ᠪᠦᠬᠦ᠌ ᠬᠦᠴᠦᠨ᠎ᠢᠶᠡᠷ᠎ᠢᠶᠡᠨ ᠠᠷᠠᠳ᠎ᠤᠨ ᠠᠮᠢᠳᠤᠷᠠᠯ᠎ᠢ ᠪᠠᠲᠤᠯᠠᠵᠤ ᠠᠮᠤᠷ ᠲᠦᠪᠱᠢᠨ ᠢ᠋ ᠪᠠᠳᠤᠯᠠᠵᠤ ᠲᠣᠭ᠍ᠲᠠᠭᠤᠨ᠎ᠢ ᠪᠠᠲᠤᠯᠠᠬᠤ ᠬᠡᠷᠡᠭᠳᠠᠢ
2024-03-17 11:02:57
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ  ᠰᠤᠷᠤᠯᠴᠠᠨ ᠲᠤᠭᠤᠰᠢᠯᠠᠭᠤᠯᠬᠤ ᠲᠤᠬᠠᠢ ᠲᠠᠪᠤᠨᠲᠠ ᠥᠭᠦᠯᠡᠬᠦ᠌ ᠨᠢ

ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠷᠠᠳ᠎ᠤᠨ ᠠᠮᠢᠳᠤᠷᠠᠯ ᠂ ᠠᠮᠤᠷ ᠲᠦᠪᠱᠢᠨ ᠂ ᠲᠣᠭ᠍ᠲᠠᠭᠤᠨ ᠵᠡᠷᠭᠡ ᠲᠠᠯ᠎ᠠ᠎ᠪᠠᠷ ᠪᠠᠢᠷᠢᠯᠠᠭᠤᠯᠤᠯᠲᠠ ᠬᠢᠭᠰᠡᠨ ᠨᠢ ᠂ ᠮᠠᠨ᠎ᠤ ᠣᠷᠣᠨ ᠬᠤᠯᠪᠤᠭᠳᠠᠯ ᠪᠥᠬᠥᠶ ᠱᠠᠭᠠᠷᠳᠠᠯᠭ᠎ᠠ᠎ᠶ᠋ᠢ ᠴᠢᠨᠠᠭᠰᠢᠳᠠ ᠨᠠᠢᠳᠠᠪᠤᠷᠢᠵᠢᠭᠤᠯᠬᠤ᠎ᠳᠤ ᠲᠣᠳᠣᠷᠬᠠᠶ  ᠴᠢᠭ᠌ᠯᠡᠯ᠎ᠢ  ᠵᠢᠭᠠᠵᠤ ᠥᠭ᠌ᠴᠡᠶ᠃

ᠠᠷᠠᠳ᠎ᠤᠨ ᠠᠮᠢᠳᠤᠷᠠᠯ᠎ᠤᠨ ᠠᠷᠰᠠᠷ ᠵᠤᠢᠯᠡᠰ ᠴᠢᠨᠠᠷ ᠰᠠᠢᠲᠠᠶ ᠬᠥᠭ᠌ᠵᠢᠯᠲᠡ᠎ᠶ᠋ᠢᠨ ᠶᠠᠰᠤ ᠴᠢᠨᠠᠷ᠎ᠢ ᠲᠤᠰᠭᠠᠵᠤ ᠪᠣᠶ᠃ ᠶᠡᠷᠦᠩᠬᠡᠢ ᠱᠦᠵᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ ᠢ᠋ ᠪᠠᠳᠤᠯᠠᠬᠤ ᠲᠦᠪᠱᠢᠨ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠰᠢᠨ᠎ᠠ ᠵᠢ ᠡᠭᠦᠳᠬᠦ ᠬᠡᠷᠡᠭᠳᠠᠢ ᠭᠡᠵᠦ᠍ ᠳᠤᠷᠠᠳᠪᠠ᠃ ᠣᠷᠣᠨ ᠳᠠᠶᠠᠭᠠᠷ ᠪᠣᠳᠠᠳᠤ ᠪᠠᠢᠳᠠᠯ ᠲᠠᠢ ᠪᠠᠨ ᠤᠶᠠᠯᠳᠤᠭᠤᠯᠤᠨ ᠦᠨᠳᠦᠰᠦᠨ ᠵᠦᠶ᠋ᠯ᠎ᠢ ᠪᠠᠲᠤᠯᠠᠬᠤ᠂ ᠬᠣᠷᠢᠭ᠎ᠠ ᠱᠤᠭᠤᠮ᠎ᠢ ᠰᠠᠬᠢᠬᠤ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ ᠦᠨᠳᠦᠰᠦᠨ  ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠥᠬᠥ᠌ ᠤᠯᠤᠰ᠎ᠤᠨ ᠳᠤᠮᠳᠠᠴᠢ ᠬᠢᠷᠢ ᠲᠦᠪᠱᠢᠨ᠎ᠳᠦ ᠬᠦᠷᠭᠡᠬᠦ᠌ ᠪᠤᠶᠤ ᠪᠥᠬᠥ᠌ ᠤᠯᠤᠰ᠎ᠤᠨ ᠳᠤᠮᠳᠠᠴᠢ ᠬᠢᠷᠢ ᠲᠦᠪᠱᠢᠨ᠎ᠡᠴᠡ ᠳᠠᠪᠠᠭᠤᠯᠬᠤ᠎ᠶ᠋ᠢ ᠠᠬᠢᠭᠤᠯᠬᠤ᠂ ᠬᠠᠢᠷ᠎ᠠ ᠬᠠᠯᠠᠮᠵᠢ᠎ᠶ᠋ᠢᠨ ᠢᠨᠵᠧᠨᠧᠷᠢᠩ᠎ᠢ ᠬᠡᠷᠡᠭ᠌ᠵᠢᠭᠦᠯᠬᠦ᠌  ᠵᠡᠷᠬᠡ ᠡᠨᠡ ᠬᠣᠶᠠᠷ ᠶᠠᠪᠤᠳᠠᠯ᠎ᠢ ᠰᠠᠢᠲᠤᠷ ᠠᠳᠭᠤᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ ᠲᠠᠰᠤᠷᠠᠯᠲᠠ ᠥᠬᠡᠶ ᠪᠣᠳᠠᠲᠠᠶ ᠠᠷᠭ᠎ᠠ ᠬᠡᠮᠵᠢᠶ᠎ᠡ ᠠᠪᠴᠤ᠌ ᠪᠣᠳᠠᠲᠤ ᠦᠷ᠎ᠡ ᠪᠦᠲᠦᠮᠵᠢ ᠭᠠᠷᠭᠠᠵᠤ᠂ 《 ᠠᠷᠠᠳ᠎ᠤᠨ ᠠᠮᠢᠳᠤᠷᠠᠯ᠎ᠤᠨ ᠨᠠᠷᠢᠨ ᠲᠠᠩᠰᠠ 》 ᠎ᠶ᠋ᠢ ᠠᠷᠠᠳ ᠣᠯᠠᠨ᠎ᠤ 《 ᠵᠣᠯ ᠵᠢᠷᠭᠠᠯ ᠤ᠋ᠨ ᠲᠠᠩᠰᠠ 》 ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠶ᠃

ᠠᠮᠤᠷ ᠲᠦᠪᠱᠢᠨ᠎ᠦ ᠬᠠᠷᠢᠭᠤᠴᠠᠯᠭ᠎ᠠ ᠲᠠᠢᠱᠠᠨ ᠠᠭᠤᠯᠠᠨ ᠡᠴᠡ ᠴᠤ᠌ ᠬᠦᠨᠳᠦ᠃ ᠶᠡᠷᠦᠩᠬᠡᠢ ᠱᠦᠵᠢ ᠰᠢ ᠵᠢᠨ ᠫᠢᠩ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠡᠢ᠃ ᠪᠢᠳᠡ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ 《 ᠴᠠᠭ ᠢᠮᠠᠭ᠍ᠲᠠ ᠰᠠᠨᠠᠭᠠᠰᠢᠷᠠᠬᠤ》 ᠬᠠᠷᠢᠭᠤᠴᠠᠯᠭᠠᠲᠤ ᠰᠡᠳᠭᠢᠯᠭᠡ ᠵᠢ ᠲᠠᠰᠤᠷᠠᠯᠲᠠ ᠥᠬᠡᠶ ᠴᠢᠩᠭᠠᠳᠭᠠᠬᠤ᠎ᠶ᠋ᠢᠨ ᠬᠠᠮᠲᠤ 《 ᠶᠠᠪᠤᠳᠠᠯ ᠪᠦᠬᠦᠨ᠎ᠳᠦ ᠳᠣᠲᠣᠷ᠎ᠠ᠎ᠪᠠᠨ ᠲᠣᠭ᠎ᠠ᠎ᠲᠠᠶ ᠪᠠᠢᠬᠤ 》 ᠠᠵᠢᠯᠯᠠᠭᠠᠨ᠎ᠤ ᠬᠦᠴᠦᠨ ᠪᠣᠯᠭᠠᠨ ᠬᠤᠪᠢᠷᠠᠭᠤᠯᠵᠤ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶ᠎ᠡ ᠵᠢᠨ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ ᠢ᠋ ᠪᠠᠢᠴᠠᠭᠠᠵᠤ ᠴᠡᠭ᠌ᠴᠡᠯᠡᠨ ᠵᠠᠰᠠᠬᠤ ᠪᠠ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ ᠣᠳᠣᠬᠠᠨ᠎ᠳᠤ᠂ ᠬᠠᠲᠤᠨ ᠭᠤᠤᠯ᠎ᠤᠨ ᠰᠦᠩ ᠬᠠᠯᠢᠶ᠎ᠠ ᠵᠢᠨ ᠬᠤᠭᠤᠴᠠᠭ᠎ᠠ᠂ ᠬᠠᠪᠤᠷ᠎ᠤᠨ ᠤᠯᠠᠷᠢᠯ᠎ᠤᠨ ᠭᠠᠯ ᠰᠡᠷᠭᠡᠢᠯᠡᠬᠦ᠌ ᠬᠤᠭᠤᠴᠠᠭ᠎ᠠ ᠨᠢᠭᠡᠨᠲᠡ ᠬᠦᠷᠴᠦ᠍ ᠢᠷᠡᠯ᠎ᠠ᠃ ᠡᠯ᠎ᠡ ᠱᠠᠲᠤᠨ᠎ᠤ᠎ᠬᠢᠨ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌᠎ᠪᠡᠨ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠠᠶᠤᠯ ᠲᠦᠭ᠌ᠰᠢᠭᠦᠷᠢ ᠬᠡᠮ ᠰᠣᠭᠣᠭ᠎ᠢ ᠴᠠᠭ ᠲᠤᠬᠠᠶ᠎ᠳᠤᠨᠢ ᠠᠷᠢᠯᠭᠠᠬᠤ ᠬᠡᠷᠡᠭ᠌ᠲᠡᠶ᠃ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠵᠠᠬᠢᠳᠠᠯ ᠰᠤᠷᠪᠤᠯᠵᠢᠯᠠᠯ ᠢ᠋ ᠣᠷᠣᠯᠠᠨ ᠭᠦᠢᠴᠡᠳᠭᠡᠬᠦ᠌ ᠲᠦᠷᠢᠮ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦᠨ᠎ᠢᠶᠡᠨ ᠬᠠᠮᠲᠤᠳᠭᠠᠨ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ᠃

ᠬᠦᠨᠳᠦ ᠶᠡᠬᠡ ᠠᠵᠤ ᠠᠬᠤᠶ ᠮᠥᠩᠭᠥᠨ ᠭᠦᠶ᠋ᠯᠭᠡᠭᠡᠨ᠎ᠦ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠬᠤ ᠪᠣᠯ ᠤᠮᠠᠷᠠᠲᠤ ᠬᠢᠯᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠠᠮᠤᠭᠤᠯᠠᠩᠲᠤ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠶ᠋ᠢᠨ ᠴᠢᠬᠤᠯᠠ ᠠᠭᠤᠯᠭ᠎ᠠ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠶᠤᠯ ᠲᠦᠭ᠌ᠰᠢᠭᠦᠷᠢ ᠭᠡᠮ ᠰᠣᠭᠣᠭ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠶ ᠱᠢᠢᠳᠪᠦᠷᠢᠯᠡᠬᠦ᠌᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠡᠴᠡ᠎ᠶ᠋ᠢ ᠪᠦᠷᠢᠨᠱᠢᠬᠦᠯᠬᠦ᠌ ᠵᠡᠷᠭᠡ ᠲᠠᠯ᠎ᠠ᠎ᠪᠠᠷ ᠱᠢᠨ᠎ᠡ ᠬᠠᠷᠠᠯᠲᠠ᠂ ᠱᠢᠨ᠎ᠡ ᠡᠭᠦᠷᠭᠡ ᠳᠤᠷᠠᠳᠴᠠᠢ᠃ ᠪᠢᠳᠡ ᠱᠠᠭᠠᠷᠳᠠᠯᠭ᠎ᠠ ᠶᠣᠰᠣᠭᠠᠷ ᠦᠳᠲᠡᠷ ᠲᠦᠷᠭᠡᠨ ᠬᠥᠳᠡᠯᠦᠯᠴᠡᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌  《ᠠᠮᠤᠷ ᠲᠦᠪᠱᠢᠨ᠎ᠦ ᠨᠡᠭᠡᠯᠡᠬᠡᠶ》 ᠵᠢ ᠴᠢᠩᠭᠠᠯᠠᠬᠤ ᠬᠡᠷᠡᠭ᠌ᠲᠡᠢ᠃ ᠴᠢᠨᠠᠷ ᠰᠠᠢᠲᠠᠢ ᠬᠥᠭ᠌ᠵᠢᠯᠲᠡ᠎ᠪᠡᠷ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠠᠬᠢᠭᠤᠯᠬᠤ᠎ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠵᠤ᠂ ᠦᠩᠬᠡᠨ ᠲᠠᠯ᠎ᠠ ᠪᠠ  ᠤᠭ ᠦᠨᠳᠦᠰᠦ᠎ᠡᠴᠡ ᠨᠢ ᠭᠡᠷ ᠭᠠᠵᠠᠷ᠎ᠤᠨ ᠬᠦᠷᠦᠩᠬᠡ᠂ ᠣᠷᠣᠨ ᠨᠤᠲᠤᠭ᠎ᠤᠨ ᠥᠷᠢ ᠥᠭ᠌ᠴᠡᠭᠡ᠂ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠵᠡᠷᠭᠡ ᠪᠡᠷ ᠵᠠᠰᠠᠵᠤ᠂ ᠠᠵᠤ ᠠᠬᠤᠢ ᠮᠥᠩᠭᠥᠨ ᠭᠦᠢᠯᠭᠡᠭᠡᠨ᠎ᠦ ᠶᠡᠬᠡ ᠲᠠᠯ᠎ᠠ᠎ᠶ᠋ᠢᠨ ᠲᠣᠭ᠍ᠲᠠᠭᠤᠨ᠎ᠢ ᠬᠠᠮᠠᠭᠠᠯᠠᠬᠤ ᠬᠡᠷᠡᠭ᠌ᠲᠡᠢ᠃ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠣᠷᠣᠨ ᠨᠤᠲᠤᠭ᠎ᠤᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠱᠢᠢᠳᠪᠦᠷᠢᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ ᠡᠭᠦᠰᠭᠦ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃

ᠤᠯᠤᠰ ᠭᠦᠷᠦᠨ᠎ᠵᠢᠡᠨ ᠬᠦᠴᠦᠷᠬᠡᠭᠵᠢᠭᠦᠯᠬᠦ᠎ᠵᠢᠨ ᠶᠣᠰᠣᠨ ᠠᠨᠤ ᠠᠷᠪᠢᠯᠠᠨ ᠭᠠᠮᠨᠠᠵᠤ ᠠᠷᠠᠳ᠎ᠢ ᠪᠠᠶᠠᠵᠢᠭᠤᠯᠬᠤᠶ᠎ᠳᠤᠷ ᠠᠮᠤᠢ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠡᠴᠡ ᠡᠯ᠎ᠡ ᠱᠠᠲᠤᠨ᠎ᠤ ᠵᠠᠰᠠᠭ᠎ᠤᠨ ᠣᠷᠳᠣᠨ ᠠᠷᠪᠢᠯᠠᠨ ᠭᠠᠮᠨᠠᠵᠤ ᠠᠮᠢᠳᠤᠷᠠᠬᠤ ᠳᠠᠳᠭᠠᠯ᠎ᠲᠠᠶ ᠪᠤᠯᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠠᠢ᠃ ᠡᠨᠡ ᠨᠢ ᠲᠦᠷ ᠴᠠᠭ᠎ᠤᠨ ᠬᠡᠷᠡᠭ᠌ᠴᠡᠭᠡ ᠪᠢᠰᠢ᠂ ᠬᠠᠷᠢᠨ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ ᠪᠣᠯᠬᠤ᠎ᠶ᠋ᠢ ᠤᠯᠠᠮ ᠴᠢᠨᠠᠭ᠍ᠰᠢᠳᠠ ᠲᠤᠪᠤᠢ᠌ᠯᠭᠠᠬᠰᠠᠨ ᠶᠤᠮ᠃ ᠨᠠᠮ ᠵᠠᠰᠠᠭ᠎ᠤᠨ ᠪᠠᠢᠭᠤᠯᠭ᠎ᠠ ᠠᠷᠪᠢᠯᠠᠨ ᠭᠠᠮᠨᠠᠵᠤ ᠠᠮᠢᠳᠤᠷᠠᠬᠤ ᠨᠢ ᠵᠣᠭᠣᠰᠣᠨ ᠴᠦᠩᠬᠦ᠌᠎ᠪᠡᠨ ᠴᠢᠩᠭ᠎ᠠ ᠪᠣᠭᠣᠭᠠᠳ ᠵᠣᠭᠣᠰ ᠵᠠᠷᠤᠬᠤ ᠦᠭᠡᠢ ᠭᠡᠰᠡᠨ ᠶᠠᠪᠤᠳᠠᠯ ᠪᠢᠰᠢ᠂ ᠬᠠᠷᠢᠨ ᠵᠠᠷᠤᠬᠤ ᠶᠣᠰᠣᠲᠠᠢ᠎ᠪᠠᠢᠪᠠᠯ ᠵᠠᠷᠤᠵᠤ᠂ ᠠᠷᠪᠢᠯᠠᠬᠤ ᠶᠤᠰᠤᠲᠠᠢ ᠵᠢ ᠨᠢ ᠠᠷᠪᠢᠯᠠᠵᠤ᠂ ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ ᠪᠦᠲᠦᠭᠡᠬᠦ᠌ ᠶᠠᠪᠤᠳᠠᠯ ᠪᠣᠯᠤᠨ᠎ᠠ᠃ ᠪᠢᠳᠡ ᠤᠷᠤᠯᠭ᠎ᠠ ᠪᠠᠨ ᠨᠡᠮᠡᠭᠳᠡᠭᠦᠯᠬᠦ ᠪᠠ ᠵᠠᠷᠤᠯᠭ᠎ᠠ ᠪᠠᠨ ᠠᠷᠪᠢᠯᠠᠬᠤ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠠᠷᠪᠢᠯᠠᠨ ᠭᠠᠮᠨᠠᠬᠤ ᠱᠠᠭᠠᠷᠳᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠮᠥᠷᠲᠡᠭᠡᠨ ᠪᠠᠰᠠ ᠨᠡᠩ ᠤᠯᠠᠨ ᠵᠤᠭᠤᠰ ᠮᠦᠩᠭᠦ ᠶ᠋ᠢ ᠬᠥᠭ᠌ᠵᠢᠯᠲᠡ᠎ᠶ᠋ᠢᠨ ᠴᠢᠬᠤᠯᠠ ᠭᠠᠵᠠᠷ᠂ ᠠᠷᠠᠳ᠎ᠤᠨ ᠠᠮᠢᠳᠤᠷᠠᠯ᠎ᠤᠨ ᠪᠠᠴᠢᠮ ᠬᠡᠷᠡᠭ᠌ᠴᠡᠭᠡ ᠳᠡᠭᠡᠷ᠎ᠡ ᠬᠡᠷᠡᠭ᠌ᠯᠡᠵᠦ᠍᠂ ᠨᠠᠮ ᠵᠠᠰᠠᠭ᠎ᠤᠨ ᠪᠠᠢᠭᠤᠯᠭ᠎ᠠ᠎ᠶ᠋ᠢᠨ 《ᠠᠷᠪᠢᠯᠠᠨ ᠭᠠᠮᠨᠠᠬᠤ》 ᠪᠡᠷ ᠠᠷᠠᠳ ᠤᠯᠠᠨ᠎ᠤ 《ᠰᠠᠢ᠌ᠨ ᠠᠮᠢᠳᠤᠷᠠᠯ》 ᠢ᠋ ᠰᠣᠯᠢᠵᠤ ᠠᠪᠴᠢᠷᠠᠬᠤ ᠬᠡᠷᠡᠭ᠌ᠲᠡᠢ᠃

ᠠᠷᠠᠳ ᠲᠦᠮᠡᠨ ᠠᠮᠤᠷ ᠲᠠᠢᠪᠤᠩ ᠠᠵᠤ ᠲᠦᠷᠦᠭᠦ᠌᠂ ᠨᠡᠢᠭᠡᠮ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠠᠢᠬᠤ᠂ ᠤᠯᠤᠰ ᠣᠷᠣᠨ ᠥᠨᠢ ᠤᠳᠠᠭᠠᠨ ᠠᠮᠤᠷ ᠲᠦᠪᠱᠢᠨ ᠪᠠᠢᠬᠤ ᠪᠣᠯ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ ᠮᠥᠨ ᠪᠥᠭᠡᠳ ᠮᠦᠨ ᠴᠤ᠌ ᠬᠥᠭ᠌ᠵᠢᠯᠲᠡ᠎ᠶ᠋ᠢᠨ ᠰᠠᠭᠤᠷᠢ ᠮᠥᠨ᠃ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠯᠠᠪᠳᠠᠭᠤᠨ ᠪᠠᠲᠤᠲᠠᠶ ᠠᠵᠢᠯ᠎ᠤᠨ ᠰᠤᠷᠲᠠᠯ᠎ᠢᠶᠠᠷ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠪᠠᠲᠤᠯᠠᠬᠤ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠨᠠᠷᠢᠯᠢᠭ ᠪᠣᠳᠠᠲᠠᠶ ᠨᠠᠢᠳᠠᠪᠤᠷᠢᠵᠢᠭᠤᠯᠪᠠᠯ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠨᠠᠩ ᠪᠠᠲᠤᠯᠠᠭ᠎ᠠ ᠲᠠᠢ ᠪᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠴᠢᠳᠠᠪᠤᠷᠢ ᠨᠠᠩ ᠡᠷᠴᠢᠮᠲᠡᠶ ᠪᠣᠯᠬᠤ ᠨᠢ ᠯᠠᠪᠲᠠᠶ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号