ᠯᠢ ᠪᠢᠨ ᠭᠡᠱᠢᠭᠦᠨ ᠄ ᠲᠥᠷᠥ᠎ᠶ᠋ᠢᠨ ᠪᠣᠳᠣᠯᠭ᠎ᠠ ᠵᠢ ᠦᠷ᠎ᠡ ᠪᠦᠲᠦᠮᠵᠢ ᠪᠤᠯᠭᠠᠨ ᠬᠤᠪᠢᠷᠠᠭᠤᠯᠵᠤ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠤᠨ᠎ᠠ
2024-03-07 13:10:18
ᠵᠣᠬᠢᠶᠠᠭ᠍ᠴᠢ᠄
ᠰᠥᠩ ᠱᠤᠸᠠᠩ
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠡ ᠵᠢᠨ ᠰᠠᠨᠠᠯ》 ᠳ᠋ᠤ᠂ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ ᠬᠡᠷᠡᠭᠲᠡᠢ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠵᠣᠬᠢᠴᠠᠭᠤᠯᠭ᠎ᠠ ᠪᠠ ᠴᠢᠷᠮᠠᠢᠯᠭ᠎ᠠ᠎ᠪᠠᠷ᠂ ᠤᠰᠤᠨ ᠠᠱᠢᠭ᠍ᠯᠠᠯᠲᠠ᠎ᠶ᠋ᠢᠨ ᠶᠠᠮᠤᠨ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠢ ᠳᠡᠮᠵᠢᠬᠦ ᠤᠰᠤᠨ ᠠᠱᠢᠭ᠍ᠯᠠᠯᠲᠠ᠎ᠶ᠋ᠢᠨ ᠬᠡᠷᠡᠭ᠌ᠵᠢᠭᠦᠯᠬᠦ᠌ ᠲᠥᠰᠦᠯ》 ᠎ᠢ᠋ ᠳᠠᠷᠤᠮᠠᠯᠯᠠᠨ ᠲᠠᠷᠬᠠᠭᠠᠵᠤ᠂ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ᠎ᠢ ᠲᠡᠭᠦᠯᠳᠡᠷᠵᠢᠭᠦᠯᠬᠦ᠌ ᠵᠢ ᠳᠡᠮᠵᠢᠬᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ ᠵᠢ ᠳᠡᠮᠵᠢᠬᠦ ᠵᠡᠷᠭᠡ 7 ᠲᠠᠯ᠎ᠠ᠎ᠠᠴᠠ 26 ᠵᠤᠷᠪᠤᠰ ᠭᠤᠤᠯᠳᠠᠯᠭ᠎ᠠ᠎ᠲᠠᠶ ᠳᠡᠮᠵᠢᠬᠦ᠌ ᠠᠷᠭ᠎ᠠ ᠬᠡᠮᠵᠢᠶ᠎ᠡ᠎ᠶ᠋ᠢ ᠥᠷᠭᠡᠳᠭᠡᠨ ᠨᠠᠷᠢᠯᠢᠬ᠍ᠵᠢᠭᠤᠯᠤᠨ ᠳᠤᠷᠠᠳᠪᠠ᠃ ᠡᠨᠡ᠎ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠎ᠢ ᠶᠡᠬᠡᠳᠡ ᠵᠣᠷᠢᠭ᠍ᠵᠢᠭᠤᠯᠵᠤ᠂ ᠲᠤᠢᠯ᠎ᠢᠶᠠᠷ ᠤᠷᠮᠠᠱᠢᠭᠤᠯᠤᠭ᠍ᠰᠠᠨ ᠪᠥᠭᠡᠳ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠴᠦ᠍ ᠭᠦᠨᠵᠡᠭᠡᠶ ᠣᠢᠯᠠᠭᠠᠭᠤᠯᠵᠠᠶ᠃

《ᠢᠵᠢ ᠪᠦᠷᠢᠳᠦᠭᠦᠯᠦᠭᠰᠡᠨ ᠲᠥᠷᠥ᠎ᠶ᠋ᠢᠨ ᠪᠣᠳᠣᠯᠭ᠎ᠠ᠎ᠶ᠋ᠢᠨ ᠦᠨ᠎ᠡ ᠥᠷᠲᠡᠭ ᠥᠨᠳᠥᠷ᠂ ᠬᠠᠮᠤᠷᠬᠤ ᠬᠡᠪᠴᠢᠶ᠎ᠡ ᠥᠷᠭᠡᠨ᠂ ᠬᠠᠨᠳᠤᠯᠭᠠᠲᠤ ᠴᠢᠨᠠᠷ᠎ᠢᠶᠠᠷ ᠴᠢᠩᠭ᠎ᠠ᠂ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠠᠵᠢᠯ ᠲᠥᠷᠥᠯ᠎ᠤᠨ ᠪᠥᠬᠥ᠌ ᠬᠦᠷᠢᠶ᠎ᠡ ᠴᠠᠷᠠᠭ᠎ᠠ ᠵᠢᠨ ᠴᠢᠬᠤᠯᠠ ᠶᠡᠬᠡ ᠲᠥᠷᠥᠯ ᠵᠦᠶ᠋ᠯ᠂ ᠴᠢᠬᠤᠯᠠ ᠠᠵᠢᠯ᠂ ᠭᠤᠤᠯᠳᠠᠯᠭ᠎ᠠ᠎ᠲᠠᠶ ᠡᠭᠦᠷᠭᠡ ᠵᠢ ᠬᠠᠮᠤᠷᠪᠠ》 ᠭᠡᠵᠦ ᠯᠢ ᠪᠢᠨ ᠬᠡᠯᠡᠨ᠎ᠠ᠃ ᠲᠡᠷᠡ᠂ ᠣᠳᠣᠬᠠᠨ᠎ᠳᠤ ᠬᠡᠰᠡᠭ ᠳᠡᠮᠵᠢᠯᠭᠡ᠎ᠶ᠋ᠢᠨ ᠠᠷᠭ᠎ᠠ ᠬᠡᠮᠵᠢᠶ᠎ᠡ ᠨᠢ ᠨᠢᠭᠡᠨᠲᠡ ᠦᠨᠡᠨ ᠪᠣᠳᠠᠲᠠᠶ ᠦᠷ᠎ᠡ ᠪᠦᠲᠦᠮᠵᠢ ᠪᠣᠯᠵᠤ ᠬᠤᠪᠢᠷᠠᠵᠠᠶ;ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠨᠠᠮᠤᠷ᠎ᠤᠨ ᠤᠰᠤᠯᠠᠯᠲᠠ᠎ᠶ᠋ᠢᠨ ᠬᠡᠮᠵᠢᠶ᠎ᠡ᠎ᠶ᠋ᠢ 8.8 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠣᠯᠲᠠᠯ᠎ᠠ ᠪᠠᠭᠠᠰᠭᠠᠵᠤ᠂ ᠡᠩ᠎ᠦᠨ ᠵᠢᠯ᠎ᠦᠨ᠎ᠬᠢ᠎ᠡᠴᠡ 45% ᠎ᠪᠠᠷ ᠪᠠᠭᠠᠰᠪᠠ; ᠬᠠᠲᠤᠨ ᠭᠤᠤᠯ᠎ᠤᠨ ᠲᠠᠩ᠎ᠤᠨ ᠣᠷᠣᠨ᠎ᠤ ᠰᠠᠭᠤᠭᠠᠯᠢ ᠠᠷᠠᠳ᠎ᠢ ᠨᠡᠭᠦᠯᠭᠡᠨ ᠪᠥᠲᠥᠭᠡᠨ ᠪᠠᠢᠭᠤᠯᠬᠤ ᠠᠵᠢᠯ ᠴᠢᠬᠤᠯᠠ ᠠᠬᠢᠴᠠ᠎ᠲᠠᠶ ᠪᠣᠯᠵᠣ᠂《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠠᠷᠠᠯᠲᠠ᠎ᠶ᠋ᠢ ᠪᠡᠶᠡᠯᠡᠭᠦᠯᠪᠡ ᠁ ᠭᠡᠵᠦ ᠰᠤᠷᠪᠤᠯᠵᠢᠯᠠᠬᠴᠢ᠎ᠳᠤ ᠶᠠᠷᠢᠨ᠎ᠠ᠃ 《ᠪᠢᠳᠡ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠦᠨᠡᠨ ᠬᠦ᠌ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ᠍ ᠯᠢ ᠪᠢᠨ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号