ᠪᠦᠯᠬᠦᠮᠳᠡᠨ ᠲᠡᠮᠡᠴᠡᠵᠦ ᠬᠠᠮᠲᠤ᠎ᠪᠠᠷ ᠴᠢᠨᠡᠭᠡᠯᠢᠭᠵᠢᠶ᠎ᠠ
2024-03-09 15:24:12
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠬᠠᠮᠲᠤ᠎ᠪᠠᠷ ᠴᠢᠨᠡᠭᠡᠯᠢᠭᠵᠢᠬᠦ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ᠂ ᠠᠷᠠᠳ ᠲᠦᠮᠡᠨ᠎ᠤ ᠬᠠᠮᠲᠤ᠎ᠶᠢᠨ ᠬᠦᠰᠡᠯ ᠡᠷᠡᠮᠡᠯᠵᠡᠯ ᠮᠦᠨ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ ᠣᠳᠣᠬᠢᠴᠢᠯᠠᠯᠲᠠ ᠮᠥᠨ᠃ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠬᠠᠮᠲᠤ᠎ᠪᠠᠷ ᠴᠢᠨᠡᠭᠡᠯᠢᠭᠵᠢᠬᠦ ᠨᠢ ᠳᠠᠬᠢᠨᠲᠠ ᠬᠠᠯᠠᠮᠰᠢᠯ ᠦᠭᠡ ᠪᠣᠯᠪᠠ᠃

ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠣᠯᠠᠨ ᠠᠷᠭ᠎ᠠ ᠵᠠᠮ᠎ᠢᠶᠠᠷ ᠨᠡᠮᠡᠭᠳᠡᠭᠦᠯᠵᠦ᠂ ᠳᠤᠮᠳᠠ ᠵᠡᠷᠭᠡ᠎ᠶᠢᠨ ᠣᠷᠣᠯᠭ᠎ᠠ᠎ᠲᠠᠢ ᠬᠦᠮᠦᠰ᠎ᠤᠨ ᠬᠡᠪᠴᠢᠶ᠎ᠡ᠎ᠶᠢ ᠥᠷᠭᠡᠳᠬᠡᠨ᠂ ᠣᠷᠣᠯᠭ᠎ᠠ ᠪᠠᠭᠠᠲᠠᠢ ᠬᠦᠮᠦᠰ᠎ᠤᠨ ᠣᠷᠣᠯᠭ᠎ᠠ᠎ᠶᠢᠨ ᠨᠡᠮᠡᠭᠳᠡᠯ᠎ᠢ ᠴᠢᠷᠮᠠᠢᠨ ᠠᠬᠢᠭᠤᠯᠤᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳ᠋ᠤ ᠬᠠᠮᠲᠤ᠎ᠪᠠᠷ ᠴᠢᠨᠡᠭᠡᠯᠢᠭᠵᠢᠬᠦ᠎ᠲᠤᠭᠤᠷᠢᠨ ᠳ᠋ᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠠᠯᠢ ᠣᠯᠠᠨ ᠬᠠᠷᠠᠯᠲᠠ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠭᠰᠠᠨ ᠨᠢ ᠬᠥᠮᠥᠰ᠎ᠢ ᠲᠤᠢᠯ᠎ᠢᠶᠠᠷ ᠤᠷᠮᠠᠰᠢᠭᠤᠯᠤᠨ ᠵᠤᠷᠢᠭᠵᠢᠭᠤᠯᠪᠠ᠃ ᠥᠩᠭᠡᠷᠡᠭᠰᠡᠨ ᠨᠢᠭᠡ ᠵᠢᠯ᠎ᠳᠦ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ᠎ᠵᠢ ᠠᠬᠢᠭᠤᠯᠬᠤ ᠳᠤᠮᠳᠠ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭᠰᠢᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠳᠤᠷᠠᠯ᠎ᠤᠨ ᠲᠦᠪᠰᠢᠨ ᠲᠣᠭᠲᠠᠭᠤᠨ᠎ᠢᠶᠠᠷ ᠳᠡᠭᠡᠭᠰᠢᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠡᠷᠴᠢᠮᠲᠡᠢ ᠪᠣᠯᠵᠤ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ ᠲᠠᠰᠤᠷᠠᠯᠳᠡ ᠦᠭᠡᠢ ᠳᠡᠭᠡᠭᠰᠢᠯᠡᠵᠦ᠂ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ ᠲᠠᠯ᠎ᠠ᠎ᠪᠠᠷ ᠪᠣᠳᠠᠲᠠᠢ ᠠᠬᠢᠴᠠ᠎ᠲᠠᠢ ᠪᠣᠯᠵᠤ᠂ ᠠᠷᠠᠳ ᠤᠯᠠᠨ᠎ᠳᠤ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠵᠣᠯ ᠵᠢᠷᠭᠠᠯ᠎ᠢ ᠦᠨᠡᠨ ᠬᠦ᠌ ᠮᠡᠳᠡᠷᠡᠭᠦᠯᠵᠡᠢ᠃

ᠪᠦᠬᠦ ᠠᠷᠠᠳ ᠲᠦᠮᠡᠨ᠎ᠦ ᠬᠠᠮᠲᠤ ᠪᠠᠷ ᠪᠠᠶᠠᠵᠢᠨ ᠴᠢᠨᠡᠭᠡᠯᠢᠭᠵᠢᠬᠦ᠎ᠶᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠱᠠᠭᠠᠷᠳᠠᠯᠭ᠎ᠠ᠎ᠶᠢᠨ ᠨᠢᠭᠡ ᠪᠣᠯᠣᠨ᠎ᠠ᠂ ᠴᠢᠨᠠᠷ ᠰᠠᠢᠲᠠᠢ ᠬᠥᠭᠵᠢᠯᠲᠡ᠎ᠶᠢᠨ 《ᠪᠣᠭᠣᠷᠰᠣᠭ》 ᠢ᠋ ᠤᠯᠠᠮ᠎ᠵᠢᠡᠷ ᠶᠡᠬᠡᠳᠬᠡᠬᠦ ᠵᠢᠨ ᠡᠴᠦᠰ᠎ᠦᠨ ᠵᠣᠷᠢᠯᠭ᠎ᠠ ᠪᠣᠯ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠵᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠡᠳ᠋ᠯᠡᠭᠦᠯᠬᠦ᠎ᠪᠤᠯᠤᠨ᠎ᠠ᠃ ᠰᠢᠨ᠎ᠡ ᠵᠠᠮ ᠨᠡᠬᠡᠬᠡᠵᠦ ᠳᠤᠮᠳᠠ ᠲᠦᠪᠰᠢᠨ᠎ᠳᠤ ᠣᠷᠣᠬᠤ ᠰᠢᠨ᠎ᠡ ᠠᠶᠠᠨ᠎ᠳᠤ ᠮᠣᠷᠳᠠᠬᠤ᠎ᠳᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠷᠠᠳ ᠤᠯᠠᠨ᠎ᠤ ᠠᠰᠢᠭ᠋ ᠲᠤᠰᠠ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠨᠠᠷᠢᠨ ᠨᠢᠮᠪᠠᠢ ᠪᠥᠭᠡᠳ ᠪᠣᠳᠠᠲᠠᠢ ᠪᠠᠷ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ᠃ ᠤᠯᠠᠨ ᠲᠦᠮᠡᠨ᠎ᠦ ᠬᠠᠮᠤᠭ᠎ᠠᠴᠠ ᠠᠩᠬᠠᠷᠴᠤ ᠬᠠᠯᠠᠮᠵᠢᠯᠠᠵᠤ ᠪᠠᠢᠭ᠎ᠠ ᠠᠰᠠᠭᠤᠳᠠᠯ᠎ᠠᠴᠠ ᠭᠠᠷᠳᠠᠨ ᠬᠢᠵᠦ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠤᠯᠠᠨ᠎ᠤ ᠬᠠᠮᠤᠭ᠎ᠠᠴᠠ ᠠᠩᠬᠠᠷᠴᠤ ᠬᠠᠯᠠᠮᠵᠢᠯᠠᠳᠠᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠴᠢᠩᠭ᠎ᠠ ᠪᠣᠳᠠᠲᠠᠢ ᠠᠳᠬᠤᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠤᠨᠤᠴᠠᠳᠠᠢ ᠪᠠᠲᠤ ᠰᠠᠬᠢᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠳᠠᠰᠤᠷᠠᠯᠳᠠ ᠦᠭᠡᠢ ᠨᠥᠬᠥᠪᠦᠷᠢᠯᠡᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠠᠮᠲᠤ ᠪᠠᠷ ᠴᠢᠨᠡᠭᠡᠯᠢᠭᠵᠢᠬᠦ ᠵᠢ ᠠᠬᠢᠭᠤᠯᠬᠤ ᠠᠵᠢᠯᠯᠠᠭ᠎ᠠ ᠦᠨᠡᠨ ᠪᠤᠳᠠᠳᠠᠢ ᠶᠠᠪᠤᠭᠳᠠᠵᠤ ᠪᠠᠢᠭ᠎ᠠ ᠵᠢ ᠦᠨᠡᠨ ᠬᠦ᠌ ᠮᠡᠳᠡᠷᠡᠬᠦᠯᠬᠦ ᠬᠡᠷᠡᠭᠳᠡᠢ᠃

ᠵᠣᠯ ᠵᠢᠷᠭᠠᠯᠲᠤ ᠠᠮᠢᠳᠤᠷᠠᠯ᠎ᠢ ᠴᠥᠮ ᠲᠡᠮᠡᠴᠡᠵᠦ ᠪᠠᠢᠭᠠᠳ ᠪᠦᠳᠦᠬᠡᠳᠡᠭ᠂ ᠬᠠᠮᠲᠤ᠎ᠪᠠᠷ ᠴᠢᠨᠡᠭᠡᠯᠢᠭᠵᠢᠬᠦ᠎ᠳᠦ ᠠᠵᠢᠯᠴᠢ ᠬᠥᠳᠡᠯᠮᠦᠷᠢᠴᠢ ᠪᠠ ᠤᠶᠤᠨ ᠤᠬᠠᠭᠠᠨ᠎ᠳ᠋ᠤ ᠲᠦᠰᠢᠭᠯᠡᠨ᠎ᠡ᠃ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠬᠦ᠎ᠨᠢ ᠪᠦᠯᠬᠦᠮᠳᠡᠨ ᠲᠡᠮᠡᠴᠡᠬᠦ᠎ᠳᠦ ᠪᠤᠢ᠂ ᠬᠠᠮᠲᠤ᠎ᠪᠠᠷ ᠲᠡᠮᠡᠴᠡᠬᠦ ᠳ᠋ᠤ ᠪᠤᠢ᠃ ᠬᠥᠮᠥᠨ ᠪᠦᠬᠦᠨ ᠠᠮᠢᠳᠤᠷᠠᠬᠤᠢ ᠵᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠬᠥᠭᠵᠢᠯᠲᠡ᠎ᠶᠢᠨ ᠠᠵᠠ ᠲᠣᠬᠢᠶᠠᠯ ᠲᠠᠢ ᠪᠤᠯ ᠰᠠᠶᠢ ᠪᠦᠬᠦ ᠨᠡᠢᠭᠡᠮ᠎ᠦᠨ ᠬᠠᠮᠳᠤ ᠪᠡᠷ  ᠴᠢᠨᠡᠭᠡᠯᠢᠭᠵᠢᠬᠦ ᠵᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠬᠥᠭᠵᠢᠭᠡᠵᠦ ᠴᠢᠳᠠᠨ᠎ᠠ᠃ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠲᠡᠮᠡᠴᠡᠬᠦ᠂ ᠬᠥᠮᠥᠨ ᠪᠦᠬᠦᠨ ᠬᠠᠮᠲᠤ᠎ᠪᠠᠷ ᠪᠠᠶ᠋ᠢᠭᠤᠯᠬᠤ᠂ ᠬᠥᠮᠥᠨ ᠪᠦᠬᠦᠨ ᠬᠠᠮᠲᠤ᠎ᠪᠠᠷ ᠡᠳ᠋ᠯᠡᠬᠦ ᠨᠡᠢᠭᠡᠮ᠎ᠦᠨ ᠠᠭᠤᠷ ᠠᠮᠢᠰᠬᠤᠯ᠎ᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ  ᠭᠠᠷ ᠬᠣᠯᠪᠣᠨ ᠮᠥᠷᠥ ᠵᠡᠷᠭᠡᠴᠡᠨ ᠰᠠᠢᠨ ᠰᠠᠢᠬᠠᠨ ᠠᠮᠢᠳᠤᠷᠠᠯ᠎ᠢ ᠴᠤᠭᠴᠠᠯᠠᠬᠤ᠎ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠪᠡᠯ᠂ ᠪᠢᠳᠡ ᠯᠠᠪᠳᠠᠶ᠎ᠠ ᠬᠠᠮᠲᠤ᠎ᠪᠠᠷ ᠴᠢᠨᠡᠭᠡᠯᠢᠭᠵᠢᠬᠦ ᠰᠠᠢᠨ ᠰᠠᠢᠬᠠᠨ ᠵᠢᠷᠤᠭ ᠲᠥᠰᠥᠪ᠎ᠢ ᠤᠮᠠᠷᠠᠲᠤ ᠬᠢᠯᠢ᠎ᠶᠢᠨ ᠡᠬᠡ ᠭᠠᠵᠠᠷ᠎ᠲᠤ ᠵᠢᠷᠤᠭᠯᠠᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号