ᠸᠠᠩ ᠸᠠᠩ ᠱᠧᠩ ᠲᠥᠯᠥᠭᠡᠯᠡᠭ᠌ᠴᠢ ᠄ ᠤᠯᠤᠰ ᠲᠦᠷᠦ ᠵᠢᠨ ᠬᠠᠷᠢᠭᠤᠴᠠᠯᠭ᠎ᠠ ᠪᠠᠨ ᠡᠭᠦᠷᠭᠡᠯᠡᠵᠦ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ
2024-03-07 13:04:01
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《〈ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠡ ᠵᠢᠨ ᠰᠠᠨᠠᠯ〉 ᠳ᠋ᠤ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠤᠭ᠍ᠰᠠᠨ᠎ᠨᠢ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠡᠴᠡ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶ᠋ᠢ ᠭᠦᠶ᠋ᠴᠡᠳ ᠬᠠᠷᠠᠭᠤᠯᠵᠤ ᠪᠠᠢᠨ᠎ᠠ》 ᠭᠡᠵᠦ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠳᠠᠷᠤᠭ᠎ᠠ ᠸᠠᠩ ᠸᠠᠩ ᠱᠧᠩ ᠶᠠᠷᠢᠨ᠎ᠠ᠂ ᠲᠡᠷᠡ ᠪᠠᠰᠠ᠂ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠳᠤ ᠣᠷᠣᠨ ᠪᠣᠯᠤᠭ᠍ᠰᠠᠨ᠎ᠤ ᠬᠤᠪᠢ᠎ᠳᠤ᠂ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠵᠦ᠍᠂ ᠮᠠᠨ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠳᠤ ᠴᠤᠬᠴᠠᠯᠠᠬᠤ  ᠤᠯᠤᠰ ᠲᠦᠷᠦ ᠵᠢᠨ ᠡᠭᠦᠷᠭᠡ ᠵᠢ ᠡᠷᠡᠰ ᠡᠭᠦᠷᠭᠡᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠪᠠᠯ ᠵᠤᠬᠢᠨ᠎ᠠ ᠭᠡᠪᠡ᠃ 

ᠶᠡᠷᠦᠩᠬᠡᠶ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠡᠭᠡᠨ᠄ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠬᠠᠨ᠎ᠠ ᠭᠡᠵᠦ ᠳᠠᠬᠢᠨᠲᠠ ᠴᠢᠬᠤᠯᠠᠴᠢᠯᠠᠪᠠ᠃ ᠡᠨᠡ ᠨᠢ ᠸᠠᠩ ᠸᠠᠩ ᠱᠧᠩ᠎ᠢ ᠢᠷᠡᠭᠡᠳᠦᠢ᠎ᠶ᠋ᠢᠨ ᠠᠵᠢᠯ᠎ᠳᠤ ᠢᠲᠡᠭᠡᠯ ᠲᠡᠭᠦᠯᠳᠡᠷ ᠪᠣᠯᠭᠠᠵᠠᠢ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠨ ᠶᠡᠷᠦᠩᠬᠡᠢᠯᠡᠨ ᠠᠳᠭᠤᠬᠤ ᠦᠢᠯᠡᠳᠦᠯ᠎ᠢᠶᠡᠨ ᠪᠠᠳᠠᠷᠠᠭᠤᠯᠵᠤ᠂ ᠮᠠᠨ᠎ᠤ ᠣᠷᠣᠨ᠎ᠤ ᠭᠣᠣᠯ ᠬᠦᠴᠦᠨ ᠬᠣᠱᠢᠭᠤᠴᠢ᠎ᠶ᠋ᠢᠨ ᠲᠦᠷᠢ ᠲᠥᠷᠬᠦ᠌᠎ᠪᠡᠷ 《ᠤᠮᠠᠷᠠᠲᠤ ᠵᠢᠨ ᠭᠤᠷᠪᠠᠨ ᠤᠷᠤᠨ》 ᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠤᠯᠬᠤ᠎ᠳᠤ ᠬᠦᠴᠦᠨ ᠨᠡᠮᠡᠷᠢᠯᠡᠨ᠎ᠡ; ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠵᠦ᠍᠂ ᠤᠯᠤᠰ᠎ᠤᠨ ᠲᠥᠷᠥ᠎ᠶ᠋ᠢᠨ ᠪᠣᠳᠣᠯᠭ᠎ᠠ ᠂ ᠪᠠᠯᠠ ᠮᠥᠩᠭᠥ᠌᠂ ᠲᠥᠷᠥᠯ ᠵᠦᠶ᠋ᠯ᠂ ᠮᠡᠷᠭᠡᠵᠢᠯ ᠵᠡᠷᠭᠡ ᠡᠯ᠎ᠡ ᠲᠠᠯ᠎ᠠ᠎ᠶ᠋ᠢᠨ ᠳᠡᠮᠵᠢᠯᠭᠡ᠎ᠶ᠋ᠢ ᠰᠠᠢᠲᠤᠷ ᠭᠦᠶ᠋ᠴᠡᠳ ᠬᠡᠷᠡᠭ᠌ᠯᠡᠵᠦ᠍᠂ ᠠᠮᠢ ᠠᠬᠤᠶ ᠣᠷᠴᠢᠨ ᠲᠣᠭᠣᠷᠢᠨ᠎ᠢ ᠥᠨᠳᠥᠷ ᠲᠦᠪᠱᠢᠨ᠎ᠢᠶᠡᠷ ᠬᠠᠮᠠᠭᠠᠯᠠᠬᠤ ᠪᠠ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠵᠤᠬᠢᠴᠠᠭᠤᠯᠤᠨ ᠠᠬᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号