ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ ᠬᠠᠯᠬᠠᠪᠴᠢ ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ ᠤ᠋ᠨ ᠡᠷᠬᠡᠪᠰᠢ ᠪᠠᠲᠤ ᠴᠡᠭᠡᠵᠢᠯᠡᠬᠦ᠌ ᠬᠡᠷᠡᠭ᠌ᠲᠡᠢ 《ᠤᠯᠤᠰ ᠤ᠋ᠨ ᠶᠡᠬᠡ ᠶᠠᠪᠤᠳᠠᠯ》 ᠪᠣᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠬᠣᠶᠠᠳᠤᠭᠠᠷ ᠬᠤᠷᠠᠯᠤᠨ ᠥᠪᠥᠷ ᠮᠣᠩᠭᠣᠯ ᠤ᠋ᠨ ᠲᠥᠯᠥᠭᠡᠯᠡᠭ᠌ᠴᠢᠳᠦᠨ ᠪᠦᠯᠬᠦᠮᠦᠨ ᠡᠷᠭᠢᠯᠡᠭ᠌ᠰᠡᠨ ᠪᠦᠯᠬᠦᠮ ᠳᠤᠭᠤᠢᠯᠠᠩ ᠤ᠋ᠨ ᠨᠡᠭᠡᠭᠡᠯᠳᠡ ᠬᠢᠬᠦ ᠠᠵᠢᠯᠯᠠᠭᠠᠳᠤ᠂ ᠠᠮᠢ ᠠᠬᠤᠶ ᠵᠢᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ ᠨᠢ ᠳᠤᠮᠳᠠᠳᠤ ᠭᠠᠳᠠᠭᠠᠳᠤ ᠵᠢᠨ ᠵᠠᠭᠤᠴᠢᠯᠠᠭᠤᠷ ᠤ᠋ᠨ ᠠᠩᠬᠠᠷᠤᠯᠢ ᠲᠠᠲᠠᠭ᠍ᠰᠠᠨ ᠬᠠᠯᠠᠮᠰᠢᠯ ᠪᠤᠯᠪᠠ᠃
ᠥᠪᠥᠷ ᠮᠣᠩᠭᠣᠯ ᠪᠣᠯ ᠮᠠᠨ ᠤ᠋ ᠤᠯᠤᠰ ᠤ᠋ᠨ ᠤᠮᠠᠷᠠᠲᠤ ᠣᠷᠣᠨ ᠤ᠋ ᠲᠠᠯᠠᠪᠠᠶ ᠪᠡᠷ ᠬᠠᠮᠤᠭ ᠤ᠋ᠨ ᠶᠡᠬᠡ᠂ ᠲᠥᠷᠥᠯ ᠵᠦᠶ᠋ᠯ ᠵᠢᠡᠷ ᠬᠠᠮᠤᠭ ᠤ᠋ᠨ ᠪᠦᠷᠢᠨ ᠠᠮᠢ ᠠᠬᠤᠶ ᠵᠢᠨ ᠴᠢᠳᠠᠮᠵᠢᠳᠤ ᠣᠷᠣᠨ᠂ ᠮᠠᠨ ᠤ᠋ ᠤᠯᠤᠰ ᠤ᠋ᠨ ᠴᠦᠯᠯᠡᠷᠭᠡᠭ᠌ᠵᠢᠯᠢ ᠵᠠᠰᠠᠬᠤ ᠭᠣᠸ᠋ᠯ ᠲᠡᠢᠨᠦ ᠲᠠᠯᠠᠪᠤᠷ᠂ ᠡᠯᠡᠰᠦᠨ ᠱᠢᠭᠤᠷᠭᠠ ᠶ᠋ᠢ ᠰᠡᠷᠭᠡᠢᠯᠡᠬᠦ᠌ ᠭᠣᠸ᠋ᠯ ᠰᠡᠷᠭᠡᠢᠯᠡᠯᠲᠡ ᠵᠢᠨ ᠱᠤᠭᠤᠮ ᠪᠣᠯᠤᠨ᠎ᠠ᠃ 2023 ᠣᠨᠳᠤ᠂ ᠪᠦᠬᠦ᠌ ᠣᠷᠣᠨ ᠵᠢᠡᠷ ᠵᠢᠡᠨ ᠶᠡᠷᠦᠩᠬᠡᠢ ᠱᠦᠵᠢ ᠰᠢ ᠵᠢᠨ ᠫᠢᠩ ᠤᠨ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩᠦᠨ ᠭᠤᠷᠪᠠᠨ ᠶᠡᠬᠡ ᠪᠡᠯᠭᠡ ᠳᠡᠮᠳᠡᠭᠦᠨ ᠴᠢᠨᠠᠷᠲᠠᠢ ᠳᠠᠢᠯᠠᠯᠳᠤᠭᠠᠨᠢ ᠪᠦᠬᠦ᠌ ᠲᠠᠯ᠎ᠠ ᠪᠡᠷ ᠬᠢᠵᠦ᠍᠂ ᠪᠦᠬᠦ᠌ ᠵᠢᠯᠳᠤ 950 ᠲᠦᠮᠡᠨ ᠮᠦ᠍ ᠡᠯᠡᠰᠦ ᠶ᠋ᠢ ᠰᠡᠷᠭᠡᠢᠯᠡᠨ ᠵᠠᠰᠠᠵᠤ᠂ 556 ᠲᠦᠮᠡᠨ ᠮᠦ᠍ ᠤᠢᠵᠢᠭᠤᠯᠵᠤ᠂ 1817 ᠲᠦᠮᠡᠨ ᠮᠦ᠍ ᠡᠪᠡᠰᠦ ᠲᠠᠷᠢᠵᠤ᠂ ᠬᠠᠳᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠪᠠ 《ᠬᠦᠯᠦᠨ ᠨᠠᠭᠤᠷ ᠳᠠᠭ᠎ᠠ ᠵᠢᠨ ᠨᠠᠭᠤᠷ ᠤᠯᠠᠭᠠᠨᠰᠤᠬᠠᠢ ᠨᠠᠭᠤᠷ》 ᠵᠢᠴᠢ ᠴᠠᠭᠠᠨᠨᠠᠭᠤᠷ ᠤ᠋ᠨ ᠶᠡᠷᠦᠩᠬᠡᠢᠯᠡᠭ᠌ᠰᠡᠨ ᠵᠠᠰᠠᠯᠲᠠ ᠶ᠋ᠢ ᠭᠦᠨᠵᠡᠭᠡᠢ ᠠᠬᠢᠭᠤᠯᠤᠨ᠂ ᠡᠷᠡᠭᠦᠯ ᠲᠣᠭ᠍ᠲᠠᠭᠤᠨ᠂ ᠪᠦᠷᠢᠨ ᠲᠡᠭᠦᠯᠳᠡᠷ ᠴᠢᠳᠠᠪᠬᠢ ᠲᠠᠢ ᠠᠮᠢ ᠠᠬᠤᠢ ᠵᠢᠨ ᠱᠢᠰᠲᠸᠮᠢ ᠪᠠᠢᠭᠤᠯᠬᠤ ᠲᠠᠯ᠎ᠠ ᠪᠡᠷ ᠢᠳᠡᠪᠬᠢᠲᠡᠢ ᠦᠷ᠎ᠡ ᠪᠦᠲᠦᠮᠵᠢ ᠤᠯᠪᠠ᠃ ᠪᠢᠳᠠ ᠮᠣᠩᠭᠣᠯ ᠮᠤᠷᠢᠨ ᠤ᠋ ᠵᠣᠷᠢᠭ ᠰᠠᠨᠠᠭ᠎ᠠ ᠪᠣᠯᠤᠨ 《ᠤᠮᠠᠷᠠᠲᠤ ᠵᠢᠨ ᠭᠤᠷᠪᠠᠨ ᠣᠷᠣᠨ ᠤ᠋ ᠵᠣᠷᠢᠭ ᠰᠠᠨᠠᠭ᠎ᠠ》 ᠵᠢ ᠶᠡᠬᠡ ᠪᠡᠷ ᠪᠠᠳᠠᠷᠠᠭᠤᠯᠵᠤ᠂ ᠤᠳᠠᠭᠠᠨ ᠲᠠᠭᠠᠭᠠᠮᠠᠭᠠᠢ ᠵᠢᠳᠬᠦᠨ ᠴᠢᠷᠮᠠᠢᠵᠦ ᠂ ᠡᠨᠡ ᠬᠦ᠌ 《ᠤᠯᠤᠰ ᠤ᠋ᠨ ᠶᠡᠬᠡ ᠶᠠᠪᠤᠳᠠᠯ》 ᠢ᠋ ᠰᠠᠢᠲᠤᠷ ᠬᠠᠢᠷᠠᠯᠠᠨ ᠬᠠᠮᠠᠭᠠᠯᠠᠬᠤ ᠬᠡᠷᠡᠭ᠌ᠲᠡᠢ᠃ ᠠᠮᠢ ᠠᠬᠤᠢ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠤᠯᠭᠠᠬᠤ ᠠᠮᠢ ᠠᠬᠤᠢᠣᠷᠴᠢᠨ ᠲᠣᠭᠣᠷᠢᠨ ᠤ᠋ ᠬᠠᠮᠠᠭᠠᠯᠠᠯᠲᠠ ᠶ᠋ᠢ ᠪᠦᠬᠦ᠌ ᠲᠠᠯ᠎ᠠ᠂ ᠪᠦᠬᠦ᠌ ᠣᠷᠣᠨ ᠪᠦᠰᠡ᠂ ᠪᠦᠬᠦ᠌ ᠶᠠᠪᠤᠴᠠ ᠳ᠋ᠤ ᠴᠢᠩᠭᠠᠳᠭᠠᠵᠤ᠂ ᠠᠮᠢ ᠠᠬᠤᠢ ᠵᠢᠨ ᠰᠠᠭᠤᠷᠢ ᠦᠩᠭᠡ ᠶ᠋ᠢ ᠵᠤᠵᠠᠭᠠᠳᠭᠠᠵᠤ᠂ ᠬᠥᠭ᠌ᠵᠢᠯᠲᠡ ᠵᠢᠨ ᠴᠢᠨᠠᠷ ᠴᠢᠨᠰᠠᠭ᠎ᠠ ᠶ᠋ᠢ ᠳᠡᠭᠡᠭ᠌ᠰᠢᠯᠡᠭᠦᠯᠵᠦ᠍᠂ ᠬᠥᠬᠡᠮᠳᠦᠭ ᠨᠣᠭᠣᠭᠠᠨ ᠠᠭᠤᠯᠠ ᠤᠰᠤ ᠶ᠋ᠢ ᠦᠨᠡᠨ ᠬᠦ᠌ ᠠᠯᠳᠠ ᠮᠥᠩᠭᠥᠨ ᠠᠭᠤᠯᠠ ᠪᠣᠯᠭᠠᠬᠤ ᠬᠡᠷᠡᠭ᠌ᠲᠡᠢ᠃
ᠡᠯᠡᠰᠦᠷᠬᠡᠭ᠌ᠵᠢᠯ ᠢ᠋ᠰᠡᠷᠭᠡᠢᠯᠡᠵᠦ᠍ ᠡᠯᠡᠰᠦ ᠶ᠋ᠢ ᠵᠠᠰᠠᠬᠤ ᠪᠣᠯ ᠨᠢᠭᠡᠨ ᠠᠮᠢ ᠠᠬᠤᠢ ᠵᠢᠨ ᠢᠨᠵᠧᠨᠧᠷᠢᠩ ᠪᠣᠯᠬᠤ ᠪᠡᠷ ᠪᠠᠷᠠᠬᠤ ᠦᠭᠡᠢ ᠪᠠᠰᠠ ᠨᠢᠭᠡᠨ ᠬᠥᠭ᠌ᠵᠢᠯᠲᠡ ᠵᠢᠨ ᠢᠨᠵᠧᠨᠧᠷᠢᠩ᠂ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠪᠣᠯᠤᠨ᠎ᠠ᠃ ᠪᠢᠳᠡ ᠶᠡᠬᠡ ᠳᠠᠢᠯᠠᠯᠳᠤᠭᠠᠨ ᠤ᠋ ᠰᠦᠷ ᠵᠢᠪᠬᠤᠭ᠎ᠠ ᠪᠡᠷ ᠭᠤᠷᠪᠠᠨ ᠶᠡᠬᠡ ᠪᠡᠯᠭᠡ ᠲᠡᠮᠳᠡᠭᠦᠨ ᠴᠢᠨᠠᠷᠲᠠᠢ ᠳᠠᠢᠯᠠᠯᠳᠤᠭᠠᠨᠢ ᠪᠦᠬᠦ᠌ ᠬᠦᠴᠦᠨ ᠵᠢᠡᠷᠢᠶᠡᠨ ᠰᠠᠢᠲᠤᠷ ᠬᠢᠵᠦ᠍᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠡᠭᠦᠷᠭᠡ ᠶ᠋ᠢ ᠲᠣᠭ᠍ᠲᠠᠭ᠍ᠰᠠᠨ ᠬᠤᠭᠤᠴᠠᠭᠠᠨᠳᠤ ᠪᠡᠶᠡᠯᠡᠭᠦᠯᠤᠨ᠂ ᠮᠠᠨ ᠤ᠋ ᠤᠯᠤᠰ ᠤ᠋ᠨ ᠤᠮᠠᠷᠠᠲᠤ ᠣᠷᠣᠨ ᠤ᠋ ᠰᠠᠯᠬᠢ ᠡᠯᠡᠰᠤᠨ ᠤ᠋ 《ᠬᠠᠮᠠᠭᠠᠯᠠᠯᠲᠠ ᠵᠢᠨ ᠬᠤᠶᠠᠭ》 ᠢ᠋ ᠨᠡᠩ ᠪᠠᠲᠤ ᠪᠡᠬᠢ ᠪᠣᠯᠭᠠᠬᠤ ᠬᠡᠷᠡᠭ᠌ᠲᠡᠢ᠃ ᠵᠦᠪᠬᠡᠨ ᠡᠯᠡᠰᠦ ᠶ᠋ᠢ ᠵᠠᠰᠠᠬᠤ ᠪᠢᠰᠢ᠂ ᠴᠦᠯᠯᠡᠷᠬᠡᠭ᠌ᠵᠢᠯ ᠡᠯᠡᠰᠦᠷᠬᠡᠭ᠌ᠵᠢᠯᠦᠨ ᠠᠰᠠᠭᠤᠳᠠᠯᠢ ᠦᠨᠳᠦᠰᠦᠨᠡᠴᠡ ᠨᠢ ᠱᠢᠢᠳᠪᠦᠷᠢᠯᠡᠵᠦ᠍᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮᠲᠡᠶ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠦᠬᠡ ᠲᠩᠷᠢ᠂ ᠬᠦᠬᠡᠮᠳᠦᠭ ᠤᠰᠤ᠂ ᠴᠡᠪᠡᠷ ᠬᠥᠷᠥᠰᠥ ᠶ᠋ᠢ ᠬᠠᠮᠠᠭᠠᠯᠠᠬᠤ ᠳᠠᠢᠯᠠᠯᠳᠤᠭᠠᠨᠢ ᠬᠠᠮᠵᠢᠯᠴᠠᠨ ᠰᠠᠢᠲᠤᠷ ᠬᠢᠵᠦ᠍᠂ ᠭᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ᠂ ᠨᠡᠭᠦᠷᠡᠰᠦᠲᠥ᠋ᠷᠥᠭ᠌ᠴᠢᠵᠢᠨ ᠬᠤᠷᠠᠮᠳᠤᠭᠤᠯᠭ᠎ᠠ ᠵᠢᠨ ᠠᠷᠠᠯᠵᠢᠶ᠎ᠡ᠂ ᠠᠮᠢ ᠠᠬᠤᠢ ᠵᠢᠨ ᠵᠢᠭᠤᠯᠴᠢᠯᠠᠯ ᠵᠡᠷᠭᠡ ᠠᠵᠢᠯᠢ ᠰᠠᠢᠲᠤᠷ ᠬᠢᠵᠦ᠍᠂ ᠠᠮᠢ ᠠᠬᠤᠢ ᠵᠢᠨ ᠠᠮᠤᠷ ᠲᠦᠪᠱᠢᠨᠦ ᠬᠠᠯᠬᠠᠪᠴᠢ ᠶ᠋ᠢ ᠨᠡᠩ ᠡᠷᠡᠭᠦᠯ ᠲᠣᠭ᠍ᠲᠠᠭᠤᠨ᠂ ᠴᠢᠳᠠᠪᠬᠢ ᠶ᠋ᠢ ᠨᠡᠩ ᠪᠦᠷᠢᠨ ᠲᠡᠭᠦᠯᠳᠡᠷ ᠪᠣᠯᠭᠠᠬᠤ ᠬᠡᠷᠡᠭ᠌ᠲᠡᠢ᠃
ᠵᠤᠷᠢᠭ ᠪᠠᠢᠪᠠᠯ ᠵᠤᠷᠢᠭᠰᠠᠨ ᠳ᠋ᠠᠭᠠᠨ ᠭᠡᠳᠡᠭᠴᠢᠯᠡᠨ ᠪᠢᠳᠡ ᠭᠤᠤᠯ ᠡᠭᠦᠷᠭᠡ ᠶ᠋ᠢ ᠡᠭᠦᠷᠭᠡᠯᠡᠵᠤ ᠬᠦᠨᠳᠤ ᠡᠭᠦᠷᠭᠡ ᠶ᠋ᠢ ᠡᠭᠦᠷᠭᠡᠯᠡᠬᠦ ᠬᠠᠷᠢᠭᠤᠴᠠᠯᠭᠠᠳᠤ ᠰᠡᠳᠬᠢᠯᠭᠡ ᠪᠡᠷ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩᠦᠨ ᠪᠣᠭᠣᠮᠲᠠ ᠱᠢᠪᠲᠤᠯᠬᠤ ᠳᠠᠢᠯᠠᠯᠳᠤᠭᠠᠨᠢ ᠪᠦᠬᠦ᠌ ᠬᠦᠴᠦᠨ ᠵᠢᠡᠷᠢᠶᠡᠨ ᠰᠠᠢᠲᠤᠷ ᠬᠢᠵᠦ᠍᠂ 《ᠤᠯᠤᠰ ᠤ᠋ᠨ ᠶᠡᠬᠡ ᠶᠠᠪᠤᠳᠠᠯ》 ᠢ᠋ ᠡᠷᠡᠰ ᠡᠭᠦᠷᠭᠡᠯᠡᠬᠦ᠌ ᠳᠡᠭᠡᠳᠦ ᠬᠡᠮᠵᠢᠶᠡᠨᠦ ᠤᠬᠠᠮᠰᠠᠷᠵᠢᠡᠷ ᠦᠵᠡᠰᠭᠦᠯᠡᠩᠲᠦ ᠰᠠᠢᠬᠠᠨ ᠥᠪᠥᠷ ᠮᠣᠩᠭᠣᠯ ᠤ᠋ᠨ ᠪᠦᠳᠦᠭᠡᠨ ᠪᠠᠢᠭᠤᠯᠤᠯᠲᠠ ᠶ᠋ᠢ ᠪᠦᠬᠦ᠌ ᠲᠠᠯ᠎ᠠ ᠪᠡᠷ ᠠᠬᠢᠭᠤᠯᠳᠠᠭ ᠯᠠ ᠶᠤᠮ ᠪᠣᠯ ᠬᠥᠬᠡᠮᠳᠦᠭ ᠨᠣᠭᠣᠭᠠᠨ ᠠᠭᠤᠯᠠ ᠤᠰᠤᠨ ᠤ᠋ ᠱᠢᠨ᠎ᠡ ᠬᠠᠭᠤᠳᠠᠰᠤ ᠶ᠋ᠢ ᠯᠠᠪᠳᠠᠢ ᠲᠠᠰᠤᠷᠠᠯᠳᠠ ᠦᠭᠡᠢ ᠪᠢᠴᠢᠭ᠌ᠯᠡᠵᠦ᠍᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ ᠬᠠᠯᠬᠠᠪᠴᠢ ᠶ᠋ᠢ ᠨᠡᠩ ᠪᠠᠲᠤ ᠪᠡᠬᠢ ᠴᠤᠭᠴᠠᠯᠠᠵᠦ ᠴᠢᠳᠠᠨ᠎ᠠ᠃