ᠬᠠᠮᠲᠤ ᠪᠡᠷ ᠴᠢᠨᠡᠭᠡᠯᠢᠭᠵᠢᠬᠦ ᠵᠠᠮ ᠲᠡᠭᠡᠷ᠎ᠡ ᠪᠢᠳᠡ ᠯᠠᠪᠲᠠᠢ ᠡᠩᠨᠡᠭᠡ᠎ᠡᠴᠡ᠎ᠪᠡᠨ ᠬᠣᠴᠣᠷᠬᠤ ᠦᠭᠡᠢ
2024-03-09 15:10:22
ᠵᠣᠬᠢᠶᠠᠭ᠍ᠴᠢ᠄
ᠸᠠᠩ ᠺᠦᠨ
ᠣᠩᠱᠢᠭ᠍ᠰᠠᠨ ᠣᠳᠠᠭ᠎ᠠ᠄
★★★☆☆

ᠬᠠᠪᠤᠷ᠎ᠤᠨ ᠡᠶᠡᠪᠡᠷᠬᠦᠦ ᠨᠠᠷᠠᠨ ᠵᠢᠡᠷ ᠲᠦᠮᠡᠨ ᠪᠣᠳᠠᠰ ᠡᠰᠡᠨᠢᠨ ᠲᠦᠯᠵᠢᠨ᠎ᠡ᠃

3 ᠰᠠᠷ᠎ᠠ᠎ᠶᠢᠨ 3᠎ᠤ᠋ ᠡᠳᠦᠷ᠂ 《2024 ᠣᠨ᠎ᠤ ᠪᠣᠷᠣᠳᠣᠬᠣᠢ᠎ᠶᠢᠨ ᠬᠠᠪᠤᠷ᠎ᠤᠨ ᠲᠠᠷᠢᠶᠠᠯᠠᠭ᠎ᠠ ᠵᠢᠨ ᠠᠵᠢᠯ ᠡᠬᠢᠯᠡᠯ᠎ᠡ !》 ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠠᠮᠤ ᠪᠤᠳᠠᠭᠠᠨ᠎ᠤ ᠦᠢᠯᠡᠳᠪᠦᠷᠢᠯᠡᠯ᠎ᠦᠨ ᠵᠠᠬᠢᠶᠠᠯᠠᠭ᠎ᠠ᠎ᠶᠢᠨ ᠬᠠᠭᠤᠳᠠᠰᠤᠨ᠎ᠳᠤ ᠵᠠᠯᠭᠠᠭ᠎ᠠ ᠪᠡᠷ ᠭᠠᠷ᠎ᠤᠨ ᠦᠰᠦᠭ ᠵᠢᠷᠤᠵᠠᠭᠠᠵᠤ᠂ ᠴᠠᠭ ᠠᠭᠤᠷ᠎ᠤᠨ ᠵᠠᠳᠠᠯᠤᠯᠲᠠ ᠵᠢᠱ᠌ᠢᠯᠲᠡ᠂ ᠳᠡᠮᠵᠢᠬᠦ ᠲᠦᠷᠦ᠎ᠶᠢᠨ ᠪᠣᠳᠣᠯᠭ᠎ᠠ᠎ᠶᠢᠨ ᠲᠣᠳᠣᠷᠬᠠᠢᠯᠠᠯᠲᠠ᠂ ᠭᠣᠣᠯ ᠳᠡᠯᠭᠡᠷᠡᠭᠦᠯᠬᠦ ᠮᠡᠷᠭᠡᠵᠢᠯ ᠪᠣᠯᠣᠨ ᠲᠦᠷᠦᠯ ᠵᠦᠢᠯ᠂ ᠭᠣᠣᠯ ᠪᠣᠯᠬᠤ ᠲᠠᠷᠢᠮᠠᠯ᠎ᠤᠨ ᠡᠪᠡᠳᠴᠢᠨ ᠬᠣᠷᠣᠬᠠᠢ᠎ᠶᠢᠨ ᠭᠠᠮᠰᠢᠭ᠋ ᠡᠭᠦᠰᠬᠦ ᠬᠠᠨᠳᠤᠰᠢ᠎ᠶᠢ ᠤᠷᠢᠳᠴᠢᠯᠠᠨ ᠰᠡᠷᠡᠮᠵᠢᠯᠡᠭᠦᠯᠵᠦ᠂ ᠴᠥᠭᠡᠨ ᠪᠤᠰᠤ ᠲᠠᠷᠢᠶᠠᠴᠢᠳ ᠲᠤᠰᠬᠠᠢᠯᠠᠨ 《ᠨᠣᠮ ᠵᠠᠯᠠᠬᠤ》 ᠪᠡᠷ ᠢᠷᠡᠵᠤ᠂ ᠬᠠᠮᠢᠶ᠎ᠠ ᠪᠦᠬᠦᠢ ᠲᠦᠷᠦ᠎ᠶᠢᠨ ᠪᠣᠳᠣᠯᠭ᠎ᠠ ᠪᠣᠯᠣᠨ ᠮᠡᠷᠭᠡᠵᠢᠯ᠎ᠦᠨ ᠳᠦᠷᠢᠮ᠎ᠢ ᠣᠢᠯᠠᠭᠠᠵᠠᠭᠠᠪᠠ ᠁

ᠠᠳᠠᠯᠢᠬᠠᠨ ᠬᠤᠭᠤᠴᠠᠭᠠᠨ᠎ᠳᠤ᠂ ᠲᠦᠩᠯᠢᠶᠣᠣ ᠬᠤᠳᠠ᠎ᠶᠢᠨ ᠺᠠᠢᠯᠤ ᠰᠢᠶᠠᠨ᠎ᠤ ᠮᠠᠢᠰᠢᠨ ᠪᠠᠯᠭᠠᠰᠤ᠎ᠶᠢᠨ ᠰᠸ᠋ ᠵᠢᠶᠠ ᠪᠦᠦ ᠲᠣᠰᠬᠣᠨ᠎ᠤ ᠣᠶᠤᠨᠲᠤ ᠬᠦᠯᠡᠮᠵᠢ᠎ᠳᠦ᠂ ᠬᠤᠷᠴᠠ ᠤᠯᠠᠭᠠᠨ ᠲᠥᠪᠡᠳ ᠬᠠᠰᠢ᠎ᠵᠡᠯ᠎ᠡ ᠲᠠᠭᠠᠭᠠᠵᠤ ᠶᠠᠳᠠᠳᠠᠯ᠎ᠠ ᠳᠡᠬᠦᠵᠢᠯᠡᠭᠳᠡᠵᠦ᠂ ᠲᠣᠰᠬᠣᠨ᠎ᠤ ᠠᠷᠠᠳ ᠲᠦᠪᠡᠳ ᠬᠠᠰᠢ ᠲᠡᠭᠦᠵᠦ᠂ ᠢᠯᠭᠠᠵᠤ᠂ ᠬᠠᠢᠷᠴᠠᠭᠯᠠᠬᠤ ᠬᠡᠳ ᠶᠠᠭᠠᠷᠠᠯᠳᠤᠨ ᠪᠤᠵᠢᠬᠢᠨᠠᠵᠤ᠂ ᠡᠯᠪᠡᠭ ᠬᠤᠷᠢᠶᠠᠯᠲᠠ ᠵᠢᠨ᠎ᠦᠵᠡᠮᠵᠢ ᠲᠡᠬᠦᠰ ᠁

ᠵᠢᠯ᠎ᠦᠨ ᠠᠵᠢᠯ ᠬᠠᠪᠤᠷ᠎ᠲᠠᠭᠠᠨ᠃ ᠪᠦᠬᠦ ᠤᠯᠤᠰ᠎ᠤᠨ ᠬᠣᠶᠠᠷ ᠬᠤᠷᠠᠯ᠎ᠰᠦᠷ ᠳᠠᠯᠠᠢᠴᠠᠲᠠᠢ ᠶᠠᠪᠤᠭᠳᠠᠵᠤ ᠪᠠᠢᠭ᠎ᠠ ᠲᠠᠰᠢᠷᠠᠮ ᠳ᠋ᠤ᠂ ᠡᠭᠡ ᠤᠯᠤᠰ᠎ᠤᠨ ᠤᠮᠠᠷᠠᠲᠤ᠎ᠶᠢᠨ ᠡᠬᠡ ᠭᠠᠵᠠᠷ᠎ᠲᠤ ᠡᠷᠡᠯᠬᠡᠭᠯᠡᠨ ᠤᠷᠤᠭᠰᠢᠯᠠᠬᠤ ᠤᠷᠢ ᠲᠠᠭᠤᠨ ᠬᠠᠩᠬᠢᠨᠠᠨ᠎ᠠ᠃

ᠬᠥᠯᠥᠰᠦ ᠤᠷᠤᠰᠬᠠᠨ ᠬᠦᠴᠦ ᠭᠠᠷᠭᠠᠨ ᠠᠵᠢᠯᠯᠠᠬᠤ ᠲᠠᠷᠢᠶᠠᠨ ᠭᠠᠵᠠᠷ ᠠ᠋ᠴᠠ ᠲᠦᠯ ᠲᠤᠰᠴᠤ ᠢᠰᠢᠭᠡ ᠲᠤᠭᠯᠠᠭᠰᠠᠨ ᠮᠠᠯ᠎ᠤᠨ ᠬᠠᠰᠢᠶ᠎ᠠ ᠰᠠᠷᠠᠪᠴᠢ ᠬᠦᠷᠳᠡᠯ᠎ᠡ᠂ ᠬᠥᠭᠵᠢᠯ ᠪᠠᠳᠠᠷᠠᠯᠳᠤ ᠬᠦᠳᠡᠬᠡ ᠳᠤᠰᠬᠤᠨ ᠮᠠᠯᠵᠢᠬᠤ ᠣᠷᠣᠨ ᠡᠴᠡ ᠠᠵᠢᠯᠳᠠᠨ ᠠᠵᠢᠯᠴᠢᠨ ᠨᠠᠭᠠᠰᠢ ᠴᠭᠠᠠᠰᠢ ᠰᠦᠯᠵᠢᠯᠳᠦᠬᠦ ᠬᠣᠲᠠ ᠶ᠋ᠢᠨ ᠠᠰᠠᠷ ᠲᠠᠭᠲᠤ ᠬᠦᠷᠳᠡᠯ᠎ᠡ᠂ ᠨᠡᠢᠭᠡᠮ ᠲᠣᠭᠣᠷᠢᠭ᠋ ᠵᠡᠭᠡᠯᠢ ᠭᠤᠳᠤᠮᠵᠢ ᠠ᠋ᠴᠠ ᠠᠷᠠᠳ᠎ᠤᠨ ᠠᠮᠢᠳᠤᠷᠠᠯ᠂ ᠤᠯᠤᠰ᠎ᠤᠨ ᠶᠡᠬᠡ ᠪᠣᠳᠣᠯᠭ᠎ᠠ ᠶ᠋ᠢ ᠬᠠᠮᠲᠤ᠎ᠪᠠᠷ ᠵᠥᠪᠳᠡᠯᠴᠡᠬᠦ ᠪᠥᠬᠥ ᠤᠯᠤᠰ᠎ᠤᠨ ᠬᠣᠶᠠᠷ ᠬᠤᠷᠠᠯ ᠬᠦᠷᠲᠡᠯ᠎ᠡ᠂ ᠬᠠᠮᠲᠤ᠎ᠪᠡᠷ ᠴᠢᠨᠡᠭᠡᠯᠢᠭᠵᠢᠬᠦ ᠠᠯᠬᠤᠭ᠎ᠠ ᠵᠤᠭᠰᠤᠰᠢ ᠦᠭᠡᠢ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠲᠠᠰᠤᠷᠠᠯᠲᠠ ᠦᠭᠡᠢ ᠪᠣᠳᠠᠲᠤ ᠠᠬᠤᠢ ᠪᠤᠯᠵᠤ ᠬᠤᠪᠢᠷᠠᠨ᠎ᠠ᠃

ᠠᠵᠤ ᠦᠢᠯᠡᠰ᠎ᠦᠨ ᠴᠡᠴᠡᠭᠯᠡᠯ ᠬᠦᠭᠵᠢᠯ ᠬᠥᠳᠡᠭᠡ ᠲᠣᠰᠬᠣᠨ᠎ᠤ ᠬᠦᠭᠵᠢᠯ ᠮᠠᠨᠳᠤᠯ ᠢ᠋ ᠲᠠᠢᠴᠢᠯᠠᠨ᠎ᠠ

《ᠳᠤᠯᠠᠭᠠᠨ ᠬᠦᠯᠡᠮᠵᠢ ᠵᠢ ᠪᠠᠢᠭᠤᠯᠤᠭᠰᠠᠨ᠎ᠠᠴᠠ ᠨᠠᠭᠠᠰᠢ᠂ ᠪᠢᠳᠡ ᠭᠡᠷ᠎ᠦᠨ ᠠᠵᠢᠯ᠎ᠢᠶᠠᠨ ᠰᠠᠭᠠᠲᠠᠭᠠᠬᠤ ᠦᠭᠡᠢ ᠪᠠᠢᠳᠠᠯ᠎ᠲᠤᠤᠷ᠎ᠠ ᠴᠥᠮ ᠡᠨᠳᠡ ᠢᠷᠡᠵᠦ ᠠᠷᠰᠠᠷ ᠠᠵᠢᠯ ᠬᠢᠳᠡᠭ᠂ ᠡᠳᠦᠷ᠎ᠲᠦ ᠵᠠᠭᠤ ᠭᠠᠷᠤᠢ ᠲᠥᠭᠥᠷᠢᠭ ᠣᠯᠵᠤ ᠭᠡᠷ᠎ᠦᠨ ᠵᠠᠷᠤᠳᠠᠯ᠎ᠢᠶᠠᠨ ᠨᠥᠬᠥᠪᠦᠷᠢᠯᠡᠳᠡᠭ ! 》 ᠭᠡᠵᠦ ᠰᠸ᠋ ᠵᠢᠶᠠ ᠪᠦᠦ ᠲᠣᠰᠬᠣᠨ᠎ᠤ ᠵᠠᠯᠠᠭᠤ ᠪᠦᠰᠡᠬᠦᠢᠴᠦᠳ ᠲᠤᠩ ᠪᠠᠶᠠᠷᠳᠠᠢ ᠶᠠᠷᠢᠨ᠎ᠠ᠃ ᠡᠨᠡ ᠪᠤᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ᠎ᠳ᠋ᠡᠬᠢ 《ᠨᠢᠭᠡ ᠲᠣᠰᠬᠣᠨ ᠨᠢᠭᠡ ᠦᠢᠯᠡᠳᠬᠦᠨ》 ᠤ᠋ ᠪᠤᠳᠠᠳᠤ ᠵᠢᠷᠤᠭᠯᠠᠯ ᠪᠣᠯᠣᠨ᠎ᠠ᠃

ᠪᠠᠶᠠᠵᠢᠬᠤ ᠳ᠋ᠤ ᠬᠦᠭᠵᠢᠬᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ᠃ 2023 ᠣᠨ᠎ᠳᠤ ᠥᠪᠥᠷ ᠮᠣᠩᠭᠣᠯ᠎ᠤᠨ ᠠᠮᠤ ᠪᠤᠳᠠᠭ᠎ᠠ ᠳᠠᠷᠢᠬᠤ ᠲᠠᠯᠠᠪᠠᠶ᠂ ᠲᠠᠯᠠᠪᠠᠶ ᠨᠢᠭᠡᠴᠢ᠎ᠶᠢᠨ ᠤᠨᠠᠯᠲᠠ᠂ ᠶᠡᠷᠦᠩᠬᠡᠢ ᠤᠨᠠᠯᠲᠠ 《ᠭᠤᠷᠪᠠᠨ ᠨᠡᠮᠡᠭᠳᠡᠯ》 ᠢ᠋ ᠪᠡᠶᠡᠯᠡᠬᠦᠯᠵᠦ᠂ ᠠᠮᠤ ᠪᠤᠳᠠᠭᠠᠨ᠎ᠤ ᠤᠨᠠᠯᠲᠠ 791.6 ᠳ᠋ᠦᠩᠰᠢᠭᠤᠷ ᠵᠢᠩ᠎ᠳᠦ ᠬᠦᠷᠴᠦ᠂ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠪᠥᠬᠥ ᠤᠯᠤᠰ᠎ᠲᠤ᠌ ᠵᠢᠷᠭᠤᠳᠤᠭᠠᠷ᠎ᠵᠢᠡᠨ ᠲᠣᠭᠲᠠᠭᠤᠨ᠎ᠪᠠᠳᠤᠯᠠᠵᠤ᠂ ᠭᠣᠣᠯ ᠪᠣᠯᠬᠤ ᠮᠢᠬᠠᠨ᠎ᠤ ᠲᠥᠷᠥᠯ᠎ᠦᠨ ᠭᠠᠷᠤᠯᠲᠠ 285.4 ᠲᠦᠮᠡᠨ ᠲᠣᠨ᠎ᠳᠤ ᠬᠦᠷᠴᠦ᠂ ᠦᠨᠢᠶᠡᠨ ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠴᠦ᠂ ᠴᠥᠮ ᠰᠢᠨ᠎ᠡ ᠲᠡᠮᠳᠡᠭᠯᠡᠯ᠎ᠢ ᠡᠭᠦᠳᠪᠡ᠃ ᠲᠣᠭ᠎ᠠ ᠪᠠᠷᠢᠮᠲᠠ ᠪᠣᠯ ᠬᠥᠭᠵᠢᠯᠲᠡ᠎ᠶᠢᠨ ᠬᠠᠮᠤᠭ᠎ᠤᠨ ᠰᠠᠢᠨ ᠲᠣᠳᠣᠷᠬᠠᠢᠯᠠᠯᠲᠠ ᠶᠤᠮ᠃

ᠤᠯᠤᠰ᠎ᠢ ᠵᠠᠰᠠᠬᠤ ᠪᠤᠯ ᠠᠷᠠᠳ᠎ᠢ ᠪᠠᠶᠠᠵᠢᠭᠤᠯᠬᠤ ᠵᠢᠨ ᠤᠷᠢᠳᠠᠯ ᠮᠦᠨ᠃ 《ᠪᠢᠳᠡ ᠠᠵᠤ ᠠᠬᠤᠢ ᠨᠡᠢᠭᠡᠮ᠎ᠦᠨ ᠬᠥᠭᠵᠢᠯᠲᠡ ᠶ᠋ᠢ ᠲᠦᠯᠬᠢᠨ ᠠᠬᠢᠭᠤᠯᠵᠤ ᠪᠠᠢᠭ᠎ᠠ ᠨᠢ ᠡᠴᠦᠰ᠎ᠦᠨ ᠡᠴᠦᠰ᠎ᠲᠡᠬᠡᠨ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ ᠶ᠋ᠢ ᠪᠡᠶᠡᠯᠡᠭᠦᠯᠬᠦ ᠶ᠋ᠢᠨ ᠲᠥᠯᠥᠭᠡ ᠶᠤᠮ》 ᠬᠡᠵᠦ ᠶᠡᠷᠦᠩᠬᠡᠢ ᠱᠦᠵᠢ ᠰᠢ᠎ᠶᠢᠨ ᠫᠢᠩ ᠬᠡᠯᠡᠭᠰᠡᠨ ᠪᠢᠯᠡ᠃

2023 ᠣᠨ᠎ᠳᠤ᠂ ᠥᠪᠥᠷ ᠮᠣᠩᠭᠣᠯ᠎ᠤᠨ ᠭᠣᠣᠯ ᠪᠣᠯᠬᠤ ᠠᠵᠤ ᠠᠬᠤᠢ᠎ᠶᠢᠨ ᠭᠦᠢᠴᠡᠳᠬᠡᠯ ᠲᠣᠭ᠎ᠠ᠎ᠶᠢᠨ ᠨᠡᠮᠡᠭᠳᠡᠯ᠎ᠦᠨ ᠬᠤᠷᠳᠤᠴᠠ ᠪᠦᠬᠦ ᠤᠯᠤᠰ᠎ᠤᠨ ᠨᠢᠭᠡᠳᠦᠭᠡᠷ᠎ᠲᠦ ᠣᠷᠣᠵᠤ᠂ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 7.3% ᠪᠡᠷ ᠨᠡᠮᠡᠭᠳᠡᠵᠦ᠂ ᠪᠦᠬᠦ ᠤᠯᠤᠰ᠎ᠤᠨ ᠭᠤᠷᠪᠠᠳᠤᠭᠠᠷ᠎ᠲᠤ ᠣᠷᠣᠵᠤ᠂ 2010 ᠣᠨ᠎ᠠᠴᠠ ᠨᠠᠭᠠᠰᠢᠬᠢ ᠬᠠᠮᠤᠭ᠎ᠤᠨ ᠰᠠᠢᠨ ᠨᠡᠷᠡᠰ᠎ᠤᠨ ᠳᠠᠷᠠᠭᠠᠯᠠᠯ᠎ᠢ ᠡᠭᠦᠳᠴᠦ᠂ ᠬᠥᠮᠥᠨ ᠳᠤᠮᠳᠠᠴᠢ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 10 ᠲᠦᠮᠡᠨ ᠲᠥᠭᠥᠷᠢᠭ᠎ᠢ ᠳᠠᠪᠠᠵᠠᠢ; ᠬᠡᠪᠴᠢᠶᠡᠵᠢᠯ ᠡᠴᠡ ᠳᠡᠬᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠦᠷᠳᠡᠭ 7.4% ᠪᠡᠷ ᠨᠡᠮᠡᠭᠳᠡᠵᠦ᠂ ᠪᠦᠬᠦ ᠤᠯᠤᠰ᠎ᠤᠨ ᠳᠣᠯᠣᠳᠤᠭᠠᠷ᠎ᠲᠤ ᠣᠷᠣᠪᠠ; ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠪᠥᠬᠥ ᠤᠯᠤᠰ᠎ᠲᠤ ᠬᠣᠶᠠᠳᠤᠭᠠᠷ᠎ᠲᠤ ᠣᠷᠣᠪᠠ; ᠭᠠᠳᠠᠭᠠᠳᠤ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠦᠬᠦ ᠲᠣᠭ᠎ᠠ 30.4% ᠪᠡᠷ ᠨᠡᠮᠡᠭᠳᠡᠵᠦ᠂ ᠪᠦᠬᠦ ᠤᠯᠤᠰ᠎ᠤᠨ ᠭᠤᠷᠪᠠᠳᠤᠭᠠᠷ᠎ᠲᠤ ᠣᠷᠣᠪᠠ ᠁ ᠠᠮᠵᠢᠯᠳᠠ᠎ᠶᠢᠨ ᠬᠠᠭᠤᠳᠠᠰᠤ ᠬᠠᠷᠠᠭ᠎ᠠ ᠵᠢ ᠪᠠᠶᠠᠰᠬᠠᠵᠤ᠂ ᠬᠠᠮᠲᠤ᠎ᠪᠠᠷ ᠴᠢᠨᠡᠭᠡᠯᠢᠭᠵᠢᠬᠦ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠪᠡ᠃

ᠬᠠᠮᠲᠤ᠎ᠪᠠᠷ ᠴᠢᠨᠡᠭᠡᠯᠢᠭᠵᠢᠬᠦ᠎ᠶᠢᠨ ᠬᠠᠮᠤᠭ᠎ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠣᠨ᠎ᠳᠤ ᠪᠤᠢ᠃

《ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ 〈ᠠᠮᠤ ᠪᠤᠳᠠᠭ᠎ᠠ ᠳᠠᠷᠢᠬᠤ ᠲᠠᠯᠠᠪᠠᠶ᠎ᠶᠢ ᠲᠣᠭᠲᠠᠪᠤᠷᠢᠵᠢᠭᠤᠯᠤᠨ᠎ᠠ〉 〈ᠪᠥᠬᠥ ᠤᠯᠤᠰ᠎ᠲᠤ ᠭᠤᠷᠪᠠᠨ ᠶᠡᠬᠡ ᠭᠣᠣᠯ ᠪᠤᠯᠬᠤ ᠠᠮᠤ ᠪᠤᠳᠠᠭᠠᠨ᠎ᠤ ᠦᠢᠯᠡᠳᠪᠦᠷᠢᠯᠡᠯ᠎ᠦᠨ ᠥᠪᠡᠷ᠎ᠦᠨ ᠥᠷᠲᠡᠭ ᠪᠠ ᠣᠷᠣᠯᠭ᠎ᠠ᠎ᠶᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ᠋ ᠣᠷᠣᠯᠭ᠎ᠠ᠎ᠶᠢᠨ ᠪᠠᠲᠤᠯᠠᠭ᠎ᠠ᠎ᠶᠢᠨ ᠲᠣᠭᠲᠠᠴᠠ᠎ᠶᠢ ᠪᠦᠷᠢᠨᠰᠢᠭᠦᠯᠦᠨ᠎ᠡ〉 〈ᠠᠮᠤ ᠪᠤᠳᠠᠭᠠᠨ᠎ᠤ ᠭᠠᠷᠤᠯᠲᠠ ᠶᠡᠬᠡᠲᠡᠢ ᠰᠢᠶᠠᠨ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠭᠣᠣᠯ ᠭᠠᠷᠤᠯᠲᠠ᠎ᠶᠢᠨ ᠣᠷᠣᠨ᠎ᠤ ᠠᠰᠢᠭ᠋ ᠲᠤᠰᠠ᠎ᠶᠢᠨ ᠨᠥᠬᠥᠪᠦᠷᠢ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ〉 ᠭᠡᠵᠦ ᠳᠤᠷᠠᠳᠴᠠᠢ᠂ ᠡᠨᠡ ᠨᠢ ᠵᠠᠰᠠᠭ᠎ᠤᠨ ᠣᠷᠳᠣᠨ᠎ᠤ ᠠᠮᠤ ᠪᠤᠳᠠᠭᠠᠨ᠎ᠤ ᠠᠮᠤᠷ ᠲᠦᠪᠰᠢᠨ᠎ᠦ ᠰᠠᠭᠤᠷᠢ᠎ᠶᠢ ᠪᠥᠬᠥ ᠲᠠᠯ᠎ᠠ᠎ᠪᠠᠷ ᠪᠡᠬᠢᠵᠢᠭᠦᠯᠬᠦ ᠡᠷᠡᠰ ᠵᠣᠷᠢᠭ᠋᠎ᠢ ᠭᠦᠢᠴᠡᠳ ᠬᠠᠷᠠᠭᠤᠯᠵᠤ ᠪᠠᠢᠨ᠎ᠠ》 ᠭᠡᠵᠦ ᠪᠡᠭᠡᠵᠢᠩ᠎ᠳᠦ ᠪᠥᠬᠥ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠲᠦᠩᠯᠢᠶᠣᠣ ᠬᠣᠲᠠ᠎ᠶᠢᠨ ᠳᠡᠳ᠋ ᠳᠠᠷᠤᠭ᠎ᠠ ᠼᠤᠤ᠎ᠶᠢᠨ ᠱᠠᠨ ᠬᠦᠨ ᠲᠦᠷᠦᠭᠳᠡᠯ ᠳᠠᠢ ᠪᠠᠢᠯ᠎ᠠ᠃ ᠲᠦᠩᠯᠢᠶᠣᠣ ᠬᠤᠳᠠ 《ᠰᠢᠵᠢᠷ ᠠᠯᠳᠠᠨ ᠡᠷᠳᠡᠨᠢ ᠰᠢᠰᠢ᠎ᠶᠢᠨ ᠪᠦᠰᠡ》 ᠳ᠋ᠤ᠌ ᠪᠠᠢᠷᠢᠯᠠᠵᠤ᠂ ᠡᠷᠳᠡᠨᠢ ᠰᠢᠰᠢ᠎ᠶᠢᠨ ᠲᠠᠷᠢᠮᠠᠯ᠎ᠤᠨ ᠲᠠᠯᠠᠪᠠᠢ 1700 ᠭᠠᠷᠤᠢ ᠲᠦᠮᠡᠨ ᠮᠦ᠍᠎ᠳᠦ ᠬᠦᠷᠴᠡᠢ᠃ 《ᠲᠥᠪ᠎ᠦᠨ ᠡᠳ᠋᠎ᠦᠨ ᠵᠠᠰᠠᠭ᠎ᠤᠨ ᠵᠣᠯᠭᠠᠭᠤᠯᠬᠤ ᠪᠡᠯᠡ ᠮᠥᠩᠭᠥ᠎ᠶᠢ ᠰᠠᠢᠲᠤᠷ ᠬᠡᠷᠡᠭᠯᠡᠵᠦ᠂ ᠠᠵᠤ ᠦᠢᠯᠡᠰ ᠪᠣᠯᠣᠨ ᠠᠵᠢᠯ ᠣᠯᠭᠣᠯᠲᠠ᠎ᠪᠡᠷ ᠬᠠᠪᠰᠤᠷᠤᠨ ᠲᠡᠳᠬᠦᠬᠦ᠎ᠶᠢ ᠴᠢᠩᠭᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠶᠢ ᠳᠡᠮᠵᠢᠵᠦ᠂ 〈ᠮᠢᠩᠭᠠᠨ ᠲᠦᠮᠡᠨ ᠢᠨᠵᠧᠨᠧᠷᠢᠩ〉 ᠤ᠋ᠨ ᠲᠤᠷᠰᠢᠯᠭ᠎ᠠ᠎ᠶᠢ ᠰᠠᠢᠲᠤᠷ ᠰᠤᠷᠤᠯᠴᠠᠨ ᠬᠡᠷᠡᠭᠯᠡᠵᠦ᠂ ᠭᠠᠵᠠᠷ ᠣᠷᠣᠨ᠎ᠤ ᠪᠠᠢᠳᠠᠯ ᠳ᠋ᠸ᠋ ᠪᠠᠨ ᠲᠣᠬᠢᠷᠠᠭᠤᠯᠤᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ ᠁》 ᠭᠡᠵᠦ ᠼᠤᠤ᠎ᠶᠢᠨ ᠱᠠᠨ ᠢᠳᠡᠬᠡᠯ ᠳᠡᠬᠦᠯᠳᠡᠷ ᠶᠠᠷᠢᠪᠠ᠃

《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠵᠠᠩᠭᠢᠯᠠᠭ᠎ᠠ ᠨᠢ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠪᠠᠢᠨ᠎ᠠ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠰᠢᠤᠸᠠᠢ ᡁᠢ ᠯᠦᠩ ᠶᠠᠷᠢᠨ᠎ᠠ᠃ ᠲᠡᠭᠦᠨ᠎ᠦ ᠨᠤᠲᠤᠭ ᠤᠯᠠᠭᠠᠨᠴᠠᠪ ᠬᠤᠲᠠ᠎ᠶᠢᠨ ᠵᠦᠸᠧᠽᠢ ᠰᠢᠶᠠᠨ᠎ᠤ ᠰᠢᠪᠠᠷᠳᠠᠢ ᠪᠠᠯᠭᠠᠰᠤ ᠵᠢᠨ ᠰᠢᠷ᠎ᠠ ᠬᠤᠰᠢᠭᠤ ᠲᠣᠰᠬᠣᠨ ᠪᠣᠯ ᠤᠤᠯ ᠨᠢ ᠰᠢᠶᠠᠨ᠎ᠤ ᠭᠣᠣᠯᠳᠠᠯᠭ᠎ᠠ᠎ᠲᠠᠢ ᠶᠠᠳᠠᠭᠤ ᠬᠦᠴᠢᠷᠳᠡᠯᠲᠡᠢ ᠲᠣᠰᠬᠣᠨ ᠪᠠᠢᠵᠠᠢ᠂ ᠡᠳᠦᠭᠡ ᠪᠤᠷᠴᠠᠭ᠎ᠤᠨ ᠪᠦᠲᠦᠭᠡᠭᠳᠡᠬᠦᠨ ᠡᠳ᠋ᠰᠢᠭᠦᠯᠬᠦ ᠦᠢᠯᠡᠳᠬᠡᠯ᠂ ᠲᠦᠮᠡᠨ ᠬᠤᠨᠢ ᠪᠣᠷᠳᠣᠵᠤ ᠲᠠᠷᠭᠤᠯᠠᠭᠤᠯᠬᠤ ᠲᠠᠯᠠᠪᠠᠢ᠂ ᠨᠠᠢᠯᠵᠠᠭᠤᠷ ᠬᠠᠷᠠᠭᠠᠨ᠎ᠠ ᠵᠢᠨ ᠪᠣᠷᠳᠣᠭ᠎ᠠ ᠡᠳ᠋ᠰᠢᠭᠦᠯᠬᠦ ᠦᠢᠯᠡᠳᠪᠦᠷᠢ ᠵᠡᠷᠭᠡ ᠠᠵᠤ ᠦᠢᠯᠡᠰ᠎ᠢ ᠣᠷᠣᠭᠤᠯᠤᠨ ᠠᠪᠴᠢᠷᠠᠵᠤ᠂ ᠲᠣᠰᠬᠣᠨ᠎ᠤ ᠠᠷᠠᠳ ᠤ᠋ᠨ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ᠋ ᠲᠠᠰᠤᠷᠠᠯᠲᠠ ᠦᠭᠡᠢ ᠥᠷᠭᠡᠳᠬᠡᠵᠦ᠂ ᠠᠮᠢᠳᠤᠷᠠᠯ ᠡᠳᠦᠷ ᠢᠷᠡᠬᠦᠶ᠎ᠡ ᠰᠠᠢᠵᠢᠷᠠᠵᠤ ᠪᠤᠢ᠃

ᠠᠮᠤᠷ ᠠᠮᠤᠭᠤᠯᠠᠩ ᠠᠵᠤ ᠲᠦᠷᠦᠵᠦ ᠬᠠᠮᠲᠤ᠎ᠪᠠᠷ ᠴᠢᠨᠡᠬᠡᠯᠢᠭᠵᠢᠬᠦ ᠵᠢ ᠠᠬᠢᠭᠤᠯᠤᠨ᠎ᠠ

ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭ᠎ᠠ ᠳᠠᠭᠤᠰᠤᠮᠠᠭᠴᠠ ᠪᠠᠶᠠᠨᠨᠠᠭᠤᠷ ᠬᠤᠲᠠ᠎ᠶᠢᠨ ᠬᠠᠩᠭᠢᠨ ᠬᠣᠢᠲᠤ ᠬᠣᠰᠢᠭᠤᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ ᠬᠦᠷ ᠬᠥᠭᠵᠢᠶᠡᠨ᠎ᠲᠠᠢ ᠶᠠᠪᠤᠭᠳᠠᠵᠤ᠂ ᠲᠦᠭᠡᠭᠡᠯ ᠤᠰᠤᠨ᠎ᠤ ᠬᠣᠭᠣᠯᠠᠢ᠎ᠶᠢᠨ ᠲᠣᠣᠷ᠂ ᠢᠯᠴᠢ ᠬᠠᠩᠭᠠᠬᠤ ᠬᠣᠭᠣᠯᠠᠢ᠎ᠶᠢᠨ ᠲᠣᠣᠷ᠎ᠢ ᠰᠣᠯᠢᠵᠤ᠂ ᠠᠰᠠᠷ᠎ᠤᠨ ᠭᠠᠳᠠᠷ ᠬᠡᠷᠡᠮ᠎ᠢ᠋ ᠳᠤᠯᠠᠭᠠᠯᠠᠵᠤ᠂ ᠠᠰᠠᠷ᠎ᠤᠨ ᠣᠷᠣᠢ᠎ᠭᠤᠭᠤᠵᠢᠬᠤ ᠵᠢ ᠰᠡᠷᠭᠡᠢᠯᠡᠵᠦ᠂ ᠰᠠᠭᠤᠭᠠᠯᠢ ᠳᠤᠭᠤᠷᠢᠭ᠎ᠤᠨ ᠬᠦᠷᠢᠶ᠎ᠠ ᠵᠢ ᠬᠠᠲᠠᠭᠤᠷᠠᠭᠤᠯᠪᠠ ᠁ 《ᠡᠨᠡ᠎ᠬᠦ ᠰᠠᠭᠤᠭᠠᠯᠢ ᠠᠷᠠᠳ᠎ᠤᠨ ᠲᠣᠭᠣᠷᠢᠭ᠋ ᠢ᠋ ᠠᠯᠢ ᠡᠷᠳᠡ ᠡᠴᠡ ᠵᠠᠰᠠᠬᠤ ᠳ᠋ᠠᠭᠠᠨ ᠲᠠᠭᠠᠷᠠᠨ᠎ᠠ᠃ ᠵᠠᠮ᠎ᠡᠩᠬᠦᠯ ᠳᠤᠩᠬᠤᠯ ᠪᠠᠢᠵᠤ᠂ ᠶᠡᠬᠡ ᠪᠣᠷᠣᠭᠠᠨ ᠣᠷᠣᠮᠠᠭᠴᠠ ᠠᠰᠠᠷ ᠤ᠋ᠨ ᠤᠷᠤᠢ ᠤᠰᠤ ᠨᠡᠪᠴᠢᠵᠦ᠂ ᠠᠰᠠᠷ᠎ᠤᠨ ᠨᠢᠬᠡᠳᠦᠬᠡᠷ ᠳᠠᠪᠬᠤᠷᠭ᠎ᠠ ᠡᠴᠡ ᠬᠠᠮᠠᠷ ᠭᠠᠳᠠᠮ᠎ᠠ ᠮᠠᠭᠤᠬᠠᠢ ᠦᠨᠦᠷ ᠭᠠᠷᠴᠤ᠂ ᠶᠠᠭᠠᠬᠢᠬᠤ ᠵᠢᠨ ᠠᠷᠭ᠎ᠠ ᠦᠭᠡᠢ ᠪᠠᠢᠭᠰᠠᠨ》 ᠭᠡᠵᠦ ᠱᠠᠮᠪᠠ ᠪᠠᠯᠭᠠᠰᠤᠨ᠎ᠤ ᠰᠢᠦᠢ ᠿᠢ ᠰᠠᠭᠤᠭᠠᠯᠢ ᠠᠷᠠᠳ ᠤ᠋ᠨ ᠳᠤᠭᠤᠷᠢᠭ᠎ᠤᠨ ᠸᠠᠩ ᠬᠦᠢ ᠱᠧᠩ ᠣᠷᠣᠰᠢᠨ ᠰᠠᠭᠤᠭ᠎ᠠ ᠣᠷᠴᠢᠨ ᠲᠣᠭᠣᠷᠢᠨ᠎ᠳ᠋ᠤ ᠪᠠᠨ ᠬᠡᠴᠢᠨᠡᠨ ᠠᠷᠭ᠎ᠠ ᠪᠠᠷᠠᠭᠳᠠᠵᠤ ᠪᠠᠢᠭᠰᠠᠨ ᠪᠤᠯ᠂ ᠣᠳᠣᠬᠠᠨ᠎ᠤ᠋ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠪᠠᠶ᠋ᠢᠭᠤᠯᠬᠤ᠎ᠳᠤ ᠲᠡᠳᠦᠢᠴᠢᠨᠡᠨ ᠬᠦᠰᠡᠯ ᠡᠷᠡᠮᠡᠯᠵᠡᠯ ᠲᠠᠯᠪᠢᠵᠤ ᠪᠠᠢᠯ᠎ᠠ᠃

ᠥᠭᠡᠷᠡᠴᠢᠯᠡᠨ ᠪᠠᠢᠭᠤᠯᠤᠭ᠍ᠰᠠᠨ᠎ᠤ ᠳᠠᠷᠠᠭᠠᠬᠢ ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠎ᠤ ᠸᠧᠨ ᠰᠢᠨ ᠵᠢᠶᠠ ᠶᠤᠧᠠᠨ ᠰᠠᠭᠤᠭᠠᠯᠢ ᠠᠷᠠᠳ᠎ᠦᠨ ᠲᠤᠭᠤᠷᠢᠭ᠎ᠦᠨ ᠰᠠᠭᠤᠭᠠᠯᠢ ᠠᠷᠠᠳ ᠵᠠᠩ ᠬᠠᠶ ᠮᠢᠩ ᠲᠤᠩ ᠵᠣᠯ ᠵᠢᠷᠭᠠᠯ ᠲᠠᠢ ᠰᠠᠨᠠᠭᠳᠠᠬᠤ ᠪᠤᠯᠤᠯ᠎ᠠ᠃ ᠲᠡᠷᠡ᠄《ᠥᠩᠭᠡᠷᠡᠭ᠌ᠰᠡᠨ᠎ᠳᠦ ᠰᠠᠭᠤᠭᠠᠯᠢ ᠠᠷᠠᠳ᠎ᠦᠨ ᠲᠣᠭᠣᠷᠢᠭ᠎ᠤᠨ ᠵᠠᠮ ᠬᠦᠨᠳᠦ ᠨᠣᠴᠢᠲᠠᠶ ᠡᠪᠳᠡᠭ᠌ᠳᠡᠵᠦ᠍᠂ ᠪᠣᠷᠣᠭᠠᠨ᠎ᠲᠠᠶ ᠡᠳᠦᠷ ᠤᠰᠤᠨ ᠭᠤᠲᠤᠯ ᠡᠮᠦᠰᠭᠦ ᠥᠬᠡᠶ ᠪᠣᠯ ᠭᠠᠷᠴᠤ᠌ ᠳᠡᠢᠯᠬᠦ᠌ ᠥᠬᠡᠶ ᠪᠠᠢᠪᠠ! ᠰᠠᠭᠤᠭᠠᠯᠢ ᠠᠷᠠᠳ᠎ᠤᠨ ᠲᠣᠭᠣᠷᠢᠭ᠎ᠢ ᠦᠭᠡᠷᠡᠴᠢᠯᠡᠨ ᠰᠠᠢᠵᠢᠷᠠᠭᠤᠯᠤᠭᠰᠠᠨ᠎ᠦ ᠳᠠᠷᠠᠭ᠎ᠠ᠂ ᠵᠠᠮ ᠲᠡᠭ᠌ᠰᠢ ᠮᠥᠷᠲᠡᠭᠡᠨ ᠠᠭᠤᠵᠢᠮ ᠪᠤᠯᠵᠤ᠂ ᠭᠠᠵᠠᠷ ᠳᠤᠤᠷᠠᠬᠢ ᠪᠣᠬᠢᠷᠲᠤᠯ ᠭᠠᠳᠠᠭ᠍ᠰᠢᠯᠠᠭᠤᠯᠬᠤ ᠬᠣᠭᠣᠯᠠᠶ᠂ ᠳᠤᠯᠠᠭᠠᠯᠠᠭ᠎ᠠ᠎ᠶ᠋ᠢᠨ ᠬᠣᠭᠣᠯᠠᠶ ᠵᠢᠴᠢ ᠪᠤᠰᠤᠳ ᠬᠠᠲᠠᠭᠤ ᠲᠣᠨᠣᠭ ᠲᠥᠬᠥᠭᠡᠷᠦᠮᠵᠢ᠎ᠶ᠋ᠢ  ᠴᠸ᠋ ᠮᠠᠰᠢ ᠰᠠᠢᠨ ᠥᠭᠡᠷᠡᠴᠢᠯᠡᠭ᠌ᠰᠡᠨ᠎ᠢᠶᠡᠷ ᠣᠯᠠᠨ᠎ᠤ ᠰᠡᠳᠭᠢᠯ ᠰᠠᠨᠠᠭ᠎ᠠ ᠮᠠᠰᠢ ᠲᠠᠭᠠᠯᠠᠮᠵᠢᠳᠠᠢ ᠪᠤᠯᠵᠠᠢ》 ᠬᠡᠪᠡ᠃

ᠠᠷᠠᠳ ᠲᠦᠮᠡᠨ᠎ᠤ ᠠᠮᠤᠷ ᠲᠦᠪᠱᠢᠨ ᠪᠤᠯ ᠲᠡᠷᠢᠭᠦᠨ᠎ᠴᠢᠬᠤᠯᠠ ᠠᠰᠠᠭᠤᠳᠠᠯ ᠪᠤᠯᠤᠨ᠎ᠠ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠄ 《ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠪᠦᠳᠦᠭᠡᠨ ᠪᠠᠢᠭᠤᠯᠤᠯᠲᠠ ᠪᠠ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠲᠠᠸᠠᠷ᠎ᠤᠨ ᠣᠷᠣᠨ ᠰᠠᠭᠤᠴᠠ᠎ᠶ᠋ᠢᠨ ᠬᠣᠯᠪᠣᠭ᠍ᠳᠠᠯ ᠪᠦᠬᠦᠢ ᠰᠠᠭᠤᠷᠢ ᠴᠢᠨᠠᠷᠲᠠᠢ ᠲᠦᠷᠢᠮ ᠲᠤᠭᠳᠠᠭᠠᠯ᠎ᠢ ᠲᠡᠭᠦᠯᠳᠡᠷᠵᠢᠭᠦᠯᠵᠦ᠍᠂ ᠰᠠᠭᠤᠭᠠᠯᠢ ᠠᠷᠠᠳ᠎ᠤᠨ ᠲᠤᠯᠭᠠᠮ ᠱᠠᠭᠠᠷᠳᠠᠭᠳᠠᠬᠤ ᠣᠷᠣᠨ ᠰᠠᠭᠤᠴᠠ᠎ᠶ᠋ᠢᠨ ᠬᠡᠷᠡᠭ᠌ᠴᠡᠭᠡ ᠪᠤᠯᠤᠨ ᠰᠠᠢᠵᠢᠷᠠᠭᠤᠯᠬᠤ ᠴᠢᠨᠠᠷᠲᠠᠢ ᠤᠯᠠᠨ ᠶᠠᠩᠵᠤ᠎ᠶ᠋ᠢᠨ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠬᠠᠩᠭᠠᠨ᠎ᠠ》 ᠬᠡᠵᠤ ᠲᠤᠷᠠᠳᠴᠠᠢ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠳᠠᠷᠤᠭ᠎ᠠ ᠭᠦᠸᠧ ᠢᠦᠶ ᠹᠧᠩ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠥᠪᠥᠷ ᠮᠣᠩᠭᠣᠯ᠎ᠳᠤ ᠠᠵᠢᠯ᠎ᠤᠨ ᠬᠠᠷᠠᠯᠲᠠ᠎ᠶ᠋ᠢ ᠲᠣᠳᠣᠷᠬᠠᠢᠯᠠᠵᠤ ᠦᠭᠴᠡᠢ᠃ ᠪᠢᠳᠡ ᠠᠷᠠᠳ ᠣᠯᠠᠨ᠎ᠢ ᠠᠮᠤᠭᠤᠯᠠᠩ ᠤᠷᠤᠨ ᠰᠠᠭᠤᠴᠠ᠎ᠲᠠᠶ ᠪᠣᠯᠭᠠᠬᠤ ᠡᠨᠡ ᠬᠦ᠌ ᠰᠠᠭᠤᠷᠢ ᠴᠡᠭ᠎ᠢ ᠪᠠᠲᠤ ᠠᠳᠭᠤᠵᠤ᠂ ᠰᠠᠢᠨ ᠬᠡᠷ ᠪᠠᠢᠱᠢᠩ᠂ ᠰᠠᠢᠨ ᠰᠠᠭᠤᠭᠠᠯᠢ ᠠᠷᠠᠳ᠎ᠦᠨ ᠲᠣᠭᠣᠷᠢᠭ᠂ ᠰᠠᠢᠨ ᠨᠡᠢᠭᠡᠮ ᠲᠣᠭᠣᠷᠢᠭ᠂ ᠰᠠᠢᠨ ᠬᠣᠲᠠ ᠵᠢᠨ ᠲᠣᠭᠣᠷᠢᠭ 《ᠳᠥᠷᠪᠡᠨ ᠰᠠᠢᠨ》 ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠡᠶ᠃

ᠠᠮᠤᠷ ᠠᠮᠤᠭᠤᠯᠠᠩ ᠠᠵᠤ ᠲᠦᠷᠦᠬᠦ ᠪᠤᠯ ᠠᠷᠠᠳ ᠲᠦᠮᠡᠨ᠎ᠤ ᠬᠦᠰᠡᠯ ᠡᠷᠡᠮᠡᠯᠵᠡᠯ ᠮᠦᠨ᠃

ᠶᠣᠣ ᠳ᠋ᠦᠩ ᠯᠸᠢ ᠪᠣᠯ ᠲᠦᠩᠯᠢᠶᠣᠤ ᠬᠣᠲᠠ᠎ᠳᠤ ᠳᠦᠷᠦᠵᠦ᠍ ᠥᠰᠦᠭ᠌ᠰᠡᠨ ᠬᠥᠮᠦᠨ ᠶᠤᠮ᠂ ᠲᠢᠶᠠᠨᠵᠢᠨ᠎ᠳᠤ ᠣᠯᠠᠨ ᠵᠢᠯ ᠰᠤᠷᠤᠯᠴᠠᠵᠤ᠂ ᠲᠡᠭᠦᠰᠦᠭ᠌ᠰᠡᠨ᠎ᠦ ᠪᠡᠨ ᠳᠠᠷᠠᠭ᠎ᠠ ᠲᠤᠬᠠᠶ᠎ᠶ᠋ᠢᠨ ᠭᠠᠵᠠᠷ᠎ᠲᠠᠭᠠᠨ ᠦᠯᠡᠳᠡᠵᠦ᠍ ᠠᠵᠢᠯᠯᠠᠵᠠᠶ᠃ ᠬᠡᠳᠦᠢᠪᠡᠷ ᠬᠦᠯᠦᠰᠦ ᠤᠯᠭᠤᠮᠵᠢ ᠨᠢ ᠨᠡᠯᠢᠶᠡᠳ ᠵᠦᠭᠡᠷ ᠪᠣᠯᠪᠠᠴᠤ᠌ ᠶᠣᠣ ᠳ᠋ᠦᠩ ᠯᠸᠢ᠎ᠶ᠋ᠢᠨ ᠨᠤᠲᠤᠭ᠎ᠲᠠᠭᠠᠨ ᠪᠤᠴᠠᠬᠤ ᠬᠦᠰᠡᠯ ᠬᠠᠷᠢᠨ ᠲᠤᠯᠭᠠᠮ ᠪᠠᠢᠯ᠎ᠠ᠃ ᠨᠢᠭᠡ ᠤᠳᠠᠭᠠᠨ᠎ᠤ ᠭᠡᠨᠡᠳᠲᠡ᠎ᠶ᠋ᠢᠨ ᠲᠣᠬᠢᠶᠠᠯ᠎ᠢᠶᠠᠷ᠂ ᠶᠣᠣ ᠳ᠋ᠦᠩ ᠯᠸᠢ 《ᠬᠣᠷᠴᠢᠨ᠎ᠤ ᠠᠵᠢᠯ ᠣᠯᠭᠣᠯᠲᠠ》 ᠴᠤᠤᠷᠢᠢ᠎ᠠ ᠵᠢᠨ ᠱᠢᠭᠤᠳ ᠨᠡᠪᠲᠡᠷᠡᠭᠦᠯᠭᠡ᠎ᠵᠢᠨ ᠲᠠᠨᠢᠯᠴᠠᠭᠤᠯᠭ᠎ᠠ ᠪᠠᠷ ᠬᠣᠷᠴᠢᠨ᠎ᠤ ᠠᠷᠰᠠᠷ ᠠᠵᠢᠯ᠎ᠤᠨ ᠵᠠᠬ᠎ᠠ ᠳᠡᠯᠭᠡᠭᠦᠷ᠎ᠦᠨ 《ᠵᠠᠭᠤᠨ ᠡᠳᠦᠷ ᠮᠢᠩᠭᠠᠨ ᠲᠦᠮᠡ》 ᠱᠢᠷᠢᠰ ᠠᠵᠢᠯᠲᠠᠨ ᠡᠯᠰᠡᠬᠦ᠌ ᠬᠤᠷᠠᠯ᠎ᠤᠨ ᠨᠠᠷᠢᠨ ᠪᠠᠢᠳᠠᠯ᠎ᠢ ᠣᠢᠯᠠᠭᠠᠭ᠍ᠰᠠᠨ ᠪᠥᠭᠡᠳ ᠠᠵᠢᠯ ᠤᠯᠵᠤ ᠰᠢᠨ᠎ᠡ ᠠᠵᠢᠯ᠎ᠤᠨ ᠪᠠᠢᠷᠢ ᠳ᠋ᠤ ᠭᠠᠷᠴᠠᠢ᠃ ᠶᠣᠣ ᠳ᠋ᠦᠩ ᠯᠸᠢ᠄ 《ᠤᠤᠯ ᠨᠢ ᠲᠢᠶᠠᠨᠵᠢᠨ᠎ᠳᠤ ᠰᠠᠷ᠎ᠠ ᠪᠦᠷᠢ 4000 ᠲᠥᠭᠥᠷᠢᠭ ᠣᠷᠴᠢᠮ ᠣᠯᠵᠤ ᠪᠠᠢᠵᠠᠢ᠂ ᠨᠤᠲᠤᠭ᠎ᠲᠠᠭᠠᠨ ᠬᠠᠷᠢᠭᠠᠳ 5500 ᠲᠥᠭᠥᠷᠢᠭ ᠣᠯᠵᠤ ᠪᠠᠢᠨ᠎ᠠ᠂ ᠵᠠᠩᠭᠢᠯᠠᠭ᠎ᠠ ᠨᠢ ᠭᠡᠷ᠎ᠡᠴᠡ ᠪᠠᠨ ᠣᠢᠷᠠᠬᠠᠨ᠂ ᠠᠪᠤ ᠡᠵᠢ᠎ᠪᠡᠨ ᠠᠰᠠᠷᠠᠨ ᠬᠠᠷᠠᠭᠠᠯᠵᠠᠵᠤ ᠲᠠᠢᠯᠤᠨ᠎ᠠ᠂ ᠡᠨᠡ ᠨᠢ ᠮᠠᠰᠢ ᠵᠦᠭᠡᠷ ᠰᠢᠭ ᠰᠠᠨᠠᠭ᠍ᠳᠠᠵᠤ ᠪᠠᠢᠨ᠎ᠠ!》 ᠬᠡᠵᠡᠢ᠃

ᠬᠥᠳᠡᠯᠮᠦᠷᠢᠯᠡᠳᠡᠭ ᠯᠡ ᠶᠤᠮ ᠪᠤᠯ ᠤᠯᠬᠤ ᠨᠢ ᠯᠠᠪᠳᠠᠢ᠃ ᠭᠠᠭ᠍ᠴᠠ ᠬᠦ᠌ ᠠᠵᠢᠯ ᠣᠯᠭᠣᠯᠲᠠ᠎ᠶ᠋ᠢ ᠲᠠᠰᠤᠷᠠᠯᠳᠠ ᠦᠭᠡᠢ ᠲᠣᠭ᠍ᠲᠠᠪᠤᠷᠢᠵᠢᠭᠤᠯᠤᠨ ᠥᠷᠭᠡᠳᠭᠡᠪᠡᠯ ᠰᠠᠶᠢ ᠬᠥᠳᠡᠯᠮᠦᠷᠢᠴᠢᠳ᠎ᠦᠨ ᠣᠷᠣᠯᠭ᠎ᠠ᠎ᠪᠠᠨ ᠨᠡᠮᠡᠭ᠌ᠳᠡᠭᠦᠯᠦᠨ ᠴᠢᠨᠠᠭᠡᠯᠢᠭᠵᠢᠬᠦ᠎ᠶ᠋ᠢ ᠠᠬᠢᠭᠤᠯᠵᠤ᠂ ᠬᠠᠮᠲᠤ᠎ᠪᠠᠷ ᠴᠢᠨᠠᠭᠡᠯᠢᠭᠵᠢᠬᠦ᠎ᠶ᠋ᠢ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ᠂ ᠰᠠᠢ᠌ᠨ ᠰᠠᠢᠬᠠᠨ ᠨᠥᠬᠥᠴᠡᠯ᠎ᠢ  ᠪᠦᠷᠢᠯᠳᠦᠬᠦᠯᠵᠦ ᠴᠢᠳᠠᠨ᠎ᠠ᠃ ᠥᠪᠥᠷ ᠮᠣᠩᠭᠣᠯ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠵᠢ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠤᠨ ᠰᠡᠳᠭᠢᠯ᠎ᠦᠨ ᠢᠨᠵᠧᠨᠧᠷᠢᠩ᠂ ᠰᠠᠭᠤᠷᠢ ᠢᠨᠵᠧᠨᠧᠷᠢᠩ ᠪᠣᠯᠭᠠᠨ ᠠᠳᠭᠤᠵᠤ᠂ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠴᠢᠨᠠᠭᠡᠯᠢᠭᠵᠢᠯ᠎ᠦᠨ ᠵᠠᠮ ᠲᠡᠭᠡᠷ᠎ᠡ ᠣᠯᠠᠨ ᠲᠦᠮᠡᠨ᠎ᠤ 《ᠪᠤᠳᠠᠭᠠᠨ ᠠᠶᠠᠭ᠎ᠠ》 ᠎ᠵᠢ ᠤᠯᠠᠮ ᠲᠣᠭ᠍ᠲᠠᠭᠤᠨ ᠪᠣᠯᠭᠠᠪᠠ᠃

ᠨᠡᠢᠭᠡᠮ᠎ᠦᠨ ᠪᠠᠲᠤᠯᠠᠭ᠎ᠠ ᠨᠢ ᠵᠣᠯ ᠵᠢᠷᠭᠠᠯᠳᠤ ᠲᠦᠷᠦᠭᠳᠡᠯ᠎ᠢ ᠨᠡᠮᠡᠭᠳᠡᠬᠦᠯᠦᠨ᠎ᠡ

ᠬᠥᠬᠡᠬᠣᠲᠠ᠎ᠶ᠋ᠢᠨ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠰᠠᠭᠤᠭᠠᠯᠢ ᠠᠷᠠᠳ᠎ᠤᠨ ᠲᠣᠭᠣᠷᠢᠭ᠎ᠲᠤ ᠰᠠᠭᠤᠭ᠎ᠠ ᠸᠠᠩ ᠠᠪᠠᠬᠠᠢ᠂ ᠬᠣᠶᠠᠳᠤᠭᠠᠷ ᠳᠡᠰ᠎ᠤᠨ ᠵᠡᠮᠳᠡᠭ᠂ ᠬᠥᠳᠡᠯᠵᠦ᠍ ᠪᠠᠷᠢᠬᠤ᠎ᠳᠤ ᠲᠤᠢᠯ᠎ᠤᠨ ᠳᠥᠭᠥᠮ ᠦᠭᠡᠢ᠃ ᠲᠤᠬᠠᠶ᠎ᠶ᠋ᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠠᠵᠢᠯᠲᠠᠨ ᠰᠠᠨᠠᠭᠠᠴᠢᠯᠠᠭ᠎ᠠ᠎ᠠᠴᠠ᠎ᠪᠠᠨ ᠲᠡᠬᠦᠨ᠎ᠤ᠋ ᠳ᠋ᠤ ᠬᠦᠷᠴᠦ᠍᠂ ᠬᠦᠨᠳᠦ ᠵᠡᠮᠳᠡᠭᠴᠦᠳ᠎ᠤᠨ ᠰᠤᠪᠢᠯᠠᠯᠲᠠ᠎ᠶ᠋ᠢᠨ ᠨᠥᠬᠥᠪᠥᠷᠢ᠎ᠶ᠋ᠢᠨ ᠭᠤᠶᠤᠴᠢᠯᠠᠯ᠎ᠢ ᠭᠦᠶ᠋ᠴᠡᠳᠭᠡᠵᠦ᠍ ᠥᠭ᠌ᠴᠡᠶ᠃

ᠣᠢᠷ᠎ᠠ᠎ᠶ᠋ᠢᠨ 5 ᠵᠢᠯ᠎ᠦᠨ ᠲᠤᠷᠰᠢ᠂ ᠮᠠᠨ᠎ᠤ ᠣᠷᠣᠨ ᠵᠡᠮᠳᠡᠭ᠌ᠴᠦᠳ᠎ᠦᠨ 《ᠬᠣᠶᠠᠷ ᠵᠦᠶ᠋ᠯ᠎ᠦᠨ ᠨᠥᠬᠥᠪᠥᠷᠢ》 ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠭᠡᠳ ᠬᠥᠮᠦᠨ ᠪᠦᠷᠢ ᠰᠠᠷ᠎ᠠ ᠳ᠋ᠤ 100 ᠲᠥᠭᠥᠷᠢᠭ ᠪᠤᠯᠭᠠᠵᠤ᠂ 33.1 ᠲᠦᠮᠡᠨ ᠬᠦᠴᠢᠷᠳᠡᠯᠲᠡᠶ ᠵᠡᠮᠳᠡᠭ᠌ᠴᠦᠳ ᠪᠠ 30.6 ᠲᠦᠮᠡᠨ ᠬᠦᠨᠳᠦ ᠵᠡᠮᠳᠡᠭ᠌ᠴᠦᠳ᠎ᠲᠦ ᠠᠱᠢᠭ ᠬᠦᠷᠲᠡᠭᠡᠪᠡ; ᠪᠥᠬᠥ᠌ ᠣᠷᠣᠨ᠎ᠤ 37.4 ᠲᠦᠮᠡᠨ ᠨᠥᠬᠥᠴᠡᠯ᠎ᠳᠦ ᠨᠡᠢᠴᠡᠬᠦ᠌ ᠵᠡᠮᠳᠡᠭ᠌ᠴᠦᠳ᠎ᠢ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠬᠡᠪᠴᠢᠶᠡᠨ᠎ᠳᠦ ᠣᠷᠣᠭᠤᠯᠪᠠ ᠁ ᠠᠯᠢ ᠤᠯᠠᠨ ᠲᠥᠷᠥ᠎ᠶ᠋ᠢᠨ ᠪᠣᠳᠣᠯᠭ᠎ᠠ ᠨᠢ ᠬᠠᠯᠠᠭᠤᠨ ᠳᠤᠯᠠᠭᠠᠨ ᠪᠥᠭᠡᠳ ᠢᠳᠡᠯᠢᠭ ᠬᠦᠴᠦᠲᠡᠶ ᠪᠠᠢᠵᠤ᠂ ᠵᠡᠮᠳᠡᠭ᠌ᠴᠦᠳ᠎ᠦᠨ ᠠᠵᠤ ᠠᠬᠤᠶ᠎ᠶ᠋ᠢᠨ ᠳᠠᠷᠤᠯᠲᠠ᠎ᠶ᠋ᠢ ᠨᠠᠮᠳᠠᠭᠤᠯᠪᠠ᠃ ᠡᠭᠦᠨ᠎ᠡᠴᠡ ᠭᠠᠳᠠᠨ᠎ᠠ᠂ ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢ ᠲᠡᠳᠬᠦᠬᠦ᠌ ᠠᠯᠢ ᠣᠯᠠᠨ ᠲᠥᠷᠥ᠎ᠶ᠋ᠢᠨ ᠪᠣᠳᠣᠯᠭ᠎ᠠ ᠨᠢ ᠪᠠᠰᠠ ᠵᠡᠮᠳᠡᠭ᠌ᠴᠦᠳ᠎ᠦᠨ ᠠᠵᠢᠯ ᠣᠯᠭᠤᠵᠤ ᠦᠶ᠋ᠯᠡᠰ ᠪᠤᠰᠬᠠᠬᠤ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠵᠣᠯ ᠵᠢᠷᠭᠠᠯ ᠲᠠᠢ ᠠᠮᠢᠳᠤᠷᠠᠬᠤ ᠢᠲᠡᠭᠡᠯ ᠵᠤᠷᠢᠭ᠎ᠢ ᠨᠢ ᠤᠯᠠᠮ ᠨᠢᠭᠡ ᠠᠯᠬᠤᠮ ᠨᠡᠮᠡᠭ᠌ᠳᠡᠭᠦᠯᠦᠨ᠎ᠠ᠃

ᠰᠠᠢᠨ ᠰᠠᠢᠬᠠᠨ ᠎ᠢ᠋ ᠡᠳ᠋ᠯᠡᠬᠦᠯᠬᠦ ᠳ᠋ᠤ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠃

《ᠡᠵᠢ ᠮᠢᠨᠢ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠪᠠᠶᠠᠨᠲᠠᠯ᠎ᠠ ᠪᠠᠯᠭᠠᠰᠤᠨ᠎ᠤ ᠨᠠᠨ ᠳ᠋ᠢᠶᠠᠨ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠥᠷᠲᠡᠭᠡ᠎ᠳᠦ ᠰᠠᠭᠤᠵᠤ ᠪᠠᠢᠨ᠎ᠠ᠂ ᠢᠳᠡᠵᠦ᠍ ᠤᠤᠭᠤᠬᠤ᠎ᠳ᠋ᠤ ᠵᠤᠪᠠᠬᠤ ᠤᠴᠢᠷ ᠦᠭᠡᠢ᠂ ᠲᠡᠷᠡᠴᠢᠯᠡᠨ ᠪᠠᠶ᠎ᠠ ᠮᠠᠬᠠᠪᠤᠳ ᠨᠢ ᠵᠢᠭᠠᠬᠠᠨ ᠡᠪ ᠦᠭᠡᠢ ᠰᠢᠭ ᠪᠤᠯᠤᠭᠰᠠᠭᠠᠷ᠂ ᠲᠤᠰᠭᠠᠶ ᠡᠮᠴᠢ ᠦᠷᠳᠡᠭᠡ ᠳ᠋ᠤ ᠬᠦᠷᠴᠦ᠍ ᠡᠷᠡᠬᠦᠯ᠎ᠤᠨ ᠪᠠᠢᠴᠠᠭᠠᠯᠳᠠ ᠬᠢᠵᠤ ᠡᠪᠡᠳᠴᠢᠨ᠎ᠢ ᠨᠢ ᠤᠨᠤᠰᠢᠯᠠᠬᠤ ᠵᠢᠨ ᠬᠠᠮᠳᠤ ᠦᠨ᠎ᠡ ᠲᠦᠯᠦᠪᠦᠷᠢ ᠦᠭᠡᠢ ᠪᠡᠷ ᠡᠮ ᠦᠭᠬᠦᠨ᠎ᠡ᠂ ᠪᠢᠳᠡ ᠴᠤᠬᠤᠮ ᠰᠠᠨᠠᠭ᠎ᠠ ᠠᠮᠤᠷ ᠪᠣᠯᠤᠯ᠎ᠠ!》 ᠭᠡᠵᠦ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍ ᠪᠠᠢᠭ᠎ᠠ ᠼᠤᠤ ᠯᠢ ᠹᠸᠨ ᠬᠡᠯᠡᠪᠡ᠃

ᠮᠠᠠ᠎ᠤ ᠤᠷᠤᠨ ᠬᠡᠷ ᠪᠦᠯᠢ᠂ ᠨᠡᠢᠭᠡᠮ ᠲᠣᠭᠣᠷᠢᠭ᠂ ᠪᠠᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠢᠳᠡᠪᠬᠢᠲᠡᠶ ᠰᠦᠪᠡᠭ᠌ᠴᠢᠯᠡᠵᠦ᠍᠂ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠬᠤ᠎ᠶ᠋ᠢ ᠠᠬᠢᠭᠤᠯᠤᠨ᠂ ᠨᠠᠰᠤᠲᠠᠢᠴᠤᠳ᠎ᠤᠨ ᠵᠣᠯ ᠵᠢᠷᠭᠠᠯᠲᠤ ᠲᠥᠷᠥᠭ᠌ᠳᠡᠯ᠎ᠢ ᠳᠡᠭᠡᠭ᠌ᠰᠢᠯᠡᠭᠦᠯᠬᠦ᠌᠎ᠶ᠋ᠢᠨ ᠬᠠᠮᠲᠤ᠂ ᠦᠷ᠎ᠡ ᠬᠡᠦᠬᠡᠳ᠎ᠢ ᠨᠢ ᠨᠠᠩ ᠰᠠᠨᠠᠭ᠎ᠠ ᠠᠮᠤᠷ ᠠᠵᠢᠯᠯᠠᠭᠤᠯᠵᠤ ᠪᠤᠢ᠃

ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠪᠠᠢᠳᠠᠭ ᠦᠭᠡᠢ᠂ ᠲᠡᠷᠡ ᠨᠢ ᠤᠯᠤᠰ᠎ᠦᠨ ᠶᠡᠬᠡ ᠶᠠᠪᠤᠳᠠᠯ ᠲᠠᠶ ᠬᠣᠯᠪᠣᠭ᠍ᠳᠠᠵᠤ᠂ ᠠᠢᠯ ᠡᠷᠦᠬᠡ ᠪᠦᠬᠦᠨ᠎ᠲᠡᠶ ᠬᠣᠯᠪᠣᠭ᠍ᠳᠠᠳᠠᠭ᠃ ᠨᠡᠩ ᠰᠠᠢ᠌ᠨ ᠨᠡᠩ ᠲᠥᠪ ᠭᠣᠣᠯᠴᠢ ᠰᠤᠷᠭᠠᠨ ᠬᠥᠮᠦᠵᠢᠯ᠂ ᠨᠡᠩ ᠦᠨᠡᠨ ᠪᠤᠳᠠᠳᠠᠢ ᠡᠮ ᠡᠮᠨᠡᠯᠭᠡ᠎ᠶ᠋ᠢᠨ ᠪᠠᠲᠤᠯᠠᠭ᠎ᠠ᠂ ᠨᠡᠩ ᠪᠦᠷᠢᠨ ᠲᠡᠭᠦᠯᠳᠡᠷ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠂ ᠨᠡᠩ ᠬᠠᠯᠠᠭᠤᠨ ᠳᠤᠯᠠᠭᠠᠨ ᠨᠡᠢᠭᠡᠮ᠎ᠦᠨ ᠠᠰᠠᠷᠠᠮᠵᠢ ᠨᠢ ᠪᠠᠯᠴᠢᠷ ᠲᠤᠨᠢ ᠪᠤᠢᠵᠢᠭᠤᠯᠬᠤ ᠭᠠᠵᠠᠷ ᠲᠠᠢ᠂ ᠰᠤᠷᠤᠯᠴᠠᠬᠤ ᠡᠴᠡ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠡᠴᠡ ᠤᠷᠤᠨ ᠰᠠᠭᠤᠴᠠ ᠲᠠᠢ᠂ ᠪᠠᠭᠤᠷᠠᠢᠴᠤᠤᠯ ᠨᠢ ᠲᠡᠳᠬᠦᠮᠵᠢ ᠲᠠᠶ ᠪᠠᠢᠬᠤ ᠵᠢ ᠪᠡᠶᠡᠯᠡᠬᠦᠯᠵᠦ᠂ ᠠᠷᠠᠳ ᠤᠯᠠᠨ ᠨᠡᠩ ᠢᠳᠡᠭᠡᠯ ᠲᠡᠬᠦᠯᠳᠡᠷ ᠨᠡᠩ ᠰᠠᠢ᠌ᠨ ᠰᠠᠢᠬᠠᠨ ᠠᠮᠢᠳᠤᠷᠠᠯ᠎ᠢ ᠴᠢᠷᠮᠠᠢᠨ ᠴᠤᠭᠴᠠᠯᠠᠨ᠎ᠠ !

ᠠᠵᠤ ᠦᠢᠯᠡᠰ᠎ᠦᠨ ᠲᠤᠯᠭᠠᠭᠤᠷᠢᠯᠠᠯ᠂ ᠠᠵᠢᠯ ᠣᠯᠭᠣᠯᠲᠠ᠎ᠶ᠋ᠢᠨ ᠲᠠᠢ᠌ᠴᠢᠯᠠᠯᠳᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠁ ᠤᠮᠠᠷᠠᠲᠤ ᠬᠢᠯᠢ᠎ᠶ᠋ᠢᠨ ᠡᠭᠡ ᠭᠠᠵᠠᠷ ᠲᠸ᠋ ᠡᠷᠡᠮᠡᠬᠡᠢᠯᠡᠨ ᠤᠷᠤᠭᠰᠢᠯᠠᠬᠤ ᠡᠷᠴᠢ ᠵᠤᠷᠢᠭ ᠪᠠᠳᠠᠷᠠᠨ᠂ ᠦᠪᠦᠷ ᠮᠤᠨᠭᠭᠤᠯ ᠪᠦᠬᠦ ᠠᠷᠠᠳ ᠲᠦᠮᠡᠨ᠎ᠤ ᠬᠠᠮᠲᠤ᠎ᠪᠡᠷ ᠴᠢᠨᠡᠭᠡᠯᠢᠭ᠌ᠵᠢᠬᠦ ᠵᠢ ᠲᠦᠯᠬᠢᠨ ᠠᠬᠢᠭᠤᠯᠬᠤ ᠵᠠᠮ᠎ᠲᠡᠭᠡᠷ᠎ᠡ ᠡᠨᠭᠨᠡᠭᠡ ᠡᠴᠡ ᠪᠠᠨ ᠶᠠᠭᠠᠭᠢᠭᠰᠠᠨ ᠴᠸ᠋ ᠬᠤᠴᠤᠷᠬᠤ ᠦᠭᠡᠢ ᠲᠥᠪ ᠴᠢᠩᠭ᠎ᠠ ᠠᠮᠠᠯᠠᠯᠲᠠ᠎ᠪᠠᠨ ᠦᠨᠡᠨ ᠪᠤᠳᠠᠳᠠᠢ ᠦᠢᠯᠡᠳᠦᠯᠭᠡᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号