《〈ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ〉 ᠳ᠋ᠤ ᠬᠢᠩᠭᠠᠨ ᠠᠢᠮᠠᠭ᠎ᠤᠨ 〈ᠬᠣᠶᠠᠷ ᠣᠷᠣᠨ᠂ ᠭᠤᠷᠪᠠᠨ ᠵᠠᠮ᠂ ᠨᠢᠭᠡ ᠢᠨᠵᠧᠨᠧᠷᠢᠩ᠂ ᠨᠢᠭᠡ ᠲᠣᠭ᠍ᠲᠠᠴᠠ〉 ᠵᠡᠷᠭᠡ ᠴᠢᠬᠤᠯᠠ ᠶᠡᠬᠡ ᠵᠦᠶ᠋ᠯᠡᠰ᠎ᠢ ᠣᠷᠣᠭᠤᠯᠤᠭ᠍ᠰᠠᠨ ᠨᠢ᠂ ᠬᠢᠩᠭᠠᠨ ᠠᠢᠮᠠᠭ᠎ᠤᠨ 〈ᠬᠣᠶᠠᠷ ᠶᠡᠬᠡ ᠶᠠᠪᠤᠳᠠᠯ〉 ᠢ᠋ ᠰᠠᠢᠲᠤᠷ ᠬᠢᠬᠦ᠌᠎ᠶ᠋ᠢ ᠠᠬᠢᠭᠤᠯᠵᠤ᠂ ᠤᠯᠤᠰ᠎ᠤᠨ ᠠᠮᠢ ᠠᠬᠤᠶ᠂ ᠡᠨᠧᠷᠭᠢ᠂ ᠠᠮᠤ ᠪᠤᠳᠠᠭ᠎ᠠ᠂ ᠠᠵᠤ ᠦᠶ᠋ᠯᠡᠰ ᠪᠠ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ᠌᠎ᠨᠢ ᠯᠠᠪᠲᠠᠶ ᠶᠤᠮ》᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠡ ᠵᠢᠨ ᠳᠡᠳ᠋ ᠱᠦᠵᠢ᠂ ᠠᠢᠮᠠᠭ᠎ᠤᠨ ᠳᠠᠷᠤᠭ᠎ᠠ ᠰᠦᠬᠡ᠂ 《ᠶᠡᠷᠦᠩᠬᠡᠢ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠦᠨ᠎ᠠ ᠭᠡᠵᠦ ᠵᠢᠭᠠᠨ ᠭᠠᠷᠭᠠᠪᠠ᠃ ᠪᠢᠳᠠ ᠤᠯᠤᠰ᠎ᠤᠨ ᠪᠠᠢᠯᠳᠤᠬᠤ ᠪᠤᠳᠤᠯᠭ᠎ᠠ ᠪᠠ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠤᠨ᠎ᠠ》 ᠭᠡᠵᠦ᠍ ᠬᠡᠯᠡᠪᠡ᠃ ᠰᠦᠬᠡ᠂ 《ᠰᠠᠨᠠᠯ》 ᠪᠣᠯᠤᠨ ᠡᠯ᠎ᠡ ᠵᠦᠶ᠋ᠯ᠎ᠦᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠰᠠᠢᠲᠤᠷ ᠨᠠᠢᠳᠠᠪᠤᠷᠢᠵᠢᠭᠤᠯᠬᠤ ᠲᠤᠬᠠᠢ᠂ ᠬᠢᠩᠭᠠᠨ ᠠᠢᠮᠠᠭ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠢ ᠰᠠᠢᠲᠤᠷ ᠠᠳᠭᠤᠬᠤ ᠲᠠᠯ᠎ᠠ᠎ᠪᠠᠷ᠂ 《ᠰᠠᠨᠠᠯ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠂ ᠴᠢᠬᠤᠯᠠ ᠶᠡᠬᠡ ᠲᠠᠷᠢᠶᠠᠨ ᠭᠠᠵᠠᠷ᠎ᠤᠨ ᠤᠰᠤᠨ ᠠᠱᠢᠭ᠍ᠯᠠᠯᠲᠠ ᠪᠣᠯᠤᠨ ᠵᠠᠮ ᠬᠠᠷᠢᠯᠴᠠᠭ᠎ᠠ ᠴᠢᠮᠡᠭᠡ ᠬᠣᠯᠪᠣᠭ᠎ᠠ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ ᠬᠦᠷᠢᠶ᠎ᠡ ᠴᠠᠷᠠᠭᠠᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠩ ᠣᠯᠠᠨ ᠰᠠᠢᠨ ᠲᠥᠷᠥ᠎ᠶ᠋ᠢᠨ ᠪᠣᠳᠣᠯᠭ᠎ᠠ᠂ ᠰᠠᠢᠨ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠪᠣᠳᠠᠲᠠᠢᠵᠢᠭᠤᠯᠵᠤ᠂ ᠦᠷ᠎ᠡ ᠪᠦᠲᠦᠮᠵᠢᠲᠡᠶ ᠪᠣᠯᠭᠠᠨ᠎ᠠ; ᠱᠢᠨ᠎ᠡ ᠨᠢᠭᠡᠨ ᠡᠭᠡᠯᠵᠢ᠎ᠶ᠋ᠢᠨ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ᠎ᠶ᠋ᠢ ᠡᠵᠡᠮᠳᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠮᠦᠨᠡᠬᠢ ᠬᠤᠭᠤᠴᠠᠭᠠᠨ᠎ᠤ ᠠᠵᠢᠯ᠎ᠢ ᠤᠷᠢᠳᠴᠢᠯᠠᠨ ᠲᠥᠰᠦᠪᠯᠡᠵᠦ᠍᠂ ᠡᠯ᠎ᠡ ᠵᠦᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ ᠲᠥᠷᠥᠯ ᠵᠦᠢᠯ ᠳᠡᠭᠡᠷ᠎ᠡ ᠨᠠᠢᠳᠠᠪᠤᠷᠢᠵᠢᠭᠤᠯᠬᠤ᠎ᠶ᠋ᠢ ᠦᠨᠡᠨᠬᠦ᠌ ᠪᠠᠲᠤᠯᠠᠨ᠎ᠠ ᠭᠡᠵᠦ ᠢᠯᠡᠳᠬᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号