《ᠤᠳᠠᠯ ᠦᠭᠡᠢ ᠪᠡᠭᠡᠵᠢᠩ᠎ᠳᠦ ᠤᠴᠢᠬᠤ ᠪᠤᠯᠤᠨ᠎ᠠ᠂ ᠪᠢ ᠰᠠᠨᠠᠯ ᠵᠦᠪᠯᠡᠯᠭᠡ᠎ᠪᠠᠨ ᠱᠠᠯᠠᠪᠳᠠᠨ ᠲᠡᠭᠦᠯᠳᠡᠷᠵᠢᠭᠦᠯᠬᠦ ᠴᠢᠬᠤᠯᠠᠲᠠᠢ ᠪᠠᠢᠨ᠎ᠠ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢ᠂ ᠬᠥᠯᠥᠨ ᠪᠤᠢ᠍ᠢᠷ ᠬᠤᠳᠠ᠎ᠶᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠵᠢᠨ ᠭᠦᠯ᠎ᠢ ᠰᠢᠶᠠᠩ᠎ᠤᠨ ᠨᠠᠮ᠎ᠤᠨ ᠬᠣᠷᠢᠶ᠎ᠠ᠎ᠶᠢᠨ ᠱᠦᠵᠢ ᠦ᠋ ᠬᠠᠢ ᠵᠢᠶᠦ᠋ᠨ ᠺᠣᠮᠫᠢᠦ᠋ᠲᠧᠷ᠎ᠦᠨ ᠢ᠋ᠢᠡᠨ ᠡᠮᠦᠨ᠎ᠡ ᠰᠠᠭᠤᠵᠤ ᠪᠡᠯᠡᠳᠭᠡᠯ ᠠᠵᠢᠯ ᠵᠢᠡᠨ ᠶᠠᠭᠠᠷᠠᠯᠳᠠᠢ ᠬᠢᠨ᠎ᠡ᠃ ᠲᠡᠷᠡ ᠰᠣᠶᠣᠯ ᠢ᠋ ᠬᠠᠮᠠᠭᠠᠯᠠᠨ ᠤᠯᠠᠮᠵᠢᠯᠠᠬᠤ᠎ᠶᠢ ᠴᠢᠩᠭᠠᠳᠬᠠᠬᠤ᠂ ᠰᠣᠶᠣᠯ ᠵᠢᠭᠤᠯᠴᠢᠯᠠᠯ ᠢ᠋ ᠬᠦᠭᠵᠢᠭᠦᠯᠬᠦ ᠲᠦᠷᠦᠯ ᠵᠦᠢᠯ᠎ᠤᠨ ᠲᠥᠯᠦᠪᠵᠢᠭᠦᠯᠭᠡ᠎ᠶᠢᠨ ᠲᠤᠬᠠᠢ ᠰᠠᠨᠠᠭᠤᠯᠭ᠎ᠠ ᠳᠡᠪᠰᠢᠭᠦᠯᠬᠦ᠎ᠪᠡᠷ ᠪᠡᠯᠡᠳᠬᠡᠵᠦ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠪᠡᠷ ᠳᠠᠮᠵᠢᠨ ᠨᠤᠲᠤᠭ ᠤᠰᠤ᠎ᠪᠠᠨ ᠨᠡᠩ ᠦᠵᠡᠰᠬᠦᠯᠡᠩᠲᠦ ᠰᠠᠢᠬᠠᠨ ᠪᠣᠯᠭᠠᠬᠤ᠎ᠶᠢ ᠬᠦᠰᠡᠨ ᠪᠠᠷᠠᠯᠠᠨ᠎ᠠ᠃
ᠡᠭᠦᠨ᠎ᠡᠴᠡ ᠡᠮᠦᠨ᠎ᠡ ᠦ᠋ ᠬᠠᠢ ᠵᠢᠶᠦ᠋ᠨ ᠨᠠᠮ᠎ᠤᠨ ᠭᠡᠰᠢᠭᠦᠨ ᠺᠠᠳ᠋ᠷ᠂ ᠦᠨᠳᠦᠰᠦᠨ ᠱᠠᠲᠤᠨ᠎ᠤ ᠣᠯᠠᠨ ᠲᠦᠮᠡᠨ ᠢ᠋ ᠰᠤᠷᠪᠤᠯᠵᠢᠯᠠᠵᠤ᠂ ᠣᠯᠠᠨ᠎ᠤ ᠰᠠᠨᠠᠯ ᠢ᠋ ᠰᠣᠨᠣᠰᠴᠠᠢ᠃ 《ᠬᠠᠮᠢᠭ᠎ᠠ ᠣᠴᠢᠭ᠍ᠰᠠᠨ ᠴᠤ᠌ ᠬᠠᠮᠢᠶ᠎ᠠ ᠦᠭᠡᠢ᠂ ᠤᠴᠢᠷ ᠶᠠᠪᠤᠳᠠᠯ ᠪᠣᠯᠭᠠᠨ᠎ᠳᠤ ᠢᠯᠡᠭᠦᠦ ᠨᠢᠭᠡ ᠠᠰᠠᠭᠤᠵᠤ᠂ ᠢᠯᠡᠭᠦᠦ ᠨᠢᠭᠡ ᠬᠠᠷᠠᠵᠤ᠂ ᠣᠯᠠᠨ᠎ᠢᠶᠠᠷ᠎ᠢᠶᠠᠨ ᠶᠠᠭᠤ ᠪᠣᠳᠣᠵᠤ ᠪᠠᠢᠬᠤ ᠵᠢ ᠮᠡᠳᠡᠪᠡᠯ ᠰᠠᠶᠢ ᠥᠪᠡᠷ᠎ᠦᠨ ᠶᠠᠭᠤ ᠬᠢᠬᠦ᠎ᠪᠡᠨ ᠮᠡᠳᠡᠵᠦ ᠴᠢᠳᠠᠨ᠎ᠠ᠃》 ᠵᠠᠷᠭᠤ᠎ᠶᠢᠨ ᠢᠷᠡᠯᠲᠡ᠎ᠶᠢ ᠵᠠᠰᠠᠬᠤ ᠠᠵᠢᠯ᠎ᠢ ᠪᠣᠳᠠᠲᠠᠢ᠎ᠪᠠᠷ ᠠᠳᠬᠤᠬᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠰᠢᠢᠳᠪᠦᠷᠢᠯᠡᠬᠦ᠎ᠶᠢ ᠠᠬᠢᠭᠤᠯᠬᠤ᠎ᠲᠠᠢ ᠤᠶᠠᠯᠳᠤᠭᠤᠯᠤᠨ ᠪᠠᠢᠴᠠᠭᠠᠨ ᠰᠤᠳᠤᠯᠤᠯᠲᠠ ᠥᠷᠨᠢᠭᠦᠯᠪᠡ; ᠠᠩᠴᠢᠨ᠎ᠤ ᠲᠣᠰᠬᠣᠨ᠂ ᠲᠠᠷᠢᠶᠠᠯᠠᠩ ᠮᠠᠯᠵᠢᠯ᠎ᠤᠨ ᠲᠠᠯᠠᠪᠠᠢ᠎ᠶᠢᠨ ᠺᠣᠮᠫᠠᠨᠢ ᠪᠣᠯᠣᠨ ᠲᠣᠰᠬᠣᠨ᠎ᠤ ᠠᠷᠠᠳ᠎ᠤᠨ ᠭᠡᠷ᠎ᠲᠦ ᠬᠦᠷᠴᠦ᠂ ᠤᠬᠠᠭᠤᠯᠤᠨ ᠲᠠᠢᠯᠪᠤᠷᠢᠯᠠᠵᠤ ᠰᠣᠯᠢᠯᠴᠠᠬᠤ᠂ ᠶᠠᠷᠢᠯᠴᠠᠬᠤ ᠵᠡᠷᠭᠡ ᠬᠡᠯᠪᠡᠷᠢ᠎ᠪᠡᠷ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠦᠷᠭᠡᠬᠦ᠎ᠶᠢᠨ ᠬᠠᠮᠲᠤ ᠳᠡᠷᠭᠡᠳᠡᠬᠢ ᠬᠥᠮᠥᠰ᠂ ᠳᠡᠷᠭᠡᠳᠡᠬᠢ ᠶᠠᠪᠤᠳᠠᠯ᠎ᠲᠠᠢ᠎ᠪᠠᠨ ᠤᠶᠠᠯᠳᠤᠭᠤᠯᠤᠨ ᠤᠯᠠᠨ᠎ᠲᠠᠢ ᠬᠠᠮᠲᠤ ᠬᠤᠪᠢᠷᠠᠯᠲᠠ᠎ᠶᠢ ᠶᠠᠷᠢᠵᠤ᠂ ᠲᠥᠷᠥᠭᠳᠡᠯ ᠵᠢᠡᠨ ᠶᠠᠷᠢᠵᠤ᠂ ᠬᠥᠭᠵᠢᠯᠲᠡ᠎ᠶᠢ ᠶᠠᠷᠢᠯᠴᠠᠪᠠ ᠁ ᠦ᠋ ᠬᠠᠢ ᠵᠢᠶᠦ᠋ᠨ᠂ ᠠᠷᠠᠳ᠎ᠤᠨ ᠲᠥᠯᠥᠭᠡᠯᠡᠭᠴᠢ ᠪᠣᠯ ᠳᠠᠷᠤᠢ ᠠᠷᠠᠳ ᠤᠯᠠᠨ᠎ᠤ 《ᠣᠷᠣᠯᠠᠨ ᠥᠭᠦᠯᠡᠭᠴᠢ》 ᠪᠣᠯᠣᠨ᠎ᠠ ᠭᠡᠵᠦ ᠬᠡᠯᠡᠨ᠎ᠡ᠃
ᠡᠷᠡᠯᠬᠡᠭᠯᠡᠨ ᠤᠷᠤᠭᠰᠢᠯᠠᠭᠰᠠᠨ ᠤᠯᠠ ᠮᠥᠷ ᠬᠠᠮᠤᠭ᠎ᠤᠨ ᠢᠯᠡ ᠲᠤᠲᠤ ᠪᠠᠢᠳᠠᠭ᠃ ᠥᠩᠭᠡᠷᠡᠭᠰᠡᠨ ᠨᠢᠭᠡ ᠵᠢᠯ᠎ᠳᠦ ᠦ᠋ ᠬᠠᠢ ᠵᠢᠶᠦ᠋ᠨ ᠪᠦᠬᠦ ᠰᠢᠶᠠᠩ᠎ᠤᠨ ᠺᠠᠳ᠋ᠷ ᠤᠯᠠᠨ ᠲᠦᠮᠡᠨᠵᠢᠡᠨ ᠳᠠᠭᠠᠭᠤᠯᠤᠨ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠬᠥᠭᠵᠢᠭᠦᠯᠵᠦ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ᠎ᠢ ᠥᠷᠭᠡᠳᠬᠡᠵᠦ᠂ ᠬᠥᠳᠡᠭᠡ ᠲᠣᠰᠬᠣᠨ᠎ᠤ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠵᠦ᠂ ᠠᠮᠢ ᠠᠬᠤᠢ᠎ᠶᠢᠨ ᠣᠷᠣᠰᠢᠨ ᠰᠠᠭᠤᠬᠤ᠎ᠳᠤ ᠲᠠᠭᠠᠯᠠᠮᠵᠢᠲᠠᠢ ᠪᠠᠢᠬᠤ《ᠴᠡᠴᠡᠷᠯᠢᠭᠳᠦ ᠬᠦᠯ᠎ᠢ》 ᠢ᠋ᠢᠨ ᠪᠦᠲᠦᠭᠡᠨ ᠪᠠᠢᠭᠤᠯᠤᠯᠲᠠ᠎ᠶᠢ ᠠᠬᠢᠭᠤᠯᠪᠠ ᠁ ᠲᠡᠷᠡ ᠲᠥᠯᠥᠭᠡᠯᠡᠭᠴᠢ᠎ᠶᠢᠨ ᠲᠤᠰᠢᠶᠠᠯ ᠬᠠᠷᠢᠭᠤᠴᠠᠯᠭ᠎ᠠ᠎ᠪᠠᠨ ᠬᠡᠷᠬᠢᠨ ᠨᠡᠩ ᠰᠠᠢᠲᠤᠷ ᠭᠦᠢᠴᠡᠳᠬᠡᠵᠦ ᠴᠢᠨᠠᠷ ᠰᠠᠢᠲᠠᠢ ᠰᠠᠨᠠᠯ ᠵᠦᠪᠯᠡᠯᠭᠡ ᠳᠤᠷᠠᠳᠬᠤ᠎ᠶᠢ ᠬᠠᠮᠤᠭᠡᠴᠠ ᠢᠯᠡᠭᠦᠦ ᠪᠣᠳᠣᠯᠬᠢᠯᠠᠵᠠᠢ᠃
ᠦ᠋ ᠬᠠᠢ ᠵᠢᠶᠦ᠋ᠨ᠎ᠦ ᠦᠵᠡᠬᠦ᠎ᠪᠡᠷ᠂ ᠤᠯᠤᠰ ᠲᠥᠷᠥ ᠶ᠋ᠢᠨ ᠬᠡᠪ ᠪᠣᠯᠪᠠᠰᠤᠷᠠᠯ ᠪᠣᠯᠣᠨ ᠴᠢᠳᠠᠪᠤᠷᠢ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠬᠦ ᠪᠣᠯ ᠲᠤᠢᠯ᠎ᠤᠨ ᠴᠢᠬᠤᠯᠠ ᠶᠤᠮ᠂ ᠲᠡᠷᠡ ᠶᠡᠷᠦ᠎ᠡᠴᠡ ᠲᠠᠰᠤᠷᠠᠯᠲᠠ ᠦᠭᠡᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠣᠯᠪᠠᠰᠤᠷᠠᠯ᠎ᠤᠨ ᠳᠤᠮᠳᠠ ᠠ᠋ᠴᠠ ᠰᠤᠷᠤᠯᠴᠠᠵᠤ᠂ ᠦᠢᠯᠡᠳᠦᠯᠭᠡ ᠶ᠋ᠢᠨ ᠳᠤᠮᠳᠠ ᠳᠠᠪᠲᠠᠨ ᠪᠣᠯᠪᠠᠰᠤᠷᠠᠵᠤ᠂ ᠪᠤᠰᠤᠳ ᠲᠥᠯᠥᠭᠡᠯᠡᠭᠴᠢᠳ᠎ᠡᠴᠡ 《ᠨᠣᠮ ᠵᠠᠯᠠᠳᠠᠭ 》 ᠶᠤᠮ᠃ 《ᠲᠠᠰᠤᠷᠠᠯᠲᠠ ᠦᠭᠡᠢ ᠰᠤᠷᠤᠯᠴᠠᠬᠤ᠎ᠪᠠᠷ ᠳᠡᠮᠵᠢᠨ ᠪᠢ 〈ᠲᠤᠭᠤᠢ ᠲᠥᠯᠥᠭᠡᠯᠡᠭᠴᠢ〉 ᠪᠣᠯᠵᠤ ᠪᠣᠯᠬᠤ ᠦᠭᠡᠢ ᠮᠥᠷᠲᠡᠭᠡᠨ 〈ᠪᠤᠭᠤ ᠠᠯᠠᠬᠤ᠎ᠳᠤ ᠪᠠᠶᠠᠷᠯᠠᠬᠤ ᠦᠭᠡᠢ ᠪᠤᠬ᠎ᠠ ᠦᠭᠦᠭᠦ᠎ᠳᠤ ᠭᠤᠮᠤᠳᠠᠬᠤ ᠦᠭᠡᠢ ᠠᠪᠤᠭᠠᠢ〉 ᠪᠣᠯᠵᠤ ᠴᠤ᠌ ᠪᠣᠯᠬᠤ ᠦᠭᠡᠢ᠂ ᠬᠠᠷᠢᠨ ᠠᠷᠠᠳ ᠲᠦᠮᠡᠨ᠎ᠢ ᠦᠨᠡᠨ ᠬᠦ᠌ ᠲᠥᠯᠥᠭᠡᠯᠡᠨ ᠠᠷᠠᠳᠴᠢᠯᠠᠯ᠎ᠤᠨ ᠡᠷᠬᠡ᠎ᠪᠡᠨ ᠰᠠᠢᠲᠤᠷ ᠬᠡᠷᠡᠭᠵᠢᠭᠦᠯᠬᠦ ᠬᠡᠷᠡᠭᠲᠡᠢ ᠭᠡᠳᠡᠭ᠎ᠢ ᠨᠠᠩ ᠭᠦᠨᠵᠡᠭᠡᠢ ᠲᠠᠨᠢᠵᠤ ᠣᠯᠣᠭᠰᠠᠨ ᠶᠤᠮ》 ᠭᠡᠵᠦ ᠦ᠋ ᠬᠠᠢ ᠵᠢᠶᠦ᠋ᠨ ᠬᠡᠯᠡᠪᠡ᠃
ᠲᠠᠰᠤᠷᠠᠯᠲᠠ ᠦᠭᠡᠢ ᠰᠤᠷᠤᠯᠴᠠᠬᠤ ᠪᠠ ᠲᠤᠩᠭᠠᠬᠤ᠎ᠪᠡᠷ ᠳᠡᠮᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠡᠷ ᠳᠠᠮᠵᠢᠭᠤᠯᠤᠨ ᠴᠣᠬᠣᠮ ᠶᠠᠮᠠᠷ ᠲᠠᠭᠤᠨ ᠢ᠋ ᠳᠠᠮᠵᠢᠭᠤᠯᠬᠤ ᠪᠣᠶ ᠬᠡᠬᠦ ᠠᠰᠠᠭᠤᠯᠲᠠ ᠳᠤ ᠦ᠋ ᠬᠠᠢ ᠵᠢᠶᠦ᠋ᠨ᠎ᠤ ᠰᠡᠳᠬᠢᠯ᠎ᠳᠡᠬᠢ ᠬᠠᠷᠢᠭᠤᠯᠲᠠ ᠤᠯᠠᠮ ᠡᠴᠡ ᠤᠯᠠᠮ ᠲᠤᠲᠤᠷᠬᠠᠢ ᠪᠤᠯᠵᠠᠢ᠂ ᠲᠠᠷᠤᠢ ᠤᠯᠠᠨ ᠲᠦᠮᠡᠨ᠎ᠤ ᠪᠠᠴᠢᠮᠲᠠᠵᠦ ᠳᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠲᠠᠯ ᠢ᠋ ᠲᠤᠰᠬᠠᠬᠤ ᠪᠤᠯᠤᠨ᠎ᠠ᠃ ᠪᠠᠢᠭᠤᠯᠭ᠎ᠠ᠂ ᠠᠵᠤ ᠠᠬᠤᠢᠯᠠᠯ᠂ ᠬᠥᠳᠡᠭᠡ ᠲᠣᠰᠬᠣᠨ᠂ ᠨᠡᠢᠭᠡᠮ ᠲᠣᠭᠣᠷᠢᠭ᠋᠎ᠲᠤ ᠬᠦᠷᠴᠦ᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶᠢ ᠬᠤᠷᠢᠶᠠᠵᠤ᠂ ᠪᠠᠢᠴᠠᠭᠠᠨ ᠰᠤᠳᠤᠯᠵᠤ ᠢᠯᠡᠷᠡᠭᠦᠯᠦᠭᠰᠡᠨ ᠠᠰᠠᠭᠤᠳᠠᠯ᠎ᠢ ᠰᠠᠨᠠᠭᠤᠯᠭ᠎ᠠ ᠪᠣᠯᠭᠠᠵᠤ᠂ ᠤᠯᠠᠨ ᠲᠦᠮᠡᠨ᠎ᠦ ᠬᠦᠰᠡᠯ ᠡᠷᠡᠮᠡᠯᠵᠡᠯ᠎ᠢ ᠪᠣᠳᠠᠲᠠᠢᠵᠢᠭᠤᠯᠬᠤ᠎ᠶᠢ ᠠᠬᠢᠭᠤᠯᠪᠠ ᠁ ᠦ᠋ ᠬᠠᠢ ᠵᠢᠶᠦ᠋ᠨ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ ᠦᠨᠳᠦᠰᠦᠨ ᠱᠠᠲᠤᠨ᠎ᠤ ᠳᠠᠭᠤᠨ᠎ᠢ ᠲᠠᠮᠵᠢᠭᠤᠯᠬᠤ᠎ᠳᠤ ᠭᠦᠢᠴᠡᠳ ᠪᠡᠯᠡᠳᠬᠡᠯ ᠬᠢᠵᠡᠢ᠃
ᠦ᠋ ᠬᠠᠢ ᠵᠢᠶᠦ᠋ᠨ᠂ ᠬᠣᠢᠰᠢᠳᠠ ᠶ᠋ᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ᠎ᠳᠠᠭᠠᠨ ᠠᠷᠠᠳ᠎ᠤᠨ ᠲᠥᠯᠥᠭᠡᠯᠡᠭᠴᠢ ᠢ᠋ᠢᠨ ᠬᠥᠭᠥᠷᠭᠡ ᠬᠣᠯᠪᠣᠭᠠᠰᠤ ᠶ᠋ᠢᠨ ᠦᠢᠯᠡᠳᠦᠯ᠂ ᠵᠢᠱ᠌ᠢᠶᠡᠴᠢ ᠳᠠᠭᠠᠭᠤᠯᠤᠬᠴᠢ ᠵᠢᠨ ᠦᠢᠯᠡᠳᠦᠯ ᠢ᠋ᠢᠡᠨ ᠯᠠᠪᠲᠠᠢ ᠭᠦᠢᠴᠡᠳ ᠪᠠᠳᠠᠷᠠᠭᠤᠯᠵᠤ ᠂ ᠠᠷᠠᠳ ᠣᠯᠠᠨ᠎ᠤ ᠠᠰᠢᠭ᠋ ᠲᠤᠰᠠ ᠶ᠋ᠢ ᠰᠠᠢᠲᠤᠷ ᠪᠡᠶᠡᠯᠡᠭᠦᠯᠵᠦ ᠂ ᠰᠠᠢᠲᠤᠷ ᠬᠠᠮᠠᠭᠠᠯᠠᠵᠤ᠂ ᠰᠠᠢᠲᠤᠷ ᠬᠥᠭᠵᠢᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ ᠲᠦᠮᠡᠨ᠎ᠦ ᠰᠠᠨᠠᠭᠠᠨ᠎ᠳᠤ ᠨᠡᠢᠴᠡᠭᠰᠡᠨ ᠠᠷᠠᠳ᠎ᠤᠨ ᠲᠥᠯᠥᠭᠡᠯᠡᠭᠴᠢ ᠪᠣᠯᠣᠨ᠎ᠠ ᠭᠡᠵᠦ ᠢᠯᠡᠷᠬᠡᠢᠯᠡᠪᠡ᠃