ ᠲᠡᠷᠢᠭᠦᠨ ᠵᠡᠷᠭᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ ᠪᠠ ᠰᠢᠨ᠎ᠡ᠎ᠶᠢ ᠡᠭᠦᠳᠬᠦ ᠪᠦᠯᠬᠦᠮ᠎ᠢ ᠴᠢᠷᠮᠠᠢᠨ ᠬᠥᠮᠥᠵᠢᠭᠦᠯᠦᠨ ᠪᠤᠢ ᠪᠣᠯᠭᠠᠵᠤ᠂ ᠣᠷᠣᠢᠯᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠲᠠᠪᠴᠠᠩ᠎ᠢ ᠪᠦᠲᠦᠭᠡᠨ ᠪᠠᠢᠭᠤᠯᠵᠤ᠂ ᠰᠢᠯᠭᠠᠷᠠᠭᠰᠠᠨ ᠢᠨᠵᠧᠨᠧᠷ ᠪᠠ ᠤᠷ᠎ᠠ ᠴᠢᠳᠠᠪᠤᠷᠢ ᠰᠠᠢᠲᠠᠢ ᠴᠢᠳᠠᠪᠤᠷᠢᠲᠠᠨ᠎ᠤ ᠡᠩᠨᠡᠭᠡ᠎ᠶᠢ ᠪᠠᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ᠎ᠤᠨ ᠴᠢᠳᠠᠪᠤᠷᠢᠲᠠᠨ᠎ᠢ ᠳᠡᠮᠵᠢᠬᠦ ᠡᠷᠴᠢᠮ᠎ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ᠎ᠤ ᠣᠯᠠᠨ ᠤᠯᠤᠰ᠎ᠤᠨ ᠰᠣᠯᠢᠯᠴᠠᠭ᠎ᠠ᠎ᠶᠢ ᠢᠳᠡᠪᠬᠢᠲᠡᠢ ᠠᠬᠢᠭᠤᠯᠤᠨ᠎ᠠ᠃ ᠰᠢᠨ᠎ᠡ᠎ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ᠎ᠪᠠᠷ ᠤᠳᠤᠷᠢᠳᠤᠮᠵᠢ ᠪᠤᠯᠭᠠᠭᠰᠠᠨ ᠴᠢᠳᠠᠪᠤᠷᠢᠲᠠᠨ᠎ᠢ ᠦᠨᠡᠯᠡᠬᠦ ᠰᠢᠰᠲᠧᠮ᠎ᠢ ᠲᠦᠷᠭᠡᠯᠡᠨ ᠪᠠᠢᠭᠤᠯᠵᠤ᠂ ᠠᠵᠢᠯ ᠠᠮᠢᠳᠤᠷᠠᠯ᠎ᠤᠨ ᠪᠠᠲᠤᠯᠠᠭ᠎ᠠ ᠪᠠ ᠬᠥᠬᠢᠭᠦᠯᠦᠨ ᠱᠠᠩᠨᠠᠬᠤ ᠳᠦᠷᠢᠮ᠎ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ᠎ᠤ ᠬᠥᠭᠵᠢᠯᠲᠡ᠎ᠶᠢᠨ ᠣᠷᠴᠢᠨ ᠨᠥᠬᠥᠴᠡᠯ᠎ᠢ ᠰᠠᠢᠵᠢᠷᠠᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠨ ᠴᠢᠷᠮᠠᠢᠵᠤ᠂ ᠬᠥᠮᠥᠨ ᠪᠣᠯᠭᠠᠨ ᠠᠪᠢᠶᠠᠰ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ᠎ᠪᠠᠨ ᠭᠦᠢᠴᠡᠳ ᠢᠯᠡᠷᠡᠭᠦᠯᠵᠦ ᠴᠢᠳᠠᠬᠤ ᠰᠠᠢᠨ ᠰᠠᠢᠬᠠᠨ ᠪᠠᠢᠳᠠᠯ᠎ᠢ ᠪᠤᠢ ᠪᠤᠯᠭᠠᠬᠤ ᠬᠡᠷᠡᠭᠲᠡᠢ᠃
(ᠭᠤᠷᠪᠠ) ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠬᠦᠴᠦᠯᠡᠨ ᠥᠷᠭᠡᠳᠬᠡᠵᠦ᠂ ᠠᠵᠤ ᠠᠬᠤᠢ᠎ᠶᠢᠨ ᠰᠠᠢᠨ ᠣᠷᠴᠢᠯ᠎ᠢ ᠪᠡᠶᠡᠯᠡᠭᠦᠯᠬᠦ᠎ᠶᠢ ᠠᠬᠢᠭᠤᠯᠤᠨ᠎ᠠ᠃ ᠳᠣᠲᠣᠭᠠᠳᠤ᠎ᠶᠢᠨ ᠬᠡᠷᠡᠭᠴᠡᠭᠡ᠎ᠶᠢ ᠥᠷᠭᠡᠳᠬᠡᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠯᠦ᠍ᠭᠡ ᠣᠷᠭᠠᠨᠢᠭ᠋᠎ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ᠎ᠶᠢ ᠨᠠᠩ ᠰᠠᠢᠨ ᠨᠢᠭᠡᠳᠦᠯᠲᠡᠢ ᠲᠥᠯᠥᠪᠯᠡᠵᠦ᠂ ᠠᠵᠤ ᠠᠬᠤᠢ᠎ᠶᠢᠨ ᠨᠡᠮᠡᠭᠳᠡᠯ᠎ᠳᠤ ᠦᠵᠡᠭᠦᠯᠬᠦ ᠳᠠᠢᠴᠢᠯᠠᠬᠤ ᠦᠢᠯᠡᠳᠦᠯ᠎ᠢ ᠴᠢᠩᠭᠠᠷᠠᠭᠤᠯᠤᠨ᠎ᠠ᠃
ᠬᠡᠷᠡᠭᠯᠡᠭᠡ᠎ᠶᠢᠨ ᠲᠣᠭᠲᠠᠭᠤᠨ᠎ᠢᠶᠠᠷ ᠨᠡᠮᠡᠭᠳᠡᠬᠦ᠎ᠶᠢ ᠠᠬᠢᠭᠤᠯᠤᠨ᠎ᠠ᠃ ᠣᠷᠣᠯᠭ᠎ᠠ᠎ᠶᠢ ᠨᠡᠮᠡᠭᠳᠡᠭᠦᠯᠬᠦ᠂ ᠬᠠᠩᠭᠠᠯᠭ᠎ᠠ᠎ᠶᠢ ᠰᠢᠯᠢᠳᠡᠭᠵᠢᠭᠦᠯᠬᠦ᠂ ᠬᠢᠵᠠᠭᠠᠷᠯᠠᠯ᠎ᠤᠨ ᠴᠢᠨᠠᠷᠲᠠᠢ ᠠᠷᠭ᠎ᠠ ᠬᠡᠮᠵᠢᠶ᠎ᠡ᠎ᠶᠢ ᠪᠠᠭᠠᠰᠬᠠᠬᠤ ᠵᠡᠷᠭᠡ ᠲᠠᠯ᠎ᠠ᠎ᠪᠠᠷ ᠠᠷᠭ᠎ᠠ ᠪᠣᠳᠣᠯᠭ᠎ᠠ᠎ᠶᠢ ᠶᠡᠷᠦᠩᠬᠡᠢᠯᠡᠨ ᠬᠡᠷᠡᠭᠵᠢᠭᠦᠯᠵᠦ᠂ ᠬᠡᠷᠡᠭᠴᠡᠭᠡ᠎ᠶᠢᠨ ᠳᠠᠯᠳᠠ ᠴᠢᠳᠠᠪᠤᠷᠢ᠎ᠶᠢ ᠬᠥᠭᠵᠢᠭᠡᠨ᠎ᠡ᠃ ᠰᠢᠨ᠎ᠡ ᠬᠡᠯᠪᠡᠷᠢ᠎ᠶᠢᠨ ᠬᠡᠷᠡᠭᠯᠡᠭᠡ᠎ᠶᠢ ᠪᠣᠢᠵᠢᠭᠤᠯᠤᠨ ᠪᠤᠵᠠᠭᠠᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠣᠭᠠᠨ ᠬᠡᠷᠡᠭᠯᠡᠭᠡ᠂ ᠡᠷᠡᠭᠦᠯ ᠮᠡᠨᠳᠦ᠎ᠶᠢᠨ ᠬᠡᠷᠡᠭᠯᠡᠭᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠤᠶᠤᠯᠢᠭ᠋ ᠭᠡᠷ ᠦᠷᠦᠭᠡ᠂ ᠰᠣᠶᠣᠯ ᠴᠡᠩᠭᠡᠯ ᠵᠢᠭᠤᠯᠴᠢᠯᠠᠯ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠤᠯᠤᠰ᠎ᠤᠨ ᠪᠠᠷᠠᠭ᠎ᠠ《ᠭᠠᠩᠭᠠᠩ ᠲᠠᠸᠠᠷ》 ᠵᠡᠷᠭᠡ ᠬᠡᠷᠡᠭᠯᠡᠭᠡᠨ᠎ᠤ ᠰᠢᠨ᠎ᠡ ᠨᠡᠮᠡᠭᠳᠡᠯ᠎ᠤᠨ ᠴᠡᠭ᠎ᠢ ᠢᠳᠡᠪᠬᠢᠲᠡᠢ ᠪᠣᠢᠵᠢᠭᠤᠯᠤᠨ᠎ᠠ᠃ ᠤᠯᠠᠮᠵᠢᠯᠠᠯᠲᠤ ᠬᠡᠷᠡᠭᠯᠡᠭᠡ᠎ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠡᠷᠡᠭᠯᠡᠭᠡᠨ᠎ᠤ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠵᠣᠷᠢᠭ᠍ᠵᠢᠭᠤᠯᠬᠤ ᠪᠠ ᠠᠬᠢᠭᠤᠯᠵᠤ᠂ ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ᠎ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ᠎ᠶᠢ ᠬᠥᠭᠵᠢᠭᠡᠨ᠎ᠡ᠃ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ ᠪᠣᠢᠵᠢᠭᠤᠯᠬᠤ᠂ ᠭᠡᠷ ᠠᠬᠤᠢ ᠵᠡᠷᠭᠡ ᠦᠢᠯᠡᠴᠢᠯᠡᠭᠡᠨ᠎ᠤ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠎ᠶᠢ ᠠᠬᠢᠭᠤᠯᠵᠤ᠂ ᠨᠡᠢᠭᠡᠮ᠎ᠤᠨ ᠬᠦᠴᠦᠨ᠎ᠤ ᠨᠡᠢᠭᠡᠮ ᠲᠣᠭᠣᠷᠢᠭ᠋᠎ᠤᠨ ᠦᠢᠯᠡᠴᠢᠯᠡᠭᠡ ᠬᠠᠩᠭᠠᠬᠤ᠎ᠶᠢ ᠳᠡᠮᠵᠢᠨ᠎ᠡ᠃ ᠬᠡᠷᠡᠭᠯᠡᠭᠡᠨ᠎ᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂《ᠬᠡᠷᠡᠭᠯᠡᠭᠡ᠎ᠶᠢ ᠠᠬᠢᠭᠤᠯᠬᠤ ᠣᠨ》᠎ᠤ᠋ ᠠᠵᠢᠯᠯᠠᠭ᠎ᠠ᠎ᠶᠢ ᠥᠷᠨᠢᠭᠦᠯᠵᠦ᠂《ᠰᠠᠨᠠᠭ᠎ᠠ ᠠᠮᠤᠷ ᠬᠡᠷᠡᠭᠯᠡᠭᠡᠨ᠎ᠤ ᠠᠵᠢᠯᠯᠠᠭ᠎ᠠ》᠎ᠶ᠋ᠢ ᠬᠡᠷᠡᠭᠵᠢᠭᠦᠯᠦᠨ᠂ ᠬᠡᠷᠡᠭᠯᠡᠭᠴᠢᠳ᠎ᠤᠨ ᠡᠷᠬᠡ ᠠᠰᠢᠭ᠋᠎ᠢ ᠬᠠᠮᠠᠭᠠᠯᠠᠬᠤ᠎ᠶᠢ ᠴᠢᠩᠭᠠᠳᠬᠠᠵᠤ᠂ ᠴᠠᠯᠢᠩ᠎ᠲᠠᠢ᠎ᠪᠠᠷ ᠠᠮᠠᠷᠠᠬᠤ ᠳᠦᠷᠢᠮ ᠢ ᠨᠠᠢᠳᠠᠪᠤᠷᠢᠵᠢᠭᠤᠯᠤᠨ᠎ᠠ᠃ ᠪᠠᠷᠢᠮᠵᠢᠶ᠎ᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠭᠰᠠᠨ ᠪᠠᠷᠢᠮᠵᠢᠶ᠎ᠠ᠎ᠶᠢᠨ ᠰᠢᠰᠲᠧᠮ᠎ᠢ ᠲᠦᠷᠭᠡᠯᠡᠨ ᠪᠠᠢᠭᠤᠯᠵᠤ᠂ ᠲᠠᠸᠠᠷ ᠪᠠ ᠦᠢᠯᠡᠴᠢᠯᠡᠭᠡ᠎ᠶᠢᠨ ᠶᠠᠰᠤ ᠴᠢᠨᠠᠷ᠎ᠢ ᠲᠠᠰᠤᠷᠠᠯᠲᠠ ᠦᠬᠡᠢ ᠳᠡᠭᠡᠭᠰᠢᠯᠡᠭᠦᠯᠬᠦ᠎ᠶᠢ ᠠᠬᠢᠭᠤᠯᠵᠤ᠂ ᠠᠷᠠᠳ ᠣᠯᠠᠨ᠎ᠤ ᠠᠮᠢᠳᠤᠷᠠᠯ᠎ᠢᠶᠠᠨ ᠰᠠᠢᠵᠢᠷᠠᠭᠤᠯᠬᠤ ᠬᠡᠷᠡᠭᠴᠡᠭᠡ᠎ᠶᠢ ᠨᠠᠩ ᠰᠠᠢᠨ ᠬᠠᠩᠭᠠᠬᠤ ᠬᠡᠷᠡᠭᠲᠡᠢ᠃
ᠪᠦᠲᠦᠮᠵᠢᠲᠡᠶ ᠪᠡᠯᠡ ᠣᠷᠣᠭᠤᠯᠤᠯᠲᠠ᠎ᠶᠢ ᠢᠳᠡᠪᠬᠢᠲᠡᠢ᠎ᠪᠠᠷ ᠥᠷᠭᠡᠳᠬᠡᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠳᠠᠶ᠋ᠢᠴᠢᠯᠠᠨ ᠲᠣᠮᠣᠷᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠂ ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ᠎ᠶᠢ ᠭᠣᠣᠯᠳᠠᠯᠭ᠎ᠠ᠎ᠲᠠᠢ ᠳᠡᠮᠵᠢᠵᠦ᠂ ᠠᠷᠠᠳ᠎ᠤᠨ ᠠᠮᠢᠳᠤᠷᠠᠯ ᠵᠡᠷᠭᠡ ᠠᠵᠤ ᠠᠬᠤᠢ ᠨᠡᠢᠭᠡᠮ᠎ᠤᠨ ᠪᠠᠭᠤᠷᠠᠢ ᠬᠦᠷᠢᠶᠡᠨ᠎ᠤ ᠳᠤᠲᠠᠭᠤᠳᠠᠯ᠎ᠢ ᠨᠥᠬᠥᠪᠦᠷᠢᠯᠡᠬᠦ᠎ᠶᠢ ᠴᠢᠩᠭᠠᠳᠬᠠᠵᠤ᠂ ᠦᠶᠡᠷ᠎ᠢ ᠰᠡᠷᠭᠡᠢᠯᠡᠬᠦ ᠤᠰᠤᠳᠤᠯ᠎ᠢ ᠠᠷᠢᠯᠭᠠᠬᠤ ᠭᠠᠮᠰᠢᠭ᠋᠎ᠢ ᠡᠰᠡᠷᠭᠦᠴᠡᠬᠦ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠡᠯ᠎ᠡ ᠲᠥᠷᠥᠯ᠎ᠤᠨ ᠦᠢᠯᠡᠳᠪᠦᠷᠢᠯᠡᠯ᠎ᠤᠨ ᠲᠥᠬᠦᠭᠡᠷᠦᠮᠵᠢ᠂ ᠦᠢᠯᠡᠴᠢᠯᠡᠭᠡᠨ᠎ᠤ ᠲᠥᠬᠦᠭᠡᠷᠦᠮᠵᠢ᠎ᠶᠢ ᠰᠢᠨᠡᠳᠬᠡᠬᠦ ᠪᠠ ᠮᠡᠷᠭᠡᠵᠢᠯ᠎ᠤᠨ ᠥᠭᠡᠷᠡᠴᠢᠯᠡᠯᠲᠡ ᠬᠢᠬᠦ᠎ᠶᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠴᠢᠬᠤᠯᠠ ᠶᠡᠬᠡ ᠢᠨᠵᠧᠨᠧᠷᠢᠩ᠎ᠤᠨ ᠲᠥᠰᠥᠯ᠎ᠢ ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ ᠲᠥᠪ᠎ᠤᠨ ᠲᠥᠰᠥᠪ᠎ᠤᠨ ᠳᠣᠲᠣᠷᠠᠬᠢ ᠪᠡᠯᠡ ᠤᠷᠤᠭᠤᠯᠤᠯᠳᠡ᠎ᠶᠢ 7000 ᠳ᠋ᠦᠡᠭ᠌ᠰᠢᠭᠤᠷ ᠲᠥᠭᠥᠷᠢᠭ ᠲᠣᠬᠢᠷᠠᠭᠤᠯᠬᠤ᠎ᠪᠠᠷ ᠲᠥᠯᠥᠪᠯᠡᠵᠦ ᠪᠠᠢᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠣᠷᠣᠭᠤᠯᠤᠯᠲᠠ ᠬᠢᠬᠦ ᠬᠦᠷᠢᠶ᠎ᠡ ᠪᠣᠯᠣᠨ ᠬᠥᠷᠥᠩᠭᠡ ᠮᠥᠩᠭᠥ ᠪᠣᠯᠭᠠᠨ ᠬᠡᠷᠡᠭᠯᠡᠬᠦ ᠬᠡᠪᠴᠢᠶ᠎ᠡ᠎ᠶᠢ ᠵᠦᠢ ᠵᠣᠬᠢᠰᠲᠠᠢ ᠥᠷᠭᠡᠳᠬᠡᠵᠦ᠂ ᠲᠣᠭ᠎ᠠ ᠬᠡᠮᠵᠢᠶᠡᠨ᠎ᠤ ᠬᠤᠪᠢᠶᠠᠷᠢᠯᠠᠯᠲᠠ᠎ᠶᠢ ᠲᠥᠰᠥᠯ᠎ᠤᠨ ᠪᠡᠯᠡᠳᠬᠡᠯ᠎ᠢᠶᠠᠷ ᠭᠦᠢᠴᠡᠳ᠂ ᠪᠡᠯᠡ ᠣᠷᠣᠭᠤᠯᠤᠯᠲᠠ᠎ᠶᠢᠨ ᠦᠷ᠎ᠡ ᠪᠦᠲᠦᠮᠵᠢ᠎ᠪᠠᠷ ᠨᠡᠯᠢᠶᠡᠳ ᠥᠨᠳᠥᠷ ᠭᠠᠵᠠᠷ ᠣᠷᠣᠨ ᠲᠡᠢᠰᠢ ᠬᠡᠯᠪᠡᠢᠯᠭᠡᠨ᠎ᠡ᠃ ᠡᠯ᠎ᠡ ᠲᠥᠷᠥᠯ᠎ᠤᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠰᠠᠢᠲᠤᠷ ᠬᠡᠷᠡᠭᠯᠡᠵᠦ᠂ ᠦᠷ᠎ᠡ ᠠᠰᠢᠭ᠋ ᠳᠣᠣᠷ᠎ᠠ ᠪᠠ ᠦᠷ᠎ᠡ ᠠᠰᠢᠭ᠋ ᠦᠭᠡᠢ ᠪᠡᠯᠡ ᠣᠷᠣᠭᠤᠯᠤᠯᠲᠠ᠎ᠶᠢ ᠰᠡᠷᠭᠡᠢᠯᠡᠨ᠎ᠡ᠃ ᠪᠡᠯᠡ ᠣᠷᠣᠭᠤᠯᠤᠯᠲᠠ᠎ᠶᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠠᠷᠠᠳ᠎ᠤᠨ ᠪᠡᠯᠡ ᠣᠷᠣᠭᠤᠯᠤᠯᠲᠠ᠎ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ ᠪᠣᠯᠣᠨ ᠨᠡᠢᠭᠡᠮ᠎ᠤᠨ ᠬᠥᠷᠥᠩᠭᠡ᠎ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ᠎ᠶᠢ ᠬᠡᠷᠡᠭᠵᠢᠭᠦᠯᠵᠦ᠂ ᠠᠷᠠᠳ᠎ᠤᠨ ᠬᠥᠷᠥᠩᠭᠡ᠎ᠶᠢᠨ ᠴᠢᠬᠤᠯᠠ ᠶᠡᠬᠡ ᠲᠥᠰᠥᠯ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢ ᠵᠣᠷᠢᠭ᠍ᠵᠢᠭᠤᠯᠤᠨ᠎ᠠ᠃ ᠡᠯ᠎ᠡ ᠵᠦᠢᠯ᠎ᠤᠨ ᠬᠠᠯᠬᠠᠪᠴᠢ᠎ᠶᠢ ᠤᠯᠠᠮ ᠨᠢᠭᠡ ᠠᠯᠬᠤᠮ ᠡᠪᠳᠡᠵᠦ᠂ ᠠᠷᠠᠳ᠎ᠤᠨ ᠪᠡᠯᠡ ᠣᠷᠣᠭᠤᠯᠤᠯᠲᠠ᠎ᠶᠢ ᠨᠡᠩ ᠣᠯᠠᠨ ᠬᠦᠷᠢᠶᠡᠨ᠎ᠳᠤ ᠣᠷᠣᠵᠤ ᠢᠷᠡᠵᠦ ᠳᠡᠶ᠋ᠢᠯᠬᠦ᠂ ᠬᠥᠭᠵᠢᠵᠦ ᠳᠡᠶ᠋ᠢᠯᠬᠦ᠂ ᠦᠢᠯᠡᠰ ᠪᠦᠲᠦᠭᠡᠵᠦ ᠳᠡᠶ᠋ᠢᠯᠬᠦ ᠪᠣᠯᠭᠠᠨ᠎ᠠ᠃
(ᠳᠥᠷᠪᠡ)ᠥᠭᠡᠷᠡᠴᠢᠯᠡᠯᠲᠡ᠎ᠶᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠵᠦ᠂ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠢ ᠴᠢᠩᠭᠠᠳᠬᠠᠨ᠎ᠠ᠃ ᠭᠣᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ᠎ᠶᠢᠨ ᠭᠣᠭᠴᠣᠭ᠎ᠠ᠎ᠶᠢᠨ ᠥᠭᠡᠷᠡᠴᠢᠯᠡᠯᠲᠡ᠎ᠶᠢᠨ ᠪᠡᠷᠬᠡ ᠰᠡᠳᠦᠪ᠎ᠢ ᠰᠢᠢᠳᠪᠦᠷᠢᠯᠡᠬᠦ᠎ᠶᠢ ᠴᠢᠩᠭᠠᠳᠬᠠᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠳᠤ ᠦᠵᠡᠭᠦᠯᠭᠦ ᠵᠠᠬ᠎ᠠ ᠳᠡᠯᠭᠡᠭᠦᠷ᠎ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠭᠰᠠᠨ᠂ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠤᠢ ᠪᠣᠯᠭᠠᠵᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ᠎ᠶᠢ ᠠᠬᠢᠭᠤᠯᠤᠨ᠎ᠠ᠃
ᠡᠯ᠎ᠡ ᠲᠥᠷᠥᠯ᠎ᠤᠨ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠂ ᠭᠠᠳᠠᠭᠠᠳᠤ ᠪᠡᠯᠡ᠎ᠶᠢᠨ ᠠᠵᠤ ᠠᠬᠤᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠴᠢᠬᠤᠯᠠ ᠬᠦᠴᠦᠨ ᠮᠥᠨ᠃ 《ᠬᠣᠶᠠᠷ ᠥᠴᠥᠬᠡᠨ ᠴᠦ᠍ ᠭᠤᠢᠪᠢᠰᠢ ᠦᠭᠡᠢ》 ᠵᠢᠨ ᠪᠠᠢᠭᠤᠯᠤᠯ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠡᠯ᠎ᠡ ᠲᠥᠷᠥᠯ᠎ᠤᠨ ᠥᠮᠴᠢᠯᠡᠯ᠎ᠤᠨ ᠠᠵᠤ ᠠᠬᠤᠢᠯᠠᠯ᠎ᠳᠤ ᠭᠤᠤᠯᠴᠢ᠎ᠪᠠᠷ ᠥᠷᠢᠰᠦᠯᠳᠦᠨ᠂ ᠮᠥᠴᠡᠭᠡᠷᠬᠡᠨ ᠬᠥᠭᠵᠢᠬᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠦ ᠥᠭᠬᠦ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠠᠵᠤ ᠠᠬᠤᠢᠯᠠᠯ᠎ᠢ ᠨᠡᠩ ᠤᠯᠠᠨ ᠪᠠᠢᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ ᠶᠢ ᠭᠦᠨᠵᠡᠭᠡᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠣᠣᠯ ᠠᠵᠢᠯ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠭᠣᠣᠯᠯᠠᠬᠤ ᠴᠢᠳᠠᠮᠵᠢ᠎ᠶᠢ ᠴᠢᠩᠭᠠᠷᠠᠭᠤᠯᠤᠨ᠂ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢ᠎ᠶᠢᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠬᠦ ᠪᠠ ᠪᠦᠲᠦᠴᠡ᠎ᠶᠢ ᠲᠣᠬᠢᠷᠠᠭᠤᠯᠬᠤ ᠶᠢ ᠵᠢᠭᠠᠨ ᠵᠢᠯᠤᠭᠣᠳᠬᠤ ᠳᠦᠷᠢᠮ᠎ᠢ ᠪᠠᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠲᠤ ᠣᠷᠣᠬᠤ᠎ᠶᠢ ᠵᠥᠪᠰᠢᠶᠡᠷᠡᠬᠦ᠂ ᠡᠯᠧᠮᠧᠨ᠋ᠲ᠎ᠢ ᠣᠯᠬᠤ᠂ ᠲᠥᠪ ᠭᠤᠤᠯᠴᠢ᠎ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ᠋᠎ᠢ ᠬᠠᠮᠠᠭᠠᠯᠠᠬᠤ ᠵᠡᠷᠭᠡ ᠲᠠᠯ᠎ᠠ᠎ᠪᠠᠷ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠤᠨ ᠵᠢᠭᠡᠯᠡᠯᠭᠡ᠎ᠶᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ᠎ᠶᠢ ᠥᠷᠭᠡᠳᠬᠡᠵᠦ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ᠎ᠶᠢ ᠴᠢᠩᠭᠠᠳᠬᠠᠨ᠎ᠠ᠃ ᠡᠳ᠋ ᠪᠠᠷᠠᠭ᠎ᠠ᠎ᠶᠢᠨ ᠭᠦᠢᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠠᠵᠢᠯᠯᠠᠭ᠎ᠠ᠎ᠶᠢ ᠬᠡᠷᠡᠭᠵᠢᠭᠦᠯᠵᠦ᠂ ᠠᠵᠤ ᠠᠬᠤᠢᠯᠠᠯ᠎ᠤᠨ ᠠᠪᠴᠠᠭᠠᠨ᠎ᠤ ᠵᠣᠭᠣᠰ᠎ᠢ ᠥᠷᠢᠲᠦᠬᠦ᠎ᠶᠢ ᠰᠡᠷᠭᠡᠢᠯᠡᠨ ᠠᠷᠢᠯᠭᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠵᠦ᠂ ᠳᠤᠷ᠎ᠠ᠎ᠪᠠᠷ᠎ᠢᠶᠠᠨ ᠰᠦᠢᠳᠬᠡᠯ ᠬᠤᠷᠢᠶᠠᠬᠤ᠂ ᠳᠤᠷ᠎ᠠ᠎ᠪᠠᠷ᠎ᠢᠶᠠᠨ ᠵᠣᠭᠣᠰ᠎ᠢᠶᠠᠷ ᠲᠣᠷᠭᠠᠬᠤ᠂ ᠳᠤᠷ᠎ᠠ᠎ᠪᠠᠷ᠎ᠢᠶᠠᠨ ᠲᠡᠰᠬᠡᠨ ᠨᠣᠭᠳᠠᠭᠤᠯᠬᠤ ᠶᠠᠪᠤᠳᠠᠯ᠎ᠢ ᠡᠷᠡᠰ ᠪᠠᠢᠴᠠᠭᠠᠨ ᠰᠢᠢᠳᠪᠦᠷᠢᠯᠡᠨ᠎ᠡ᠃ ᠰᠢᠯᠢᠳᠡᠭ ᠠᠵᠤ ᠠᠬᠤᠢᠯᠠᠯᠲᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠠᠵᠤ ᠠᠬᠤᠢᠯᠠᠯᠲᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠵᠣᠷᠢᠭ᠍ᠲᠠᠢ᠎ᠪᠠᠷ ᠬᠢᠵᠦ ᠵᠣᠷᠢᠭ᠍ᠲᠠᠢ᠎ᠪᠠᠷ ᠭᠠᠪᠰᠢᠭᠠᠢᠯᠠᠵᠤ ᠵᠣᠷᠢᠭ᠍ᠲᠠᠢ᠎ᠪᠠᠷ ᠪᠡᠯᠡ ᠤᠷᠤᠭᠤᠯᠬᠤ᠂ ᠠᠵᠤ ᠠᠬᠤᠢᠯᠠᠯ᠎ᠢᠶᠠᠨ ᠯᠠᠪᠳᠠᠭᠤᠨ ᠪᠠᠲᠤᠲᠠᠢ ᠰᠠᠢᠲᠤᠷ ᠡᠷᠬᠢᠯᠡᠬᠦ᠎ᠶᠢ ᠲᠡᠮᠵᠢᠨ᠎ᠠ᠃
ᠪᠦᠬᠦ ᠤᠯᠤᠰ ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠎ᠡ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠶᠢᠨ ᠵᠢᠯᠣᠭᠣᠳᠤᠮᠵᠢ᠎ᠶᠢ ᠲᠣᠭᠲᠠᠭᠠᠨ᠎ᠠ᠃ ᠥᠮᠴᠢᠯᠡᠬᠦ ᠡᠷᠬᠡ᠎ᠶᠢᠨ ᠬᠠᠮᠠᠭᠠᠯᠠᠯᠲᠠ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠂ ᠭᠤᠤᠯᠴᠢ ᠥᠷᠢᠰᠦᠯᠳᠦᠭᠡᠨ᠂ ᠨᠡᠢᠭᠡᠮ᠎ᠤᠨ ᠢᠲᠡᠭᠡᠮᠵᠢ ᠵᠡᠷᠭᠡ ᠲᠠᠯ᠎ᠠ᠎ᠪᠠᠷ ᠬᠢ ᠳᠦᠷᠢᠮ ᠳᠦᠷᠢᠮᠯᠡᠯ᠎ᠤᠨ ᠨᠢᠭᠡᠳᠦᠯᠲᠡᠢ ᠪᠠᠢᠬᠤ᠎ᠶᠢ ᠬᠦᠴᠦᠯᠡᠨ ᠠᠬᠢᠭᠤᠯᠤᠨ᠎ᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠢᠷᠡᠭᠦᠯᠦᠨ᠎ᠡ᠃ ᠭᠤᠤᠯᠴᠢ ᠥᠷᠢᠰᠦᠯᠳᠦᠭᠡᠨ᠎ᠢ ᠬᠢᠨᠠᠨ ᠪᠠᠢᠴᠠᠭᠠᠬᠤ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠢ ᠨᠡᠢᠲᠡᠯᠡᠵᠦ᠂ ᠭᠣᠣᠯᠳᠠᠯᠭ᠎ᠠ᠎ᠲᠠᠢ ᠬᠦᠷᠢᠶ᠎ᠡ᠂ ᠰᠢᠨ᠎ᠡ᠎ᠪᠠᠷ ᠬᠥᠭᠵᠢᠭᠰᠡᠨ ᠬᠦᠷᠢᠶ᠎ᠡ᠂ ᠭᠠᠳᠠᠭᠠᠳᠤ᠎ᠳᠤ ᠬᠣᠯᠪᠣᠭᠳᠠᠬᠤ ᠬᠦᠷᠢᠶᠡᠨ᠎ᠤ ᠬᠢᠨᠠᠨ ᠬᠠᠮᠢᠶᠠᠷᠬᠤ ᠳᠦᠷᠢᠮᠯᠡᠯ᠎ᠢ ᠲᠡᠭᠦᠯᠳᠡᠷᠵᠢᠭᠦᠯᠦᠨ᠎ᠡ᠃ ᠣᠷᠣᠨ ᠨᠤᠲᠤᠭ᠎ᠤᠨ ᠬᠠᠮᠠᠭᠠᠯᠠᠯᠲᠠ᠂ ᠵᠠᠬ᠎ᠠ ᠳᠡᠯᠭᠡᠭᠦᠷ᠎ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ ᠲᠣᠪᠣᠢᠮ᠎ᠠ ᠠᠰᠠᠭᠤᠳᠠᠯ᠎ᠢ ᠲᠤᠰᠬᠠᠢ ᠵᠦᠢᠯ᠎ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ᠎ᠳᠤ ᠣᠷᠤᠯᠴᠠᠬᠤ ᠵᠠᠬ᠎ᠠ ᠳᠡᠯᠭᠡᠭᠦᠷ᠎ᠤᠨ ᠵᠢᠷᠤᠮᠵᠢᠯ ᠪᠠ ᠬᠠᠮᠢᠶᠠᠷᠤᠯᠲᠠ᠎ᠶᠢ ᠴᠢᠩᠭᠠᠳᠬᠠᠨ᠎ᠠ᠃ ᠬᠠᠤᠯᠢ ᠶᠣᠰᠣᠭᠠᠷ ᠬᠢᠨᠠᠨ ᠬᠠᠮᠢᠶᠠᠷᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ᠎ᠶᠢᠨ ᠨᠠᠷᠢᠯᠢᠭ᠋ ᠣᠨᠣᠴᠠ᠎ᠳᠦ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠭᠤᠤᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠡᠷᠡᠰ ᠬᠠᠮᠠᠭᠠᠯᠠᠨ᠎ᠠ᠃
ᠡᠳ᠋ ᠤᠨ ᠵᠠᠰᠠᠭ ᠭᠠᠢᠯᠢ ᠮᠥᠩᠭᠥᠨ ᠭᠦᠢᠯᠭᠡᠭᠡ ᠵᠡᠷᠭᠡ ᠬᠦᠷᠢᠶᠡᠨ᠎ᠤ ᠥᠭᠡᠷᠡᠴᠢᠯᠡᠯᠲᠡ᠎ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠲᠦᠷᠦᠭᠦᠯᠡᠬᠦ ᠣᠷᠣᠨ᠎ᠢ ᠪᠦᠲᠦᠭᠡᠨ ᠪᠠᠢᠭᠤᠯᠤᠨ᠎ᠠ᠃ ᠰᠢᠨ᠎ᠡ ᠨᠢᠭᠡᠨ ᠡᠭᠡᠯᠵᠢ᠎ᠶᠢᠨ ᠡᠳ᠋᠎ᠤᠨ ᠵᠠᠰᠠᠭ ᠭᠠᠢᠯᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠤᠬᠠᠭᠠᠯᠠᠨ ᠲᠥᠯᠥᠪᠯᠡᠵᠦ᠂ ᠮᠥᠩᠭᠥᠨ ᠭᠦᠢᠯᠭᠡᠭᠡᠨ᠎ᠤ ᠪᠠᠢᠭᠤᠯᠤᠯ᠎ᠤᠨ ᠥᠭᠡᠷᠡᠴᠢᠯᠡᠯᠲᠡ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠡᠳ᠋᠎ᠤᠨ ᠵᠠᠰᠠᠭ ᠭᠠᠢᠯᠢ ᠮᠥᠩᠭᠥᠨ ᠭᠦᠢᠯᠭᠡᠭᠡᠨ᠎ᠤ ᠳᠡᠮᠵᠢᠯᠭᠡ᠎ᠶᠢ ᠴᠢᠩᠭᠠᠳᠬᠠᠨ᠎ᠠ᠃ ᠴᠠᠬᠢᠯᠭᠠᠨ ᠬᠦᠴᠦ᠂ ᠲᠣᠰᠣ᠌ ᠬᠡᠢ᠂ ᠲᠡᠮᠦᠷ ᠵᠠᠮ ᠪᠣᠯᠣᠨ ᠶᠡᠷᠦᠩᠬᠡᠢᠯᠡᠭᠰᠡᠨ ᠲᠡᠭᠡᠭᠡᠪᠦᠷᠢ ᠶᠢᠨ ᠰᠢᠰᠲᠧᠮ ᠵᠡᠷᠭᠡ ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠶᠠᠨᠳᠠᠭᠠᠨ᠎ᠤ ᠮᠤᠨᠤᠫᠤᠯᠢᠴᠢᠯᠠᠯ ᠤᠨ ᠭᠣᠭᠴᠣᠭᠠᠨᠤ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠦᠨ᠎ᠡ᠃ ᠤᠷᠤᠯᠭ᠎ᠠ᠎ᠶᠢᠨ ᠬᠤᠪᠢᠶᠠᠷᠢᠯᠠᠯᠲᠠ᠂ ᠨᠡᠢᠭᠡᠮ᠎ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ᠎ᠤᠨ ᠠᠰᠠᠷᠠᠮᠵᠢ ᠵᠡᠷᠭᠡ ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃
(ᠲᠠᠪᠤ) ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠲᠡᠬᠦ᠎ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮᠯᠡᠯ ᠯᠦ᠍ᠭᠡ ᠰᠠᠨᠠᠭᠠᠴᠢᠯᠠᠭ᠎ᠠ᠎ᠠᠴᠠ᠎ᠪᠠᠨ ᠵᠣᠯᠭᠠᠯᠳᠤᠭᠤᠯᠵᠤ᠂ ᠳᠦᠷᠢᠮ᠎ᠤᠨ ᠬᠡᠯᠪᠡᠷᠢ᠎ᠶᠢᠨ ᠨᠡᠭᠡᠭᠡᠯᠲᠡ᠎ᠶᠢ ᠯᠠᠪᠳᠠᠭᠤᠨ᠎ᠢᠶᠠᠷ ᠥᠷᠭᠡᠳᠬᠡᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠤᠨ ᠡᠬᠢ ᠪᠠᠶᠠᠯᠢᠭ᠋᠎ᠤᠨ ᠬᠣᠯᠪᠣᠯᠳᠤᠨ ᠬᠥᠳᠡᠯᠦᠯᠴᠡᠬᠦ ᠦᠢᠯᠡᠳᠦᠯ᠎ᠢ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶᠢᠨ ᠦᠨᠳᠦᠰᠦᠨ ᠪᠠᠢᠳᠠᠯ᠎ᠢ ᠪᠡᠬᠢᠵᠢᠭᠦᠯᠵᠦ᠂ ᠤᠯᠠᠨ ᠤᠯᠤᠰ᠎ᠤᠨ ᠠᠵᠤ ᠠᠬᠤᠢ᠎ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ᠎ᠤ ᠰᠢᠨ᠎ᠡ ᠳᠠᠪᠠᠭᠤᠯᠢᠭ᠋᠎ᠢ ᠪᠣᠢᠵᠢᠭᠤᠯᠤᠨ᠎ᠠ᠃
ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ᠎ᠶᠢ ᠲᠣᠭᠲᠠᠪᠤᠷᠢᠵᠢᠭᠤᠯᠬᠤ᠎ᠶᠢ ᠠᠬᠢᠭᠤᠯᠤᠨ᠎ᠠ᠃ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ᠎ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ᠎ᠶᠢᠨ ᠢᠲᠡᠭᠡᠮᠵᠢ᠎ᠶᠢᠨ ᠳᠠᠭᠠᠳᠬᠠᠯ᠎ᠤᠨ ᠳᠡᠮᠵᠢᠯᠭᠡ᠎ᠶᠢ ᠴᠢᠩᠭᠠᠳᠬᠠᠵᠤ᠂ ᠬᠢᠯᠢ ᠠᠯᠤᠰᠯᠠᠨ ᠲᠠᠰᠤᠯ᠎ᠦᠨ ᠪᠤᠳᠤᠬᠤ᠂ ᠭᠤᠪᠢᠭᠤᠯᠭ᠎ᠠ᠎ᠶᠢᠨ ᠨᠤᠷᠮ᠎ᠠ᠎ᠶᠢᠨ ᠠᠶᠤᠯ ᠲᠦᠭᠰᠢᠭᠦᠷᠢ᠎ᠶᠢ ᠬᠠᠮᠢᠶᠠᠷᠬᠤ ᠵᠡᠷᠭᠡ ᠦᠢᠯᠡᠴᠢᠯᠡᠭᠡ᠎ᠶᠢ ᠰᠢᠯᠢᠳᠡᠭᠵᠢᠭᠦᠯᠵᠦ᠂ ᠠᠵᠤ ᠠᠬᠤᠢᠯᠠᠯ᠎ᠤᠨ ᠤᠯᠠᠨ ᠡᠰᠢᠴᠢᠯᠡᠭᠰᠡᠨ ᠵᠠᠬ᠎ᠠ ᠳᠡᠯᠭᠡᠭᠦᠷ᠎ᠢ ᠨᠡᠭᠡᠭᠡᠬᠦ᠎ᠶᠢ ᠲᠡᠮᠵᠢᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠡᠷᠡᠭᠦᠯ᠎ᠢᠶᠠᠷ ᠬᠥᠭᠵᠢᠬᠦ᠎ᠶᠢ ᠠᠬᠢᠭᠤᠯᠵᠤ᠂ ᠭᠠᠳᠠᠭᠠᠳᠤ᠎ᠳᠠᠬᠢ ᠬᠥᠮᠥᠷᠭᠡ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠪᠣᠯᠪᠠᠰᠤᠷᠠᠭᠤᠯᠬᠤ ᠠᠷᠠᠯᠵᠢᠶ᠎ᠠ᠎ᠶᠢᠨ ᠵᠡᠷᠭᠡ ᠲᠡᠰᠢ ᠳᠡᠪᠰᠢᠭᠦᠯᠬᠦ᠎ᠶᠢ ᠳᠡᠮᠵᠢᠵᠦ᠂ ᠵᠠᠪᠰᠠᠷ᠎ᠤᠨ ᠪᠦᠲᠦᠭᠡᠭᠳᠡᠬᠦᠨ᠎ᠤ ᠠᠷᠠᠯᠵᠢᠶ᠎ᠠ᠂ ᠨᠣᠭᠣᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ᠎ᠤᠨ ᠴᠡᠭ᠎ᠢ ᠥᠷᠭᠡᠳᠬᠡᠨ᠎ᠡ᠃ ᠴᠢᠨᠠᠷ ᠰᠠᠢᠲᠠᠢ ᠦᠢᠯᠡᠳᠬᠦᠨ᠎ᠢ ᠭᠠᠳᠠᠭᠠᠳᠤ᠎ᠠᠴᠠ ᠣᠷᠣᠭᠤᠯᠬᠤ᠎ᠶᠢ ᠢᠳᠡᠪᠬᠢᠲᠡᠢ᠎ᠪᠠᠷ ᠥᠷᠭᠡᠳᠬᠡᠨ᠎ᠡ᠃ ᠬᠢᠯᠢ ᠠᠯᠤᠰᠯᠠᠭᠰᠠᠨ ᠦᠢᠯᠡᠴᠢᠯᠡᠭᠡᠨ᠎ᠤ ᠠᠷᠠᠯᠵᠢᠶ᠎ᠠ᠎ᠶᠢᠨ ᠨᠠᠵᠠᠭᠠᠢ ᠲᠠᠯ᠎ᠠ᠎ᠶᠢᠨ ᠲᠣᠳᠣᠷᠬᠠᠢ ᠬᠠᠭᠤᠳᠠᠰᠤ᠎ᠶᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ᠎ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ᠎ᠤ ᠨᠢᠭᠡ ᠴᠣᠭᠴᠠᠵᠢᠭ᠍ᠰᠠᠨ ᠬᠥᠭᠵᠢᠯᠲᠡ᠎ᠶᠢ ᠲᠦᠷᠭᠡᠳᠬᠡᠨ᠎ᠡ᠃ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠂ ᠭᠤᠸᠠᠩᠵᠧᠦ᠎ᠶᠢᠨ ᠠᠷᠠᠯᠵᠢᠶᠠᠨ᠎ᠤ ᠴᠤᠭᠯᠠᠭᠠᠨ᠂ ᠦᠢᠯᠡᠴᠢᠯᠡᠭᠡᠨ᠎ᠤ ᠠᠷᠠᠯᠵᠢᠶᠠᠨ᠎ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ᠎ᠤ ᠴᠤᠭᠯᠠᠭᠠᠨ ᠵᠡᠷᠭᠡ ᠴᠢᠬᠤᠯᠠ ᠶᠡᠬᠡ ᠦᠵᠡᠰᠬᠦᠯᠡᠩ ᠴᠤᠭᠯᠠᠭᠠᠨ᠎ᠢ ᠰᠠᠢᠲᠤᠷ ᠡᠷᠬᠢᠯᠡᠨ᠎ᠡ᠃ ᠤᠯᠠᠨ ᠤᠯᠤᠰ᠎ᠤᠨ ᠡᠳ᠋ ᠪᠠᠷᠠᠭᠠᠨ᠎ᠤ ᠭᠦᠢᠯᠭᠡᠭᠡᠨ᠎ᠤ ᠰᠢᠰᠲᠧᠮ᠎ᠤᠨ ᠪᠠᠢᠭᠤᠯᠤᠯᠲᠠ᠎ᠶᠢ ᠲᠦᠷᠭᠡᠳᠬᠡᠵᠦ᠂ ᠣᠶᠤᠨᠴᠢ ᠪᠣᠭᠣᠮᠲᠠ᠎ᠶᠢ ᠪᠤᠢ ᠪᠣᠯᠭᠠᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠪᠰᠤᠷᠤᠨ ᠥᠪᠡᠷ᠎ᠤᠨ ᠦᠷᠲᠡᠭ᠎ᠢ ᠨᠢ ᠪᠠᠭᠤᠷᠠᠭᠤᠯᠤᠨ ᠦᠷ᠎ᠡ ᠠᠰᠢᠭ᠋᠎ᠢ ᠨᠢ ᠳᠡᠭᠡᠭᠰᠢᠯᠡᠬᠦᠯᠦᠨ᠎ᠡ᠃
ᠭᠠᠳᠠᠭᠠᠳᠤ ᠪᠡᠯᠡ᠎ᠶᠢ ᠲᠠᠲᠠᠬᠤ ᠡᠷᠴᠢᠮ᠎ᠢ ᠴᠢᠩᠭᠠᠷᠠᠭᠤᠯᠤᠨ᠎ᠠ᠃ ᠭᠠᠳᠠᠭᠠᠳᠤ ᠪᠡᠯᠡ᠎ᠶᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠨᠠᠵᠠᠭᠠᠢ ᠲᠠᠯ᠎ᠠ᠎ᠶᠢᠨ ᠲᠣᠳᠣᠷᠬᠠᠢ ᠬᠠᠭᠤᠳᠠᠰᠤ᠎ᠶᠢ ᠦᠷᠭᠦᠯᠵᠢᠯᠡᠨ ᠴᠥᠭᠡᠳᠬᠡᠵᠦ᠂ ᠦᠢᠯᠡᠳᠬᠦ ᠦᠢᠯᠡᠰ᠎ᠤᠨ ᠬᠦᠷᠢᠶᠡᠨ᠎ᠳᠠᠬᠢ ᠭᠠᠳᠠᠭᠠᠳᠤ ᠪᠡᠯᠡ᠎ᠶᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠬᠦᠴᠦᠨ ᠦᠭᠡᠢ ᠪᠣᠯᠭᠠᠵᠤ᠂ ᠴᠠᠬᠢᠯᠭᠠᠨ ᠬᠤᠯᠪᠣᠭ᠎ᠠ᠂ ᠡᠮᠨᠡᠯᠭᠡ ᠵᠡᠷᠭᠡ ᠦᠢᠯᠡᠴᠢᠯᠡᠭᠡᠨ᠎ᠤ ᠦᠢᠯᠡᠰ᠎ᠤᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠠᠭᠤᠵᠢᠭᠤ ᠪᠣᠯᠭᠠᠨ᠎ᠠ᠃ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠬᠤ᠎ᠶᠢ ᠵᠣᠷᠢᠭ᠍ᠵᠢᠭᠤᠯᠬᠤ ᠠᠵᠤ ᠦᠢᠯᠡᠰ᠎ᠤᠨ ᠭᠠᠷᠴᠠᠭ᠎ᠢ ᠥᠷᠭᠡᠳᠬᠡᠵᠦ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠢᠯᠢ ᠳᠣᠲᠣᠷ᠎ᠠ ᠲᠠᠬᠢᠨ ᠪᠡᠯᠡ ᠣᠷᠣᠭᠤᠯᠬᠤ᠎ᠶᠢ ᠵᠣᠷᠢᠭ᠍ᠵᠢᠭᠤᠯᠤᠨ᠎ᠠ᠃ ᠭᠠᠳᠠᠭᠠᠳᠤ ᠪᠡᠯᠡ᠎ᠶᠢᠨ ᠠᠵᠤ ᠠᠬᠤᠢᠯᠠᠯ ᠤᠨ ᠠᠷᠠᠳ ᠢᠷᠭᠡᠨ ᠤ ᠬᠠᠷᠠᠭᠠᠯᠵᠠᠯ᠎ᠢ ᠰᠠᠢᠲᠤᠷ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ᠎ᠳᠤ ᠣᠷᠤᠯᠴᠠᠬᠤ᠂ ᠪᠠᠷᠢᠮᠵᠢᠶ᠎ᠠ ᠲᠣᠭᠲᠠᠭᠠᠬᠤ᠎ᠳᠤ ᠬᠠᠤᠯᠢ ᠶᠣᠰᠣᠭᠠᠷ ᠡᠷᠬᠡ ᠲᠡᠭᠰᠢ᠎ᠪᠠᠷ ᠣᠷᠣᠯᠴᠠᠬᠤ᠎ᠶᠢ ᠪᠠᠲᠤᠯᠠᠵᠤ᠂ ᠳ᠋ᠠᠢᠲ᠋ᠠ᠎ᠶᠢᠨ ᠬᠢᠯᠢ ᠠᠯᠤᠰᠯᠠᠨ ᠰᠢᠯᠵᠢᠬᠦ ᠵᠡᠷᠭᠡ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠎ᠠ᠃ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠦᠢᠯᠡᠴᠢᠯᠡᠭᠡᠨ᠎ᠤ ᠪᠠᠲᠤᠯᠠᠭ᠎ᠠ᠎ᠶᠢ ᠴᠢᠩᠭᠠᠳᠬᠠᠵᠤ᠂ 《ᠳᠤᠮᠳᠠᠳᠤ ᠤᠯᠤᠰ᠎ᠲᠤ ᠪᠡᠯᠡ ᠤᠷᠤᠭᠤᠯᠬᠤ》ᠨᠠᠷᠠᠲᠤ ᠲᠡᠮᠳᠡᠭ᠎ᠢ ᠪᠣᠶ ᠪᠣᠯᠭᠠᠨ᠎ᠠ᠃ ᠭᠠᠳᠠᠭᠠᠳᠤ᠎ᠶᠢᠨ ᠬᠠᠷᠢᠶ᠎ᠠ᠎ᠲᠠᠢ ᠬᠥᠮᠥᠰ᠎ᠤᠨ ᠳᠤᠮᠳᠠᠳᠤ ᠤᠯᠤᠰ᠎ᠲᠤ ᠢᠷᠡᠵᠦ ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ᠎ᠳᠤ ᠲᠦᠬᠦᠮ ᠦᠵᠡᠭᠦᠯᠬᠦ ᠬᠡᠮᠵᠢᠶ᠎ᠠ᠎ᠶᠢ ᠲᠠᠬᠡᠭᠰᠢᠯᠡᠬᠦᠯᠵᠤ᠂ ᠲᠤᠭᠠᠴᠠᠭ᠎ᠠ ᠬᠢᠬᠦ ᠦᠢᠯᠠᠴᠢᠯᠡᠬᠡᠶᠢ ᠰᠢᠯᠢᠳᠡᠭᠵᠢᠬᠦᠯᠤᠨ᠎ᠠ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠳᠡᠭᠡᠭᠰᠢᠯᠡᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠵᠡᠷᠭᠡ᠎ᠳᠤ ᠨᠠᠩ ᠣᠯᠠᠨ ᠡᠵᠡᠨ ᠮᠡᠳᠡᠬᠦ ᠡᠷᠬᠡ ᠣᠯᠭᠣᠵᠤ᠂ ᠨᠡᠭᠡᠭᠡᠨ ᠬᠥᠭᠵᠢᠭᠦᠯᠬᠦ ᠣᠷᠣᠨ᠎ᠤ ᠥᠭᠡᠷᠡᠴᠢᠯᠡᠯᠲᠡ ᠬᠢᠬᠦ ᠪᠠ ᠰᠢᠨ᠎ᠡ᠎ᠶᠢ ᠡᠭᠦᠳᠬᠦ᠎ᠶᠢ ᠠᠬᠢᠭᠤᠯᠵᠤ᠂ ᠭᠠᠳᠠᠭᠠᠳᠤ ᠨᠡᠭᠡᠭᠡᠯᠲᠡ᠎ᠶᠢᠨ ᠰᠢᠨ᠎ᠡ ᠥᠨᠳᠥᠷᠯᠢᠭ ᠭᠠᠵᠠᠷ᠎ᠢ ᠪᠤᠢ ᠪᠣᠯᠭᠠᠨ᠎ᠠ᠃
《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠢᠲᠠᠢ ᠪᠠᠶ᠋ᠢᠭᠤᠯᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠤᠨ᠎ᠠ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠢ ᠪᠠᠶ᠋ᠢᠭᠤᠯᠬᠤ᠎ᠶᠢ ᠳᠡᠮᠵᠢᠬᠦ ᠨᠠᠢ᠍ᠮᠠᠨ ᠵᠦᠢᠯ᠎ᠤᠨ ᠠᠵᠢᠯᠯᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠨ᠎ᠠ᠃ ᠴᠢᠬᠤᠯᠠ ᠶᠡᠬᠡ ᠲᠥᠰᠥᠯ᠎ᠤᠨ ᠬᠠᠮᠲᠤᠷᠠᠯᠴᠠᠭ᠎ᠠ᠎ᠶᠢ ᠯᠠᠪᠳᠠᠭᠤᠨ᠎ᠢᠶᠠᠷ ᠠᠬᠢᠭᠤᠯᠵᠤ᠂ ᠨᠢᠭᠡ ᠪᠦᠯᠦᠭ 《ᠵᠢᠵᠢᠭ ᠠᠲᠠᠯ᠎ᠠ ᠭᠤᠶᠤ》 ᠠᠷᠠᠳ᠎ᠤᠨ ᠠᠮᠢᠳᠤᠷᠠᠯ᠎ᠤᠨ ᠲᠥᠰᠥᠯ᠎ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠣᠭᠠᠨ᠂ ᠰᠢᠨ᠎ᠡ᠎ᠶᠢ ᠡᠭᠦᠳᠬᠦ᠂ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠶᠠᠳᠠᠭᠤ᠎ᠶᠢ ᠴᠥᠭᠡᠳᠬᠡᠬᠦ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠶᠢ ᠢᠳᠡᠪᠬᠢᠲᠡᠢ ᠠᠬᠢᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠠᠯᠠᠢ ᠬᠠᠭᠤᠷᠠᠢ᠎ᠶᠢᠨ ᠰᠢᠨ᠎ᠡ ᠵᠠᠮ᠎ᠢ ᠲᠦᠷᠭᠡᠯᠡᠨ ᠪᠦᠲᠦᠭᠡᠨ ᠪᠠᠢᠭᠤᠯᠤᠨ᠎ᠠ᠃
ᠤᠯᠠᠨ ᠲᠠᠯᠠᠲᠤ ᠬᠣᠶᠠᠷ ᠲᠠᠯᠠᠲᠤ ᠪᠠ ᠣᠷᠣᠨ ᠪᠦᠰᠡ᠎ᠶᠢᠨ ᠠᠵᠤ ᠠᠬᠤᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠨ᠎ᠡ᠃ ᠨᠢᠭᠡᠨᠲᠡ ᠬᠦᠴᠦᠨ᠎ᠲᠠᠢ ᠪᠣᠯᠤᠭᠰᠠᠨ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ ᠪᠠ ᠪᠡᠯᠡ ᠣᠷᠣᠭᠤᠯᠤᠯᠲᠠ᠎ᠶᠢᠨ ᠬᠡᠯᠡᠯᠴᠡᠭᠡᠷ᠎ᠢ ᠵᠥᠪᠳᠡᠯᠴᠡᠨ ᠲᠣᠭᠲᠠᠭᠠᠨ᠎ᠠ᠃ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠤᠯᠪᠣᠭ᠎ᠠ᠎ᠶᠢᠨ ᠴᠢᠯᠦᠭᠡᠲᠦ ᠠᠷᠠᠯᠵᠢᠶᠠᠨ᠎ᠤ ᠣᠷᠣᠨ᠎ᠤ 3.0 ᠬᠡᠪ᠎ᠤᠨ ᠬᠡᠯᠡᠯᠴᠡᠭᠡ᠎ᠶᠢ ᠠᠬᠢᠭᠤᠯᠵᠤ᠂《ᠳ᠋ᠢᠵᠢᠲ᠋ᠠᠯ ᠠᠵᠤ ᠠᠬᠤᠢ᠎ᠶᠢᠨ ᠬᠠᠨᠢᠲᠠᠨ᠎ᠤ ᠬᠠᠷᠢᠴᠠᠭ᠎ᠠ᠎ᠶᠢᠨ ᠬᠡᠯᠡᠯᠴᠡᠭᠡᠷ》᠂《ᠪᠦᠬᠦ ᠲᠠᠯ᠎ᠠ᠎ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ᠎ᠤ ᠬᠠᠷᠢᠴᠠᠭ᠎ᠠ᠎ᠶᠢᠨ ᠬᠡᠯᠡᠯᠴᠡᠭᠡᠷ》ᠲᠸ᠋ ᠣᠷᠣᠬᠤ᠎ᠶᠢ ᠠᠬᠢᠭᠤᠯᠤᠨ᠎ᠠ᠃ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶᠢᠨ ᠥᠭᠡᠷᠡᠴᠢᠯᠡᠯᠲᠡ᠎ᠳᠤ ᠪᠦᠬᠦ ᠲᠠᠯ᠎ᠠ᠎ᠪᠠᠷ ᠭᠦᠨᠵᠡᠭᠡᠢ ᠣᠷᠣᠯᠴᠠᠵᠤ᠂ ᠨᠡᠭᠡᠭᠡᠯᠲᠡᠲᠤ ᠬᠡᠯᠪᠡᠷᠢ᠎ᠶᠢᠨ ᠳᠡᠯᠡᠬᠡᠢ᠎ᠶᠢᠨ ᠠᠵᠤ ᠠᠬᠤᠢ᠎ᠶᠢ ᠪᠠᠶ᠋ᠢᠭᠤᠯᠬᠤ᠎ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠭᠥᠷᠳᠡᠭᠰᠡᠨ ᠨᠡᠩ ᠤᠯᠠᠨ ᠦᠷ᠎ᠡ ᠪᠦᠲᠦᠭᠡᠯ᠎ᠢ ᠡᠯ᠎ᠡ ᠤᠯᠤᠰ᠎ᠤᠨ ᠠᠷᠠᠳ ᠲᠦᠮᠡᠨ᠎ᠳᠤ ᠬᠦᠷᠲᠡᠭᠡᠨ᠎ᠡ᠃
(ᠵᠢᠷᠭᠤᠭ᠎ᠠ) ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢᠨ ᠨᠢᠭᠡᠳᠦᠯᠲᠡᠢ ᠲᠥᠯᠥᠪᠯᠡᠵᠦ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ᠃ ᠴᠢᠨᠠᠷ ᠰᠠᠢᠲᠠᠢ ᠬᠥᠭᠵᠢᠯᠲᠡ᠎ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠠᠬᠢᠭᠤᠯᠬᠤ᠎ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠠᠷ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠵᠤ᠂ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠂ ᠣᠷᠣᠨ ᠨᠤᠲᠤᠭ᠎ᠤᠨ ᠥᠷᠢ ᠥᠭᠴᠡᠭᠡ᠂ ᠳᠤᠮᠳᠠ ᠵᠢᠵᠢᠭ ᠮᠥᠩᠭᠥᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠶᠢᠨ ᠲᠦᠭᠰᠢᠭᠦᠷᠢ᠎ᠶᠢ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠠᠴᠠ ᠨᠢ ᠵᠠᠰᠠᠵᠤ ᠪᠠᠢᠭᠠᠳ ᠠᠷᠢᠯᠭᠠᠵᠤ᠂ ᠠᠵᠤ ᠠᠬᠤᠢ ᠮᠥᠩᠭᠥᠨ ᠭᠦᠢᠯᠭᠡᠭᠡᠨ᠎ᠤ ᠶᠡᠬᠡ ᠲᠠᠯ᠎ᠠ᠎ᠶᠢᠨ ᠲᠣᠭᠲᠠᠭᠤᠨ ᠪᠠᠢᠳᠠᠯ᠎ᠢ ᠬᠠᠮᠠᠭᠠᠯᠠᠨ᠎ᠠ᠃
ᠲᠦᠭᠰᠢᠭᠦᠷᠢ᠎ᠶᠢᠨ ᠳᠠᠯᠳᠠ ᠭᠡᠮ᠎ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ᠎ᠲᠠᠢ᠎ᠪᠠᠷ ᠰᠢᠢᠳᠪᠦᠷᠢᠯᠡᠨ᠎ᠡ᠃ ᠬᠦᠨᠳᠦ ᠶᠡᠬᠡ ᠲᠦᠭᠰᠢᠭᠦᠷᠢ᠎ᠶᠢ ᠰᠢᠢᠳᠪᠦᠷᠢᠯᠡᠬᠦ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠪᠡᠶᠡᠴᠢ ᠴᠣᠭᠴᠠ᠎ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠂ ᠣᠷᠣᠨ ᠨᠤᠲᠤᠭ᠎ᠤᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠵᠦ᠂ ᠰᠢᠰᠲᠧᠮ᠎ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ᠎ᠢ ᠪᠠᠲᠤ ᠰᠠᠬᠢᠨ᠎ᠠ᠃ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ᠎ᠤᠨ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ᠎ᠳᠤ ᠠᠳᠠᠯᠢ ᠲᠡᠭᠰᠢ᠎ᠪᠠᠷ ᠳᠡᠮᠵᠢᠯᠭᠡ ᠦᠵᠡᠭᠦᠯᠵᠦ᠂ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ᠎ᠢᠶᠠᠷ ᠬᠥᠭᠵᠢᠬᠦ᠎ᠶᠢ ᠠᠬᠢᠭᠤᠯᠤᠨ᠎ᠠ᠃ ᠣᠷᠣᠨ ᠨᠤᠲᠤᠭ᠎ᠤᠨ ᠥᠷᠢ ᠥᠭᠴᠡᠭᠡ᠎ᠶᠢᠨ ᠲᠦᠭᠰᠢᠭᠦᠷᠢ᠎ᠶᠢ ᠠᠷᠢᠯᠭᠠᠬᠤ ᠪᠠ ᠲᠣᠭᠲᠠᠭᠤᠨ᠎ᠢᠶᠠᠷ ᠬᠥᠭᠵᠢᠭᠦᠯᠬᠦ᠎ᠶᠢ ᠨᠢᠭᠡᠳᠦᠯᠲᠡᠢ ᠲᠥᠯᠥᠪᠯᠡᠵᠦ᠂ ᠥᠷᠢ ᠥᠭᠴᠡᠭᠡ᠎ᠶᠢ ᠠᠷᠢᠯᠭᠠᠬᠤ ᠪᠦᠭᠦᠨ᠎ᠢ ᠬᠠᠮᠤᠷᠤᠭᠰᠠᠨ ᠲᠥᠰᠥᠯ᠎ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ᠎ᠤ ᠲᠦᠭᠰᠢᠭᠦᠷᠢ᠎ᠶᠢ ᠲᠣᠬᠢᠲᠠᠢ ᠠᠷᠢᠯᠭᠠᠵᠤ᠂ ᠰᠢᠨ᠎ᠡ᠎ᠪᠠᠷ ᠨᠡᠮᠡᠭᠳᠡᠬᠦ ᠥᠷᠢ ᠥᠭᠴᠡᠭᠡᠨ᠎ᠤ ᠲᠦᠭᠰᠢᠭᠦᠷᠢ᠎ᠶᠢ ᠴᠢᠩᠭ᠎ᠠ ᠰᠡᠷᠭᠡᠢᠯᠡᠨ᠎ᠡ᠃ ᠵᠠᠷᠢᠮ ᠭᠠᠵᠠᠷ ᠣᠷᠣᠨ᠎ᠤ ᠳᠤᠮᠳᠠ ᠵᠢᠵᠢᠭ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶᠢᠨ ᠲᠦᠭᠰᠢᠭᠦᠷᠢ᠎ᠶᠢ ᠰᠢᠢᠳᠪᠦᠷᠢᠯᠡᠬᠦ᠎ᠶᠢ ᠯᠠᠪᠳᠠᠭᠤᠨ᠎ᠢᠶᠠᠷ ᠠᠬᠢᠭᠤᠯᠤᠨ᠎ᠠ᠃ ᠬᠠᠤᠯᠢ ᠪᠤᠰᠤ ᠮᠥᠩᠭᠥᠨ ᠭᠦᠢᠯᠭᠡᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠦᠨ᠎ᠡ᠃ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠬᠥᠭᠵᠢᠯᠲᠡ᠎ᠶᠢᠨ ᠬᠠᠨᠳᠤᠰᠢ ᠪᠣᠯᠣᠨ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭᠴᠡᠭᠡ᠎ᠶᠢᠨ ᠬᠠᠷᠢᠴᠠᠭᠠᠨ᠎ᠤ ᠬᠤᠪᠢᠷᠠᠯᠲᠠ᠎ᠳᠤ ᠵᠣᠬᠢᠴᠠᠭᠤᠯᠤᠨ᠂ ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠬᠥᠭᠵᠢᠯᠲᠡ᠎ᠶᠢᠨ ᠰᠢᠨ᠎ᠡ ᠵᠠᠭᠪᠤᠷ᠎ᠢ ᠲᠦᠷᠭᠡᠯᠡᠨ ᠪᠠᠢᠭᠤᠯᠤᠨ᠎ᠠ᠃ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠪᠦᠲᠦᠭᠡᠨ ᠪᠠᠢᠭᠤᠯᠤᠯᠲᠠ ᠪᠠ ᠬᠠᠩᠭᠠᠯᠭ᠎ᠠ᠎ᠶᠢ ᠨᠡᠮᠡᠭᠳᠡᠭᠦᠯᠵᠦ᠂ ᠲᠠᠸᠠᠷ᠎ᠤᠨ ᠭᠡᠷ ᠪᠠᠢᠰᠢᠩ᠎ᠤᠨ ᠬᠣᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ᠎ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ᠎ᠤᠨ ᠵᠠᠢᠯᠠᠰᠢ ᠦᠭᠡᠢ ᠴᠢᠨᠠᠷᠲᠠᠢ ᠣᠷᠣᠨ ᠰᠠᠭᠤᠴᠠ᠎ᠶᠢᠨ ᠬᠡᠷᠡᠭᠴᠡᠭᠡ ᠪᠠ ᠤᠯᠠᠨ ᠶᠠᠩᠵᠤᠴᠢᠯᠠᠭᠰᠠᠨ ᠰᠠᠢᠵᠢᠷᠠᠭᠤᠯᠬᠤ ᠴᠢᠨᠠᠷᠲᠠᠢ ᠣᠷᠣᠨ ᠰᠠᠭᠤᠴᠠ᠎ᠶᠢᠨ ᠬᠡᠷᠡᠭᠴᠡᠭᠡ᠎ᠶᠢ ᠬᠠᠩᠭᠠᠨ᠎ᠠ᠃ ᠴᠢᠨᠠᠷ ᠰᠠᠢᠲᠠᠢ ᠬᠥᠭᠵᠢᠯᠲᠡ ᠯᠦ᠍ᠭᠡ ᠵᠣᠬᠢᠴᠠᠯᠳᠤᠭᠰᠠᠨ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠵᠤ᠂ ᠪᠦᠬᠦ ᠰᠢᠰᠲᠧᠮ᠎ᠤᠨ ᠣᠷᠣᠨ ᠨᠤᠲᠤᠭ᠎ᠤᠨ ᠥᠷᠢ ᠥᠭᠴᠡᠭᠡ᠎ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲᠧᠮ᠎ᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠪᠡᠯᠡ ᠲᠣᠬᠢᠷᠠᠭᠤᠯᠬᠤ ᠲᠠᠪᠴᠠᠩ᠎ᠤᠨ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠦᠯ ᠬᠤᠪᠢᠶᠠᠨ ᠠᠬᠢᠭᠤᠯᠤᠨ᠎ᠠ᠃ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠯ᠎ᠢ ᠪᠦᠷᠢᠨᠰᠢᠭᠦᠯᠵᠦ᠂ ᠮᠥᠩᠭᠥᠨ ᠭᠦᠢᠯᠭᠡᠭᠡᠨ᠎ᠤ ᠲᠦᠭᠰᠢᠭᠦᠷᠢ᠎ᠶᠢ ᠰᠡᠷᠭᠡᠢᠯᠡᠨ ᠬᠢᠵᠠᠭᠠᠷᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃
ᠭᠣᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ᠎ᠤ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠠᠮᠤ ᠪᠤᠳᠠᠭᠠᠨ᠎ᠤ ᠦᠢᠯᠡᠳᠪᠦᠷᠢᠯᠡᠬᠦ ᠬᠤᠳᠠᠯᠳᠤᠨ ᠠᠪᠴᠤ ᠨᠥᠭᠡᠴᠡᠯᠡᠬᠦ ᠪᠣᠯᠪᠠᠰᠤᠷᠠᠭᠤᠯᠬᠤ ᠰᠢᠰᠲᠧᠮ᠎ᠢ ᠲᠡᠭᠦᠯᠳᠡᠷᠵᠢᠭᠦᠯᠵᠦ᠂ ᠠᠮᠤ ᠪᠤᠳᠠᠭᠠᠨ᠎ᠤ ᠠᠮᠤᠷ ᠲᠦᠪᠰᠢᠨ᠎ᠤ ᠦᠨᠳᠦᠰᠦ ᠰᠠᠭᠤᠷᠢ᠎ᠶᠢ ᠪᠦᠬᠦ ᠲᠠᠯ᠎ᠠ᠎ᠪᠠᠷ ᠪᠡᠬᠢᠵᠢᠭᠦᠯᠦᠨ᠎ᠡ᠃ ᠤᠯᠤᠰ᠎ᠤᠨ ᠤᠰᠤᠨ ᠲᠣᠣᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠡᠨᠧᠷᠭᠢ᠎ᠶᠢᠨ ᠰᠤᠷᠪᠤᠯᠵᠢ ᠡᠬᠢ ᠪᠠᠶᠠᠯᠢᠭ᠋᠎ᠤᠨ ᠠᠮᠤᠷ ᠲᠦᠪᠰᠢᠨ᠎ᠤ ᠪᠠᠲᠤᠯᠠᠭ᠎ᠠ᠎ᠶᠢ ᠴᠢᠩᠭᠠᠳᠬᠠᠵᠤ᠂ ᠲᠣᠰᠣ᠌ ᠬᠡᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠰᠢᠨᠵᠢᠵᠦ ᠨᠡᠭᠡᠭᠡᠨ ᠠᠰᠢᠭ᠍ᠯᠠᠬᠤ ᠡᠷᠴᠢᠮ᠎ᠢ ᠴᠢᠩᠭᠠᠷᠠᠭᠤᠯᠤᠨ᠎ᠠ᠃ ᠲᠣᠮᠣ᠌ ᠤᠯᠤᠰ᠎ᠤᠨ ᠨᠥᠭᠡᠴᠡᠯᠡᠯᠳᠡ᠎ᠶᠢᠨ ᠰᠢᠰᠲᠧᠮ᠎ᠢ ᠲᠦᠷᠭᠡᠯᠡᠨ ᠪᠠᠢᠭᠤᠯᠵᠤ᠂ ᠭᠣᠣᠯᠳᠠᠯᠭ᠎ᠠ᠎ᠲᠠᠢ ᠨᠥᠭᠡᠴᠡᠯᠡᠬᠦ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠲᠣᠣᠷ ᠰᠦᠯᠵᠢᠶ᠎ᠡ᠂ ᠳ᠋ᠠᠢᠲ᠋ᠠ ᠵᠡᠷᠭᠡ᠎ᠶᠢᠨ ᠠᠮᠤᠷ ᠲᠦᠪᠰᠢᠨ᠎ᠤ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ ᠲᠣᠭᠲᠠᠭᠤᠨ ᠪᠠᠢᠳᠠᠯ᠎ᠢ ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ᠎ᠤᠨ ᠠᠵᠤ ᠠᠬᠤᠢ᠎ᠶᠢᠨ ᠰᠠᠭᠠᠳ ᠦᠭᠡᠢ ᠣᠷᠴᠢᠯ᠎ᠢ ᠲᠤᠯᠭᠠᠭᠤᠷᠢᠯᠠᠨ᠎ᠠ᠃
(ᠳᠣᠯᠤᠭ᠎ᠠ) ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠢ ᠴᠥᠬᠥᠷᠡᠰᠢ ᠦᠭᠡᠢ ᠰᠠᠢᠲᠤᠷ ᠠᠳᠬᠤᠵᠤ᠂ ᠬᠥᠳᠡᠭᠡ ᠲᠣᠰᠬᠤᠨ᠎ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠪᠠᠨ ᠪᠠᠲᠤᠵᠢᠭᠤᠯᠵᠤ᠂ 《ᠮᠢᠩᠭᠠᠨ ᠲᠣᠰᠬᠤᠨ᠎ᠢᠶᠠᠷ ᠵᠢᠱ᠌ᠢᠶ᠎ᠡ ᠦᠵᠡᠭᠦᠯᠵᠦ᠂ ᠲᠦᠮᠡᠨ ᠲᠣᠰᠬᠤᠨ᠎ᠢ ᠴᠡᠭᠴᠡᠯᠡᠨ ᠵᠠᠰᠠᠬᠤ》 ᠢᠨᠵᠧᠨᠧᠷᠢᠩ᠎ᠤᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ᠎ᠲᠠᠢ᠎ᠪᠠᠷ ᠶᠠᠪᠤᠭᠳᠠᠭᠤᠯᠵᠤ᠂ ᠤᠳᠠᠭᠠᠨ ᠳᠠᠭᠠᠭᠠᠮᠠᠭᠠᠢ᠎ᠪᠠᠷ ᠬᠦᠴᠦᠯᠡᠨ ᠴᠢᠷᠮᠠᠢᠵᠤ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠶᠠᠪᠤᠳᠠᠯ᠎ᠤᠨ ᠲᠠᠰᠤᠷᠠᠯᠲᠠ ᠦᠭᠡᠢ ᠮᠥᠨ ᠴᠢᠨᠠᠷ᠎ᠤᠨ ᠠᠬᠢᠯᠲᠠ᠎ᠲᠠᠢ ᠪᠣᠯᠬᠤ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ᠎ᠶᠢ ᠠᠬᠢᠭᠤᠯᠤᠨ᠎ᠠ᠃
ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠢ ᠲᠣᠭᠲᠠᠪᠤᠷᠢᠵᠢᠭᠤᠯᠵᠤ ᠬᠠᠩᠭᠠᠯᠭ᠎ᠠ᠎ᠶᠢ ᠪᠠᠲᠤᠯᠠᠬᠤ᠎ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ᠎ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ᠎ᠢ ᠥᠷᠭᠡᠳᠬᠡᠨ ᠳᠠᠷᠢᠭ᠍ᠰᠠᠨ ᠦᠷ᠎ᠡ ᠪᠦᠲᠦᠭᠡᠯ ᠢ ᠪᠡᠬᠢᠵᠢᠭᠦᠯᠵᠦ᠂ ᠲᠠᠯᠠᠪᠠᠢ ᠨᠢᠭᠡᠴᠢ᠎ᠶᠢᠨ ᠤᠨᠠᠯᠲᠠ᠎ᠶᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠬᠦ᠎ᠶᠢ ᠠᠬᠢᠭᠤᠯᠤᠨ᠎ᠠ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ᠎ᠶᠢᠨ ᠦᠨ᠎ᠡ᠎ᠶᠢ ᠵᠣᠬᠢᠰᠲᠠᠢ ᠳᠡᠭᠡᠭᠰᠢᠯᠡᠭᠦᠯᠵᠦ᠂ ᠪᠦᠬᠦ ᠤᠯᠤᠰ᠎ᠲᠤ ᠭᠤᠷᠪᠠᠨ ᠶᠡᠬᠡ ᠭᠣᠣᠯ ᠠᠮᠤ ᠪᠤᠳᠠᠭᠠᠨ᠎ᠤ ᠦᠢᠯᠡᠳᠪᠦᠷᠢᠯᠡᠯ᠎ᠤᠨ ᠥᠪᠡᠷ᠎ᠤᠨ ᠦᠷᠲᠡᠭ ᠪᠠ ᠣᠷᠣᠯᠭ᠎ᠠ᠎ᠶᠢᠨ ᠳᠠᠭᠠᠳᠬᠠᠯ᠎ᠤᠨ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠳᠠᠭ ᠲᠠᠷᠢᠶᠠᠴᠢᠳ᠎ᠤᠨ ᠠᠰᠢᠭ᠋ ᠣᠷᠣᠯᠭ᠎ᠠ᠎ᠶᠢ ᠪᠠᠲᠤᠯᠠᠬᠤ ᠲᠣᠭᠲᠠᠴᠠ᠎ᠶᠢ ᠪᠦᠷᠢᠨᠰᠢᠭᠦᠯᠦᠨ᠎ᠡ᠃ ᠠᠮᠤ ᠪᠤᠳᠠᠭᠠᠨ᠎ᠤ ᠭᠠᠷᠤᠯᠲᠠ ᠶᠡᠬᠡᠲᠡᠢ ᠰᠢᠶᠠᠨ᠎ᠢ ᠳᠡᠮᠵᠢᠬᠦ ᠡᠷᠴᠢᠮ᠎ᠢᠶᠠᠨ ᠴᠢᠩᠭᠠᠷᠠᠭᠤᠯᠵᠤ᠂ ᠭᠣᠣᠯ ᠭᠠᠷᠤᠯᠲᠠ᠎ᠶᠢᠨ ᠣᠷᠣᠨ᠎ᠤ ᠠᠰᠢᠭ᠋ ᠲᠤᠰᠠ᠎ᠶᠢᠨ ᠨᠥᠬᠥᠪᠦᠷᠢ᠎ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠣᠯᠢᠭ᠋ ᠲᠠᠷᠢᠮᠠᠯ᠎ᠤᠨ ᠦᠢᠯᠡᠳᠪᠦᠷᠢᠯᠡᠯ᠎ᠢ ᠥᠷᠭᠡᠳᠬᠡᠵᠦ᠂ ᠮᠠᠯ ᠠᠵᠤ ᠠᠬᠤᠢ᠂ ᠵᠢᠭᠠᠰᠤᠨ ᠠᠵᠤ ᠠᠬᠤᠢ᠎ᠶᠢᠨ ᠦᠢᠯᠡᠳᠪᠦᠷᠢᠯᠡᠯ᠎ᠤᠨ ᠴᠢᠳᠠᠪᠤᠷᠢ᠎ᠶᠢ ᠲᠣᠭᠲᠠᠭᠤᠨ ᠪᠠᠢᠯᠭᠠᠵᠤ᠂ ᠤᠳᠤ ᠦᠶ᠎ᠡ᠎ᠶᠢᠨ ᠲᠥᠬᠥᠭᠡᠷᠦᠮᠵᠢᠲᠦ ᠲᠠᠷᠢᠶᠠᠯᠠᠩ᠎ᠢ ᠬᠥᠭᠵᠢᠭᠦᠯᠦᠨ᠎ᠡ᠃ ᠤᠰᠤ ᠠᠷᠪᠢᠯᠠᠬᠤ ᠲᠠᠷᠢᠶᠠᠯᠠᠡᠭ᠂ ᠭᠠᠡᠭ ᠬᠠᠭᠰᠠᠷᠠᠭᠠᠨ ᠳ᠋ᠤ ᠵᠤᠬᠢᠴᠠᠬᠤ ᠲᠠᠷᠢᠶᠠᠯᠠᠡᠭ ᠤ᠋ᠨ ᠬᠦᠭᠵᠢᠯᠲᠠ᠎ᠶᠢ ᠲᠠᠮᠵᠢᠨ᠎ᠠ᠃ ᠡᠪᠠᠳᠴᠢᠨ ᠬᠣᠷᠣᠬᠠᠢ᠎ᠶᠢᠨ ᠬᠥᠨᠥᠭᠡᠯ ᠪᠠ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠴᠢᠩᠭᠠᠳᠬᠠᠨ᠎ᠠ᠃ ᠦᠷ᠎ᠡ᠎ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ᠎ᠤᠨ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢᠳᠪᠦᠷᠢᠯᠡᠬᠦ ᠡᠷᠴᠢᠮ᠎ᠢ ᠴᠢᠩᠭᠠᠷᠠᠭᠤᠯᠵᠤ᠂ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠳᠤᠲᠠᠭᠤᠳᠠᠯ᠎ᠢ ᠨᠥᠬᠥᠪᠦᠷᠢᠯᠡᠬᠦ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠲᠡᠢ ᠪᠠᠢᠯᠭᠠᠬᠤ ᠳᠦᠷᠢᠮ᠎ᠢ ᠲᠡᠭᠦᠯᠳᠡᠷᠵᠢᠭᠦᠯᠵᠦ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠪᠠ ᠬᠤᠵᠢᠷᠯᠢᠭ᠋ ᠭᠠᠵᠠᠷ᠎ᠢ ᠶᠡᠷᠦᠩᠬᠡᠢᠯᠡᠨ ᠵᠠᠰᠠᠬᠤ᠎ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠳᠤ ᠨᠥᠬᠥᠪᠦᠷᠢ ᠣᠯᠭᠣᠬᠤ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃ ᠮᠠᠨ᠎ᠤ ᠡᠢᠮᠦ ᠨᠢᠭᠡᠨ ᠬᠥᠮᠥᠨ ᠠᠮᠠ ᠣᠯᠠᠨ᠎ᠲᠠᠢ ᠲᠣᠮᠣ᠌ ᠤᠯᠤᠰ ᠡᠷᠬᠡᠪᠰᠢ ᠲᠣᠮᠣ᠌ ᠲᠠᠷᠢᠶᠠᠯᠠᠩ᠎ᠤᠨ ᠦᠵᠡᠯᠲᠡ᠂ ᠬᠠᠮ ᠢᠳᠡᠭᠡᠨ᠎ᠤ ᠦᠵᠡᠯᠲᠡ᠎ᠶᠢ ᠰᠠᠢᠲᠤᠷ ᠦᠢᠯᠡᠳᠦᠯᠭᠡᠵᠢᠭᠦᠯᠵᠦ᠂ ᠬᠤᠭᠤᠯᠠ ᠬᠦᠨᠡᠰᠦ᠎ᠪᠠᠨ ᠢᠮᠠᠭᠲᠠ ᠪᠡᠶ᠎ᠡ᠎ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ᠃
ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠪᠡᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ᠎ᠠᠴᠠ ᠰᠡᠷᠭᠡᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ᠎ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠯ ᠡᠭᠦᠰᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠨ᠎ᠠ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ ᠬᠥᠭᠵᠢᠭᠦᠯᠬᠦ᠎ᠶᠢ ᠳᠡᠮᠵᠢᠵᠦ᠂ ᠲᠠᠬᠢᠨ ᠶᠠᠳᠠᠭᠤᠷᠠᠬᠤ᠎ᠠᠴᠠ ᠰᠡᠷᠭᠡᠢᠯᠡᠬᠦ ᠠᠵᠢᠯ ᠣᠯᠭᠣᠯᠲᠠ᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭ᠎ᠠ᠎ᠶᠢ ᠠᠬᠢᠭᠤᠯᠵᠤ᠂ ᠣᠨᠳᠣᠣ ᠭᠠᠵᠠᠷ ᠨᠡᠭᠦᠯᠭᠡᠭᠰᠡᠨ᠎ᠤ ᠳᠠᠷᠠᠭᠠᠬᠢ ᠬᠠᠪᠰᠤᠷᠤᠨ ᠲᠡᠳᠬᠦᠬᠦ ᠠᠵᠢᠯ᠎ᠢ ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ᠎ᠶᠢ ᠭᠦᠨᠵᠡᠭᠡᠢᠷᠡᠭᠦᠯᠦᠨ᠎ᠡ᠃ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠢ ᠳᠡᠮᠵᠢᠬᠦ ᠡᠷᠴᠢᠮ᠎ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ᠎ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠯᠲᠡ ᠪᠠᠷᠤᠭᠲᠠᠢ ᠭᠠᠵᠠᠷ ᠣᠷᠣᠨ᠎ᠢ ᠪᠠᠢᠩᠭᠤ᠎ᠶᠢᠨ ᠴᠢᠨᠠᠷᠲᠠᠢ᠎ᠪᠠᠷ ᠬᠠᠪᠰᠤᠷᠤᠨ ᠲᠡᠳᠬᠦᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠨᠡᠩ ᠰᠠᠢᠨ ᠪᠡᠬᠢᠵᠢᠭᠦᠯᠵᠦ᠂ ᠦᠷ᠎ᠡ ᠪᠦᠲᠦᠮᠵᠢ᠎ᠶᠢ ᠨᠢ ᠨᠡᠩ ᠦᠷᠭᠦᠯᠵᠢᠯᠡᠬᠦᠢᠴᠡ ᠪᠣᠯᠭᠠᠨ᠎ᠠ᠃
ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ᠎ᠢᠶᠠᠷ ᠠᠬᠢᠭᠤᠯᠤᠨ᠎ᠠ᠃ ᠬᠥᠳᠡᠭᠡ ᠲᠣᠰᠬᠤᠨ᠎ᠤ ᠭᠠᠵᠠᠷ ᠰᠢᠷᠣᠢ᠎ᠶᠢᠨ ᠳᠦᠷᠢᠮ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠣᠶᠠᠳᠤᠭᠠᠷ ᠡᠭᠡᠯᠵᠢ᠎ᠶᠢᠨ ᠭᠠᠵᠠᠷ ᠰᠢᠷᠣᠢ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠨᠢ ᠲᠤᠯᠤᠭᠰᠠᠨ᠎ᠤ ᠲᠠᠷᠠᠭ᠎ᠠ ᠲᠠᠬᠢᠭᠠᠳ 30 ᠵᠢᠯ ᠤᠷᠲᠤᠳᠬᠠᠬᠤ ᠪᠦᠬᠦᠯᠢ ᠮᠤᠵᠢ᠎ᠶᠢᠨ ᠲᠤᠷᠰᠢᠯᠲᠠ᠎ᠶᠢ ᠡᠬᠢᠯᠡᠭᠦᠯᠦᠨ᠎ᠡ᠃ ᠬᠠᠮᠲᠤ᠎ᠶᠢᠨ ᠥᠮᠴᠢᠯᠡᠯ᠎ᠤᠨ ᠡᠷᠬᠡ᠂ ᠬᠠᠮᠲᠤ᠎ᠶᠢᠨ ᠣᠢ ᠰᠢᠭᠤᠢ᠎ᠶᠢᠨ ᠡᠷᠬᠡ᠂ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠳᠡᠭᠡ ᠲᠣᠰᠬᠤᠨ᠎ᠤ ᠰᠢᠨ᠎ᠡ ᠬᠡᠯᠪᠡᠷᠢ᠎ᠶᠢᠨ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠤᠨ᠎ᠠ᠃ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ᠎ᠶᠢ ᠪᠣᠳᠣᠯᠬᠢᠯᠠᠨ᠂ ᠬᠥᠳᠡᠭᠡ ᠲᠣᠰᠬᠤᠨ᠎ᠤ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠤᠵᠠᠭᠠᠢᠷᠠᠭᠤᠯᠵᠤ᠂ ᠰᠢᠨ᠎ᠡ ᠬᠡᠯᠪᠡᠷᠢ᠎ᠶᠢᠨ ᠲᠠᠷᠢᠶᠠᠯᠠᠩ᠎ᠤᠨ ᠡᠵᠡᠩᠨᠡᠯᠲᠡ᠎ᠶᠢᠨ ᠪᠡᠶᠡᠴᠢ ᠴᠣᠭᠴᠠ ᠪᠠ ᠨᠡᠢᠭᠡᠮᠴᠢᠯᠡᠭᠰᠡᠨ ᠦᠢᠯᠡᠴᠢᠯᠡᠭᠡ᠎ᠶᠢ ᠬᠥᠭᠵᠢᠭᠦᠯᠵᠦ᠂ ᠬᠥᠳᠡᠭᠡ ᠲᠤᠰᠬᠤᠨ᠎ᠤ ᠴᠢᠳᠠᠪᠤᠷᠢᠲᠠᠨ᠎ᠢ ᠬᠥᠮᠥᠵᠢᠭᠦᠯᠵᠦ ᠰᠠᠢᠲᠤᠷ ᠬᠡᠷᠡᠭᠯᠡᠨ᠎ᠡ᠃ ᠬᠦᠲᠠᠬᠡ ᠲᠤᠰᠬᠤᠨ᠎ᠤ ᠰᠤᠶᠤᠯ᠎ᠢ ᠴᠡᠴᠡᠭᠯᠡᠬᠦᠯᠤᠨ ᠬᠦᠭᠵᠢᠬᠦᠯᠵᠤ᠂ ᠬᠦᠲᠠᠬᠡ ᠲᠤᠰᠬᠤᠨ᠎ᠤ ᠵᠠᠡᠭ ᠲᠠᠳᠬᠠᠯ᠎ᠢ ᠦᠬᠡᠷᠠᠴᠢᠯᠠᠬᠦᠶᠢ ᠦᠷᠬᠦᠯᠵᠢᠯᠠᠨ ᠠᠬᠢᠭᠤᠯᠤᠨ᠎ᠠ᠃ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ᠎ᠤ ᠤᠰᠤ ᠴᠠᠬᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠶᠡᠬᠡ᠎ᠪᠠᠷ ᠰᠠᠢᠵᠢᠷᠠᠭᠤᠯᠤᠨ᠂ ᠴᠠᠬᠢᠯᠭᠠᠨ ᠴᠡᠨᠡᠭᠯᠡᠬᠦ ᠱᠣᠩ᠂ ᠬᠦᠢᠲᠡᠨ ᠬᠡᠯᠬᠢᠶᠡᠲᠦ ᠡᠳ᠋ ᠪᠠᠷᠠᠭᠠᠨ᠎ᠤ ᠭᠦᠢᠯᠭᠡᠭᠡ᠂ ᠢᠯᠡᠭᠡᠯᠲᠡ ᠬᠦᠷᠭᠡᠯᠲᠡ᠎ᠶᠢᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠥᠳᠡᠭᠡ ᠲᠣᠰᠬᠤᠨ᠎ᠤ ᠭᠡᠷ ᠪᠠᠢᠰᠢᠩ᠎ᠤᠨ ᠭᠠᠵᠠᠷ ᠬᠥᠳᠡᠯᠦᠯᠲᠡ᠎ᠶᠢ ᠳᠠᠭᠠᠭᠠᠬᠤ ᠥᠭᠡᠷᠡᠴᠢᠯᠡᠯᠲᠡ᠎ᠶᠢᠨ ᠡᠷᠴᠢᠮ᠎ᠢ ᠴᠢᠩᠭᠠᠷᠠᠭᠤᠯᠵᠤ᠂ ᠬᠥᠳᠡᠭᠡ ᠲᠣᠰᠬᠤᠨ᠎ᠤ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠡᠷᠬᠢᠯᠡᠬᠦ᠎ᠳᠤ ᠲᠣᠬᠢᠷᠠᠮᠵᠢᠲᠠᠢ ᠡᠶ᠎ᠡ ᠨᠠᠶ᠋ᠢᠷᠠᠮᠳᠠᠭᠤ ᠭᠤᠶᠤ ᠰᠠᠢᠬᠠᠨ ᠬᠥᠳᠡᠭᠡ ᠲᠣᠰᠬᠤᠨ᠎ᠢ ᠪᠦᠲᠦᠭᠡᠨ ᠪᠠᠢᠭᠤᠯᠤᠨ᠎ᠠ᠃
(ᠨᠠᠢ᠍ᠮᠠ) ᠬᠤᠲᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠠᠵᠤ ᠠᠬᠤᠢ᠎ᠶᠢᠨ ᠪᠠᠢᠷᠢᠯᠠᠭᠤᠯᠤᠯᠲᠠ᠎ᠶᠢ ᠶᠡᠬᠡ᠎ᠪᠠᠷ ᠰᠢᠯᠢᠳᠡᠭᠵᠢᠭᠦᠯᠦᠨ᠎ᠡ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠪᠡᠶᠡᠴᠢ ᠴᠣᠭᠴᠠ᠎ᠶᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠣᠷᠭᠠᠨᠢᠭ᠋᠎ᠢᠶᠠᠷ ᠤᠶᠠᠯᠳᠤᠭᠤᠯᠵᠤ᠂ ᠳᠠᠪᠠᠭᠤᠯᠢᠭ᠋ ᠲᠠᠯ᠎ᠠ᠎ᠪᠠᠷ᠎ᠢᠶᠠᠨ ᠬᠠᠷᠢᠯᠴᠠᠨ ᠨᠥᠬᠥᠪᠦᠷᠢᠯᠡᠬᠦ᠂ ᠴᠢᠨᠠᠷ ᠰᠠᠢᠲᠠᠢ ᠬᠥᠭᠵᠢᠬᠦ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠲᠦᠷᠭᠡᠯᠡᠨ ᠪᠠᠢᠭᠤᠯᠤᠨ᠎ᠠ᠃
ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠤᠨ᠎ᠠ᠃ ᠮᠠᠨ᠎ᠤ ᠤᠯᠤᠰ᠎ᠤᠨ ᠬᠤᠲᠠ ᠪᠠᠯᠭᠠᠰᠤᠵᠢᠯᠲᠠ᠎ᠳᠤ ᠪᠠᠰᠠ ᠮᠠᠰᠢ ᠶᠡᠬᠡ ᠬᠥᠭᠵᠢᠯᠲᠡ ᠳᠡᠭᠡᠭᠰᠢᠯᠡᠯᠲᠡ᠎ᠶᠢᠨ ᠣᠷᠣᠨ ᠵᠠᠢ ᠪᠠᠢᠨ᠎ᠠ᠃ ᠰᠢᠨ᠎ᠡ ᠬᠡᠯᠪᠡᠷᠢ᠎ᠶᠢᠨ ᠬᠤᠳᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ᠎ᠤᠨ ᠡᠯᠧᠮᠧᠨ᠋ᠲ᠎ᠤᠨ ᠬᠣᠣᠰ ᠴᠢᠭᠯᠡᠯ᠎ᠢᠶᠠᠷ ᠰᠢᠯᠵᠢᠬᠦ᠎ᠶᠢ ᠠᠬᠢᠭᠤᠯᠵᠤ᠂ ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠢᠷᠢᠰᠢᠯ᠎ᠢ ᠪᠤᠢ ᠪᠣᠯᠭᠠᠬᠤ ᠬᠡᠷᠡᠭᠲᠡᠢ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ᠎ᠶᠢ ᠬᠤᠲᠠ᠎ᠶᠢᠨ ᠠᠷᠠᠳ ᠪᠣᠯᠭᠠᠬᠤ᠎ᠶᠢ ᠲᠦᠷᠭᠡᠳᠬᠡᠬᠦ ᠶᠠᠪᠤᠳᠠᠯ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠡᠷᠦᠬᠡ ᠠᠮᠠ᠎ᠶᠢᠨ ᠲᠠᠩᠰᠠ᠎ᠶᠢᠨ ᠳᠦᠷᠢᠮ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂《ᠬᠥᠮᠥᠨ ᠭᠠᠵᠠᠷ ᠵᠣᠭᠣᠰ》 ᠢ᠋ ᠬᠣᠯᠪᠣᠭᠳᠠᠭᠤᠯᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠡᠷᠦᠭᠡ ᠠᠮᠠ᠎ᠪᠠᠨ ᠤᠷᠤᠭᠤᠯᠬᠤ ᠬᠦᠰᠡᠯ᠎ᠲᠠᠢ ᠬᠤᠲᠠ᠎ᠳᠤ ᠣᠷᠣᠭᠰᠠᠨ ᠬᠥᠯᠥᠰᠦᠨ ᠠᠵᠢᠯᠴᠢᠨ᠎ᠢ ᠬᠤᠲᠠ ᠪᠠᠯᠭᠠᠰᠤᠨ᠎ᠳᠤ ᠡᠷᠦᠬᠡ ᠠᠮᠠ᠎ᠶᠢ ᠨᠢ ᠣᠷᠣᠭᠤᠯᠵᠤ᠂ ᠡᠷᠦᠬᠡ ᠠᠮᠠ ᠣᠷᠣᠭᠠᠳᠤᠢ ᠪᠠᠢᠩᠭᠤ ᠰᠠᠭᠤᠭ᠎ᠠ ᠬᠥᠮᠥᠨ ᠠᠮᠠ᠎ᠶᠢᠨ ᠬᠤᠲᠠ ᠪᠠᠯᠭᠠᠰᠤᠨ᠎ᠤ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠡᠷᠬᠡ ᠲᠡᠭᠰᠢ᠎ᠪᠠᠷ ᠬᠦᠷᠲᠡᠬᠦ᠎ᠶᠢ ᠠᠬᠢᠭᠤᠯᠤᠨ᠎ᠠ᠃ ᠰᠢᠶᠠᠨ᠎ᠤ ᠪᠦᠰᠡ᠎ᠶᠢᠨ ᠠᠵᠤ ᠠᠬᠤᠢ᠎ᠶᠢ ᠪᠣᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠵᠦ᠂ ᠰᠢᠶᠠᠨ᠎ᠤ ᠬᠤᠲᠠ᠎ᠶᠢ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠳᠠ᠎ᠶᠢᠨ ᠪᠥᠭᠡᠭᠡᠨᠡᠷᠡᠯ᠂ ᠶᠡᠬᠡ ᠬᠤᠳᠠ᠎ᠶᠢᠨ ᠴᠠᠭᠠᠷᠢᠭ᠋᠎ᠢᠶᠠᠷ ᠲᠦᠰᠢᠭ ᠪᠣᠯᠭᠠᠬᠤ᠎ᠶᠢ ᠴᠢᠬᠤᠯᠠᠴᠢᠯᠠᠵᠤ᠂ ᠲᠣᠮᠣ᠌ ᠳᠤᠮᠳᠠ ᠵᠢᠵᠢᠭ ᠬᠤᠳᠠ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ᠎ᠤ ᠬᠣᠣᠰ ᠬᠤᠲᠠ᠎ᠶᠢᠨ ᠠᠵᠤ ᠠᠬᠤᠢ᠎ᠶᠢᠨ ᠬᠦᠷᠢᠶ᠎ᠡ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠬᠤᠲᠠ᠎ᠶᠢ ᠰᠢᠨᠡᠳᠬᠡᠬᠦ ᠠᠵᠢᠯᠯᠠᠭ᠎ᠠ᠎ᠶᠢ ᠯᠠᠪᠳᠠᠭᠤᠨ᠎ᠢᠶᠠᠷ ᠬᠡᠷᠡᠭᠵᠢᠭᠦᠯᠵᠦ᠂《ᠡᠩ᠎ᠤᠨ ᠦᠶ᠎ᠡ ᠪᠠ ᠪᠠᠴᠢᠮ ᠦᠶ᠎ᠡ᠎ᠳᠤ ᠴᠥᠮ ᠬᠡᠷᠡᠭᠯᠡᠵᠦ ᠪᠤᠯᠬᠤ》 ᠣᠯᠠᠨ ᠨᠡᠶ᠋ᠢᠲᠡ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠠ ᠬᠤᠲᠠ᠎ᠶᠢᠨ ᠳᠣᠲᠣᠷᠠᠬᠢ ᠲᠣᠰᠬᠤᠨ᠎ᠤ ᠥᠭᠡᠷᠡᠴᠢᠯᠡᠯᠲᠡ᠎ᠶᠢ ᠠᠬᠢᠭᠤᠯᠤᠨ᠂ ᠭᠠᠵᠠᠷ ᠳᠣᠣᠷᠠᠬᠢ ᠬᠣᠭᠣᠯᠠᠢ᠎ᠶᠢᠨ ᠲᠣᠣᠷ᠎ᠢ ᠲᠦᠷᠭᠡᠯᠡᠨ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠣᠷᠢᠭ᠋᠎ᠲᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠵᠤ᠂ ᠰᠠᠭᠠᠳ ᠦᠭᠡᠢ ᠤᠷᠴᠢᠨ ᠲᠤᠭᠤᠷᠢᠨ᠂ ᠨᠠᠰᠤᠵᠢᠯᠳᠡ᠎ᠳᠤ ᠲᠣᠬᠢᠷᠠᠬᠤ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ᠎ᠶᠢ ᠴᠣᠭᠴᠠᠯᠠᠨ ᠪᠠᠢᠭᠤᠯᠤᠨ᠎ᠠ᠃ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠬᠦᠨ᠎ᠳᠤ ᠬᠥᠮᠥᠨ᠎ᠢᠶᠠᠷ ᠦᠨᠳᠦᠰᠦ ᠪᠣᠯᠭᠠᠬᠤ᠎ᠶᠢ ᠢᠯᠡᠷᠡᠭᠦᠯᠵᠦ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠠᠷᠠᠳ ᠤᠯᠠᠨ᠎ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ᠎ᠢ ᠡᠳ᠋ᠯᠡᠭᠦᠯᠬᠦ ᠬᠡᠷᠡᠭᠲᠡᠢ᠃
ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ᠎ᠤ ᠬᠠᠷᠢᠴᠠᠭᠤᠯᠤᠭᠰᠠᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ᠎ᠶᠢᠨ ᠴᠢᠳᠠᠮᠵᠢ᠎ᠶᠢᠨ ᠪᠠᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠢ ᠠᠭᠤᠰᠤᠨ ᠣᠷᠣᠬᠤ ᠪᠠ ᠦᠢᠯᠡᠴᠢᠯᠡᠨ᠎ᠡ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ᠎ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ᠎ᠤ ᠣᠳᠣᠬᠢᠴᠢᠯᠠᠯᠲᠠ᠎ᠶᠢ ᠲᠦᠷᠭᠡᠯᠡᠨ ᠠᠬᠢᠭᠤᠯᠬᠤ ᠵᠡᠷᠭᠡ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠵᠡᠭᠦᠨ ᠬᠣᠢᠲᠤ ᠣᠷᠣᠨ ᠪᠣᠯᠣᠨ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠵᠤ ᠦᠢᠯᠡᠰ᠎ᠤᠨ ᠰᠢᠯᠵᠢᠯᠲᠡ᠎ᠶᠢ ᠬᠦᠯᠢᠶᠡᠨ ᠠᠪᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠤ ᠲᠣᠮᠣ᠌ ᠪᠤᠯᠤᠩ᠎ᠤᠨ ᠣᠷᠣᠨ ᠵᠡᠷᠭᠡ ᠠᠵᠤ ᠠᠬᠤᠢ᠎ᠶᠢᠨ ᠬᠥᠭᠵᠢᠯᠲᠡ᠎ᠶᠢᠨ ᠳᠠᠪᠠᠭᠤᠯᠢᠭ᠋ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠭᠴᠢ ᠬᠦᠴᠦᠨ᠎ᠤ ᠡᠬᠢ ᠰᠤᠷᠪᠤᠯᠵᠢ᠎ᠶᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶᠢ ᠲᠡᠮᠵᠢᠨ᠎ᠠ᠃ ᠪᠡᠯᠭᠡ ᠲᠡᠮᠳᠡᠭ᠎ᠤᠨ ᠴᠢᠨᠠᠷᠲᠠᠢ ᠲᠥᠰᠥᠯ᠎ᠢ ᠰᠢᠶᠦ᠋ᠩ ᠠᠨ ᠰᠢᠨ᠎ᠡ ᠲᠣᠭᠣᠷᠢᠭ᠋᠎ᠲᠤ ᠪᠣᠳᠠᠲᠠᠢ ᠨᠠᠢᠳᠠᠪᠤᠷᠢᠵᠢᠭᠤᠯᠤᠨ ᠪᠦᠲᠦᠭᠡᠨ ᠪᠠᠶ᠋ᠢᠭᠤᠯᠬᠤ᠎ᠶᠢ ᠰᠠᠢᠲᠤᠷ ᠠᠳᠬᠤᠨ᠎ᠠ᠃ ᠬᠥᠬᠡᠮᠥ᠋ᠷᠡᠨ᠎ᠤ ᠠᠵᠤ ᠠᠬᠤᠢ᠎ᠶᠢᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃ ᠬᠤᠪᠢᠰᠬᠠᠯ᠎ᠤᠨ ᠬᠠᠭᠤᠴᠢᠨ ᠰᠠᠭᠤᠷᠢᠨ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ᠎ᠶᠢ ᠳᠠᠮᠵᠢᠵᠤ᠂ ᠬᠢᠯᠢ ᠬᠢᠵᠠᠭᠠᠷ ᠣᠷᠣᠨ᠎ᠤ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠴᠢᠬᠤᠯᠠ ᠶᠡᠬᠡ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠲᠠ᠎ᠶᠢ ᠰᠢᠯᠢᠳᠡᠭᠵᠢᠭᠦᠯᠵᠦ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠥᠷᠥᠴᠡ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠪᠡᠶᠡᠴᠢ ᠴᠣᠭᠴᠠ᠎ᠶᠢᠨ ᠴᠢᠳᠠᠮᠵᠢᠲᠤ ᠣᠷᠣᠨ᠎ᠢ ᠰᠢᠯᠢᠳᠡᠭᠵᠢᠭᠦᠯᠬᠦ ᠬᠡᠷᠡᠭᠵᠢᠭᠦᠯᠦᠯᠲᠡ᠎ᠶᠢᠨ ᠲᠥᠯᠦᠪᠵᠢᠭᠦᠯᠭᠡ᠎ᠶᠢ ᠲᠣᠭᠲᠠᠭᠠᠵᠤ᠂ ᠢᠵᠢ ᠪᠦᠷᠢᠳᠦᠭᠦᠯᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃ ᠳᠠᠯᠠᠢ ᠲᠠᠩᠭᠢᠰ᠎ᠤᠨ ᠠᠵᠤ ᠠᠬᠤᠢ᠎ᠶᠢ ᠶᠡᠬᠡ᠎ᠪᠠᠷ ᠬᠥᠭᠵᠢᠭᠦᠯᠵᠦ᠂ ᠳᠠᠯᠠᠢ ᠲᠠᠩᠭᠢᠰ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ᠃
(ᠶᠢᠰᠦ) ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠵᠤ᠂ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ᠎ᠶᠢ ᠠᠬᠢᠭᠤᠯᠤᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠠᠵᠤ ᠠᠬᠤᠢ᠎ᠶᠢ ᠨᠡᠮᠡᠭᠳᠡᠭᠦᠯᠬᠦ᠎ᠶᠢ ᠬᠠᠮᠵᠢᠯᠴᠠᠭᠤᠯᠤᠨ ᠠᠬᠢᠭᠤᠯᠵᠤ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃
ᠠᠮᠢ ᠠᠬᠤᠢ᠎ᠶᠢᠨ ᠣᠷᠴᠢᠨ ᠨᠥᠬᠥᠴᠡᠯ᠎ᠢ ᠶᠡᠷᠦᠩᠬᠡᠢᠯᠡᠨ ᠵᠠᠰᠠᠬᠤ᠎ᠶᠢ ᠠᠬᠢᠭᠤᠯᠤᠨ᠎ᠠ᠃ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭᠠᠨ᠎ᠤ ᠲᠥᠯᠥᠪᠯᠡᠭᠡ᠎ᠶᠢ ᠭᠦᠨᠵᠡᠭᠡᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠋᠂ ᠤᠰᠤᠨ᠎ᠤ ᠣᠷᠴᠢᠨ ᠠᠬᠤᠢ᠂ ᠤᠰᠤᠨ᠎ᠤ ᠠᠮᠢ ᠠᠬᠤᠢ᠎ᠶᠢᠨ ᠵᠠᠰᠠᠯᠲᠠ᠎ᠶᠢ ᠨᠢᠭᠡᠳᠦᠯᠲᠡᠢ ᠲᠥᠯᠥᠪᠯᠡᠵᠦ᠂ ᠬᠥᠷᠥᠰᠥ ᠰᠢᠷᠣᠢ᠎ᠶᠢᠨ ᠪᠣᠬᠢᠷᠲᠤᠯ᠎ᠢ ᠡᠬᠢ ᠡᠭᠦᠰᠦᠯ᠎ᠠᠴᠠ ᠨᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ᠎ᠶᠢᠨ ᠪᠣᠬᠢᠷᠲᠤᠯ᠎ᠢ ᠵᠠᠰᠠᠬᠤ ᠠᠵᠢᠯ᠎ᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠲᠣᠭᠣᠷᠢᠮ ᠡᠪᠡᠰᠦ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠠᠮᠢ ᠠᠬᠤᠢ᠎ᠶᠢᠨ ᠣᠷᠴᠢᠨ ᠨᠥᠬᠥᠴᠡᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠎ᠶᠢ ᠴᠢᠩᠭᠠᠳᠬᠠᠨ᠎ᠠ᠃ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠢ ᠭᠤᠷᠪᠠᠨ ᠶᠡᠬᠡ ᠳᠠᠶ᠋ᠢᠨ᠎ᠢ ᠵᠣᠬᠢᠶᠠᠨ ᠪᠠᠢᠭᠤᠯᠤᠨ ᠰᠠᠢᠲᠤᠷ ᠬᠢᠵᠦ᠂ ᠤᠯᠤᠰ᠎ᠤᠨ ᠴᠡᠴᠡᠷᠯᠢᠭ᠎ᠢᠶᠡᠷ ᠭᠤᠤᠯ ᠴᠤᠭᠴᠠ ᠪᠤᠯᠭᠠᠭᠰᠠᠨ ᠪᠠᠢᠭᠠᠯᠢ ᠵᠢᠨ ᠬᠠᠮᠠᠭᠠᠯᠠᠯᠳᠠ ᠵᠢᠨ ᠭᠠᠵᠠᠷ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠴᠢᠬᠤᠯᠠ ᠭᠣᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶᠢ ᠬᠠᠮᠠᠭᠠᠯᠠᠨ ᠵᠠᠰᠠᠬᠤ᠎ᠶᠢ ᠴᠢᠩᠭᠠᠳᠬᠠᠨ᠎ᠠ᠃ ᠬᠥᠬᠡᠮᠥ᠋ᠷᠡᠨ᠎ᠳᠤ ᠵᠢᠭᠠᠰᠤ ᠠᠩᠨᠠᠬᠤ᠎ᠶᠢ ᠠᠷᠪᠠᠨ ᠵᠢᠯ ᠴᠠᠭᠠᠵᠠᠯᠠᠬᠤ᠎ᠶᠢ ᠦᠷᠭᠦᠯᠵᠢᠯᠡᠨ ᠠᠬᠢᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ᠎ᠡ᠃ ᠠᠮᠢ ᠠᠬᠤᠢ᠎ᠶᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ᠎ᠶᠢᠨ ᠳᠦᠷᠢᠮ᠎ᠢ ᠪᠦᠷᠢᠨᠰᠢᠭᠦᠯᠦᠨ᠂ ᠡᠯ᠎ᠡ ᠲᠠᠯ᠎ᠠ᠎ᠶᠢᠨ ᠬᠢᠨ᠎ᠤ ᠠᠮᠢ ᠠᠬᠤᠢ᠎ᠶᠢᠨ ᠣᠷᠴᠢᠨ ᠨᠥᠬᠥᠴᠡᠯ᠎ᠢ ᠬᠠᠮᠠᠭᠠᠯᠠᠨ ᠰᠠᠢᠵᠢᠷᠠᠭᠤᠯᠬᠤ ᠢᠳᠡᠪᠬᠢᠵᠢᠯ᠎ᠢ ᠭᠦᠢᠴᠡᠳ ᠳᠠᠶ᠋ᠢᠴᠢᠯᠠᠨ᠎ᠠ᠃
ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ᠎ᠶᠢ ᠶᠡᠬᠡ᠎ᠪᠠᠷ ᠬᠥᠭᠵᠢᠭᠦᠯᠦᠨ᠎ᠡ᠃ ᠠᠵᠤ ᠦᠢᠯᠡᠰ᠎ᠤᠨ ᠪᠦᠲᠦᠴᠡ᠂ ᠡᠨᠧᠷᠭᠢ᠎ᠶᠢᠨ ᠰᠤᠷᠪᠤᠯᠵᠢ᠎ᠶᠢᠨ ᠪᠦᠲᠦᠴᠡ᠂ ᠵᠠᠮ ᠲᠡᠭᠡᠭᠡᠪᠦᠷᠢ᠎ᠶᠢᠨ ᠪᠦᠲᠦᠴᠡ᠂ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢᠨ ᠬᠡᠯᠪᠡᠷᠢ᠎ᠶᠢᠨ ᠨᠣᠭᠣᠭᠠᠨ ᠬᠤᠪᠢᠷᠠᠭᠤᠯᠤᠯᠲᠠ᠎ᠶᠢ ᠠᠬᠢᠭᠤᠯᠤᠨ᠎ᠠ᠃ ᠪᠦᠬᠦ ᠲᠠᠯ᠎ᠠ᠎ᠪᠠᠷ ᠭᠠᠮᠨᠠᠨ ᠠᠷᠪᠢᠯᠠᠬᠤ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠭᠣᠣᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ᠎ᠶᠢ ᠲᠦᠷᠭᠡᠳᠬᠡᠨ᠎ᠡ᠃ ᠨᠣᠭᠣᠭᠠᠨ ᠬᠥᠭᠵᠢᠯᠲᠡ᠎ᠶᠢ ᠳᠡᠮᠵᠢᠬᠦ ᠡᠳ᠋᠎ᠤᠨ ᠵᠠᠰᠠᠭ ᠭᠠᠢᠯᠢ᠂ ᠮᠥᠩᠭᠥᠨ ᠭᠦᠢᠯᠭᠡᠭᠡ᠂ ᠪᠡᠯᠡ ᠣᠷᠤᠭᠤᠯᠤᠯᠲᠠ᠂ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ ᠪᠣᠯᠣᠨ ᠬᠣᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ᠎ᠶᠢ ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ᠎ᠢ ᠣᠷᠴᠢᠯᠳᠤᠭᠤᠯᠤᠨ ᠠᠰᠢᠭ᠍ᠯᠠᠬᠤ ᠠᠵᠤ ᠦᠢᠯᠡᠰ᠎ᠤᠨ ᠬᠥᠭᠵᠢᠯᠲᠡ᠎ᠶᠢ ᠳᠡᠮᠵᠢᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ ᠲᠡᠷᠢᠭᠦᠨ᠎ᠤ ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠠᠬᠢᠭᠤᠯᠵᠤ᠂ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ᠎ᠶᠢᠨ ᠬᠡᠯᠬᠢᠶ᠎ᠡ᠎ᠶᠢ ᠲᠦᠷᠭᠡᠯᠡᠨ ᠪᠤᠢ ᠪᠣᠯᠭᠠᠨ᠎ᠠ᠃ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠲᠦᠷᠦᠭᠦᠯᠡᠬᠦ ᠣᠷᠣᠨ᠎ᠢ ᠪᠦᠲᠦᠭᠡᠨ ᠪᠠᠢᠭᠤᠯᠵᠤ᠂ ᠨᠣᠭᠣᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ᠎ᠶᠢᠨ ᠥᠨᠳᠥᠷᠯᠢᠭ ᠭᠠᠵᠠᠷ᠎ᠢ ᠪᠤᠢ ᠪᠣᠯᠭᠠᠨ᠎ᠠ᠃
ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ ᠳ᠋ᠤᠨᠢ ᠬᠦᠷᠭᠡᠬᠦ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ᠎ᠶᠢ ᠰᠠᠭᠠᠷᠮᠠᠭᠵᠢᠭᠤᠯᠬᠤ᠎ᠶᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠬᠢᠭᠤᠯᠤᠨ᠎ᠠ᠃ 《ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ ᠳ᠋ᠤᠨᠢ ᠬᠦᠷᠭᠡᠬᠦ ᠠᠷᠪᠠᠨ ᠶᠡᠬᠡ ᠠᠵᠢᠯᠯᠠᠭ᠎ᠠ》ᠵᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ᠎ᠶᠢ ᠪᠦᠷᠢᠳᠬᠡᠬᠦ ᠬᠢᠨᠠᠨ ᠪᠤᠳᠤᠬᠤ ᠬᠠᠷᠭᠤᠭᠤᠯᠤᠨ ᠪᠠᠢᠴᠠᠭᠠᠬᠤ ᠴᠢᠳᠠᠪᠤᠷᠢ᠎ᠶᠢ ᠳᠡᠭᠡᠭᠰᠢᠯᠡᠭᠦᠯᠦᠨ᠂ ᠨᠡᠭᠦᠷᠡᠰᠦᠲᠥ᠋ᠷᠥᠭᠴᠢ᠎ᠶᠢᠨ ᠤᠯᠠ ᠮᠥᠷ᠎ᠤᠨ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠵᠤ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠤᠨ ᠠᠵᠢᠯ ᠲᠦᠷᠦᠯ᠎ᠤᠨ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ ᠡᠨᠧᠷᠭᠢ᠎ᠶᠢᠨ ᠰᠤᠷᠪᠤᠯᠵᠢ᠎ᠶᠢᠨ ᠬᠤᠪᠢᠰᠬᠠᠯ᠎ᠢ ᠭᠦᠨᠵᠡᠭᠡᠢ ᠠᠬᠢᠭᠤᠯᠵᠤ᠂ ᠴᠢᠯᠠᠭᠤᠵᠢᠮᠠᠯ ᠡᠨᠧᠷᠭᠢ᠎ᠶᠢᠨ ᠰᠤᠷᠪᠤᠯᠵᠢ᠎ᠶᠢᠨ ᠬᠡᠷᠡᠭᠯᠡᠭᠡ᠎ᠶᠢ ᠬᠢᠵᠠᠭᠠᠷᠯᠠᠵᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠤᠷᠪᠤᠯᠵᠢ᠎ᠶᠢᠨ ᠰᠢᠰᠲᠧᠮ᠎ᠢ ᠲᠦᠷᠭᠡᠯᠡᠨ ᠪᠠᠢᠭᠤᠯᠤᠨ᠎ᠠ᠃ ᠰᠠᠯᠬᠢᠨ ᠬᠦᠴᠦᠨ ᠪᠠ ᠬᠡᠷᠡᠯ᠎ᠢᠶᠠᠷ ᠴᠠᠭᠢᠯᠭᠠᠨ ᠭᠠᠷᠭᠠᠬᠤ ᠲᠣᠮᠣ᠌ ᠬᠡᠯᠪᠡᠷᠢ᠎ᠶᠢᠨ ᠰᠠᠭᠤᠷᠢᠨ ᠭᠠᠵᠠᠷ ᠪᠣᠯᠣᠨ ᠭᠠᠳᠠᠭ᠍ᠰᠢ ᠬᠦᠷᠭᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠲᠠᠷᠬᠠᠮᠠᠯ ᠮᠠᠶᠢᠭ᠋᠎ᠤᠨ ᠡᠨᠧᠷᠭᠢ᠎ᠶᠢᠨ ᠰᠤᠷᠪᠤᠯᠵᠢ᠎ᠶᠢᠨ ᠨᠡᠭᠡᠭᠡᠨ ᠬᠥᠭᠵᠢᠭᠦᠯᠦᠯᠲᠡ ᠠᠰᠢᠭ᠍ᠯᠠᠯᠲᠠ᠎ᠶᠢ ᠠᠬᠢᠭᠤᠯᠵᠤ᠂ ᠴᠠᠬᠢᠯᠭᠠᠨ ᠲᠤᠤᠷ᠎ᠦᠨ ᠡᠨᠧᠷᠬᠢ ᠵᠢ ᠴᠡᠪᠡᠷᠰᠢᠬᠦᠯᠬᠦ ᠵᠢ ᠬᠦᠯᠢᠶᠠᠨ ᠠᠪᠬᠤ᠂ ᠲᠤᠬᠢᠷᠠᠭᠤᠯᠬᠤ ᠪᠠ ᠡᠵᠡᠮᠳᠡᠬᠦ ᠴᠢᠳᠠᠪᠤᠷᠢ ᠵᠢ ᠲᠡᠭᠡᠭᠰᠢᠯᠡᠬᠦᠯᠵᠤ᠂ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢ ᠬᠥᠭᠵᠢᠭᠦᠯᠦᠨ᠂ ᠨᠤᠭᠤᠭᠠᠨ ᠴᠠᠬᠢᠯᠭᠠᠨ᠎ᠢ ᠬᠡᠷᠡᠭᠯᠡᠬᠦ ᠪᠠ ᠣᠯᠠᠨ ᠤᠯᠤᠰ᠎ᠤᠨ ᠬᠣᠭᠣᠷᠣᠨᠳᠤ ᠬᠠᠷᠢᠯᠴᠠᠨ ᠮᠡᠳᠡᠷᠡᠬᠦ᠎ᠶᠢ ᠠᠬᠢᠭᠤᠯᠵᠤ᠂ ᠨᠡᠭᠦᠷᠡᠰᠦ᠂ ᠨᠡᠭᠦᠷᠡᠰᠦᠨ ᠴᠠᠬᠢᠯᠭᠠᠨ᠎ᠤ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠪᠠᠳᠠᠷᠠᠭᠤᠯᠵᠤ᠂ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠡᠨᠧᠷᠭᠢ ᠬᠡᠷᠡᠭᠯᠡᠬᠦ ᠬᠡᠷᠡᠭᠴᠡᠭᠡ᠎ᠶᠢ ᠦᠨᠡᠨ ᠬᠦ᠌ ᠪᠠᠲᠤᠯᠠᠨ᠎ᠠ᠃
(ᠠᠷᠪᠠ) ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠤᠨ ᠵᠠᠰᠠᠯᠲᠠ᠎ᠶᠢ ᠴᠢᠩᠭᠠᠳᠬᠠᠵᠤ ᠨᠡᠢᠭᠡᠮ᠎ᠤᠨ ᠵᠠᠰᠠᠯᠲᠠ᠎ᠶᠢᠨ ᠰᠢᠨ᠎ᠡ᠎ᠶᠢ ᠡᠭᠦᠳᠦᠨ᠎ᠡ᠃ ᠠᠷᠠᠳ ᠲᠦᠮᠡᠨ᠎ᠢᠶᠠᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠦᠨᠳᠦᠰᠦᠨ ᠵᠦᠢᠯ᠎ᠢ ᠪᠠᠲᠤᠯᠠᠬᠤ᠂ ᠬᠢᠵᠠᠭᠠᠷ ᠱᠤᠭᠤᠮ᠎ᠢ ᠰᠠᠬᠢᠬᠤ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠠᠷᠠᠳ᠎ᠤᠨ ᠰᠡᠳᠬᠢᠯ᠎ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ᠎ᠶᠢ ᠠᠪᠴᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ᠎ᠢ ᠠᠬᠢᠭᠤᠯᠵᠤ᠂ ᠠᠷᠠᠳ ᠣᠯᠠᠨ᠎ᠤ ᠠᠰᠢᠭ᠋ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
ᠤᠯᠠᠨ ᠵᠦᠢᠯ᠎ᠤᠨ ᠠᠷᠭ᠎ᠠ ᠬᠡᠮᠵᠢᠶ᠎ᠡ᠎ᠶᠢ ᠵᠡᠷᠭᠡ᠎ᠪᠠᠷ ᠬᠡᠷᠡᠭᠯᠡᠨ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠵᠤ ᠣᠷᠣᠯᠭ᠎ᠠ᠎ᠶᠢᠨ ᠨᠡᠮᠡᠭᠳᠡᠯ᠎ᠢ ᠠᠬᠢᠭᠤᠯᠤᠨ᠎ᠠ᠃ ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ ᠠᠵᠢᠯ ᠣᠯᠭᠣᠯᠲᠠ᠎ᠶᠢ ᠲᠡᠷᠢᠭᠦᠨ᠎ᠳᠤ ᠲᠠᠯᠪᠢᠬᠤ ᠤᠳᠤᠷᠢᠳᠤᠮᠵᠢ᠎ᠶᠢ ᠨᠠᠩ ᠳᠣᠪᠤᠶ᠋ᠢᠯᠭᠠᠵᠤ᠂ ᠡᠳ᠋᠎ᠤᠨ ᠵᠠᠰᠠᠭ ᠭᠠᠢᠯᠢ᠂ ᠮᠥᠩᠭᠥᠨ ᠭᠦᠢᠯᠭᠡᠭᠡ ᠵᠡᠷᠭᠡ ᠲᠥᠷᠥ᠎ᠶᠢᠨ ᠪᠣᠳᠣᠯᠭ᠎ᠠ᠎ᠶᠢᠨ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠳᠤ ᠦᠵᠡᠭᠦᠯᠬᠦ ᠳᠡᠮᠵᠢᠯᠭᠡ᠎ᠶᠢ ᠴᠢᠩᠭᠠᠳᠬᠠᠨ᠂ ᠠᠵᠢᠯ ᠣᠯᠭᠣᠯᠲᠠ᠎ᠶᠢ ᠠᠬᠢᠭᠤᠯᠬᠤ ᠲᠤᠰᠬᠠᠢ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠴᠢᠩᠭᠠᠳᠬᠠᠨ᠎ᠠ᠃ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠣᠯᠲᠠ ᠪᠠ ᠨᠡᠢᠭᠡᠮ᠎ᠤᠨ ᠳᠠᠭᠠᠳᠬᠠᠯ᠎ᠤᠨ ᠨᠥᠬᠥᠪᠦᠷᠢ ᠵᠡᠷᠭᠡ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠣᠯᠲᠠ᠎ᠶᠢᠨ ᠪᠠᠭᠲᠠᠭᠠᠮᠵᠢ᠎ᠪᠠᠷ ᠶᠡᠬᠡ ᠠᠵᠢᠯ ᠲᠦᠷᠦᠯ ᠠᠵᠤ ᠠᠬᠤᠢᠯᠠᠯ᠎ᠢ ᠳᠡᠮᠵᠢᠬᠦ᠎ᠪᠠᠨ ᠴᠢᠩᠭᠠᠳᠬᠠᠨ᠎ᠠ᠃ ᠵᠢᠱ᠌ᠢᠯᠲᠡ᠎ᠪᠠᠷ ᠡᠨᠡ ᠵᠢᠯ ᠶᠡᠬᠡ ᠳᠡᠭᠡᠳᠦ ᠰᠤᠷᠭᠠᠭᠤᠯᠢ ᠲᠡᠭᠦᠰᠬᠦ ᠰᠤᠷᠤᠭ᠍ᠴᠢ 1170 ᠲᠦᠮᠡ ᠭᠠᠷᠤᠢ ᠬᠥᠮᠥᠨ ᠪᠤᠢ᠂ ᠵᠠᠯᠠᠭᠤᠴᠤᠳ᠎ᠤᠨ ᠠᠵᠢᠯ ᠣᠯᠭᠣᠯᠲᠠ᠎ᠶᠢ ᠠᠬᠢᠭᠤᠯᠬᠤ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠴᠢᠩᠭᠠᠳᠬᠠᠵᠤ᠂ ᠠᠵᠢᠯ ᠣᠯᠵᠤ ᠦᠢᠯᠡᠰ ᠴᠣᠭᠴᠠᠯᠠᠬᠤ᠎ᠶᠢᠨ ᠵᠢᠯᠣᠭᠣᠳᠤᠯᠭ᠎ᠠ ᠦᠢᠯᠡᠴᠢᠯᠡᠭᠡ᠎ᠶᠢ ᠰᠢᠯᠢᠳᠡᠭᠵᠢᠭᠦᠯᠬᠦ ᠬᠡᠷᠡᠭᠲᠡᠢ᠃ ᠴᠡᠷᠢᠭ᠎ᠤᠨ ᠠᠯᠪᠠ᠎ᠠᠴᠠ ᠪᠠᠭᠤᠭᠰᠠᠳ ᠲᠸ᠋ ᠠᠵᠢᠯ ᠤᠯᠭᠤᠵᠤ ᠲᠤᠬᠢᠷᠠᠭᠤᠯᠬᠤ ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ ᠬᠥᠯᠥᠰᠦᠨ ᠠᠵᠢᠯᠴᠢᠳ ᠲᠸ᠋ ᠠᠵᠢᠯ ᠣᠯᠭᠣᠬᠤ ᠠᠵᠢᠯ᠎ᠢ ᠢᠳᠡᠪᠬᠢᠳᠠᠢ ᠠᠬᠢᠭᠤᠯᠵᠤ᠂ ᠵᠡᠮᠳᠡᠭᠴᠦᠳ ᠵᠡᠷᠭᠡ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠬᠦ᠎ᠪᠠᠨ ᠴᠢᠩᠭᠠᠳᠬᠠᠨ᠎ᠠ᠃ ᠠᠮᠢᠳᠤᠯᠢᠭ᠋᠎ᠢᠶᠠᠷ ᠠᠵᠢᠯ ᠣᠯᠬᠤ ᠦᠢᠯᠡᠴᠢᠯᠡᠭᠡᠨ᠎ᠤ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠲᠦᠷᠦᠯ ᠬᠤᠪᠢᠶᠠᠨ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭᠰᠠᠳ᠎ᠤᠨ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ᠎ᠶᠢᠨ ᠲᠤᠷᠰᠢᠯᠲᠠ᠎ᠶᠢ ᠥᠷᠭᠡᠳᠬᠡᠨ᠎ᠡ᠃ ᠴᠢᠨᠠᠷ᠎ᠦᠨ ᠢᠯᠭᠠᠯ᠂ ᠨᠠᠰᠤ ᠵᠢᠯ᠂ ᠰᠤᠷᠤᠯᠭ᠎ᠠ ᠵᠢᠨ ᠨᠠᠮᠳᠠᠷ ᠵᠡᠷᠭᠡ ᠠᠵᠢᠯ ᠣᠯᠭᠣᠯᠲᠠ᠎ᠶᠢᠨ ᠭᠠᠳᠠᠭᠤᠷᠴᠢᠯᠠᠯ᠎ᠢ ᠡᠷᠡᠰ ᠵᠠᠯᠠᠷᠠᠭᠤᠯᠵᠤ᠂ ᠬᠥᠯᠥᠰᠦᠨ ᠠᠵᠢᠯᠴᠢᠳ᠎ᠤᠨ ᠴᠠᠯᠢᠩ᠎ᠢ ᠥᠭᠬᠦ᠎ᠶᠢ ᠪᠠᠲᠤᠯᠠᠵᠤ᠂ ᠬᠥᠳᠡᠯᠮᠦᠷᠢ᠎ᠶᠢᠨ ᠬᠠᠷᠢᠴᠠᠭ᠎ᠠ᠎ᠶᠢ ᠵᠥᠪᠳᠡᠯᠴᠡᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠨ᠎ᠠ᠃ ᠲᠡᠷᠢᠭᠦᠨ᠎ᠤ ᠦᠢᠯᠡᠳᠬᠦ ᠦᠢᠯᠡᠰ᠂ ᠣᠲᠣ᠌ ᠦᠶ᠎ᠡ᠎ᠶᠢᠨ ᠦᠢᠯᠡᠴᠢᠯᠡᠭᠡ᠂ ᠨᠠᠰᠤᠵᠢᠯ᠎ᠤᠨ ᠠᠰᠠᠷᠠᠮᠵᠢ ᠬᠠᠷᠠᠭᠠᠯᠵᠠᠯ ᠵᠡᠷᠭᠡ ᠬᠦᠷᠢᠶᠡᠨ᠎ᠳᠠᠬᠢ ᠴᠢᠳᠠᠪᠤᠷᠢᠲᠠᠨ᠎ᠤ ᠬᠡᠷᠡᠭᠴᠡᠭᠡ᠎ᠳᠤ ᠵᠣᠬᠢᠴᠠᠭᠤᠯᠤᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠭᠤᠯᠤᠯ᠎ᠢ ᠴᠢᠩᠭᠠᠳᠬᠠᠨ᠎ᠠ᠃ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠣᠯᠠᠨ ᠠᠷᠭ᠎ᠠ ᠵᠠᠮ᠎ᠢᠶᠠᠷ ᠨᠡᠮᠡᠭᠳᠡᠭᠦᠯᠵᠦ᠂ ᠳᠤᠮᠳᠠ ᠵᠡᠷᠭᠡ᠎ᠶᠢᠨ ᠣᠷᠣᠯᠭ᠎ᠠ᠎ᠲᠠᠢ ᠬᠠᠮᠲᠤᠯᠢᠭ᠋᠎ᠤᠨ ᠬᠡᠪᠴᠢᠶ᠎ᠡ᠎ᠶᠢ ᠥᠷᠭᠡᠳᠬᠡᠵᠦ᠂ ᠣᠷᠣᠯᠭ᠎ᠠ ᠪᠠᠭᠠᠲᠠᠢ ᠬᠠᠮᠲᠤᠯᠢᠭ᠋᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ ᠴᠢᠷᠮᠠᠢᠨ ᠠᠬᠢᠭᠤᠯᠤᠨ᠎ᠠ᠃
ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃ ᠰᠠᠭᠤᠭᠠᠯᠢ ᠠᠷᠠᠳ᠎ᠤᠨ ᠡᠮᠨᠡᠯᠭᠡ᠎ᠶᠢᠨ ᠳᠠᠭᠠᠳᠬᠠᠯ᠎ᠤᠨ ᠬᠥᠮᠥᠨ ᠳᠤᠮᠳᠠᠴᠢ᠎ᠶᠢᠨ ᠡᠳ᠋᠎ᠤᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ 30 ᠲᠥᠭᠥᠷᠢᠭ ᠨᠡᠮᠡᠭᠳᠡᠭᠦᠯᠦᠨ᠎ᠡ᠃ ᠡᠮᠨᠡᠯᠬᠡ᠎ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠬᠡ᠎ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ᠎ᠶᠢ ᠠᠬᠢᠭᠤᠯᠤᠨ᠎ᠠ᠃ ᠡᠮᠨᠡᠯᠭᠡ᠎ᠶᠢᠨ ᠦᠨᠳᠦᠰᠦᠨ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ᠎ᠶᠢ ᠠᠬᠢᠭᠤᠯᠵᠤ᠂ ᠤᠯᠤᠰ᠎ᠠᠴᠠ ᠡᠮ᠎ᠤᠨ ᠵᠦᠢᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ᠎ᠢ ᠲᠡᠭᠦᠯᠳᠡᠷᠵᠢᠭᠦᠯᠦᠨ᠂ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠡᠷᠡᠭᠯᠡᠯᠲᠡ᠎ᠶᠢ ᠪᠠᠢᠩᠭᠤ᠎ᠶᠢᠨ ᠴᠢᠨᠠᠷᠲᠠᠢ᠎ᠪᠠᠷ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠠᠰᠤᠯᠤᠨ ᠪᠤᠳᠤᠬᠤ ᠶᠢ ᠨᠠᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ᠃ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶᠠᠨ᠎ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠡᠪᠡᠳᠴᠢᠲᠡᠨ᠎ᠢᠶᠠᠷ ᠭᠣᠣᠯ ᠪᠣᠯᠭᠠᠨ ᠡᠮᠴᠢᠯᠡᠭᠡᠨ᠎ᠤ ᠦᠢᠯᠡᠴᠢᠯᠡᠭᠡ᠎ᠶᠢ ᠰᠠᠢᠵᠢᠷᠠᠭᠤᠯᠵᠤ᠂ ᠪᠠᠢᠴᠠᠭᠠᠭᠰᠠᠨ ᠰᠢᠯᠭᠠᠨ ᠪᠠᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠴᠢᠨᠠᠷ ᠰᠠᠢᠲᠠᠢ ᠡᠮᠴᠢᠯᠡᠭᠡᠨ᠎ᠤ ᠡᠬᠢ ᠪᠠᠶᠠᠯᠢᠭ᠋ ᠢ ᠦᠨᠳᠦᠰᠦᠨ ᠱᠠᠲᠤᠨ᠎ᠳᠤ ᠪᠠᠭᠤᠯᠭᠠᠬᠤ᠎ᠶᠢ ᠬᠥᠲᠥᠯᠥᠨ ᠵᠢᠯᠤᠭᠣᠳᠴᠤ᠂ ᠰᠢᠶᠠᠨ ᠰᠢᠶᠠᠩ ᠲᠣᠰᠬᠤᠨ᠎ᠤ ᠡᠮᠴᠢᠯᠡᠭᠡᠨ᠎ᠤ ᠦᠢᠯᠡᠴᠢᠯᠡᠭᠡ᠎ᠶᠢᠨ ᠬᠠᠮᠵᠢᠯᠴᠠᠵᠤ ᠬᠣᠯᠪᠣᠯᠳᠤᠨ ᠬᠥᠳᠡᠯᠦᠯᠴᠡᠬᠦ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠤᠵᠢᠭ᠋ ᠡᠪᠡᠳᠴᠢᠨ᠂ ᠦᠷᠬᠦᠯᠵᠢ ᠲᠣᠬᠢᠶᠠᠯᠳᠤᠳᠠᠭ ᠡᠪᠡᠳᠴᠢᠨ᠎ᠳᠤ ᠬᠡᠷᠡᠭᠯᠡᠬᠦ ᠡᠮ᠎ᠤᠨ ᠲᠥᠷᠥᠯ ᠵᠦᠢᠯ᠎ᠢ ᠥᠷᠭᠡᠳᠬᠡᠨ᠎ᠡ᠃ ᠬᠤᠪᠤᠷ ᠲᠤᠬᠢᠶᠠᠯᠳᠤᠬᠤ ᠡᠪᠡᠳᠴᠢᠨ᠎ᠤ ᠰᠤᠳᠤᠯᠭᠠᠨ᠂ ᠤᠨᠤᠰᠢᠯᠠᠨ ᠡᠮᠨᠡᠬᠦ ᠦᠢᠯᠡᠴᠢᠯᠡᠭᠡ ᠪᠠ ᠡᠮ ᠬᠡᠷᠡᠭᠯᠡᠬᠦ ᠪᠠᠳᠤᠯᠠᠭ᠎ᠠ ᠵᠢ ᠴᠢᠨᠭᠭᠠᠳᠬᠠᠨ᠎ᠠ᠃ ᠬᠡᠦᠬᠡᠳ᠎ᠤᠨ ᠰᠠᠯᠠᠭ᠎ᠠ᠂ ᠨᠠᠰᠤᠲᠠᠢᠴᠤᠳ᠎ᠤᠨ ᠠᠨᠠᠭᠠᠬᠤ ᠤᠬᠠᠭᠠᠨ᠂ ᠣᠶᠤᠨ ᠮᠡᠳᠡᠷᠡᠯ᠎ᠤᠨ ᠡᠷᠡᠭᠦᠯ ᠬᠠᠮᠠᠭᠠᠯᠠᠯ᠂ ᠡᠮᠴᠢᠯᠡᠭᠡ ᠰᠤᠪᠢᠯᠠᠯᠲᠠ ᠵᠡᠷᠭᠡ᠎ᠶᠢᠨ ᠦᠢᠯᠡᠴᠢᠯᠡᠭᠡᠨ᠎ᠤ ᠳᠤᠲᠠᠭᠤᠳᠠᠯ᠎ᠢ ᠲᠦᠷᠭᠡᠯᠡᠨ ᠨᠥᠬᠥᠪᠦᠷᠢᠯᠡᠵᠤ᠂ ᠪᠦᠬᠦ ᠰᠠᠯᠠᠭᠠᠨ᠎ᠤ ᠡᠮᠴᠢ ᠵᠢᠨ ᠬᠦᠮᠦᠵᠢᠯ ᠪᠤᠯᠪᠠᠰᠤᠷᠠᠯ᠎ᠢ ᠴᠢᠨᠭᠭᠠᠳᠬᠠᠨ᠎ᠠ᠃ ᠬᠢᠲᠠᠳ ᠡᠮ ᠡᠮᠨᠡᠯᠭᠡ᠎ᠶᠢ ᠤᠯᠠᠮᠵᠢᠯᠠᠨ ᠵᠠᠯᠭᠠᠮᠵᠢᠯᠠᠵᠤ ᠰᠢᠨᠡᠴᠢᠯᠡᠬᠦ᠎ᠶᠢ ᠠᠬᠢᠭᠤᠯᠵᠤ᠂ ᠬᠢᠲᠠᠳ ᠡᠮᠨᠡᠯᠭᠡ᠎ᠶᠢᠨ ᠳᠠᠪᠠᠭᠤᠯᠢᠭ᠋ ᠲᠤᠰᠬᠠᠢ ᠰᠠᠯᠠᠭᠠᠨ᠎ᠤ ᠪᠠᠢᠭᠤᠯᠤᠯᠲᠠ᠎ᠶᠢ ᠴᠢᠩᠭᠠᠳᠬᠠᠨ᠎ᠠ᠃ ᠡᠪᠡᠳᠴᠢᠨ᠎ᠢ ᠰᠡᠷᠭᠡᠢᠯᠡᠨ ᠡᠵᠡᠮᠳᠡᠬᠦ ᠰᠢᠰᠲᠧᠮ᠎ᠢ ᠲᠡᠬᠦᠯᠳᠡᠷᠵᠢᠬᠦᠯᠤᠨ᠎ᠠ᠃ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠵᠦ᠂ ᠠᠷᠠᠳ ᠣᠯᠠᠨ᠎ᠤ ᠡᠷᠡᠭᠦᠯ ᠮᠡᠨᠳᠦ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠨ᠎ᠠ᠃
ᠨᠡᠢᠭᠡᠮ᠎ᠤᠨ ᠪᠠᠲᠤᠯᠠᠭ᠎ᠠ ᠪᠠ ᠦᠢᠯᠡᠴᠢᠯᠡᠭᠡ᠎ᠶᠢ ᠴᠢᠩᠭᠠᠳᠬᠠᠨ᠎ᠠ᠃ ᠬᠥᠮᠥᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠢ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠰᠠᠭᠤᠷᠢ ᠠᠰᠠᠷᠠᠮᠵᠢ᠎ᠶᠢᠨ ᠮᠥᠩᠭᠥ᠎ᠶᠢᠨ ᠰᠠᠷ᠎ᠠ᠎ᠶᠢᠨ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ 20 ᠲᠥᠭᠥᠷᠢᠭ ᠳᠡᠭᠡᠭᠰᠢᠯᠡᠭᠦᠯᠵᠦ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠎ᠶᠢᠨ ᠮᠥᠩᠭᠥ᠎ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠮᠥᠩᠭᠥ᠎ᠶᠢ ᠪᠦᠬᠦ ᠤᠯᠤᠰ᠎ᠲᠤ ᠨᠢᠭᠡᠳᠦᠯᠲᠡᠢ ᠲᠥᠯᠥᠪᠯᠡᠬᠦ᠎ᠶᠢ ᠲᠡᠭᠦᠯᠳᠡᠷᠵᠢᠭᠦᠯᠦᠨ᠎ᠡ᠃ ᠬᠤᠪᠢ ᠬᠥᠮᠥᠨ᠎ᠤ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠦᠷᠢᠮ᠎ᠢ ᠪᠦᠬᠦ ᠤᠯᠤᠰ᠎ᠲᠤ ᠬᠡᠷᠡᠭᠵᠢᠭᠦᠯᠵᠦ᠂ ᠭᠤᠷᠪᠠᠳᠤᠭᠠᠷ ᠲᠤᠯᠭᠠᠭᠤᠷᠢᠯᠠᠯ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠢᠳᠡᠪᠬᠢᠲᠡᠢ ᠬᠥᠭᠵᠢᠭᠦᠯᠦᠨ᠎ᠡ᠃ ᠴᠡᠷᠢᠭ᠎ᠤᠨ ᠠᠯᠪᠠ᠎ᠠᠴᠠ ᠪᠠᠭᠤᠭᠰᠠᠳ᠂ ᠴᠡᠷᠢᠭ᠎ᠦᠨ ᠬᠡᠷ ᠪᠦᠯᠢ ᠪᠠ ᠪᠤᠰᠤᠳ ᠠᠰᠠᠷᠠᠨ ᠬᠠᠷᠠᠭᠠᠯᠵᠠᠬᠤ ᠡᠳᠡᠭᠡᠳ᠎ᠤᠨ ᠦᠢᠯᠡᠴᠢᠯᠡᠭᠡᠨ᠎ᠤ ᠪᠠᠲᠤᠯᠠᠭ᠎ᠠ᠎ᠶᠢ ᠰᠠᠢᠲᠤᠷ ᠬᠢᠨ᠎ᠡ᠃ ᠬᠤᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠤ ᠲᠣᠣᠷ᠎ᠤᠨ ᠪᠠᠢᠭᠤᠯᠤᠯᠲᠠ᠎ᠶᠢ ᠴᠢᠩᠭᠠᠳᠬᠠᠵᠤ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠬᠦ ᠡᠷᠴᠢᠮ᠎ᠢ ᠴᠢᠩᠭᠠᠷᠠᠭᠤᠯᠤᠨ᠎ᠠ᠃ ᠨᠠᠰᠤᠲᠠᠢᠴᠤᠳ᠎ᠤᠨ ᠬᠡᠷᠡᠭᠯᠡᠭᠡᠨ᠎ᠤ ᠬᠡᠷᠡᠭᠰᠡᠯ ᠪᠠ ᠦᠢᠯᠡᠴᠢᠯᠡᠭᠡ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠪᠤᠭᠤᠷᠤᠯᠴᠤᠳ᠎ᠤᠨ ᠠᠵᠤ ᠠᠬᠤᠢ᠎ᠶᠢ ᠶᠡᠬᠡ᠎ᠪᠠᠷ ᠬᠥᠭᠵᠢᠭᠦᠯᠦᠨ᠎ᠡ᠃ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠶ᠋ᠢᠭᠤᠯᠬᠤ᠎ᠶᠢ ᠠᠬᠢᠭᠤᠯᠤᠨ᠎ᠠ᠃ ᠦᠷᠡᠵᠢᠯ᠎ᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠪᠦᠷᠢᠨᠰᠢᠭᠦᠯᠦᠨ᠂ ᠦᠷᠡᠵᠢᠯ ᠤᠨ ᠠᠮᠠᠷᠠᠯᠲᠠ᠎ᠶᠢᠨ ᠳᠦᠷᠢᠮ ᠢ ᠰᠢᠯᠢᠳᠡᠭᠵᠢᠭᠦᠯᠵᠦ᠂ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠠᠵᠢᠯᠴᠢᠨ ᠬᠡᠷᠡᠭᠯᠡᠬᠦ ᠥᠪᠡᠷ᠎ᠤᠨ ᠥᠷᠲᠡᠭ᠎ᠢ ᠵᠦᠢ ᠵᠣᠬᠢᠰᠲᠠᠢ ᠬᠠᠮᠲᠤ᠎ᠪᠠᠷ ᠡᠭᠦᠷᠭᠡᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠤ ᠬᠠᠩᠭᠠᠯᠭ᠎ᠠ᠎ᠶᠢ ᠣᠯᠠᠨ ᠠᠷᠭ᠎ᠠ ᠵᠠᠮ᠎ᠢᠶᠠᠷ ᠨᠡᠮᠡᠭᠳᠡᠭᠦᠯᠦᠨ᠎ᠡ᠃ ᠭᠡᠷ ᠪᠦᠯᠢ᠎ᠶᠢᠨ ᠲᠥᠷᠦᠵᠦ ᠥᠰᠬᠡᠬᠦ᠂ ᠥᠰᠬᠡᠨ ᠬᠥᠮᠥᠵᠢᠭᠦᠯᠬᠦ᠂ ᠰᠤᠷᠭᠠᠨ ᠬᠥᠮᠥᠵᠢᠭᠦᠯᠬᠦ ᠳᠠᠷᠤᠭᠠᠰᠤ᠎ᠶᠢ ᠬᠥᠩᠭᠡᠷᠡᠭᠦᠯᠦᠨ᠎ᠡ᠃ ᠭᠡᠷ ᠢᠶᠠᠨ ᠰᠠᠬᠢᠵᠤ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭᠠᠷᠠᠭᠰᠠᠨ ᠬᠡᠦᠬᠡᠳ᠎ᠢ ᠬᠠᠯᠠᠮᠵᠢᠯᠠᠨ ᠬᠠᠢᠷᠠᠯᠠᠵᠤ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠨ᠎ᠡ᠃ ᠵᠡᠮᠳᠡᠭᠷᠡᠬᠦ᠎ᠶᠢ ᠤᠷᠢᠳᠴᠢᠯᠠᠨ ᠰᠡᠷᠭᠡᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡ᠎ᠶᠢ ᠴᠢᠩᠭᠠᠳᠬᠠᠵᠤ᠂ ᠬᠦᠨᠳᠦ ᠵᠡᠮᠳᠡᠭᠴᠦᠳ᠎ᠢ ᠨᠠᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃ ᠳᠡᠰ ᠲᠥᠷᠥᠯ ᠬᠤᠪᠢᠶᠠᠭᠰᠠᠨ ᠨᠡᠢᠭᠡᠮ᠎ᠤᠨ ᠠᠪᠤᠷᠠᠨ ᠲᠤᠰᠠᠯᠠᠬᠤ ᠰᠢᠰᠲᠧᠮ᠎ᠢ ᠪᠦᠷᠢᠨᠰᠢᠭᠦᠯᠵᠦ᠂ ᠳᠠᠬᠢᠨ ᠶᠠᠳᠠᠭᠤᠷᠠᠬᠤ᠎ᠠᠴᠠ ᠰᠡᠷᠭᠡᠢᠯᠡᠬᠦ ᠪᠠ ᠣᠷᠣᠯᠭ᠎ᠠ ᠪᠠᠭᠠᠲᠠᠢ ᠬᠥᠮᠥᠨ ᠠᠮᠠ᠎ᠶᠢ ᠬᠠᠪᠰᠤᠷᠤᠨ ᠲᠡᠳᠬᠦᠬᠦ ᠲᠥᠷᠥ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠢ ᠪᠠᠲᠤᠯᠠᠬᠤ ᠠᠮᠤᠷ ᠲᠦᠪᠰᠢᠨ᠎ᠤ ᠲᠣᠣᠷ᠎ᠢ ᠨᠢᠭ᠍ᠲᠠ ᠪᠥᠭᠡᠳ ᠪᠡᠬᠢ ᠰᠦᠯᠵᠢᠨ᠎ᠡ᠃
ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠰᠢ᠎ᠶᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ᠃ ᠨᠡᠢᠭᠡᠮ ᠵᠢᠷᠤᠮ ᠤᠨ ᠭᠣᠣᠯᠯᠠᠬᠤ ᠦᠷᠳᠡᠭ ᠤᠨ ᠦᠵᠡᠯᠲᠡ ᠶᠢ ᠥᠷᠭᠡᠨ᠎ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ ᠨᠡᠢᠭᠡᠮ᠎ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠋ ᠪᠠ ᠲᠠᠩᠰᠠ ᠡᠪᠬᠡᠮᠡᠯ ᠵᠡᠷᠭᠡ ᠦᠢᠯᠡᠰ᠎ᠢ ᠬᠥᠭᠵᠢᠭᠦᠯᠦᠨ᠎ᠡ᠃ ᠰᠤᠶᠤᠯ᠎ᠢ ᠤᠯᠠᠮᠵᠢᠯᠠᠨ ᠬᠦᠭᠵᠢᠬᠦᠯᠬᠦ ᠵᠢ ᠠᠭᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠠ ᠵᠢ ᠲᠤᠭᠳᠠᠭᠠᠨ᠎ᠠ᠃ ᠤᠯᠤᠰ᠎ᠤᠨ ᠰᠣᠶᠣᠯ᠎ᠤᠨ ᠳ᠋ᠢᠵᠢᠲ᠋ᠠᠯᠴᠢᠯᠠᠯᠳᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠠᠬᠢᠭᠤᠯᠤᠨ᠎ᠠ᠃ ᠠᠷᠠᠳ ᠨᠡᠶ᠋ᠢᠲᠡ᠎ᠪᠠᠷ᠎ᠢᠶᠠᠨ ᠨᠣᠮ ᠤᠩᠰᠢᠬᠤ ᠠᠵᠢᠯᠯᠠᠭ᠎ᠠ᠎ᠶᠢ ᠭᠦᠨᠵᠡᠭᠡᠢᠷᠡᠭᠦᠯᠦᠨ᠎ᠡ᠃ ᠰᠦᠯᠵᠢᠶᠡᠨ᠎ᠤ ᠶᠡᠷᠦᠩᠬᠡᠢᠯᠡᠭᠰᠡᠨ ᠵᠠᠰᠠᠯᠲᠠ᠎ᠶᠢ ᠲᠡᠭᠦᠯᠳᠡᠷᠵᠢᠭᠦᠯᠦᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠴᠠᠢᠯᠭᠠᠨ ᠰᠦᠯᠵᠢᠶᠡᠨ ᠤ ᠰᠣᠶᠣᠯ᠎ᠢ ᠪᠣᠢᠵᠢᠭᠤᠯᠤᠨ᠎ᠠ᠃ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠢᠨᠵᠧᠨᠧᠷᠢᠩ᠎ᠢ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠣᠯᠠᠨ ᠨᠡᠶ᠋ᠢᠲᠡ᠎ᠶᠢᠨ ᠰᠣᠶᠣᠯ᠎ᠤᠨ ᠲᠠᠯᠠᠪᠠᠢ ᠣᠷᠳᠣᠨ᠎ᠢ ᠰᠦᠢᠳᠬᠡᠯ ᠬᠤᠷᠢᠶᠠᠬᠤ ᠦᠭᠡᠢ᠎ᠪᠠᠷ ᠨᠡᠭᠡᠭᠡᠬᠦ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠠ᠃ ᠰᠣᠶᠣᠯ᠎ᠤᠨ ᠠᠵᠤ ᠦᠢᠯᠡᠰ᠎ᠢ ᠶᠡᠬᠡ᠎ᠪᠠᠷ ᠬᠥᠭᠵᠢᠭᠦᠯᠦᠨ᠎ᠡ᠃ ᠳᠥᠷᠪᠡᠳᠦᠭᠡᠷ ᠤᠳᠠᠭᠠᠨ᠎ᠤ ᠪᠦᠬᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠤᠨ ᠨᠡᠢᠳᠡᠮ ᠪᠠᠢᠴᠠᠭᠠᠯᠲᠠ᠎ᠶᠢ ᠥᠷᠨᠢᠭᠦᠯᠵᠦ᠂ ᠲᠡᠦᠬᠡ᠎ᠶᠢᠨ ᠳᠤᠷᠠᠰᠬᠠᠯᠲᠤ ᠵᠦᠢᠯ᠎ᠢ ᠰᠢᠰᠲᠧᠮᠲᠦ ᠴᠢᠨᠠᠷᠲᠠᠢ᠎ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭ᠍ᠯᠠᠬᠤ᠎ᠶᠢ ᠴᠢᠩᠭᠠᠳᠬᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶᠢ ᠠᠬᠢᠭᠤᠯᠤᠨ᠎ᠠ᠃ ᠳᠤᠮᠳᠠᠳᠤ ᠭᠠᠳᠠᠭᠠᠳᠤ᠎ᠶᠢᠨ ᠬᠥᠮᠥᠨ ᠨᠡᠢᠭᠡᠮ᠎ᠤᠨ ᠰᠣᠯᠢᠯᠴᠠᠭ᠎ᠠ᠎ᠶᠢ ᠭᠦᠨᠵᠡᠭᠡᠢᠷᠡᠭᠦᠯᠵᠦ᠂ ᠳᠡᠯᠡᠬᠡᠢ᠎ᠳᠤ ᠤᠯᠠᠮᠵᠢᠯᠠᠨ ᠲᠠᠷᠬᠠᠭᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠪᠡᠶ᠎ᠡ᠎ᠶᠢᠨ ᠲᠠᠮᠢᠷ᠎ᠤᠨ ᠥᠭᠡᠷᠡᠴᠢᠯᠡᠯᠲᠡ᠎ᠶᠢᠨ ᠡᠷᠴᠢᠮ᠎ᠢ ᠴᠢᠩᠭᠠᠷᠠᠭᠤᠯᠤᠨ᠎ᠠ᠃ 2024 ᠣᠨ᠎ᠤ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠂ ᠵᠡᠮᠳᠡᠭᠴᠦᠳ᠎ᠤᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠪᠡᠯᠡᠳᠬᠡᠵᠦ ᠤᠷᠤᠯᠳᠤᠭᠠᠨ᠎ᠳᠤ ᠣᠷᠣᠯᠴᠠᠬᠤ ᠠᠵᠢᠯ᠎ᠢ ᠰᠠᠢᠲᠤᠷ ᠬᠢᠨ᠎ᠡ᠃ ᠣᠯᠠᠨ ᠲᠦᠮᠡᠨ᠎ᠤ ᠳᠡᠷᠭᠡᠳᠡᠬᠢ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠶᠢ ᠰᠠᠢᠲᠤᠷ ᠪᠦᠲᠦᠭᠡᠨ ᠪᠠᠢᠭᠤᠯᠵᠤ ᠰᠠᠢᠲᠤᠷ ᠬᠡᠷᠡᠭᠯᠡᠨ᠂ ᠠᠷᠠᠳ ᠨᠡᠶ᠋ᠢᠲᠡ᠎ᠶᠢᠨ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ ᠠᠵᠢᠯᠯᠠᠭ᠎ᠠ᠎ᠶᠢ ᠥᠷᠭᠡᠨ᠎ᠢᠶᠠᠷ ᠥᠷᠨᠢᠭᠦᠯᠬᠦ᠎ᠶᠢ ᠠᠬᠢᠭᠤᠯᠤᠨ᠎ᠠ᠃
ᠤᠯᠤᠰ ᠤᠨ ᠠᠮᠤᠷ ᠲᠦᠪᠰᠢᠨ ᠪᠠ ᠨᠡᠢᠭᠡᠮ᠎ᠤᠨ ᠲᠣᠭᠲᠠᠭᠤᠨ ᠪᠠᠢᠳᠠᠯ᠎ᠢ ᠬᠠᠮᠠᠭᠠᠯᠠᠨ᠎ᠠ᠃ ᠤᠯᠤᠰ᠎ᠤᠨ ᠶᠡᠷᠦᠩᠬᠡᠢ ᠴᠣᠭᠴᠠ᠎ᠶᠢᠨ ᠠᠮᠤᠷ ᠲᠦᠪᠰᠢᠨ᠎ᠤ ᠦᠵᠡᠯᠲᠡ᠎ᠶᠢ ᠲᠤᠭᠤᠰᠢᠯᠠᠭᠤᠯᠵᠤ᠂ ᠤᠯᠤᠰ᠎ᠤᠨ ᠠᠮᠤᠷ ᠲᠦᠪᠰᠢᠨ᠎ᠤ ᠰᠢᠰᠲᠧᠮ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠣᠯᠠᠨ ᠨᠡᠶ᠋ᠢᠲᠡ᠎ᠶᠢᠨ ᠠᠮᠤᠷ ᠲᠦᠪᠰᠢᠨ᠎ᠤ ᠵᠠᠰᠠᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠵᠠᠰᠠᠯᠲᠠ᠎ᠶᠢᠨ ᠵᠠᠭᠪᠤᠷ᠎ᠢ ᠬᠡᠷᠡᠭ᠎ᠠᠴᠠ ᠡᠮᠦᠨ᠎ᠡ ᠤᠷᠢᠳᠴᠢᠯᠠᠨ ᠰᠡᠷᠭᠡᠢᠯᠡᠬᠦ ᠲᠡᠢᠰᠢ ᠬᠡᠯᠪᠡᠷᠢ᠎ᠶᠢ ᠨᠢ ᠬᠤᠪᠢᠷᠠᠭᠤᠯᠬᠤ᠎ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠰᠡᠷᠭᠡᠢᠯᠡᠬᠦ ᠦᠨᠳᠦᠰᠦᠨ ᠱᠠᠲᠤᠨ᠎ᠤ ᠰᠠᠭᠤᠷᠢ᠎ᠶᠢ ᠬᠦᠴᠦᠯᠡᠨ ᠪᠠᠲᠤᠳᠬᠠᠵᠤ᠂ ᠪᠠᠴᠢᠮ ᠪᠠᠢᠳᠠᠯ᠎ᠢ ᠰᠡᠷᠬᠡᠢᠯᠡᠬᠦ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ ᠪᠠᠳᠤᠯᠠᠬᠤ ᠴᠢᠳᠠᠪᠤᠷᠢ᠎ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠦᠨᠳᠦᠰᠦ ᠰᠤᠷᠪᠤᠯᠵᠢ᠎ᠠᠴᠠ ᠨᠢ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠭᠤᠷᠪᠠᠨ ᠵᠢᠯ᠎ᠤᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ᠎ᠶᠢᠨ ᠳᠠᠯᠳᠠ ᠭᠡᠮ᠎ᠢ ᠰᠠᠮᠨᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠴᠢᠩᠭᠠᠳᠬᠠᠨ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠪᠠᠲᠤᠲᠠᠢ ᠨᠠᠢᠳᠠᠪᠤᠷᠢᠵᠢᠭᠤᠯᠵᠤ᠂ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ᠎ᠶᠢ ᠡᠷᠡᠰ ᠬᠣᠷᠢᠭ᠍ᠯᠠᠨ ᠵᠣᠭᠰᠣᠭᠠᠨ᠎ᠠ᠃ ᠦᠶᠡᠷ ᠤᠰᠤᠳᠤᠯ ᠭᠠᠩ ᠬᠠᠭᠰᠠᠷᠠᠭᠠᠨ᠂ ᠲᠠᠢᠹᠧᠨᠭ ᠰᠠᠯᠬᠢ᠂ ᠤᠢ ᠰᠢᠭᠤᠢ ᠨᠤᠲᠤᠭ ᠪᠡᠯᠴᠢᠭᠡᠷ᠎ᠤᠨ ᠲᠦᠢᠮᠡᠷ᠂ ᠭᠠᠵᠠᠷ᠎ᠤᠨ ᠭᠠᠮᠰᠢᠭ᠋᠂ ᠭᠠᠵᠠᠷ ᠬᠥᠳᠡᠯᠦᠯᠲᠡ ᠵᠡᠷᠭᠡ᠎ᠶᠢ ᠰᠡᠷᠭᠡᠢᠯᠡᠨ ᠠᠷᠭᠠᠴᠠᠬᠤ ᠠᠵᠢᠯ᠎ᠢ ᠰᠠᠢᠲᠤᠷ ᠬᠢᠵᠦ᠂ ᠴᠠᠭ ᠠᠭᠤᠷ᠎ᠤᠨ ᠦᠢᠯᠡᠴᠢᠯᠡᠭᠡ᠎ᠶᠢ ᠴᠢᠩᠭᠠᠳᠬᠠᠨ᠎ᠠ᠃ ᠢᠳᠡᠭᠡᠨ᠎ᠤ ᠵᠦᠢᠯ᠂ ᠡᠮ᠎ᠤᠨ ᠵᠦᠢᠯ᠂ ᠣᠨᠴᠠ ᠲᠥᠷᠥᠯ᠎ᠤᠨ ᠪᠡᠯᠡᠳᠬᠡᠮᠵᠢ᠎ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠢᠭᠡᠮ᠎ᠤᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠵᠢᠨ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠤ ᠴᠢᠳᠠᠮᠵᠢ᠎ᠶᠢ ᠴᠢᠩᠭᠠᠳᠬᠠᠨ᠎ᠠ᠃ ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠥᠯᠢᠭ ᠠᠪᠤᠷᠠᠨ ᠲᠤᠰᠠᠯᠠᠯᠲᠠ᠂ ᠰᠠᠢᠨ ᠳᠤᠷ᠎ᠠ᠎ᠶᠢᠨ ᠦᠢᠯᠡᠴᠢᠯᠡᠭᠡ᠂ ᠨᠡᠶ᠋ᠢᠲᠡ᠎ᠶᠢᠨ ᠠᠰᠠᠷᠠᠮᠵᠢ ᠨᠢᠭᠦᠯᠡᠰᠦᠩᠭᠦᠢ᠎ᠶᠢᠨ ᠦᠢᠯᠡᠰ ᠵᠡᠷᠭᠡ᠎ᠶᠢᠨ ᠡᠷᠡᠭᠦᠯ᠎ᠢᠶᠠᠷ ᠬᠥᠭᠵᠢᠬᠦ᠎ᠶᠢ ᠬᠥᠲᠥᠯᠥᠨ ᠵᠢᠯᠤᠭᠣᠳᠴᠤ ᠳᠡᠮᠵᠢᠨ᠎ᠡ᠃ ᠡᠮᠡᠭᠲᠡᠢᠴᠦᠳ᠂ ᠬᠡᠦᠬᠡᠳ᠂ ᠨᠠᠰᠤᠲᠠᠢᠴᠤᠳ᠂ ᠵᠡᠮᠳᠡᠭᠴᠦᠳ᠎ᠤᠨ ᠬᠠᠤᠯᠢ ᠶᠣᠰᠣᠨ ᠤ ᠡᠷᠬᠡ ᠠᠰᠢᠭ᠋᠎ᠢ ᠪᠠᠲᠤᠯᠠᠨ᠎ᠠ᠃ ᠰᠢᠨ᠎ᠡ ᠴᠠᠭ ᠦᠶ᠎ᠡ᠎ᠶᠢᠨ 《ᠹᠧᠩᠴᠢᠶᠣᠤ᠎ᠶᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ ᠠᠵᠢᠯ᠎ᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ᠎ᠶᠢᠨ ᠠᠵᠢᠯ᠎ᠢ ᠬᠠᠤᠯᠢ᠎ᠪᠠᠷ ᠵᠠᠰᠠᠬᠤ᠎ᠶᠢ ᠠᠬᠢᠭᠤᠯᠤᠨ᠎ᠠ᠃ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠴᠢᠩᠭᠠᠳᠬᠠᠨ᠎ᠠ᠃ ᠨᠡᠢᠭᠡᠮ᠎ᠤᠨ ᠠᠮᠤᠷ ᠲᠦᠪᠰᠢᠨ᠎ᠢ ᠪᠦᠬᠦᠯᠢ ᠴᠣᠭᠴᠠ᠎ᠪᠠᠷ ᠨᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ᠎ᠶᠢ ᠪᠠᠢᠩᠭᠤᠵᠢᠭᠤᠯᠬᠤ᠎ᠶᠢ ᠠᠬᠢᠭᠤᠯᠵᠤ᠂ ᠬᠠᠤᠯᠢ᠎ᠠᠴᠠ ᠵᠥᠷᠢᠴᠡᠭᠰᠡᠨ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃
ᠲᠥᠯᠥᠭᠡᠯᠡᠭᠴᠢᠳ ᠠ᠋!
ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ᠎ᠤᠨ ᠣᠷᠳᠣᠨ᠎ᠤ ᠠᠵᠢᠯ᠎ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠠᠵᠢᠯᠲᠠᠳ《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢ᠋ᠢᠡᠨ ᠴᠢᠩᠭᠠᠳᠬᠠᠨ᠂ 《ᠳᠥᠷᠪᠡᠨ ᠢᠲᠡᠭᠡᠯ》᠎ᠢ᠋ᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ᠎ᠪᠠᠨ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢᠵᠤ᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶᠢᠨ ᠭᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ᠎ᠤᠨ ᠤᠳᠤᠷᠢᠳᠤᠯᠭ᠎ᠠ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠎ᠶᠢ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌ ᠪᠣᠯᠭᠠᠬᠤ᠂ ᠠᠷᠠᠳ ᠲᠦᠮᠡᠨ᠎ᠳᠤ ᠪᠤᠶᠠᠨ ᠦᠢᠯᠡᠳᠬᠦ᠎ᠶᠢ ᠬᠠᠮᠤᠭ᠎ᠤᠨ ᠴᠢᠬᠤᠯᠠ ᠵᠠᠰᠠᠭ᠎ᠤᠨ ᠠᠵᠢᠯ᠎ᠤᠨ ᠠᠮᠵᠢᠯᠲᠠ ᠪᠣᠯᠭᠠᠬᠤ᠎ᠶᠢ ᠪᠠᠷᠢᠮᠲᠠᠯᠠᠵᠤ᠂ ᠠᠷᠠᠳ ᠲᠦᠮᠡᠨ᠎ᠳᠤ ᠲᠠᠭᠠᠰᠢᠶᠠᠭᠳᠠᠭᠰᠠᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠰᠢᠨ᠎ᠡ᠎ᠶᠢ ᠡᠭᠦᠳᠬᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢᠯᠡᠴᠢᠯᠡᠬᠦ ᠬᠡᠯᠪᠡᠷᠢ᠎ᠶᠢᠨ ᠵᠠᠰᠠᠭ᠎ᠤᠨ ᠣᠷᠳᠣᠨ᠎ᠢ ᠴᠢᠷᠮᠠᠢᠨ ᠪᠦᠲᠦᠭᠡᠨ ᠪᠠᠢᠭᠤᠯᠵᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠶᠢ ᠪᠦᠬᠦ ᠲᠠᠯ᠎ᠠ᠎ᠪᠠᠷ ᠰᠠᠢᠲᠤᠷ ᠭᠦᠢᠴᠡᠳᠬᠡᠬᠦ ᠬᠡᠷᠡᠭᠲᠡᠢ᠃
ᠬᠠᠤᠯᠢ ᠶᠣᠰᠣᠭᠠᠷ ᠵᠠᠰᠠᠭ ᠶᠠᠪᠤᠭᠤᠯᠬᠤ᠎ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ᠎ᠶᠢ ᠴᠢᠩᠭ᠎ᠠ ᠵᠢᠷᠤᠮᠯᠠᠨ᠎ᠠ᠃ ᠠᠳᠠᠯᠢ ᠱᠠᠲᠤᠨ ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢᠩᠭᠤ᠎ᠶᠢᠨ ᠬᠣᠷᠢᠶᠠᠨ᠎ᠤ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠵᠦ᠂ ᠨᠡᠢᠭᠡᠮ ᠨᠡᠶ᠋ᠢᠲᠡ᠎ᠶᠢᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠨ᠎ᠡ᠃ ᠬᠢᠨᠠᠨ ᠪᠣᠳᠣᠯᠲᠠ᠎ᠶᠢᠨ ᠬᠢᠨᠠᠯᠲᠠ᠎ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ᠎ᠪᠠᠷ᠂ ᠠᠷᠠᠳᠴᠢᠯᠠᠯ᠎ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠦᠷᠦ᠎ᠶᠢᠨ ᠪᠣᠳᠣᠯᠭ᠎ᠠ ᠲᠣᠭᠲᠠᠭᠠᠬᠤ᠎ᠳᠠᠭᠠᠨ ᠵᠢᠮ᠎ᠡ ᠶᠣᠰᠣ᠌᠎ᠶᠢ ᠵᠢᠷᠤᠮᠯᠠᠨ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠠᠷ ᠲᠥᠪᠯᠡᠷᠡᠭᠦᠯᠵᠦ᠂ ᠬᠠᠤᠯᠢ ᠴᠠᠭᠠᠵᠠ᠎ᠶᠢᠨ ᠦᠨᠳᠦᠰᠦᠯᠡᠯ᠎ᠲᠠᠢ ᠪᠠᠢᠬᠤ ᠬᠡᠷᠡᠭᠲᠡᠢ᠃ ᠵᠠᠰᠠᠭ᠎ᠤᠨ ᠶᠠᠪᠤᠳᠠᠯ᠎ᠢ ᠢᠯᠡ ᠪᠣᠯᠭᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠬᠠᠤᠯᠢ᠎ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ᠎ᠢᠶᠠᠷ ᠬᠡᠷᠡᠭᠵᠢᠭᠦᠯᠬᠦ᠎ᠶᠢ ᠪᠦᠬᠦ ᠲᠠᠯ᠎ᠠ᠎ᠪᠠᠷ ᠠᠬᠢᠭᠤᠯᠤᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢᠴᠦᠳ᠎ᠤᠨ ᠬᠣᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶᠢ ᠳᠡᠮᠵᠢᠨ᠎ᠡ᠃ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠬᠤ ᠪᠠ ᠢᠯᠵᠢᠷᠡᠯ᠎ᠢ ᠡᠰᠡᠷᠭᠦᠴᠡᠬᠦ᠎ᠶᠢ ᠰᠢᠨᠲᠠᠷᠠᠰᠢ ᠦᠭᠡᠢ ᠪᠠᠷᠢᠮᠲᠠᠯᠠᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢᠷᠡᠭᠦᠯᠦᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯᠲᠠᠳ ᠬᠠᠤᠯᠢ ᠴᠠᠭᠠᠵᠠ ᠰᠠᠬᠢᠯᠭ᠎ᠠ ᠪᠠᠲᠤ᠎ᠶᠢ ᠰᠠᠬᠢᠵᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠵᠠᠰᠠᠵᠤ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ᠎ᠪᠠᠨ ᠭᠦᠢᠴᠡᠳᠬᠡᠨ᠂ ᠴᠡᠪᠡᠷ ᠴᠢᠬᠡᠴᠢ᠎ᠪᠠᠷ ᠠᠷᠠᠳ ᠲᠦᠮᠡᠨ᠎ᠤ ᠲᠥᠯᠥᠭᠡ ᠠᠵᠢᠯᠯᠠᠬᠤ ᠬᠡᠷᠡᠭᠲᠡᠢ᠃
ᠵᠠᠰᠠᠭ ᠵᠠᠬᠢᠷᠭᠠᠨ᠎ᠤ ᠦᠢᠯᠡᠳᠦᠯ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠠᠢᠲᠤᠷ ᠲᠤᠭᠤᠰᠢᠯᠠᠭᠤᠯᠬᠤ᠂ ᠰᠠᠢᠲᠤᠷ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠢᠯᠭᠠᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶᠢᠨ ᠬᠤᠪᠢᠷᠠᠭᠤᠯᠤᠯᠲᠠ᠎ᠶᠢ ᠭᠦᠨᠵᠡᠭᠡᠢ ᠠᠬᠢᠭᠤᠯᠵᠤ᠂ ᠵᠠᠰᠠᠭ᠎ᠤᠨ ᠣᠷᠳᠣᠨ᠎ᠤ ᠭᠦᠢᠴᠡᠳᠬᠡᠬᠦ ᠬᠦᠴᠦᠨ ᠪᠠ ᠤᠯᠠᠨ ᠨᠡᠶ᠋ᠢᠲᠡ᠎ᠶᠢ ᠢᠲᠡᠭᠡᠭᠦᠯᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠥᠪ ᠣᠨᠣᠪᠴᠢᠲᠠᠶ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ᠎ᠶᠢ ᠪᠠᠷᠢᠮᠲᠠᠯᠠᠵᠤ᠂ ᠰᠡᠳᠬᠢᠬᠦᠢ᠎ᠶᠢᠨ ᠲᠣᠭᠲᠠᠮᠠᠯ ᠬᠡᠪᠰᠢᠯ ᠪᠠ ᠠᠷᠭ᠎ᠠ ᠵᠠᠮ᠎ᠳᠤ ᠲᠦᠰᠢᠭᠯᠡᠬᠦ᠎ᠶᠢ ᠵᠣᠷᠢᠭ᠍ᠲᠠᠢ ᠡᠪᠳᠡᠵᠦ᠂ ᠬᠥᠲᠥᠯᠥᠮᠵᠢ᠎ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ᠎ᠢᠶᠠᠷ ᠴᠢᠩᠭ᠎ᠠ ᠠᠵᠢᠯ᠎ᠤᠨ ᠭᠠᠷᠳᠠᠴᠠ᠎ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠢᠲᠤᠷ ᠬᠡᠷᠡᠭᠯᠡᠨ᠂ ᠨᠠᠢᠳᠠᠪᠤᠷᠢᠵᠢᠭᠤᠯᠤᠯᠲᠠ᠎ᠶᠢ ᠠᠳᠬᠤᠬᠤ ᠲᠠᠯ᠎ᠠ᠎ᠪᠠᠷ ᠲᠡᠷᠡ ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ᠎ᠢ ᠪᠠᠷᠢᠮᠲᠠᠯᠠᠵᠤ ᠪᠣᠳᠠᠲᠠᠢ᠎ᠶᠢ ᠡᠷᠬᠢᠮᠯᠡᠬᠦ᠂ ᠵᠣᠷᠢᠭ᠍ᠲᠠᠢ ᠬᠢᠵᠦ ᠴᠢᠳᠠᠮᠠᠭᠠᠢ ᠠᠵᠢᠯᠯᠠᠬᠤ᠎ᠶᠢ ᠦᠨᠡᠨ ᠬᠦ᠌ ᠪᠡᠶᠡᠯᠡᠭᠦᠯᠵᠦ᠂ ᠡᠴᠦᠰ᠎ᠤᠨ ᠦᠷ᠎ᠡ ᠪᠦᠲᠦᠮᠵᠢ᠎ᠶᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠵᠣᠷᠢᠯᠲᠠᠳᠤ ᠨᠡᠢᠴᠡᠭᠦᠯᠬᠦ᠂ ᠠᠷᠠᠳ ᠤᠯᠠᠨ᠎ᠤ ᠬᠦᠰᠡᠯ ᠡᠷᠡᠮᠡᠯᠵᠡᠯ᠎ᠳᠤ ᠨᠡᠢᠴᠡᠭᠦᠯᠬᠦ᠎ᠶᠢ ᠦᠨᠡᠨ ᠬᠦ᠌ ᠪᠠᠲᠤᠯᠠᠨ᠎ᠠ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠪᠠᠢᠴᠠᠭᠠᠨ ᠰᠤᠳᠤᠯᠤᠯᠲᠠ᠎ᠶᠢ ᠶᠡᠬᠡ᠎ᠪᠠᠷ ᠥᠷᠨᠢᠭᠦᠯᠦᠨ᠂ 《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠨᠠᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ᠎ᠤ ᠪᠠᠢᠭᠤᠯᠤᠯᠲᠠ᠎ᠶᠢ ᠲᠦᠷᠭᠡᠳᠬᠡᠨ᠎ᠡ᠃ 《ᠥᠨᠳᠥᠷ ᠪᠦᠲᠦᠮᠵᠢᠲᠡᠶ᠎ᠪᠠᠷ ᠨᠢᠭᠡ ᠤᠴᠢᠷ ᠶᠠᠪᠤᠳᠠᠯ᠎ᠢ ᠪᠦᠲᠦᠭᠡᠬᠦ》ᠵᠢ ᠠᠬᠢᠭᠤᠯᠬᠤ᠎ᠪᠠᠷ ᠬᠥᠲᠥᠯᠥᠮᠵᠢ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠬᠡᠯᠪᠡᠷᠢ᠎ᠶᠢᠨ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠤᠨ᠂ ᠪᠢᠴᠢᠭ ᠮᠠᠲᠧᠷᠢᠶᠠᠯ ᠪᠠ ᠬᠤᠷᠠᠯ᠎ᠢ ᠤᠯᠠᠮ ᠨᠢᠭᠡ ᠠᠯᠬᠤᠮ ᠴᠣᠮᠬᠠᠳᠬᠠᠵᠤ᠂ ᠰᠢᠪᠠᠳᠠᠨ ᠪᠠᠢᠴᠠᠭᠠᠯᠲᠠ ᠪᠠᠢᠴᠠᠭᠠᠯᠲᠠ ᠬᠢᠨᠠᠨ ᠰᠢᠯᠭᠠᠯᠲᠠ᠎ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠠᠵᠤ ᠠᠬᠤᠢᠯᠠᠯ᠎ᠤᠨ ᠳᠠᠷᠤᠭᠠᠰᠤ᠎ᠶᠢ ᠦᠷᠭᠦᠯᠵᠢᠯᠡᠨ ᠬᠥᠩᠭᠡᠷᠡᠭᠦᠯᠦᠨ᠎ᠡ᠃ 《ᠭᠤᠷᠪᠠ᠎ᠶᠢ ᠢᠯᠭᠠᠵᠤ ᠦᠵᠡᠬᠦ》ᠵᠢ ᠨᠠᠢᠳᠠᠪᠤᠷᠢᠵᠢᠭᠤᠯᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠴᠢᠷᠮᠠᠢᠨ ᠠᠵᠢᠯᠯᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠪᠠ ᠬᠠᠮᠠᠭᠠᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠥᠷᠭᠡᠨ ᠣᠯᠠᠨ ᠺᠠᠳ᠋ᠷᠴᠤᠳ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢᠬᠤ》ᠬᠠᠷᠢᠭᠤᠴᠠᠯᠭᠠᠲᠤ ᠰᠡᠳᠬᠢᠯᠭᠡ᠎ᠪᠠᠨ ᠴᠢᠩᠭᠠᠳᠬᠠᠬᠤ᠎ᠶᠢᠨ ᠬᠠᠮᠲᠤ ᠡᠭᠦᠨ᠎ᠢ《ᠶᠠᠪᠤᠳᠠᠯ ᠪᠣᠯᠭᠠᠨ᠎ᠳᠤ ᠳᠣᠲᠣᠷ᠎ᠠ᠎ᠪᠠᠨ ᠲᠣᠭ᠎ᠠ᠎ᠲᠠᠢ ᠪᠠᠢᠬᠤ》 ᠠᠵᠢᠯᠯᠠᠭᠠᠨ᠎ᠤ ᠴᠢᠳᠠᠪᠤᠷᠢ ᠪᠣᠯᠭᠠᠨ ᠦᠨᠡᠨ ᠬᠦ᠌ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ᠎ᠪᠠᠨ ᠪᠠᠳᠠᠷᠠᠭᠤᠯᠵᠤ᠂ ᠦᠨᠡᠨ ᠬᠦ᠌ ᠠᠳᠬᠤᠨ ᠪᠣᠳᠠᠲᠠᠢ᠎ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ᠎ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠴᠢᠷᠮᠠᠢᠨ ᠡᠭᠦᠳᠬᠦ ᠬᠡᠷᠡᠭᠲᠡᠢ᠃
ᠲᠥᠯᠥᠭᠡᠯᠡᠭᠴᠢᠳ ᠠ᠋!
ᠪᠢᠳᠡ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠤᠢ ᠪᠣᠯᠭᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠪᠠᠨ ᠲᠦᠷᠭᠡᠳᠬᠡᠬᠦ᠎ᠶᠢ ᠠᠬᠢᠭᠤᠯᠬᠤ ᠬᠡᠷᠡᠭᠲᠡᠢ᠃ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠯᠲᠠ᠎ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ᠎ᠢ ᠢᠳᠡᠪᠬᠢᠲᠡᠢ ᠬᠥᠲᠥᠯᠥᠨ ᠵᠢᠯᠤᠭᠣᠳᠴᠤ ᠪᠠᠢᠭᠠᠳ ᠨᠡᠢᠭᠡᠮ ᠵᠢᠷᠤᠮᠲᠤ ᠨᠡᠢᠭᠡᠮ ᠯᠦ᠍ᠭᠡ ᠵᠣᠬᠢᠴᠠᠭᠤᠯᠤᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠢ ᠴᠢᠩᠭᠠᠳᠬᠠᠨ ᠰᠠᠢᠵᠢᠷᠠᠭᠤᠯᠵᠤ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠠ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ᠎ᠤᠨ ᠭᠡᠷ ᠪᠦᠯᠢ᠎ᠶᠢᠨ ᠬᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠤᠨ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠲᠥᠯᠥᠭᠡ ᠬᠠᠮᠲᠤ᠎ᠪᠠᠷ ᠴᠢᠷᠮᠠᠢᠨ ᠵᠢᠳᠬᠦᠬᠦ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃
ᠥᠩᠭᠡᠷᠡᠭᠰᠡᠨ ᠨᠢᠭᠡ ᠵᠢᠯ᠎ᠳᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ ᠲᠠᠪᠰᠢᠯᠳᠠ᠎ᠲᠠᠢ ᠪᠣᠯᠵᠤ᠂ ᠠᠷᠠᠳ᠎ᠤᠨ ᠴᠡᠷᠢᠭ ᠠᠩᠭᠢ ᠡᠭᠦᠷᠭᠡᠯᠡᠵᠦ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠠᠮᠵᠢᠯᠲᠠ᠎ᠲᠠᠢ ᠪᠡᠶᠡᠯᠡᠭᠦᠯᠪᠡ᠃ ᠰᠢᠨ᠎ᠡ ᠨᠢᠭᠡ ᠵᠢᠯ᠎ᠳᠤ᠂ ᠰᠢ ᠶᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ᠎ᠶᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠲᠤᠭᠤᠰᠢᠯᠠᠭᠤᠯᠵᠤ᠂ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠪᠦᠬᠦ ᠲᠠᠯ᠎ᠠ᠎ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶᠢ ᠪᠡᠶᠡᠯᠡᠭᠦᠯᠬᠦ ᠪᠡᠷᠬᠡ ᠰᠡᠳᠦᠪ᠎ᠢ ᠰᠢᠢᠳᠪᠦᠷᠢᠯᠡᠬᠦ ᠳᠠᠶ᠋ᠢᠨ᠎ᠢ ᠰᠠᠢᠲᠤᠷ ᠬᠢᠬᠦ ᠬᠡᠷᠡᠭᠲᠡᠢ᠃ ᠴᠡᠷᠢᠭ ᠪᠣᠯᠪᠠᠰᠤᠷᠠᠭᠤᠯᠵᠤ ᠲᠠᠶ᠋ᠢᠨ᠎ᠳᠤ ᠪᠡᠯᠡᠳᠬᠡᠬᠦ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠴᠡᠷᠢᠭ ᠳᠠᠶ᠋ᠢᠨ ᠤ ᠲᠡᠮᠡᠴᠡᠯ᠎ᠤᠨ ᠪᠡᠯᠡᠳᠬᠡᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠳᠠᠲᠤ ᠳᠠᠶ᠋ᠢᠨ᠎ᠤ ᠮᠠᠶᠢᠭ᠋᠎ᠤᠨ ᠴᠡᠷᠢᠭ᠎ᠤᠨ ᠰᠤᠷᠭᠠᠭᠤᠯᠢᠯᠠᠯᠢ ᠰᠠᠢᠲᠤᠷ ᠠᠳᠬᠤᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠡᠷᠡᠰ ᠬᠠᠮᠠᠭᠠᠯᠠᠨ᠎ᠠ᠃ ᠣᠳᠣ᠌ ᠦᠶ᠎ᠡ᠎ᠶᠢᠨ ᠴᠡᠷᠢᠭ᠎ᠤᠨ ᠶᠠᠪᠤᠳᠠᠯ᠎ᠤᠨ ᠵᠠᠰᠠᠯᠲᠠ᠎ᠶᠢᠨ ᠰᠢᠰᠲᠧᠮ᠎ᠢ ᠪᠠᠢᠭᠤᠯᠵᠤ᠂ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠶᠢᠨ 《ᠠᠷᠪᠠᠨ ᠳᠥᠷᠪᠡᠳᠦᠭᠡᠷ ᠲᠠᠪᠤᠨ ᠵᠢᠯ》ᠦ᠋ᠨ ᠲᠥᠯᠦᠪᠵᠢᠭᠦᠯᠭᠡ᠎ᠶᠢ ᠬᠡᠷᠡᠭᠵᠢᠭᠦᠯᠬᠦ᠎ᠶᠢ ᠰᠠᠢᠲᠤᠷ ᠠᠳᠬᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠭᠵᠢᠯᠲᠡ᠎ᠶᠢᠨ ᠴᠢᠬᠤᠯᠠ ᠶᠡᠬᠡ ᠢᠨᠵᠧᠨᠧᠷᠢᠩ᠎ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭ᠍ᠰᠠᠨ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠰᠲᠧᠮ ᠪᠠ ᠴᠢᠳᠠᠪᠤᠷᠢ᠎ᠶᠢ ᠪᠡᠬᠢᠵᠢᠭᠦᠯᠦᠨ ᠳᠡᠭᠡᠭᠰᠢᠯᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠠᠵᠤ ᠦᠢᠯᠡᠳᠪᠦᠷᠢ᠎ᠶᠢᠨ ᠰᠢᠰᠲᠧᠮ ᠪᠠ ᠪᠠᠢᠷᠢᠰᠢᠯ᠎ᠢ ᠰᠢᠯᠢᠳᠡᠭᠵᠢᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ ᠪᠠ ᠪᠡᠯᠡᠳᠬᠡᠯ ᠬᠦᠴᠦᠨ᠎ᠤ ᠪᠠᠢᠭᠤᠯᠤᠯᠲᠠ᠎ᠶᠢ ᠴᠢᠩᠭᠠᠳᠬᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠶᠢ ᠶᠡᠬᠡ᠎ᠪᠠᠷ ᠳᠠᠮᠵᠢᠵᠤ᠂ 《ᠬᠣᠶᠠᠷ᠎ᠢ ᠬᠦᠷᠢᠶᠡᠯᠡᠬᠦ》 ᠠᠵᠢᠯ᠎ᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃
ᠪᠢᠳᠡ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》᠂ 《ᠰᠢᠶᠠᠩᠭᠠᠩ᠎ᠤᠨ ᠬᠥᠮᠥᠨ᠎ᠢᠶᠠᠷ ᠰᠢᠶᠠᠩᠭᠠᠩᠢ ᠵᠠᠰᠠᠭᠤᠯᠬᠤ》᠂ 《ᠣᠣᠮᠧᠨ᠎ᠤ ᠬᠥᠮᠥᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ᠎ᠶᠢ ᠦᠷᠭᠦᠯᠵᠢᠯᠡᠨ ᠪᠦᠬᠦ ᠲᠠᠯ᠎ᠠ᠎ᠪᠠᠷ ᠣᠨᠣᠪᠴᠢᠲᠠᠶ᠂ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩᠢ ᠵᠠᠰᠠᠬᠤ ᠣᠣᠮᠧᠨ᠎ᠢ ᠵᠠᠰᠠᠬᠤ᠎ᠶᠢ ᠪᠠᠷᠢᠮᠲᠠᠯᠠᠵᠤ᠂ 《ᠡᠬᠡ ᠣᠷᠣᠨᠴᠢ ᠬᠥᠮᠥᠰ᠎ᠢᠶᠠᠷ ᠰᠢᠶᠠᠩᠭᠠᠩᠢ ᠵᠠᠰᠠᠭᠤᠯᠬᠤ》᠂ 《ᠡᠬᠡ ᠣᠷᠣᠨᠴᠢ ᠬᠥᠮᠥᠰ᠎ᠢᠶᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ᠎ᠤ ᠠᠵᠤ ᠠᠬᠤᠢ᠎ᠪᠠᠨ ᠬᠥᠭᠵᠢᠭᠦᠯᠦᠨ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠲᠤᠰ ᠪᠡᠶ᠎ᠡ᠎ᠶᠢᠨ ᠳᠠᠪᠠᠭᠤᠯᠢᠭ᠋ ᠪᠠ ᠣᠨᠴᠠᠯᠢᠭ᠋᠎ᠢᠶᠠᠨ ᠪᠠᠳᠠᠷᠠᠭᠤᠯᠬᠤ᠂ ᠭᠤᠸᠠᠩᠳᠦ᠋ᠩ ᠰᠢᠶᠠᠩᠭᠠᠩ ᠣᠣᠮᠧᠨ᠎ᠤ ᠲᠣᠮᠣ᠌ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠬᠤ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠨ ᠠᠭᠤᠰᠤᠨ ᠣᠷᠣᠬᠤ᠎ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠢᠳᠠᠯ᠎ᠢ ᠪᠠᠲᠤᠯᠠᠨ᠎ᠠ᠃
ᠪᠢᠳᠡ ᠰᠢᠨ᠎ᠡ ᠴᠠᠭ ᠦᠶ᠎ᠡ᠎ᠶᠢᠨ ᠨᠠᠮ᠎ᠤᠨ ᠲᠠᠢᠸᠠᠨ᠎ᠤ ᠠᠰᠠᠭᠤᠳᠠᠯ᠎ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ᠎ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ᠎ᠶᠢᠨ ᠲᠠᠨᠢᠯᠲᠠ》 ᠵᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠤᠯ ᠪᠠ ᠭᠠᠳᠠᠨᠠᠬᠢ᠎ᠶᠢᠨ ᠭᠠᠷ ᠳᠦᠷᠦᠯᠲᠡ᠎ᠶᠢ ᠡᠷᠡᠰ ᠡᠰᠡᠷᠭᠦᠴᠡᠵᠦ᠂ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠬᠠᠷᠢᠴᠠᠭ᠎ᠠ᠎ᠶᠢᠨ ᠨᠠᠢᠷᠠᠮᠳᠠᠯ᠎ᠢᠶᠠᠷ ᠬᠥᠭᠵᠢᠬᠦ᠎ᠶᠢ ᠠᠬᠢᠭᠤᠯᠤᠨ᠂ ᠡᠬᠡ ᠤᠯᠤᠰ᠎ᠢᠶᠠᠨ ᠨᠢᠭᠡᠳᠬᠡᠬᠦ ᠶᠡᠬᠡ ᠦᠢᠯᠡᠰ᠎ᠢ ᠡᠷᠡᠰ ᠭᠤᠢᠪᠢᠰᠢ ᠦᠭᠡᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠦᠨᠳᠦᠰᠦᠨ ᠠᠰᠢᠭ᠋ ᠲᠤᠰᠠ᠎ᠶᠢ ᠬᠠᠮᠠᠭᠠᠯᠠᠬᠤ ᠬᠡᠷᠡᠭᠲᠡᠢ᠃ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠠᠭᠤᠰᠤᠯᠴᠠᠨ ᠬᠥᠭᠵᠢᠬᠦ᠎ᠶᠢ ᠭᠦᠨᠵᠡᠭᠡᠢᠷᠡᠭᠦᠯᠦᠨ᠂ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠠᠬ᠎ᠠ ᠳᠡᠭᠦᠦ ᠨᠠᠷ᠎ᠤᠨ ᠠᠵᠠ ᠵᠢᠷᠭᠠᠯ᠎ᠢ ᠨᠡᠮᠡᠭᠳᠡᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠰᠡᠳᠬᠢᠯ ᠨᠢᠭᠡᠳᠦᠨ ᠬᠠᠮᠲᠤ᠎ᠪᠠᠷ ᠴᠣᠭᠴᠠᠯᠠᠬᠤ ᠬᠡᠷᠡᠭᠲᠡᠢ᠃
ᠪᠢᠳᠡ ᠪᠡᠶ᠎ᠡ᠎ᠪᠠᠨ ᠳᠠᠭᠠᠭᠠᠵᠤ ᠡᠵᠡᠨ ᠮᠡᠳᠡᠬᠦ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠥᠷᠥ᠎ᠶᠢᠨ ᠪᠣᠳᠣᠯᠭ᠎ᠠ᠎ᠶᠢ ᠪᠠᠷᠢᠮᠲᠠᠯᠠᠵᠤ᠂ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠨ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠨᠡᠭᠡᠭᠡᠯᠲᠡᠲᠤ ᠪᠠᠢᠯᠳᠤᠬᠤ ᠪᠣᠳᠣᠯᠭ᠎ᠠ᠎ᠶᠢ ᠡᠷᠡᠰ ᠬᠡᠷᠡᠭᠵᠢᠭᠦᠯᠵᠦ᠂ ᠡᠷᠬᠡ ᠲᠡᠭᠰᠢ ᠪᠥᠭᠡᠳ ᠡᠮᠬᠢ ᠵᠢᠷᠤᠮ᠎ᠲᠠᠢ ᠳᠡᠯᠡᠬᠡᠢ᠎ᠶᠢᠨ ᠣᠯᠠᠨ ᠲᠤᠢᠯᠰᠢᠷᠠᠯᠲᠠ ᠪᠠ ᠲᠦᠭᠡᠮᠡᠯ ᠬᠠᠷᠠᠭᠠᠯᠵᠠᠯ᠎ᠲᠠᠢ ᠪᠥᠭᠡᠳ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠴᠢᠯᠡᠯᠲᠡᠶᠢ ᠰᠠᠨᠠᠭᠠᠴᠢᠯᠠᠨ᠂ ᠰᠢᠨ᠎ᠡ ᠬᠡᠯᠪᠡᠷᠢ᠎ᠶᠢᠨ ᠣᠯᠠᠨ ᠤᠯᠤᠰ᠎ᠤᠨ ᠬᠠᠷᠢᠴᠠᠭ᠎ᠠ᠎ᠶᠢ ᠪᠠᠶ᠋ᠢᠭᠤᠯᠬᠤ᠎ᠶᠢ ᠠᠬᠢᠭᠤᠯᠵᠤ᠂ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ᠎ᠶᠢ ᠡᠰᠡᠷᠭᠦᠴᠡᠵᠦ᠂ ᠤᠯᠠᠨ ᠤᠯᠤᠰ᠎ᠤᠨ ᠲᠥᠪ ᠭᠤᠤᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶ᠋ᠢᠲᠡ᠎ᠲᠠᠢ ᠬᠠᠮᠲᠤ᠎ᠪᠠᠷ ᠪᠦᠬᠦ ᠪᠥᠮᠪᠥᠷᠴᠡᠭ᠎ᠤᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠤᠨ᠂ ᠪᠦᠬᠦ ᠬᠥᠮᠥᠨ ᠲᠥᠷᠥᠯᠬᠢᠲᠡᠨ᠎ᠤ ᠬᠠᠮᠲᠤ᠎ᠶᠢᠨ ᠥᠷᠲᠡᠭ᠎ᠢ ᠪᠠᠳᠠᠷᠠᠭᠤᠯᠵᠤ᠂ ᠪᠦᠬᠦ ᠪᠥᠮᠪᠥᠷᠴᠡᠭ᠎ᠤᠨ ᠵᠠᠰᠠᠯᠲᠠ᠎ᠶᠢᠨ ᠰᠢᠰᠲᠧᠮ᠎ᠤᠨ ᠬᠤᠪᠢᠰᠤᠯᠲᠠ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠤᠨ᠎ᠠ᠃
ᠲᠥᠯᠥᠭᠡᠯᠡᠭᠴᠢᠳ ᠠ᠋!
ᠬᠠᠷᠢᠭᠤᠴᠠᠯᠭ᠎ᠠ᠎ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠢᠵᠤ᠂ ᠲᠡᠮᠡᠴᠡᠯ᠎ᠢᠶᠠᠷ ᠢᠷᠡᠭᠡᠳᠦᠢ᠎ᠶᠢ ᠡᠭᠦᠳᠦᠨ ᠪᠦᠲᠦᠭᠡᠳᠡᠭ᠃ ᠪᠢᠳᠡ ᠰᠢ᠎ᠶᠢᠨ ᠫᠢᠩ ᠨᠥᠬᠥᠷ᠎ᠢᠶᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ᠎ᠶᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠬᠦ ᠵᠢᠯ᠎ᠤᠨ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!
(ᠰᠢᠨᠬᠤᠧᠠ ᠬᠤᠷᠢᠶ᠎ᠠ ᠵᠢᠨ ᠪᠠᠭᠡᠵᠢᠩ᠎ᠦᠨ 3 ᠰᠠᠷ᠎ᠠ᠎ᠶᠢᠨ 12 ᠤᠨ ᠴᠠᠬᠢᠯᠭᠠᠨ ᠮᠡᠳᠡᠭᠡ)
(ᠲᠤᠮᠳᠠᠳᠤ ᠤᠯᠤᠰ᠎ᠤᠨ ᠦᠨᠳᠦᠰᠦᠳᠡᠨ ᠪ ᠭᠡᠯᠡᠨ ᠪ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)