《ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠤᠭᠴᠠᠯᠠᠬᠤ ᠪᠡᠷ ᠭᠣᠣᠯ ᠰᠢᠵᠢᠮ ᠪᠣᠯᠭᠠᠬᠤ ᠬᠡᠷᠡᠭᠲᠡᠢ》 《ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠬᠡᠷᠡᠭᠲᠡᠢ 》 《ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠵᠢᠭ᠍ᠰᠠᠭᠠᠯ᠎ᠤᠨ ᠭᠠᠵᠠᠷ ᠢ᠋ ᠰᠠᠢᠲᠤᠷ ᠰᠠᠬᠢᠬᠤ ᠬᠡᠷᠡᠭᠲᠡᠢ 》 ᠁ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠴᠦ᠍ ᠭᠡᠰᠡᠨ᠂ ᠲᠥᠯᠥᠭᠡᠯᠡᠭᠴᠢ ᠪᠠ ᠭᠡᠰᠢᠭᠦᠳ᠎ᠤᠨ ᠬᠢᠨᠠᠨ ᠵᠦᠪᠯᠡᠬᠦ ᠳ᠋ᠤ ᠴᠦ᠍ ᠭᠡᠰᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠬᠠᠢ ᠶᠠᠷᠢᠶᠠᠨ᠎ᠤ ᠰᠡᠳᠦᠪ ᠤᠯᠠᠨ ᠤᠳᠠᠭ᠎ᠠ ᠳᠤᠷᠠᠳᠤᠭᠳᠠᠵᠤ᠂ ᠬᠥᠮᠥᠰ᠎ᠦᠨ ᠠᠩᠬᠠᠷᠤᠯ᠎ᠢ ᠶᠡᠬᠡᠳᠡ ᠳᠠᠳᠠᠯ᠎ᠠ᠃
ᠶᠡᠷᠦᠩᠬᠡᠢ ᠱᠦᠵᠢ ᠰᠢ᠎ᠶᠢᠨ ᠫᠢᠩ 2023 ᠣᠨ᠎ᠤ 6 ᠰᠠᠷ᠎ᠠ᠎ᠳᠤ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠲᠦᠷᠦᠯ᠎ᠦᠨ ᠠᠵᠢᠯ᠎ᠤᠨ ᠭᠣᠣᠯ ᠰᠢᠵᠢᠮ ᠮᠥᠨ ᠭᠡᠵᠦ ᠠᠩᠬ᠎ᠠ ᠤᠳᠠᠭ᠎ᠠ ᠳᠤᠷᠠᠳᠴᠠᠢ᠃ ᠡᠨᠡ ᠬᠦ᠌ ᠴᠢᠬᠤᠯᠠ ᠶᠡᠬᠡ ᠨᠤᠲᠠᠯᠠᠯᠲᠠ ᠨᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠭᠠᠵᠠᠷ ᠣᠷᠣᠨ᠎ᠤ ᠠᠵᠢᠯ᠎ᠢ ᠰᠠᠢᠲᠤᠷ ᠬᠢᠬᠦ᠎ᠳᠦ ᠬᠠᠨᠳᠤᠯᠭᠠᠳᠤ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠥᠩᠭᠡᠷᠡᠭᠰᠡᠨ ᠨᠢᠭᠡ ᠵᠢᠯ᠎ᠳᠦ᠂ ᠥᠪᠥᠷ ᠮᠣᠩᠭᠣᠯ ᠤᠯᠤᠰ᠎ᠤᠨ ᠡᠨᠧᠷᠭᠢ ᠪᠣᠯᠣᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠪᠠᠨ ᠮᠡᠳᠡᠭᠳᠡᠮ᠎ᠡ ᠴᠢᠩᠭᠠᠷᠠᠭᠤᠯᠬᠤ᠂ ᠬᠥᠭᠵᠢᠯᠲᠡ᠎ᠶᠢᠨ ᠶᠠᠰᠤ ᠴᠢᠨᠠᠷ ᠦᠷ᠎ᠡ ᠠᠰᠢᠭ᠋᠎ᠢ ᠴᠢᠨᠠᠭᠰᠢᠳᠠ ᠳᠡᠭᠡᠭᠰᠢᠯᠡᠭᠦᠯᠬᠦ ᠵᠡᠷᠭᠡ ᠬᠠᠷᠠᠯᠲᠠ ᠡᠭᠦᠷᠭᠡ᠎ᠪᠡᠨ ᠴᠢᠨᠠᠭᠰᠢᠳᠠ ᠪᠡᠶᠡᠯᠡᠭᠦᠯᠵᠡᠢ᠃ ᠡᠢᠮᠦᠷᠬᠦᠦ ᠬᠥᠭᠵᠢᠯᠲᠡ᠎ᠶᠢᠨ ᠠᠮᠵᠢᠯᠲᠠ᠎ᠶᠢ ᠣᠯᠵᠤ ᠴᠢᠳᠠᠭᠰᠠᠨ᠎ᠤ ᠲᠤᠢᠯ᠎ᠤᠨ ᠴᠢᠬᠤᠯᠠ ᠨᠢᠬᠡᠨ ᠲᠠᠯ᠎ᠠ ᠪᠣᠯ ᠳᠠᠷᠤᠢ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠤᠬᠠᠮᠰᠠᠷ᠎ᠠᠴᠠ᠎ᠪᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠᠵᠢᠨ ᠤᠬᠠᠮᠰᠠᠷ᠎ᠢ᠋ ᠪᠠᠳᠤ ᠴᠤᠭᠴᠠᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠵᠢᠱ᠌ᠢᠶ᠎ᠡ ᠦᠵᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠣᠯᠪᠣᠨ ᠤᠷᠤᠭᠰᠢᠯᠠᠵᠤ᠂ ᠭᠣᠣᠯ ᠰᠢᠵᠢᠮ ᠤ᠋ᠨ ᠲᠣᠭᠣᠷᠢᠨ᠎ᠳᠤ ᠡᠯ᠎ᠡ ᠲᠦᠷᠦᠯ᠎ᠦᠨ ᠠᠵᠢᠯ᠎ᠢᠶᠠᠨ ᠰᠠᠢᠲᠤᠷ ᠬᠢᠭᠰᠡᠨ ᠡᠴᠡ ᠶᠤᠮ᠃
ᠠᠮᠢᠵᠢᠷᠠᠯ ᠪᠢᠯᠬᠠᠭᠰᠠᠨ ᠬᠠᠪᠤᠷ ᠬᠦᠰᠡᠯ ᠡᠷᠡᠮᠡᠯᠵᠡᠯ ᠢ᠋ ᠬᠦᠭᠵᠢᠭᠡᠨ᠎ᠡ᠃ ᠶᠡᠷᠦᠩᠬᠡᠢ ᠱᠦᠵᠢ᠎ᠰᠢ᠎ᠶᠢᠨ ᠫᠢᠩ ᠤ᠋ᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠡᠨᠡ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠦᠨ᠂ ᠪᠥᠬᠥ ᠬᠦᠴᠦᠨ᠎ᠢᠶᠡᠷ᠎ᠢᠶᠡᠨ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳ᠋ᠤ ᠣᠷᠣᠬᠤ᠎ᠳᠤ ᠡᠷᠬᠡᠪᠰᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠶᠢ ᠲᠦᠷᠭᠡᠳᠬᠡᠬᠦ ᠬᠡᠷᠡᠭᠲᠡᠢ᠃ 《ᠵᠢᠷᠭᠤᠭᠠᠨ ᠥᠭᠦᠯᠡᠪᠦᠷᠢ᠎ᠶᠢᠨ ᠪᠣᠳᠠᠲᠤ ᠶᠠᠪᠤᠳᠠᠯ ᠪᠠ ᠶᠣᠰᠣ᠌ ᠤᠴᠢᠷ》 ᠢ᠋ ᠢᠮᠠᠭᠲᠠ ᠪᠠᠲᠤ ᠴᠡᠭᠡᠵᠢᠯᠡᠵᠦ᠂ 《ᠳᠤᠯᠤᠭᠠᠨ ᠲᠠᠯ᠎ᠠ ᠪᠡᠷ ᠵᠢᠱ᠌ᠢᠶᠡᠴᠢ ᠪᠣᠯᠬᠤ》 ᠳᠡᠭᠡᠷ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠳᠤ ᠴᠤᠭᠴᠠᠯᠠᠬᠤ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠢᠨ ᠪᠠᠶ᠋ᠢᠭᠤᠯᠬᠤ ᠬᠡᠷᠡᠭᠲᠡᠢ᠃ ᠭᠣᠣᠯ ᠰᠢᠵᠢᠮ ᠢ᠋ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠦᠨᠡᠨ ᠪᠤᠳᠠᠳᠠᠢ᠂ ᠬᠣᠢᠷᠭᠤᠰᠢᠬᠤ ᠦᠭᠡᠢ᠂ ᠤᠷᠳᠤ ᠤᠳᠠᠭᠠᠨ ᠴᠢᠷᠮᠠᠢᠨ ᠠᠵᠢᠯᠯᠠᠪᠠᠯ᠂ ᠬᠠᠮᠲᠤ᠎ᠶᠢᠨ ᠴᠣᠭᠴᠠ᠎ᠶᠢᠨ ᠤᠬᠠᠮᠰᠠᠷ ᠨᠢ ᠰᠤᠷᠭᠤᠭ ᠠᠭᠠᠷ ᠪᠠ ᠨᠡᠷᠡᠨ᠎ᠦ ᠭᠡᠷᠡᠯ ᠰᠢᠭ ᠵᠢᠡᠷ ᠭᠠᠵᠠᠷ ᠪᠣᠯᠭᠠᠨ᠎ᠳᠤ ᠬᠥᠮᠥᠰ᠎ᠦᠨ ᠰᠡᠳᠬᠢᠯ᠎ᠢ ᠤᠮᠳᠠᠯᠠᠵᠤ᠂ ᠪᠦᠯᠬᠦᠮᠳᠡᠨ ᠲᠡᠮᠡᠴᠡᠬᠦ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
《ᠰᠠᠭᠤᠷᠢ ᠮᠣᠳᠣᠨ ᠡᠴᠡ ᠲᠦᠮᠡᠨ ᠬᠦᠢᠰ ᠴᠡᠴᠡᠭ ᠳᠡᠯᠬᠡᠷᠡᠨᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭᠡ ᠭᠡᠷ ᠤ᠋ᠨ ᠬᠦᠮᠦᠨ ᠮᠡᠳᠦ ᠳᠤᠳᠤᠨᠤ ᠪᠠᠢᠵᠤ᠂ ᠥᠨᠢ ᠡᠭᠦᠷᠢᠳᠡ ᠡᠪ ᠬᠠᠮᠲᠤ ᠨᠠᠮ᠎ᠢᠶᠠᠨ ᠲᠠᠭᠠᠨ᠎ᠠ ᠁》 ᠪᠢᠳᠡ ᠪᠦᠬᠦ ᠤᠯᠤᠰ᠎ᠤᠨ ᠬᠣᠶᠠᠷ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠬᠤ ᠠᠵᠢᠯᠯᠠᠭ᠎ᠠ᠎ᠶᠢᠨ ᠤᠬᠠᠮᠰᠠᠷ᠎ᠢᠶᠠᠨ ᠦᠷᠭᠦᠯᠵᠢᠯᠡᠨ ᠴᠢᠩᠭᠠᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠂ ᠤᠮᠤᠭ ᠲᠡᠬᠦᠯᠳᠡᠷ ᠡᠷᠴᠢ ᠬᠦᠴᠦᠨ ᠵᠢᠡᠨ ᠴᠠᠭ ᠢᠮᠠᠭᠲᠠ ᠪᠠᠲᠤᠯᠠᠵᠤ᠂ ᠭᠠᠷ ᠵᠢᠡᠨ ᠬᠣᠯᠪᠣᠨ ᠰᠡᠳᠬᠢᠯ ᠵᠢᠡᠨ ᠨᠢᠭᠡᠳᠴᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠬᠠᠮᠲᠤ ᠪᠠᠷ ᠪᠢᠴᠢᠭᠯᠡᠶ᠎ᠡ᠃