ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠠᠭᠤᠳᠠᠯᠤᠨ ᠪᠣᠢᠵᠢᠭᠤᠯᠬᠤ ᠭᠡᠷᠡᠭᠳᠠᠢ
2024-03-15 10:52:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

—  ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ ᠨᠢ


ᠴᠢᠨᠠᠷ ᠰᠠᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌ ᠮᠥᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃

ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠰᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠨᠢ ᠬᠠᠯᠠᠮᠰᠢᠯ ᠦᠭᠡ᠂ ᠤᠯᠠᠨ ᠳᠠᠪᠲᠠᠮᠵᠢ ᠪᠡᠷ ᠢᠯᠡᠷᠡᠭᠰᠡᠨ ᠦᠭᠡ ᠪᠣᠯᠵᠠᠢ᠃ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠎ᠦᠨ ᠬᠦᠴᠦᠨ᠎ᠢ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠎ᠳᠦ ᠠᠵᠢᠯ᠎ᠤᠨ ᠡᠭᠦᠷᠭᠡ ᠵᠢ ᠪᠠᠢᠷᠢᠯᠠᠭᠤᠯᠬᠤ ᠎ᠳᠠᠭᠠᠨ᠂ ᠨᠢᠭᠡᠳᠦᠭᠡᠷ ᠵᠦᠢᠯ᠎ᠳᠦ《ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠎ᠦᠨ ᠪᠠᠢᠭᠤᠯᠤᠯᠲᠠ᠎ᠶᠢ ᠶᠡᠬᠡ᠎ᠪᠡᠷ ᠠᠬᠢᠭᠤᠯᠵᠤ᠂ ᠰᠢᠨ᠎ᠡ ᠴᠢᠨᠠᠷ᠎ᠪᠦᠬᠦᠢ ᠦᠢᠯᠡᠳᠪᠦᠷᠢᠯᠡᠯ ᠎ᠦᠨ ᠬᠦᠴᠦᠨ᠎ᠢ ᠲᠦᠷᠭᠡᠳᠭᠡᠨ ᠬᠥᠭᠵᠢᠭᠦᠯᠦᠨ᠎ᠡ》 ᠭᠡᠪᠡ᠃ ᠪᠦᠬᠦ ᠤᠯᠤᠰ᠎ᠤᠨ ᠬᠣᠶᠠᠷ ᠬᠤᠷᠠᠯ ᠎ᠤᠨ ᠵᠣᠷᠢᠭ᠋ ᠰᠠᠨᠠᠭ᠎ᠠ ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠴᠢᠨᠠᠷ ᠰᠠᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶᠢ ᠪᠠᠲᠤ ᠡᠵᠡᠮᠳᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠪᠡᠷ ᠬᠥᠲᠥᠯᠥᠮᠵᠢ ᠪᠣᠯᠭᠠᠨ ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠠᠭᠤᠳᠠᠯᠤᠨ ᠪᠣᠢᠵᠢᠭᠤᠯᠬᠤ ᠬᠡᠷᠡᠭᠲᠡᠢ᠃

ᠥᠪᠥᠷ ᠮᠣᠩᠭᠣᠯ ᠨᠡᠭᠦᠷᠡᠰᠦᠨ ᠤ᠋ ᠡᠬᠢ ᠪᠠᠶᠠᠯᠢᠭ ᠡᠯᠪᠡᠭ ᠪᠣᠯᠪᠠᠴᠤ ᠠᠯᠢ ᠨᠢᠭᠡᠨ ᠡᠳᠦᠷ ᠮᠠᠯᠲᠠᠵᠤ ᠳᠠᠭᠤᠰᠬᠤ ᠶᠤᠮ᠂ 《ᠰᠠᠯᠬᠢ ᠭᠡᠷᠡᠯ》 ᠤ᠋ᠨ ᠡᠬᠢ ᠪᠠᠶᠠᠯᠢᠭ ᠬᠢᠵᠠᠭᠠᠷ ᠦᠭᠡᠢ ᠪᠤᠯᠪᠠᠴᠤ ᠵᠠᠬ᠎ᠠ ᠳᠡᠯᠭᠡᠭᠦᠷ᠎ᠦᠨ ᠬᠠᠩᠭᠠᠯᠭ᠎ᠠ ᠨᠢ ᠬᠡᠷᠡᠭᠴᠡᠬᠡ ᠡᠴᠡ ᠪᠠᠨ ᠬᠡᠳᠦᠷᠡᠬᠦ ᠡᠳᠦᠷ ᠪᠠᠢᠨ᠎ᠠ᠂ ᠡᠷᠬᠡᠪᠰᠢ ᠢᠳᠡᠪᠬᠢᠲᠡᠢ᠎ᠪᠡᠷ ᠠᠰᠢᠬᠳᠠᠢ ᠪᠠᠢᠷᠢ ᠵᠢ ᠵᠠᠪᠳᠤᠨ ᠪᠠᠢᠷᠢᠰᠢᠭᠤᠯᠵᠤ᠂ ᠰᠢᠨ᠎ᠡ ᠠᠵᠤ ᠠᠬᠤᠢ᠎ᠶᠢᠨ ᠨᠡᠮᠡᠭᠳᠡᠯ᠎ᠦᠨ ᠴᠡᠭ᠎ᠢ ᠠᠭᠤᠳᠠᠯᠤᠨ ᠪᠣᠢᠵᠢᠭᠤᠯᠵᠤ᠂ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠬᠤ᠎ᠪᠠᠷ ᠰᠢᠪᠲᠤᠯᠤᠯᠲᠠ᠎ᠶᠢᠨ ᠴᠡᠭ ᠪᠣᠯᠭᠠᠨ  ᠬᠡᠯᠪᠡᠷᠢ᠎ᠶᠢ ᠬᠤᠪᠢᠷᠠᠭᠤᠯᠵᠤ᠂ ᠪᠦᠲᠦᠴᠡ᠎ᠶᠢ ᠲᠣᠬᠢᠷᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠵᠦ᠂ ᠦᠷ᠎ᠡ ᠠᠰᠢᠭ᠋᠎ᠢ ᠨᠡᠮᠡᠭᠳᠡᠭᠦᠯᠵᠦ᠂ 《ᠲᠦᠷᠪᠡᠡ ᠤᠯᠠᠨ ᠲᠦᠷᠪᠡᠡ ᠴᠥᠭᠡᠨ》 ᠤ᠋ ᠪᠠᠢᠳᠠᠯ᠎ᠢ ᠲᠦᠷᠭᠡᠨ ᠬᠤᠪᠢᠷᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ᠎ᠪᠠᠷ ᠲᠣᠭᠲᠠᠭᠤᠨ ᠎ᠢ  ᠠᠬᠢᠭᠤᠯᠬᠤ ᠵᠢ ᠨᠡᠩ ᠰᠠᠢᠳᠤᠷ ᠪᠠᠶᠠᠯᠡᠬᠦᠯᠬᠦ ᠭᠡᠷᠡᠭᠳᠠᠢ᠃ ᠰᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠣᠷᠣᠨ᠎ᠤ ᠪᠠᠢᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠤᠷᠢᠳ ᠵᠢᠡᠷ ᠰᠢᠨ᠎ᠡ ᠵᠢ ᠪᠠᠢᠭᠤᠯᠵᠤ ᠳᠠᠷᠠᠭ᠎ᠠ ᠨᠢ ᠬᠠᠭᠤᠴᠢᠨ᠎ᠢ ᠡᠪᠳᠡᠬᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠲᠦᠷᠦᠯ ᠬᠤᠪᠢᠶᠠᠨ ᠵᠢᠯᠤᠭᠣᠳᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ《ᠪᠦᠰᠡᠯᠡᠯᠲᠡ᠎ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠵᠤ᠂ ᠵᠣᠬᠢᠶᠠᠮᠠᠯ ᠤᠶᠤᠨ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶ᠎ᠡ ᠴᠠᠷᠠᠭ᠎ᠠ ᠵᠢ ᠤᠨᠢᠯᠠᠵᠤ᠂ ᠲᠦᠷᠦᠯ ᠵᠦᠢᠯ᠎ᠢ ᠲᠥᠯᠥᠪᠵᠢᠭᠦᠯᠦᠨ᠂ ᠪᠦᠯᠬᠦᠮ ᠨᠡᠶ᠋ᠢᠲᠡ᠎ᠶᠢ ᠣᠷᠣᠭᠤᠯᠤᠨ ᠠᠪᠴᠢᠷᠠᠵᠤ᠂ ᠨᠥᠬᠥᠴᠡᠯ᠎ᠲᠠᠢ ᠨᠢᠭᠡ ᠬᠣᠶᠠᠷ ᠴᠡᠭ᠎ᠡᠴᠡ ᠭᠠᠷᠤᠭ᠎ᠠ ᠠᠪᠴᠤ ᠬᠦᠶᠦᠮᠡᠭᠴᠡ  ᠲᠦᠷᠦᠭᠦᠯᠡᠵᠦ᠂ ᠦᠰᠦᠷᠦᠯᠲᠡ᠎ᠶᠢᠨ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠬᠢ ᠪᠠᠶᠠᠯᠢᠭ᠋᠎ᠢ ᠨᠡᠢᠳᠬᠡᠭᠰᠡᠨ ᠦᠷ᠎ᠡ ᠪᠦᠲᠦᠭᠡᠯ᠎ᠦᠨ ᠬᠡᠷᠡᠭᠯᠡᠯᠲᠡ ᠎ᠶᠢ ᠴᠢᠩᠭᠠᠳᠬᠠᠵᠤ᠂ ᠲᠡᠷᠢᠭᠦᠨ᠎ᠦ ᠲᠡᠮᠦᠷᠯᠢᠭ ᠮᠠᠲᠧᠷᠢᠶᠠᠯ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠳᠣᠣᠷ᠎ᠠ ᠠᠭᠠᠷ ᠤ᠋ᠨ ᠠᠵᠤ ᠠᠬᠤᠢ᠂ ᠠᠮᠢᠳᠤ ᠪᠣᠳᠠᠰ᠎ᠤᠨ ᠦᠷ᠎ᠡ ᠵᠢ ᠪᠣᠢᠵᠢᠭᠤᠯᠬᠤ᠂ ᠲᠣᠭᠠᠴᠢᠯᠠᠭᠰᠠᠨ ᠬᠡᠷᠡᠭᠯᠡᠭᠡ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠦᠰᠦᠨ ᠪᠤᠵᠠᠭᠠᠢᠷᠠᠬᠤ᠎ᠶᠢ ᠬᠦᠴᠦᠯᠡᠨ ᠠᠬᠢᠭᠤᠯᠬᠤ ᠬᠡᠷᠡᠭᠲᠡᠢ᠃

ᠬᠡᠷᠡᠭ ᠶᠠᠪᠤᠳᠠᠯ ᠬᠡᠳᠦᠢ ᠴᠢᠬᠤᠯᠠ ᠪᠣᠯᠬᠤ ᠲᠤᠳᠦᠮ ᠶᠠᠭᠠᠬᠢᠬᠰᠡᠨ ᠴᠤ᠌ ᠴᠢᠭᠯᠡᠯ᠎ᠦᠨ ᠴᠢᠨᠠᠷᠲᠠᠢ ᠠᠯᠳᠠᠭ᠎ᠠ ᠭᠠᠷᠭᠠᠵᠤ ᠪᠣᠯᠬᠤ ᠦᠭᠡᠢ ᠶᠤᠮ᠃ 《ᠱᠢᠨ᠎ᠡ ᠴᠢᠨᠠᠷ᠎ᠪᠦᠬᠦᠢ ᠦᠢᠯᠡᠳᠪᠦᠷᠢᠯᠡᠯ ᠎ᠦᠨ ᠬᠦᠴᠦᠨ᠎ᠢ ᠬᠥᠭ᠌ᠵᠢᠭᠦᠯᠬᠦ᠌ ᠨᠢ ᠤᠯᠠᠮᠵᠢᠯᠠᠯᠲᠤ ᠠᠵᠤ ᠦᠢᠯᠡᠰ᠎ᠢ ᠣᠮᠲᠣᠭᠠᠢᠯᠠᠵᠤ᠂ ᠲᠠᠶᠠᠭ᠍ᠳᠠᠨ᠎ᠠ ᠬᠡᠰᠡᠨ  ᠶᠠᠪᠤᠳᠠᠯ ᠤᠬᠳᠤ ᠪᠢᠰᠢ᠂ ᠨᠢᠭᠡ ᠯᠡ ᠳᠡᠭᠡᠷ᠎ᠡ ᠲᠡᠷᠪᠡᠵᠦ ᠰᠤᠬᠤᠷ ᠪᠠᠯᠠᠢ ᠪᠡᠷ ᠶᠠᠭᠠᠷᠠᠵᠤ᠂ ᠬᠥᠭᠡᠰᠦᠷᠡᠯ ᠪᠤᠯᠬᠤ᠎ᠡᠴᠡ ᠰᠡᠷᠭᠡᠢᠯᠡᠬᠦ᠌ ᠬᠡᠷᠡᠭ᠌ᠲᠡᠢ᠂ ᠨᠢᠭᠡ ᠯᠡ ᠵᠦᠢᠯ᠎ᠦᠨ ᠵᠠᠭ᠍ᠪᠤᠷ᠎ᠢ ᠬᠡᠷᠡᠭᠯᠡᠵᠦ ᠪᠠᠰᠠ ᠪᠣᠯᠬᠤ ᠦᠭᠡᠢ》᠃ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠢᠳᠡᠨ᠎ᠳᠦ ᠴᠢᠷᠮᠠᠢᠬᠤ ᠴᠢᠭ᠌ᠯᠡᠯ ᠎ᠢ ᠲᠣᠳᠣᠷᠬᠠᠢ ᠵᠢᠭᠠᠵᠤ᠂ ᠱᠢᠨᠵᠢᠯᠡᠬᠦ᠌ ᠤᠬᠠᠭᠠᠨᠴᠢ ᠠᠷᠭ᠎ᠠ ᠵᠠᠮ ᠢ᠋ ᠬᠠᠩᠭᠠᠪᠠ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠯ᠎ᠡ ᠭᠠᠵᠠᠷ᠎ᠤᠨ ᠪᠠᠢᠳᠠᠯ ᠮᠠᠰᠢ ᠶᠡᠬᠡ ᠵᠥᠷᠢᠶ᠎ᠡ᠎ᠲᠡᠶ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠬᠥᠭ᠌ᠵᠢᠭᠦᠯᠬᠦ᠌᠎ᠳᠦ ᠡᠷᠬᠡᠪᠰᠢ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠲᠤᠰ ᠭᠠᠵᠠᠷ᠎ᠤᠨ ᠵᠢᠡᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ᠂ ᠱᠢᠨᠵᠢᠯᠡᠬᠦ᠌ ᠤᠬᠠᠭᠠᠨ᠎ᠤ ᠰᠤᠳᠤᠯᠭᠠᠨ ᠎ᠤ ᠨᠥᠬᠥᠴᠡᠯ ᠵᠡᠷᠭᠡ᠎ᠶ᠋ᠢ ᠦᠨᠳᠦᠰᠦᠯᠡᠵᠦ᠍᠂ ᠱᠢᠨ᠎ᠡ ᠠᠵᠤ ᠦᠢᠯᠡᠰ᠂ ᠱᠢᠨ᠎ᠡ ᠵᠠᠭ᠍ᠪᠤᠷ᠂ ᠱᠢᠨ᠎ᠡ ᠬᠥᠳᠡᠯᠭᠡᠬᠦ᠌ ᠴᠢᠳᠠᠪᠦᠷᠢ᠎ᠶ᠋ᠢᠨ ᠬᠥᠭ᠌ᠵᠢᠯᠲᠡ᠎ᠶ᠋ᠢ ᠰᠣᠩᠭᠣᠯᠲᠠ᠎ᠲᠠᠶ᠎ᠪᠠᠷ ᠠᠬᠢᠭᠤᠯᠬᠤ ᠬᠡᠷᠡᠭ᠌ᠲᠡᠢ᠃ ᠱᠢᠨ᠎ᠡ ᠮᠡᠷᠭᠡᠵᠢᠯ᠎ᠢᠶᠡᠷ ᠨᠡᠭᠦᠷᠡᠰᠦ᠂ ᠲᠡᠮᠦᠷᠯᠢᠭ ᠪᠤᠯᠪᠠᠰᠤᠷᠠᠭᠤᠯᠬᠤ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠠᠵᠤ ᠦᠢᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠬᠡᠢ᠌ᠵᠢᠯᠳᠡ᠎ᠶ᠋ᠢ ᠢᠳᠡᠪᠬᠢᠲᠡᠢ ᠠᠬᠢᠭᠤᠯᠵᠤ᠂ ᠡᠳᠡᠭᠡᠷ ᠬᠦᠷᠢᠶᠡᠨ᠎ᠳᠡᠬᠢ ᠳᠠᠪᠠᠭᠤᠯᠢᠭ ᠪᠠᠢᠷᠢ ᠰᠠᠭᠤᠷᠢ ᠎ᠪᠠᠨ ᠰᠠᠢᠲᠤᠷ ᠪᠠᠲᠤᠯᠠᠬᠤ ᠬᠡᠷᠡᠭ᠌ᠲᠡᠢ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠎ᠳᠦ᠂ ᠡᠨᠡ ᠵᠢᠯ ᠳ᠋ᠤ ᠡᠯ᠎ᠡ ᠲᠥᠷᠥᠯ᠎ᠦᠨ ᠦᠶ᠋ᠯᠡᠳᠪᠦᠷᠢᠯᠡᠯ᠎ᠦᠨ ᠲᠥᠬᠥᠭᠡᠷᠦᠮᠵᠢ᠂ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢᠨ ᠱᠢᠨᠡᠴᠢᠯᠡᠯᠲᠡ ᠪᠠ ᠮᠡᠷᠭᠡᠵᠢᠯ᠎ᠦᠨ ᠥᠭᠡᠷᠡᠴᠢᠯᠡᠯᠲᠡ ᠎ᠶ᠋ᠢ ᠠᠬᠢᠭᠤᠯᠵᠤ᠂ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠵᠣᠷᠢᠭ᠍ᠵᠢᠭᠤᠯᠤᠨ ᠠᠬᠢᠭᠤᠯᠤᠨ᠎ᠠ ᠭᠡᠵᠦ᠍ ᠲᠣᠳᠣᠷᠬᠠᠶ ᠳᠤᠷᠠᠳᠤᠨ ᠭᠠᠷᠭᠠᠪᠠ᠂ ᠡᠨᠡ ᠨᠢ ᠥᠪᠥᠷ ᠮᠣᠩᠭᠣᠯ᠎ᠤᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭ᠍ᠰᠠᠨ ᠪᠠᠢᠨ᠎ᠠ᠃ ᠱᠢᠨ᠎ᠡ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠬᠦ᠌ ᠪᠠ ᠪᠤᠬᠢᠷᠳᠤᠯ ᠦᠭᠡᠢ ᠴᠠᠬᠢᠯᠭᠠᠨ᠎ᠢᠶᠠᠷ  ᠤᠷᠤᠯᠠᠭᠤᠯᠬᠤ ᠵᠢ ᠠᠬᠢᠭᠤᠯᠬᠤ ᠡᠴᠡ ᠪᠤᠯᠤᠬᠰᠠᠨ ᠰᠠᠯᠬᠢᠨ ᠬᠦᠴᠦᠨ ᠬᠡᠷᠡᠯᠴᠢ ᠴᠡᠨᠡᠭ ᠎ᠢᠶᠡᠷ ᠴᠠᠬᠢᠯᠭᠠᠨ ᠭᠠᠷᠭᠠᠬᠤ ᠲᠤᠨᠤᠭ ᠲᠦᠬᠦᠭᠡᠷᠦᠮᠵᠢ᠂ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ ᠤ᠋  ᠲᠡᠷᠭᠡ ᠪᠠ ᠮᠠᠱᠢᠨ ᠲᠡᠷᠭᠡ᠂ ᠱᠢᠨ᠎ᠡ ᠡᠨᠧᠷᠭᠢ᠎ᠶ᠋ᠢᠨ ᠴᠠᠬᠢᠯᠭᠠᠨ ᠴᠡᠨᠡᠭ᠌ᠯᠡᠬᠦ᠌ ᠱᠤᠩ ᠵᠡᠷᠭᠡ ᠦᠢᠯᠡᠳᠬᠦᠨ ᠳ᠋ᠤ᠌ ᠠᠪᠴᠢᠷᠠᠬᠤ  ᠵᠠᠬ᠎ᠠ ᠳᠡᠯᠭᠡᠭᠦᠷ᠎ᠦᠨ ᠦᠷᠨᠢᠩᠬᠦᠢ ᠬᠡᠷᠡᠭ᠌ᠴᠡᠭᠡ᠎ᠶ᠋ᠢ ᠰᠠᠢᠲᠤᠷ ᠠᠱᠢᠭ᠍ᠯᠠᠵᠤ᠂ ᠱᠢᠨ᠎ᠡ ᠡᠨᠧᠷᠭᠢ ᠎ᠶ᠋ᠢᠨ ᠲᠤᠨᠤᠭ ᠲᠦᠬᠦᠭᠡᠷᠦᠮᠵᠢ ᠦᠢᠯᠡᠳᠬᠦ᠌ ᠦᠢᠯᠡᠰ ᠎ᠢ ᠲᠤᠯᠭᠠᠭᠤᠷᠢ ᠠᠵᠤ ᠦᠢᠯᠡᠰ ᠪᠣᠯᠭᠠᠨ ᠲᠦᠷᠭᠡᠳᠬᠡᠨ  ᠪᠠᠢᠭᠤᠯᠬᠤ ᠬᠡᠷᠡᠭ᠌ᠲᠡᠢ᠃ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠨᠢ ᠠᠭᠠᠷ᠎ᠤᠨ ᠠᠶᠠᠯᠠᠯ᠂ ᠬᠡᠷ᠎ᠦᠨ ᠴᠠᠬᠢᠯᠭᠠᠨ ᠬᠡᠷᠡᠭ᠌ᠰᠡᠯ ᠵᠡᠷᠭᠡ ᠠᠵᠤ ᠦᠶ᠋ᠯᠡᠰ ᠎ᠦᠨ ᠭᠦᠨ ᠬᠦᠷᠢᠶᠡᠯᠡᠯ᠎ᠢ ᠣᠯᠵᠤ᠂ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ ᠎ᠶ᠋ᠢ ᠠᠬᠢᠭᠤᠯᠬᠤ᠎ᠲᠠᠶ ᠤᠶᠠᠯᠳᠤᠭᠤᠯᠤᠨ᠂ ᠦᠶ᠋ᠯᠡᠳᠬᠦᠨ᠎ᠢ ᠰᠤᠳᠤᠯᠤᠨ ᠨᠡᠭᠡᠭᠡᠬᠦ᠌ ᠡᠷᠴᠢᠮ᠎ᠢᠶᠡᠨ ᠴᠢᠩᠭᠠᠷᠠᠭᠤᠯᠵᠤ᠂ ᠨᠠᠩ ᠶᠡᠬᠡ ᠬᠡᠪᠴᠢᠶᠡᠨ᠎ᠳᠦ ᠵᠠᠬ᠎ᠠ ᠳᠡᠯᠭᠡᠭᠦᠷ᠎ᠢ ᠨᠡᠭᠡᠭᠡᠬᠦ᠌ ᠪᠠ ᠵᠠᠪᠳᠤᠨ ᠡᠵᠡᠯᠡᠬᠦ᠌ ᠬᠡᠷᠡᠭ᠌ᠲᠡᠶ᠃ ᠥᠪᠥᠷ ᠮᠣᠩᠭᠣᠯ᠎ᠲᠠᠶ ᠬᠥᠷᠱᠢᠯᠡᠵᠦ᠍ ᠪᠠᠢᠭ᠎ᠠ ᠪᠡᠭᠡᠵᠢᠩ ᠲᠢᠶᠠᠨᠵᠢᠨ ᠾᠧᠪᠧᠶ᠎ᠶ᠋ᠢᠨ ᠭᠠᠵᠠᠷ ᠣᠷᠣᠨ᠎ᠤ ᠬᠥᠮᠦᠨ ᠠᠮᠠ ᠣᠯᠠᠨ᠂ ᠬᠡᠷᠡᠭ᠌ᠯᠡᠭᠡᠨ᠎ᠦ ᠵᠠᠬ᠎ᠠ ᠳᠡᠯᠭᠡᠭᠦᠷ ᠶᠡᠬᠡ᠂ ᠮᠠᠱᠢᠨ ᠲᠡᠷᠭᠡ ᠪᠣᠯᠤᠨ ᠭᠡᠷ᠎ᠦᠨ ᠴᠠᠬᠢᠯᠭᠠᠨ ᠬᠡᠷᠡᠭ᠌ᠰᠡᠯ ᠵᠡᠷᠭᠡ᠎ᠶ᠋ᠢᠨ ᠲᠦᠷᠭᠡᠨ ᠱᠢᠨᠡᠳᠦᠨ ᠰᠣᠯᠢᠭ᠍ᠳᠠᠵᠤ ᠪᠠᠢᠭ᠎ᠠ ᠨᠢ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠡᠷᠭᠢᠯᠳᠦᠭᠦᠯᠦᠨ ᠠᠱᠢᠭ᠍ᠯᠠᠬᠤ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠥᠷᠭᠡᠨ ᠠᠭᠤᠳᠠᠮ ᠣᠷᠣᠨ ᠵᠠᠶ ᠣᠯᠭᠣᠭ᠍ᠰᠠᠨ ᠪᠠᠢᠨ᠎ᠠ᠂ ᠪᠠᠢᠳᠠᠯ᠎ᠢ ᠨᠢ ᠦᠵᠡᠵᠦ᠍ ᠬᠥᠲᠥᠯᠥᠨ ᠵᠢᠯᠣᠭᠣᠳᠴᠤ᠌ ᠬᠠᠮᠢᠶ᠎ᠠ ᠪᠦᠬᠦᠢ ᠠᠵᠤ ᠦᠶ᠋ᠯᠡᠰ ᠎ᠢ ᠬᠥᠭ᠌ᠵᠢᠭᠦᠯᠬᠦ᠌ ᠬᠡᠷᠡᠭ᠌ᠲᠡᠶ᠃

ᠰᠦᠷ ᠲᠠᠯᠠᠢᠴᠠᠳᠠᠢ ᠳᠣᠷᠣᠨ᠎ᠠ᠎ᠶ᠋ᠢᠨ ᠰᠠᠯᠬᠢ ᠤᠷᠢᠬᠠᠨ ᠬᠠᠪᠤᠷ᠎ᠢ ᠮᠡᠳᠡᠭᠡᠯᠡᠬᠦᠶ᠎ᠠ᠂ ᠲᠦᠮᠡᠨ ᠭᠠᠵᠠᠷ᠎ᠤᠨ ᠠᠶᠠᠨ ᠳ᠋ᠤ ᠡᠷᠡᠮᠡᠬᠡᠢᠯᠡᠨ ᠤᠷᠤᠭ᠍ᠰᠢᠯᠠᠬᠤ ᠶᠤᠰᠤᠳᠠᠢ᠃ ᠱᠢᠨ᠎ᠡ᠎ᠶ᠋ᠢ ᠡᠭᠦᠳᠬᠦ᠌ ᠭᠸᠨ ᠎ᠢ ᠬᠥᠭ᠌ᠵᠢᠯᠲᠡ᠎ᠶ᠋ᠢᠨ ᠴᠢᠰᠤᠨ ᠰᠤᠳᠠᠯ ᠎ᠳᠤ ᠠᠭᠤᠰᠬᠠᠵᠤ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ ᠎ᠦ ᠬᠦᠴᠦᠲᠦ ᠬᠥᠳᠡᠯᠭᠡᠭᠦᠷ ᠎ᠢ ᠬᠥᠭ᠌ᠵᠢᠭᠡᠵᠦ᠍᠂ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠲᠠᠰᠤᠷᠠᠯᠲᠠ ᠦᠭᠡᠢ ᠠᠭᠤᠳᠠᠯᠤᠨ ᠪᠣᠢᠵᠢᠭᠤᠯᠪᠠᠯ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ ᠯᠠᠪᠲᠠᠢ ᠰᠠᠯᠬᠢ ᠬᠥᠯᠥᠭ᠌ᠯᠡᠨ ᠳᠠᠪᠠᠯᠭᠠᠨ᠎ᠢ ᠵᠦᠰᠦᠵᠦ᠍᠂ ᠬᠡᠬᠡᠨ ᠰᠠᠷᠠᠭᠤᠯ ᠢᠷᠡᠭᠡᠳᠦᠢ ᠵᠢ ᠤᠬᠳᠤᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号