— 2024
ᠣᠨ ᠤ 3
ᠰᠠᠷ᠎ᠠ ᠶ᠋ᠢᠨ
8 ᠤ ᠡᠳᠦᠷ
ᠠᠷᠪᠠᠨ
ᠲᠦᠷᠪᠡᠳᠦᠬᠡᠷ
ᠬᠤᠭᠤᠴᠠᠭᠠᠨ᠎ᠤ ᠪᠦᠬᠦ᠌
ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠬᠤᠶᠠᠳᠤᠭᠠᠷ
ᠬᠤᠷᠠᠯᠳᠤᠭᠠᠨ ᠳᠡᠭᠡᠷ᠎ᠡ
ᠪᠦᠭᠦ᠌
ᠤᠯᠤᠰ ᠤᠨ ᠠᠷᠡᠳ᠎ᠤᠨ ᠲᠦᠯᠤᠭᠡᠯᠡᠭ᠌ᠴᠢᠳ᠎ᠤᠨ ᠶᠡᠭᠡ
ᠬᠤᠷᠡᠯ ᠤᠨ
ᠪᠠᠢᠡᠭ᠌ᠭᠤ ᠶ᠋ᠢᠨ
ᠬᠤᠷᠢᠶᠠᠨ ᠤ ᠲᠠᠷᠤᠭ᠎ᠠ ᠵᠤᠤ
ᠯᠧ
ᠵᠶ᠋ᠢ
ᠲᠥᠯᠥᠭᠡᠯᠡᠭ᠌ᠴᠢᠳ ᠡ ᠄
ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠥᠩᠭᠡᠷᠡᠭ᠌ᠰᠡᠨ ᠨᠢᠭᠡ ᠵᠢᠯ᠎ᠤᠨ ᠠᠵᠢᠯ
2023 ᠣᠨ ᠪᠣᠯ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠃ ᠶᠡᠷᠦ᠍ ᠪᠤᠰᠤ᠎ᠶ᠋ᠢᠨ ᠨᠠᠷᠢᠨ ᠪᠤᠳᠤᠯᠢᠶᠠᠨᠲᠠᠶ ᠣᠯᠠᠨ ᠤᠯᠤᠰ᠎ᠤᠨ ᠣᠷᠴᠢᠨ ᠨᠦᠬᠦᠴᠡᠯ ᠪᠣᠯᠤᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠲᠠᠭᠤ ᠪᠡᠷᠬᠡ ᠬᠦᠨᠳᠦ ᠨᠦᠰᠡᠷ ᠡᠭᠦᠷᠭᠡ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠦ᠍᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠭᠠᠳᠠᠭᠠᠳᠤ ᠳᠠᠷᠤᠯᠲᠠ᠎ᠶ᠋ᠢ ᠲᠤᠯᠵᠤ᠂ ᠳᠣᠲᠣᠭᠠᠳᠤ ᠪᠡᠷᠬᠡᠱᠢᠶᠡᠯ᠎ᠢ ᠢᠯᠠᠨ ᠳᠠᠪᠠᠵᠤ᠂ ᠱᠢᠷᠭᠠᠭᠤ ᠬᠠᠲᠠᠭᠤᠵᠢᠯᠲᠠᠶ ᠲᠡᠮᠡᠴᠡᠨ᠂ ᠡᠷᠡᠯᠬᠡᠭ ᠱᠢᠭᠤᠷᠬᠠᠢ᠎ᠪᠠᠷ ᠤᠷᠤᠭ᠍ᠰᠢᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭ᠍ᠲᠠᠭᠤᠨ᠎ᠢᠶᠠᠷ ᠱᠠᠲᠦ ᠱᠢᠯᠵᠢᠵᠦ᠍᠂ ᠠᠵᠤ ᠠᠬᠤᠶ ᠦᠷᠭᠦᠯᠵᠢᠯᠡᠨ ᠰᠡᠷᠭᠦᠨ ᠰᠠᠢᠵᠢᠷᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠢᠭᠡᠮ ᠵᠢᠷᠦᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃
ᠥᠩᠭᠡᠷᠡᠭ᠌ᠰᠡᠨ ᠨᠢᠭᠡ ᠵᠢᠯ ᠪᠣᠯ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠠᠩᠬᠠᠳᠠᠭ᠍ᠴᠢ ᠵᠢᠯ ᠪᠣᠯᠤᠨ᠎ᠠ᠃ ᠪᠠᠢᠩᠭᠤ᠎ᠶ᠋ᠢᠨ ᠬᠤᠷᠢᠶ᠎ᠠ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠣᠨᠣᠪᠴᠢᠲᠠᠶ ᠡᠵᠡᠮᠱᠢᠨ᠂ ᠬᠥᠭ᠌ᠵᠢᠯᠲᠡ᠎ᠶ᠋ᠢᠨ ᠶᠡᠭᠡ ᠬᠠᠨᠳᠤᠰᠢ ᠪᠣᠯᠤᠨ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠰᠠᠨᠠᠭᠠᠴᠢᠯᠠᠭ᠎ᠠ ᠡᠴᠡ᠎ᠪᠠᠨ ᠵᠣᠬᠢᠴᠠᠵᠦ᠍᠂ 《ᠬᠤᠶᠠᠷ᠎ᠢ ᠲᠤᠭ᠍ᠳᠠᠭᠠᠭ᠍ᠰᠠᠨ》 ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠦᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠶᠡᠭᠡ ᠴᠢᠭ᠌ᠯᠡᠯ᠂ ᠶᠡᠭᠡ ᠵᠠᠷᠴᠢᠮ᠂ ᠶᠡᠭᠡ ᠶᠣᠰᠣ᠎ᠶ᠋ᠢ ᠪᠠᠲᠤ ᠰᠠᠬᠢᠪᠠ᠃ ᠨᠢᠭᠡ᠎ᠳᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ ᠳᠤᠮᠳᠠ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠪᠠ; ᠬᠤᠶᠠᠷ᠎ᠲᠤ ᠤᠬᠠᠮᠰᠠᠷ᠎ᠠᠴᠠ᠎ᠪᠠᠨ ᠰᠢ ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠣᠭᠤᠳᠤᠭᠤᠯᠤᠨ᠂ ᠠᠵᠢᠯ᠎ᠢᠶᠠᠨ ᠠᠬᠢᠭᠤᠯᠵᠦ᠍᠂ ᠰᠢ ᠶ᠋ᠢᠨ ᠫᠢᠩ᠎ᠤᠨ ᠬᠠᠦᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶ᠋ᠢᠨ ᠫᠢᠩ ᠤ᠋ᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠬᠠᠦᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠦᠨᠳᠦᠰᠦᠨ ᠴᠢᠳᠠᠪᠦᠷᠢ ᠪᠤᠯᠭᠠᠪᠠ; ᠭᠤᠷᠪᠠ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠪᠠ; ᠲᠦᠷᠪᠡ᠎ᠳᠤ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠦᠨ ᠬᠥᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠵᠦᠢᠯ᠎ᠤᠨ ᠠᠵᠢᠯ᠎ᠤᠨ ᠠᠷᠠᠳ ᠲᠦᠮᠡᠨ᠎ᠤ ᠬᠦᠰᠡᠯ ᠵᠣᠷᠢᠭ᠎ᠢ ᠢᠯᠡᠷᠡᠭᠦᠯᠬᠦ᠂ ᠠᠷᠠᠳ ᠲᠦᠮᠡᠨ᠎ᠤ ᠡᠷᠬᠡ ᠠᠱᠢᠭ᠎ᠢ ᠪᠠᠲᠤᠯᠠᠬᠤ᠂ ᠠᠷᠠᠳ ᠲᠦᠮᠡᠨ᠎ᠲᠠᠢ ᠰᠡᠳᠭᠢᠯ ᠨᠢᠭᠡᠲᠡᠶ ᠪᠠᠢᠬᠤ᠎ᠶ᠋ᠢ ᠪᠠᠲᠤᠯᠠᠪᠠ; ᠲᠠᠪᠤ᠎ᠳᠤ ᠪᠦᠬᠦ᠌ ᠲᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠤᠯᠤᠰ᠎ᠤᠨ ᠡᠯ᠎ᠡ ᠲᠠᠯ᠎ᠠ᠎ᠶ᠋ᠢᠨ ᠠᠵᠢᠯ᠎ᠢ ᠬᠠᠤᠯᠢ᠎ᠪᠠᠷ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠪᠠ; ᠵᠢᠷᠭᠤᠭ᠎ᠠ᠎ᠳᠤ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠦ ᠦᠢᠯᠡᠰ᠎ᠢ ᠪᠥᠬᠦ᠌ ᠲᠠᠯ᠎ᠠ᠎ᠪᠠᠷ ᠠᠬᠢᠭᠤᠯᠬᠤ᠎ᠳᠤ ᠬᠠᠦᠯᠢ᠎ᠪᠠᠷ ᠵᠠᠰᠠᠬᠤ ᠪᠠᠲᠤᠯᠠᠭ᠎ᠠ ᠬᠠᠩᠭᠠᠪᠠ᠃
ᠨᠢᠭᠡ ᠵᠢᠯ᠎ᠤᠨ ᠲᠤᠷᠰᠢ ᠂ ᠰᠢ ᠶ᠋ᠢᠨ ᠫᠢᠩ ᠨᠥᠬᠦᠷ ᠶ᠋ᠢᠡᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠶ᠋ᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠢᠡᠭ᠌ᠭᠤ᠎ᠶ᠋ᠢᠨ ᠬᠤᠷᠢᠶ᠎ᠠ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠪᠠᠨ ᠲᠦᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠨᠢᠭᠡᠳᠦᠭᠡᠷ ᠬᠤᠷᠠᠯᠳᠤᠭᠠᠨ ᠤ᠋ ᠵᠤᠷᠢᠭ ᠰᠠᠨᠠᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠦ᠍ ᠡᠷᠬᠡ ᠮᠡᠳᠡᠬᠦ᠂ ᠬᠠᠦᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠨ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠱᠢᠨ᠎ᠡ ᠠᠬᠢᠴᠠ᠎ᠲᠠᠢ ᠪᠤᠯᠬᠤ ᠪᠠ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠂ ᠢᠯᠭᠤᠮ ᠤᠷᠤᠭ᠍ᠰᠢᠲᠠᠢ᠎ᠪᠠᠷ ᠠᠵᠢᠯ᠎ᠢᠶᠡᠨ ᠡᠬᠢᠯᠡᠭᠦᠯᠪᠡ᠃
ᠨᠢᠭᠡ᠂ ᠦᠨᠳᠦᠰᠦᠨ ᠬᠠᠦᠯᠢ ᠶ᠋ᠢᠨ ᠵᠣᠷᠢᠭ ᠰᠠᠨᠠᠭ᠎ᠠ ᠶ᠋ᠢ ᠪᠠᠳᠠᠷᠠᠭᠤᠯᠤᠨ᠂ ᠦᠨᠳᠦᠰᠦᠨ ᠬᠠᠦᠯᠢ ᠶ᠋ᠢᠨ ᠡᠭᠦᠷᠭᠡ ᠬᠠᠷᠢᠭᠤᠴᠠᠯᠭ᠎ᠠ ᠶ᠋ᠢ ᠭᠦᠢᠴᠡᠳᠭᠡᠵᠦ᠍᠂ ᠦᠨᠳᠦᠰᠦᠨ ᠬᠠᠦᠯᠢ ᠶ᠋ᠢᠨ ᠬᠡᠷᠡᠭ᠌ᠵᠢᠭᠦᠯᠦᠯᠳᠡ ᠪᠠ ᠬᠢᠨᠠᠯᠳᠠ ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ
ᠦᠨᠳᠦᠰᠦᠨ ᠬᠠᠦᠯᠢ ᠪᠣᠯ ᠤᠯᠤᠰ᠎ᠤᠨ ᠦᠨᠳᠦᠰᠦ ᠪᠣᠯᠬᠤ ᠬᠠᠦᠯᠢ ᠮᠥᠨ᠂ ᠨᠠᠮ ᠪᠠ ᠠᠷᠠᠳ ᠲᠦᠮᠡᠨ᠎ᠤ ᠵᠣᠷᠢᠭ ᠰᠠᠨᠠᠭᠠᠨ᠎ᠤ ᠲᠥᠪᠯᠡᠷᠡᠩᠭᠦᠶ ᠢᠯᠡᠷᠡᠯ ᠮᠥᠨ᠂ ᠲᠡᠭᠦᠨ ᠳ᠋ᠤ ᠬᠠᠮᠤᠭ᠎ᠤᠨ ᠳᠡᠭᠡᠳᠦ ᠬᠠᠦᠯᠢ ᠴᠠᠭᠠᠵᠠ᠎ᠶ᠋ᠢᠨ ᠪᠠᠢᠷᠢ ᠰᠠᠭᠤᠷᠢ ᠂ ᠬᠠᠦᠯᠢ ᠴᠠᠭᠠᠵᠠ᠎ᠶ᠋ᠢᠨ ᠡᠷᠬᠡ ᠰᠦᠷ᠂ ᠬᠠᠦᠯᠢ ᠴᠠᠭᠠᠵᠠ᠎ᠶ᠋ᠢᠨ ᠬᠦᠴᠦᠨ᠎ᠲᠠᠢ ᠪᠠᠢᠳᠠᠭ᠃ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ᠂ ᠦᠨᠳᠦᠰᠦᠨ ᠬᠠᠦᠯᠢ᠎ᠶ᠋ᠢᠨ ᠬᠢᠨᠠᠯᠲᠠ᠎ᠶ᠋ᠢ ᠴᠢᠩᠭᠠᠳᠭᠠᠬᠤ ᠬᠠᠦᠯᠢ᠎ᠳᠤ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠳᠡ ᠪᠠ ᠬᠢᠨᠠᠯᠲᠠ᠂ ᠦᠨᠳᠦᠰᠦᠨ ᠬᠠᠦᠯᠢ᠎ᠶ᠋ᠢᠨ ᠤᠬᠠᠭᠤᠯᠭ᠎ᠠ ᠬᠥᠮᠦᠵᠢᠯ᠎ᠢ ᠬᠠᠦᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠣᠭ᠍ᠲᠠᠭᠠᠬᠤ᠂ ᠲᠣᠮᠢᠯᠠᠬᠤ ᠪᠠ ᠪᠠᠭᠤᠯᠭᠠᠬᠤ᠂ ᠲᠥᠯᠥᠭᠡᠯᠡᠭ᠌ᠴᠢ ᠵᠡᠷᠭᠡ ᠡᠯ᠎ᠡ ᠲᠠᠯ᠎ᠠ᠎ᠶ᠋ᠢᠨ ᠠᠵᠢᠯ᠎ᠳᠤ ᠲᠤᠭᠤᠱᠢᠯᠠᠭᠤᠯᠤᠨ᠂ ᠦᠨᠳᠦᠰᠦᠨ ᠬᠠᠦᠯᠢ᠎ᠶ᠋ᠢᠨ ᠡᠷᠬᠡ ᠰᠦᠷ ᠪᠣᠯᠤᠨ ᠨᠡᠷ᠎ᠡ ᠬᠦᠨᠳᠦ᠍᠎ᠶ᠋ᠢ ᠡᠷᠡᠰ ᠬᠠᠮᠠᠭᠠᠯᠠᠵᠦ᠍᠂ ᠤᠯᠤᠰ᠎ᠤᠨ ᠬᠠᠦᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠪᠠ᠃
ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ ᠬᠠᠦᠯᠢ ᠴᠠᠭᠠᠵᠠ᠎ᠶ᠋ᠢᠨ ᠪᠠᠢᠭᠤᠯᠤᠯ᠎ᠢ ᠪᠦᠷᠢᠨᠱᠢᠭᠦᠯᠪᠡ᠃ ᠦᠨᠳᠦᠰᠦᠨ ᠬᠠᠦᠯᠢ᠎ᠶ᠋ᠢᠨ ᠠᠮᠢ ᠨᠠᠰᠤ᠎ᠨᠢ ᠬᠡᠷᠡᠭ᠌ᠵᠢᠭᠦᠯᠬᠦ᠌᠎ᠳᠤ ᠪᠤᠢ᠂ ᠦᠨᠳᠦᠰᠦᠨ ᠬᠠᠦᠯᠢ᠎ᠶ᠋ᠢᠨ ᠡᠷᠬᠡ ᠰᠦᠷ᠎ᠨᠢ ᠴᠦ᠍ ᠬᠡᠷᠡᠭ᠌ᠵᠢᠭᠦᠯᠬᠦ᠌᠎ᠳᠤ ᠪᠤᠢ᠂ ᠦᠨᠳᠦᠰᠦᠨ ᠬᠠᠦᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌ ᠪᠣᠯ ᠪᠦᠬᠦ᠌ ᠲᠠᠯ᠎ᠠ᠎ᠪᠠᠷ ᠬᠠᠦᠯᠢ ᠶᠣᠰᠣᠭᠠᠷ ᠤᠯᠤᠰ᠎ᠢᠶᠠᠨ ᠵᠠᠰᠠᠬᠤ᠂ ᠨᠡᠢᠭᠡᠮ ᠵᠢᠷᠤᠮ᠎ᠤᠨ ᠬᠠᠦᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠪᠠ ᠰᠠᠭᠤᠷᠢᠯᠠᠬᠤ ᠴᠢᠨᠠᠷᠲᠠᠶ ᠠᠵᠢᠯ ᠮᠥᠨ᠃ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠦᠨᠳᠦᠰᠦᠨ ᠬᠠᠦᠯᠢ᠎ᠶ᠋ᠢᠨ ᠬᠠᠦᠯᠢ ᠲᠣᠭ᠍ᠲᠠᠭᠠᠯᠳᠠ᠎ᠳᠠᠬᠢ ᠭᠤᠦᠯᠯᠠᠬᠤ ᠪᠠᠢᠷᠢ ᠰᠠᠭᠤᠷᠢ ᠴᠢᠳᠠᠮᠵᠢ᠎ᠶ᠋ᠢ ᠪᠦᠬᠦ᠌ ᠲᠠᠯ᠎ᠠ᠎ᠪᠠᠷ ᠪᠠᠳᠠᠷᠠᠭᠤᠯᠵᠤ᠂ ᠬᠠᠦᠯᠢ ᠲᠣᠭ᠍ᠲᠠᠭᠠᠬᠤ ᠭᠤᠭ᠍ᠴᠤᠭ᠎ᠠ ᠨᠢᠭᠡ ᠪᠦᠷᠢ᠎ᠳᠤ ᠦᠨᠳᠦᠰᠦᠨ ᠬᠠᠦᠯᠢ᠎ᠶ᠋ᠢᠨ ᠬᠢᠨᠠᠯᠳᠠ᠎ᠶ᠋ᠢ ᠰᠠᠢᠲᠤᠷ ᠠᠳᠭᠤᠨ᠂ ᠴᠢᠷᠮᠠᠢᠵᠦ᠍ ᠪᠠᠢᠭᠠᠳ ᠬᠠᠦᠯᠢ ᠲᠣᠭ᠍ᠲᠠᠭᠠᠯᠲᠠ ᠨᠢᠭᠡ ᠪᠦᠷᠢ᠎ᠶ᠋ᠢ ᠴᠥᠮ ᠦᠨᠳᠦᠰᠦᠨ ᠬᠠᠦᠯᠢ᠎ᠶ᠋ᠢᠨ ᠵᠣᠷᠢᠭ ᠰᠠᠨᠠᠭ᠎ᠠ᠎ᠲᠠᠢ ᠨᠡᠢᠴᠡᠭᠦ᠌᠂ ᠦᠨᠳᠦᠰᠦᠨ ᠬᠠᠦᠯᠢ᠎ᠶ᠋ᠢᠨ ᠡᠷᠬᠡ ᠰᠦᠷ᠎ᠢ ᠢᠯᠡᠷᠡᠭᠦᠯᠬᠦ᠂ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ ᠪᠤᠯᠭᠠᠪᠠ᠃ ᠦᠨᠳᠦᠰᠦᠨ ᠬᠠᠤᠯᠢ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠪᠠᠢᠭᠤᠯᠤᠯ᠎ᠢ ᠲᠡᠭᠦᠯᠳᠡᠷᠵᠢᠭᠦᠯᠵᠦ᠍᠂ ᠡᠬᠡ ᠤᠷᠤᠨᠴᠢ ᠦᠵᠡᠯ᠎ᠤᠨ ᠬᠥᠮᠦᠵᠢᠯ᠎ᠤᠨ ᠬᠠᠤᠯᠢ᠎ᠶ᠋ᠢ ᠲᠣᠭ᠍ᠲᠠᠭᠠᠵᠤ᠂ ᠤᠯᠤᠰ᠎ᠢᠶᠠᠨ ᠬᠠᠢᠷᠠᠯᠠᠬᠤ ᠪᠠ ᠨᠠᠮ᠎ᠢᠶᠠᠨ ᠬᠠᠢᠷᠠᠯᠠᠬᠤ᠂ ᠨᠡᠢᠭᠡᠮ ᠵᠢᠷᠤᠮ᠎ᠢ ᠬᠠᠢᠷᠠᠯᠠᠬᠤ᠎ᠶ᠋ᠢᠨ ᠳᠡᠭᠡᠳᠦ ᠬᠡᠮᠵᠢᠶᠡᠨ᠎ᠤ ᠨᠢᠭᠡᠳᠦᠯ᠎ᠢ ᠪᠠᠷᠢᠮᠲᠠᠯᠠᠵᠤ᠂ ᠡᠬᠡ ᠣᠷᠣᠨᠴᠢ ᠦᠵᠡᠯ᠎ᠤᠨ ᠬᠥᠮᠦᠵᠢᠯ ᠥᠷᠨᠢᠭᠦᠯᠬᠦ᠂ ᠤᠯᠤᠰ ᠣᠷᠣᠨ᠎ᠤ ᠨᠢᠭᠡᠳᠦᠯ ᠪᠣᠯᠤᠨ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠲᠤᠬᠠᠢ ᠦᠨᠳᠦᠰᠦᠨ ᠬᠠᠦᠯᠢ᠎ᠶ᠋ᠢᠨ ᠲᠣᠭ᠍ᠲᠠᠭᠠᠯ᠎ᠢ ᠨᠠᠢᠳᠠᠪᠤᠷᠢᠵᠢᠭᠤᠯᠤᠨ᠂ ᠪᠦᠬᠦ᠌ ᠠᠷᠠᠳ ᠲᠦᠮᠡᠨ᠎ᠤ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ ᠪᠣᠯᠤᠨ ᠠᠭᠤᠤ ᠶᠡᠭᠡ ᠡᠬᠡ ᠣᠷᠣᠨ᠎ᠤ ᠲᠤᠬᠠᠶ ᠬᠠᠢᠷ᠎ᠠ ᠰᠡᠳᠭᠢᠯᠭᠡ᠎ᠶ᠋ᠢ ᠪᠤᠢᠵᠢᠭᠤᠯᠤᠨ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠪᠠ; ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠠᠦᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠤᠶᠠᠷ ᠤᠳᠠᠭ᠎ᠠ ᠬᠢᠨᠠᠨ ᠶᠠᠷᠢᠯᠴᠠᠭ᠍ᠰᠠᠨ ᠪᠥᠭᠡᠳ ᠲᠣᠰ ᠤᠳᠠᠭᠠᠨ᠎ᠤ ᠶᠡᠭᠡ ᠬᠤᠷᠠᠯ᠎ᠳᠤ ᠳᠡᠪᠱᠢᠬᠦᠯᠤᠨ ᠬᠢᠨᠠᠨ ᠶᠠᠷᠢᠯᠴᠠᠭᠤᠯᠬᠤ᠎ᠪᠠᠷ ᠲᠤᠭ᠍ᠳᠠᠭᠠᠪᠠ᠂ ᠡᠨᠡ ᠪᠤᠯ ᠲᠥᠷᠥ᠎ᠶ᠋ᠢᠨ ᠪᠠᠢᠭᠤᠯᠤᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠬᠠᠦᠯᠢ᠎ᠪᠠᠷ ᠲᠣᠭ᠍ᠲᠠᠭᠠᠭ᠍ᠰᠠᠨ ᠵᠠᠷᠴᠢᠮ᠎ᠢ ᠨᠠᠢᠳᠠᠪᠤᠷᠢᠵᠢᠭᠤᠯᠬᠤ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠦᠨᠳᠦᠰᠦᠨ ᠬᠠᠦᠯᠢ ᠪᠠ ᠬᠠᠦᠯᠢ ᠴᠠᠭᠠᠵᠠ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠬᠤ᠂ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃
ᠦᠨᠳᠦᠰᠦᠨ ᠬᠠᠦᠯᠢ᠎ᠶ᠋ᠢᠨ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠪᠠ᠃ ᠦᠨᠳᠦᠰᠦᠨ ᠬᠠᠤᠯᠢ ᠪᠣᠯ ᠤᠯᠤᠰ᠎ᠤᠨ ᠤᠯᠤᠰ ᠲᠥᠷᠥ᠍ ᠪᠠ ᠨᠡᠢᠭᠡᠮ᠎ᠤᠨ ᠠᠮᠢᠳᠤᠷᠠᠯ᠎ᠤᠨ ᠬᠠᠮᠤᠭ᠎ᠤᠨ ᠳᠡᠭᠡᠳᠦ ᠬᠠᠤᠯᠢ ᠴᠠᠭᠠᠵᠠ᠎ᠶ᠋ᠢᠨ ᠵᠢᠷᠤᠮᠵᠢᠯ ᠮᠥᠨ᠂ ᠠᠯᠢᠪᠠ ᠬᠠᠦᠯᠢ ᠴᠠᠭᠠᠵᠠ ᠬᠠᠦᠯᠢ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠴᠥᠮ ᠦᠨᠳᠦᠰᠦᠨ ᠬᠠᠦᠯᠢ᠎ᠲᠠᠢ ᠬᠠᠷᠱᠢᠯᠳᠤᠵᠤ ᠪᠣᠯᠬᠤ ᠦᠭᠡᠢ᠂ ᠦᠨᠳᠦᠰᠦᠨ ᠬᠠᠦᠯᠢ ᠬᠠᠦᠯᠢ ᠴᠠᠭᠠᠵᠠ᠎ᠠᠴᠠ ᠵᠥᠷᠢᠴᠡᠭ᠌ᠰᠡᠨ ᠠᠯᠢᠪᠠ ᠦᠢᠯᠡ ᠠᠵᠢᠯᠯᠠᠭ᠎ᠠ᠎ᠶ᠋ᠢ ᠴᠥᠮ ᠡᠷᠬᠡᠪᠰᠢ ᠵᠠᠯᠠᠷᠠᠭᠤᠯᠬᠤ ᠬᠡᠷᠡᠭ᠌ᠲᠡᠶ᠃ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠂ ᠳᠠᠩᠰᠠᠯᠠᠵᠤ ᠬᠢᠨᠠᠨ ᠪᠠᠢᠴᠠᠭᠠᠬᠤ ᠪᠣᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠦᠨᠳᠦᠰᠦᠨ ᠬᠠᠤᠯᠢ᠎ᠶ᠋ᠢᠨ ᠬᠢᠨᠠᠯᠲᠠ᠎ᠶ᠋ᠢ ᠴᠢᠩᠭᠠᠳᠭᠠᠬᠤ ᠴᠢᠬᠤᠯᠠ ᠭᠠᠷᠳᠠᠴᠠ ᠮᠥᠨ᠃ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ ᠠᠵᠢᠯ᠎ᠢ ᠭᠦᠨᠵᠡᠭᠡᠢ ᠠᠬᠢᠭᠤᠯᠤᠨ᠂ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠪᠤᠢ ᠪᠦᠬᠦᠢ ᠬᠠᠦᠯᠢ ᠴᠠᠭᠠᠵᠠ᠎ᠶ᠋ᠢᠨ ᠲᠦᠰᠦᠯ᠎ᠳᠤ ᠦᠨᠳᠦᠰᠦᠨ ᠬᠠᠦᠯᠢ᠎ᠳᠤ ᠨᠡᠢᠴᠡᠬᠦ᠌ ᠴᠢᠨᠠᠷ᠎ᠤᠨ ᠬᠢᠨᠠᠨ ᠪᠠᠢᠴᠠᠭᠠᠯᠲᠠ ᠬᠢᠵᠦ᠍᠂ ᠬᠠᠦᠯᠢ ᠲᠣᠭ᠍ᠲᠠᠭᠠᠯ᠂ ᠬᠠᠦᠯᠢ ᠪᠠᠷᠢᠬᠤ ᠲᠠᠢᠯᠪᠤᠷᠢᠯᠠᠯᠲᠠ ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠠᠬᠢ ᠦᠨᠳᠦᠰᠦᠨ ᠬᠠᠦᠯᠢ᠎ᠳᠤ ᠨᠡᠢᠴᠡᠬᠦ᠌ ᠴᠢᠨᠠᠷ᠂ ᠦᠨᠳᠦᠰᠦᠨ ᠬᠠᠦᠯᠢ᠎ᠳᠤ ᠬᠤᠯᠪᠣᠭ᠍ᠳᠠᠬᠤ ᠴᠢᠨᠠᠷ᠎ᠤᠨ ᠠᠰᠠᠭᠤᠳᠠᠯ᠎ᠢ ᠬᠢᠨᠠᠨ ᠪᠠᠢᠴᠠᠭᠠᠵᠤ ᠰᠤᠳᠤᠯᠤᠭᠠᠳ᠂ ᠲᠣᠭ᠍ᠲᠠᠭᠠᠭ᠍ᠰᠠᠨ ᠪᠠᠢᠭᠤᠯᠭ᠎ᠠ᠎ᠶ᠋ᠢᠨ ᠦᠨᠳᠦᠰᠦᠨ ᠬᠠᠦᠯᠢ᠎ᠶ᠋ᠢᠨ ᠲᠣᠭ᠍ᠲᠠᠭᠠᠯ᠂ ᠵᠠᠷᠴᠢᠮ᠂ ᠵᠣᠷᠢᠭ ᠰᠠᠨᠠᠭ᠎ᠠ᠎ᠲᠠᠢ ᠨᠡᠢᠴᠡᠬᠦ᠌ ᠦᠭᠡᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠵᠠᠯᠠᠷᠠᠭᠤᠯᠬᠤ᠎ᠶ᠋ᠢ ᠠᠬᠢᠭᠤᠯᠪᠠ᠃ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠢ ᠴᠢᠩᠭᠠᠳᠭᠠᠵᠤ᠂ ᠳᠠᠩᠰᠠᠯᠠᠵᠤ ᠬᠢᠨᠠᠨ ᠪᠠᠢᠴᠠᠭᠠᠬᠤ ᠳᠦᠷᠢᠮ᠎ᠢ ᠲᠡᠭᠦᠯᠳᠡᠷᠵᠢᠭᠦᠯᠦᠨ ᠴᠢᠩᠭᠠᠳᠭᠠᠬᠤ ᠲᠤᠬᠠᠶ ᠲᠣᠭ᠍ᠲᠠᠭᠠᠯ ᠭᠠᠷᠭᠠᠵᠤ᠂ ᠳᠠᠩᠰᠠᠯᠠᠬᠤ ᠵᠦᠢᠯ ᠪᠠᠢᠪᠠᠯ ᠵᠠᠪᠠᠯ ᠳᠠᠩᠰᠠᠯᠠᠬᠤ᠂ ᠳᠠᠩᠰᠠᠯᠠᠪᠠᠯ ᠵᠠᠪᠠᠯ ᠬᠢᠨᠠᠨ ᠪᠠᠢᠴᠠᠭᠠᠬᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠠᠷᠢᠮᠲᠠᠯᠠᠵᠤ᠂ ᠮᠡᠳᠡᠭᠦᠯᠦᠨ ᠬᠦᠷᠭᠡᠵᠦ᠍ ᠳᠠᠩᠰᠠᠯᠠᠭᠤᠯᠤᠭ᠍ᠰᠠᠨ 1753 ᠬᠤᠪᠢ ᠵᠠᠰᠠᠭ ᠵᠠᠬᠢᠷᠭᠠᠨ᠎ᠤ ᠬᠠᠦᠯᠢ ᠲᠣᠭ᠍ᠲᠠᠭᠠᠯ᠂ ᠣᠷᠣᠨ ᠨᠤᠲᠤᠭ᠎ᠤᠨ ᠴᠢᠨᠠᠷᠲᠠᠶ ᠬᠠᠦᠯᠢ ᠲᠣᠭ᠍ᠲᠠᠭᠠᠯ᠂ ᠥᠪᠡᠷᠲᠡᠭᠡᠨ ᠵᠠᠰᠠᠬᠤ ᠲᠦᠷᠢᠮ ᠪᠠ ᠲᠤᠰᠭᠠᠶ ᠲᠦᠷᠢᠮ᠂ ᠬᠠᠦᠯᠢ ᠪᠠᠷᠢᠬᠤ ᠲᠠᠢᠯᠪᠤᠷᠢᠯᠠᠯᠲᠠ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠲᠤᠰ ᠭᠠᠵᠠᠷ᠎ᠤᠨ ᠬᠠᠦᠯᠢ ᠴᠠᠭᠠᠵᠠ ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠰᠠᠨᠠᠭᠠᠴᠢᠯᠠᠭ᠎ᠠ᠎ᠠᠴᠠ᠎ᠪᠠᠨ ᠬᠢᠨᠠᠨ ᠪᠠᠢᠴᠠᠭᠠᠵᠦ᠍᠂ ᠠᠷᠠᠳ ᠢᠷᠭᠡᠨ᠂ ᠵᠣᠬᠢᠶᠠᠨ ᠪᠠᠢᠭᠤᠯᠤᠯᠲᠠ᠎ᠶ᠋ᠢᠨ ᠳᠤᠷᠠᠳᠤᠭ᠍ᠰᠠᠨ 2878 ᠬᠤᠪᠢ ᠬᠢᠨᠠᠨ ᠪᠠᠢᠴᠠᠭᠠᠬᠤ ᠰᠠᠨᠠᠭᠤᠯᠭ᠎ᠠ᠎ᠶ᠋ᠢ ᠨᠢᠭᠡᠳ ᠨᠢᠭᠡ᠎ᠪᠠᠷ ᠰᠤᠳᠤᠯᠵᠤ᠂ ᠲᠣᠭ᠍ᠲᠠᠭᠠᠭ᠍ᠰᠠᠨ ᠪᠠᠢᠭᠤᠯᠭ᠎ᠠ᠎ᠶ᠋ᠢ ᠱᠢᠪᠠᠳᠠᠵᠤ ᠪᠠᠢᠭᠠᠳ ᠵᠢᠷᠤᠮᠵᠢᠯ᠎ᠤᠨ ᠴᠢᠨᠠᠷᠲᠠᠶ 260 ᠭᠠᠷᠤᠶ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠤᠭ᠍ᠰᠠᠨ ᠪᠤᠶᠤ ᠲᠡᠭᠦᠨ᠎ᠢ ᠬᠦᠴᠦᠨ ᠦᠭᠡᠢ ᠪᠣᠯᠭᠠᠪᠠ᠃ ᠬᠠᠲᠤᠨ ᠭᠤᠦᠯᠢ ᠬᠠᠮᠠᠭᠠᠯᠠᠬᠤ ᠬᠠᠦᠯᠢ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠦᠯᠢ᠎ᠶ᠋ᠢ ᠪᠦᠲᠦᠮᠵᠢᠲᠡᠶ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠬᠠᠮᠢᠶ᠎ᠠ ᠪᠦᠬᠦᠢ ᠲᠠᠯ᠎ᠠ᠎ᠶ᠋ᠢᠨ᠎ᠬᠢᠨ᠎ᠤ ᠬᠤᠯᠪᠤᠭ᠍ᠳᠠᠯ ᠪᠦᠬᠦᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠭᠠᠷᠠᠭᠤᠯᠬᠤ᠎ᠶ᠋ᠢ ᠠᠬᠢᠭᠤᠯᠪᠠ᠃ ᠳᠠᠩᠰᠠᠯᠠᠵᠤ ᠬᠢᠨᠠᠨ ᠪᠠᠢᠴᠠᠭᠠᠬᠤ ᠬᠡᠷᠡᠭ᠎ᠤᠨ ᠵᠢᠱ᠌ᠢᠶ᠎ᠡ᠎ᠪᠠᠷ ᠵᠢᠯᠣᠭᠤᠳᠭᠤ ᠠᠵᠢᠯ᠎ᠢ ᠬᠠᠢᠨ ᠰᠦᠪᠡᠭ᠌ᠴᠢᠯᠡᠪᠡ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠦᠯᠢ ᠲᠣᠭ᠍ᠲᠠᠭᠠᠯ ᠲᠦᠷᠢᠮ ᠲᠣᠭ᠍ᠲᠠᠭᠠᠯ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃
ᠦᠨᠳᠦᠰᠦᠨ ᠬᠠᠦᠯᠢ᠎ᠶ᠋ᠢᠨ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠪᠡ᠃ ᠦᠨᠳᠦᠰᠦᠨ ᠬᠠᠤᠯᠢ᠎ᠶ᠋ᠢᠨ ᠰᠠᠭᠤᠷᠢᠨ᠎ᠢ ᠠᠷᠠᠳ ᠲᠦᠮᠡᠨ᠎ᠤ ᠳᠣᠲᠣᠭᠠᠳᠤ ᠰᠡᠳᠭᠢᠯ᠎ᠤᠨ ᠬᠦᠷᠢᠶᠡᠯᠡᠯ᠎ᠳᠤ ᠪᠤᠢ᠂ ᠦᠨᠳᠦᠰᠦᠨ ᠬᠠᠤᠯᠢ᠎ᠶ᠋ᠢᠨ ᠠᠤᠭ᠎ᠠ ᠬᠦᠴᠦᠨ᠎ᠨᠢ ᠠᠷᠠᠳ ᠲᠦᠮᠡᠨ᠎ᠤ ᠴᠢᠩ ᠦᠨᠡᠨᠴᠢ ᠢᠲᠡᠭᠡᠯ ᠪᠢᠱᠢᠷᠡᠯ᠎ᠳᠤ ᠪᠤᠢ᠃ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠂ ᠤᠬᠠᠭᠤᠯᠭ᠎ᠠ᠂ ᠬᠥᠮᠦᠵᠢᠯ᠎ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠦᠨᠳᠦᠰᠦᠨ ᠬᠠᠦᠯᠢ᠎ᠶ᠋ᠢᠨ ᠤᠨᠤᠯ ᠪᠠ ᠦᠢᠯᠡᠳᠦᠯᠭᠡ᠎ᠶ᠋ᠢᠨ ᠢᠲᠡᠭᠡᠭᠦᠯᠬᠦ᠌ ᠬᠦᠴᠦᠨ᠂ ᠨᠥᠯᠥᠭᠡᠯᠡᠬᠦ᠌ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠠᠷᠪᠠᠳᠠᠭ᠍ᠴᠢ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠲᠤ᠌᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠦ᠍᠂ 《ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠦᠨᠳᠦᠰᠦᠨ ᠬᠠᠤᠯᠢ᠎ᠶ᠋ᠢᠨ ᠪᠠᠲᠤᠯᠠᠭ᠎ᠠ ᠬᠠᠩᠭᠠᠨ᠎ᠠ》 ᠭᠡᠬᠦ᠌ ᠶᠠᠷᠢᠯᠴᠠᠬᠤ ᠬᠤᠷᠠᠯ᠎ᠢ ᠬᠤᠷᠠᠯᠳᠤᠭᠤᠯᠵᠦ᠍᠂ ᠦᠨᠳᠦᠰᠦᠨ ᠬᠠᠤᠯᠢ᠎ᠶ᠋ᠢᠨ ᠢᠲᠡᠭᠡᠯ᠎ᠢ ᠪᠠᠲᠤᠳᠭᠠᠵᠤ᠂ ᠦᠨᠳᠦᠰᠦᠨ ᠬᠠᠦᠯᠢ᠎ᠶ᠋ᠢᠨ ᠰᠣᠶᠣᠯ᠎ᠢ ᠪᠤᠢᠵᠢᠭᠤᠯᠵᠤ᠂ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠦᠬᠦ᠌ ᠠᠷᠠᠳ ᠲᠦᠮᠡᠨ᠎ᠤ ᠤᠬᠠᠮᠰᠠᠷᠲᠤ ᠠᠵᠢᠯᠯᠠᠭ᠎ᠠ ᠪᠣᠯᠭᠠᠬᠤ᠎ᠶ᠋ᠢ ᠠᠬᠢᠭᠤᠯᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠨᠳᠦᠰᠦᠨ ᠬᠠᠦᠯᠢ᠎ᠶ᠋ᠢ ᠵᠢᠱ᠌ᠢᠶᠡᠴᠢ᠎ᠪᠠᠷ ᠵᠢᠷᠤᠮᠯᠠᠨ ᠰᠠᠬᠢᠬᠤ᠂ ᠦᠨᠳᠦᠰᠦᠨ ᠬᠠᠦᠯᠢ᠎ᠶ᠋ᠢ ᠲᠦᠷᠦᠭᠦᠯᠡᠨ ᠤᠬᠠᠭᠤᠯᠬᠤ᠂ ᠦᠨᠳᠦᠰᠦᠨ ᠬᠠᠦᠯᠢ᠎ᠶ᠋ᠢᠨ ᠬᠡᠷᠡᠭ᠌ᠵᠢᠭᠦᠯᠦᠯᠲᠡ᠎ᠶ᠋ᠢ ᠠᠬᠢᠭᠤᠯᠬᠤ ᠳᠤᠮᠳᠠᠬᠢ ᠦᠢᠯᠡᠳᠦᠯ᠎ᠢ ᠪᠠᠳᠠᠷᠠᠭᠤᠯᠪᠠ᠃ ᠣᠳᠣ ᠦᠶ᠎ᠡ᠎ᠶ᠋ᠢᠨ ᠳᠤᠮᠳᠠᠳᠤ ᠤᠯᠤᠰ᠎ᠤᠨ ᠦᠨᠳᠦᠰᠦᠨ ᠬᠠᠤᠯᠢ᠎ᠶ᠋ᠢᠨ ᠳᠦᠷᠢᠮ ᠪᠠ ᠦᠨᠳᠦᠰᠦᠨ ᠬᠠᠤᠯᠢ᠎ᠶ᠋ᠢᠨ ᠦᠢᠯᠡᠳᠦᠯᠭᠡ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠨᠳᠦᠰᠦᠨ ᠬᠠᠦᠯᠢ᠎ᠶ᠋ᠢᠨ ᠤᠨᠤᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠳᠤᠮᠳᠠᠳᠤ ᠤᠯᠤᠰ᠎ᠤᠨ ᠦᠨᠳᠦᠰᠦᠨ ᠬᠠᠦᠯᠢ᠎ᠶ᠋ᠢᠨ ᠦᠯᠢᠭᠡᠷ᠎ᠢ ᠰᠠᠢᠲᠤᠷ ᠶᠠᠷᠢᠪᠠ᠃
ᠦᠨᠳᠦᠰᠦᠨ ᠬᠠᠦᠯᠢ᠎ᠠᠴᠠ ᠣᠯᠭᠤᠭ᠍ᠰᠠᠨ ᠲᠣᠮᠢᠯᠠᠬᠤ ᠪᠠ ᠪᠠᠭᠤᠯᠭᠠᠬᠤ ᠡᠷᠬᠡ᠎ᠶ᠋ᠢ ᠬᠡᠷᠡᠭ᠌ᠵᠢᠭᠦᠯᠪᠡ᠃ ᠲᠤᠰᠭᠠᠶ ᠵᠦᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ ᠪᠠ ᠭᠡᠱᠢᠭᠦᠨ᠂ ᠲᠥᠯᠥᠭᠡᠯᠡᠭ᠌ᠴᠢᠳ᠎ᠤᠨ ᠬᠢᠷᠢ ᠬᠡᠮ᠎ᠢ ᠬᠢᠨᠠᠨ ᠪᠠᠢᠴᠠᠭᠠᠬᠤ ᠵᠦᠪᠯᠡᠯ᠎ᠤᠨ ᠪᠦᠷᠢᠯᠳᠦᠬᠦᠨ᠂ ᠪᠠᠢᠩᠭᠤ᠎ᠶ᠋ᠢᠨ ᠬᠤᠷᠢᠶᠠᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ᠂ ᠱᠢᠶᠠᠩᠭᠠᠩ ᠣᠣᠮᠧᠨ᠎ᠤ ᠭᠤᠦᠯ ᠬᠠᠦᠯᠢ᠎ᠶ᠋ᠢᠨ ᠵᠦᠪᠯᠡᠯ᠎ᠤᠨ ᠪᠦᠷᠢᠯᠳᠦᠬᠦᠨ᠎ᠢ ᠨᠡᠢᠳᠡ 55 ᠬᠥᠮᠦᠨ ᠤᠳᠠᠭ᠎ᠠ ᠲᠣᠮᠢᠯᠠᠬᠤ ᠪᠤᠶᠤ ᠪᠠᠭᠤᠯᠭᠠᠵᠦ᠍᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠡᠷᠭᠡ᠎ᠶ᠋ᠢᠨ ᠠᠵᠢᠯᠳᠠᠨ᠎ᠢ 251 ᠬᠥᠮᠦᠨ ᠤᠳᠠᠭ᠎ᠠ ᠲᠣᠮᠢᠯᠠᠬ᠍ᠰᠠᠨ ᠪᠠ ᠪᠠᠭᠤᠯᠭᠠᠬ᠍ᠰᠠᠨ ᠪᠤᠶᠤ ᠲᠣᠮᠢᠯᠠᠬᠤ ᠪᠠ ᠪᠠᠭᠤᠯᠭᠠᠬᠤ᠎ᠪᠠᠷ ᠲᠣᠭ᠍ᠲᠠᠭᠠᠵᠠᠢ᠃ 7 ᠤᠳᠠᠭ᠎ᠠ᠎ᠶ᠋ᠢᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ᠎ᠢ ᠵᠣᠬᠢᠶᠠᠨ ᠪᠠᠢᠭᠤᠯᠵᠤ᠂ ᠲᠦᠷᠦ᠍᠎ᠶ᠋ᠢᠨ ᠠᠵᠢᠯᠳᠠᠨ᠎ᠤ ᠦᠨᠳᠦᠰᠦᠨ ᠬᠠᠤᠯᠢ᠎ᠳᠤ ᠦᠨᠡᠨᠴᠢ ᠱᠢᠳᠤᠷᠭᠤ ᠪᠠᠢᠬᠤ᠂ ᠦᠨᠳᠦᠰᠦᠨ ᠬᠠᠤᠯᠢ᠎ᠶ᠋ᠢ ᠳᠡᠭᠡᠳᠦᠯᠡᠬᠦ᠂ ᠦᠨᠳᠦᠰᠦᠨ ᠬᠠᠤᠯᠢ᠎ᠶ᠋ᠢ ᠬᠠᠮᠠᠭᠠᠯᠠᠬᠤ᠎ᠶ᠋ᠢ ᠵᠤᠷᠢᠬ᠍ᠵᠢᠭᠤᠯᠵᠦ᠍ ᠬᠥᠮᠦᠵᠢᠭᠦᠯᠪᠡ᠃
ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ 3 ᠬᠥᠮᠦᠨ᠎ᠢ ᠨᠥᠬᠦᠨ ᠰᠣᠩᠭᠤᠵᠤ᠂ 24 ᠲᠥᠯᠥᠭᠡᠯᠡᠭ᠌ᠴᠢ᠎ᠶ᠋ᠢᠨ ᠬᠢᠷᠢ ᠬᠡᠮ᠎ᠢ᠎ᠨᠢ ᠳᠠᠭᠤᠰᠭᠠᠪᠠ᠃ ᠣᠳᠣᠬᠠᠨ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠤᠳᠠᠳᠠᠢ ᠪᠠᠢᠬᠤ ᠲᠥᠯᠥᠭᠡᠯᠡᠭ᠌ᠴᠢ 2956 ᠬᠥᠮᠦᠨ ᠪᠠᠢᠨ᠎ᠠ᠃
ᠬᠤᠶᠠᠷ᠂ ᠬᠠᠤᠯᠢ ᠲᠣᠭ᠍ᠲᠠᠭᠠᠬᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠡᠨᠡ ᠬᠦ᠌ ᠵᠠᠩᠭᠢᠯᠠᠭ᠎ᠠ᠎ᠶ᠋ᠢ ᠠᠳᠭᠤᠵᠤ᠂ ᠳᠤᠮᠳᠠᠳᠦ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠦᠮ᠎ᠤᠨ ᠬᠠᠦᠯᠢ ᠴᠠᠭᠠᠵᠠ᠎ᠶ᠋ᠢᠨ ᠱᠢᠰᠲ᠋ᠧᠮ᠎ᠢ ᠨᠡᠩ ᠱᠢᠨᠵᠢᠯᠡᠭᠦ᠌ ᠤᠬᠠᠭᠠᠨᠴᠢ ᠪᠦᠭᠡᠳ ᠪᠦᠷᠢᠨ ᠲᠡᠭᠦᠯᠳᠡᠷ᠂ ᠨᠢᠭᠡᠲᠦᠯᠲᠠᠢ ᠪᠦᠭᠡᠳ ᠡᠷᠬᠡ ᠰᠦᠷ᠎ᠲᠠᠢ ᠪᠤᠯᠭᠠᠬᠤ᠎ᠶ᠋ᠢ ᠠᠬᠢᠭᠤᠯᠪᠠ
ᠬᠠᠦᠯᠢ ᠲᠣᠭ᠍ᠲᠠᠭᠠᠬᠤ ᠪᠣᠯ ᠤᠯᠤᠰ᠎ᠲᠤ ᠶᠣᠰᠣ ᠲᠦᠷᠢᠮ ᠲᠣᠭ᠍ᠲᠠᠭᠠᠵᠤ᠂ ᠨᠡᠢᠭᠡᠮ᠎ᠳᠤ ᠵᠢᠷᠦᠮ ᠭᠤᠷᠢᠮ ᠲᠣᠭ᠍ᠲᠠᠭᠠᠵᠤ ᠥᠭ᠌ᠬᠦ ᠲᠠᠷᠬᠠᠨ ᠠᠵᠢᠯ ᠮᠥᠨ᠃ ᠪᠠᠢᠩᠭᠤ᠎ᠶ᠋ᠢᠨ ᠬᠤᠷᠢᠶ᠎ᠠ ᠤᠯᠤᠰ᠎ᠤᠨ ᠬᠠᠤᠯᠢ ᠲᠣᠭ᠍ᠲᠠᠭᠠᠬᠤ ᠡᠷᠬᠡ᠎ᠶ᠋ᠢ ᠬᠢᠨᠠᠮᠠᠭᠠᠶ ᠬᠡᠷᠡᠭ᠌ᠵᠢᠭᠦᠯᠵᠦ᠍᠂ ᠭᠤᠤᠯᠳᠠᠯᠭ᠎ᠠ᠎ᠲᠠᠢ ᠬᠦᠷᠢᠶ᠎ᠡ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶ᠎ᠡ᠎ᠶ᠋ᠢᠨ ᠬᠠᠦᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠲᠦᠷᠦ᠍᠎ᠶ᠋ᠢ ᠵᠠᠰᠠᠬᠤ᠎ᠳᠤ ᠪᠠᠴᠢᠮ ᠱᠠᠭᠠᠷᠳᠠᠭ᠍ᠳᠠᠬᠤ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠳᠤ ᠵᠠᠪᠠᠯ ᠪᠦᠷᠢᠳᠦᠭᠦᠯᠬᠦ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠎ᠳᠤ ᠪᠠᠴᠢᠮ ᠱᠠᠭᠠᠷᠳᠠᠭ᠍ᠳᠠᠬᠤ ᠬᠠᠦᠯᠢ ᠴᠠᠭᠠᠵᠠ᠎ᠶ᠋ᠢᠨ ᠪᠠᠢᠭᠤᠯᠤᠯ᠎ᠢ ᠪᠦᠷᠢᠨᠱᠢᠭᠦᠯᠪᠡ᠃ ᠨᠢᠭᠡ ᠵᠢᠯ᠎ᠤᠨ ᠲᠤᠷᠰᠢ᠂ ᠨᠡᠢᠲᠡ 34 ᠬᠠᠦᠯᠢ ᠴᠠᠭᠠᠵᠠ᠎ᠶ᠋ᠢᠨ ᠲᠦᠰᠦᠯ᠎ᠢ ᠬᠢᠨᠠᠨ ᠶᠠᠷᠢᠯᠴᠠᠵᠦ᠍᠂ ᠲᠡᠭᠦᠨ᠎ᠤ ᠳᠣᠲᠣᠷᠠᠬᠢ 21 ᠶ᠋ᠢ᠎ᠨᠢ ᠪᠠᠲᠤᠯᠠᠪᠠ᠂ ᠡᠭᠦᠨ᠎ᠳᠤ 6 ᠬᠠᠦᠯᠢ ᠴᠠᠭᠠᠵᠠ᠎ᠶ᠋ᠢ ᠲᠣᠭ᠍ᠲᠠᠭᠠᠨ᠂ 8 ᠬᠠᠦᠯᠢ ᠴᠠᠭᠠᠵᠠ᠎ᠳᠤ ᠵᠠᠰᠠᠪᠤᠷᠢ ᠣᠷᠣᠭᠤᠯᠵᠦ᠍᠂ ᠬᠤᠯᠪᠤᠭ᠍ᠳᠠᠯ ᠪᠦᠬᠦᠢ ᠬᠠᠦᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ᠎ᠤᠨ ᠲᠤᠬᠠᠢ ᠲᠣᠭ᠍ᠲᠠᠭᠠᠯ᠎ᠢ 7 ᠬᠤᠪᠢ ᠭᠠᠷᠭᠠᠪᠠ᠃ 1 ᠬᠠᠦᠯᠢ ᠴᠠᠭᠠᠵᠠ᠎ᠶ᠋ᠢᠨ ᠲᠦᠰᠦᠯ᠎ᠢ ᠬᠢᠨᠠᠨ ᠶᠠᠷᠢᠯᠴᠠᠬᠤ᠎ᠶ᠋ᠢ ᠵᠤᠭ᠍ᠰᠤᠭᠠᠪᠠ᠃ 10 ᠭᠡᠷ᠎ᠡ ᠪᠠ ᠴᠢᠬᠤᠯᠠ ᠬᠡᠯᠡᠯᠴᠡᠭᠡᠷ᠎ᠢ ᠵᠥᠪᠱᠢᠶᠡᠷᠡᠬᠦ᠌᠎ᠪᠠᠷ ᠲᠤᠭ᠍ᠳᠠᠭᠠᠭ᠍ᠰᠠᠨ ᠪᠤᠶᠤ ᠲᠡᠭᠦᠨ᠎ᠳᠤ ᠣᠷᠣᠯᠴᠠᠬᠤ᠎ᠪᠠᠷ ᠲᠣᠭ᠍ᠲᠠᠭᠠᠪᠠ᠃ ᠣᠳᠣᠬᠠᠨ᠎ᠳᠤ᠂ ᠮᠠᠨ᠎ᠤ ᠤᠯᠤᠰ᠎ᠤᠨ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠦᠴᠦᠨ ᠪᠦᠬᠦᠢ ᠬᠠᠤᠯᠢ ᠴᠠᠭᠠᠵᠠ ᠨᠡᠢᠲᠡ 300 ᠪᠠᠢᠨ᠎ᠠ᠃
ᠬᠠᠦᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠪᠡ᠃ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠪᠦᠷᠢᠯᠳᠦᠬᠦᠨ 8 ᠤᠳᠠᠭᠠᠨ᠎ᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠮᠤᠵᠢ (ᠣᠷᠣᠨ᠂ ᠬᠤᠳᠠ) ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠲᠥᠪ᠎ᠤᠨ ᠪᠠ ᠲᠦᠷᠦ᠍᠎ᠶ᠋ᠢᠨ ᠪᠠᠢᠭᠤᠯᠭ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢ ᠬᠢᠨᠠᠮᠠᠭᠠᠶ ᠡᠮᠬᠢᠯᠡᠵᠦ᠍᠂ ᠲᠥᠪ᠎ᠤᠨ ᠪᠠ ᠣᠷᠣᠨ ᠨᠤᠲᠤᠭ᠎ᠤᠨ 177 ᠨᠢᠭᠡᠴᠢ᠎ᠠᠴᠠ ᠬᠠᠦᠯᠢ ᠲᠣᠭ᠍ᠲᠠᠭᠠᠬᠤ ᠵᠦᠢᠯᠡᠰ᠎ᠤᠨ ᠰᠠᠨᠠᠭᠤᠯᠭ᠎ᠠ᠎ᠶ᠋ᠢ ᠴᠤᠭ᠍ᠯᠠᠭᠤᠯᠪᠠ᠃ ᠭᠦᠨᠵᠡᠭᠡᠶ ᠪᠠᠢᠴᠠᠭᠠᠨ ᠰᠤᠳᠤᠯᠵᠤ ᠨᠤᠲᠠᠯᠠᠭ᠍ᠰᠠᠨ ᠰᠠᠭᠤᠷᠢᠨ ᠳᠡᠭᠡᠷ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠦᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠨᠠᠮ᠎ᠤᠨ ᠲᠥᠪ ᠬᠤᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠬᠦ᠌᠎ᠶ᠋ᠢᠨ ᠬᠠᠮᠲᠤ ᠳᠠᠮᠵᠢᠭᠤᠯᠤᠨ ᠲᠠᠷᠬᠠᠭᠠᠵᠤ ᠬᠡᠷᠡᠭ᠌ᠵᠢᠭᠦᠯᠪᠡ᠃ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠨᠢ ᠲᠤᠰ ᠬᠤᠭᠤᠴᠠᠭᠠᠨ᠎ᠤ ᠬᠠᠤᠯᠢ ᠲᠣᠭ᠍ᠲᠠᠭᠠᠬᠤ ᠠᠵᠢᠯ᠎ᠢ ᠨᠢᠭᠡᠳᠦᠯᠲᠡᠶ ᠲᠥᠯᠥᠪᠯᠡᠨ ᠪᠠᠢᠷᠢᠯᠠᠭᠤᠯᠪᠠ᠂ ᠡᠭᠦᠨ᠎ᠳᠤ ᠨᠢᠭᠡᠳᠦᠭᠡᠷ ᠲᠥᠷᠥᠯ᠎ᠤᠨ ᠵᠦᠢᠯᠡᠰ 79᠂ ᠬᠤᠶᠠᠳᠤᠭᠠᠷ ᠲᠥᠷᠥᠯ᠎ᠤᠨ ᠵᠦᠢᠯᠡᠰ 51 ᠪᠠᠢᠵᠤ᠂ ᠪᠠᠰᠠ ᠵᠠᠷᠢᠮ ᠰᠤᠳᠤᠯᠤᠨ ᠨᠤᠲᠠᠯᠠᠬᠤ ᠴᠢᠬᠤᠯᠠᠲᠠᠶ ᠭᠤᠷᠪᠠᠳᠤᠭᠠᠷ ᠲᠥᠷᠥᠯ᠎ᠤᠨ ᠵᠦᠢᠯᠡᠰ ᠪᠠᠢᠬᠤ ᠮᠥᠷᠲᠡᠭᠡᠨ ᠪᠠᠰᠠ ᠨᠥᠬᠦᠴᠡᠯ ᠪᠦᠷᠢᠯᠳᠦᠭ᠌ᠰᠡᠨ ᠬᠠᠤᠯᠢ ᠲᠣᠭ᠍ᠲᠠᠭᠠᠬᠤ ᠬᠦᠷᠢᠶᠡᠨ᠎ᠳᠤ ᠬᠠᠤᠯᠢ᠎ᠶ᠋ᠢᠨ ᠪᠢᠴᠢᠭ ᠨᠠᠢᠷᠠᠭᠤᠯᠬᠤ ᠠᠵᠢᠯ᠎ᠢ ᠠᠬᠢᠭᠤᠯᠬᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠳᠡᠪᠱᠢᠭᠦᠯᠵᠦ᠍ ᠬᠢᠨᠠᠨ ᠶᠠᠷᠢᠯᠴᠠᠭᠤᠯᠬᠤ᠎ᠪᠠᠷ ᠰᠠᠨᠠᠭᠤᠯᠬᠤ ᠬᠠᠤᠯᠢ ᠴᠠᠭᠠᠵᠠ᠎ᠶ᠋ᠢᠨ ᠲᠥᠰᠥᠯ᠎ᠢ ᠲᠣᠬᠢᠷᠠᠭᠤᠯᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠠᠵᠢᠯ᠎ᠤᠨ ᠬᠤᠷᠠᠯᠳᠤᠭᠠᠨ᠂ ᠪᠦᠬᠦ᠌ ᠤᠯᠤᠰ᠎ᠤᠨ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠬᠠᠦᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠪᠠᠢᠷᠢᠯᠠᠭᠤᠯᠤᠨ ᠨᠠᠢᠳᠠᠪᠤᠷᠢᠵᠢᠭᠤᠯᠵᠦ᠍᠂ ᠱᠢᠨ᠎ᠡ ᠴᠠᠭ ᠦᠶ᠎ᠡ᠎ᠶ᠋ᠢᠨ ᠬᠠᠦᠯᠢ ᠲᠣᠭ᠍ᠲᠠᠭᠠᠬᠤ ᠠᠵᠢᠯ᠎ᠢ ᠴᠢᠩᠭᠠᠳᠭᠠᠨ ᠰᠠᠢᠵᠢᠷᠠᠭᠤᠯᠪᠠ᠃
ᠠᠵᠤ ᠠᠬᠤᠶ᠎ᠶ᠋ᠢᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠺᠣᠮᠫᠠᠨᠢ᠎ᠶ᠋ᠢᠨ ᠬᠠᠤᠯᠢ᠎ᠶ᠋ᠢ ᠪᠦᠬᠦ᠌ ᠲᠠᠯ᠎ᠠ᠎ᠪᠠᠷ ᠵᠠᠰᠠᠠ ᠲᠤᠬ᠍ᠳᠠᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣ ᠦᠶ᠎ᠡ᠎ᠶ᠋ᠢᠨ ᠠᠵᠤ ᠠᠬᠤᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠬᠡ ᠣᠯᠭᠤᠵᠤ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠳᠤ ᠱᠢᠶᠠᠩᠭᠠᠩ ᠣᠣᠮᠧᠨ᠎ᠤ ᠬᠠᠤᠯᠢᠴᠢ᠎ᠶ᠋ᠢᠨ ᠳᠣᠲᠣᠷ᠎ᠠ ᠭᠠᠵᠠᠷ᠎ᠲᠤ ᠠᠵᠢᠯ ᠡᠷᠬᠢᠯᠡᠬᠦ᠌ ᠲᠤᠷᠱᠢᠯᠲᠠ᠎ᠶ᠋ᠢᠨ ᠠᠵᠢᠯ᠎ᠤᠨ ᠬᠤᠭᠤᠴᠠᠭ᠎ᠠ᠎ᠶ᠋ᠢ ᠤᠷᠲᠤᠳᠭᠠᠬᠤ ᠲᠤᠬᠠᠶ ᠲᠣᠭ᠍ᠲᠠᠭᠠᠯ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠳᠤ ᠡᠷᠬᠡ ᠣᠯᠭᠤᠵᠤ ᠭᠤᠸᠠᠩᠳᠦ᠋ᠩ ᠮᠤᠵᠢ᠎ᠶ᠋ᠢᠨ ᠵᠦᠬᠠᠶ ᠬᠤᠲᠠ᠎ᠶ᠋ᠢᠨ ᠭᠦᠩ ᠪᠸᠢ ᠪᠣᠭᠤᠮᠲᠠ᠎ᠶ᠋ᠢᠨ ᠵᠡᠭᠦᠨ ᠡᠮᠦᠨ᠎ᠡ ᠲᠠᠯ᠎ᠠ᠎ᠳᠠᠬᠢ ᠬᠠᠮᠢᠶ᠎ᠠ ᠪᠦᠬᠦᠢ ᠬᠠᠭᠤᠷᠠᠶ ᠭᠠᠵᠠᠷ ᠪᠣᠯᠤᠨ ᠳᠠᠯᠠᠶ᠎ᠶ᠋ᠢᠨ ᠣᠷᠣᠨ᠎ᠳᠤ ᠬᠠᠮᠢᠶᠠᠷᠬᠤ ᠬᠠᠷᠢᠶᠠᠯᠠᠯ ᠬᠡᠷᠡᠭ᠌ᠵᠢᠭᠦᠯᠬᠦ᠌ ᠲᠤᠬᠠᠶ ᠲᠣᠭ᠍ᠲᠠᠭᠠᠯ ᠭᠠᠷᠭᠠᠵᠤ᠂ ᠱᠢᠶᠠᠩᠭᠠᠩ᠂ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠨ ᠠᠭᠤᠰᠤᠯᠴᠠᠠ ᠤᠷᠤᠬᠤ᠎ᠶ᠋ᠢ ᠠᠬᠢᠭᠤᠯᠪᠡ᠃ ᠭᠠᠢᠯᠢ ᠳᠠᠳᠠᠪᠤᠷᠢ᠎ᠶ᠋ᠢ ᠬᠠᠤᠯᠢ᠎ᠪᠠᠷ ᠲᠤᠭ᠍ᠳᠠᠭᠠᠬᠤ ᠵᠠᠷᠴᠢᠮ᠎ᠢ ᠨᠡᠢᠳᠡᠪᠤᠷᠢᠵᠢᠭᠤᠯᠵᠦ᠍᠂ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠬᠠᠤᠯᠢ᠂ ᠪᠣᠭᠤᠮᠲᠠ᠎ᠶ᠋ᠢᠨ ᠭᠠᠢᠯᠢ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠶᠠᠷᠢᠯᠴᠠᠪᠠ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ᠎ᠶ᠋ᠢᠨ ᠵᠠᠰᠠᠨ ᠲᠤᠬ᠍ᠳᠠᠭᠠᠬᠤ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠵᠤ᠂ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠬᠠᠤᠯᠢ ᠶᠣᠰᠣᠭᠠᠷ ᠪᠠᠲᠤᠯᠠᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠱᠢᠭ᠍ᠯᠠᠬᠤ᠎ᠶ᠋ᠢ ᠠᠬᠢᠭᠤᠯᠪᠡ᠃ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠬᠤ ᠬᠠᠤᠯᠢ᠎ᠶ᠋ᠢᠨ ᠲᠥᠰᠦᠯ᠎ᠢ ᠦᠷᠭᠦᠯᠵᠢᠯᠡᠨ ᠬᠢᠨᠠᠨ ᠶᠠᠷᠢᠯᠴᠠᠵᠤ᠂ ᠬᠥᠳᠡᠭᠡ ᠲᠣᠰᠭᠤᠨ᠎ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠍᠂ ᠬᠥᠳᠡᠭᠡ ᠲᠣᠰᠭᠤᠨ᠎ᠤ ᠱᠢᠨ᠎ᠡ ᠬᠡᠯᠪᠡᠷᠢ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠪᠡ᠃
ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠰᠠᠭᠠᠳ ᠦᠭᠡᠢ ᠣᠷᠴᠢᠨ ᠨᠦᠭᠦᠴᠡᠯ᠎ᠤᠨ ᠪᠦᠲᠦᠭᠡᠨ ᠪᠠᠢᠭᠤᠯᠤᠯᠲᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠰᠠᠭᠠᠳ ᠦᠭᠡᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠂ ᠮᠡᠳᠡᠭᠡ ᠵᠠᠩᠭᠢ᠎ᠶ᠋ᠢᠨ ᠰᠣᠯᠢᠯᠴᠠᠭ᠎ᠠ᠂ ᠨᠡᠢᠭᠡᠮ᠎ᠤᠨ ᠦᠢᠯᠡᠴᠢᠯᠡᠭᠡ ᠵᠡᠷᠭᠡ ᠲᠠᠯ᠎ᠠ᠎ᠶ᠋ᠢᠨ ᠳᠦᠷᠢᠮ᠎ᠤᠨ ᠵᠢᠷᠤᠮᠵᠢᠯ᠎ᠢ ᠪᠠᠢᠭᠤᠯᠤᠨ ᠪᠦᠷᠢᠨᠱᠢᠭᠦᠯᠵᠦ᠍᠂ ᠵᠡᠮᠳᠡᠭ᠌ᠴᠦᠳ᠂ ᠨᠠᠰᠤᠲᠠᠢᠴᠤᠳ᠎ᠤᠨ ᠪᠠᠴᠢᠮᠳᠠᠵᠤ ᠬᠦᠴᠢᠷᠳᠠᠵᠤ ᠵᠣᠪᠠᠵᠤ ᠬᠦᠰᠡᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠡ᠃ ᠨᠢᠭᠦᠯᠡᠰᠦᠩᠭᠦᠶ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ ᠪᠠ ᠨᠢᠭᠦᠯᠡᠰᠦᠩᠭᠦᠶ᠎ᠶ᠋ᠢᠨ ᠠᠵᠢᠯᠯᠠᠭ᠎ᠠ᠎ᠶ᠋ᠢᠨ ᠢᠯᠡ ᠲᠣᠳᠣ᠎ᠶ᠋ᠢᠨ ᠬᠡᠮᠵᠢᠶ᠎ᠡ ᠪᠠ ᠤᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠵᠦ᠍᠂ ᠨᠢᠭᠦᠯᠡᠰᠦᠩᠭᠦᠶ᠎ᠶ᠋ᠢᠨ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠪᠡ᠃ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠬᠠᠤᠯᠢ᠂ ᠡᠷᠳᠡᠮ᠎ᠤᠨ ᠴᠣᠯᠠ᠎ᠶ᠋ᠢᠨ ᠬᠠᠤᠯᠢ᠎ᠶ᠋ᠢᠨ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠵᠤ᠂ ᠨᠡᠢᠭᠡᠮ᠎ᠠᠴᠠ ᠲᠤᠰᠭᠠᠭ᠍ᠰᠠᠨ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠡᠬᠢ ᠪᠠᠶᠠᠯᠢᠭ ᠬᠦᠷᠦᠯᠴᠡᠬᠦ᠌ ᠦᠭᠡᠢ᠂ ᠡᠷᠳᠡᠮ᠎ᠤᠨ ᠴᠣᠯᠠ᠎ᠶ᠋ᠢᠨ ᠬᠠᠮᠢᠶᠠᠷᠤᠯᠲᠠ᠎ᠶ᠋ᠢᠨ ᠲᠦᠷᠢᠮ ᠲᠡᠭᠦᠯᠳᠡᠷ ᠪᠤᠰᠤ ᠵᠡᠷᠭᠡ ᠠᠰᠠᠭᠤᠳᠠᠯ᠎ᠳᠤ ᠬᠠᠷᠢᠭᠤᠯᠲᠠ ᠥᠭ᠌ᠪᠡ᠃ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ᠂ ᠤᠯᠤᠰ᠎ᠤᠨ ᠬᠢᠯᠢ᠎ᠶ᠋ᠢᠨ ᠡᠷᠡᠭᠦᠯ ᠬᠠᠮᠠᠭᠠᠯᠠᠯ ᠬᠢᠵᠢᠭ᠎ᠤᠨ ᠪᠠᠢᠴᠠᠭᠠᠯᠲᠠ᠎ᠶ᠋ᠢᠨ ᠬᠠᠤᠯᠢ᠎ᠶ᠋ᠢᠨ ᠵᠠᠰᠠᠨ ᠲᠤᠬ᠍ᠳᠠᠭᠠᠬᠤ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠵᠤ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠪᠠ᠃
ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠪᠠᠢᠭᠤᠯᠤᠯ᠎ᠤᠨ ᠱᠢᠰᠲ᠋ᠧᠮ᠎ᠢ ᠪᠦᠷᠢᠨᠱᠢᠭᠦᠯᠪᠡ᠃ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠢ᠎ᠶ᠋ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠵᠤ᠂ ᠠᠭᠤᠯᠠ ᠤᠰᠤ ᠤᠢ ᠱᠢᠭᠤᠢ ᠲᠠᠷᠢᠶᠠᠨ ᠭᠠᠵᠠᠷ ᠨᠠᠭᠤᠷ ᠲᠤᠭᠤᠷᠢᠮ ᠡᠪᠡᠰᠤ ᠪᠡᠯᠴᠢᠭᠡᠷ ᠡᠯᠡᠰᠤ ᠮᠠᠩᠬ᠎ᠠ ᠮᠥᠰᠥ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠦᠷᠭᠦᠯᠵᠢᠯᠡᠬᠦ᠌ ᠬᠥᠭ᠌ᠵᠢᠯᠲᠡ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠪᠠ᠃ ᠳᠠᠯᠠᠶ ᠲᠠᠩᠭᠢᠰ᠎ᠤᠨ ᠣᠷᠴᠢᠨ ᠠᠬᠤᠢ᠎ᠶ᠋ᠢ ᠬᠠᠮᠠᠭᠠᠯᠠᠬᠤ ᠬᠠᠤᠯᠢ᠎ᠶ᠋ᠢ ᠵᠠᠰᠠᠨ ᠲᠤᠬ᠍ᠳᠠᠭᠠᠵᠤ᠂ ᠳᠠᠯᠠᠶ ᠲᠠᠩᠭᠢᠰ᠎ᠤᠨ ᠣᠷᠴᠢᠨ ᠠᠬᠤᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠠᠯᠠᠢ ᠲᠠᠩᠭᠢᠰ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠵᠤ᠂ ᠴᠢᠩᠭ᠎ᠠ ᠠᠷᠭ᠎ᠠ ᠬᠡᠮᠵᠢᠶ᠎ᠡ᠂ ᠨᠢᠬ᠍ᠲᠠ ᠴᠢᠩᠭ᠎ᠠ ᠬᠠᠤᠯᠢ᠎ᠶ᠋ᠢᠨ ᠵᠠᠰᠠᠯᠲᠠ᠎ᠪᠠᠷ ᠲᠠᠯᠠᠢ ᠲᠠᠩᠭᠢᠰ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠨ ᠰᠠᠢᠵᠢᠷᠠᠭᠤᠯᠪᠠ᠃ ᠤᠯᠤᠰ᠎ᠤᠨ ᠬᠠᠤᠯᠢ ᠲᠣᠭ᠍ᠲᠠᠭᠠᠬᠤ ᠬᠡᠯᠪᠡᠷᠢ᠎ᠪᠠᠷ 8 ᠰᠠᠷ᠎ᠠ᠎ᠶ᠋ᠢᠨ 15 ᠤ ᠡᠳᠦᠷ᠎ᠢ ᠪᠦᠬᠦ᠌ ᠤᠯᠤᠰ᠎ᠤᠨ ᠠᠮᠢ ᠠᠬᠤᠢ᠎ᠶ᠋ᠢᠨ ᠡᠳᠦᠷ ᠪᠣᠯᠭᠠᠨ ᠲᠣᠭ᠍ᠲᠠᠭᠠᠵᠤ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠦᠩᠭᠦᠨ ᠬᠠᠢᠷᠬᠠᠨ ᠮᠥᠨ》 ᠭᠡᠬᠦ᠌ ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠨᠠᠩ ᠭᠦᠨ ᠬᠠᠳᠠᠩᠱᠢᠭᠤᠯᠵᠤ᠂ ᠠᠷᠠᠳ ᠨᠡᠢᠲᠡ᠎ᠶ᠋ᠢᠨ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠦᠵᠡᠯ ᠰᠠᠨᠠᠭ᠎ᠠ ᠪᠠ ᠦᠢᠯᠡ ᠠᠵᠢᠯᠯᠠᠭᠠᠨ᠎ᠤ ᠤᠬᠠᠮᠰᠠᠷ᠎ᠢ ᠴᠢᠩᠭᠠᠳᠭᠠᠬᠤ᠎ᠶ᠋ᠢ ᠠᠬᠢᠭᠤᠯᠪᠠ᠃ ᠪᠠᠢᠩᠭᠤ᠎ᠶ᠋ᠢᠨ ᠬᠤᠷᠢᠶ᠎ᠠ ᠠᠮᠢ ᠠᠬᠤᠶ᠎ᠶ᠋ᠢᠨ ᠣᠷᠴᠢᠨ ᠨᠦᠭᠦᠴᠡᠯ᠎ᠤᠨ ᠬᠠᠤᠯᠢ᠎ᠶ᠋ᠢᠨ ᠪᠢᠴᠢᠭ ᠨᠠᠢᠷᠠᠭᠤᠯᠬᠤ ᠠᠵᠢᠯ᠎ᠢ ᠡᠬᠢᠯᠡᠭᠦᠯᠵᠦ᠍᠂ ᠠᠵᠢᠯ᠎ᠤᠨ ᠲᠤᠰᠭᠠᠶ ᠠᠩᠭᠢ ᠪᠠᠢᠭᠤᠯᠵᠤ᠂ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠠᠬᠢᠭᠤᠯᠵᠤ᠂ ᠲᠤᠰ ᠬᠤᠭᠤᠴᠠᠭᠠᠨ᠎ᠤ ᠳᠣᠲᠣᠷ᠎ᠠ ᠰᠢ᠎ᠶ᠋ᠢᠨ ᠫᠢᠩ ᠤ᠋ᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠮᠵᠢ ᠪᠣᠯᠭᠠᠭ᠍ᠰᠠᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠴᠠᠭ ᠦᠶ᠎ᠡ᠎ᠶ᠋ᠢᠨ ᠣᠨᠴᠠᠯᠢᠭ᠎ᠢ ᠬᠠᠷᠠᠭᠤᠯᠤᠭ᠍ᠰᠠᠨ᠂ ᠠᠷᠠᠳ ᠲᠦᠮᠡᠨ᠎ᠤ ᠬᠦᠰᠡᠯ ᠰᠠᠨᠠᠭ᠎ᠠ᠎ᠶ᠋ᠢ ᠲᠤᠰᠭᠠᠭ᠍ᠰᠠᠨ᠂ ᠱᠢᠰᠲ᠋ᠧᠮ᠎ᠲᠠᠢ ᠵᠢᠷᠤᠮᠵᠢᠭᠤᠨ ᠵᠣᠬᠢᠴᠠᠩᠭᠤᠢ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠭᠠᠷᠭᠠᠬᠤ᠎ᠪᠠᠷ ᠴᠢᠷᠮᠠᠢᠵᠤ ᠪᠤᠢ᠃
ᠤᠯᠤᠰ᠎ᠤᠨ ᠠᠮᠤᠷ ᠲᠦᠪᠱᠢᠨ᠎ᠤ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠪᠡ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠠᠤᠯᠢ᠎ᠶ᠋ᠢ ᠲᠣᠭ᠍ᠲᠠᠭᠠᠵᠤ᠂ ᠲᠠᠷᠢᠶᠠᠨ ᠭᠠᠵᠠᠷ᠎ᠢ ᠬᠠᠮᠠᠭᠠᠯᠠᠨ ᠠᠱᠢᠭ᠍ᠯᠠᠬᠤ ᠪᠠ ᠠᠮᠤ ᠪᠤᠳᠠᠭ᠎ᠠ᠎ᠶ᠋ᠢ ᠦᠢᠯᠡᠳᠪᠦᠷᠢᠯᠡᠬᠦ᠂ ᠨᠥᠭᠡᠴᠡᠯᠡᠬᠦ᠂ ᠭᠦᠢᠯᠭᠡᠭᠡᠬᠦ᠂ ᠪᠣᠯᠪᠠᠰᠤᠷᠠᠭᠤᠯᠬᠤ᠂ ᠪᠠᠴᠢᠮ ᠪᠠᠢᠳᠠᠯ᠎ᠢ ᠠᠷᠭᠠᠴᠠᠬᠤ᠂ ᠠᠷᠪᠢᠯᠠᠨ ᠭᠠᠮᠨᠠᠬᠤ ᠵᠡᠷᠭᠡ ᠡᠯ᠎ᠡ ᠭᠤᠬ᠍ᠴᠤᠭ᠎ᠠ᠎ᠳᠤ ᠱᠢᠰᠲ᠋ᠧᠮ᠎ᠲᠠᠢ ᠲᠣᠭ᠍ᠲᠠᠭᠠᠯ ᠭᠠᠷᠭᠠᠵᠤ᠂ ᠠᠮᠤ ᠪᠤᠳᠠᠭᠠᠨ᠎ᠤ ᠠᠮᠤᠷ ᠲᠦᠪᠱᠢᠨ᠎ᠤ ᠬᠠᠤᠯᠢ᠎ᠪᠠᠷ ᠵᠠᠰᠠᠬᠤ ᠰᠠᠭᠤᠷᠢ᠎ᠶ᠋ᠢ ᠪᠦᠬᠦ᠌ ᠲᠠᠯ᠎ᠠ᠎ᠪᠠᠷ ᠪᠠᠬᠢᠵᠢᠭᠦᠯᠪᠡ᠃ ᠲᠠᠩᠨᠠᠭᠤᠯ᠎ᠢ ᠡᠰᠡᠷᠭᠦᠴᠡᠬᠦ᠌ ᠬᠠᠤᠯᠢ᠎ᠶ᠋ᠢ ᠵᠠᠰᠠᠠ ᠲᠤᠬ᠍ᠲᠠᠭᠠᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠣᠭᠤᠮᠲᠠ᠎ᠶ᠋ᠢ ᠤᠷᠤᠭ᠍ᠰᠢ ᠱᠢᠯᠵᠢᠭᠦᠯᠵᠦ᠍᠂ ᠨᠡᠪᠴᠢᠯᠲᠡ᠎ᠶ᠋ᠢ ᠡᠰᠡᠷᠭᠦᠴᠡᠬᠦ᠂ ᠨᠤᠷᠠᠭᠠᠯᠲᠠ᠎ᠶ᠋ᠢ ᠡᠰᠡᠷᠭᠦᠴᠡᠬᠦ᠂ ᠨᠢᠭᠤᠴᠠ᠎ᠶ᠋ᠢ ᠬᠤᠯᠠᠭᠠᠢᠯᠠᠬᠤ᠎ᠶ᠋ᠢ ᠡᠰᠡᠷᠭᠦᠴᠡᠬᠦ᠌ ᠲᠡᠮᠡᠴᠡᠯ᠎ᠤᠨ ᠬᠠᠤᠯᠢ ᠴᠠᠭᠠᠵᠠ᠎ᠶ᠋ᠢᠨ ᠪᠠᠭᠠᠵᠢ᠎ᠶ᠋ᠢᠨ ᠬᠠᠢᠷᠴᠠᠭ᠎ᠢ ᠪᠠᠶᠠᠯᠢᠬ᠍ᠵᠢᠭᠤᠯᠪᠠ᠃ ᠤᠯᠤᠰ᠎ᠤᠨ ᠨᠢᠭᠤᠴᠠ᠎ᠶ᠋ᠢ ᠬᠠᠮᠠᠭᠠᠯᠠᠬᠤ ᠬᠠᠤᠯᠢ᠎ᠶ᠋ᠢ ᠵᠠᠰᠠᠠ ᠲᠤᠬ᠍ᠳᠠᠭᠠᠵᠤ᠂ ᠨᠢᠭᠤᠴᠠ᠎ᠶ᠋ᠢ ᠬᠠᠮᠠᠭᠠᠯᠠᠬᠤ ᠬᠠᠮᠢᠶᠠᠷᠤᠯᠲᠠ᠎ᠶ᠋ᠢᠨ ᠲᠦᠷᠢᠮ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶ᠋ᠢ ᠪᠦᠷᠢᠨᠱᠢᠬᠦᠯᠪᠡ᠃
ᠨᠡᠢᠭᠡᠮ᠎ᠤᠨ ᠵᠠᠰᠠᠯᠲᠠ᠎ᠶ᠋ᠢᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠠᠬᠢᠭᠤᠯᠪᠡ᠃ ᠡᠷᠡᠭᠦᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ (ᠠᠷᠪᠠᠨ ᠬᠤᠶᠠᠷ) ᠢ ᠬᠢᠨᠠᠨ ᠶᠠᠷᠢᠯᠴᠠᠵᠤ ᠪᠠᠲᠤᠯᠠᠭᠠᠳ᠂ ᠬᠡᠭᠡᠯᠢ ᠢᠳᠡᠬᠦ᠌ ᠪᠠ ᠬᠠᠭ᠍ᠤᠤᠯᠢ ᠲᠦᠯᠬᠢᠬᠦ᠌᠎ᠶ᠋ᠢ ᠵᠡᠷᠭᠡ᠎ᠪᠠᠷ ᠪᠠᠢᠴᠠᠭᠠᠬᠤ᠎ᠶ᠋ᠢ ᠪᠠᠷᠢᠮᠲᠠᠯᠠᠵᠤ᠂ ᠬᠠᠭ᠍ᠤᠤᠯᠢ ᠲᠦᠯᠬᠢᠭ᠌ᠰᠡᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠡᠷᠴᠢᠮ᠎ᠢ ᠴᠢᠩᠭᠠᠷᠠᠭᠤᠯᠪᠡ; ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠳᠣᠲᠣᠭᠠᠳᠤ᠎ᠶ᠋ᠢᠨ ᠬᠥᠮᠦᠰ᠎ᠤᠨ ᠢᠯᠵᠢᠷᠠᠯ᠎ᠤᠨ ᠬᠤᠯᠪᠣᠭ᠍ᠳᠠᠯ ᠪᠦᠬᠦᠢ ᠶᠠᠯᠠᠲᠤ ᠠᠵᠢᠯᠯᠠᠭ᠎ᠠ᠎ᠶ᠋ᠢ ᠱᠢᠢᠳᠭᠡᠬᠦ᠌ ᠲᠤᠬᠠᠶ ᠲᠣᠭ᠍ᠲᠠᠭᠠᠯ᠎ᠢ ᠨᠡᠮᠡᠭ᠌ᠳᠡᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠥᠮᠴᠢᠯᠡᠬᠦ᠌ ᠡᠷᠬᠡ ᠪᠠ ᠠᠵᠤ ᠠᠬᠤᠢᠯᠠᠯᠲᠠᠨ᠎ᠤ ᠡᠷᠬᠡ ᠠᠱᠢᠭ᠎ᠢ ᠬᠠᠤᠯᠢ ᠶᠣᠰᠣᠭᠠᠷ ᠡᠷᠬᠡ ᠲᠡᠭ᠌ᠰᠢ᠎ᠪᠠᠷ ᠬᠠᠮᠠᠭᠠᠯᠠᠪᠠ᠃ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠠᠤᠯᠢ᠎ᠶ᠋ᠢ ᠵᠠᠰᠠᠠ ᠲᠤᠬ᠍ᠳᠠᠭᠠᠵᠤ᠂ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠬᠦ᠌ ᠪᠠ ᠱᠢᠭᠦᠬᠦ᠌ ᠵᠢᠷᠤᠮ᠎ᠢ ᠱᠢᠯᠢᠳᠡᠭ᠌ᠵᠢᠭᠦᠯᠵᠦ᠍᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌᠎ᠶ᠋ᠢᠨ ᠲᠥᠪ ᠭᠤᠤᠯᠴᠢ ᠥᠨᠳᠥᠷ ᠪᠦᠲᠦᠮᠵᠢᠲᠡᠶ᠂ ᠠᠷᠠᠳ᠎ᠲᠤ ᠳᠥᠭᠦᠮ ᠦᠵᠡᠭᠦᠯᠬᠦ᠌ ᠠᠷᠠᠳ᠎ᠤᠨ ᠲᠥᠯᠥᠭᠡ ᠪᠠᠢᠬᠤ ᠳᠦᠷᠢᠮ᠎ᠤᠨ ᠳᠠᠪᠠᠭᠤᠯᠢᠭ᠎ᠢ ᠨᠠᠩ ᠰᠠᠢᠨ ᠪᠠᠳᠠᠷᠠᠭᠤᠯᠪᠡ᠃ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠤᠯᠢ᠎ᠶ᠋ᠢᠨ ᠵᠠᠰᠠᠨ ᠲᠤᠬ᠍ᠲᠠᠭᠠᠬᠤ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠵᠤ᠂ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠲᠡᠤᠬᠡ᠎ᠶ᠋ᠢᠨ ᠳᠤᠷᠠᠰᠭᠠᠯᠲᠤ ᠵᠦᠢᠯ᠎ᠢ ᠵᠦᠶ ᠵᠣᠬᠢᠰᠲᠠᠶ ᠠᠱᠢᠭ᠍ᠯᠠᠬᠤ᠎ᠶ᠋ᠢ ᠠᠬᠢᠭᠤᠯᠪᠡ᠃ ᠭᠡᠨᠡᠳᠲᠡ᠎ᠶ᠋ᠢᠨ ᠬᠡᠷᠡᠭ᠎ᠢ ᠠᠷᠭᠠᠴᠠᠬᠤ ᠬᠠᠮᠢᠶᠠᠷᠤᠯᠲᠠ᠎ᠶ᠋ᠢᠨ ᠬᠠᠤᠯᠢ᠎ᠶ᠋ᠢᠨ ᠲᠥᠰᠦᠯ᠎ᠢ ᠦᠷᠭᠦᠯᠵᠢᠯᠡᠨ ᠬᠢᠨᠠᠨ ᠶᠠᠷᠢᠯᠴᠠᠵᠤ᠂ ᠭᠡᠨᠡᠳᠲᠡ᠎ᠶ᠋ᠢᠨ ᠬᠡᠷᠡᠭ᠎ᠢ ᠤᠷᠢᠳᠴᠢᠯᠠᠨ ᠰᠡᠷᠭᠡᠢᠯᠡᠬᠦ᠌ ᠪᠠ ᠠᠷᠭᠠᠴᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠤᠯᠢ᠎ᠶ᠋ᠢᠨ ᠵᠠᠰᠠᠨ ᠲᠤᠬ᠍ᠲᠠᠭᠠᠬᠤ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠵᠤ᠂ ᠱᠢᠯᠭᠠᠯᠲᠠ᠎ᠳᠤ ᠬᠡᠮ ᠦᠢᠯᠡᠳᠬᠦ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ ᠵᠢᠯᠣᠭᠤᠳᠭᠤ᠎ᠶ᠋ᠢ ᠬᠠᠷᠱᠢᠯᠠᠬᠤ᠂ ᠥᠨᠳᠥᠷ ᠳᠡᠭᠡᠷ᠎ᠡ᠎ᠠᠴᠠ ᠶᠠᠭᠤᠮ᠎ᠠ ᠬᠠᠶᠠᠬᠤ᠂ ᠬᠠᠤᠯᠢ᠎ᠠᠴᠠ ᠵᠥᠷᠢᠴᠡᠨ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠤᠳᠠᠯᠳᠤᠬᠤ ᠪᠤᠶᠤ ᠬᠠᠩᠭᠠᠬᠤ ᠵᠡᠷᠭᠡ ᠦᠢᠯᠡ ᠠᠵᠢᠯᠯᠠᠭ᠎ᠠ᠎ᠶ᠋ᠢ ᠱᠢᠢᠳᠭᠡᠬᠦ᠌ ᠬᠡᠪᠴᠢᠶᠡᠨ᠎ᠳᠤ ᠣᠷᠣᠭᠤᠯᠪᠡ᠃
ᠭᠠᠳᠠᠭᠠᠳᠤ᠎ᠳᠤ ᠬᠤᠯᠪᠣᠭ᠍ᠳᠠᠬᠤ ᠬᠡᠷᠡᠭ ᠶᠠᠪᠤᠳᠠᠯ᠎ᠤᠨ ᠬᠠᠤᠯᠢ ᠲᠦᠷᠢᠮ᠎ᠤᠨ ᠪᠠᠢᠭᠤᠯᠤᠯᠲᠠ᠎ᠶ᠋ᠢ ᠴᠢᠩᠭᠠᠳᠭᠠᠪᠡ᠃ ᠭᠠᠳᠠᠭᠠᠳᠤ ᠬᠠᠷᠢᠯᠴᠠᠭᠠᠨ᠎ᠤ ᠬᠠᠤᠯᠢ᠎ᠶ᠋ᠢ ᠲᠣᠭ᠍ᠲᠠᠭᠠᠵᠤ᠂ ᠮᠠᠨ᠎ᠤ ᠤᠯᠤᠰ᠎ᠤᠨ ᠤᠷᠳᠤ ᠬᠤᠭᠤᠴᠠᠭ᠎ᠠ᠎ᠪᠠᠷ ᠪᠠᠷᠢᠮᠲᠠᠯᠠᠭ᠍ᠰᠠᠭᠠᠷ ᠢᠷᠡᠭ᠌ᠰᠡᠨ ᠭᠠᠳᠠᠭᠠᠳᠤ ᠬᠠᠷᠢᠯᠴᠠᠭᠠᠨ᠎ᠤ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠱᠢᠨ᠎ᠡ ᠴᠠᠭ ᠦᠶ᠎ᠡ᠎ᠶ᠋ᠢᠨ ᠭᠠᠳᠠᠭᠠᠳᠤ ᠬᠠᠷᠢᠯᠴᠠᠭ᠎ᠠ᠎ᠶ᠋ᠢ ᠬᠥᠭ᠌ᠵᠢᠭᠦᠯᠬᠦ᠌ ᠵᠢᠯᠣᠭᠤᠳᠭᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠣᠢᠯᠠᠭᠠᠭ᠍ᠳᠠᠬᠤᠨ ᠵᠣᠷᠢᠯᠲᠠ᠂ ᠲᠤᠱᠢᠶᠠᠯ ᠬᠠᠷᠢᠭᠤᠴᠠᠯᠭ᠎ᠠ ᠡᠭᠦᠷᠭᠡ ᠵᠡᠷᠭᠡ᠎ᠶ᠋ᠢ ᠬᠠᠤᠯᠢ ᠴᠠᠭᠠᠵᠠ᠎ᠶ᠋ᠢᠨ ᠬᠡᠯᠪᠡᠷᠢ᠎ᠪᠠᠷ ᠨᠤᠲᠠᠯᠠᠨ ᠲᠣᠭ᠍ᠲᠠᠭᠠᠵᠤ᠂ ᠱᠢᠰᠲ᠋ᠧᠮ᠎ᠲᠠᠢ ᠪᠦᠷᠢᠨ ᠲᠡᠭᠦᠯᠳᠡᠷ ᠭᠠᠳᠠᠭᠠᠳᠤ᠎ᠳᠤ ᠬᠤᠯᠪᠣᠭ᠍ᠳᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠠᠢᠭᠤᠯᠬᠤ᠎ᠳᠤ ᠰᠠᠭᠤᠷᠢ᠎ᠶ᠋ᠢ ᠪᠠᠬᠢᠵᠢᠭᠦᠯᠪᠡ᠃ ᠭᠠᠳᠠᠭᠠᠳᠤ ᠤᠯᠤᠰ᠎ᠤᠨ ᠤᠯᠤᠰ᠎ᠤᠨ ᠬᠡᠯᠲᠦᠷᠢᠭᠦᠯᠬᠦ᠌ ᠬᠠᠤᠯᠢ᠎ᠶ᠋ᠢ ᠲᠣᠭ᠍ᠲᠠᠭᠠᠵᠤ᠂ ᠭᠠᠳᠠᠭᠠᠳᠤ ᠤᠯᠤᠰ ᠪᠠ ᠲᠡᠭᠦᠨ᠎ᠤ ᠡᠳ᠋ ᠬᠦᠷᠦᠩᠭᠡ᠎ᠳᠤ ᠬᠤᠯᠪᠣᠭ᠍ᠳᠠᠭ᠍ᠰᠠᠨ ᠢᠷᠭᠡᠨ᠎ᠤ ᠬᠡᠷᠡᠭ᠎ᠤᠨ ᠬᠠᠷᠢᠶᠠᠯᠠᠯ᠎ᠳᠤ ᠪᠦᠬᠦ᠌ ᠲᠠᠯ᠎ᠠ᠎ᠶ᠋ᠢᠨ ᠱᠢᠰᠲ᠋ᠧᠮ᠎ᠲᠠᠢ ᠲᠣᠭ᠍ᠲᠠᠭᠠᠯ ᠭᠠᠷᠭᠠᠵᠤ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠤ ᠬᠠᠮᠢᠶ᠎ᠠ ᠪᠦᠬᠦᠢ ᠬᠠᠤᠯᠢ ᠲᠣᠭ᠍ᠲᠠᠭᠠᠯᠲᠠ᠎ᠶ᠋ᠢᠨ ᠬᠤᠭᠤᠰᠣᠨ᠎ᠢ ᠨᠥᠬᠦᠪᠥᠷᠢᠯᠡᠪᠡ᠃ ᠢᠷᠭᠡᠨ᠎ᠤ ᠵᠠᠷᠭᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠭᠠᠳᠠᠭᠠᠳᠤ᠎ᠳᠤ ᠬᠤᠯᠪᠣᠭ᠍ᠳᠠᠬᠤ ᠢᠷᠭᠡᠨ᠎ᠤ ᠵᠠᠷᠭᠤ᠎ᠶ᠋ᠢᠨ ᠵᠢᠷᠤᠮ᠎ᠢ ᠲᠡᠭᠦᠯᠳᠡᠷᠵᠢᠭᠦᠯᠵᠦ᠍᠂ ᠮᠠᠨ᠎ᠤ ᠤᠯᠤᠰ᠎ᠤᠨ ᠱᠢᠭᠦᠬᠦ᠌ ᠬᠤᠷᠢᠶ᠎ᠠ᠎ᠶ᠋ᠢᠨ ᠭᠠᠳᠠᠭᠠᠳᠤ᠎ᠲᠠᠢ ᠬᠤᠯᠪᠣᠭ᠍ᠳᠠᠭ᠍ᠰᠠᠨ ᠢᠷᠭᠡᠨ᠎ᠤ ᠬᠡᠷᠡᠭ᠎ᠤᠨ ᠬᠠᠷᠢᠶᠠᠯᠠᠬᠤ ᠬᠡᠪᠴᠢᠶ᠎ᠡ᠎ᠶ᠋ᠢ ᠵᠣᠬᠢᠰᠲᠠᠶ᠎ᠪᠠᠷ ᠥᠷᠭᠡᠳᠭᠡᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ᠎ᠪᠠᠷ ᠵᠠᠰᠠᠬ᠍ᠰᠠᠨ᠂ ᠤᠯᠠᠨ ᠤᠯᠤᠰᠴᠢᠯᠠᠬ᠍ᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠬᠤ᠎ᠶ᠋ᠢ ᠠᠬᠢᠭᠤᠯᠪᠠ᠃
ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠶ ᠠᠬᠢᠭᠤᠯᠪᠡ᠃ ᠨᠠᠮ᠎ᠤᠨ ᠬᠠᠤᠯᠢ ᠲᠣᠭ᠍ᠲᠠᠭᠠᠬᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠠᠵᠢᠯ᠎ᠳᠠᠬᠢ ᠭᠤᠣᠯᠯᠠᠬᠤ ᠦᠢᠯᠡᠳᠦᠯ᠎ᠢ ᠪᠠᠳᠠᠷᠠᠭᠤᠯᠤᠨ᠂ ᠲᠣᠭ᠍ᠲᠠᠭᠠᠬᠤ ᠵᠠᠰᠠᠪᠤᠷᠢ ᠤᠷᠤᠭᠤᠯᠬᠤ ᠬᠦᠴᠦᠨ ᠥᠬᠡᠶ ᠪᠣᠯᠭᠠᠬᠤ ᠲᠠᠢᠯᠪᠤᠷᠢᠯᠠᠬᠤ ᠨᠠᠢᠷᠠᠭᠤᠯᠬᠤ ᠠᠵᠢᠯ᠎ᠢ ᠨᠢᠭᠡᠳᠦᠯᠲᠡᠢ ᠲᠥᠯᠥᠪᠯᠡᠵᠦ᠍᠂ ᠴᠠᠭ᠂ ᠬᠡᠮᠵᠢᠶ᠎ᠡ᠂ ᠪᠦᠲᠦᠮᠵᠢ᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭ ᠬᠤᠭᠤᠴᠠᠭᠠᠲᠤ ᠴᠢᠨᠠᠷ᠎ᠢ ᠴᠢᠩᠭᠠᠳᠭᠠᠪᠡ᠃ ᠪᠤᠰᠤᠳᠴᠢ ᠵᠢᠮ᠎ᠡ ᠶᠣᠰᠣ᠂ ᠬᠠᠤᠯᠢ ᠲᠣᠭ᠍ᠲᠠᠭᠠᠬᠤ ᠵᠢᠮ᠎ᠡ ᠶᠣᠰᠣ᠎ᠶ᠋ᠢ ᠵᠢᠷᠤᠮᠯᠠᠨ ᠡᠵᠡᠮᠱᠢᠵᠦ᠍᠂ ᠰᠡᠳᠦᠪ ᠲᠣᠭ᠍ᠲᠠᠭᠠᠬᠤ᠂ ᠲᠤᠭᠤᠷᠪᠢᠬᠤ᠂ ᠬᠢᠨᠠᠨ ᠶᠠᠷᠢᠯᠴᠠᠬᠤ᠂ ᠪᠠᠲᠤᠯᠠᠬᠤ ᠵᠡᠷᠭᠡ ᠡᠯ᠎ᠡ ᠭᠤᠭ᠍ᠴᠤᠭ᠎ᠠ᠎ᠶ᠋ᠢᠨ ᠬᠢᠨᠠᠯᠲᠡ᠎ᠶ᠋ᠢ ᠰᠠᠢᠲᠤᠷ ᠠᠳᠭᠤᠵᠤ᠂ ᠴᠠᠭ᠎ᠨᠢ ᠴᠢᠨᠠᠷ ᠴᠢᠨᠰᠠᠭ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠯᠲᠠ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠣᠨᠣᠪᠴᠢᠲᠠᠶ ᠲᠤᠰᠭᠠᠬᠤ᠎ᠶ᠋ᠢ ᠪᠠᠲᠤᠯᠠᠵᠤ᠂ ᠬᠠᠤᠯᠢ ᠴᠠᠭᠠᠵᠠ ᠨᠢᠭᠡ ᠪᠦᠷᠢ᠎ᠶ᠋ᠢ ᠴᠥᠮ ᠠᠷᠠᠳ᠎ᠤᠨ ᠰᠠᠨᠠᠭ᠎ᠠ᠎ᠶ᠋ᠢ ᠭᠦᠢᠴᠡᠳ ᠲᠤᠰᠭᠠᠵᠤ᠂ ᠠᠷᠠᠳ᠎ᠤᠨ ᠠᠮᠢᠳᠤᠷᠠᠯ᠎ᠳᠤ ᠣᠢᠷᠠᠲᠤᠭᠤᠯᠵᠤ᠂ ᠠᠷᠠᠳ᠎ᠤᠨ ᠰᠡᠳᠭᠢᠯ᠎ᠳᠤ ᠨᠡᠢᠴᠡᠭᠦᠯᠬᠦ᠌᠎ᠪᠠᠷ ᠴᠢᠷᠮᠠᠢᠪᠡ᠃ ᠨᠢᠭᠡ ᠵᠢᠯ᠎ᠤᠨ ᠲᠤᠷᠰᠢ ᠬᠢᠨᠠᠨ ᠶᠠᠷᠢᠯᠴᠠᠭ᠍ᠰᠠᠨ ᠬᠠᠤᠯᠢ ᠴᠠᠭᠠᠵᠠ᠎ᠶ᠋ᠢᠨ ᠲᠦᠰᠦᠯ᠎ᠤᠨ ᠳᠣᠲᠣᠷ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠰᠭᠠᠶ ᠵᠦᠪᠯᠡᠯ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠵᠥᠪᠯᠡᠯ᠎ᠠᠴᠠ ᠲᠦᠷᠦᠭᠦᠯᠡᠨ ᠲᠤᠭᠤᠷᠪᠢᠭ᠍ᠰᠠᠨ᠎ᠨᠢ 14 ᠬᠤᠪᠢ ᠪᠠᠢᠵᠤ᠂ 41% ᠶ᠋ᠢ ᠡᠵᠡᠯᠡᠪᠡ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠪᠠᠢᠭᠤᠯᠤᠯᠲᠠ ᠪᠠ ᠠᠵᠢᠯ᠎ᠢ ᠴᠢᠩᠭᠠᠳᠭᠠᠪᠠ᠂ ᠣᠳᠣᠬᠠᠨ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ ᠨᠡᠢᠲᠡ 45 ᠪᠠᠢᠵᠤ ᠂ ᠮᠤᠵᠢ᠂ ᠬᠤᠲᠠ ᠬᠤᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠳᠠᠢᠴᠢᠯᠠᠨ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠢ 6500 ᠭᠠᠷᠤᠶ ᠪᠠᠢᠭᠤᠯᠵᠤ᠂ ᠬᠠᠤᠯᠢ ᠲᠣᠭ᠍ᠲᠠᠭᠠᠯᠲᠠ᠎ᠶ᠋ᠢᠨ ᠠᠷᠠᠳ᠎ᠤᠨ ᠰᠠᠨᠠᠭ᠎ᠠ᠎ᠶ᠋ᠢ ᠰᠣᠨᠣᠰᠭᠤ 《ᠱᠢᠭᠤᠳ ᠨᠡᠪᠲᠡᠷᠡᠬᠦ᠌ ᠲᠡᠷᠭᠡ》 ᠶ᠋ᠢᠨ ᠦᠢᠯᠡᠳᠦᠯ᠎ᠢ ᠪᠠᠳᠠᠷᠠᠭᠤᠯᠪᠡ᠃ 24 ᠬᠤᠪᠢ ᠤᠳᠠᠭᠠᠨ᠎ᠤ ᠬᠠᠤᠯᠢ ᠴᠠᠭᠠᠵᠠ᠎ᠶ᠋ᠢᠨ ᠲᠥᠰᠦᠯ᠎ᠢ ᠨᠡᠢᠭᠡᠮ᠎ᠳᠤ ᠨᠡᠢᠲᠡᠯᠡᠵᠦ᠍ ᠰᠠᠨᠠᠯ ᠬᠤᠷᠢᠶᠠᠭᠠᠳ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠪᠠᠷᠤᠭ ᠨᠠᠢᠲᠡ 20 ᠭᠠᠷᠤᠢ ᠲᠦᠮᠡᠨ ᠵᠤᠷᠪᠤᠰ ᠬᠦᠯᠢᠶᠡᠨ ᠠᠪᠤᠪᠠ᠃ ᠪᠠᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠬᠢᠬᠦ᠂ ᠨᠤᠲᠠᠯᠠᠬᠤ᠂ ᠦᠨᠡᠯᠡᠨ ᠵᠢᠱ᠌ᠢᠬᠦ᠌ ᠵᠡᠷᠭᠡ ᠠᠷᠭ᠎ᠠ ᠮᠠᠶᠢᠭ᠎ᠢ ᠨᠢᠭᠡᠳᠦᠯᠲᠡᠶ ᠲᠥᠯᠥᠪᠯᠡᠨ ᠬᠡᠷᠡᠭ᠌ᠯᠡᠵᠦ᠍᠂ ᠬᠠᠤᠯᠢ ᠲᠣᠭ᠍ᠲᠠᠭᠠᠬᠤ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠪᠠ᠃
ᠭᠤᠷᠪᠠ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠬᠢᠨᠠᠯᠲᠠ ᠲᠠᠯᠪᠢᠬᠤ ᠡᠷᠬᠡ᠎ᠶ᠋ᠢ ᠰᠠᠢᠲᠤᠷ ᠬᠡᠷᠡᠭ᠌ᠯᠡᠵᠦ᠍᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ᠂ ᠪᠦᠳᠦᠮᠵᠢᠲᠤ ᠴᠢᠨᠠᠷ᠎ᠢ ᠴᠢᠩᠭᠠᠳᠭᠠᠪᠠ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠪᠣᠯ ᠨᠠᠮ ᠪᠠ ᠲᠦᠷᠦ᠍᠎ᠶ᠋ᠢᠨ ᠬᠢᠨᠠᠯᠲᠠ ᠲᠠᠯᠪᠢᠬᠤ ᠱᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠲᠦᠷᠦ᠍᠎ᠶ᠋ᠢᠨ ᠡᠷᠬᠡᠲᠦ ᠪᠠᠢᠭᠤᠯᠭ᠎ᠠ᠎ᠶ᠋ᠢᠨ ᠠᠷᠠᠳ ᠲᠦᠮᠡᠨ᠎ᠢ ᠲᠥᠯᠥᠭᠡᠯᠡᠨ ᠬᠢᠬᠦ᠂ ᠬᠠᠤᠯᠢ ᠴᠠᠭᠠᠵᠠ᠎ᠶ᠋ᠢᠨ ᠬᠦᠴᠦᠨ ᠪᠦᠬᠦᠢ ᠬᠢᠨᠠᠯᠲᠠ ᠪᠤᠯᠤᠨ᠎ᠠ᠃ ᠪᠠᠢᠩᠭᠤ᠎ᠶ᠋ᠢᠨ ᠬᠤᠷᠢᠶ᠎ᠠ ᠭᠤᠣᠯ ᠠᠵᠢᠯ᠎ᠲᠠᠢ ᠤᠶᠠᠯᠳᠤᠭᠤᠯᠬᠤ᠂ ᠶᠡᠭᠡ ᠲᠠᠯ᠎ᠠ᠎ᠳᠤ ᠦᠢᠯᠡᠴᠢᠯᠡᠬᠦ᠂ ᠭᠤᠣᠯᠳᠠᠯᠭ᠎ᠠ᠎ᠶ᠋ᠢ ᠳᠣᠪᠤᠢᠯᠭᠠᠬᠤ᠎ᠶ᠋ᠢ ᠪᠠᠷᠢᠮᠲᠠᠯᠠᠨ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠦ᠍᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠪᠦᠬᠦ᠌ ᠲᠠᠯ᠎ᠠ᠎ᠪᠠᠷ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠵᠤ᠂ ᠡᠯ᠎ᠡ ᠲᠦᠷᠦ᠍᠎ᠶ᠋ᠢᠨ ᠪᠠᠢᠭᠤᠯᠭ᠎ᠠ᠎ᠶ᠋ᠢᠨ ᠬᠠᠤᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ ᠪᠡᠶᠡᠯᠡᠭᠦᠯᠬᠦ᠌᠎ᠶ᠋ᠢ ᠪᠠᠲᠤᠯᠠᠪᠠ᠃ ᠨᠢᠭᠡ ᠵᠢᠯ᠎ᠤᠨ ᠲᠤᠷᠰᠢ᠂ 《ᠨᠢᠭᠡ ᠣᠷᠳᠣᠨ ᠬᠤᠶᠠᠷ ᠬᠤᠷᠢᠶ᠎ᠠ》 ᠶ᠋ᠢᠨ 22 ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ 5 ᠬᠠᠤᠯᠢ ᠴᠠᠭᠠᠵᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠠ᠂ 2 ᠤᠳᠠᠭᠠᠨ ᠤ᠋ ᠲᠤᠰᠭᠠᠶ ᠰᠡᠳᠦᠪᠲᠦ ᠯᠠᠪᠯᠠᠨ ᠠᠰᠠᠭᠤᠯᠭ᠎ᠠ᠂ 7 ᠵᠦᠢᠯ ᠤ᠋ᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 2 ᠱᠢᠢᠳᠪᠦᠷᠢ ᠭᠠᠷᠭᠠᠪᠠ᠃ 157212 ᠬᠤᠪᠢ ᠤᠳᠠᠭ᠎ᠠ᠎ᠶ᠋ᠢᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠪᠡ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠬᠦᠴᠦᠨ ᠨᠡᠮᠡᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠡ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢᠨ ᠲᠤᠪᠴᠢ᠎ᠶ᠋ᠢ ᠬᠡᠷᠡᠭ᠌ᠵᠢᠭᠦᠯᠦᠭ᠌ᠰᠡᠨ ᠳᠤᠮᠳᠠ ᠬᠤᠭᠤᠴᠠᠭᠠᠨ᠎ᠤ ᠦᠨᠡᠯᠡᠨ ᠵᠢᠱ᠌ᠢᠯᠲᠡ᠂ ᠲᠥᠯᠥᠪᠯᠡᠭᠡ᠎ᠶ᠋ᠢ ᠭᠦᠢᠴᠡᠳᠭᠡᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠬᠡᠮᠵᠢᠶ᠎ᠡ᠎ᠶ᠋ᠢᠨ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠵᠢᠱ᠌ᠢᠭ᠌ᠰᠡᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠪᠡ᠃ ᠮᠥᠩᠭᠦᠨ ᠭᠦᠢᠯᠭᠡᠭᠡᠨ᠎ᠤ ᠠᠵᠢᠯ᠎ᠤᠨ ᠪᠠᠢᠳᠠᠯ᠎ᠤᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠂ ᠮᠥᠩᠭᠦᠨ ᠭᠦᠢᠯᠭᠡᠭᠡᠨ᠎ᠤ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠢᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠮᠥᠩᠭᠦᠨ ᠭᠦᠢᠯᠭᠡᠭᠡᠨ᠎ᠤ ᠠᠶᠤᠯ ᠲᠦᠭ᠌ᠰᠢᠭᠦᠷᠢ᠎ᠶ᠋ᠢ ᠢᠳᠡᠪᠬᠢᠲᠡᠶ ᠯᠠᠪᠳᠠᠭᠤᠨ᠎ᠢᠶᠠᠷ ᠰᠡᠷᠭᠡᠢᠯᠡᠨ ᠠᠷᠢᠯᠭᠠᠬᠤ ᠵᠡᠷᠭᠡ ᠰᠠᠨᠠᠭᠤᠯᠭ᠎ᠠ᠎ᠶ᠋ᠢ ᠳᠤᠷᠠᠳᠪᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠠᠪᠱᠢᠯᠳᠠ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠬᠦ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠲᠦᠷᠭᠡᠳᠭᠡᠬᠦ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠬᠦ᠌᠎ᠶ᠋ᠢ ᠠᠬᠢᠭᠤᠯᠪᠠ᠃ ᠦᠷ᠎ᠡ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠦᠷ᠎ᠡ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠭᠦᠯᠬᠦ᠂ ᠦᠷ᠎ᠡ᠎ᠶ᠋ᠢᠨ ᠢᠷᠡᠯᠲᠡ᠎ᠶ᠋ᠢ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠤᠯᠬᠤ᠎ᠶ᠋ᠢ ᠠᠬᠢᠭᠤᠯᠪᠡ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠠᠵᠢᠯ᠎ᠤᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬ᠍ᠰᠠᠨ ᠪᠦᠭᠡᠳ ᠲᠤᠰᠭᠠᠢ ᠰᠡᠳᠤᠪᠲᠤ ᠯᠠᠪᠯᠠᠨ ᠠᠰᠠᠭᠤᠬᠤ ᠠᠵᠢᠯ᠎ᠢ ᠦᠷᠨᠢᠭᠦᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠬᠥᠮᠦᠨ᠎ᠤ ᠬᠤᠭᠤᠯᠠ ᠬᠦᠨᠡᠰᠤ᠎ᠪᠠᠨ ᠪᠡᠶ᠎ᠡ᠎ᠳᠡᠭᠡᠨ ᠲᠦᠱᠢᠭ᠌ᠯᠡᠨ ᠱᠢᠢᠳᠪᠦᠷᠢᠯᠡᠬᠦ᠌᠎ᠶ᠋ᠢ ᠦᠨᠡᠨ ᠬᠦ᠌ ᠪᠠᠲᠤᠯᠠᠪᠠ᠃ ᠣᠨᠴᠠ ᠲᠦᠷᠦᠯ᠎ᠤᠨ ᠲᠤᠨᠤᠭ ᠲᠥᠬᠦᠭᠡᠷᠦᠮᠵᠢ᠎ᠶ᠋ᠢᠨ ᠠᠶᠤᠯᠭᠦᠶ᠎ᠶ᠋ᠢᠨ ᠬᠠᠤᠯᠢ᠂ ᠠᠶᠤᠯᠭᠦᠶ ᠦᠢᠯᠡᠳᠪᠦᠷᠢᠯᠡᠯ᠎ᠤᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ ᠠᠶᠤᠯᠭᠦᠶ᠎ᠶ᠋ᠢᠨ ᠡ᠊ᠨᠳᠡᠯ᠎ᠢ ᠤᠷᠢᠳᠴᠢᠯᠠᠨ ᠰᠡᠷᠭᠡᠢᠯᠡᠬᠦ᠌ ᠪᠠ ᠪᠠᠭᠠᠰᠭᠠᠵᠤ᠂ ᠠᠷᠠᠳ ᠤᠯᠠᠨ᠎ᠤ ᠠᠮᠢ ᠨᠠᠰᠤ ᠪᠠ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠤᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ ᠵᠡᠷᠭᠡ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠲᠡᠩᠴᠡᠭᠦᠷᠢᠲᠦ ᠴᠢᠨᠠᠷ᠂ ᠵᠣᠬᠢᠴᠠᠯᠳᠤ ᠴᠢᠨᠠᠷ᠎ᠢ ᠨᠡᠮᠡᠭ᠌ᠳᠡᠭᠦᠯᠵᠦ᠍᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ ᠱᠢᠨ᠎ᠡ ᠴᠠᠭ ᠦᠶ᠎ᠡ᠎ᠶ᠋ᠢᠨ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠤᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠱᠢᠨ᠎ᠡ ᠴᠠᠭ ᠦᠶ᠎ᠡ᠎ᠶ᠋ᠢᠨ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠤᠯᠢ ᠶᠣᠰᠣᠭᠠᠷ ᠠᠬᠢᠭᠤᠯᠵᠤ᠂ ᠬᠠᠷᠢᠶᠠᠲᠤ ᠨᠠᠷ᠎ᠤᠨ ᠰᠡᠳᠭᠢᠯ ᠬᠠᠷᠢᠶᠠᠲᠤ ᠨᠠᠷ᠎ᠤᠨ ᠬᠦᠴᠦᠨ᠎ᠢ ᠦᠷᠭᠦᠯᠵᠢᠯᠡᠨ ᠨᠢᠭ᠍ᠲᠠᠷᠠᠭᠤᠯᠪᠡ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠳᠤᠮᠳᠠᠳᠤ ᠤᠯᠤᠰ (ᠬᠠᠢᠨᠠᠨ) ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠲᠦᠷ ᠲᠤᠬᠢᠷᠠᠭᠤᠯᠤᠨ ᠬᠡᠷᠡᠭ᠌ᠯᠡᠭ᠌ᠰᠡᠨ ᠪᠠᠢᠳᠠᠯ᠎ᠤᠨ ᠲᠤᠬᠠᠢ ᠳᠤᠮᠳᠠ ᠬᠤᠭᠤᠴᠠᠭᠠᠨ᠎ᠤ ᠮᠡᠳᠡᠭᠦᠯᠦᠯᠲᠡ᠎ᠶ᠋ᠢ ᠬᠢᠨᠠᠨ ᠶᠠᠷᠢᠯᠴᠠᠵᠤ᠂ ᠨᠡᠩ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠰᠦᠪᠡᠭ᠌ᠴᠢᠯᠡᠨ ᠠᠬᠢᠭᠤᠯᠬᠤ᠎ᠳᠤ ᠬᠠᠤᠯᠢ ᠴᠠᠭᠠᠵᠠ᠎ᠶ᠋ᠢᠨ ᠳᠡᠮᠵᠢᠯᠭᠡ ᠬᠠᠩᠭᠠᠪᠠ᠃
ᠲᠥᠰᠦᠪ ᠪᠠ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠬᠤ ᠪᠠ ᠲᠡᠭᠦᠨ᠎ᠳᠤ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠪᠡ᠃ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠵᠢᠭᠡᠯᠡᠯᠭᠡ᠎ᠶ᠋ᠢ ᠨᠡᠮᠡᠵᠦ᠍ ᠲᠠᠷᠬᠠᠭᠠᠬᠤ ᠪᠠ 2023 ᠣᠨ᠎ᠤ ᠲᠥᠪ᠎ᠤᠨ ᠲᠥᠰᠦᠪ᠎ᠲᠤ ᠲᠤᠬᠢᠷᠠᠭᠤᠯᠤᠯᠳᠠ ᠬᠢᠬᠦ᠌ ᠲᠥᠰᠦᠯ᠎ᠢ ᠵᠥᠪᠱᠢᠶᠡᠷᠡᠬᠦ᠌ ᠲᠤᠬᠠᠶ ᠱᠢᠢᠳᠪᠦᠷᠢ ᠭᠠᠷᠭᠠᠵᠤ᠂ ᠭᠠᠮᠱᠢᠭ᠎ᠤᠨ ᠳᠠᠷᠠᠭᠠᠬᠢ ᠰᠡᠷᠭᠦᠭᠡᠵᠤ ᠲᠠᠬᠢᠨ ᠪᠦᠳᠦᠭᠡᠨ ᠪᠠᠢᠭᠤᠯᠬᠤ ᠪᠠ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠪᠡ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠲᠥᠪ᠎ᠤᠨ ᠲᠥᠰᠦᠪ᠎ᠤᠨ ᠭᠦᠢᠴᠡᠳᠭᠡᠯ᠂ ᠲᠦᠰᠦᠪ᠎ᠢ ᠬᠦᠢᠴᠡᠳᠭᠡᠭ᠌ᠰᠡᠨ ᠪᠠᠢᠳᠠᠯ᠂ ᠡᠳ᠋᠎ᠤᠨ ᠵᠠᠰᠠᠭ᠎ᠤᠨ ᠱᠢᠯᠵᠢᠭᠦᠯᠦᠨ ᠥᠭ᠌ᠬᠦᠯᠲᠡ᠂ ᠡᠳ᠋᠎ᠤᠨ ᠵᠠᠰᠠᠭ᠎ᠤᠨ ᠰᠣᠶᠣᠯ᠎ᠤᠨ ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠣᠯᠤᠨ ᠬᠡᠷᠡᠭ᠌ᠯᠡᠯᠲᠡ ᠵᠡᠷᠭᠡ᠎ᠶ᠋ᠢᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ 2022 ᠣᠨ᠎ᠤ ᠲᠥᠪ᠎ᠤᠨ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠵᠥᠪᠱᠢᠶᠡᠷᠡᠡ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠪᠣᠯᠤᠨ ᠬᠤᠯᠪᠣᠭ᠍ᠳᠠᠯ ᠪᠦᠬᠦᠢ ᠲᠠᠯ᠎ᠠ᠎ᠶ᠋ᠢᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠠᠵᠢᠯ᠎ᠤᠨ ᠪᠦᠲᠦᠮᠵᠢ᠎ᠶ᠋ᠢᠨ ᠬᠠᠮᠢᠶᠠᠷᠤᠯᠲᠠ ᠪᠣᠯᠤᠨ ᠡᠳ᠋᠎ᠤᠨ ᠶᠠᠪᠤᠳᠠᠯ᠎ᠤᠨ ᠨᠢᠬ᠍ᠲᠠᠯᠠᠨ ᠪᠤᠳᠤᠯᠲᠠ᠎ᠶ᠋ᠢᠨ ᠬᠢᠨᠠᠯᠲᠠ᠎ᠶ᠋ᠢ ᠴᠢᠩᠭᠠᠳᠭᠠᠨ᠂ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ ᠨᠢᠭᠡᠳᠦᠯᠲᠡᠶ ᠲᠥᠯᠥᠪᠯᠡᠵᠦ᠍ ᠵᠢᠷᠤᠮᠵᠢᠭᠤᠯᠤᠨ ᠥᠨᠳᠥᠷ ᠪᠦᠲᠦᠮᠵᠢᠲᠡᠶ᠎ᠪᠠᠷ ᠬᠡᠷᠡᠭ᠌ᠯᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠭᠡ ᠤᠯᠭᠤᠵᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠱᠢᠨ᠎ᠡ᠎ᠪᠠᠷ ᠨᠡᠮᠡᠭ᠌ᠳᠡᠬᠦ᠌ ᠬᠡᠰᠡᠭ ᠦᠷᠢ ᠦᠭ᠌ᠴᠡᠭᠡᠨᠤ ᠬᠢᠵᠠᠭᠠᠷ ᠲᠤᠭ᠎ᠠ᠎ᠶ᠋ᠢ ᠤᠷᠢᠳᠴᠢᠯᠠᠨ ᠪᠠᠭᠤᠯᠭᠠᠭᠤᠯᠬᠤ ᠲᠤᠬ᠍ᠳᠠᠭᠠᠯ ᠭᠠᠷᠭᠠᠪᠡ᠃ ᠬᠢᠨᠠᠨ ᠪᠤᠳᠤᠬᠤ ᠠᠵᠢᠯ᠂ ᠬᠢᠨᠠᠨ ᠪᠤᠳᠤᠯᠲᠠ᠎ᠳᠤ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠠᠰᠠᠭᠤᠳᠠᠯ᠎ᠢ ᠪᠠᠢᠴᠠᠭᠠᠨ ᠭᠠᠷᠭᠠᠭ᠍ᠰᠠᠨ 《ᠳᠡᠭᠡᠷ᠎ᠡ ᠬᠠᠭᠠᠰ ᠵᠣᠬᠢᠶᠠᠯ》 ᠪᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠬ᠍ᠰᠠᠨ 《ᠳᠣᠤᠷ᠎ᠠ ᠬᠠᠭᠠᠰ ᠵᠣᠬᠢᠶᠠᠯ》 ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠰᠠᠢᠲᠤᠷ ᠬᠢᠬᠦ᠌᠎ᠶ᠋ᠢ ᠱᠢᠪᠠᠳᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠰᠥᠪ᠎ᠢ ᠬᠢᠨᠠᠨ ᠪᠠᠢᠴᠠᠭᠠᠬᠤ ᠪᠠ ᠲᠦᠰᠦᠪ᠎ᠲᠤ ᠬᠢᠨᠠᠯᠲᠠ ᠲᠠᠯᠪᠢᠬᠤ ᠭᠤᠣᠯᠳᠠᠯᠭ᠎ᠠ᠎ᠶ᠋ᠢ ᠵᠠᠷᠤᠯᠭ᠎ᠠ᠎ᠶ᠋ᠢᠨ ᠲᠥᠰᠥᠪ ᠪᠠ ᠲᠥᠷᠥ᠎ᠶ᠋ᠢᠨ ᠪᠣᠳᠣᠯᠭ᠎ᠠ ᠲᠡᠢᠰᠢ ᠥᠷᠭᠡᠵᠢᠭᠦᠯᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠤ᠂ ᠲᠥᠰᠥᠪ᠎ᠤᠨ ᠰᠦᠯᠵᠢᠶᠡᠵᠢᠭᠦᠯᠦᠭ᠌ᠰᠡᠨ ᠬᠢᠨᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠲᠥᠰᠦᠪ᠎ᠤᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠤᠨ ᠪᠠᠢᠭᠤᠯᠤᠯᠲᠠ᠎ᠶ᠋ᠢ ᠴᠢᠩᠭᠠᠳᠭᠠᠪᠡ᠃ ᠱᠢᠶᠠᠨ᠎ᠤ ᠱᠠᠳᠣᠨ᠎ᠤ ᠥᠨᠳᠥᠰᠥᠨ ᠡᠳ᠋᠎ᠤᠨ ᠬᠥᠴᠥᠨ᠎ᠤ ᠪᠠᠳᠣᠯᠠᠭ᠎ᠠ᠎ᠶ᠋ᠢᠨ ᠲᠣᠭ᠍ᠳᠠᠴᠠ᠂ ᠵᠠᠰᠠᠭ᠎ᠤᠨ ᠣᠷᠳᠣᠨ᠎ᠤ ᠴᠢᠨᠠᠷᠲᠠᠶ ᠬᠡᠰᠡᠭ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠵᠡᠷᠭᠡ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃
ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠤᠷᠳᠤᠨ᠎ᠤ ᠦᠷᠢ ᠦᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠢ ᠮᠡᠳᠡᠭᠦᠯᠬᠦ᠌ ᠪᠠ ᠬᠢᠨᠠᠯᠲᠠ ᠲᠠᠯᠪᠢᠬᠤ ᠲᠦᠷᠢᠮ᠎ᠢ ᠲᠡᠭᠦᠯᠳᠡᠷᠵᠢᠭᠦᠯᠵᠦ᠍᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠳᠤ ᠬᠢᠨᠠᠯᠲᠠ ᠲᠠᠯᠪᠢᠬᠤ ᠠᠵᠢᠯ᠎ᠤᠨ ᠲᠠᠪᠤᠨ ᠵᠢᠯ᠎ᠤᠨ ᠲᠥᠯᠥᠪᠵᠢᠭᠦᠯᠭᠡ (2023 — 2027) ᠶ᠋ᠢ ᠲᠣᠭ᠍ᠲᠠᠭᠠᠪᠠ᠃ 2022 ᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠬᠢᠨᠠᠨ ᠶᠠᠷᠢᠯᠴᠠᠵᠦ᠍᠂ ᠮᠥᠩᠭᠦᠨ ᠭᠦᠢᠯᠭᠡᠭᠡᠨ᠎ᠤ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠤᠰᠭᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠦ᠍᠂ ᠮᠥᠩᠭᠦᠨ ᠭᠦᠢᠯᠭᠡᠭᠡᠨ᠎ᠤ ᠤᠯᠤᠰ᠎ᠤᠨ ᠥᠮᠴᠢᠯᠡᠯ᠎ᠤᠨ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠨᠠᠩ ᠰᠠᠢᠨ ᠦᠢᠯᠡᠴᠢᠯᠡᠬᠦ᠌᠎ᠶ᠋ᠢ ᠠᠬᠢᠭᠤᠯᠪᠠ᠃ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠳᠤ ᠰᠦᠯᠵᠢᠶᠡᠵᠢᠭᠦᠯᠦᠨ ᠬᠢᠨᠠᠯᠲᠠ ᠲᠠᠯᠪᠢᠬᠤ᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠵᠤ ᠦᠨᠡᠯᠡᠬᠦ᠌ ᠭᠦᠢᠴᠡᠳᠭᠡᠯ ᠲᠣᠭᠠᠨ᠎ᠤ ᠱᠢᠰᠲ᠋ᠧᠮ᠎ᠢ ᠰᠦᠪᠡᠭ᠌ᠴᠢᠯᠡᠨ ᠪᠠᠢᠭᠤᠯᠪᠠ᠃ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠵᠤ᠂ ᠪᠠᠢᠩᠭᠤ᠎ᠶ᠋ᠢᠨ ᠬᠤᠷᠢᠶ᠎ᠠ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ ᠲᠦᠷᠢᠮ᠎ᠢ ᠪᠠᠢᠭᠤᠯᠪᠠ᠃
ᠠᠷᠠᠳ᠎ᠤᠨ ᠠᠮᠢᠳᠤᠷᠠᠯ᠎ᠤᠨ ᠳᠣᠪᠤᠢᠮ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠱᠢᠯᠭᠠᠯᠲᠠ᠎ᠪᠠᠷ ᠰᠣᠷᠣᠭ᠍ᠴᠢ ᠡᠯᠰᠡᠬᠦ᠌ ᠲᠦᠷᠢᠮ᠎ᠤᠨ ᠥᠭᠡᠷᠡᠴᠢᠯᠡᠯᠲᠡ᠎ᠶ᠋ᠢᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠥᠷᠭᠡᠳᠭᠡᠬᠦ᠂ ᠰᠤᠷᠤᠭ᠍ᠴᠢᠳ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠂ ᠰᠤᠷᠭᠠᠨ ᠬᠥᠮᠦᠵᠢᠯ᠎ᠤᠨ ᠭᠤᠤᠯᠴᠢ ᠪᠠᠢᠬᠤ᠎ᠶ᠋ᠢ ᠠᠬᠢᠭᠤᠯᠬᠤ ᠵᠡᠷᠭᠡ ᠰᠠᠨᠠᠭᠤᠯᠭ᠎ᠠ ᠳᠤᠷᠠᠳᠪᠠ᠃ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠠᠵᠢᠯ᠎ᠤᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠦ᠍᠂ ᠭᠡᠷ ᠪᠦᠯᠢ᠎ᠶ᠋ᠢᠨ ᠡᠶ᠎ᠡ ᠨᠠᠢᠷᠠᠮᠳᠠᠭᠤ᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠠᠬᠢᠭᠤᠯᠪᠠ᠃ ᠤᠶᠤᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠠᠵᠢᠯ᠎ᠤᠨ ᠪᠠᠢᠳᠠᠯ᠎ᠤᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠦ᠍ ᠬᠢᠨᠠᠨ ᠶᠠᠷᠢᠯᠴᠠᠵᠤ᠂ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠠᠩᠬᠠᠷᠴᠤ᠌᠂ ᠤᠶᠤᠨ ᠮᠠᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠪᠡ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠪᠠᠢᠭᠤᠯᠤᠭ᠍ᠰᠠᠨ ᠪᠠᠢᠳᠠᠯ᠎ᠤᠨ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠴᠢᠳᠠᠪᠤᠷᠢ᠎ᠪᠠᠨ ᠠᠯᠳᠠᠭ᠍ᠰᠠᠨ ᠪᠠ ᠤᠶᠤᠨ ᠴᠢᠳᠠᠪᠤᠷᠢ᠎ᠪᠠᠨ ᠠᠯᠳᠠᠭ᠍ᠰᠠᠨ ᠬᠥᠮᠦᠰ᠎ᠤᠨ ᠦᠨᠳᠦᠰᠦᠨ ᠠᠮᠢᠳᠤᠷᠠᠯ᠎ᠤᠨ ᠡᠷᠬᠡ ᠠᠱᠢᠭ᠎ᠢ ᠨᠠᠩ ᠰᠠᠢᠲᠤᠷ ᠪᠠᠲᠤᠯᠠᠬᠤ᠎ᠶ᠋ᠢ ᠠᠬᠢᠭᠤᠯᠪᠠ᠃ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠤᠨ ᠪᠠᠢᠳᠠᠯ᠎ᠲᠠᠢ ᠤᠶᠠᠯᠳᠤᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃
ᠠᠮᠢ ᠠᠬᠤᠢ᠎ᠶ᠋ᠢᠨ ᠣᠷᠴᠢᠨ ᠨᠦᠭᠦᠴᠡᠯ᠎ᠤᠨ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠪᠠ᠃ 2022 ᠣᠨ᠎ᠤ ᠣᠷᠴᠢᠨ ᠠᠬᠤᠢ᠎ᠶ᠋ᠢᠨ ᠪᠠᠢᠳᠠᠯ ᠪᠣᠯᠤᠨ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠤᠨ ᠲᠤᠬᠠᠢ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ ᠪᠦᠬᠦ᠌ ᠤᠯᠤᠰ᠎ᠤᠨ ᠠᠮᠢ ᠠᠬᠤᠶ᠎ᠶ᠋ᠢᠨ ᠣᠷᠴᠢᠨ ᠨᠦᠭᠦᠴᠡᠯ᠎ᠤᠨ ᠬᠠᠮᠠᠭᠠᠯᠠᠯᠲᠠ᠎ᠶ᠋ᠢᠨ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠠᠮᠢ ᠠᠬᠤᠢ᠎ᠶ᠋ᠢ ᠬᠠᠮᠠᠭᠠᠯᠠᠨ ᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠪᠡ᠃ ᠠᠮᠢ ᠠᠬᠤᠶ᠎ᠶ᠋ᠢᠨ ᠣᠷᠴᠢᠨ ᠨᠥᠬᠦᠴᠡᠯ ᠪᠠ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠬᠦᠷᠢᠶᠡᠨ᠎ᠳᠠᠬᠢ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠠᠵᠢᠯ᠎ᠤᠨ ᠪᠠᠢᠳᠠᠯ᠎ᠤᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠂ ᠠᠷᠠᠳ᠎ᠤᠨ ᠱᠢᠭᠦᠬᠦ᠌ ᠬᠤᠷᠢᠶᠠᠨ᠎ᠤ ᠣᠷᠴᠢᠨ ᠠᠬᠤᠶ ᠡᠬᠢ ᠪᠠᠶᠠᠯᠢᠭ᠎ᠤᠨ ᠱᠢᠭᠦᠨ ᠲᠠᠰᠤᠯᠬᠤ ᠠᠵᠢᠯ᠎ᠤᠨ ᠪᠠᠢᠳᠠᠯ᠎ᠤᠨ ᠲᠤᠬᠠᠶ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠮᠡᠳᠡᠭᠦᠯᠦᠯᠲᠡ᠂ ᠠᠷᠠᠳ᠎ᠤᠨ ᠪᠠᠢᠴᠠᠭᠠᠬᠤ ᠬᠤᠷᠢᠶᠠᠨ᠎ᠤ ᠠᠮᠢ ᠠᠬᠤᠶ᠎ᠶ᠋ᠢᠨ ᠣᠷᠴᠢᠨ ᠨᠥᠬᠦᠴᠡᠯ ᠪᠠ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠪᠠᠢᠴᠠᠭᠠᠬᠤ ᠠᠵᠢᠯ᠎ᠤᠨ ᠪᠠᠢᠳᠠᠯ᠎ᠤᠨ ᠲᠤᠬᠠᠶ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠶ᠋ᠢᠨ ᠬᠠᠮᠲᠤ ᠲᠤᠰᠭᠠᠶ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ 《ᠨᠢᠭᠡ ᠣᠷᠳᠣᠨ ᠬᠤᠶᠠᠷ ᠬᠤᠷᠢᠶ᠎ᠠ》 ᠶ᠋ᠢᠨ ᠠᠮᠢ ᠠᠬᠤᠢ᠎ᠶ᠋ᠢᠨ ᠣᠷᠴᠢᠨ ᠨᠦᠭᠦᠴᠡᠯ ᠪᠠ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠠᠬᠢᠭᠤᠯᠵᠤ᠂ ᠣᠷᠴᠢᠨ ᠠᠬᠤᠶ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭ᠌ᠰᠡᠨ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠪᠡ᠃ ᠳᠠᠬᠢᠠ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ ᠱᠢᠩᠭᠡᠭᠡᠯᠲᠡ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠪᠠᠢᠳᠠᠯ᠎ᠤᠨ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃
ᠬᠢᠨᠠᠯᠲᠠ ᠲᠠᠯᠪᠢᠬᠤ ᠠᠵᠢᠯ᠎ᠤᠨ ᠲᠦᠷᠢᠮ ᠲᠣᠭ᠍ᠲᠠᠴᠠ ᠪᠠ ᠠᠷᠭ᠎ᠠ ᠮᠠᠶᠢᠭ ᠠᠷᠭ᠎ᠠ ᠪᠠᠷᠢᠯ᠎ᠢ ᠪᠦᠷᠢᠨᠱᠢᠭᠦᠯᠦᠨ ᠲᠡᠭᠦᠯᠳᠡᠷᠵᠢᠭᠦᠯᠪᠡ᠃ ᠬᠢᠨᠠᠯᠲᠠ ᠲᠠᠯᠪᠢᠬᠤ ᠬᠠᠤᠯᠢ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠬᠢᠨᠠᠯᠲᠠ ᠲᠠᠯᠪᠢᠬᠤ ᠠᠵᠢᠯ᠎ᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠬᠢᠨᠠᠯᠲᠠ ᠲᠠᠯᠪᠢᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠰᠤᠳᠤᠯᠤᠨ ᠲᠤᠭᠤᠷᠪᠢᠬ᠍ᠰᠠᠨ ᠪᠥᠭᠡᠳ ᠠᠩᠬ᠎ᠠ ᠤᠳᠠᠭ᠎ᠠ ᠬᠢᠨᠠᠨ ᠶᠠᠷᠢᠯᠴᠠᠵᠤ᠂ ᠬᠢᠨᠠᠯᠲᠠ ᠲᠠᠯᠪᠢᠬᠤ ᠠᠭᠤᠯᠭ᠎ᠠ᠎ᠪᠠᠨ ᠥᠷᠭᠡᠳᠭᠡᠨ᠂ ᠵᠢᠷᠤᠮ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠨᠡᠩ ᠪᠦᠷᠢᠨ ᠲᠡᠭᠦᠯᠳᠡᠷ ᠲᠦᠷᠢᠮ᠎ᠤᠨ ᠪᠠᠲᠤᠯᠠᠭ᠎ᠠ ᠬᠠᠩᠭᠠᠪᠠ᠃
ᠪᠠᠢᠩᠭᠤ᠎ᠶ᠋ᠢᠨ ᠬᠤᠷᠢᠶ᠎ᠠ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠬᠢᠬᠦ᠌᠎ᠶ᠋ᠢᠨ ᠬᠠᠮᠲᠤ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠨᠠᠢᠳᠠᠵᠤ ᠲᠤᠰ ᠵᠠᠰᠠᠭ ᠵᠠᠬᠢᠷᠭᠠᠨ᠎ᠤ ᠣᠷᠣᠨ᠎ᠤ ᠬᠢᠨᠢ ᠳᠣᠲᠣᠷ᠎ᠠ ᠪᠠᠢᠴᠠᠭᠠᠯᠲᠠ ᠪᠠ ᠪᠠᠢᠴᠠᠭᠠᠠ ᠰᠤᠳᠤᠯᠤᠯᠲᠠ ᠬᠢᠯᠭᠡᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠭᠡᠷ᠎ᠠ ᠲᠣᠣᠷ᠎ᠠ ᠱᠠᠳᠣᠪᠠᠷᠢᠶᠠᠨ ᠬᠤᠯᠪᠣᠯᠳᠣᠨ ᠬᠥᠳᠡᠯᠦᠯᠴᠡᠬᠦ᠌᠎ᠶ᠋ᠢ ᠠᠬᠢᠭᠤᠯᠵᠤ᠂ ᠬᠢᠨᠠᠯᠲᠠ ᠲᠠᠯᠪᠢᠬᠤ ᠠᠵᠢᠯ᠎ᠤᠨ ᠨᠡᠢᠯᠡᠯ ᠬᠦᠴᠦᠨ᠎ᠢ ᠪᠤᠢ ᠪᠣᠯᠭᠠᠪᠠ᠃ ᠡᠮᠦᠨᠡᠬᠢ ᠬᠤᠭᠤᠴᠠᠭᠠᠨ᠎ᠤ ᠪᠠᠢᠴᠠᠭᠠᠨ ᠰᠤᠳᠤᠯᠤᠯᠲᠠ᠂ ᠰᠣᠯᠢᠯᠴᠠᠵᠦ᠍ ᠯᠠᠪᠯᠠᠨ ᠠᠰᠠᠭᠤᠬᠤ᠂ ᠲᠤᠬᠢᠶᠠᠯᠳᠤᠯ᠎ᠢᠶᠠᠷ ᠰᠣᠩᠭᠤᠨ ᠪᠠᠢᠴᠠᠭᠠᠬᠤ᠂ ᠠᠰᠠᠭᠤᠯᠲᠠ᠎ᠶ᠋ᠢᠨ ᠰᠡᠳᠦᠪ᠎ᠢᠶᠠᠷ ᠪᠠᠢᠴᠠᠭᠠᠯᠲᠠ ᠬᠢᠬᠦ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢᠨ ᠠᠰᠠᠭᠤᠯᠲᠠ ᠬᠠᠷᠢᠭᠤᠯᠲᠠ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠯᠲᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠴᠢᠩᠭᠠᠳᠭᠠᠪᠠ᠃ ᠬᠢᠨᠠᠯᠲᠠ ᠲᠠᠯᠪᠢᠬᠤ ᠪᠠ ᠬᠠᠤᠯᠢ ᠲᠣᠭ᠍ᠲᠠᠭᠠᠬᠤ᠎ᠶ᠋ᠢ ᠨᠢᠭ᠍ᠲᠠ ᠤᠶᠠᠯᠳᠤᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠢ᠎ᠶ᠋ᠢᠨ ᠣᠷᠴᠢᠨ ᠨᠦᠭᠦᠴᠡᠯ᠎ᠤᠨ ᠬᠠᠮᠠᠭᠠᠯᠠᠯᠲᠠ ᠵᠡᠷᠭᠡ᠎ᠶ᠋ᠢᠨ ᠲᠣᠭᠤᠷᠢᠨ᠎ᠳᠤ᠂ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠂ ᠬᠠᠦᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠬᠢᠬᠦ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠬᠦ᠌ ᠪᠠ ᠬᠠᠦᠯᠢ ᠲᠣᠭ᠍ᠲᠠᠭᠠᠵᠤ ᠬᠠᠦᠯᠢ᠎ᠳᠤ ᠵᠠᠰᠠᠪᠤᠷᠢ ᠣᠷᠣᠭᠤᠯᠬᠤ᠎ᠶ᠋ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠦᠯᠢ᠎ᠪᠠᠷ ᠵᠠᠰᠠᠬᠤ᠎ᠶ᠋ᠢᠨ ᠠᠷᠭ᠎ᠠ ᠮᠠᠶᠢᠭ᠎ᠢ ᠬᠡᠷᠡᠭ᠌ᠯᠡᠨ ᠠᠰᠠᠭᠤᠳᠠᠯ᠎ᠢ ᠱᠢᠢᠳᠪᠦᠷᠢᠯᠡᠬᠦ᠂ ᠠᠵᠢᠯ᠎ᠢᠶᠠᠨ ᠰᠠᠢᠵᠢᠷᠠᠭᠤᠯᠬᠤ᠂ ᠲᠦᠷᠢᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠪᠠ᠃
ᠳᠦᠷᠪᠡ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠬᠠᠦᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠨᠡᠩ ᠰᠠᠢᠨ ᠭᠦᠢᠴᠡᠳᠭᠡᠬᠦ᠌᠎ᠶ᠋ᠢ ᠳᠡᠮᠵᠢᠨ ᠪᠠᠲᠤᠯᠠᠪᠠ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠪᠣᠯ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢᠨ ᠴᠢᠬᠤᠯᠠ ᠢᠯᠡᠷᠡᠯ ᠮᠥᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠰᠠᠭᠤᠷᠢ ᠮᠥᠨ᠃ ᠪᠠᠢᠩᠭᠤ᠎ᠶ᠋ᠢᠨ ᠬᠤᠷᠢᠶ᠎ᠠ ᠲᠥᠯᠥᠭᠡᠯᠡᠭ᠌ᠴᠢᠳ᠎ᠤᠨ ᠠᠵᠢᠯ᠎ᠤᠨ ᠵᠦᠪᠯᠡᠯ ᠪᠠᠢᠭᠤᠯᠬᠤ᠎ᠪᠠᠷ ᠲᠣᠬᠢᠶᠠᠯ ᠪᠣᠯᠭᠠᠵᠤ᠂ ᠪᠠᠢᠩᠭᠤ᠎ᠶ᠋ᠢᠨ ᠬᠤᠷᠢᠶ᠎ᠠ᠎ᠶ᠋ᠢᠨ ᠲᠥᠯᠥᠭᠡᠯᠡᠭ᠌ᠴᠢᠳᠯᠦᠭᠡᠶ᠋ᠢᠨ ᠬᠠᠷᠢᠯᠴᠠᠭ᠎ᠠ᠂ ᠲᠥᠯᠥᠭᠡᠯᠡᠭ᠌ᠴᠢᠳ᠎ᠤᠨ ᠠᠷᠠᠳ ᠣᠯᠠᠨᠯᠤᠭᠠᠶ᠋ᠢᠨ ᠬᠠᠷᠢᠯᠴᠠᠭ᠎ᠠ᠎ᠶ᠋ᠢ ᠴᠢᠩᠭᠠᠳᠭᠠᠬᠤ᠎ᠪᠠᠷ ᠭᠠᠷᠳᠠᠴᠠ ᠪᠣᠯᠭᠠᠵᠤ᠂ ᠲᠥᠯᠥᠭᠡᠯᠡᠭ᠌ᠴᠢᠳ᠎ᠤᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠲᠥᠯᠥᠭᠡᠯᠡᠭ᠌ᠴᠢᠳ᠎ᠤᠨ ᠬᠠᠦᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠵᠦ᠍᠂ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠡᠮᠵᠢᠨ ᠪᠠᠲᠤᠯᠠᠵᠤ᠂ ᠨᠠᠮ ᠪᠠ ᠤᠯᠤᠰ᠎ᠤᠨ ᠠᠷᠠᠳ ᠤᠯᠠᠨ᠎ᠲᠠᠢ ᠬᠠᠷᠢᠯᠴᠠᠬᠤ ᠬᠥᠭᠦᠷᠭᠡ ᠪᠣᠯᠪᠠ᠃
ᠪᠠᠢᠩᠭᠤ᠎ᠶ᠋ᠢᠨ ᠬᠤᠷᠢᠶ᠎ᠠ᠎ᠶ᠋ᠢᠨ ᠲᠥᠯᠥᠭᠡᠯᠡᠭ᠌ᠴᠢᠳ᠎ᠲᠠᠢ ᠬᠠᠷᠢᠯᠴᠠᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠪᠠ᠃ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠨᠡᠷ 418 ᠲᠥᠯᠥᠭᠡᠯᠡᠭ᠌ᠴᠢ᠎ᠲᠠᠢ ᠱᠢᠭᠤᠳ ᠬᠠᠷᠢᠯᠴᠠᠭ᠎ᠠ ᠪᠠᠢᠭᠤᠯᠵᠤ᠂ ᠲᠤᠰᠭᠠᠶ ᠵᠦᠪᠯᠡᠯ᠂ ᠠᠵᠢᠯ᠎ᠤᠨ ᠵᠦᠪᠯᠡᠯ᠎ᠨᠢ ᠬᠤᠯᠪᠣᠭ᠍ᠳᠠᠯ ᠪᠦᠬᠦᠢ ᠬᠦᠷᠢᠶᠡᠨ᠎ᠤ ᠲᠥᠯᠥᠭᠡᠯᠡᠭ᠌ᠴᠢᠳ᠎ᠲᠠᠢ ᠱᠢᠭᠤᠳ ᠬᠠᠷᠢᠯᠴᠠᠪᠠ᠃ ᠲᠥᠯᠥᠭᠡᠯᠡᠭ᠌ᠴᠢᠳ᠎ᠤᠨ ᠪᠠᠢᠩᠭᠤ᠎ᠶ᠋ᠢᠨ ᠬᠤᠷᠢᠶ᠎ᠠ ᠪᠠ ᠲᠤᠰᠭᠠᠶ ᠵᠦᠪᠯᠡᠯ᠂ ᠠᠵᠢᠯ᠎ᠤᠨ ᠵᠦᠪᠯᠡᠯ᠎ᠤᠨ ᠠᠵᠢᠯ᠎ᠳᠤ ᠣᠷᠣᠯᠴᠠᠬᠤ᠎ᠶ᠋ᠢ ᠥᠷᠭᠡᠳᠭᠡᠪᠡ᠃ ᠲᠥᠯᠥᠭᠡᠯᠡᠭ᠌ᠴᠢᠳ᠎ᠢ 273 ᠬᠥᠮᠦᠨ ᠤᠳᠠᠭ᠎ᠠ ᠤᠷᠢᠵᠤ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠳᠤ ᠰᠤᠯᠠ ᠣᠷᠣᠯᠴᠠᠭᠤᠯᠵᠦ᠍᠂ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠢ 5 ᠤᠳᠠᠭ᠎ᠠ ᠬᠤᠷᠠᠯᠳᠤᠭᠤᠯᠵᠤ᠂ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠢᠶᠠᠷ ᠳᠠᠮᠵᠢᠭᠤᠯᠤᠨ ᠬᠠᠦᠯᠢ ᠴᠠᠭᠠᠵᠠ᠎ᠶ᠋ᠢᠨ ᠲᠥᠰᠦᠯ᠎ᠤᠨ ᠲᠤᠬᠠᠶ ᠲᠥᠯᠥᠭᠡᠯᠡᠭ᠌ᠴᠢᠳ᠎ᠤᠨ ᠰᠠᠨᠠᠯ᠎ᠢ ᠬᠤᠷᠢᠶᠠᠵᠤ᠂ ᠲᠥᠯᠥᠭᠡᠯᠡᠭ᠌ᠴᠢᠳ ᠰᠠᠨᠠᠯ ᠪᠠ ᠰᠠᠨᠠᠭᠤᠯᠭ᠎ᠠ᠎ᠪᠠᠨ ᠨᠡᠢᠳᠡ 2985 ᠬᠥᠮᠦᠨ ᠤᠳᠠᠭ᠎ᠠ ᠬᠠᠷᠢᠭᠤ ᠲᠤᠰᠭᠠᠪᠠ᠃ ᠬᠠᠦᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠪᠠᠢᠴᠠᠭᠠᠨ ᠰᠤᠳᠤᠯᠤᠯᠲᠠ᠂ ᠲᠥᠰᠦᠪ᠎ᠢ ᠬᠢᠨᠠᠨ ᠪᠠᠢᠴᠠᠭᠠᠬᠤ ᠬᠢᠨᠠᠯᠲᠠ ᠲᠠᠯᠪᠢᠬᠤ᠂ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠵᠡᠷᠭᠡ ᠠᠵᠢᠯ᠎ᠳᠤ ᠲᠥᠯᠥᠭᠡᠯᠡᠭ᠌ᠴᠢ᠎ᠶ᠋ᠢ 740 ᠭᠠᠷᠤᠢ ᠬᠥᠮᠦᠨ ᠤᠳᠠᠭ᠎ᠠ ᠤᠷᠢᠵᠤ ᠣᠷᠣᠯᠴᠠᠭᠤᠯᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠲᠤᠰ ᠰᠣᠩᠭᠤᠭᠤᠯᠢ᠎ᠶ᠋ᠢᠨ ᠨᠢᠭᠡᠴᠢ᠎ᠶ᠋ᠢᠨ ᠰᠣᠩᠭᠤᠵᠤ ᠭᠠᠷᠭᠠᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠯᠦᠭᠡᠶ᠋ᠢᠨ ᠬᠠᠷᠢᠯᠴᠠᠭ᠎ᠠ᠎ᠪᠠᠨ ᠴᠢᠩᠭᠠᠳᠭᠠᠬᠤ᠎ᠶ᠋ᠢ ᠲᠡᠮᠵᠢᠪᠡ᠃
ᠲᠥᠯᠥᠭᠡᠯᠡᠭ᠌ᠴᠢᠳ᠎ᠤᠨ ᠠᠷᠠᠳ ᠲᠦᠮᠡᠨ᠎ᠤ ᠳᠤᠮᠳᠠ᠎ᠠᠴᠠ ᠢᠷᠡᠵᠦ᠍᠂ ᠠᠷᠠᠳ ᠲᠦᠮᠡᠨ᠎ᠤ ᠳᠤᠮᠳᠠ ᠦᠨᠳᠦᠰᠦᠯᠡᠬᠦ᠌ ᠣᠨᠴᠠᠯᠢᠭ ᠳᠠᠪᠠᠭᠤᠯᠢᠭ᠎ᠢ ᠪᠠᠳᠠᠷᠠᠭᠤᠯᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠳᠤᠭᠤᠢᠯᠠᠩ᠎ᠢ ᠪᠠᠢᠭᠤᠯᠵᠤ᠂ ᠲᠥᠯᠥᠭᠡᠯᠡᠭ᠌ᠴᠢᠳ᠎ᠢ ᠲᠥᠯᠥᠭᠡᠯᠡᠭ᠌ᠴᠢᠳ᠎ᠤᠨ ᠳᠤᠭᠤᠢᠯᠠᠩ᠂ ᠲᠥᠯᠥᠭᠡᠯᠡᠭ᠌ᠴᠢᠳ᠎ᠤᠨ ᠭᠡᠷ ᠥᠷᠲᠡᠭᠡ᠎ᠶ᠋ᠢᠨ ᠠᠵᠢᠯᠯᠠᠭ᠎ᠠ᠎ᠳᠤ ᠤᠷᠤᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠰᠣᠨᠣᠰᠭᠤ ᠪᠠ ᠲᠤᠰᠭᠠᠬᠤ᠎ᠶ᠋ᠢ ᠵᠣᠷᠢᠭ᠍ᠵᠢᠭᠤᠯᠪᠠ᠃ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠂ ᠲᠥᠪᠯᠡᠷᠡᠩᠭᠦᠢ ᠲᠣᠭᠤᠷᠢᠨ ᠪᠠᠢᠴᠠᠭᠠᠯᠲᠠ ᠥᠷᠨᠢᠭᠦᠯᠪᠡ᠂ ᠱᠢᠶᠠᠩᠭᠠᠩ᠂ ᠣᠣᠮᠧᠨ᠂ ᠲᠠᠢᠸᠠᠨ᠎ᠤ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠭᠤᠸᠠᠩᠳᠦ᠋ᠩ᠂ ᠭᠠᠨᠰᠦ᠂ ᠲᠢᠶᠠᠨᠵᠢᠨ᠂ ᠵᠧᠵᠢᠶᠠᠩ᠂ ᠹᠦᠵᠢᠶᠠᠨ ᠵᠡᠷᠭᠡ ᠭᠠᠵᠠᠷ᠎ᠲᠤ ᠣᠴᠢᠭᠤᠯᠤᠨ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠲᠠ ᠬᠢᠯᠭᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠡᠰᠡᠭ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠤᠭ᠍ᠴᠠᠵᠢᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠬᠥᠬᠡᠮᠥ᠋ᠷᠡᠨ᠎ᠤ ᠳᠡᠭᠡᠳᠦ ᠤᠷᠤᠰᠭᠠᠯ᠎ᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠬᠦ᠌ ᠵᠡᠷᠭᠡ᠎ᠲᠠᠢ ᠤᠶᠠᠯᠳᠤᠭᠤᠯᠨ ᠣᠷᠣᠨ ᠪᠦᠰᠡ ᠠᠯᠤᠰᠯᠠᠭ᠍ᠰᠠᠨ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃
ᠲᠥᠯᠥᠭᠡᠯᠡᠭ᠌ᠴᠢᠳ᠎ᠤᠨ ᠵᠥᠪᠯᠡᠯᠭᠡ ᠰᠠᠨᠠᠭᠤᠯᠭ᠎ᠠ ᠳᠤᠷᠠᠳᠭᠤ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯᠳᠤᠭᠠᠨ᠎ᠤ ᠬᠤᠭᠤᠴᠠᠭᠠᠨ᠎ᠳᠤ ᠲᠥᠯᠥᠭᠡᠯᠡᠭ᠌ᠴᠢᠳ᠎ᠤᠨ ᠳᠤᠷᠠᠳᠤᠭ᠍ᠰᠠᠨ 271 ᠬᠤᠪᠢ ᠰᠠᠨᠠᠯ ᠵᠥᠪᠯᠡᠯᠭᠡ᠎ᠶ᠋ᠢ ᠬᠠᠮᠢᠶ᠎ᠠ ᠪᠦᠬᠦᠢ ᠲᠤᠰᠭᠠᠶ ᠵᠦᠪᠯᠡᠯ᠎ᠳᠤ ᠲᠤᠱᠢᠶᠠᠨ ᠥᠭ᠌ᠴᠦ ᠬᠢᠨᠠᠨ ᠶᠠᠷᠢᠯᠴᠠᠭᠤᠯᠵᠤ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤᠯᠲᠠ ᠥᠭ᠌ᠭᠦᠭᠦᠯᠪᠡ᠂ ᠡᠭᠦᠨ᠎ᠳᠤ ᠬᠤᠯᠪᠣᠭ᠍ᠳᠠᠭ᠍ᠰᠠᠨ16ᠬᠠᠦᠯᠢ ᠲᠣᠭ᠍ᠲᠠᠭᠠᠬᠤ ᠲᠦᠰᠦᠯ᠎ᠢ ᠨᠢᠭᠡᠨᠲᠡ ᠬᠢᠨᠠᠨ ᠶᠠᠷᠢᠯᠴᠠᠵᠤ ᠪᠠᠲᠤᠯᠠᠭ᠍ᠰᠠᠨ ᠪᠤᠶᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ 59 ᠬᠠᠦᠯᠢ ᠲᠣᠭ᠍ᠲᠠᠭᠠᠬᠤ ᠲᠦᠰᠦᠯ᠎ᠢ ᠬᠠᠦᠯᠢ ᠲᠣᠭ᠍ᠲᠠᠭᠠᠬᠤ ᠲᠥᠯᠥᠪᠵᠢᠭᠦᠯᠭᠡ ᠪᠤᠶᠤ ᠲᠥᠯᠥᠪᠯᠡᠭᠡ᠎ᠳᠤ ᠣᠷᠣᠭᠤᠯᠪᠠ᠃ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ 8314 ᠬᠤᠪᠢ ᠰᠠᠨᠠᠭᠤᠯᠭ᠎ᠠ᠂ ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠳᠤᠷᠠᠳᠤᠭ᠍ᠰᠠᠨ 130 ᠬᠤᠪᠢ ᠰᠠᠨᠠᠭᠤᠯᠭ᠎ᠠ᠎ᠶ᠋ᠢ ᠳᠠᠭᠠᠭᠠᠨ ᠱᠢᠢᠳᠪᠦᠷᠢᠯᠡᠬᠦ᠌ ᠨᠢᠭᠡᠴᠢ᠎ᠳᠤ ᠲᠤᠱᠢᠶᠠᠨ ᠥᠭ᠌ᠴᠦ ᠱᠢᠢᠳᠪᠦᠷᠢᠯᠡᠭᠦᠯᠦᠭ᠌ᠰᠡᠨ ᠪᠦᠭᠡᠳ ᠲᠥᠯᠥᠭᠡᠯᠡᠭ᠌ᠴᠢ᠎ᠳᠤ ᠬᠠᠷᠢᠭᠤᠯᠲᠠ ᠥᠭ᠌ᠭᠦᠭᠦᠯᠵᠦ᠍᠂ ᠰᠠᠨᠠᠭᠤᠯᠭ᠎ᠠ᠎ᠳᠤ ᠳᠤᠷᠠᠳᠤᠭ᠍ᠳᠠᠭ᠍ᠰᠠᠨ ᠠᠰᠠᠭᠤᠳᠠᠯ ᠱᠢᠢᠳᠪᠦᠷᠢᠯᠡᠭ᠌ᠳᠡᠭ᠌ᠰᠡᠨ ᠪᠤᠶᠤ ᠠᠯᠬᠤᠮ ᠠᠯᠬᠤᠮ᠎ᠢᠶᠠᠷ ᠱᠢᠢᠳᠪᠦᠷᠢᠯᠡᠬᠦ᠌᠎ᠪᠠᠷ ᠲᠥᠯᠥᠪᠯᠡᠵᠦ᠍ ᠪᠠᠢᠭ᠎ᠠ᠎ᠨᠢ 75% ᠶ᠋ᠢ ᠡᠵᠡᠯᠡᠪᠡ᠃ 19 ᠵᠦᠢᠯ᠎ᠤᠨ ᠭᠤᠤᠯᠳᠠᠯᠭ᠎ᠠ᠎ᠲᠠᠢ ᠱᠢᠪᠠᠳᠠᠨ ᠱᠢᠢᠳᠪᠦᠷᠢᠯᠡᠭᠦᠯᠬᠦ᠌ ᠰᠠᠨᠠᠭᠤᠯᠭ᠎ᠠ᠎ᠶ᠋ᠢ ᠲᠣᠭ᠍ᠲᠠᠭᠠᠵᠤ᠂ ᠬᠠᠮᠢᠶ᠎ᠠ ᠪᠦᠬᠦᠢ ᠲᠤᠰᠭᠠᠶ ᠵᠦᠪᠯᠡᠯ᠎ᠠᠴᠠ ᠬᠠᠷᠢᠭᠤᠴᠠᠨ ᠱᠢᠪᠠᠳᠠᠨ ᠱᠢᠢᠳᠪᠦᠷᠢᠯᠡᠵᠦ᠍᠂ ᠨᠢᠭᠡ ᠪᠦᠯᠦᠭ ᠪᠣᠳᠠᠲᠠᠶ ᠠᠰᠠᠭᠤᠳᠠᠯ᠎ᠢ ᠠᠬᠢᠭᠤᠯᠤᠨ ᠱᠢᠢᠳᠪᠦᠷᠢᠯᠡᠪᠠ᠃ ᠰᠠᠨᠠᠭᠤᠯᠭ᠎ᠠ᠎ᠶ᠋ᠢ ᠲᠤᠱᠢᠶᠠᠨ ᠱᠢᠢᠳᠪᠦᠷᠢᠯᠡᠭᠦᠯᠵᠦ᠍ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠢᠳᠪᠦᠷᠢᠯᠡᠬᠦ᠌ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠥᠯᠥᠭᠡᠯᠡᠭ᠌ᠴᠢᠳᠯᠦᠭᠡᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠵᠤ᠂ ᠱᠢᠢᠳᠪᠦᠷᠢᠯᠡᠬᠦ᠌ ᠠᠬᠢᠭᠤᠯᠬᠤ ᠬᠤᠷᠠᠯ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠱᠢᠢᠳᠪᠦᠷᠢᠯᠡᠬᠦ᠌ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠴᠢᠷᠮᠠᠢᠨ ᠳᠡᠭᠡᠭ᠌ᠰᠢᠯᠡᠭᠦᠯᠵᠦ᠍᠂ ᠪᠢᠴᠢᠭ ᠮᠠᠲ᠋ᠧᠷᠢᠶᠠᠯ᠎ᠢ ᠳᠠᠭᠠᠭᠠᠨ ᠱᠢᠢᠳᠪᠦᠷᠢᠯᠡᠬᠦ᠌᠎ᠠᠴᠠ ᠠᠵᠢᠯ ᠶᠠᠪᠤᠳᠠᠯ ᠬᠢᠬᠦ᠂ ᠬᠠᠷᠢᠭᠤᠯᠲᠠ ᠥᠭ᠌ᠬᠦ᠎ᠠᠴᠠ ᠨᠠᠢᠳᠠᠪᠤᠷᠢᠵᠢᠭᠤᠯᠬᠤ᠂ ᠲᠠᠢᠯᠪᠤᠷᠢᠯᠠᠬᠤ᠎ᠠᠴᠠ ᠱᠢᠢᠳᠪᠦᠷᠢᠯᠡᠬᠦ᠌ ᠬᠦᠷᠲᠡᠯᠡᠬᠢ ᠬᠤᠪᠢᠷᠠᠯᠲᠠ᠎ᠶ᠋ᠢ ᠢᠳᠡᠪᠬᠢᠲᠡᠢ ᠠᠬᠢᠭᠤᠯᠵᠤ᠂ ᠣᠯᠠᠨ ᠲᠦᠮᠡᠨ᠎ᠤ ᠲᠠᠭᠠᠱᠢᠶᠠᠯ᠎ᠤᠨ ᠬᠡᠮᠵᠢᠶ᠎ᠡ ᠪᠠ ᠠᠱᠢᠭ ᠬᠦᠷᠲᠡᠭ᠌ᠰᠡᠨ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠪᠡ᠃
ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠬᠦ᠌ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭᠠᠳᠭᠠᠪᠠ᠃ ᠲᠥᠯᠥᠭᠡᠯᠡᠭ᠌ᠴᠢᠳ᠎ᠤᠨ ᠪᠣᠯᠪᠠᠰᠤᠷᠠᠭᠤᠯᠤᠯ᠎ᠤᠨ ᠱᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠲᠤᠰᠭᠠᠶ ᠮᠡᠷᠭᠡᠵᠢᠯ᠎ᠤᠨ ᠴᠢᠨᠠᠷ᠎ᠢ ᠨᠡᠮᠡᠭ᠌ᠳᠡᠭᠦᠯᠵᠦ᠍᠂ ᠲᠥᠯᠥᠭᠡᠯᠡᠭ᠌ᠴᠢᠳ᠎ᠤᠨ ᠰᠤᠷᠤᠯᠴᠠᠯᠭ᠎ᠠ᠎ᠶ᠋ᠢᠨ ᠠᠩᠭᠢ᠎ᠶ᠋ᠢ 4 ᠬᠤᠭᠤᠴᠠᠭ᠎ᠠ᠂ ᠴᠥᠭᠡᠨ ᠲᠣᠭᠠᠲᠤ ᠦᠨᠳᠦᠰᠦᠲᠡᠨ᠎ᠤ ᠲᠥᠯᠥᠭᠡᠯᠡᠭ᠌ᠴᠢᠳ᠎ᠤᠨ ᠰᠤᠷᠤᠯᠴᠠᠯᠭ᠎ᠠ᠎ᠶ᠋ᠢᠨ ᠠᠩᠭᠢ᠎ᠶ᠋ᠢ 1 ᠬᠤᠭᠤᠴᠠᠭ᠎ᠠ ᠡᠷᠬᠢᠯᠡᠵᠦ᠍᠂ ᠲᠥᠯᠥᠭᠡᠯᠡᠭ᠌ᠴᠢᠳ᠎ᠢ 1300 ᠭᠠᠷᠤᠶ ᠬᠥᠮᠦᠨ ᠤᠳᠠᠭ᠎ᠠ ᠣᠷᠣᠯᠴᠠᠭᠤᠯᠵᠤ᠂ ᠱᠢᠨ᠎ᠡ᠎ᠪᠠᠷ ᠲᠤᠱᠢᠶᠠᠯ ᠡᠭᠦᠷᠭᠡᠯᠡᠭ᠌ᠰᠡᠨ ᠦᠨᠳᠦᠰᠦᠨ ᠱᠠᠲᠤᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠠᠭᠤᠷᠢ ᠰᠤᠷᠤᠯᠴᠠᠯᠭ᠎ᠠ᠎ᠶ᠋ᠢ ᠨᠡᠢᠳᠡᠮ ᠪᠦᠷᠬᠦᠭᠦᠯᠬᠦ᠌᠎ᠶ᠋ᠢ ᠪᠡᠶᠡᠯᠡᠭᠦᠯᠪᠡ᠃ ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠤᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠵᠦ᠍᠂ ᠲᠥᠯᠥᠭᠡᠯᠡᠭ᠌ᠴᠢᠳ᠎ᠲᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ᠎ᠤ ᠪᠠᠲᠤᠯᠠᠭ᠎ᠠ ᠬᠠᠩᠭᠠᠪᠠ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠠᠩᠰᠠ ᠡᠪᠬᠡᠮᠡᠯ᠎ᠢ ᠪᠠᠢᠭᠤᠯᠤᠨ ᠪᠦᠷᠢᠨᠱᠢᠭᠦᠯᠵᠦ᠍᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠲᠥᠯᠥᠭᠡᠯᠡᠭ᠌ᠴᠢ᠎ᠶ᠋ᠢᠨ ᠠᠵᠢᠯ᠎ᠢ ᠵᠢᠯᠣᠭᠤᠳᠪᠠ᠃
ᠲᠠᠪᠤ᠂ ᠤᠯᠤᠰ᠎ᠤᠨ ᠶᠡᠷᠦᠩᠬᠡᠶ ᠭᠠᠳᠠᠭᠠᠳᠤ ᠬᠠᠷᠢᠯᠴᠠᠭ᠎ᠠ᠎ᠶ᠋ᠢ ᠳᠠᠭᠠᠬᠤ ᠪᠠ ᠲᠡᠭᠦᠨ᠎ᠳᠤ ᠦᠢᠯᠡᠴᠢᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠢᠳᠡᠪᠬᠢᠲᠡᠶ ᠥᠷᠨᠢᠭᠦᠯᠪᠡ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ ᠪᠣᠯ ᠤᠯᠤᠰ᠎ᠤᠨ ᠶᠡᠷᠦᠩᠬᠡᠶ ᠭᠠᠳᠠᠭᠠᠳᠤ ᠬᠠᠷᠢᠯᠴᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠬᠠᠮᠤᠷᠬᠤ ᠬᠡᠪᠴᠢᠶ᠎ᠡ᠎ᠨᠢ ᠥᠷᠭᠡᠨ᠂ ᠱᠠᠳᠤ ᠳᠠᠪᠬᠤᠷᠭ᠎ᠠ᠎ᠨᠢ ᠪᠠᠶᠠᠯᠢᠭ᠂ ᠠᠷᠭ᠎ᠠ ᠮᠠᠶᠢᠭ᠎ᠨᠢ ᠠᠮᠢᠳᠤᠯᠢᠭ ᠵᠡᠷᠭᠡ ᠣᠨᠴᠠᠯᠢᠭ ᠳᠠᠪᠠᠭᠤᠯᠢᠭ᠎ᠲᠠᠢ ᠶᠤᠮ᠃ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶᠠᠨ᠎ᠤ ᠭᠠᠳᠠᠭᠠᠳᠤ ᠬᠠᠷᠢᠯᠴᠠᠭᠠᠨ᠎ᠤ ᠠᠵᠢᠯ᠎ᠤᠨ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠭᠠᠳᠠᠭᠠᠳᠤ ᠰᠣᠯᠢᠯᠴᠠᠭ᠎ᠠ ᠶᠠᠪᠤᠯᠴᠠᠭ᠎ᠠ᠎ᠶ᠋ᠢ ᠢᠳᠡᠪᠬᠢᠲᠡᠶ ᠪᠥᠭᠡᠳ ᠪᠦᠲᠦᠮᠵᠢᠲᠡᠶ᠎ᠪᠠᠷ ᠥᠷᠨᠢᠭᠦᠯᠪᠡ᠃ ᠨᠢᠭᠡ ᠵᠢᠯ᠎ᠤᠨ ᠲᠤᠷᠰᠢ᠂ ᠨᠡᠢᠳᠡ 57 ᠪᠦᠯᠬᠦᠮ ᠳᠤᠭᠤᠢᠯᠠᠩ ᠲᠣᠮᠢᠯᠠᠵᠤ᠂ 65 ᠤᠯᠤᠰ᠎ᠲᠤ ᠠᠢᠯᠴᠢᠯᠠᠯᠲᠠ ᠬᠢᠯᠭᠡᠭ᠌ᠰᠡᠨ ᠪᠤᠶᠤ ᠤᠯᠠᠨ ᠤᠯᠤᠰ᠎ᠤᠨ ᠬᠤᠷᠠᠯ᠎ᠳᠤ ᠣᠷᠣᠯᠴᠠᠭᠤᠯᠪᠠ; 30 ᠤᠯᠤᠰ ᠪᠠ 3 ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠠᠢᠯᠴᠢᠯᠠᠯᠲᠠ᠎ᠶ᠋ᠢᠨ ᠪᠦᠯᠬᠦᠮ ᠳᠤᠭᠤᠢᠯᠠᠩ᠎ᠢ ᠬᠦᠯᠢᠶᠡᠨ ᠠᠪᠤᠪᠠ; ᠸᠢᠳᠢᠣ᠋ ᠠᠵᠢᠯᠯᠠᠭ᠎ᠠ᠎ᠶ᠋ᠢ 25 ᠲᠠᠯᠠᠪᠤᠷ ᠥᠷᠨᠢᠭᠦᠯᠪᠡ᠂ ᠬᠤᠯᠪᠣᠭ᠍ᠳᠠᠯ ᠪᠦᠬᠦᠢ ᠤᠯᠤᠰ ᠪᠠ ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠲᠠᠢ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠬᠠᠮᠲᠤᠷᠠᠯᠴᠠᠭᠠᠨ᠎ᠤ 6 ᠵᠦᠢᠯ᠎ᠤᠨ ᠬᠡᠯᠡᠯᠴᠡᠭᠡᠷ᠎ᠲᠤ ᠱᠢᠨ᠎ᠡ᠎ᠪᠠᠷ ᠭᠠᠷᠤᠨ ᠦᠰᠦᠭ ᠵᠢᠷᠤᠪᠠ᠃
ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠨᠡᠩ ᠬᠥᠭ᠌ᠵᠢᠶᠡᠨᠲᠡᠶ ᠪᠣᠯᠪᠠ᠃ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠪᠦᠷᠢᠯᠳᠦᠬᠦᠨ ᠪᠦᠯᠬᠦᠮ ᠳᠠᠭᠠᠭᠤᠯᠤᠨ 21 ᠤᠯᠤᠰ᠎ᠲᠤ ᠠᠢᠯᠴᠢᠯᠠᠵᠤ᠂ ᠳᠤᠮᠳᠠᠳᠤ ᠣᠯᠣᠰ᠎ᠲᠤ ᠠᠢᠯᠴᠢᠯᠠᠯᠲᠠ ᠬᠢᠭ᠌ᠰᠡᠨ ᠭᠠᠳᠠᠭᠠᠳᠤ᠎ᠶ᠋ᠢᠨ 150 ᠭᠠᠷᠤᠶ ᠤᠯᠤᠰ ᠲᠥᠷᠥ᠎ᠶ᠋ᠢᠨ ᠴᠢᠬᠤᠯᠠ ᠬᠥᠮᠦᠰ᠎ᠲᠠᠢ ᠠᠭᠤᠯᠵᠠᠵᠦ᠍ ᠬᠡᠯᠡᠯᠴᠡᠭᠡᠷ ᠬᠢᠪᠡ᠃ 25 ᠭᠠᠳᠠᠭᠠᠳᠤ᠎ᠯᠤᠭ᠎ᠠ᠎ᠶ᠋ᠢᠨ ᠰᠣᠯᠢᠯᠴᠠᠭᠠᠨ᠎ᠤ ᠲᠣᠭ᠍ᠲᠠᠴᠠ᠎ᠶ᠋ᠢᠨ ᠬᠠᠷᠢᠭᠤᠴᠠᠯᠭᠠᠲᠠᠨ ᠪᠠ ᠪᠦᠷᠢᠯᠳᠦᠬᠦᠨ᠎ᠢ ᠲᠣᠳᠣᠷᠬᠠᠢ ᠪᠣᠯᠭᠠᠵᠤ᠂ 141 ᠭᠠᠳᠠᠭᠠᠳᠤ ᠲᠠᠢ ᠬᠠᠷᠢᠯᠴᠠᠬᠤ ᠬᠤᠶᠠᠷ ᠲᠠᠯ᠎ᠠ᠎ᠶ᠋ᠢᠨ ᠨᠦᠬᠦᠷᠰᠡᠭ ᠳᠤᠭᠤᠢ᠌ᠯᠠᠩ᠎ᠢ ᠪᠠᠢᠭᠤᠯᠪᠠ᠃ ᠲᠤᠰᠭᠠᠶ ᠵᠥᠪᠯᠡᠯ᠂ ᠠᠵᠢᠯ᠎ᠤᠨ ᠵᠥᠪᠯᠡᠯ᠂ ᠨᠥᠬᠦᠷᠰᠡᠭ ᠳᠤᠭᠤᠢᠯᠠᠩ᠂ ᠲᠥᠯᠥᠭᠡᠯᠡᠭ᠌ᠴᠢᠳ ᠪᠠ ᠵᠥᠪᠯᠡᠯᠭᠡᠨ᠎ᠤ ᠭᠡᠱᠢᠭᠦᠳ᠂ ᠬᠡᠷᠡᠭ ᠡᠷᠬᠢᠯᠡᠬᠦ᠌ ᠪᠠᠢᠭᠤᠯᠤᠮᠵᠢ᠎ᠶ᠋ᠢᠨ ᠬᠤᠭᠤᠷᠣᠨᠳᠣᠬᠢ᠎ᠶ᠋ᠢᠨ ᠠᠵᠢᠯ ᠳᠦᠷᠦᠯ᠎ᠤᠨ ᠬᠠᠨᠳᠤᠯᠭᠠᠲᠤ ᠰᠤᠯᠢᠯᠴᠠᠭ᠎ᠠ᠎ᠶ᠋ᠢ ᠴᠢᠩᠭᠠᠳᠭᠠᠪᠠ᠃ ᠳᠤᠮᠳᠠᠳᠤ ᠣᠷᠣᠰ᠎ᠤᠨ ᠵᠥᠪᠯᠡᠯᠭᠡᠨ᠎ᠤ ᠬᠤᠷᠠᠯ᠎ᠤᠨ ᠬᠠᠮᠲᠤᠷᠠᠯᠴᠠᠭᠠᠨ᠎ᠤ ᠵᠥᠪᠯᠡᠯ᠎ᠤᠨ ᠨᠠᠢ᠍ᠮᠠᠳᠤᠭᠠᠷ ᠤᠳᠠᠭᠠᠨ᠎ᠤ ᠬᠤᠷᠠᠯᠳᠤᠭᠠᠨ᠎ᠢ ᠡᠷᠬᠢᠯᠡᠵᠦ᠍᠂ ᠠᠮᠧᠷᠢᠺᠠ᠎ᠶ᠋ᠢᠨ ᠤᠯᠤᠰ᠎ᠤᠨ ᠬᠤᠷᠠᠯ᠎ᠲᠠᠢ ᠬᠠᠷᠢᠯᠴᠠᠵᠤ ᠶᠠᠷᠢᠯᠴᠠᠭ᠎ᠠ ᠬᠢᠵᠦ᠍᠂ ᠡᠸᠦ᠋ᠷᠦᠫᠠ᠎ᠶ᠋ᠢᠨ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠲᠠᠢ ᠥᠷᠭᠡᠨ᠎ᠢᠶᠠᠷ ᠨᠡᠪᠲᠡᠷᠡᠯᠴᠡᠨ ᠰᠣᠯᠢᠯᠴᠠᠵᠤ᠂ ᠡᠷᠬᠢᠨ ᠲᠣᠭᠤᠷᠢᠨ᠎ᠤ ᠤᠯᠤᠰ᠎ᠤᠳ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠲᠠᠢ ᠨᠥᠬᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠪᠡ᠃ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠱᠠᠲᠤ ᠱᠢᠯᠵᠢᠭ᠌ᠰᠡᠨᠤ ᠳᠠᠷᠠᠭᠠᠬᠢ ᠨᠢᠭᠡᠳᠦᠭᠡᠷ ᠵᠢᠯ᠎ᠳᠤ᠂ ᠢᠳᠡᠪᠬᠢᠲᠡᠶ᠎ᠪᠠᠷ 《ᠭᠠᠳᠠᠭ᠍ᠰᠢ ᠭᠠᠷᠬᠤ》 ᠪᠠ 《ᠤᠷᠢᠵᠤ ᠢᠷᠡᠭᠦᠯᠦᠨ》᠂ ᠨᠡᠪᠲᠡᠷᠡᠯᠴᠡᠭᠡ ᠰᠣᠯᠢᠯᠴᠠᠭ᠎ᠠ᠎ᠶ᠋ᠢ ᠨᠢᠭᠤᠷᠳᠠᠨ ᠬᠢᠬᠦ᠌᠎ᠪᠠᠨ ᠴᠢᠩᠭᠠᠳᠭᠠᠵᠤ᠂ ᠣᠢᠯᠠᠭᠠᠯᠴᠠᠭ᠎ᠠ ᠢᠲᠡᠭᠡᠯᠴᠡᠭᠡ᠎ᠪᠠᠨ ᠨᠡᠮᠡᠭ᠌ᠳᠡᠭᠦᠯᠬᠦ᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠠᠬᠢᠭᠤᠯᠬᠤ᠂ ᠠᠷᠠᠳ ᠲᠦᠮᠡᠨ᠎ᠤ ᠨᠥᠬᠦᠷᠯᠡᠯ᠎ᠢ ᠪᠠᠬᠢᠵᠢᠭᠦᠯᠬᠦ᠂ ᠭᠤᠣᠯᠯᠠᠬᠤ ᠠᠱᠢᠭ ᠲᠤᠰᠠ᠎ᠶ᠋ᠢ ᠬᠠᠮᠠᠭᠠᠯᠠᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠪᠠᠳᠠᠷᠠᠭᠤᠯᠪᠠ᠃
ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠶᠠᠪᠤᠯᠴᠠᠭ᠎ᠠ ᠡᠯᠪᠡᠭ ᠦᠷ᠎ᠡ ᠪᠦᠲᠦᠮᠵᠢ ᠤᠯᠪᠠ᠃ 28 ᠪᠦᠯᠬᠦᠮ ᠳᠤᠭᠤᠢᠯᠠᠩ᠎ᠢ ᠲᠣᠮᠢᠯᠠᠨ ᠬᠤᠷᠢᠨ ᠤᠯᠤᠰ᠎ᠤᠨ ᠪᠦᠯᠦᠭ᠌ᠯᠡᠯ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯᠳᠤᠭᠠᠨ᠂ BRICS ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠶᠠᠷᠢᠯᠴᠠᠭᠠᠨ᠎ᠤ ᠲᠠᠪᠴᠠᠩ᠂ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠣᠭᠠᠨ᠎ᠤ ᠬᠤᠷᠠᠯᠳᠤᠭᠠᠨ᠂ ᠠᠽᠢᠶ᠎ᠠ ᠲᠢᠪ ᠨᠤᠮᠦᠬᠠᠠ ᠲᠡᠯᠡᠢ᠎ᠶ᠋ᠢᠨ ᠤᠷᠦᠠ᠎ᠤ ᠵᠦᠪᠯᠡᠯᠭᠡᠠᠤ ᠬᠤᠷᠡᠯ᠎ᠤᠨ ᠶᠡᠷᠢᠯᠴᠠᠭᠠᠠᠤ ᠲᠡᠪᠴᠡᠩ ᠵᠡᠷᠭᠡ ᠣᠯᠠᠨ ᠲᠠᠯᠠᠲᠤ ᠠᠵᠢᠯᠯᠠᠭ᠎ᠠ᠎ᠳᠤ ᠣᠷᠣᠯᠴᠠᠭᠤᠯᠵᠤ᠂ ᠳᠤᠮᠳᠠᠳᠤ ᠤᠯᠤᠰ᠎ᠤᠨ ᠣᠢᠯᠠᠭᠠᠭ᠍ᠳᠠᠬᠤᠨ ᠪᠠ ᠵᠣᠷᠢᠯᠲᠠ᠎ᠶ᠋ᠢ ᠣᠯᠠᠨ ᠤᠯᠤᠰ᠎ᠤᠨ ᠬᠠᠮᠲᠤ᠎ᠶ᠋ᠢᠨ ᠲᠠᠨᠢᠯᠲᠠ ᠪᠣᠯᠭᠠᠬᠤ᠎ᠶ᠋ᠢ ᠠᠬᠢᠭᠤᠯᠪᠠ᠃ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠣᠭᠠᠨ᠎ᠤ ᠲᠡᠷᠢᠭᠦᠯᠡᠭ᠌ᠴᠢ ᠪᠣᠯᠤᠨ ᠨᠠᠷᠢᠨ ᠪᠢᠴᠢᠭ᠎ᠤᠨ ᠳᠠᠷᠤᠭ᠎ᠠ᠂ ᠠᠷᠠᠪ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ᠂ ᠳᠤᠮᠳᠠᠳᠤ ᠠᠮᠧᠷᠢᠺᠠ ᠲᠢᠪ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠵᠡᠷᠭᠡ᠎ᠶ᠋ᠢ ᠤᠷᠢᠵᠤ ᠳᠤᠮᠳᠠᠳᠤ ᠤᠯᠤᠰ᠎ᠲᠤ ᠠᠢᠯᠴᠢᠯᠠᠭᠤᠯᠪᠠ᠃ ᠠᠷᠠᠪ᠎ᠤᠨ ᠵᠥᠪᠯᠡᠯᠭᠡᠨ᠎ᠤ ᠬᠤᠷᠠᠯ᠎ᠲᠠᠢ ᠠᠯᠪᠠᠨ ᠶᠣᠰᠣ᠎ᠪᠠᠷ ᠰᠣᠯᠢᠯᠴᠠᠭᠠᠨ᠎ᠤ ᠲᠣᠭ᠍ᠲᠠᠴᠠ ᠪᠠᠢᠭᠤᠯᠪᠠ᠃ ᠳᠤᠮᠳᠠᠳᠤ ᠠᠮᠧᠷᠢᠺᠠ ᠲᠢᠪ᠎ᠤᠨ ᠵᠥᠪᠯᠡᠯᠭᠡᠨ᠎ᠤ ᠬᠤᠷᠠᠯ᠎ᠤᠨ ᠲᠠᠢᠸᠠᠨ ᠣᠷᠣᠨ᠎ᠤ 《ᠬᠠᠤᠯᠢ ᠲᠣᠭ᠍ᠲᠠᠭᠠᠬᠤ ᠬᠤᠷᠢᠶ᠎ᠠ》᠂ 《ᠪᠠᠢᠩᠭᠤ ᠰᠠᠭᠤᠭ᠎ᠠ ᠠᠵᠢᠭ᠍ᠯᠠᠭ᠍ᠴᠢ》 ᠶ᠋ᠢᠨ ᠪᠠᠢᠷᠢ ᠰᠠᠭᠤᠷᠢ᠎ᠶ᠋ᠢ ᠬᠦᠴᠦᠨ ᠦᠭᠡᠢ ᠪᠣᠯᠭᠠᠵᠤ᠂ ᠳᠤᠮᠳᠠᠳᠤ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠪᠠᠢᠩᠭᠤ ᠰᠠᠭᠤᠭ᠎ᠠ ᠠᠵᠢᠭ᠍ᠯᠠᠭ᠍ᠴᠢ᠎ᠪᠠᠷ ᠬᠦᠯᠢᠶᠡᠨ ᠠᠪᠬᠤ᠎ᠶ᠋ᠢ ᠠᠬᠢᠭᠤᠯᠬᠤ᠎ᠳᠤ ᠣᠷᠣᠯᠴᠠᠪᠠ᠃ ᠬᠥᠭ᠌ᠵᠢᠵᠦ᠍ ᠪᠠᠢᠭ᠎ᠠ ᠤᠯᠤᠰ᠎ᠤᠳ᠂ ᠠᠹᠷᠢᠺᠠ ᠲᠢᠪ᠎ᠤᠨ ᠠᠩᠭ᠌ᠯᠢ ᠬᠡᠯᠡᠲᠦ ᠤᠯᠤᠰ᠎ᠤᠳ᠂ ᠨᠣᠮᠣᠬᠠᠨ ᠳᠠᠯᠠᠢ᠎ᠶ᠋ᠢᠨ ᠠᠷᠠᠯᠲᠤ ᠤᠯᠤᠰ᠎ᠤᠳ᠂ ᠨᠧᠫᠠᠯ᠎ᠤᠨ ᠵᠥᠪᠯᠡᠯᠭᠡᠨ᠎ᠤ ᠭᠡᠱᠢᠭᠦᠳ᠎ᠤᠨ ᠰᠤᠳᠤᠯᠤᠨ ᠶᠠᠷᠢᠯᠴᠠᠬᠤ ᠠᠩᠭᠢ᠎ᠶ᠋ᠢ ᠡᠷᠬᠢᠯᠡᠵᠦ᠍᠂ 23 ᠤᠯᠤᠰ ᠤ᠋ᠨ 95 ᠵᠥᠪᠯᠡᠯᠭᠡᠨ᠎ᠤ ᠭᠡᠱᠢᠭᠦᠨ ᠪᠠ ᠵᠥᠪᠯᠡᠯᠭᠡᠨ᠎ᠤ ᠬᠤᠷᠠᠯ᠎ᠤᠨ ᠳᠡᠭᠡᠳᠦ ᠵᠡᠷᠭᠡ᠎ᠶ᠋ᠢᠨ ᠠᠯᠪᠠᠨ ᠲᠤᠱᠢᠶᠠᠯᠲᠠᠨ ᠳᠤᠮᠳᠠᠳᠤ ᠤᠯᠤᠰ᠎ᠲᠤ ᠲᠣᠭᠤᠷᠢᠨ ᠠᠢᠯᠴᠢᠯᠠᠵᠤ ᠰᠣᠯᠢᠯᠴᠠᠭ᠎ᠠ ᠬᠢᠪᠡ᠃
ᠨᠡᠩ ᠢᠲᠡᠭᠡᠯ᠎ᠲᠠᠢ ᠨᠡᠩ ᠰᠠᠨᠠᠭᠠᠴᠢᠯᠠᠭ᠎ᠠ᠎ᠲᠠᠢ᠎ᠪᠠᠷ ᠭᠠᠳᠠᠭ᠍ᠰᠢ᠎ᠪᠠᠨ ᠤᠬᠠᠭᠤᠯᠤᠨ ᠲᠠᠨᠢᠯᠴᠠᠭᠤᠯᠪᠠ᠃ ᠭᠠᠳᠠᠭᠠᠳᠤ ᠬᠠᠷᠢᠯᠴᠠᠭᠠᠨ᠎ᠤ ᠳᠤᠮᠳᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠠᠢᠭᠤᠯᠬᠤ᠂ 《ᠪᠥᠬᠦ᠌ ᠪᠥᠮᠪᠥᠷᠴᠡᠭ᠎ᠤᠨ ᠭᠤᠷᠪᠠᠨ ᠶᠡᠭᠡ ᠰᠠᠨᠠᠭᠠᠴᠢᠯᠠᠭ᠎ᠠ》 ᠵᠡᠷᠭᠡ ᠤᠢ᠍ᠢᠯᠠᠭᠠᠭ᠍ᠳᠠᠬᠤᠨ ᠵᠤᠷᠢᠯᠳᠠ ᠪᠠ ᠠᠮᠵᠢᠯᠲᠠ᠎ᠲᠠᠢ ᠦᠢᠯᠡᠳᠦᠯᠭᠡ᠎ᠶ᠋ᠢ ᠢᠳᠡᠪᠬᠢᠲᠡᠶ ᠤᠬᠠᠭᠤᠯᠤᠨ ᠲᠠᠨᠢᠯᠴᠠᠭᠤᠯᠵᠤ᠂ ᠪᠥᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠠᠪᠠᠭᠤᠯᠢᠭ ᠦᠢᠯᠡᠳᠦᠯ᠎ᠢ ᠭᠦᠨᠵᠡᠭᠡᠶ ᠥᠭᠦᠯᠡᠨ ᠲᠠᠢᠯᠪᠤᠷᠢᠯᠠᠵᠤ᠂ ᠳᠤᠮᠳᠠᠳᠤ ᠤᠯᠤᠰ᠎ᠤᠨ ᠵᠠᠮ᠂ ᠤᠨᠤᠯ᠂ ᠪᠠᠢᠭᠤᠯᠤᠯ᠂ ᠰᠣᠶᠣᠯ᠎ᠤᠨ ᠨᠥᠯᠥᠭᠡᠯᠡᠬᠦ᠌ ᠬᠦᠴᠦᠨ ᠪᠠ ᠤᠷᠢᠶᠠᠯᠠᠬᠤ ᠬᠦᠴᠦᠨ᠎ᠢ ᠴᠢᠩᠭᠠᠳᠭᠠᠪᠠ᠃ ᠠᠢᠯᠴᠢᠯᠠᠵᠤ ᠢᠷᠡᠭ᠌ᠰᠡᠨ ᠪᠦᠯᠬᠦᠮ ᠳᠤᠭᠤᠢᠯᠠᠩ᠎ᠢ ᠲᠣᠬᠢᠷᠠᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠤᠨ ᠣᠷᠳᠣᠨ᠎ᠢᠶᠠᠷ ᠲᠣᠭᠤᠷᠢᠭᠤᠯᠤᠨ ᠦᠵᠡᠭᠦᠯᠵᠦ᠍᠂ ᠲᠥᠯᠥᠭᠡᠯᠡᠭ᠌ᠴᠢᠳ᠎ᠤᠨ ᠭᠡᠷ ᠦᠷᠲᠡᠭᠡ᠂ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ ᠵᠡᠷᠭᠡ ᠪᠤᠳᠠᠲᠠᠢ ᠭᠠᠵᠠᠷ᠎ᠢᠶᠠᠷ ᠲᠣᠭᠤᠷᠢᠭᠤᠯᠤᠨ ᠠᠢᠯᠴᠢᠯᠠᠭᠤᠯᠵᠤ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ ᠵᠠᠰᠠᠯᠲᠠ᠎ᠶ᠋ᠢᠨ ᠲᠤᠷᠱᠢᠯᠭ᠎ᠠ᠎ᠶ᠋ᠢ ᠣᠢᠷᠠᠬᠠᠨ᠎ᠠᠴᠠ ᠮᠡᠳᠡᠷᠡᠭᠦᠯᠪᠡ᠃ ᠣᠨᠴᠠ ᠵᠠᠷᠢᠮ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠤᠮᠳᠠᠳᠤ ᠤᠯᠤᠰ᠎ᠲᠤ ᠬᠤᠯᠪᠣᠭ᠍ᠳᠠᠬᠤ ᠨᠠᠵᠠᠭᠠᠶ ᠬᠠᠤᠯᠢ᠎ᠶ᠋ᠢᠨ ᠲᠥᠰᠦᠯ ᠪᠠ ᠪᠤᠷᠤᠭᠤ ᠦᠭᠡ ᠶᠠᠷᠢᠶ᠎ᠠ ᠦᠢᠯᠡ ᠠᠵᠢᠯᠯᠠᠭ᠎ᠠ᠎ᠳᠤ ᠴᠢᠭ᠌ᠯᠡᠭᠦᠯᠦᠨ᠂ ᠥᠭᠦᠯᠡᠭ᠌ᠴᠢ᠎ᠶ᠋ᠢᠨ ᠶᠠᠷᠢᠶ᠎ᠠ᠂ ᠢᠯᠡᠷᠬᠡᠢᠯᠡᠯᠲᠡ ᠨᠡᠢᠲᠡᠯᠡᠬᠦ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠬᠦᠯᠢᠶᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠵᠠᠷᠴᠢᠮ ᠵᠣᠭ᠍ᠰᠣᠯᠲᠠ᠎ᠪᠠᠨ ᠥᠭᠦᠯᠡᠨ ᠲᠣᠳᠣᠷᠬᠠᠢᠯᠠᠵᠤ᠂ ᠲᠦᠪ ᠴᠢᠬᠢᠮᠠᠢ᠎ᠪᠠᠷ ᠴᠤᠤᠷᠬᠠᠯ᠎ᠢ ᠨᠢᠴᠤᠭᠠᠠ᠂ ᠤᠯᠤᠰ᠎ᠤᠨ ᠠᠱᠢᠭ ᠲᠤᠰᠠ ᠪᠠ ᠦᠨᠳᠦᠰᠦᠲᠡᠨ᠎ᠤ ᠨᠡᠷ᠎ᠡ ᠬᠦᠨᠳᠦ᠍᠎ᠶ᠋ᠢ ᠡᠷᠡᠰ ᠬᠠᠮᠠᠭᠠᠯᠠᠪᠠ᠃
ᠵᠢᠷᠭᠤᠭ᠎ᠠ᠂ 《ᠲᠦᠷᠪᠡᠨ ᠪᠠᠢᠭᠤᠯᠭ᠎ᠠ》 ᠶ᠋ᠢᠨ ᠪᠠᠢᠷᠢ ᠲᠣᠭ᠍ᠲᠠᠭᠠᠯᠲᠠ ᠪᠠ ᠱᠠᠭᠠᠷᠳᠠᠯᠭ᠎ᠠ ᠶᠣᠰᠣᠭᠠᠷ᠂ ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ
ᠶᠡᠷᠦᠩᠬᠡᠶ ᠱᠦᠵᠢ ᠰᠢ᠎ᠶ᠋ᠢᠨ ᠫᠢᠩ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠨᠢ ᠤᠬᠠᠮᠰᠠᠷ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠤᠯᠤᠰ ᠲᠦᠷᠦ᠍᠎ᠶ᠋ᠢᠨ ᠪᠠᠢᠭᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠲᠦᠷᠦ᠍᠎ᠶ᠋ᠢᠨ ᠡᠷᠬᠡᠲᠦ ᠪᠠᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭ᠍ᠰᠠᠨ ᠡᠯ᠎ᠡ ᠵᠦᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠡᠭᠦᠷᠭᠡᠯᠡᠬᠦ᠌ ᠠᠵᠢᠯ᠎ᠤᠨ ᠪᠠᠢᠭᠤᠯᠭ᠎ᠠ᠂ ᠢᠮᠠᠭ᠍ᠲᠠ ᠠᠷᠠᠳ ᠤᠯᠠᠨ᠎ᠯᠤᠭ᠎ᠠ᠎ᠶ᠋ᠢᠨ ᠨᠢᠭ᠍ᠲᠠ ᠬᠠᠷᠢᠯᠴᠠᠭ᠎ᠠ᠎ᠪᠠᠨ ᠪᠠᠲᠤᠯᠠᠬᠤ ᠲᠥᠯᠥᠭᠡᠯᠡᠬᠦ᠌ ᠪᠠᠢᠭᠤᠯᠭ᠎ᠠ ᠪᠣᠯᠬᠤ ᠬᠡᠷᠡᠭ᠌ᠲᠡᠢ ᠭᠡᠵᠦ᠍ ᠲᠣᠳᠣᠷᠬᠠᠶ ᠵᠢᠭᠠᠵᠤ ᠭᠠᠷᠭᠠᠪᠠ᠃ ᠪᠠᠢᠩᠭᠤ᠎ᠶ᠋ᠢᠨ ᠬᠤᠷᠢᠶ᠎ᠠ 《ᠳᠥᠷᠪᠡᠨ ᠪᠠᠢᠭᠤᠯᠭ᠎ᠠ》 ᠶ᠋ᠢ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠬᠠᠷᠠᠯᠲᠠ ᠡᠭᠦᠷᠭᠡ ᠪᠣᠯᠭᠠᠵᠤ᠂ ᠪᠦᠬᠦᠯᠢ ᠴᠣᠭ᠍ᠴᠠ᠎ᠠᠴᠠ᠎ᠨᠢ ᠡᠵᠡᠮᠱᠢᠵᠦ᠍᠂ ᠨᠢᠭᠡ ᠴᠣᠭ᠍ᠴᠠᠵᠢᠭᠤᠯᠤᠨ ᠪᠦᠲᠦᠭᠡᠨ ᠪᠠᠢᠭᠤᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠥᠬᠦᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠰᠤᠷᠤᠯᠴᠠᠬᠤ᠎ᠪᠠᠷ ᠰᠦᠭ ᠰᠦᠯᠳᠡ᠎ᠶ᠋ᠢ ᠱᠤᠭᠤᠬᠤ᠂ ᠰᠤᠷᠤᠯᠴᠠᠬᠤ᠎ᠪᠠᠷ ᠪᠢᠯᠢᠭ ᠤᠶᠤᠨ᠎ᠢ ᠨᠡᠮᠡᠭ᠌ᠳᠡᠭᠦᠯᠬᠦ᠂ ᠰᠤᠷᠤᠯᠴᠠᠬᠤ᠎ᠪᠠᠷ ᠬᠡᠪ ᠰᠤᠷᠲᠠᠯ᠎ᠢ ᠴᠡᠭ᠌ᠴᠡᠯᠡᠬᠦ᠂ ᠰᠤᠷᠤᠯᠴᠠᠬᠤ᠎ᠪᠠᠷ ᠡᠷᠴᠢ ᠵᠤᠷᠢᠭ᠎ᠢ ᠬᠦᠪᠴᠢᠯᠡᠬᠦ᠌ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃ ᠪᠠᠢᠩᠭᠤ᠎ᠶ᠋ᠢᠨ ᠬᠤᠷᠢᠶᠠᠨ᠎ᠤ ᠲᠤᠰᠭᠠᠶ ᠰᠡᠳᠦᠪᠲᠦ ᠲᠠᠢᠯᠤᠮᠵᠢ᠎ᠶ᠋ᠢ 9 ᠤᠳᠠᠭ᠎ᠠ ᠡᠷᠬᠢᠯᠡᠵᠦ᠍᠂ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢ 8 ᠤᠳᠠᠭ᠎ᠠ ᠵᠣᠬᠢᠶᠠᠨ ᠪᠠᠢᠭᠤᠯᠵᠤ᠂ ᠨᠠᠮ᠎ᠤᠨ ᠱᠢᠨ᠎ᠡ ᠡᠬᠦᠳᠦᠯᠳᠠ᠎ᠶ᠋ᠢᠨ ᠤᠨᠤᠯ᠎ᠢ ᠪᠦᠬᠦ᠌ ᠲᠠᠯ᠎ᠠ᠎ᠪᠠᠷ᠂ ᠱᠢᠰᠲ᠋ᠧᠮ᠎ᠲᠠᠢ᠂ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠲᠤᠱᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠬᠤ᠂ ᠪᠦᠲᠦᠭᠡᠯᠴᠢ᠎ᠪᠠᠷ ᠨᠠᠢᠳᠠᠪᠤᠷᠢᠵᠢᠭᠤᠯᠬᠤ ᠲᠠᠯ᠎ᠠ᠎ᠪᠠᠷ ᠬᠦᠴᠦ᠍ ᠲᠠᠯᠪᠢᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠵᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠤᠷᠤᠯᠴᠠᠨ ᠰᠤᠳᠤᠯᠵᠤ ᠤᠬᠠᠭᠤᠯᠤᠨ ᠲᠤᠭᠤᠱᠢᠯᠠᠭᠤᠯᠬᠤ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠦᠢᠯᠡᠳᠦᠯᠭᠡᠵᠢᠭᠦᠯᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠵᠡᠯ ᠰᠠᠨᠠᠭ᠎ᠠ᠂ ᠤᠯᠤᠰ ᠲᠥᠷᠥ᠍᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠪᠠ᠃
ᠶᠡᠭᠡ᠎ᠪᠠᠷ ᠪᠠᠢᠴᠠᠭᠠᠨ ᠰᠤᠳᠤᠯᠤᠯᠲᠠ ᠬᠢᠪᠡ᠃ ᠪᠠᠢᠴᠠᠭᠠᠨ ᠰᠤᠳᠤᠯᠤᠯᠲᠠ ᠬᠢᠬᠦ᠌ ᠪᠣᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠦᠨᠳᠦᠰᠦᠨ ᠠᠵᠢᠯᠯᠠᠬᠤ ᠠᠷᠭ᠎ᠠ ᠮᠥᠨ᠂ ᠪᠠᠰᠠ ᠴᠤ᠌ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ ᠮᠥᠨ᠃ ᠶᠡᠭᠡ᠎ᠪᠠᠷ ᠪᠠᠢᠴᠠᠭᠠᠨ ᠰᠤᠳᠤᠯᠤᠯᠲᠠ ᠬᠢᠬᠦ᠌ ᠲᠤᠬᠠᠶ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠲᠤᠭᠤᠱᠢᠯᠠᠭᠤᠯᠵᠤ᠂ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ 16 ᠭᠤᠣᠯᠳᠠᠯᠭ᠎ᠠ᠎ᠲᠠᠢ ᠰᠡᠳᠦᠪ᠎ᠢ ᠲᠣᠭ᠍ᠲᠠᠭᠠᠵᠤ᠂ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠪᠦᠷᠢᠯᠳᠦᠬᠦᠨ 120 ᠭᠠᠷᠤᠶ ᠤᠳᠠᠭᠠᠨ᠎ᠤ ᠪᠠᠢᠴᠠᠭᠠᠨ ᠰᠤᠳᠤᠯᠤᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠵᠦ᠍᠂ ᠲᠤᠰᠭᠠᠶ ᠵᠥᠪᠯᠡᠯ᠂ ᠠᠵᠢᠯ᠎ᠤᠨ ᠵᠥᠪᠯᠡᠯ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ 490 ᠭᠠᠷᠤᠶ ᠤᠳᠠᠭ᠎ᠠ᠎ᠶ᠋ᠢᠨ ᠪᠠᠢᠴᠠᠭᠠᠨ ᠰᠤᠳᠤᠯᠤᠯᠲᠠ ᠥᠷᠨᠢᠭᠦᠯᠪᠡ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠤᠬ᠍ᠳᠠᠭᠠᠯ ᠵᠢᠴᠢ ᠲᠡᠬᠦᠨ᠎ᠢ ᠬᠡᠷᠡᠭ᠌ᠵᠢᠭᠦᠯᠬᠦ᠌ ᠨᠠᠷᠢᠨ ᠳᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠵᠤ᠂ ᠤᠬᠠᠮᠰᠠᠷ᠎ᠠᠴᠠ᠎ᠪᠠᠨ ᠪᠠᠢᠴᠠᠭᠠᠨ ᠰᠤᠳᠤᠯᠤᠯᠲᠠ ᠬᠢᠬᠦ᠌᠎ᠶ᠋ᠢ ᠬᠥᠮᠦᠵᠢᠯ ᠬᠦᠷᠲᠡᠬᠦ᠂ ᠤᠪᠤᠷ ᠰᠤᠷᠲᠠᠯ᠎ᠢᠶᠠᠨ ᠬᠤᠪᠢᠷᠠᠭᠤᠯᠬᠤ᠂ ᠠᠷᠠᠳ ᠤᠯᠠᠨ᠎ᠯᠤᠭ᠎ᠠ᠎ᠶ᠋ᠢᠨ ᠬᠠᠢᠷ᠎ᠠ ᠰᠡᠳᠭᠢᠯᠭᠡ᠎ᠪᠠᠨ ᠨᠡᠮᠡᠭ᠌ᠳᠡᠭᠦᠯᠬᠦ᠌ ᠶᠠᠪᠤᠴᠠ ᠪᠣᠯᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠪᠡ᠃
ᠠᠵᠢᠯ᠎ᠤᠨ ᠳᠦᠷᠢᠮᠵᠢᠭᠦᠯᠥᠯᠳᠡ᠂ ᠵᠢᠷᠤᠮᠵᠢᠭᠤᠯᠤᠯᠳᠠ᠎ᠶ᠋ᠢ ᠠᠬᠢᠭᠤᠯᠪᠠ᠃ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠨᠡᠷ᠎ᠤᠨ ᠰᠠᠬᠢᠬᠤ ᠲᠦᠷᠢᠮ᠎ᠢ ᠪᠦᠬᠦ᠌ ᠲᠠᠯ᠎ᠠ᠎ᠪᠠᠷ ᠵᠠᠰᠠᠨ ᠲᠣᠭ᠍ᠲᠠᠭᠠᠵᠤ᠂ ᠤᠯᠤᠰ ᠲᠦᠷᠦ᠍᠂ ᠦᠵᠡᠯ ᠰᠠᠨᠠᠭ᠎ᠠ᠂ ᠴᠢᠳᠠᠪᠤᠷᠢ᠂ ᠣᠪᠣᠷ ᠰᠤᠷᠲᠠᠯ ᠵᠡᠷᠭᠡ ᠲᠠᠯ᠎ᠠ᠎ᠪᠠᠷ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠪᠠ᠃ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠬᠡᠷᠡᠭ ᠵᠦᠪᠯᠡᠬᠦ᠌ ᠳᠦᠷᠢᠮ᠂ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠤ ᠠᠵᠢᠯ᠎ᠤᠨ ᠵᠢᠷᠤᠮ᠂ ᠪᠠᠢᠩᠭᠤ᠎ᠶ᠋ᠢᠨ ᠬᠤᠷᠢᠶᠠᠨ᠎ᠤ ᠠᠵᠢᠯᠳᠠᠨ᠎ᠤ ᠶᠠᠪᠤᠳᠠᠯ᠎ᠤᠨ ᠳᠤᠮᠢᠯᠠᠬᠤ ᠪᠠᠭᠤᠯᠭᠠᠬᠤ ᠠᠷᠭ᠎ᠠ ᠵᠡᠷᠭᠡ᠎ᠳᠤ ᠵᠠᠰᠠᠪᠤᠷᠢ ᠣᠷᠣᠭᠤᠯᠵᠤ᠂ ᠬᠡᠷᠡᠭ ᠵᠥᠪᠯᠡᠬᠦ᠌ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠪᠠᠢᠳᠠᠯ᠂ ᠭᠠᠳᠠᠭᠠᠳᠦ ᠶᠠᠪᠤᠳᠠᠯ᠎ᠤᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠨᠣᠰᠭᠤ ᠲᠣᠭ᠍ᠲᠠᠴᠠ᠎ᠶ᠋ᠢ ᠪᠠᠢᠭᠤᠯᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ 39 ᠬᠤᠪᠢ ᠠᠵᠢᠯ᠎ᠤᠨ ᠵᠢᠷᠤᠮᠵᠢᠯ᠎ᠢ ᠲᠣᠭ᠍ᠲᠠᠭᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ᠎ᠶ᠋ᠢ ᠠᠬᠢᠭᠤᠯᠪᠠ᠃
ᠲᠤᠰᠭᠠᠢ ᠵᠥᠪᠯᠡᠯ᠂ ᠠᠵᠢᠯ᠎ᠤᠨ ᠵᠥᠪᠯᠡᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠡᠯ᠎ᠡ ᠲᠤᠰᠭᠠᠶ ᠵᠥᠪᠯᠡᠯ᠎ᠤᠨ ᠠᠵᠢᠯ᠎ᠤᠨ ᠲᠦᠷᠢᠮ᠎ᠢ ᠨᠢᠭᠡᠳᠦᠯᠲᠡᠶ ᠲᠥᠯᠥᠪᠯᠡᠨ ᠵᠠᠰᠠᠪᠤᠷᠢ ᠣᠷᠣᠭᠤᠯᠵᠤ᠂ ᠲᠤᠰᠭᠠᠶ ᠵᠥᠪᠯᠡᠯ ᠪᠠ ᠠᠵᠢᠯ᠎ᠤᠨ ᠵᠥᠪᠯᠡᠯ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠨᠡᠩ ᠰᠠᠢᠨ ᠪᠠᠲᠤᠯᠠᠪᠠ᠃ ᠲᠤᠰᠭᠠᠢ ᠵᠥᠪᠯᠡᠯ᠂ ᠠᠵᠢᠯ᠎ᠤᠨ ᠵᠥᠪᠯᠡᠯ ᠪᠠᠢᠩᠭᠤ᠎ᠶ᠋ᠢᠨ ᠬᠤᠷᠢᠶᠠᠨ᠎ᠤ ᠭᠤᠣᠯ ᠪᠣᠯᠬᠤ ᠠᠵᠢᠯ᠎ᠲᠠᠢ ᠨᠢᠭ᠍ᠲᠠ ᠤᠶᠠᠯᠳᠤᠭᠤᠯᠤᠨ᠂ ᠪᠣᠳᠠᠲᠠᠢ᠎ᠲᠠᠢ ᠣᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠶᠡᠭᠡ ᠬᠡᠮᠵᠢᠶᠡᠨ᠎ᠤ ᠦᠷᠭᠦᠯᠵᠢ᠎ᠶ᠋ᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠬᠢᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠦᠭ᠌ᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠤᠨᠢᠨ ᠮᠡᠳᠡᠭᠡᠯᠡᠯ᠎ᠤᠨ ᠶᠠᠷᠢᠶ᠎ᠠ ᠬᠡᠯᠡᠯᠴᠡᠭᠡ ᠪᠠ ᠤᠨᠤᠯ᠎ᠤᠨ ᠰᠤᠳᠤᠯᠭᠠᠨ᠎ᠤ ᠠᠵᠢᠯ᠎ᠢ ᠴᠢᠩᠭᠠᠳᠭᠠᠪᠠ᠃ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠪᠠᠢᠭᠤᠯᠤᠯᠳᠡ ᠪᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠤᠬᠠᠭᠤᠯᠤᠨ ᠮᠡᠳᠡᠭᠡᠯᠡᠵᠦ᠍᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠯᠢᠭᠡᠷ᠂ ᠳᠤᠮᠳᠠᠳᠤ ᠤᠯᠤᠰ᠎ᠤᠨ ᠠᠷᠠᠳᠴᠢᠯᠠᠯ᠎ᠤᠨ ᠦᠯᠢᠬᠡᠷ᠎ᠢ ᠰᠠᠢᠳᠤᠷ ᠶᠠᠷᠢᠪᠠ᠃ ᠬᠠᠤᠯᠢ ᠲᠣᠭ᠍ᠲᠠᠭᠠᠬᠤ ᠪᠦᠬᠦ᠌ ᠶᠠᠪᠤᠴᠠ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠬᠠᠤᠯᠢ ᠲᠣᠭ᠍ᠲᠠᠭᠠᠬᠤ ᠠᠵᠢᠯ᠎ᠤᠨ ᠳᠤᠮᠳᠠᠬᠢ ᠬᠠᠯᠠᠭᠤᠨ ᠴᠡᠭ᠎ᠤᠨ ᠠᠰᠠᠭᠤᠳᠠᠯ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ᠎ᠤ ᠪᠠᠢᠳᠠᠯ᠎ᠳᠤ ᠢᠳᠡᠪᠬᠢᠲᠡᠶ᠎ᠪᠠᠷ ᠬᠠᠷᠢᠭᠤ ᠥᠭ᠌ᠴᠦ᠂ ᠡᠯ᠎ᠡ ᠲᠠᠯ᠎ᠠ᠎ᠶ᠋ᠢᠨ᠎ᠬᠢᠨ᠎ᠤ ᠬᠠᠤᠯᠢ ᠲᠣᠭ᠍ᠲᠠᠭᠠᠬᠤ ᠲᠠᠯ᠎ᠠ᠎ᠪᠠᠷ᠎ᠬᠢ ᠣᠢᠯᠠᠭᠠᠯᠲᠠ ᠪᠠ ᠵᠥᠪᠱᠢᠶᠡᠷᠡᠯ᠎ᠢ ᠨᠡᠮᠡᠭ᠌ᠳᠡᠭᠦᠯᠪᠡ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠤᠬᠠᠭᠤᠯᠤᠨ ᠮᠡᠳᠡᠭᠡᠯᠡᠬᠦ᠌᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠴᠤᠭ ᠵᠢᠪᠬᠤᠭ᠎ᠠ᠎ᠶ᠋ᠢ ᠢᠯᠡᠷᠡᠭᠦᠯᠪᠡ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠤᠨᠢᠨ ᠮᠡᠳᠡᠭᠡᠯᠡᠯ᠎ᠤᠨ ᠶᠠᠷᠢᠶ᠎ᠠ ᠬᠡᠯᠡᠯᠴᠡᠭᠡᠨ᠎ᠤ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠰᠡᠳᠬᠦᠯ᠂ ᠰᠦᠯᠵᠢᠶ᠎ᠡ᠂ ᠸᠢᠴᠠᠲ᠂ ᠪᠢᠴᠢᠯ ᠪᠯᠤᠭ ᠦᠵᠦᠭᠦᠷ》 ᠤᠨ ᠭᠦᠨ ᠠᠭᠤᠰᠤᠯᠴᠠᠯ᠎ᠢ ᠠᠬᠢᠭᠤᠯᠪᠠ᠃ ᠳᠤᠮᠳᠠᠳᠤ᠎ᠶ᠋ᠢᠨ ᠣᠷᠴᠢᠨ ᠠᠬᠤᠶ᠎ᠶ᠋ᠢ ᠬᠠᠮᠠᠭᠠᠯᠠᠬᠤ ᠡᠷᠢᠨ ᠵᠠᠭᠤᠨ᠎ᠤ ᠠᠶᠠᠯᠠᠯ᠂ ᠠᠩᠬᠠᠳᠠᠭ᠍ᠴᠢ ᠪᠦᠬᠦ᠌ ᠤᠯᠤᠰ᠎ᠤᠨ ᠠᠮᠢ ᠠᠬᠤᠶ᠎ᠶ᠋ᠢᠨ ᠡᠳᠦᠷ ᠵᠡᠷᠭᠡ ᠲᠤᠰᠭᠠᠶ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠪᠡ᠃ 27 ᠬᠠᠤᠯᠢ ᠴᠠᠭᠠᠵᠠ᠂ ᠲᠣᠭ᠍ᠲᠠᠭᠠᠯ᠎ᠤᠨ ᠠᠩᠭ᠌ᠯᠢ ᠬᠡᠯᠡᠨ᠎ᠤ ᠣᠷᠴᠢᠭᠤᠯᠭ᠎ᠠ᠎ᠶ᠋ᠢᠨ ᠳᠡᠪᠲᠡᠷ᠎ᠢ ᠱᠢᠨ᠎ᠡ᠎ᠪᠠᠷ ᠨᠡᠮᠡᠭ᠌ᠳᠡᠭᠦᠯᠦᠨ ᠨᠡᠢᠲᠡᠯᠡᠵᠦ᠍᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠭᠠᠳᠠᠭ᠍ᠰᠢ ᠤᠬᠠᠭᠤᠯᠤᠨ ᠲᠠᠨᠢᠯᠴᠠᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠤᠶᠤᠨ᠎ᠤ ᠬᠥᠮᠥᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ᠎ᠤ ᠵᠣᠬᠢᠶᠠᠯ᠎ᠤᠨ ᠲᠡᠭᠦᠪᠦᠷᠢ ᠪᠠ ᠦᠷ᠎ᠡ ᠪᠦᠲᠦᠭᠡᠯ᠎ᠤᠨ ᠡᠮᠬᠢᠳᠭᠡᠯᠢ ᠬᠡᠪᠯᠡᠭᠦᠯᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠺᠠᠳ᠋ᠷ᠎ᠤᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠰᠠᠢᠲᠤᠷ ᠠᠳᠭᠤᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠤᠬᠠᠮᠰᠠᠷ᠎ᠤᠨ ᠬᠥᠮᠦᠵᠢᠯ ᠪᠠ ᠨᠠᠮ᠎ᠳᠠᠭᠠᠨ ᠦᠨᠡᠨᠴᠢ ᠱᠢᠳᠤᠷᠭᠤ ᠪᠠᠢᠬᠤ ᠬᠥᠮᠦᠵᠢᠯ᠎ᠢ ᠴᠢᠩᠭᠠᠳᠭᠠᠪᠠ᠃ ᠲᠥᠪ ᠬᠤᠷᠢᠶᠠᠨ᠎ᠤ ᠲᠣᠭᠤᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠪᠡ᠃ ᠪᠠᠢᠭᠤᠯᠭ᠎ᠠ᠎ᠶ᠋ᠢᠨ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠥᠪᠯᠡᠬᠦ᠌ ᠦᠢᠯᠡᠴᠢᠯᠡᠬᠦ᠌ ᠪᠠᠲᠤᠯᠠᠬᠤ ᠭᠤᠣᠯ ᠬᠠᠷᠢᠭᠤᠴᠠᠯᠭ᠎ᠠ ᠪᠠ ᠭᠤᠣᠯ ᠠᠵᠢᠯ᠎ᠢ ᠰᠠᠢᠲᠤᠷ ᠭᠦᠢᠴᠡᠳᠭᠡᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠷᠣᠯᠴᠠᠯᠭ᠎ᠠ ᠪᠣᠯᠪᠠᠰᠣᠷᠠᠭᠤᠯᠤᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶᠡᠨ᠎ᠤ ᠳᠡᠭᠡᠳᠦ ᠰᠤᠷᠭᠠᠭᠤᠯᠢ᠎ᠶ᠋ᠢ ᠰᠠᠢᠲᠤᠷ ᠪᠠᠢᠭᠤᠯᠪᠠ᠃ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠳ᠋ᠠᠢᠲ᠋ᠠ ᠬᠥᠮᠥᠷᠭᠡ᠎ᠶ᠋ᠢ ᠲᠡᠭᠦᠯᠳᠡᠷᠵᠢᠭᠦᠯᠵᠦ᠍᠂ ᠪᠠᠢᠭᠤᠯᠭ᠎ᠠ᠎ᠶ᠋ᠢᠨ ᠮᠡᠳᠡᠭᠡ ᠵᠠᠩᠭᠢᠴᠢᠯᠠᠯᠲᠠ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃
ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ ᠬᠠᠮᠵᠢᠯᠴᠠᠭ᠎ᠠ᠎ᠶ᠋ᠢ ᠴᠢᠩᠭᠠᠳᠭᠠᠪᠠ᠃ ᠮᠤᠵᠢ᠂ ᠲᠣᠭᠤᠷᠢᠭ ᠪᠦᠬᠦᠢ ᠬᠤᠳᠠ᠎ᠶ᠋ᠢᠨ ᠬᠤᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠬᠠᠷᠢᠭᠤᠴᠠᠯᠭᠠᠲᠠᠨ ᠨᠥᠬᠦᠳ᠎ᠤᠨ ᠰᠤᠷᠤᠯᠴᠠᠬᠤ ᠠᠩᠭᠢ᠎ᠶ᠋ᠢ ᠡᠷᠬᠢᠯᠡᠪᠡ᠃ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠣᠯᠪᠠᠰᠤᠷᠠᠯ᠎ᠤᠨ ᠠᠩᠭᠢ᠎ᠶ᠋ᠢ 2 ᠬᠤᠭᠤᠴᠠᠭ᠎ᠠ ᠡᠷᠬᠢᠯᠡᠵᠦ᠍᠂ ᠬᠠᠤᠯᠢ ᠲᠣᠭ᠍ᠲᠠᠭᠠᠬᠤ ᠡᠷᠬᠡ᠎ᠲᠠᠢ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠠᠵᠢᠯᠲᠠᠨ᠎ᠳᠤ ᠱᠢᠨ᠎ᠡ ᠨᠢᠭᠡ ᠡᠭᠡᠯᠵᠢ᠎ᠶ᠋ᠢᠨ ᠲᠦᠪᠯᠡᠷᠡᠭᠦᠯᠦᠭ᠌ᠰᠡᠨ ᠪᠤᠯᠪᠠᠰᠤᠷᠠᠭᠤᠯᠤᠯ᠎ᠢ ᠪᠡᠶᠡᠯᠡᠭᠦᠯᠪᠡ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠠᠵᠢᠯ᠎ᠤᠨ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠬᠤᠯᠪᠣᠭ᠍ᠳᠠᠯ ᠪᠦᠬᠦᠢ ᠠᠵᠢᠯ᠎ᠤᠨ ᠪᠠᠢᠳᠠᠯ᠎ᠢᠶᠠᠨ ᠴᠠᠭ ᠲᠤᠬᠠᠶ᠎ᠳᠤᠨᠢ ᠮᠡᠳᠡᠭ᠌ᠳᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠳᠤ ᠲᠠᠯᠪᠢᠭ᠍ᠰᠠᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠲᠤᠰᠭᠠᠶ ᠵᠥᠪᠯᠡᠯ᠎ᠨᠢ ᠠᠵᠢᠯ᠎ᠤᠨ ᠶᠠᠷᠢᠯᠴᠠᠬᠤ ᠬᠤᠷᠠᠯ᠂ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠬᠢ ᠵᠡᠷᠭᠡ ᠬᠡᠯᠪᠡᠷᠢ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠠᠵᠢᠯ ᠲᠦᠷᠦᠯ᠎ᠤᠨ ᠱᠢᠰᠲ᠋ᠧᠮ᠎ᠢᠶᠠᠷ᠎ᠢᠶᠠᠨ ᠬᠠᠷᠢᠯᠴᠠᠬᠤ ᠰᠣᠯᠢᠯᠴᠠᠭ᠎ᠠ᠎ᠶ᠋ᠢ ᠴᠢᠩᠭᠠᠳᠭᠠᠪᠠ᠃
ᠲᠥᠯᠥᠭᠡᠯᠡᠭ᠌ᠴᠢᠳ ᠡ!
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠣᠯᠤᠭ᠍ᠰᠠᠨ ᠡᠳᠡᠭᠡᠷ ᠠᠮᠵᠢᠯᠲᠠ ᠪᠦᠲᠦᠮᠵᠢ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠳᠥᠯᠥᠭᠡᠯᠡᠭ᠌ᠴᠢᠳᠤᠨ ᠶᠡᠭᠡ ᠬᠤᠷᠠᠯ᠎ᠤᠨ ᠳᠥᠯᠥᠭᠡᠯᠡᠭ᠌ᠴᠢᠳ᠂ ᠪᠠᠢᠡᠭ᠌ᠭᠤ᠎ᠶ᠋ᠢᠨ ᠬᠤᠷᠢᠶᠠᠨ᠎ᠤ ᠪᠥᠷᠢᠯᠳᠥᠭᠦᠨ᠂ ᠡᠯ᠎ᠡ ᠳᠤᠰᠭᠠᠢ ᠵᠥᠪᠯᠡᠯ᠎ᠤᠨ ᠪᠥᠷᠢᠯᠳᠥᠭᠦᠨ ᠪᠠ ᠪᠦᠬᠦ᠌ ᠤᠯᠤᠰ᠎ᠤᠨ ᠠᠷᠠᠳ᠎ᠤᠨ ᠳᠥᠯᠥᠭᠡᠯᠡᠭ᠌ᠴᠢᠳᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠠᠵᠢᠯᠳᠠᠨ᠎ᠤ ᠬᠠᠷᠢᠭᠤᠴᠠᠯᠭ᠎ᠠ᠎ᠪᠠᠨ ᠡᠭᠦᠷᠭᠡᠯᠡᠨ ᠲᠤᠱᠢᠶᠠᠯ᠎ᠢᠶᠠᠨ ᠭᠦᠢᠴᠡᠳᠭᠡᠵᠦ᠍᠂ ᠯᠠᠪᠳᠠᠭᠤᠨ ᠪᠠᠲᠤᠲᠠᠶ ᠠᠵᠢᠯᠯᠠᠭ᠍ᠰᠠᠨ᠎ᠤ ᠦᠷ᠎ᠡ ᠳ᠋ᠦᠩ ᠮᠦᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠨᠢᠭ᠍ᠲᠠ ᠬᠠᠮᠵᠢᠯᠴᠠᠵᠤ᠂ ᠪᠦᠬᠦ᠌ ᠬᠦᠴᠦᠨ᠎ᠢᠶᠠᠷ᠎ᠢᠶᠠᠨ ᠬᠠᠮᠲᠤᠷᠠᠨ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠭᠦᠢᠴᠡᠳ ᠢᠲᠡᠭᠡᠵᠦ᠍᠂ ᠢᠳᠡᠪᠬᠢᠲᠡᠢ ᠳᠡᠮᠵᠢᠭ᠌ᠰᠡᠨ᠎ᠤ ᠦᠷ᠎ᠡ ᠳ᠋ᠦᠩ ᠮᠥᠨ᠃ ᠡ᠊ᠨᠳᠡ ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠠᠵᠢᠯ᠎ᠤᠨ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠠᠷ ᠲᠠᠨᠢᠵᠤ ᠤᠯᠪᠠ᠃ ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠣᠯᠯᠠᠬᠤ ᠦᠢᠯᠡᠳᠦᠯ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠦ᠍᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ; ᠬᠢᠨᠠᠯᠲᠠ ᠲᠠᠯᠪᠢᠬᠤ ᠠᠵᠢᠯ᠎ᠤᠨ ᠲᠦᠷᠢᠮ ᠲᠣᠭ᠍ᠲᠠᠴᠠ ᠪᠠ ᠠᠷᠭ᠎ᠠ ᠮᠠᠶᠢᠭ ᠠᠷᠭ᠎ᠠ ᠪᠠᠷᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠢᠨᠠᠯᠲᠠ ᠲᠠᠯᠪᠢᠬᠤ ᠬᠠᠲᠠᠨ ᠴᠢᠨᠠᠷ ᠪᠠ ᠪᠣᠳᠠᠲᠤ ᠪᠦᠲᠦᠮᠵᠢ᠎ᠶ᠋ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ; ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ᠎ᠤᠨ ᠶᠠᠷᠢᠶ᠎ᠠ ᠬᠡᠯᠡᠯᠴᠡᠭᠡ ᠪᠠ ᠤᠨᠤᠯ᠎ᠤᠨ ᠰᠤᠳᠤᠯᠭᠠᠨ᠎ᠤ ᠠᠵᠢᠯ᠎ᠢ ᠤᠯᠠᠮ ᠨᠢᠭᠡ ᠠᠯᠬᠤᠮ ᠥᠷᠭᠡᠳᠭᠡᠬᠦ᠌ ᠴᠢᠬᠤᠯᠠᠲᠠᠶ᠃ ᠪᠢᠳᠡ ᠡᠳᠡᠭᠡᠷ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠯᠥᠭᠡᠯᠡᠭ᠌ᠴᠢᠳ ᠪᠣᠯᠤᠨ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠳᠠᠷᠤᠤ ᠬᠢᠴᠢᠶᠡᠩᠭᠦᠢ᠎ᠪᠠᠷ ᠰᠣᠨᠣᠰᠴᠤ᠌᠂ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠠᠵᠢᠯ᠎ᠢᠶᠠᠨ ᠲᠠᠰᠤᠷᠠᠯᠲᠠ ᠦᠭᠡᠢ ᠴᠢᠩᠭᠠᠳᠭᠠᠨ ᠰᠠᠢᠵᠢᠷᠠᠭᠤᠯᠬᠤ ᠪᠣᠯᠣᠨ᠎ᠠ᠃
ᠬᠤᠢᠱᠢᠳᠠ᠎ᠶ᠋ᠢᠨ ᠨᠢᠭᠡ ᠵᠢᠯ᠎ᠤᠨ ᠡᠭᠦᠷᠭᠡ
2024 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠣᠶ ᠪᠣᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠣᠨ᠎ᠠ᠂ ᠪᠠᠰᠠ ᠴᠤ᠌ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠᠢᠭᠤᠯᠤᠭ᠍ᠳᠠᠭ᠍ᠰᠠᠨ 70 ᠵᠢᠯ᠎ᠤᠨ ᠤᠢ ᠪᠣᠯᠣᠨ᠎ᠠ᠃ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠤᠶᠠᠷ᠎ᠢ ᠲᠣᠭ᠍ᠲᠠᠭᠠᠭ᠍ᠰᠠᠨ》 ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭ᠍ᠰᠠᠨ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠬᠤ ᠪᠠ ᠪᠠᠭᠤᠯᠭᠠᠬᠤ ᠡᠷᠬᠡ᠎ᠶ᠋ᠢ ᠬᠢᠨᠠᠮᠠᠭᠠᠶ ᠬᠡᠷᠡᠭ᠌ᠵᠢᠭᠦᠯᠵᠦ᠍᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠎ᠪᠠᠷ ᠴᠢᠷᠮᠠᠢᠵᠤ ᠪᠠᠢᠭᠠᠳ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠥᠬᠦ᠌ ᠲᠠᠯ᠎ᠠ᠎ᠪᠠᠷ ᠠᠬᠢᠭᠤᠯᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠬᠠᠩᠭᠠᠨ᠎ᠠ᠃
(ᠨᠢᠭᠡ) ᠦᠨᠳᠦᠰᠦᠨ ᠬᠠᠤᠯᠢ᠎ᠶ᠋ᠢ ᠬᠡᠷᠡᠭ᠌ᠵᠢᠭᠦᠯᠬᠦ᠌ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠨ ᠬᠠᠤᠯᠢ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠨ᠎ᠠ᠃ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠪᠠᠲᠤᠯᠠᠬᠤ ᠳᠦᠷᠢᠮ᠎ᠤᠨ ᠱᠢᠰᠲ᠋ᠧᠮ᠎ᠢ ᠪᠦᠷᠢᠨᠱᠢᠭᠦᠯᠦᠨ᠂ ᠦᠨᠳᠦᠰᠦᠨ ᠬᠠᠤᠯᠢ᠎ᠶ᠋ᠢᠨ ᠬᠠᠮᠢᠶ᠎ᠠ ᠪᠦᠬᠦᠢ ᠲᠣᠭ᠍ᠲᠠᠭᠠᠯ᠎ᠢ ᠱᠢᠭᠤᠳ ᠬᠡᠷᠡᠭ᠌ᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ ᠠᠵᠢᠯ᠎ᠢ ᠴᠢᠩᠭᠠᠳᠭᠠᠵᠤ᠂ ᠦᠨᠳᠦᠰᠦᠨ ᠬᠠᠤᠯᠢ᠎ᠶ᠋ᠢ ᠲᠠᠢᠯᠪᠤᠷᠢᠯᠠᠬᠤ ᠵᠢᠷᠤᠮ᠎ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃ ᠳᠠᠩᠰᠠᠯᠠᠵᠤ ᠬᠢᠨᠠᠨ ᠪᠠᠢᠴᠠᠭᠠᠬᠤ ᠳᠦᠷᠢᠮ᠎ᠢ ᠲᠡᠭᠦᠯᠳᠡᠷᠵᠢᠭᠦᠯᠦᠨ ᠴᠢᠩᠭᠠᠳᠭᠠᠬᠤ ᠲᠤᠬᠠᠶ ᠲᠣᠭ᠍ᠲᠠᠭᠠᠯ᠎ᠢ ᠬᠡᠷᠡᠭ᠌ᠵᠢᠭᠦᠯᠵᠦ᠍᠂ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠲᠠᠢ ᠬᠠᠷᠱᠢᠯᠳᠤᠭ᠍ᠰᠠᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠠᠤᠯᠢ ᠶᠣᠰᠣᠭᠠᠷ ᠵᠠᠯᠠᠷᠠᠭᠤᠯᠬᠤ ᠪᠠ ᠬᠦᠴᠦᠨ ᠦᠭᠡᠢ ᠪᠣᠯᠭᠠᠨ᠎ᠠ᠃ ᠦᠨᠳᠦᠰᠦᠨ ᠬᠠᠤᠯᠢ ᠪᠠ ᠭᠤᠣᠯ ᠬᠠᠤᠯᠢ᠎ᠳᠤ ᠲᠣᠭ᠍ᠲᠠᠭᠠᠭ᠍ᠰᠠᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ ᠬᠠᠤᠯᠢᠲᠤ ᠪᠠᠢᠭᠤᠯᠤᠯ᠎ᠤᠨ ᠡᠮᠬᠢ ᠵᠢᠷᠤᠮ ᠪᠠ ᠬᠠᠤᠯᠢ᠎ᠪᠠᠷ ᠵᠠᠰᠠᠬᠤ ᠡᠮᠬᠢ ᠵᠢᠷᠤᠮ᠎ᠢ ᠬᠠᠮᠠᠭᠠᠯᠠᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠪᠠᠢᠭᠤᠯᠤᠯ ᠪᠠ ᠭᠦᠢᠴᠡᠳᠭᠡᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃ ᠦᠨᠳᠦᠰᠦᠨ ᠬᠠᠤᠯᠢ᠎ᠶ᠋ᠢᠨ ᠤᠬᠠᠭᠤᠯᠭ᠎ᠠ ᠬᠥᠮᠦᠵᠢᠯ ᠪᠠ ᠤᠨᠤᠯ᠎ᠤᠨ ᠰᠤᠳᠤᠯᠭᠠᠨ᠎ᠢ ᠴᠢᠩᠭᠠᠳᠭᠠᠵᠤ᠂ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠲᠦᠷᠢᠮ᠎ᠢ ᠰᠠᠢᠲᠤᠷ ᠬᠡᠷᠡᠭ᠌ᠵᠢᠭᠦᠯᠵᠦ᠍᠂ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠤᠨ ᠠᠵᠢᠯᠯᠠᠭ᠎ᠠ᠎ᠶ᠋ᠢ ᠰᠠᠢᠲᠤᠷ ᠵᠣᠬᠢᠶᠠᠨ ᠪᠠᠢᠭᠤᠯᠤᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠦᠭ᠌ᠰᠡᠨ 40 ᠵᠢᠯ᠎ᠤᠨ ᠤᠢ᠎ᠶ᠋ᠢᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃
(ᠬᠤᠶᠠᠷ) ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠎ᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠤᠯᠢ᠎ᠶ᠋ᠢᠨ ᠪᠢᠴᠢᠭ᠎ᠤᠨ ᠲᠥᠰᠦᠯ᠎ᠢ ᠨᠠᠢᠷᠠᠭᠤᠯᠤᠨ ᠪᠢᠴᠢᠬᠦ᠌᠎ᠶ᠋ᠢᠨ ᠬᠠᠮᠲᠤ ᠳᠡᠪᠱᠢᠭᠦᠯᠵᠦ᠍ ᠬᠢᠨᠠᠨ ᠶᠠᠷᠢᠯᠴᠠᠭᠤᠯᠤᠨᠡ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠠᠢᠭᠤᠯᠤᠯ᠎ᠤᠨ ᠪᠠᠲᠤᠯᠠᠭ᠎ᠠ᠎ᠶ᠋ᠢ ᠴᠢᠩᠭᠠᠳᠭᠠᠬᠤ᠎ᠲᠠᠢ ᠤᠶᠠᠯᠳᠤᠭᠤᠯᠤᠨ᠂ ᠲᠥᠯᠥᠭᠡᠯᠡᠭ᠌ᠴᠢ᠎ᠶ᠋ᠢᠨ ᠬᠠᠤᠯᠢ᠂ ᠬᠢᠨᠠᠯᠲᠠ ᠲᠠᠯᠪᠢᠬᠤ ᠬᠠᠤᠯᠢ᠂ ᠬᠢᠨᠠᠨ ᠪᠠᠢᠴᠠᠭᠠᠬᠤ ᠬᠠᠤᠯᠢ᠂ ᠬᠤᠳᠠ᠎ᠶ᠋ᠢᠨ ᠰᠠᠭᠤᠭᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠲᠠᠢ ᠤᠶᠠᠯᠳᠤᠭᠤᠯᠤᠨ᠂ ᠮᠥᠩᠭᠦᠨ ᠭᠦᠢᠯᠭᠡᠭᠡ᠎ᠶ᠋ᠢ ᠲᠣᠭ᠍ᠲᠠᠪᠤᠷᠢᠵᠢᠭᠤᠯᠬᠤ ᠬᠠᠤᠯᠢ᠂ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠬᠤ ᠬᠠᠤᠯᠢ᠂ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠬᠠᠤᠯᠢ᠂ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ᠂ ᠠᠵᠤ ᠠᠬᠤᠢᠯᠠᠯ᠎ᠤᠨ ᠳᠠᠮᠫᠤᠷᠠᠯ᠎ᠤᠨ ᠬᠠᠤᠯᠢ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠂ ᠨᠢᠭ᠍ᠲᠠᠯᠠᠨ ᠪᠤᠳᠤᠬᠤ ᠬᠠᠤᠯᠢ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ᠎ᠳᠤ ᠣᠷᠣᠯᠴᠠᠬᠤ ᠬᠠᠤᠯᠢ᠂ ᠲᠤᠭ᠎ᠠ ᠪᠦᠷᠢᠳᠭᠡᠯ᠎ᠤᠨ ᠬᠠᠤᠯᠢ᠂ ᠠᠷᠠᠳ᠎ᠤᠨ ᠬᠡᠷᠡᠭ᠌ᠴᠡᠭᠡᠨ᠎ᠤ ᠠᠭᠠᠷ᠎ᠤᠨ ᠠᠶᠠᠯᠠᠯ᠎ᠤᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ ᠪᠠ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠂ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠲᠠᠢ ᠤᠶᠠᠯᠳᠤᠭᠤᠯᠤᠨ᠂ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠬᠠᠤᠯᠢ᠂ ᠡᠷᠳᠡᠮ᠎ᠤᠨ ᠴᠣᠯᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ᠌ ᠬᠠᠤᠯᠢ᠂ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠤᠯᠢ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠤᠨ ᠡᠶ᠎ᠡ ᠵᠣᠬᠢᠴᠠᠯ ᠠᠮᠤᠷ ᠲᠣᠭ᠍ᠲᠠᠭᠤᠨ᠎ᠢ ᠬᠠᠮᠠᠭᠠᠯᠠᠬᠤ᠎ᠲᠠᠢ ᠤᠶᠠᠯᠳᠤᠭᠤᠯᠤᠨ᠂ ᠢᠷᠭᠡᠨ᠎ᠤ ᠬᠡᠷᠡᠭ᠎ᠤᠨ ᠠᠯᠪᠠᠳᠠᠨ ᠭᠦᠢᠴᠡᠳᠭᠡᠭᠦᠯᠬᠦ᠌ ᠬᠠᠤᠯᠢ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠤᠯᠢ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠬᠤ ᠬᠠᠤᠯᠢ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠎ᠶ᠋ᠢ ᠲᠣᠭ᠍ᠲᠠᠭᠠᠵᠤ᠂ ᠬᠥᠨᠳᠡᠯᠡᠨ᠎ᠠᠴᠠ ᠲᠠᠰᠤᠯᠬᠤ ᠬᠠᠤᠯᠢ᠂ ᠭᠢᠨᠳᠠᠨ᠎ᠤ ᠬᠠᠤᠯᠢ᠂ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠤᠯᠢ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠭᠡᠨᠡᠳᠲᠡ᠎ᠶ᠋ᠢᠨ ᠬᠡᠷᠡᠭ᠎ᠢ ᠠᠷᠭᠠᠴᠠᠬᠤ ᠬᠠᠮᠢᠶᠠᠷᠤᠯᠲᠠ᠎ᠶ᠋ᠢᠨ ᠬᠠᠤᠯᠢ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠤᠯᠢ᠂ ᠠᠲ᠋ᠣᠮ᠎ᠤᠨ ᠡᠨᠧᠷᠭᠢ᠎ᠶ᠋ᠢᠨ ᠬᠠᠤᠯᠢ᠂ ᠠᠶᠤᠯᠲᠠᠶ ᠬᠢᠮᠢ᠎ᠶ᠋ᠢᠨ ᠵᠦᠢᠯ᠎ᠤᠨ ᠠᠶᠤᠯᠭᠦᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ᠎ᠤᠨ ᠬᠠᠤᠯᠢ᠂ ᠰᠦᠯᠵᠢᠶᠡᠨ᠎ᠤ ᠠᠮᠤᠷ ᠲᠦᠪᠱᠢᠨ᠎ᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠭᠠᠳᠠᠭᠠᠳᠤ᠎ᠳᠤ ᠬᠤᠯᠪᠣᠭ᠍ᠳᠠᠬᠤ ᠬᠦᠷᠢᠶ᠎ᠡ᠎ᠶ᠋ᠢᠨ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠪᠣᠭᠤᠮᠲᠠ᠎ᠶ᠋ᠢᠨ ᠭᠠᠢᠯᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠤᠯᠤᠰ᠎ᠤᠨ ᠬᠢᠯᠢ᠎ᠶ᠋ᠢᠨ ᠡᠷᠡᠭᠦᠯ ᠬᠠᠮᠠᠭᠠᠯᠠᠯ ᠬᠢᠵᠢᠭ᠎ᠤᠨ ᠪᠠᠢᠴᠠᠭᠠᠯᠲᠠ᠎ᠶ᠋ᠢᠨ ᠬᠠᠤᠯᠢ᠂ ᠵᠣᠭᠤᠰ ᠤᠬᠢᠶᠠᠬᠤ᠎ᠶ᠋ᠢ ᠡᠰᠡᠷᠭᠦᠴᠡᠬᠦ᠌ ᠬᠠᠤᠯᠢ᠎ᠳᠤ ᠵᠠᠰᠠᠪᠤᠷᠢ ᠣᠷᠣᠭᠤᠯᠵᠤ᠂ ᠮᠠᠨ᠎ᠤ ᠤᠯᠤᠰ᠎ᠤᠨ ᠬᠠᠤᠯᠢ᠎ᠶ᠋ᠢ ᠬᠢᠯᠢ᠎ᠶ᠋ᠢᠨ ᠭᠠᠳᠠᠨ᠎ᠠ ᠳᠣᠬᠢᠷᠠᠭᠤᠯᠤᠨ ᠬᠡᠷᠡᠭ᠌ᠯᠡᠬᠦ᠌ ᠬᠠᠤᠯᠢ ᠴᠠᠭᠠᠵᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ ᠡᠷᠬᠡ ᠤᠯᠭᠤᠬᠤ ᠰᠢᠢᠳᠪᠦᠷᠢ ᠪᠤᠯᠤᠨ ᠦᠬᠡᠷᠡᠴᠢᠯᠡᠯᠳᠡ᠎ᠶᠢᠨ ᠰᠢᠢᠳᠪᠦᠷᠢ᠎ᠶᠢᠨ ᠬᠠᠮᠢᠶ᠎ᠠ ᠪᠦᠬᠦᠢ ᠠᠵᠢᠯ᠎ᠢ ᠰᠠᠢᠳᠤᠷ ᠬᠢᠨ᠎ᠠ᠃ ᠬᠠᠤᠯᠢ ᠲᠣᠭ᠍ᠲᠠᠭᠠᠬᠤ᠎ᠳᠤ ᠠᠷᠠᠳ ᠲᠦᠮᠡᠨ᠎ᠤ ᠲᠥᠯᠥᠭᠡ ᠪᠠᠢᠬᠤ᠂ ᠠᠷᠠᠳ ᠲᠦᠮᠡᠨ᠎ᠢ ᠲᠦᠱᠢᠭ᠌ᠯᠡᠬᠦ᠌᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠣᠯᠯᠠᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ᠎ᠶ᠋ᠢᠨ ᠱᠢᠰᠲ᠋ᠧᠮ᠎ᠤᠨ ᠪᠠᠢᠭᠤᠯᠤᠯᠲᠠ ᠪᠠ ᠬᠠᠤᠯᠢ ᠲᠣᠭ᠍ᠲᠠᠭᠠᠬᠤ ᠠᠵᠢᠯ᠎ᠤᠨ ᠵᠢᠮ᠎ᠡ ᠶᠣᠰᠣ᠎ᠶ᠋ᠢᠨ ᠲᠤᠬᠠᠢ ᠰᠤᠳᠤᠯᠭᠠᠨ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠤᠨ᠂ ᠴᠢᠨᠠᠷ ᠰᠠᠢᠳᠠᠢ ᠬᠠᠥᠯᠢ ᠲᠤᠭᠳᠠᠭᠠᠬᠤ᠎ᠵᠢ ᠬᠦᠨᠵᠡᠬᠡᠢ ᠠᠬᠢᠭᠤᠯᠤᠨ᠎ᠠ᠃
(ᠭᠤᠷᠪᠠ) ᠬᠢᠨᠠᠯᠲᠠ ᠲᠠᠯᠪᠢᠬᠤ ᠠᠵᠢᠯ᠎ᠢ ᠯᠠᠪᠳᠠᠭᠤᠨ ᠪᠥᠭᠡᠳ ᠪᠦᠲᠦᠮᠵᠢᠲᠡᠶ ᠰᠠᠢᠲᠤᠷ ᠬᠢᠨ᠎ᠡ᠃ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠤ ᠪᠣᠳᠣᠵᠤ ᠰᠠᠨᠠᠵᠤ ᠬᠦᠰᠡᠵᠦ᠍ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠰᠠᠭᠤᠳᠠᠯ᠎ᠢᠶᠡᠷ ᠤᠳᠤᠷᠢᠳᠤᠮᠵᠢ ᠪᠤᠯᠭᠠᠬᠤ᠎ᠵᠢ ᠪᠠᠷᠢᠮᠳᠠᠯᠠᠵᠦ᠂ ᠬᠠᠤᠯᠢ᠎ᠪᠠᠷ ᠲᠣᠭ᠍ᠲᠠᠭᠠᠭ᠍ᠰᠠ ᠬᠢᠨᠠᠯᠲᠠ ᠲᠠᠯᠪᠢᠬᠤ ᠠᠷᠭ᠎ᠠ ᠮᠠᠶᠢᠭ᠎ᠢ ᠨᠢᠭᠡᠳᠦᠯᠲᠡᠶ ᠲᠥᠯᠥᠪᠯᠡᠨ ᠬᠡᠷᠡᠭ᠌ᠯᠡᠵᠦ᠍᠂ ᠬᠠᠤᠯᠢ ᠴᠠᠭᠠᠵᠠ᠎ᠶ᠋ᠢᠨ ᠬᠢᠨᠠᠯᠲᠠ ᠪᠠ ᠠᠵᠢᠯ᠎ᠤᠨ ᠬᠢᠨᠠᠯᠲᠠ᠎ᠶ᠋ᠢ ᠴᠢᠩᠭᠠᠳᠭᠠᠵᠤ᠂ ᠬᠢᠨᠠᠯᠲᠠ ᠲᠠᠯᠪᠢᠬᠤ ᠠᠵᠢᠯ᠎ᠤᠨ ᠬᠠᠳᠠᠨ ᠴᠢᠨᠠᠷ ᠪᠠ ᠪᠣᠳᠠᠲᠤ ᠪᠦᠲᠦᠮᠵᠢ᠎ᠶ᠋ᠢ ᠤᠯᠠᠮ ᠨᠢᠭᠡ ᠠᠯᠬᠤᠮ ᠴᠢᠩᠭᠠᠳᠭᠠᠨ᠎ᠠ᠃ ᠡᠨᠡ ᠵᠢᠯ 35 ᠬᠢᠨᠠᠯᠲᠠ ᠲᠠᠯᠪᠢᠬᠤ ᠲᠥᠰᠥᠯ᠎ᠢ ᠲᠣᠬᠢᠷᠠᠭᠤᠯᠬᠤ᠎ᠪᠠᠷ ᠵᠢᠱ᠌ᠢᠵᠦ᠍ ᠪᠠᠢᠨ᠎ᠠ᠃ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠤᠯᠢ᠂ ᠲᠠᠷᠢᠶᠠᠯᠠᠩ᠎ᠤᠨ ᠬᠠᠤᠯᠢ᠂ ᠨᠡᠢᠭᠡᠮ᠎ᠤᠨ ᠳᠠᠭᠠᠳᠭᠠᠯ᠎ᠤᠨ ᠬᠠᠤᠯᠢ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ᠂ ᠬᠠᠲᠤᠨ ᠭᠤᠣᠯ᠎ᠢ ᠬᠠᠮᠠᠭᠠᠯᠠᠬᠤ ᠬᠠᠤᠯᠢ ᠵᠡᠷᠭᠡ 5 ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠨ᠎ᠠ᠃ ᠲᠥᠯᠥᠪᠯᠡᠭᠡ᠎ᠶ᠋ᠢᠨ ᠬᠡᠷᠡᠭ᠌ᠵᠢᠭᠦᠯᠦᠯᠲᠡ᠂ ᠲᠥᠰᠦᠪ᠎ᠤᠨ ᠬᠡᠷᠡᠭ᠌ᠵᠢᠭᠦᠯᠦᠯᠲᠡ᠂ ᠲᠥᠰᠥᠪ᠎ᠤᠨ ᠭᠦᠢᠴᠡᠳᠭᠡᠯ᠂ ᠬᠢᠨᠠᠨ ᠪᠣᠳᠣᠯᠲᠠ᠂ ᠮᠥᠩᠭᠦᠨ ᠭᠦᠢᠯᠭᠡᠭᠡ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ ᠵᠡᠷᠭᠡ᠎ᠳᠤ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠵᠦ᠍᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠶ᠋ᠢ ᠠᠩᠬᠠᠳᠠᠭ᠍ᠴᠢ ᠤᠳᠠᠭ᠎ᠠ ᠲᠣᠬᠢᠷᠠᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠂ ᠡᠳ᠋᠎ᠤᠨ ᠵᠠᠰᠠᠭ᠎ᠤᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠵᠢᠴᠢ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ᠂ ᠳᠤᠮᠳᠠᠲᠤ ᠤᠯᠤᠰ᠎ᠤᠨ ᠤᠨᠴᠠᠯᠢᠭ ᠪᠦᠬᠦᠢ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠶᠡᠭᠡ ᠰᠤᠷᠭᠠᠭᠤᠯᠢ ᠪᠠ ᠳᠠᠪᠠᠭᠤᠯᠢᠭ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠂ ᠬᠡᠤᠬᠡᠳ ᠰᠠᠭᠠᠲᠠᠭᠤᠯᠬᠤ ᠦᠢᠯᠡᠴᠢᠯᠡᠭᠡ᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠂ ᠠᠮᠢ ᠠᠬᠤᠶ᠎ᠶ᠋ᠢᠨ ᠣᠷᠴᠢᠨ ᠨᠥᠬᠦᠴᠡᠯ᠂ ᠲᠠᠷᠢᠶᠠᠨ ᠭᠠᠵᠠᠷ᠎ᠤᠨ ᠬᠠᠮᠠᠭᠠᠯᠠᠯᠲᠠ᠂ ᠡᠯᠡᠰᠦᠵᠢᠬᠦ᠌ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠂ ᠵᠠᠰᠠᠭ ᠵᠠᠬᠢᠷᠭᠠᠨ᠎ᠤ ᠱᠢᠭᠦᠨ ᠲᠠᠰᠤᠯᠤᠯᠲᠠ᠂ ᠵᠠᠰᠠᠭ ᠵᠠᠬᠢᠷᠭᠠᠨ᠎ᠤ ᠪᠠᠢᠴᠠᠭᠠᠯᠲᠠ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠵᠡᠷᠭᠡ᠎ᠲᠠᠢ ᠤᠶᠠᠯᠳᠤᠭᠤᠯᠵᠤ᠂ 《ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ》 ᠶ᠋ᠢᠨ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠨ᠎ᠠ᠃ ᠳᠤᠮᠳᠠᠲᠤ ᠤᠯᠤᠰ᠎ᠤᠨ ᠤᠨᠴᠠᠯᠢᠭ ᠪᠦᠬᠦᠢ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠶᠡᠭᠡ ᠰᠤᠷᠭᠠᠭᠤᠯᠢ ᠪᠠ ᠳᠠᠪᠠᠭᠤᠯᠢᠭ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠪᠠᠢᠳᠠᠯ᠎ᠤᠨ ᠮᠡᠳᠡᠭᠦᠯᠦᠯᠲᠡ᠂ ᠬᠠᠳᠤᠨ ᠭᠤᠣᠯ᠎ᠢ ᠬᠠᠮᠠᠭᠠᠯᠠᠬᠤ ᠬᠠᠤᠯᠢ᠎ᠶ᠋ᠢᠨ ᠬᠠᠤᠯᠢ ᠬᠡᠷᠡᠭ᠌ᠵᠢᠭᠦᠯᠦᠭ᠌ᠰᠡᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ᠂ ᠲᠤᠰᠭᠠᠶ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠦᠨ᠎ᠡ᠃ ᠮᠥᠩᠭᠦᠨ ᠭᠦᠢᠯᠭᠡᠭᠡ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ᠂ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠬᠤ ᠬᠢᠯᠢ ᠬᠢᠵᠠᠭᠠᠷ᠎ᠢ ᠪᠠᠬᠢᠵᠢᠭᠦᠯᠬᠦ᠌ ᠬᠢᠯᠢ ᠬᠢᠵᠠᠭᠠᠷ᠎ᠢ ᠬᠥᠭ᠌ᠵᠢᠭᠦᠯᠬᠦ᠌᠎ᠶ᠋ᠢ ᠴᠢᠩᠭᠠᠳᠭᠠᠬᠤ᠂ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠬᠥᠭ᠌ᠵᠢᠭᠦᠯᠬᠦ᠂ ᠲᠥᠰᠦᠪ᠎ᠤᠨ ᠬᠠᠤᠯᠢ᠎ᠶ᠋ᠢ ᠬᠡᠷᠡᠭ᠌ᠵᠢᠭᠦᠯᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ ᠬᠢᠭᠡᠳ ᠥᠭᠡᠷᠡᠴᠢᠯᠡᠯᠲᠡ᠂ ᠬᠤᠳᠠ᠎ᠶ᠋ᠢᠨ ᠠᠮᠤᠷ ᠲᠦᠪᠱᠢᠨ᠎ᠤ ᠬᠥᠭ᠌ᠵᠢᠯᠲᠡ᠂ ᠨᠠᠢ᠍ᠮᠠᠳᠤᠭᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ᠌ ᠱᠢᠢᠳᠪᠦᠷᠢ᠎ᠶ᠋ᠢ ᠬᠡᠷᠡᠭ᠌ᠵᠢᠭᠦᠯᠬᠦ᠂ ᠬᠠᠷᠢᠶᠠᠲᠤ ᠨᠠᠷ᠎ᠤᠨ ᠶᠠᠪᠤᠳᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠬᠤ ᠵᠡᠷᠭᠡ᠎ᠲᠠᠢ ᠤᠶᠠᠯᠳᠤᠭᠤᠯᠵᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠦᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠴᠢᠩᠭᠠᠳᠭᠠᠵᠤ᠂ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠬᠠᠤᠯᠢ᠎ᠪᠠᠷ ᠵᠠᠰᠠᠬᠤ᠎ᠶ᠋ᠢ ᠠᠬᠢᠭᠤᠯᠤᠨ᠎ᠠ᠃
(ᠳᠥᠷᠪᠡ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠰᠠᠨᠠᠯ᠎ᠤᠳ᠎ᠢ ᠲᠣᠭ᠍ᠲᠠᠭᠠᠵᠤ᠂ ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠬᠤ᠎ᠳᠤ ᠨᠡᠩ ᠰᠠᠢᠨ ᠦᠢᠯᠡᠴᠢᠯᠡᠨ᠎ᠠ᠃ ᠪᠠᠢᠩᠭᠤ᠎ᠶ᠋ᠢᠨ ᠬᠤᠷᠢᠶ᠎ᠠ᠂ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠲᠠᠢ ᠬᠠᠷᠢᠯᠴᠠᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠠᠷᠢᠯᠴᠠᠬᠤ ᠠᠭᠤᠯᠭ᠎ᠠ ᠪᠠ ᠠᠷᠭ᠎ᠠ ᠮᠠᠶᠢᠭ᠎ᠢ ᠪᠠᠶᠠᠯᠢᠬ᠍ᠵᠢᠭᠤᠯᠵᠤ᠂ ᠬᠠᠥᠯᠢ ᠲᠤᠭᠳᠠᠭᠠᠬᠤ ᠂ ᠬᠢᠨᠠᠯᠳᠠ ᠳᠠᠯᠪᠢᠬᠤ ᠂ ᠭᠠᠳᠠᠭᠠᠳᠦ ᠲᠠᠢ ᠬᠠᠷᠢᠯᠴᠠᠬᠤ ᠠᠵᠢᠯ᠎ᠳᠡᠬᠢ ᠲᠦᠯᠦᠭᠡᠯᠡᠬᠴᠢᠶᠢᠨ ᠦᠢᠯᠡᠳᠦᠯ᠎ᠢ ᠪᠠᠳᠠᠷᠠᠭᠤᠯᠤᠨ᠎ᠠ᠃ ᠰᠤᠯᠠ ᠣᠷᠣᠯᠴᠠᠬ᠍ᠰᠠᠨ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠤᠨ᠎ᠠ᠃ ᠲᠥᠯᠥᠭᠡᠯᠡᠭ᠌ᠴᠢᠳ᠎ᠤᠨ ᠪᠠᠢᠴᠠᠭᠠᠨ ᠦᠵᠡᠬᠦ᠂ ᠪᠠᠢᠴᠠᠭᠠᠨ ᠰᠤᠳᠤᠯᠬᠤ ᠪᠣᠳᠠᠲᠤ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠲᠥᠯᠥᠭᠡᠯᠡᠭ᠌ᠴᠢᠳ᠎ᠤᠨ ᠣᠷᠣᠨ ᠪᠦᠰᠡ ᠠᠯᠤᠰᠯᠠᠨ ᠠᠵᠢᠯ ᠪᠠᠢᠴᠠᠭᠠᠬᠤ ᠪᠠᠢᠴᠠᠭᠠᠨ ᠦᠵᠡᠬᠦ᠌ ᠪᠠᠢᠴᠠᠭᠠᠨ ᠰᠣᠳᠣᠯᠣᠯᠲᠠ ᠬᠢᠬᠦ᠌ ᠠᠵᠢᠯᠯᠠᠭ᠎ᠠ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠲᠥᠯᠥᠭᠡᠯᠡᠭ᠌ᠴᠢᠳ᠎ᠤᠨ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠨ ᠠᠷᠠᠳ ᠤᠯᠠᠨ᠎ᠲᠠᠢ ᠨᠢᠭ᠍ᠲᠠ ᠬᠠᠷᠢᠯᠴᠠᠬᠤ᠎ᠶ᠋ᠢ ᠳᠡᠮᠵᠢᠵᠦ᠍᠂ ᠲᠥᠯᠥᠭᠡᠯᠡᠭ᠌ᠴᠢᠳ᠎ᠤᠨ ᠤᠯᠠᠨ ᠲᠦᠮᠡᠨ᠎ᠤ ᠰᠠᠨᠠᠯ᠎ᠢ ᠲᠤᠰᠭᠠᠬᠤ᠎ᠶ᠋ᠢᠨ ᠱᠢᠢᠳᠪᠦᠷᠢᠯᠡᠵᠦ᠍ ᠬᠠᠷᠢᠭᠤ ᠲᠤᠰᠭᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ 《ᠠᠭᠤᠯᠭ᠎ᠠ᠎ᠶ᠋ᠢ ᠴᠢᠨᠠᠷ ᠰᠠᠢᠲᠠᠢ》᠂ 《ᠱᠢᠢᠳᠪᠦᠷᠢᠯᠡᠬᠦ᠌᠎ᠶ᠋ᠢ ᠴᠢᠨᠠᠷ ᠰᠠᠢᠲᠠᠢ》 ᠪᠠᠢᠯᠭᠠᠬᠤ᠎ᠲᠠᠢ ᠤᠶᠠᠯᠳᠤᠭᠤᠯᠵᠤ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠬᠠ ᠳᠤᠷᠠᠳᠭᠤ ᠪᠦᠬᠦ᠌ ᠶᠠᠪᠤᠴᠠ᠎ᠶ᠋ᠢᠨ ᠠᠵᠢᠯ᠎ᠤᠨ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠰᠠᠨᠠᠯ ᠵᠥᠪᠯᠡᠯᠭᠡ ᠰᠠᠨᠠᠭᠤᠯᠭ᠎ᠠ ᠳᠤᠷᠠᠳᠭᠤ ᠪᠠ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠲᠥᠯᠥᠭᠡᠯᠡᠭ᠌ᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠤᠨ ᠠᠵᠢᠯ᠎ᠢ ᠰᠠᠢᠲᠤᠷ ᠬᠢᠵᠦ᠍᠂ ᠲᠤᠰᠭᠠᠶ ᠰᠡᠳᠦᠪᠲᠦ ᠪᠣᠯᠪᠠᠰᠤᠷᠠᠭᠤᠯᠤᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠲᠤᠷᠱᠢᠯᠭ᠎ᠠ᠎ᠶ᠋ᠢᠨ ᠰᠣᠯᠢᠯᠴᠠᠭ᠎ᠠ᠎ᠶ᠋ᠢ ᠴᠢᠩᠭᠠᠳᠭᠠᠨ᠎ᠠ᠃ ᠴᠠᠬ ᠲᠤᠬᠠᠢᠳᠤᠨᠢ ᠲᠦᠯᠦᠭᠡᠯᠡᠭᠴᠢᠳ᠎ᠲᠦ ᠪᠠᠢᠳᠠᠯ᠎ᠢ ᠮᠡᠳᠡᠭᠳᠡᠵᠦ᠂ ᠰᠤᠷᠠᠭ ᠵᠠᠩᠬᠢ ᠮᠠᠲ᠋ᠧᠷᠢᠶᠠᠯ ᠬᠠᠩᠭᠠᠵᠦ ᠂ ᠲᠦᠯᠦᠭᠡᠯᠡᠭᠴᠢᠳ᠎ᠤᠨ ᠪᠠᠢᠳᠠᠯ᠎ᠢ ᠤᠢᠯᠠᠭᠠᠵᠦ᠂ ᠤᠯᠤᠰ ᠲᠦᠷᠦ᠎ᠵᠢ ᠤᠢᠯᠠᠭᠠᠬᠤ᠎ᠵᠢ ᠪᠠᠳᠤᠯᠠᠨ᠎ᠠ᠃
(ᠲᠠᠪᠤ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠥᠷᠭᠡᠳᠭᠡᠨ ᠭᠦᠨᠵᠡᠭᠡᠢᠷᠡᠭᠦᠯᠦᠨ᠎ᠡ᠃ ᠨᠠᠮ᠎ᠤᠨ ᠲᠥᠪ ᠬᠤᠷᠢᠶᠠᠨ᠎ᠤ ᠭᠠᠳᠠᠭᠠᠳᠤ ᠬᠠᠷᠢᠯᠴᠠᠭᠠᠨ᠎ᠤ ᠦᠨᠳᠦᠰᠦᠨ ᠪᠣᠳᠣᠯᠭ᠎ᠠ ᠴᠢᠭ᠌ᠯᠡᠯᠲᠡ ᠪᠣᠯᠤᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠣᠨᠴᠠᠯᠢᠭ ᠳᠠᠪᠠᠭᠤᠯᠢᠭ᠎ᠢ ᠪᠠᠳᠠᠷᠠᠭᠤᠯᠵᠤ᠂ ᠭᠠᠳᠠᠭᠠᠳᠤ ᠬᠠᠷᠢᠯᠴᠠᠭᠠᠨ᠎ᠤ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ᠎ᠢ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠳᠤ ᠨᠡᠩ ᠰᠠᠢᠨ ᠦᠢᠯᠡᠴᠢᠯᠡᠨ᠎ᠡ᠃ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠯᠤᠭ᠎ᠠ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠬᠦᠷᠢᠶ᠎ᠡ ᠴᠠᠷᠠᠭ᠎ᠠ᠂ ᠣᠯᠠᠨ ᠬᠡᠯᠪᠡᠷᠢ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠍᠂ ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭ᠎ᠠ᠎ᠳᠤ ᠥᠷᠭᠡᠨ᠎ᠢᠶᠠᠷ ᠣᠷᠣᠯᠴᠠᠵᠤ᠂ ᠬᠤᠯᠪᠣᠭ᠍ᠳᠠᠯ ᠪᠦᠬᠦᠢ ᠤᠯᠤᠰ᠎ᠤᠨ ᠵᠥᠪᠯᠡᠯᠭᠡᠨ᠎ᠤ ᠭᠡᠱᠢᠭᠦᠨ ᠪᠠ ᠵᠥᠪᠯᠡᠯᠭᠡᠨ᠎ᠤ ᠬᠤᠷᠠᠯ᠎ᠤᠨ ᠠᠵᠢᠯᠳᠠᠨ᠎ᠤ ᠳᠤᠮᠳᠠᠳᠤ ᠤᠯᠤᠰ᠎ᠲᠠᠬᠢ ᠰᠤᠳᠤᠯᠤᠨ ᠶᠠᠷᠢᠯᠴᠠᠬᠤ ᠠᠩᠬᠢ᠎ᠶ᠋ᠢ ᠦᠷᠭᠦᠯᠵᠢᠯᠡᠨ ᠰᠠᠢᠲᠤᠷ ᠡᠷᠬᠢᠯᠡᠨ᠎ᠠ᠃ ᠳᠤᠮᠳᠠᠳᠤ ᠤᠯᠤᠰ᠎ᠤᠨ ᠵᠠᠮ᠂ ᠪᠠᠢᠭᠤᠯᠤᠯ᠂ ᠣᠢᠯᠠᠭᠠᠭ᠍ᠳᠠᠬᠤᠨ᠂ ᠵᠣᠷᠢᠯᠲᠠ᠂ ᠠᠮᠵᠢᠯᠲᠠ᠎ᠶ᠋ᠢ ᠢᠳᠡᠪᠬᠢᠲᠡᠶ ᠰᠠᠨᠠᠭᠠᠴᠢᠯᠠᠭ᠎ᠠ᠎ᠲᠠᠢ᠂ ᠣᠨᠣᠴᠠᠲᠠᠢ ᠪᠦᠲᠦᠮᠵᠢᠲᠡᠢ᠎ᠪᠠᠷ ᠭᠠᠳᠠᠭᠠᠳᠤ᠎ᠳᠤ ᠤᠬᠠᠭᠤᠯᠤᠨ ᠲᠠᠨᠢᠯᠴᠠᠭᠤᠯᠤᠨ᠎ᠠ᠃ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭ᠌ᠯᠡᠨ ᠭᠠᠳᠠᠭᠠᠳᠤ᠎ᠳᠤ ᠬᠤᠯᠪᠣᠭ᠍ᠳᠠᠬᠤ ᠲᠡᠮᠡᠴᠡᠯ᠎ᠢ ᠶᠠᠪᠤᠭ᠍ᠳᠠᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠨ᠎ᠠ᠃
(ᠵᠢᠷᠭᠤᠭ᠎ᠠ) ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ 《ᠳᠦᠷᠪᠡᠨ ᠪᠠᠢᠭᠤᠯᠭ᠎ᠠ》 ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠪᠠ ᠠᠷᠠᠳ ᠲᠥᠮᠡᠨ᠎ᠠᠴᠠ ᠣᠯᠭᠤᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠨᠡᠩ ᠰᠠᠢᠨ ᠡᠭᠦᠷᠭᠡᠯᠡᠨ᠎ᠡ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠰᠤᠷᠠᠯᠲᠠ ᠦᠭᠡᠢ᠎ᠪᠠᠷ ᠰᠡᠳᠭᠢᠯ ᠰᠠᠨᠠᠭ᠎ᠠ᠎ᠶ᠋ᠢ ᠨᠢᠭ᠍ᠲᠠᠷᠠᠭᠤᠯᠤᠨ ᠰᠦᠭ ᠰᠦᠯᠲᠡ᠎ᠶ᠋ᠢ ᠱᠤᠭᠤᠵᠤ᠂ ᠦᠨᠡᠨ ᠬᠦ᠌ ᠰᠤᠷᠤᠯᠴᠠᠵᠤ ᠦᠨᠡᠨ ᠬᠦ᠌ ᠢᠲᠡᠭᠡᠵᠦ᠍ ᠦᠨᠡᠨ ᠬᠦ᠌ ᠬᠡᠷᠡᠭ᠌ᠯᠡᠬᠦ᠌ ᠳᠡᠭᠡᠷ᠎ᠡ ᠬᠦᠴᠦ᠍ ᠲᠠᠯᠪᠢᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠷᠠᠳᠴᠢᠯᠠᠯ᠎ᠢᠶᠠᠷ ᠠᠷᠠᠳ᠎ᠤᠨ ᠰᠠᠨᠠᠭ᠎ᠠ᠎ᠶ᠋ᠢ ᠢᠯᠡᠳᠭᠡᠬᠦ᠌ ᠲᠠᠪᠴᠠᠩ ᠪᠠ ᠠᠴᠢᠶᠠᠯᠠᠪᠤᠷᠢ᠎ᠶ᠋ᠢ ᠪᠦᠷᠢᠨᠱᠢᠭᠦᠯᠵᠦ᠍᠂ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠣᠶᠤᠨ ᠤᠬᠠᠭᠠᠨ᠎ᠢ ᠲᠥᠪᠯᠡᠷᠡᠭᠦᠯᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠠᠷᠭ᠎ᠠ ᠪᠤᠳᠤᠯᠭ᠎ᠠ᠎ᠶ᠋ᠢ ᠠᠷᠠᠳ᠎ᠠᠴᠠ ᠠᠰᠠᠭᠤᠵᠤ᠂ ᠬᠡᠷᠡᠭ᠌ᠴᠡᠭᠡ᠎ᠶ᠋ᠢ ᠠᠷᠠᠳ᠎ᠠᠴᠠ ᠠᠰᠠᠭᠤᠨ᠎ᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ᠎ᠤᠨ ᠶᠠᠷᠢᠶ᠎ᠠ ᠬᠡᠯᠡᠯᠴᠡᠭᠡᠨ᠎ᠤ ᠠᠵᠢᠯ᠎ᠢ ᠴᠢᠩᠭᠠᠳᠭᠠᠨ᠎ᠠ᠃ ᠲᠤᠰᠭᠠᠢ ᠵᠥᠪᠯᠡᠯ ᠪᠠ ᠠᠵᠢᠯ᠎ᠤᠨ ᠵᠥᠪᠯᠡᠯ᠎ᠤᠨ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠲᠠᠯ᠎ᠠ᠎ᠪᠠᠷ ᠡᠷᠡᠰ ᠪᠠᠲᠤ᠌᠂ ᠠᠷᠠᠳ ᠲᠦᠮᠡᠨ᠎ᠳᠤ ᠦᠢᠯᠡᠴᠢᠯᠡᠬᠦ᠂ ᠬᠠᠤᠯᠢ᠎ᠪᠠᠷ ᠵᠠᠰᠠᠬᠤ᠎ᠶ᠋ᠢ ᠳᠡᠭᠡᠳᠦᠯᠡᠬᠦ᠂ ᠠᠷᠠᠳᠴᠢᠯᠠᠯ᠎ᠢ ᠪᠠᠳᠠᠷᠠᠭᠤᠯᠬᠤ᠂ ᠠᠵᠢᠯᠴᠢ ᠬᠢᠴᠢᠶᠡᠩᠭᠦᠢ᠎ᠪᠠᠷ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠪᠠᠢᠭᠤᠯᠤᠨ᠎ᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ᠂ ᠬᠠᠮᠵᠢᠯᠴᠠᠭ᠎ᠠ᠂ ᠬᠤᠯᠪᠣᠯᠳᠤᠯ᠎ᠢ ᠴᠢᠩᠭᠠᠳᠭᠠᠵᠤ᠂ ᠡᠯ᠎ᠡ ᠲᠠᠯ᠎ᠠ᠎ᠶ᠋ᠢᠨ᠎ᠬᠢᠨ᠎ᠲᠠᠢ ᠵᠣᠬᠢᠴᠠᠭᠤᠯᠭ᠎ᠠ ᠬᠠᠮᠳᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠢᠵᠢᠯ ᠴᠢᠭ᠌ᠯᠡᠯ᠎ᠢᠶᠠᠷ ᠬᠦᠴᠦᠯᠡᠬᠦ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠪᠦᠬᠦᠯᠢ ᠴᠣᠭ᠍ᠴᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠦᠨ᠎ᠡ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠣᠯ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠭ᠌ᠰᠡᠨ ᠦᠨᠳᠦᠰᠦᠨ ᠤᠯᠤᠰ ᠲᠥᠷᠥ᠎ᠶ᠋ᠢᠨ ᠪᠠᠢᠭᠤᠯᠤᠯ᠎ᠤᠨ ᠲᠣᠬᠢᠷᠠᠭᠤᠯᠤᠯᠲᠠ ᠪᠣᠯᠤᠨ᠎ᠠ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠤᠨ ᠠᠴᠢᠶᠠᠯᠠᠪᠤᠷᠢ ᠪᠣᠯᠣᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠭᠡᠷᠡᠯ ᠰᠠᠴᠤᠷᠠᠩᠭᠤᠢ ᠶᠠᠪᠤᠴᠠ᠂ ᠦᠢᠯᠡᠳᠦᠯᠭᠡ᠎ᠶ᠋ᠢᠨ ᠲᠤᠷᠱᠢᠯᠭ᠎ᠠ᠂ ᠳᠠᠪᠠᠭᠤᠯᠢᠭ ᠦᠢᠯᠡᠳᠦᠯ᠎ᠢ ᠳ᠋ᠦᠩᠨᠡᠵᠦ᠍ ᠰᠤᠳᠤᠯᠵᠤ ᠤᠬᠠᠭᠤᠯᠵᠤ᠂ ᠪᠠᠢᠭᠤᠯᠤᠯ᠎ᠤᠨ ᠢᠲᠡᠭᠡᠯ᠎ᠢᠶᠠᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭ᠎ᠠ᠎ᠪᠠᠨ ᠴᠢᠩᠭᠠᠳᠭᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃
ᠲᠥᠯᠥᠭᠡᠯᠡᠭ᠌ᠴᠢᠳ ᠡ!
ᠱᠢᠨ᠎ᠡ ᠴᠠᠭ ᠦᠶ᠎ᠡ ᠱᠢᠨ᠎ᠡ ᠠᠶᠠᠨ ᠵᠠᠮ ᠳᠡᠭᠡᠷ᠎ᠡ᠂ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠪᠦᠯᠬᠦᠮᠳᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠯᠢᠳᠡᠭ ᠬᠢᠷᠢ ᠪᠥᠲᠥᠮᠵᠢ᠎ᠪᠠᠷ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢ ᠤᠭ᠍ᠲᠤᠵᠠᠭᠠᠶᠠ!
(ᠰᠢᠨᠬᠤᠸᠠ ᠬᠤᠷᠢᠶᠠᠨ ᠤ᠋ ᠪᠡᠭᠡᠵᠢᠩ ᠤ᠋ᠨ 3 ᠰᠠᠷ᠎ᠠ ᠶ᠋ᠢᠨ 14 ᠤ᠋ ᠴᠠᠬᠢᠯᠭᠠᠨ ᠮᠡᠳᠡᠭᠡ)
(ᠳᠤᠮᠳᠠᠳᠤ ᠤᠯᠤᠰ ᠤᠨ ᠦᠨᠳᠦᠰᠦᠲᠡᠨ ᠬᠡᠯᠡᠨ ᠤ ᠣᠷᠴᠢᠭᠤᠯᠭ᠎ᠠ ᠶ᠋ᠢᠨ ᠲᠣᠪᠴᠢᠶ᠎ᠠ ᠤᠷᠴᠢᠭᠤᠯᠪᠠ)