— ᠪᠦᠬᠦ ᠤᠯᠤᠰ ᠤ᠋ᠨ ᠬᠤᠶᠠᠷ ᠬᠤᠷᠠᠯ ᠤ᠋ᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠳᠦᠷᠪᠡᠨᠳᠡ ᠦᠭᠦᠯᠡᠬᠦ ᠨᠢ
ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠲᠥᠯᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ᠎ᠤᠨ ᠶᠡᠬᠡ ᠬᠤᠷᠠᠯ᠎ᠡᠴᠡ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠣᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠬᠦ ᠬᠡᠷᠡᠭᠳᠠᠢ ᠭᠡᠵᠦ᠍ ᠲᠣᠳᠣᠷᠬᠠᠶ ᠳᠤᠷᠠᠳᠴᠠᠶ᠃ ᠣᠷᠣᠨ ᠳᠠᠶᠠᠭᠠᠷ ᠠᠭᠤᠷ ᠠᠮᠢᠰᠭᠤᠯ ᠳᠤᠯᠠᠭᠠᠷᠠᠵᠤ ᠪᠠᠢᠭ᠎ᠠ ᠲᠣᠬᠢᠶᠠᠯ᠎ᠢ ᠠᠱᠢᠭ᠍ᠯᠠᠨ᠂ ᠱᠠᠯᠠᠪᠳᠠᠨ ᠲᠣᠬᠢᠷᠠᠭᠤᠯᠤᠨ ᠪᠠᠢᠷᠢᠯᠠᠭᠤᠯᠵᠤ᠂ ᠪᠦᠬᠦ᠌ ᠲᠠᠯ᠎ᠠ᠎ᠪᠠᠷ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠨᠡᠩ ᠢᠯᠡᠷᠬᠡᠶ ᠵᠠᠰᠠᠯᠳᠠ ᠵᠢᠨ ᠦᠷ᠎ᠡ ᠪᠦᠲᠦᠮᠵᠢ ᠣᠯᠬᠤ᠎ᠪᠠᠷ ᠴᠢᠷᠮᠠᠢᠬᠤ ᠬᠡᠷᠡᠭ᠌ᠲᠡᠶ᠃
ᠶᠡᠷᠦᠩᠬᠡᠶ ᠱᠦᠵᠢ ᠰᠢ ᠵᠢᠨ ᠫᠢᠩ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠭᠠᠨ ᠪᠥᠲᠥᠭᠡᠨ ᠪᠠᠢᠭᠤᠯᠬᠤ ᠪᠣᠯ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠵᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠮᠥᠨ᠂ ᠪᠠᠰᠠ ᠴᠤ᠌ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠡᠴᠡ᠎ᠪᠠᠨ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠮᠥᠨ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠪᠣᠯᠤᠨ᠎ᠠ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠣᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠴᠥᠯᠯᠡᠷᠬᠡᠭ᠌ᠵᠢᠯᠢ ᠵᠠᠰᠠᠬᠤ ᠭᠤᠤᠯ ᠲᠡᠢᠨ᠎ᠦ ᠲᠠᠯᠠᠪᠤᠷ᠂ ᠡᠯᠡᠰᠦᠨ ᠱᠢᠭᠤᠷᠭ᠎ᠠ᠎ᠶ᠋ᠢ ᠰᠡᠷᠭᠡᠢᠯᠡᠬᠦ᠌ ᠭᠤᠤᠯ ᠰᠡᠷᠭᠡᠢᠯᠡᠯᠲᠡ᠎ᠶ᠋ᠢᠨ ᠱᠤᠭᠤᠮ ᠪᠣᠯᠤᠨ᠎ᠠ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ ᠤ᠋ ᠶᠡᠬᠡᠩᠬᠢ ᠬᠡᠰᠡᠭ ᠨᠢ ᠥᠪᠥᠷ ᠮᠣᠩᠭᠣᠯ᠎ᠳᠤ ᠪᠠᠢᠵᠤ᠂ 60% ᠡᠴᠡ ᠳᠡᠭᠡᠭ᠌ᠰᠢᠬᠢ ᠠᠵᠢᠯ᠎ᠤᠨ ᠬᠡᠮᠵᠢᠶ᠎ᠡ ᠨᠢ ᠥᠪᠥᠷ ᠮᠣᠩᠭᠣᠯ᠎ᠳᠤ ᠪᠠᠢᠵᠤ᠂ ᠪᠢᠳᠡᠨ᠎ᠦ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠬᠠᠲᠠᠭᠤ ᠪᠡᠷᠬᠡ ᠪᠠᠢᠨ᠎ᠠ ᠂ ᠡᠷᠬᠡᠪᠰᠢ ᠭᠤᠤᠯ ᠳᠠᠢᠯᠠᠯᠳᠤᠭᠠᠨ᠎ᠤ ᠲᠠᠯᠠᠪᠤᠷ᠎ᠤᠨ ᠬᠠᠷᠢᠭᠤᠴᠠᠯᠭ᠎ᠠ ᠡᠭᠦᠷᠭᠡᠯᠡᠯ᠂ ᠭᠤᠤᠯ ᠬᠦᠴᠦᠨᠴᠡᠷᠢᠭᠤᠨ ᠤᠬᠠᠮᠰᠠᠷ᠎ᠢᠶᠠᠷ ᠭᠤᠤᠯ ᠳᠠᠭᠠᠷᠢᠯᠲᠠ ᠬᠢᠵᠦ᠍᠂ ᠭᠤᠤᠯ ᠬᠦᠴᠦᠨ ᠪᠣᠯᠵᠣ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠤᠯᠬᠤ ᠬᠡᠷᠡᠭ᠌ᠲᠡᠶ᠃ ᠨᠢᠳᠤᠨᠤᠨ ᠳᠠᠢᠯᠠᠯᠳᠤᠭᠠᠨ ᠢ᠋ ᠡᠬᠢᠯᠡᠭᠦᠯᠦᠭᠰᠡᠨ ᠰᠠᠭᠤᠷᠢᠨ ᠳᠡᠭᠡᠷ᠎ᠡ ᠠᠵᠢᠯ ᠢ᠋ ᠪᠦᠬᠦ᠌ ᠲᠠᠯ᠎ᠠ᠎ᠪᠠᠷ ᠥᠷᠨᠢᠭᠦᠯᠦᠨ ᠭᠦᠨᠵᠡᠭᠡᠢᠷᠡᠭᠦᠯᠵᠦ᠍᠂ ᠡᠭᠦᠷᠭᠡ᠎ᠪᠡᠨ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ᠃
《 ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ ᠨᠢ ᠴᠥᠮ ᠬᠠᠲᠠᠭᠤ ᠳᠠᠢᠯᠠᠯᠳᠤᠭᠠᠨ ᠪᠣᠯᠤᠨ᠎ᠠ᠃ ᠬᠠᠲᠠᠭᠤ ᠳᠠᠢᠯᠠᠯᠳᠤᠭᠠᠨ ᠬᠢᠬᠦ᠌᠎ᠳᠦ ᠪᠣᠳᠠᠲᠠᠢ ᠠᠵᠢᠯᠯᠠᠬᠤ ᠡᠷᠴᠢ ᠵᠣᠷᠢᠭ᠂ ᠬᠦᠴᠦᠲᠡᠢ ᠠᠵᠢᠯᠯᠠᠭ᠎ᠠ ᠠᠪᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠮᠣᠩᠭᠣᠯ ᠮᠤᠷᠢᠨ᠎ᠤ ᠵᠣᠷᠢᠭ ᠰᠠᠨᠠᠭ᠎ᠠ ᠪᠠ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠵᠣᠭ᠍ᠰᠣᠴᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠡᠭᠦᠷᠭᠡᠲᠦ ᠪᠤᠳᠤᠯ ᠪᠠ ᠲᠤᠯᠭᠠᠮ ᠪᠤᠳᠤᠯ᠎ᠢᠶᠠᠨ ᠴᠢᠩᠭᠠᠳᠭᠠᠵᠤ᠂ ᠴᠢᠯᠠᠭᠤ ᠪᠦᠮᠪᠦᠷᠢᠭᠦᠯᠵᠦ ᠠᠭᠤᠯᠠᠨ ᠳ᠋ᠦ ᠭᠠᠷᠭᠠᠬᠤ᠂ ᠤᠷᠤᠭ᠍ᠰᠢᠯᠠᠬᠤ ᠦᠭᠡᠢ ᠪᠣᠯ ᠤᠬᠤᠷᠢᠬᠤ ᠬᠠᠲᠠᠭᠤ ᠵᠣᠷᠢᠭ ᠪᠠ ᠡᠷᠴᠢ ᠬᠦᠴᠦᠨ᠎ᠢᠶᠠᠷ᠂ ᠨᠢᠭᠡ ᠨᠢᠭᠡ ᠠᠯᠬᠤᠮ᠎ᠢᠶᠠᠷ ᠬᠢᠵᠦ᠍᠂ ᠨᠢᠭᠡ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠢᠮᠠᠭᠲᠠ ᠪᠠᠢᠯᠳᠤᠭᠠᠨ᠎ᠤ ᠦᠷ᠎ᠡ ᠪᠦᠲᠦᠭᠡᠯ᠎ᠢᠶᠡᠨ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ᠃ ᠥᠪᠥᠷ ᠮᠣᠩᠭᠣᠯ᠎ᠤᠨ ᠪᠦᠲᠦᠮᠵᠢᠲᠡᠶ ᠪᠠᠷᠢᠯᠭ᠎ᠠ᠎ᠶ᠋ᠢᠨ ᠬᠤᠭᠤᠴᠠᠭ᠎ᠠ ᠣᠬᠣᠷ᠂ ᠡᠨᠡ ᠵᠢᠯ᠎ᠦᠨ ᠲᠥᠯᠥᠪᠯᠡᠭ᠌ᠰᠡᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠡᠭᠦᠷᠭᠡ ᠨᠢᠳᠤᠨᠤᠨ᠎ᠤ ᠬᠢ᠎ᠡᠴᠡ ᠨᠠᠩ ᠣᠯᠠᠨ ᠪᠠᠢᠨ᠎ᠠ᠂ ᠢᠯᠠᠩᠭᠤᠶ᠎ᠠ ᠡᠷᠲᠡ ᠡᠴᠡ ᠪᠡᠯᠡᠳᠭᠡᠵᠦ᠍᠂ ᠡᠷᠲᠡ ᠡᠴᠡ ᠪᠠᠢᠷᠢᠯᠠᠭᠤᠯᠵᠤ᠂ ᠨᠢᠭᠡ ᠡᠳᠦᠷ᠎ᠢ ᠬᠣᠶᠠᠷ ᠡᠳᠦᠷ᠎ᠵᠢᠡᠷ ᠬᠡᠷᠡᠭ᠌ᠯᠡᠵᠦ᠍᠂ ᠴᠠᠭ ᠮᠥᠴᠡ᠎ᠲᠡᠶ ᠤᠷᠤᠯᠳᠤᠨ ᠤᠷᠤᠭ᠍ᠰᠢᠯᠠᠵᠤ᠂ ᠠᠯᠢ ᠲᠦᠷᠭᠡᠨ᠎ᠢᠶᠡᠷ ᠲᠡᠢᠯᠠᠯᠳᠤᠭᠠᠨ ᠬᠢᠵᠦ᠍᠂ ᠴᠠᠭ ᠮᠥᠴᠡ ᠵᠢ ᠠᠮᠵᠢᠨ᠂ ᠥᠷᠯᠥᠭᠡ ᠦᠳᠡᠰᠢ᠎ᠵᠢ ᠲᠡᠮᠡᠴᠡᠬᠦ᠌ ᠰᠦᠷ ᠵᠢᠪᠬᠤᠭ᠎ᠠ᠎ᠪᠠᠷ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ《ᠬᠤᠷᠳᠤᠴᠠ᠎ᠪᠠᠨ ᠲᠦᠷᠭᠡᠳᠭᠡᠬᠦ》 ᠬᠡᠷᠡᠭᠲᠡᠢ᠃
ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠣᠯ ᠨᠢᠭᠡ ᠵᠦᠢᠯ᠎ᠦᠨ ᠱᠢᠰᠲ᠋ᠧᠮᠲᠦ ᠢᠨᠵᠧᠨᠧᠷᠢᠩ ᠪᠣᠯᠤᠨ᠎ᠠ᠂ ᠡᠯᠡᠰᠦ᠎ᠶ᠋ᠢ ᠵᠠᠰᠠᠬᠤ ᠭᠡᠪᠡᠯ ᠡᠯᠡᠰᠦ ᠵᠠᠰᠠᠬᠤ ᠵᠢ ᠯᠡ ᠠᠳᠬᠤᠬᠤ᠎ᠡᠴᠡ ᠦᠰᠦᠷᠦᠨ ᠭᠠᠷᠪᠠᠯ ᠰᠠᠶᠢ ᠴᠦᠯᠯᠡᠷᠭᠡᠭ᠌ᠵᠢᠯ ᠪᠣᠯᠤᠨ ᠡᠯᠡᠰᠦᠷᠭᠡᠭᠵᠢᠯ᠎ᠦᠨ ᠠᠰᠠᠭᠤᠳᠠᠯ᠎ᠢ ᠦᠨᠳᠦᠰᠦᠨ᠎ᠡᠴᠡ ᠨᠢ ᠱᠢᠢᠳᠪᠦᠷᠢᠯᠡᠵᠦ᠍ ᠴᠢᠳᠠᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ᠂ ᠠᠮᠢ ᠠᠬᠤᠢ᠎ᠶ᠋ᠢᠨ ᠵᠢᠭᠤᠯᠴᠢᠯᠠᠯ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠢ ᠶᠡᠬᠡ ᠪᠡᠷ ᠬᠡᠷᠡᠭ᠌ᠵᠢᠭᠦᠯᠵᠦ᠍᠂ ᠲᠥᠷᠥᠯ ᠵᠦᠢᠯ᠎ᠦᠨ ᠬᠣᠯᠪᠣᠭᠠᠲᠤ ᠴᠣᠭ᠍ᠴᠠ᠎ᠶ᠋ᠢ ᠲᠦᠷᠭᠡᠳᠭᠡᠨ ᠪᠠᠢᠭᠤᠯᠵᠤ᠂ 《ᠱᠢᠨ᠎ᠡ ᠡᠨᠧᠷᠭᠢ +》ᠦᠢᠯᠡᠳᠪᠦᠷᠢᠯᠡᠯ ᠪᠤᠷᠤᠯᠠᠭᠤᠯᠭ᠎ᠠ᠎ᠶᠢ ᠨᠢᠭᠡ ᠴᠣᠭ᠍ᠴᠠᠵᠢᠭᠤᠯᠬᠤ ᠵᠠᠭ᠍ᠪᠤᠷ᠎ᠢ ᠢᠳᠡᠪᠬᠢᠲᠡᠶ᠎ᠪᠡᠷ ᠬᠠᠢᠨ ᠰᠦᠪᠡᠭ᠌ᠴᠢᠯᠡᠵᠦ᠍᠂ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠂ ᠡᠨᠧᠷᠭᠢ᠎ᠶ᠋ᠢ ᠨᠡᠮᠡᠭ᠌ᠳᠡᠭᠦᠯᠬᠦ᠌᠂ ᠣᠷᠣᠯᠭ᠎ᠠ᠎ᠶ᠋ᠢ ᠨᠡᠮᠡᠭ᠌ᠳᠡᠭᠦᠯᠬᠦ ᠵᠡᠷᠭᠡ ᠨᠢᠭᠡ ᠯᠡ ᠳᠡᠭᠡᠷ᠎ᠡ ᠣᠯᠠᠨ ᠶᠠᠪᠤᠳᠠᠯ᠎ᠢ ᠪᠦᠲᠦᠭᠡᠬᠦ᠌ ᠵᠢ ᠪᠡᠶᠡᠯᠡᠭᠦᠯᠬᠦ ᠬᠡᠷᠡᠭ᠌ᠲᠡᠶ᠃ ᠨᠢᠭᠡ ᠴᠤᠬ᠍ᠴᠠᠵᠢᠭᠤᠯᠬᠤ ᠢᠨᠵᠧᠨᠧᠷᠢᠩ ᠭᠡᠬᠦ᠌ ᠡᠨᠡ ᠬᠦ᠌ 《ᠵᠦᠴᠦᠭᠡ》 ᠶ᠋ᠢ ᠵᠠᠰᠠᠭ᠎ᠤᠨ ᠣᠷᠳᠣᠨ ᠭᠠᠭᠴᠠᠭᠠᠷᠵᠢᠡᠨ ᠲᠣᠭ᠍ᠯᠠᠵᠤ ᠳᠡᠢᠯᠬᠦ᠌ ᠦᠭᠡᠢ᠂ ᠪᠡᠯᠡ ᠣᠷᠣᠭᠤᠯᠵᠤ ᠪᠡᠯᠡ ᠲᠤᠬᠢᠷᠠᠭᠤᠯᠬᠤ ᠪᠠᠢᠭᠤᠯᠤᠮᠵᠢ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ 《ᠤᠮᠠᠷᠠᠲᠤ᠎ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ ᠬᠠᠮᠢᠶᠠᠷᠤᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠥ᠎ᠶ᠋ᠢ ᠱᠠᠯᠠᠪᠳᠠᠨ ᠨᠠᠢᠳᠠᠪᠤᠷᠢᠵᠢᠭᠤᠯᠵᠤ᠂ ᠨᠡᠩ ᠤᠯᠠᠨ ᠨᠡᠢᠭᠡᠮ᠎ᠦᠨ ᠬᠦᠷᠦᠨᠭ᠌ᠭᠡ ᠪᠠ ᠨᠡᠢᠭᠡᠮ᠎ᠦᠨ ᠬᠦᠴᠦᠨ᠎ᠢ ᠲᠠᠳᠠᠨ ᠣᠷᠣᠯᠴᠠᠭᠤᠯᠵᠤ᠂ ᠠᠮᠢ ᠠᠬᠤᠢ᠎ᠶ᠋ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ᠂ ᠤᠯᠠᠨ ᠲᠦᠮᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤᠵᠡᠷᠭᠡ ᠤᠯᠠᠨ ᠢᠯᠠᠯᠲᠠ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃
《ᠤᠮᠠᠷᠠᠲᠤ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠤᠯᠬᠤ᠎ᠳᠤ ᠥᠪᠥᠷ ᠮᠣᠩᠭᠣᠯ᠎ᠤᠨ ᠡᠭᠦᠷᠭᠡ ᠥᠩᠭᠡ ᠭᠡᠷᠡᠯᠲᠡᠶ᠂ ᠬᠦᠨᠳᠦ ᠡᠭᠦᠷᠭᠡ ᠮᠥᠷᠥᠨ ᠳ᠋ᠦ ᠲᠠᠯᠪᠢᠭ᠍ᠳᠠᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠠᠷᠠᠯᠲᠠ᠎ᠪᠠᠨ ᠡᠵᠡᠮᠳᠡᠵᠦ᠂ ᠴᠥᠬᠥᠷᠡᠰᠢ ᠦᠭᠡᠢ ᠴᠢᠷᠮᠠᠢᠵᠤ᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠴᠥᠬᠥᠷᠡᠰᠢ ᠦᠭᠡᠢ ᠤᠷᠤᠭ᠍ᠰᠢᠯᠠᠪᠠᠯ᠂ ᠪᠢᠳᠡ ᠱᠢᠨ᠎ᠡ ᠴᠠᠭ ᠦᠶ᠎ᠡ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠱᠢᠨ᠎ᠡ ᠭᠠᠢᠬᠠᠮᠱᠢᠭ᠎ᠢ ᠡᠭᠦᠳᠴᠦ᠍ ᠴᠢᠳᠠᠬᠤ ᠨᠢ ᠯᠠᠪᠲᠠᠢ ᠶᠤᠮ᠃