ᠪᠥᠵᠢᠭᠲᠦ ᠵᠦᠴᠦᠭᠡ 《ᠮᠤᠷᠢᠳᠤ ᠴᠡᠷᠢᠭ》 ᠎ᠢ ᠲᠦᠩᠯᠢᠶᠣᠤ ᠬᠤᠳᠠ ᠵᠢᠨ ᠯᠢᠶᠤᠤᠾᠧ ᠲᠢᠶᠠᠲᠷ᠎ᠲᠦ ᠳᠤᠬᠯᠠᠪᠠ
2024-04-15 10:52:09
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

 ᠤᠢᠷ᠎ᠠ᠎ᠳᠤ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠎ᠦᠨ ᠵᠣᠬᠢᠶᠠᠨ ᠪᠦᠲᠦᠭᠡᠭᠰᠡᠨ ᠪᠥᠵᠢᠭᠲᠦ ᠵᠦᠴᠦᠭᠡ 《ᠮᠣᠷᠢᠲᠤ ᠴᠡᠷᠢᠭ》 ᠎ᠢ᠋ ᠲᠦᠩᠯᠢᠶᠣᠣ ᠬᠤᠳᠠ᠎ᠶᠢᠨ ᠯᠢᠶᠣᠤᠾᠧ ᠲᠢᠶᠠᠲᠷ ᠲᠸ᠋ ᠲᠣᠭᠯᠠᠪᠠ᠃ 800 ᠰᠢᠬᠠᠮ ᠦᠵᠡᠭᠴᠢᠳ ᠵᠥᠴᠥᠭᠡ ᠵᠢ ᠰᠤᠨᠢᠷᠬᠠᠨ ᠬᠤᠪᠢᠰᠬᠠᠯ᠎ᠤᠨ ᠲᠡᠦᠬᠡ᠎ᠶᠢ ᠡᠷᠭᠢᠴᠡᠭᠦᠯᠵᠦ᠂ ᠡᠬᠡ ᠤᠷᠤᠨᠴᠢ ᠬᠠᠢᠷ᠎ᠠ ᠰᠡᠳᠬᠢᠯᠭᠡ ᠎ᠶᠢ ᠳᠠᠭᠠᠰᠢᠶᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠷᠢᠳᠢ ᠰᠢᠳᠢ᠎ᠶᠢ ᠮᠡᠳᠡᠷᠡᠭᠰᠡᠨ ᠪᠠᠢᠨ᠎ᠠ᠃

ᠲᠤᠰ ᠪᠥᠵᠢᠭᠲᠦ ᠵᠦᠴᠦᠭᠡ 《ᠰᠦᠷ ᠵᠢᠪᠬᠤᠭᠠᠳᠤ ᠮᠣᠷᠢᠲᠤ ᠴᠡᠷᠢᠭ》᠂ 《ᠨᠤᠲᠤᠬ ᠪᠤᠴᠠᠬᠤ》᠂ 《ᠲᠠᠯ᠎ᠠ ᠨᠤᠲᠤᠭ᠎ᠤᠨ ᠭᠠᠮᠰᠢᠬ》᠂《ᠴᠡᠷᠢᠭ᠎ᠲᠦ ᠮᠤᠷᠳᠠᠬᠰᠠᠨ》᠂ 《ᠴᠡᠷᠢᠭ ᠠᠬᠳᠠ ᠵᠢᠨ ᠬᠠᠢᠷ᠎ᠠ》᠂《ᠪᠠᠭᠠᠲᠤᠷ᠎ᠤᠨ ᠨᠢᠯᠪᠤᠰᠤ》᠂ 《ᠮᠣᠷᠢᠲᠤ ᠴᠡᠷᠢᠭ᠎ᠦᠨ ᠰᠦᠷ ᠰᠥᠯᠳᠡ》 ᠭᠡᠬᠦ ᠵᠢᠷᠭᠤᠭᠠᠨ ᠦᠵᠡᠭᠳᠡᠯ᠎ᠢᠶᠡᠷ ᠪᠦᠷᠢᠯᠳᠦᠵᠡᠢ᠃ ᠳᠤᠰ ᠵᠦᠴᠦᠬᠡ ᠨᠢ ᠮᠤᠩᠭᠤᠯ ᠵᠠᠯᠠᠭᠤ ᠴᠢᠯᠠᠭᠤ ᠪᠣᠯᠣᠨ ᠬᠠᠢᠷᠠᠳᠥ ᠮᠤᠷᠢ ᠭᠠᠯ ᠲᠠᠢ ᠪᠠᠨ ᠬᠠᠮᠳᠤ ᠴᠡᠷᠢᠭ ᠎ᠲᠦ ᠮᠤᠷᠳᠠᠵᠤ᠂ ᠬᠤᠪᠢᠰᠬᠠᠯᠲᠤ ᠳᠠᠢ᠍ᠢᠨ᠎ᠦ ᠳᠤᠮᠳᠠ ᠮᠣᠷᠢᠲᠤ ᠴᠡᠷᠢᠭ ᠪᠣᠯᠵᠤ᠂ ᠴᠢᠰᠤ᠎ᠪᠠᠨ ᠤᠷᠤᠰᠬᠠᠨ ᠠᠮᠢ ᠪᠡᠶ᠎ᠡ᠎ᠪᠡᠨ ᠦᠷᠡᠭᠳᠡᠭᠦᠯᠦᠭᠰᠡᠨ ᠪᠣᠯᠪᠠᠴᠤ ᠢᠮᠠᠭᠲᠠ ᠬᠤᠪᠢᠰᠬᠠᠯ᠎ᠤᠨ ᠢᠲᠡᠭᠡᠯ ᠪᠢᠰᠢᠷᠡᠯ᠎ᠢᠶᠡᠨ ᠮᠠᠷᠲᠠᠭᠰᠠᠨ ᠦᠭᠡᠢ ᠦᠯᠢᠭᠡᠷ᠎ᠢ ᠶᠠᠷᠢᠵᠤ᠂ ᠥᠪᠥᠷ ᠮᠣᠩᠭᠣᠯ᠎ᠤᠨ ᠮᠣᠷᠢᠲᠤ ᠴᠡᠷᠢᠭ᠎ᠦᠨ ᠨᠠᠮ᠎ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠤᠯᠤᠰ᠎ᠤᠨ᠎ᠢᠶᠠᠨ ᠲᠥᠯᠥᠭᠡ ᠵᠣᠷᠢᠭ᠍ᠲᠠᠢ᠎ᠪᠠᠷ ᠠᠮᠢ ᠪᠡᠶ᠎ᠡ᠎ᠪᠡᠨ ᠦᠷᠡᠭᠳᠡᠭᠦᠯᠬᠦ ᠡᠬᠡ ᠤᠷᠤᠨᠴᠢ ᠬᠠᠢᠷ᠎ᠠ ᠰᠡᠳᠬᠢᠯᠭᠡ ᠪᠣᠯᠣᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠳᠡᠯᠭᠡᠨ ᠦᠵᠡᠭᠦᠯᠵᠡᠢ᠃

ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠎ᠦᠨ ᠳᠠᠭᠤᠤ ᠪᠥᠵᠢᠭ᠎ᠦᠨ ᠪᠦᠯᠬᠦᠮ᠎ᠦᠨ ᠳᠠᠷᠤᠭ᠎ᠠ ᠤᠯᠠᠭᠠᠨᠮᠥ᠋ᠴᠢᠷ᠄《ᠪᠥᠵᠢᠭᠲᠦ ᠵᠦᠴᠦᠭᠡ 〈ᠮᠣᠷᠢᠲᠤ ᠴᠡᠷᠢᠭ〉᠎ᠢ ᠲᠣᠭᠯᠠᠭᠰᠠᠨ᠎ᠡᠴᠠ ᠨᠠᠭᠠᠰᠢ᠂ ᠪᠦᠬᠦ ᠤᠯᠤᠰ᠎ᠤᠨ ᠦᠵᠡᠭᠴᠢᠳ᠎ᠦᠨ ᠬᠠᠯᠠᠭᠤᠨ ᠬᠦᠷᠢᠶᠡᠯᠡᠯ᠎ᠢ ᠣᠯᠪᠡ᠂ ᠣᠷᠣᠨ᠎ᠤ ᠳᠣᠲᠣᠨ᠎ᠠ ᠭᠠᠳᠠᠨ᠎ᠠ ᠲᠣᠭᠣᠷᠢᠨ ᠲᠣᠭᠯᠠᠬᠤ ᠬᠤᠭᠤᠴᠠᠭᠠᠨ᠎ᠳᠤ᠂ ᠦᠷᠭᠦᠯᠵᠢ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠬᠠᠢ ᠲᠣᠭᠯᠠᠯᠲᠠ ᠪᠣᠯᠵᠤ ᠪᠠᠢᠯ᠎ᠠ᠂ ᠮᠠᠨ᠎ᠤ ᠡᠨᠡ ᠵᠦᠴᠦᠭᠡ ᠨᠢ ᠪᠥᠵᠢᠭ ᠎ᠦᠨ ᠤᠷᠠᠨ ᠶᠠᠷᠢᠶ᠎ᠠ ᠪᠡᠷ ᠥᠪᠥᠷ ᠮᠣᠩᠭᠣᠯ᠎ᠤᠨ ᠮᠣᠷᠢᠲᠤ ᠴᠡᠷᠢᠭ᠎ᠦᠨ ᠡᠬᠡ ᠤᠷᠤᠨᠴᠢ ᠬᠠᠢᠷ᠎ᠠ ᠰᠡᠳᠬᠢᠯᠭᠡ᠎ᠶᠢ ᠢᠯᠡᠷᠡᠭᠥᠯᠵᠤ᠂ ᠮᠣᠩᠭᠣᠯ ᠪᠥᠵᠢᠭ᠎ᠦᠨ ᠥᠪᠡᠷᠮᠢᠴᠡ ᠣᠨᠴᠠᠯᠢᠭ᠋ ᠪᠥᠬᠥᠢ ᠤᠮᠤᠬ ᠲᠡᠬᠦᠯᠳᠡᠷ ᠲᠦᠷᠢ ᠳᠥᠷᠬᠥ ᠪᠡᠷ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭᠠᠬᠢᠭ᠍ᠰᠠᠨ ᠴᠤ᠌ ᠪᠤᠴᠠᠬᠤ ᠦᠭᠡᠢ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠳᠡᠯᠭᠡᠨ ᠦᠵᠡᠭᠦᠯᠥᠭᠰᠡᠨ ᠪᠠᠢᠨ᠎ᠠ》 ᠭᠡᠵᠦ ᠬᠡᠯᠡᠵᠤ ᠪᠠᠢᠯ᠎ᠠ᠃

ᠪᠥᠵᠢᠭᠲᠦ ᠵᠦᠴᠦᠭᠡ 《ᠮᠣᠷᠢᠲᠤ ᠴᠡᠷᠢᠭ》ᠪᠤᠯ ᠳᠤᠮᠳᠠᠳᠤ ᠤᠯᠤᠰ᠎ᠤᠨ ᠲᠠᠢᠰᠠᠨ᠎ᠤ ᠤᠷᠠᠯᠢᠭ᠋᠎ᠤᠨ ᠲᠡᠦᠬᠡᠨ᠎ᠳᠡᠬᠢ ᠠᠩᠬᠠᠳᠠᠭ᠍ᠴᠢ ᠮᠣᠷᠢᠲᠤ ᠴᠡᠷᠢᠭ᠎ᠢᠶᠡᠷ ᠰᠡᠳᠦᠪᠯᠡᠭᠰᠡᠨ ᠲᠣᠮᠣ᠌ ᠬᠡᠯᠪᠡᠷᠢ᠎ᠶᠢᠨ ᠤᠤᠭᠠᠯ ᠪᠥᠵᠢᠭᠲᠦ ᠵᠦᠴᠦᠭᠡ ᠶᠤᠮ᠂ ᠠᠷᠪᠠᠨ ᠵᠢᠷᠭᠤᠳᠤᠭᠠᠷ ᠬᠤᠭᠤᠴᠠᠭᠠᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ 《ᠲᠠᠪᠤᠨ ᠨᠢᠭᠡ᠎ᠶᠢᠨ ᠢᠨᠵᠧᠨᠧᠷᠢᠩ》 ᠤ᠋ᠨ ᠱᠠᠩᠨᠠᠯ᠂ ᠠᠷᠪᠠᠨ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠰᠣᠶᠣᠯ ᠤᠷᠠᠯᠢᠭ᠋᠎ᠤᠨ ᠵᠠᠰᠠᠭ᠎ᠤᠨ ᠣᠷᠳᠣᠨ᠎ᠤ ᠱᠠᠩᠨᠠᠯ ︱ ᠸᠸᠨ ᠬᠤᠸᠠ ᠱᠠᠩᠨᠠᠯ᠂ ᠠᠷᠪᠠᠨ ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬᠤ᠎ᠠ ᠱᠠᠩᠨᠠᠯ》 ᠵᠡᠷᠭᠡ ᠣᠯᠠᠨ ᠱᠠᠩᠨᠠᠯ᠎ᠢ ᠭᠥᠷᠳᠡᠵᠠᠢ᠃ ᠥᠪᠡᠷᠲᠡᠭᠡᠨ ᠵᠠᠰᠠᠬᠤ ᠣᠷᠣᠨ᠎ᠤ 《ᠡᠷᠬᠢᠮᠰᠦᠭ ᠤᠷᠠᠯᠢᠭ᠋᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ》 ᠰᠢᠷᠢᠰ ᠠᠵᠢᠯᠯᠠᠭ᠎ᠠ᠎ᠶᠢᠨ ᠨᠢᠭᠡ ᠪᠠᠢᠵᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠬᠤ ᠠᠮᠢᠳᠤᠯᠢᠭ᠋ ᠵᠢᠭᠠᠬᠤ ᠮᠠᠲᠧᠷᠢᠶᠠᠯ ᠪᠣᠯᠣᠨ᠎ᠠ᠂ 2023 ᠣᠨ᠎ᠡᠴᠠ ᠨᠠᠭᠠᠰᠢ᠂ ᠣᠷᠣᠨ᠎ᠤ ᠳᠣᠲᠣᠨ᠎ᠠ ᠭᠠᠳᠠᠨᠠᠬᠢ ᠨᠡᠶ᠋ᠢᠲᠡ 40 ᠭᠠᠷᠤᠢ ᠶᠡᠬᠡ ᠳᠡᠭᠡᠳᠦ ᠰᠤᠷᠭᠠᠭᠤᠯᠢ᠎ᠳᠤ ᠲᠣᠭᠯᠠᠵᠤ᠂ ᠤᠮᠠᠷᠠᠲᠤ᠎ᠶᠢᠨ ᠰᠣᠶᠣᠯ᠎ᠤᠨ ᠤᠷᠠᠯᠢᠭ᠋᠎ᠤᠨ ᠷᠢᠳᠢ ᠰᠢᠳᠢ᠎ᠶᠢ ᠭᠦᠢᠴᠡᠳ ᠢᠯᠡᠷᠡᠭᠦᠯᠵᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号