ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭ᠎ᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ ᠥᠷᠨᠢᠭᠦᠯᠪᠡ
2024-04-14 18:19:55
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭ᠎ᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠪᠠ ᠤᠷᠳᠤ ᠬᠤᠭᠤᠴᠠᠭᠠᠨ᠎ᠤ ᠪᠦᠲᠦᠮᠵᠢᠲᠡᠢ ᠳᠤᠬᠳᠠᠴᠠ ᠵᠢ ᠪᠤᠢ ᠪᠣᠯᠭᠠᠬᠤ ᠱᠠᠭᠠᠷᠳᠠᠯᠭ᠎ᠠ᠎ᠶᠢ ᠴᠢᠨᠠᠭᠰᠢᠳᠠ ᠨᠠᠢᠳᠠᠪᠤᠷᠢᠵᠢᠭᠤᠯᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ᠂ ᠬᠤᠪᠢᠰᠬᠠᠯ᠎ᠤᠨ ᠠᠬᠠᠮᠠᠳ ᠨᠢᠭᠡ ᠦᠶ᠎ᠡ᠎ᠶᠢᠨ ᠰᠢᠯᠢᠳᠡᠭ ᠰᠤᠷᠲᠠᠯ ᠪᠣᠯᠣᠨ ᠬᠤᠪᠢᠰᠬᠠᠯ᠎ᠤᠨ ᠡᠬᠦᠷᠭᠡᠯᠡᠯ ᠬᠠᠷᠢᠭᠤᠴᠠᠯᠭ᠎ᠠ᠎ᠶᠢ ᠣᠢᠯᠠᠭᠠᠬᠤ᠎ᠶᠢᠨ ᠲᠥᠯᠥᠭᠡ᠂ ᠤᠢᠷ᠎ᠠ᠎ᠳ᠋ᠤ ᠳᠠᠯᠠᠨ ᠬᠠᠷ᠎ᠠ ᠠᠭᠤᠯᠠ᠎ᠶᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠦ 《ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠦ᠂ ᠬᠤᠪᠢᠰᠬᠠᠯ᠎ᠤᠨ ᠲᠡᠥᠬᠡ᠎ᠶᠢ ᠡᠷᠬᠢᠴᠡᠬᠦᠯᠦᠶ᠎ᠡ》 ᠭᠡᠬᠦ ᠭᠤᠤᠯ ᠰᠡᠳᠦᠪᠲᠦ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠨᠠᠮ᠎ᠤᠨ ᠡᠳᠦᠷᠯᠢᠭ᠎ᠦᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠪᠡ᠃

ᠠᠵᠢᠯᠯᠠᠭ᠎ᠠ᠎ᠶᠢᠨ ᠲᠤᠬᠠᠢ᠎ᠶᠢᠨ ᠡᠳᠦᠷ᠎ᠲᠤ᠂ ᠳᠠᠯᠠᠨ ᠬᠠᠷ᠎ᠠ ᠠᠭᠤᠯᠠ᠎ᠶᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠤᠨ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠶᠢᠨ ᠠᠭᠤᠳᠠᠮ ᠲᠠᠯᠠᠪᠠᠢ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭ᠎ᠠ᠎ᠶᠢᠨ ᠬᠠᠷᠢᠭᠤᠴᠠᠯᠭᠠᠲᠠᠨ ᠪᠦᠬᠦ ᠨᠠᠮ᠎ᠤᠨ ᠭᠡᠰᠢᠭᠦᠳ᠎ᠢᠶᠡᠨ ᠳᠠᠭᠠᠭᠤᠯᠤᠨ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠳᠠᠬᠢᠨᠲᠠ ᠡᠷᠭᠢᠴᠡᠭᠦᠯᠪᠡ᠃ ᠡᠭᠦᠨ᠎ᠦ ᠬᠠᠮᠲᠤ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠳᠦ ᠴᠠᠭᠠᠷᠢᠭ ᠴᠡᠴᠡᠭ ᠬᠦᠷᠭᠡᠵᠦ᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢ ᠬᠠᠮᠲᠤ᠎ᠪᠠᠷ ᠳᠤᠷᠠᠰᠤᠨ ᠰᠠᠨᠠᠭᠠᠯᠵᠠᠪᠠ᠃ ᠳᠠᠯᠠᠨ ᠬᠠᠷ᠎ᠠ ᠠᠭᠤᠯᠠ᠎ᠶᠢᠨ ᠣᠷᠣᠨ᠎ᠤ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠦᠵᠡᠭᠦᠯᠭᠡ᠎ᠶᠢᠨ ᠲᠢᠩᠬᠢᠮ᠎ᠳᠦ᠂ ᠲᠠᠢᠯᠪᠤᠷᠢᠯᠠᠭ᠍ᠴᠢ᠎ᠶᠢᠨ ᠳᠠᠭᠠᠭᠤᠯᠭ᠎ᠠ ᠪᠠᠷ᠂ ᠨᠠᠮ᠎ᠤᠨ ᠭᠡᠰᠢᠭᠦᠨ ᠺᠠᠳ᠋ᠷ ᠠᠵᠢᠯᠲᠠᠳ ᠭᠡᠷᠡᠯ ᠵᠢᠷᠤᠭ᠂ ᠰᠤᠷᠪᠤᠯᠵᠢ ᠪᠢᠴᠢᠭ ᠪᠣᠯᠣᠨ ᠤᠤᠯ᠎ᠤᠨ ᠪᠠᠢᠳᠠᠯ᠎ᠢ ᠰᠡᠷᠭᠦᠭᠡᠭᠰᠡᠨ ᠲᠠᠯᠠᠪᠤᠷ ᠢ᠋ ᠲᠣᠭᠣᠷᠢᠨ ᠦᠵᠡᠵᠦ᠂ ᠳᠠᠯᠠᠨ ᠬᠠᠷ᠎ᠠ ᠠᠭᠤᠯᠠᠨ᠎ᠳᠠᠬᠢ ᠡᠷᠡᠯᠬᠡᠭ ᠪᠠᠭᠠᠲᠤᠷᠯᠢᠭ᠋᠎ᠢᠶᠠᠷ ᠶᠠᠫᠤᠨ᠎ᠢ ᠡᠰᠡᠷᠭᠦᠴᠡᠭᠰᠡᠨ ᠬᠤᠪᠢᠰᠬᠠᠯ᠎ᠤᠨ ᠦᠯᠢᠭᠡᠷ᠎ᠢ ᠡᠷᠭᠢᠴᠡᠭᠦᠯᠵᠦ᠂ ᠬᠤᠪᠢᠰᠬᠠᠯ᠎ᠤᠨ ᠠᠬᠠᠮᠠᠳ ᠨᠢᠭᠡ ᠦᠶ᠎ᠡ᠎ᠶᠢᠨ ᠬᠢᠨ᠎ᠦ ᠵᠢᠪᠬᠤᠯᠠᠩᠲᠦ ᠴᠠᠬ ᠦᠶ᠎ᠡ ᠪᠣᠯᠣᠨ ᠭᠠᠷᠮᠠᠭᠠᠢ ᠭᠠᠪᠢᠶ᠎ᠠ ᠵᠢᠳᠬᠦᠯ᠎ᠢ ᠭᠦᠨ ᠣᠢᠯᠠᠭᠠᠪᠠ᠃ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠠᠭ᠎ᠤᠨ ᠪᠦᠷᠢᠯᠳᠦᠭᠦᠨ᠂ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ᠂ ᠪᠠᠢᠭᠤᠯᠭ᠎ᠠ ᠵᠢᠴᠢ ᠬᠠᠷᠢᠶ᠎ᠠ ᠨᠢᠭᠡᠴᠢ᠂ ᠵᠡᠮᠳᠡᠭᠴᠦᠳ᠎ᠦᠨ ᠠᠰᠠᠷᠠᠮᠵᠢ᠎ᠶᠢᠨ ᠰᠠᠭᠤᠷᠢ ᠮᠥᠩᠭᠥᠨ᠎ᠦ ᠨᠡᠢᠭᠡᠮᠯᠢᠭ᠂ ᠵᠡᠮᠳᠡᠭᠴᠦᠳ᠎ᠦᠨ ᠦᠢᠯᠡᠰ᠎ᠦᠨ ᠬᠥᠭᠵᠢᠯᠲᠡ᠎ᠶᠢᠨ ᠰᠤᠳᠤᠯᠭᠠᠨ᠎ᠤ ᠨᠡᠢᠭᠡᠮᠯᠢᠭ᠂ ᠡᠷᠡᠭᠦᠯᠵᠢᠯ ᠪᠣᠯᠣᠨ ᠵᠡᠮᠳᠡᠭᠴᠦᠳ᠎ᠢ ᠰᠡᠷᠭᠡᠢᠯᠡᠬᠦ ᠨᠡᠢᠭᠡᠮᠯᠢᠭ᠎ᠦᠨ ᠨᠠᠮ᠎ᠤᠨ ᠭᠡᠰᠢᠭᠦᠨ ᠺᠠᠳ᠋ᠷ ᠠᠵᠢᠯᠲᠠᠨ ᠨᠡᠢ᠍ᠢᠳᠡ 70 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号