ᠬᠣᠶᠠᠷ ᠬᠤᠷᠠᠯ᠎ᠤᠨ ᠰᠠᠨᠠᠯ ᠰᠠᠨᠠᠭᠤᠯᠭ᠎ᠠ᠂ ᠬᠣᠶᠠᠷ ᠬᠤᠷᠠᠯ᠎ᠤᠨ ᠶᠠᠷᠢᠶᠠᠨ᠎ᠤ ᠨᠤᠤᠷᠠᠭ᠂ ᠲᠡᠮᠳᠡᠭ᠌ᠯᠡᠯ᠎ᠦᠨ ᠳᠡᠪᠲᠡᠷ ᠁ 3 ᠰᠠᠷ᠎ᠠ᠎ᠶ᠋ᠢᠨ 2᠎ᠤ᠋ᠨ ᠤᠷᠤᠢ᠂ ᠡᠳᠦᠷ ᠲᠤᠵᠢ ᠶᠠᠭᠠᠷᠠᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠯᠥᠨ ᠪᠤᠢ᠌ᠷ ᠬᠤᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠠᠨᠭ᠌ᠭ᠌ᠯᠢ ᠬᠡᠯᠡᠨ᠎ᠦ ᠪᠠᠭ᠍ᠰᠢ ᠬᠤ᠌ ᠬᠠᠢ ᠵᠢᠤᠸᠠᠨ ᠪᠤᠭᠤᠳᠠᠯ ᠪᠠᠭᠯᠠᠭ᠎ᠠ᠎ᠪᠠᠨ ᠳᠠᠬᠢᠨᠲᠠ ᠪᠠᠢᠴᠠᠭᠠᠨ ᠲᠢᠭ᠌ᠯᠡᠵᠦ᠍ ᠪᠦᠬᠦ᠌ ᠤᠯᠤᠰ᠎ᠤᠨ ᠬᠣᠶᠠᠷ ᠬᠤᠷᠠᠯ᠎ᠤᠨ ᠱᠢᠨ᠎ᠡ ᠠᠶᠠᠨ᠎ᠳᠠᠭᠠᠨ ᠮᠣᠷᠳᠠᠬᠤ᠎ᠪᠠᠷ ᠪᠡᠯᠡᠳᠭᠡᠵᠤ ᠪᠠᠢᠪᠠ᠃ 《 ᠪᠢ ᠰᠠᠨᠠᠯ ᠰᠠᠨᠠᠭᠤᠯᠭ᠎ᠠ ᠪᠠ ᠶᠠᠷᠢᠶᠠᠨ᠎ᠤ ᠨᠣᠣᠷᠠᠭ᠎ᠢᠶᠠᠨ ᠬᠠᠮᠤᠭ᠎ᠤᠨ ᠳᠡᠭᠡᠷ᠎ᠡ ᠨᠢ ᠲᠠᠯᠪᠢᠨ᠎ᠠ᠂ ᠢᠩᠭᠢᠪᠡᠯ ᠪᠡᠭᠡᠵᠢᠩ᠎ᠳᠦ ᠣᠴᠢᠬᠤ ᠵᠠᠮ ᠵᠠᠭᠤᠷ᠎ᠠ ᠳᠠᠬᠢᠨ ᠭᠠᠷᠭᠠᠵᠤ ᠦᠵᠡᠵᠦ᠍ ᠪᠣᠯᠤᠨ᠎ᠠ》 ᠭᠡᠵᠦ ᠳᠡᠷᠡ ᠬᠡᠯᠡᠪᠡ᠃ ᠬᠤ᠌ ᠬᠠᠢ ᠵᠢᠦᠸᠠᠨ ᠡᠳᠡᠭᠡᠷ ᠮᠠᠲᠸᠷᠢᠶᠠᠯ᠎ᠢ ᠬᠡᠳᠦᠢᠪᠡᠷ ᠣᠯᠠᠨ ᠤᠳᠠᠭ᠎ᠠ ᠦᠵᠡᠵᠦ ᠦᠩᠭᠡᠷᠡᠭᠰᠡᠨ ᠪᠣᠯᠪᠠᠴᠤ᠌ ᠰᠠᠨᠠᠯ ᠰᠠᠨᠠᠭᠤᠯᠭ᠎ᠠ ᠪᠠᠨ ᠪᠠᠰᠠ ᠳᠠᠬᠢᠨ ᠲᠡᠭᠦᠯᠳᠡᠷᠵᠢᠭᠦᠯᠬᠦ᠌᠎ᠶ᠋ᠢ ᠪᠣᠳᠣᠭᠰᠠᠭᠠᠷ ᠪᠠᠢᠭ᠎ᠠ ᠪᠢᠯᠡ᠃
《ᠨᠠᠮᠢ᠋ᠢ ᠠᠷᠠᠳ ᠲᠦᠮᠡᠨ ᠰᠣᠩᠭᠣᠵᠤ ᠭᠠᠷᠭᠠᠭ᠍ᠰᠠᠨ ᠶᠤᠮ᠂ ᠲᠤᠱᠢᠶᠠᠯ ᠬᠠᠷᠢᠭᠤᠴᠠᠯᠭ᠎ᠠ ᠭᠦᠢᠴᠡᠳᠭᠡᠵᠦ᠍ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ ᠳᠤᠷᠠᠳᠴᠤ᠌᠂ ᠶᠠᠭᠠᠬᠢᠬᠰᠠᠨ ᠴᠸ᠋ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ》᠃ ᠬᠤ᠌ ᠬᠠᠢ ᠵᠢᠦᠸᠠᠨ ᠢᠩᠭᠢᠵᠦ᠍ ᠬᠡᠯᠡᠭ᠌ᠰᠡᠨ ᠪᠥᠭᠡᠳ ᠨᠡᠩ ᠴᠤ᠌ ᠢᠩᠭᠢᠵᠦ᠍ ᠬᠢᠭ᠌ᠰᠡᠨ ᠶᠤᠮ᠃ 2023 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠲᠡᠭᠦᠰᠦᠮᠡᠭᠴᠡ ᠲᠡᠷᠡ ᠳᠠᠷᠤᠢᠬᠠᠨ ᠳᠠᠷᠠᠭ᠎ᠠ ᠵᠢᠯ᠎ᠦᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠬᠠᠷᠠᠯᠲᠠ᠂ ᠰᠡᠳᠭᠢᠴᠡ᠂ ᠲᠥᠯᠥᠪᠯᠡᠭᠡ᠎ᠪᠡᠨ ᠡᠬᠢᠯᠡᠨ ᠲᠣᠭ᠍ᠲᠠᠭᠠᠵᠠᠢ᠃
2023 ᠣᠨ᠎ᠤ 7 ᠰᠠᠷ᠎ᠠ᠎ᠶ᠋ᠢᠨ 26᠎ᠤ᠋ ᠡᠳᠦᠷ᠂ ᠵᠢᠶᠠᠩᠰᠢ ᠮᠤᠵᠢ᠎ᠶ᠋ᠢᠨ ᠭᠠᠨᠵᠸᠤ ᠬᠣᠲᠠ᠎ᠳᠤ ᠬᠦᠷᠴᠦ᠍ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠭᠤᠷᠪᠠᠳᠤᠭᠠᠷ ᠬᠤᠭᠤᠴᠠᠭᠠᠨ᠎ᠤ ᠪᠣᠯᠪᠠᠰᠤᠷᠠᠯ᠎ᠤᠨ ᠠᠩᠭᠢ᠎ᠳᠤ ᠣᠷᠣᠯᠴᠠᠵᠤ ᠲᠤᠰᠢᠶᠠᠯ ᠬᠠᠷᠢᠭᠤᠴᠠᠯᠭ᠎ᠠ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠪᠡ; 2023 ᠣᠨ᠎ᠤ 8 ᠰᠠᠷ᠎ᠠ᠎ᠶ᠋ᠢᠨ 21᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠣᠶᠠᠳᠤᠭᠠᠷ ᠳᠤᠭᠤᠢᠯᠠᠩ᠎ᠢ ᠳᠠᠭᠠᠵᠤ ᠡᠷᠭᠦᠨ᠎ᠡ ᠬᠣᠲᠠ᠎ᠳᠤ ᠪᠠᠢᠴᠠᠭᠠᠨ ᠰᠤᠳᠤᠯᠤᠯᠲᠠ ᠬᠢᠵᠦ᠍᠂ ᠰᠠᠨᠠᠭᠤᠯᠭ᠎ᠠ ᠪᠢᠴᠢᠬᠦ᠌ᠪᠣᠷᠣ ᠮᠠᠲ᠋ᠧᠷᠢᠶᠠᠯ ᠬᠤᠷᠠᠮᠳᠤᠭᠤᠯᠪᠠ ᠁ ᠲᠤᠱᠢᠶᠠᠯ ᠬᠠᠷᠢᠭᠤᠴᠠᠯᠭ᠎ᠠ ᠭᠦᠶ᠋ᠴᠡᠳᠭᠡᠭ᠌ᠰᠡᠨ ᠨᠢᠭᠡ ᠵᠢᠯ᠎ᠦᠨ ᠲᠤᠷᠰᠢ᠂ ᠰᠦᠯᠵᠢᠶᠡᠨ ᠳᠡᠭᠡᠷ᠎ᠡ ᠪᠠ ᠳᠤᠬᠠᠢ᠎ᠶᠢᠨ ᠳᠠᠯᠠᠪᠠᠢ᠎ᠳᠦ ᠬᠦᠷᠬᠦ ᠵᠡᠷᠭᠡ ᠬᠡᠯᠪᠡᠷᠢ ᠪᠡᠷ ᠬᠤ᠌ ᠬᠠᠶ ᠵᠢᠤᠸᠠᠨ 30 ᠭᠠᠷᠤᠶ ᠤᠳᠠᠭᠠᠨ᠎ᠤ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ᠎ᠳᠤ ᠣᠷᠣᠯᠴᠠᠭᠰᠠᠨ ᠪᠦᠭᠡᠳ ᠳᠡᠭᠡᠷ᠎ᠡ ᠰᠠᠷ᠎ᠠ ᠲᠡᠷᠡ ᠪᠠᠰᠠ ᠲᠤᠰᠭᠠᠢᠯᠠᠨ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠨᠠᠨ ᠺᠠᠶ ᠯᠦ᠍ ᠳᠤᠮᠳᠠᠳᠤ ᠰᠤᠷᠭᠠᠭᠤᠯᠢ᠎ᠳᠤ ᠬᠦᠷᠴᠦ᠍ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠭᠠᠨ ᠰᠤᠷᠭᠠᠯᠲᠠ᠎ᠶ᠋ᠢᠨ ᠠᠭᠤᠯᠭ᠎ᠠ᠎ᠶ᠋ᠢᠨ ᠲᠤᠬᠠᠶ ᠪᠠᠢᠴᠠᠭᠠᠨ ᠰᠤᠳᠤᠯᠤᠯᠲᠠ ᠬᠢᠵᠦ᠍᠂ ᠥᠪᠡᠷ᠎ᠦᠨ ᠰᠠᠨᠠᠯ ᠰᠠᠨᠠᠭᠤᠯᠭ᠎ᠠ᠎ᠳᠠᠭᠠᠨ ᠬᠦᠴᠦᠲᠡᠶ ᠲᠤᠯᠭᠠᠭᠤᠷᠢᠯᠠᠯ ᠬᠠᠩᠭᠠᠵᠡᠢ᠃ ᠤᠳᠠᠭ᠎ᠠ ᠪᠦᠷᠢ᠎ᠶ᠋ᠢᠨ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ ᠬᠢᠬᠦ᠌᠎ᠳᠦ ᠲᠡᠷᠡ ᠴᠥᠮ ᠰᠤᠷᠤᠯᠴᠠᠭ᠍ᠰᠠᠨ ᠣᠢᠯᠠᠭᠠᠯᠲᠠ᠎ᠪᠠᠨ ᠨᠠᠷᠢᠨ ᠲᠡᠮᠳᠡᠭ᠌ᠯᠡᠵᠦ᠍᠂ ᠴᠢᠨᠠᠷ ᠰᠠᠢᠲᠠᠢ ᠰᠠᠨᠠᠯ ᠰᠠᠨᠠᠭᠤᠯᠭ᠎ᠠ ᠳᠡᠪᠱᠢᠭᠦᠯᠬᠦ᠌᠎ᠳᠦ ᠭᠦᠢᠴᠡᠳ ᠪᠡᠯᠡᠳᠭᠡᠯ ᠬᠢᠳᠡᠭ᠃ ᠬᠤ᠌ ᠬᠠᠢ ᠵᠢᠦᠸᠠᠨ ᠄ 《ᠭᠠᠭ᠍ᠴᠠ ᠬᠦ᠌ ᠢᠯᠡᠭᠦᠬᠡᠨ ᠰᠤᠷᠤᠯᠴᠠᠵᠤ᠂ ᠢᠯᠡᠭᠦᠬᠡᠨ ᠪᠠᠢᠴᠠᠭᠠᠨ ᠰᠤᠳᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠤᠯᠠᠨ ᠲᠦᠮᠡᠨ᠎ᠦ ᠳᠤᠮᠳᠠ ᠭᠦᠨᠵᠡᠭᠡᠢᠷᠡᠪᠡᠯ ᠰᠠᠶᠢ ᠤᠯᠠᠨ ᠲᠦᠮᠡᠨ᠎ᠦ ᠰᠡᠳᠭᠢᠯ᠎ᠦᠨ ᠳᠠᠭᠤᠨ᠎ᠢ ᠦᠨᠡᠨ ᠬᠦ᠌ ᠣᠢᠯᠠᠭᠠᠵᠤ ᠴᠢᠳᠠᠨ᠎ᠠ》 ᠬᠡᠵᠤ ᠶᠠᠷᠢᠵᠤ ᠪᠠᠢᠪᠠ ᠃
ᠬᠤ᠌ ᠬᠠᠢ ᠵᠢᠤᠸᠠᠨ ᠥᠪᠡᠷ ᠦᠨ ᠰᠤᠷᠭᠠᠨ ᠬᠥᠮᠦᠵᠢᠯ ᠦᠨ ᠦᠢᠯᠡᠰ᠎ᠲᠡᠭᠡᠨ ᠭᠦᠨ ᠬᠠᠢᠷ᠎ᠠ ᠰᠡᠳᠬᠢᠯ ᠲᠠᠢ ᠪᠠᠢᠵᠤ᠂ 33 ᠵᠢᠯ᠎ᠦᠨ ᠲᠤᠷᠰᠢ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ ᠪᠢᠴᠢᠭ ᠵᠢᠭᠠᠵᠤ ᠬᠥᠮᠦᠨ ᠬᠥᠮᠦᠵᠢᠭᠦᠯᠵᠦ᠍᠂ ᠰᠤᠷᠤᠭ᠍ᠴᠢ ᠪᠦᠷᠢ᠎ᠶ᠋ᠢ ᠥᠪᠡᠷ᠎ᠦᠨ ᠬᠡᠦᠬᠡᠳ᠎ᠢᠶᠡᠨ ᠰᠢᠭ ᠬᠥᠮᠦᠵᠢᠭᠦᠯᠵᠦ᠍᠂ ᠪᠠᠰᠠ ᠮᠠᠰᠢ ᠤᠯᠠᠨ ᠵᠠᠯᠠᠭᠤ ᠪᠠᠭ᠍ᠰᠢ᠎ᠶ᠋ᠢ ᠳᠠᠢ᠌ᠴᠢᠯᠠᠵᠤ ᠲᠡᠳᠡᠨ᠎ᠤ ᠦᠳᠲᠡᠷ ᠲᠦᠷᠭᠡᠨ ᠦᠰᠦᠨ ᠪᠣᠢᠵᠢᠬᠤᠳᠦᠨᠢ ᠬᠠᠪᠰᠤᠷᠴᠤ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠨᠢ ᠳᠡᠭᠡᠭ᠌ᠰᠢᠯᠡᠭᠦᠯᠦᠭᠰᠡᠨ ᠪᠠᠢᠨ᠎ᠠ᠃
ᠨᠢᠭᠡ ᠬᠤᠪᠢ ᠵᠢᠨ ᠬᠦᠴᠦ ᠬᠦᠳᠡᠯᠮᠦᠷᠢ᠎ᠳᠦ ᠨᠢᠭᠡ ᠬᠤᠪᠢ᠎ᠵᠢᠨ ᠤᠯᠤᠯᠳᠠ ᠪᠠᠢᠳᠠᠭ᠃ ᠤᠢ᠍ᠢᠷ᠎ᠠ᠎ᠶ᠋ᠢᠨ ᠵᠢᠯ᠎ᠳᠦ᠂ ᠬᠤ᠌ ᠬᠠᠢ ᠵᠢᠤᠸᠠᠨ ᠤᠷᠢᠳ ᠬᠣᠵᠢᠳ ᠪᠦᠬᠦ᠌ ᠤᠯᠤᠰ᠎ᠤᠨ ᠠᠩᠬᠠᠳᠤᠭᠠᠷ ᠬᠤᠭᠤᠴᠠᠭᠠᠨ ᠤ ᠭᠠᠳᠠᠭᠠᠳᠤ ᠬᠡᠯᠡᠨ ᠦ ᠵᠢᠭᠠᠨ ᠰᠤᠷᠭᠠᠯᠲᠠ᠎ᠶ᠋ᠢᠨ ᠴᠢᠳᠠᠪᠤᠷᠢᠲᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠪᠠᠭ᠍ᠰᠢ᠂ ᠬᠥᠯᠥᠨ ᠪᠤᠢ᠌ᠷ ᠬᠤᠳᠠ᠎ᠶ᠋ᠢᠨ ᠵᠢᠱ᠌ᠢᠶᠡᠴᠢ ᠪᠠᠭ᠍ᠰᠢ ᠵᠡᠷᠭᠡ ᠤᠯᠠᠨ ᠢᠷᠠᠭᠤ ᠠᠯᠳᠠᠷ ᠢ ᠬᠦᠷᠲᠡᠵᠡᠢ᠃ ᠡᠳᠡᠭᠡᠷ ᠢᠷᠠᠭᠤ ᠠᠯᠳᠠᠷ ᠨᠢ ᠬᠤ᠌ ᠬᠠᠢ ᠵᠢᠦᠸᠠᠨᠢ ᠡᠨᠡ ᠬᠦ᠌ ᠠᠵᠢᠯ ᠦᠶ᠋ᠯᠡᠰ᠎ᠢᠶᠡᠨ ᠨᠠᠩ ᠳᠡᠭᠡᠳᠦᠯᠡᠨ ᠬᠠᠢᠷᠠᠯᠠᠬᠤ ᠪᠤᠯᠭᠠᠪᠠ᠃ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ ᠡᠴᠡ ᠨᠠᠭᠠᠰᠢ᠂ ᠲᠡᠷᠡ ᠰᠤᠷᠭᠠᠨ ᠬᠥᠮᠦᠵᠢᠯ᠎ᠦᠨ ᠲᠠᠯ᠎ᠠ᠎ᠶ᠋ᠢᠨ ᠰᠡᠳᠦᠪ᠎ᠢ ᠠᠩᠬᠠᠷᠤᠭ᠍ᠰᠠᠭᠠᠷ ᠢᠷᠡᠵᠡᠢ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ ᠲᠡᠷᠡ᠂ ᠪᠠᠭ᠍ᠰᠢᠯᠠᠭ᠍ᠰᠠᠨ ᠣᠨ ᠵᠢᠯ᠎ᠦᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠴᠢᠳᠠᠪᠤᠷᠢ᠎ᠲᠠᠢ ᠰᠤᠷᠤᠬ᠍ᠴᠢ᠎ᠶ᠋ᠢ ᠬᠥᠮᠦᠵᠢᠭᠦᠯᠬᠦ᠌ ᠵᠡᠷᠭᠡ ᠲᠠᠯ᠎ᠠ᠎ᠶ᠋ᠢᠨ ᠰᠠᠨᠠᠯ ᠰᠠᠨᠠᠭᠤᠯᠭ᠎ᠠ ᠳᠡᠪᠱᠢᠭᠦᠯᠬᠦ ᠪᠡᠷ ᠪᠠᠢᠨ᠎ᠠ᠃
ᠬᠤ᠌ ᠬᠠᠢ ᠵᠢᠤᠸᠠᠨ ᠄ 《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠡᠭᠦᠷᠭᠡ ᠦᠩᠬᠡ ᠬᠡᠷᠡᠯ ᠳᠡᠢ᠂ ᠬᠠᠷᠢᠭᠤᠴᠠᠯᠭ᠎ᠠ ᠬᠦᠨᠳᠦ ᠶᠡᠬᠡ ᠶᠤᠮ᠃ ᠪᠢ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠨᠠᠷᠢᠨ ᠬᠢᠨᠠᠮᠠᠭᠠᠶ ᠠᠵᠢᠯᠯᠠᠵᠤ᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠣᠳᠣᠯ᠎ᠢᠶᠠᠷ ᠲᠣᠰ ᠪᠡᠶ᠎ᠡ᠎ᠶ᠋ᠢᠨ ᠬᠡᠪ ᠪᠣᠯᠪᠠᠰᠤᠷᠠᠯ᠎ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠵᠦ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ᠂ ᠬᠢᠷᠢ ᠲᠡᠩᠴᠡᠭ᠌ᠰᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠬᠤ᠎ᠪᠠᠷ ᠴᠢᠷᠮᠠᠢᠵᠤ᠂ ᠰᠤᠷᠭᠠᠨ ᠬᠥᠮᠦᠵᠢᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠰᠠᠨᠠᠯ ᠰᠠᠨᠠᠭᠤᠯᠭ᠎ᠠ ᠳᠤᠷᠠᠳᠤᠨ᠎ᠠ》 ᠭᠡᠵᠤ ᠪᠠᠢᠪᠠ᠃