《〈ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ〉 ᠳ᠋ᠤ᠂ ᠮᠠᠨᠵᠤᠤᠷ᠂ ᠡᠷᠢᠶᠡᠨ ᠬᠣᠲᠠ᠎ᠶ᠋ᠢᠨ ᠵᠠᠬᠠᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠲᠣᠭᠣᠷᠢᠭ᠎ᠤᠨ ᠡᠳ᠋ᠱᠢᠭᠦᠯᠦᠯᠲᠡ᠂ ᠪᠠᠯᠠ ᠣᠷᠣᠭᠤᠯᠤᠯᠲᠠ᠂ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠨ᠎ᠡ ᠭᠡᠵᠦ ᠳᠤᠷᠠᠳᠪᠠ᠃ ᠮᠢᠨᠦ᠍ ᠡᠨᠡ ᠵᠢᠯ᠎ᠦᠨ ᠰᠠᠨᠠᠯ ᠳᠤᠷᠠᠳᠤᠯᠭ᠎ᠠ ᠶᠠᠭ ᠡᠭᠦᠨ᠎ᠲᠡᠶ ᠬᠣᠯᠪᠣᠭ᠎ᠠ᠎ᠲᠠᠶ》 ᠭᠡᠵᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠢᠨ ᠬᠠᠤᠯᠢᠰᠤᠳᠤᠯᠤᠯᠤᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠧ ᠱᠢᠶᠤᠤ ᠮᠧᠶ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠨ᠎ᠠ᠃
ᠧ ᠱᠢᠶᠤᠤ ᠮᠧᠶ ᠵᠢᠨ ᠲᠠᠨᠢᠯᠴᠠᠭᠤᠯᠤᠭᠰᠠᠨ ᠵᠢᠡᠷ᠂ ᠡᠨᠡ ᠬᠡᠳᠦᠨ ᠵᠢᠯ᠎ᠳᠦ᠂ ᠤᠯᠤᠰ᠎ᠠᠴᠠ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠨᠡᠢᠲᠡᠯᠡᠵᠦ᠍ ᠬᠢᠯᠢ᠎ᠶ᠋ᠢᠨ ᠵᠠᠬ᠎ᠠ ᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠤᠭ᠍ᠰᠠᠨ ᠲᠠᠸᠠᠷ᠎ᠢ ᠡᠳ᠋ᠱᠢᠭᠦᠯᠦᠨ ᠪᠣᠯᠪᠠᠰᠤᠷᠠᠭᠤᠯᠬᠤ ᠲᠤᠷᠱᠢᠯᠲᠠ᠎ᠶ᠋ᠢᠨ ᠠᠵᠢᠯ᠎ᠢ ᠠᠬᠢᠭᠤᠯᠪᠠ᠂ ᠡᠷᠢᠶᠡᠨ ᠬᠣᠲᠠ᠎ᠶ᠋ᠢᠨ ᠵᠠᠬ᠎ᠠ ᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠲᠣᠭᠣᠷᠢᠭ ᠪᠣᠯ ᠪᠥᠬᠥ᠌ ᠤᠯᠤᠰ᠎ᠤᠨ ᠲᠦᠷᠦᠭᠦᠦ ᠪᠦᠯᠦᠭ᠎ᠦᠨ ᠲᠤᠷᠱᠢᠯᠲᠠ᠎ᠶ᠋ᠢᠨ ᠭᠠᠵᠠᠷ ᠣᠷᠣᠨ᠎ᠤ ᠨᠢᠭᠡ ᠪᠣᠯᠬᠤ ᠪᠥᠭᠡᠳ ᠥᠪᠥᠷ ᠮᠣᠩᠭᠣᠯ᠎ᠤᠨ ᠴᠣᠷ᠎ᠤᠨ ᠭᠠᠭ᠍ᠴᠠ ᠲᠤᠷᠱᠢᠯᠲᠠ᠎ᠶ᠋ᠢᠨ ᠭᠠᠵᠠᠷ ᠣᠷᠣᠨ ᠪᠣᠯᠤᠨ᠎ᠠ᠃ 2023 ᠣᠨ᠎ᠤ 4 ᠰᠠᠷ᠎ᠠ᠎ᠳᠤ ᠡᠷᠢᠶᠡᠨ ᠪᠣᠭᠣᠮᠲᠠ 《ᠬᠢᠯᠢ᠎ᠶ᠋ᠢᠨ ᠵᠠᠬ᠎ᠠ ᠳᠡᠯᠭᠡᠭᠦᠷ ᠵᠢᠡᠨ ᠨᠡᠭᠡᠭᠡᠬᠦ + ᠲᠤᠭᠤᠰᠢᠯᠠᠭᠤᠯᠤᠨ ᠡᠳ᠋ᠱᠢᠭᠦᠯᠬᠦ᠌》 ᠭᠠᠳᠠᠭᠠᠳᠤ᠎ᠠᠴᠠ ᠣᠷᠣᠭᠤᠯᠬᠤ ᠵᠠᠭ᠍ᠪᠤᠷ᠎ᠢ ᠡᠬᠢᠯᠡᠨ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠮᠠᠰᠢ ᠰᠠᠢᠨ ᠦᠷ᠎ᠡ ᠪᠦᠲᠦᠮᠵᠢ ᠣᠯᠪᠠ᠂ ᠡᠨᠡ ᠨᠢ ᠲᠤᠷᠱᠢᠯᠲᠠ᠎ᠶ᠋ᠢᠨ ᠠᠵᠢᠯ᠎ᠨᠢ ᠪᠣᠭᠣᠮᠲᠠ᠎ᠶ᠋ᠢᠨ ᠠᠵᠤ ᠠᠬᠤᠶ᠎ᠶ᠋ᠢᠨ ᠴᠡᠴᠡᠭ᠌ᠯᠡᠨ ᠬᠥᠭ᠌ᠵᠢᠬᠦ᠌᠎ᠶ᠋ᠢ ᠳᠠᠢᠴᠢᠯᠠᠵᠤ᠂ ᠡᠭᠦᠨ᠎ᠦ ᠤᠯᠠᠮ᠎ᠢᠶᠠᠷ ᠬᠢᠯᠢ᠎ᠶ᠋ᠢᠨ ᠠᠷᠠᠯᠵᠢᠶ᠎ᠠ᠎ᠵᠢᠨ ᠬᠢᠯᠢ ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ᠂ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠵᠡᠷᠭᠡ ᠲᠠᠯ᠎ᠠ᠎ᠶ᠋ᠢᠨ ᠦᠶ᠋ᠯᠡᠳᠦᠯ᠎ᠢ ᠤᠯᠠᠮ ᠴᠢᠨᠠᠭᠰᠢᠲᠠ ᠪᠠᠳᠠᠷᠠᠭᠤᠯᠬᠤ ᠵᠡᠷᠭᠡ ᠲᠠᠯ᠎ᠠ ᠵᠢᠨ ᠦᠢᠯᠡᠳᠦᠯ᠎ᠢ ᠬᠠᠷᠠᠭᠤᠯᠤᠭᠰᠠᠨ ᠪᠠᠢᠨ᠎ᠠ᠃
ᠡᠢᠮᠦ᠍᠎ᠡᠴᠡ᠂ ᠧ ᠱᠢᠶᠤᠤ ᠮᠧᠶ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠢᠨ ᠬᠢᠯᠢ᠎ᠶ᠋ᠢᠨ ᠵᠠᠬ᠎ᠠ ᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠤᠭ᠍ᠰᠠᠨ ᠲᠠᠸᠠᠷ᠎ᠢ ᠡᠳ᠋ᠱᠢᠭᠦᠯᠦᠨ ᠪᠣᠯᠪᠠᠰᠤᠷᠠᠭᠤᠯᠬᠤ ᠲᠤᠷᠱᠢᠯᠲᠠ᠎ᠶ᠋ᠢᠨ ᠴᠡᠭ᠎ᠤᠨ ᠬᠡᠪᠴᠢᠶ᠎ᠡ᠎ᠶ᠋ᠢ ᠥᠷᠭᠡᠳᠭᠡᠬᠦ᠌ ᠠᠵᠢᠯ᠎ᠢ ᠲᠦᠷᠭᠡᠳᠭᠡᠨ ᠠᠬᠢᠭᠤᠯᠵᠤ᠂ ᠥᠪᠥᠷ ᠮᠣᠩᠭᠣᠯ᠎ᠤᠨ ᠮᠠᠨᠵᠤᠤᠷ ᠬᠣᠲᠠ᠎ᠶ᠋ᠢᠨ ᠵᠠᠬ᠎ᠠ ᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠲᠣᠭᠣᠷᠢᠭ ᠵᠡᠷᠭᠡ ᠨᠥᠬᠥᠴᠡᠯ᠎ᠳᠤ ᠨᠡᠢᠴᠡᠭᠦ ᠵᠠᠬ᠎ᠠ ᠳᠡᠯᠭᠡᠭᠦᠷ ᠵᠢᠡᠨ ᠨᠡᠭᠡᠭᠡᠭᠰᠡᠨ ᠠᠷᠠᠯᠵᠢᠶᠠᠨ᠎ᠤ ᠲᠣᠭᠣᠷᠢᠭ᠎ᠢ ᠲᠤᠷᠱᠢᠯᠲᠠ᠎ᠶ᠋ᠢᠨ ᠴᠡᠭ᠎ᠤᠨ ᠬᠡᠪᠴᠢᠶᠡᠨ᠎ᠳᠦ ᠣᠷᠣᠭᠤᠯᠬᠤ᠎ᠶ᠋ᠢ ᠰᠠᠨᠠᠭᠤᠯᠪᠠ᠃