ᠲᠤᠮᠳᠠᠳᠤ ᠵᠢᠨ ᠦᠨᠳᠦᠰᠦᠳᠡᠨᠤ ᠬᠠᠮᠳᠤ ᠵᠢᠨ ᠴᠤᠭᠴᠠ ᠵᠢᠨ ᠤᠬᠠᠮᠰᠠᠷᠢ ᠪᠠᠳᠤ ᠴᠤᠭᠴᠠᠯᠠᠬᠤ ᠬᠦᠮᠦᠵᠢᠯ ᠦᠢᠯᠡᠳᠦᠯᠭᠡ ᠵᠢᠨ ᠠᠵᠢᠯᠯᠠᠭ᠎ᠠ ᠵᠢ ᠬᠦᠨᠵᠡᠭᠡᠢᠷᠡᠬᠦᠯᠬᠦ ᠳ᠋ᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷᠢ ᠪᠠᠳᠤ ᠴᠤᠭᠴᠠᠯᠠᠬᠤ ᠲᠡᠦᠬᠡ ᠶ᠋ᠢᠨ ᠵᠠᠢᠯᠠᠰᠢ ᠦᠭᠡᠢ ᠴᠢᠨᠠᠷ᠂ ᠪᠣᠳᠠᠲᠤ ᠠᠬᠤᠢᠴᠢ ᠴᠢᠨᠠᠷ ᠪᠣᠯᠣᠨ ᠲᠤᠯᠭᠠᠮ ᠴᠢᠨᠠᠷ ᠢ᠋ ᠭᠦᠨᠵᠡᠭᠡᠢ ᠶᠠᠷᠢᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠤ᠋ᠨ ᠠᠭᠤᠯᠬᠤᠨ ᠪᠠ ᠦᠢᠯᠡᠳᠦᠯᠭᠡᠵᠢᠬᠦ ᠠᠷᠭ᠎ᠠ ᠵᠠᠮ ᠢ᠋ ᠤᠨᠤᠪᠴᠢᠳᠠᠢ ᠲᠠᠢᠯᠪᠤᠷᠢᠯᠠᠬᠤ ᠬᠡᠷᠡᠭᠳᠡᠢ᠃
ᠨᠢᠭᠡ ᠳ᠋ᠤ᠂ ᠮᠠᠨᠤ ᠤᠯᠤᠰᠤᠨ ᠡᠯ᠎ᠡ ᠦᠨᠳᠦᠰᠦᠲᠡᠨ ᠨᠤᠬᠦᠳ ᠨᠢᠭᠡᠳᠦᠭᠰᠡᠨ ᠠᠭᠤᠤ ᠶᠡᠬᠡ ᠡᠬᠡ ᠤᠯᠤᠰ ᠢ᠋ ᠬᠠᠮᠲᠤ ᠪᠠᠷ ᠴᠣᠭᠴᠠᠯᠠᠨ ᠪᠠᠢᠭᠤᠯᠵᠤ ᠬᠥᠭᠵᠢᠭᠦᠯᠵᠦ ᠪᠡᠬᠢᠵᠢᠭᠦᠯᠦᠭᠰᠡᠨ ᠭᠡᠳᠡᠭ ᠢ᠋ ᠦᠷᠭᠡᠨ ᠬᠦᠨᠵᠡᠭᠡᠢ ᠤᠬᠠᠭᠤᠯᠤᠨ ᠰᠤᠷᠳᠠᠯᠴᠢᠯᠠᠬᠤ ᠬᠡᠷᠡᠭᠳᠡᠢ᠃ ᠮᠠᠨ ᠤ᠋ ᠤᠯᠤᠰ ᠪᠣᠯ ᠤᠯᠠᠨ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠪᠤᠯᠬᠤ ᠡᠨᠡ ᠬᠦ᠌ ᠤᠯᠤᠰ ᠤ᠋ᠨ ᠦᠨᠳᠦᠰᠦᠨ ᠪᠠᠢᠳᠠᠯ ᠢ᠋ ᠢᠮᠠᠭᠲᠠ ᠪᠠᠲᠤ ᠴᠡᠭᠡᠵᠢᠯᠡᠵᠦ᠂ ᠦᠨᠳᠦᠰᠦᠲᠡᠨ ᠨᠤᠬᠦᠳᠤᠨ ᠤᠯᠠᠨ ᠲᠦᠮᠡᠨ᠂ ᠬᠡᠦᠭᠡᠳ ᠪᠠᠭᠠᠴᠤᠳ ᠰᠤᠷᠤᠬ᠍ᠴᠢ ᠤᠶᠤᠳᠠᠨ ᠵᠠᠯᠠᠭᠤᠴᠤᠳᠢ ᠬᠥᠲᠥᠯᠥᠨ ᠵᠢᠯᠤᠭᠣᠳᠴᠤ ᠵᠥᠪ ᠤᠯᠤᠰ ᠤ᠋ᠨ ᠦᠵᠡᠯᠲᠡ᠂ ᠵᠥᠪ ᠦᠨᠳᠦᠰᠦᠲᠡᠨ ᠤ᠋ ᠦᠵᠡᠯᠲᠡ᠂ ᠵᠥᠪ ᠰᠣᠶᠣᠯ ᠤ᠋ᠨ ᠦᠵᠡᠯᠲᠡ᠂ ᠵᠥᠪ ᠲᠡᠦᠬᠡ ᠶ᠋ᠢᠨ ᠦᠵᠡᠯᠲᠡ ᠶ᠋ᠢ ᠪᠤᠢ ᠪᠤᠯᠭᠠᠵᠤ᠂ ᠦᠨᠳᠦᠰᠦᠲᠡᠨ ᠤ᠋ ᠪᠦᠯᠬᠦᠮᠳᠡᠯ ᠪᠠ ᠤᠯᠤᠰ ᠣᠷᠣᠨ ᠤ᠋ ᠨᠢᠭᠡᠳᠦᠯ ᠢ᠋ ᠬᠠᠮᠠᠭᠠᠯᠠᠬᠤ ᠶ᠋ᠢ ᠡᠯ᠎ᠡ ᠦᠨᠳᠦᠰᠦᠲᠡᠨ ᠤ᠋ ᠬᠠᠮᠤᠭ ᠤ᠋ᠨ ᠳᠡᠭᠡᠳᠦ ᠠᠰᠢᠭ᠋ ᠲᠤᠰᠠ ᠪᠤᠯᠭᠠᠬᠤ ᠶ᠋ᠢ ᠪᠠᠷᠢᠮᠲᠠᠯᠠᠪᠠᠯ ᠰᠠᠶᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠳᠠᠰᠤᠷᠠᠯᠳᠠ ᠦᠭᠡᠢ ᠪᠠᠳᠤ ᠴᠤᠭᠴᠠᠯᠠᠵᠤ ᠴᠢᠳᠠᠨ᠎ᠠ᠃ ᠦᠨᠳᠦᠰᠦᠲᠡᠨ ᠨᠤᠬᠦᠳᠤᠨ ᠤᠯᠠᠨ ᠲᠦᠮᠡᠨ᠂ ᠬᠡᠦᠭᠡᠳ ᠪᠠᠭᠠᠴᠤᠳ ᠰᠤᠷᠤᠭᠴᠢ ᠤᠶᠤᠳᠠᠨ ᠵᠠᠯᠠᠭᠤᠴᠤᠳᠤᠨ ᠠᠭᠤᠤ ᠶᠡᠬᠡ ᠡᠬᠡ ᠣᠷᠣᠨ᠂ ᠳᠤᠮᠳᠠᠳᠤ ᠶ᠋ᠢᠨ ᠦᠨᠳᠦᠰᠦᠲᠡᠨ᠂ ᠳᠤᠮᠳᠠᠳᠤ ᠶ᠋ᠢᠨ ᠰᠣᠶᠣᠯ᠂ ᠳᠤᠮᠳᠠᠳᠤ ᠤᠯᠤᠰ ᠤ᠋ᠨ ᠡᠪ ᠬᠠᠮᠲᠤ ᠨᠠᠮ᠂ ᠳᠤᠮᠳᠠᠳᠤ ᠤᠯᠤᠰ ᠤ᠋ᠨ ᠣᠨᠴᠠᠯᠢᠭ᠋ ᠪᠦᠬᠦᠢ ᠨᠡᠢᠭᠡᠮ ᠵᠢᠷᠤᠮᠤᠨ ᠲᠤᠬᠠᠢ ᠲᠠᠨᠢᠨ ᠮᠡᠳᠡᠷᠡᠬᠦᠢ ᠶ᠋ᠢ ᠳᠠᠰᠤᠷᠠᠯᠳᠠ ᠦᠭᠡᠢ ᠨᠡᠮᠡᠭᠳᠡᠬᠦᠯᠵᠦ᠂ ᠭᠠᠭᠴᠠ ᠬᠦ᠌ ᠳᠤᠮᠳᠠᠳᠤ ᠤᠯᠤᠰ ᠤ᠋ᠨ ᠡᠪ ᠬᠠᠮᠲᠤ ᠨᠠᠮ ᠰᠠᠶᠢ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠭᠡ ᠰᠡᠷᠬᠦᠨ ᠮᠠᠨᠳᠤᠯᠳᠠ ᠵᠢ ᠪᠡᠶᠡᠯᠡᠭᠦᠯᠵᠦ ᠴᠢᠳᠠᠨ᠎ᠠ᠂ ᠭᠠᠭᠴᠠ ᠬᠦ᠌ ᠳᠤᠮᠳᠠᠳᠤ ᠤᠯᠤᠰ ᠤ᠋ᠨ ᠣᠨᠴᠠᠯᠢᠭ᠋ ᠪᠦᠬᠦᠢ ᠨᠡᠢᠭᠡᠮ ᠵᠢᠷᠤᠮ ᠰᠠᠶᠢ ᠡᠯ᠎ᠡ ᠦᠨᠳᠦᠰᠦᠲᠡᠨ ᠢ᠋ ᠨᠢᠭ᠍ᠲᠠᠷᠠᠭᠤᠯᠵᠤ᠂ ᠡᠯ᠎ᠡ ᠦᠨᠳᠦᠰᠦᠲᠡᠨ ᠢ᠋ ᠬᠥᠭᠵᠢᠭᠦᠯᠵᠦ᠂ ᠡᠯ᠎ᠡ ᠦᠨᠳᠦᠰᠦᠲᠡᠨ ᠢ᠋ ᠴᠡᠴᠡᠭᠯᠡᠭᠦᠯᠵᠦ ᠴᠢᠳᠠᠨ᠎ᠠ ᠬᠡᠬᠦ ᠶᠣᠰᠣᠨ ᠢ᠋ ᠤᠢᠯᠠᠭᠠᠭᠤᠯᠪᠠᠯ ᠰᠠᠶᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠳᠠᠰᠤᠷᠠᠯᠳᠠ ᠦᠭᠡᠢ ᠪᠠᠲᠤ ᠴᠤᠬᠴᠠᠯᠠᠵᠤ ᠴᠢᠳᠠᠨ᠎ᠠ᠃
ᠬᠤᠶᠠᠷ ᠲᠸ᠋᠂ ᠳᠤᠮᠳᠠᠳᠤ ᠶ᠋ᠢᠨ ᠦᠨᠳᠦᠰᠦᠲᠡᠨ ᠪᠤᠯ ᠤᠯᠠᠨ ᠡᠰᠢᠲᠦ ᠨᠢᠭᠡ ᠴᠣᠭᠴᠠ ᠪᠦᠬᠦᠢ ᠬᠠᠮᠳᠤ ᠵᠢᠨ ᠲᠠᠨᠢᠯᠲᠠ ᠶ᠋ᠢ ᠴᠢᠨᠠᠭᠰᠢᠳᠠ ᠬᠦᠨᠵᠡᠭᠡᠢᠷᠡᠬᠦᠯᠬᠦ ᠬᠡᠷᠡᠭᠳᠡᠢ᠃ 《ᠮᠠᠨ ᠤ᠋ ᠭᠡᠷᠡᠯ ᠰᠠᠴᠤᠷᠠᠩᠭᠤᠢ ᠰᠣᠶᠣᠯ ᠢ᠋ ᠪᠤᠯ ᠡᠯ᠎ᠡ ᠦᠨᠳᠦᠰᠦᠲᠡᠨ ᠬᠠᠮᠲᠤ ᠪᠠᠷ ᠡᠬᠦᠳᠦᠨ ᠪᠦᠲᠦᠭᠡᠭᠰᠡᠨ ᠶᠤᠮ》᠂ 《ᠡᠯ᠎ᠡ ᠦᠨᠳᠦᠰᠦᠲᠡᠨ ᠪᠦᠯᠬᠦᠮᠳᠡᠨ ᠠᠭᠤᠰᠤᠯᠴᠠᠵᠤ᠂ ᠤᠯᠠᠨ ᠡᠰᠢᠳᠤ ᠨᠢᠭᠡ ᠴᠣᠭᠴᠠ ᠪᠣᠯᠤᠭᠰᠠᠨ ᠤ᠋ ᠰᠢᠯᠲᠠᠭᠠᠨ ᠨᠢ ᠡᠯ᠎ᠡ ᠦᠨᠳᠦᠰᠦᠲᠡᠨ ᠨᠤᠬᠦᠳ ᠰᠣᠶᠣᠯ ᠤ᠋ᠨ ᠲᠠᠯ᠎ᠠ ᠪᠠᠷ ᠬᠠᠷᠢᠯᠴᠠᠨ ᠪᠠᠭᠲᠠᠭᠠᠵᠤ᠂ ᠠᠵᠤ ᠠᠬᠤᠢ ᠶ᠋ᠢᠨ ᠲᠠᠯ᠎ᠠ ᠪᠠᠷ ᠬᠠᠷᠢᠯᠴᠠᠨ ᠲᠦᠰᠢᠯᠴᠡᠵᠦ᠂ ᠬᠠᠢᠷ᠎ᠠ ᠰᠡᠳᠬᠢᠯᠭᠡ ᠶ᠋ᠢᠨ ᠲᠠᠯ᠎ᠠ ᠪᠠᠷ ᠬᠠᠷᠢᠯᠴᠠᠨ ᠳᠣᠲᠣᠨᠣᠰᠢᠭ᠍ᠰᠠᠨ ᠠ᠋ᠴᠠ ᠢᠷᠡᠯ ᠲᠠᠢ᠂ ᠳᠤᠮᠳᠠᠳᠤ ᠶ᠋ᠢᠨ ᠦᠨᠳᠦᠰᠦᠲᠡᠨ ᠤ᠋ ᠪᠦᠯᠬᠦᠮᠳᠡᠯ ᠨᠢᠭᠡᠳᠦᠯ ᠢ᠋ ᠡᠷᠬᠢᠮᠯᠡᠬᠦ ᠳᠣᠲᠣᠭᠠᠳᠤ ᠬᠥᠳᠡᠯᠭᠡᠭᠴᠢ ᠬᠦᠴᠦᠨ ᠠ᠋ᠴᠠ ᠡᠭᠦᠰᠦᠯ ᠳᠠᠢ ᠶᠤᠮ》 ᠭᠡᠳᠡᠭᠢ᠋ ᠡᠯ᠎ᠡ ᠲᠠᠯ᠎ᠠ ᠵᠢᠨ ᠡᠯ᠎ᠡ ᠵᠦᠢᠯ ᠤ᠋ᠨ ᠬᠦᠮᠦᠵᠢᠯ ᠦᠢᠯᠡᠳᠦᠯᠭᠡ᠂ ᠢᠯᠠᠩᠭᠤᠶ᠎ᠠ ᠢᠷᠡᠭᠡᠳᠦᠢ ᠵᠢᠨ ᠡᠵᠡᠨᠳᠡᠨ — ᠬᠡᠦᠭᠡᠳ ᠪᠠᠭᠠᠴᠤᠳ ᠤᠶᠤᠳᠠᠨ ᠵᠠᠯᠠᠭᠤᠴᠤᠳᠤᠨ ᠬᠦᠮᠦᠵᠢᠯ ᠦᠢᠯᠡᠳᠦᠯᠭᠡ ᠳ᠋ᠤ ᠠᠭᠤᠰᠬᠠᠵᠤ᠂ ᠰᠢᠨ᠎ᠡ ᠴᠠᠭ ᠦᠶ᠎ᠡ ᠶ᠋ᠢᠨ ᠨᠡᠢᠭᠡᠮ ᠵᠢᠷᠤᠮ ᠤ᠋ᠨ ᠭᠣᠣᠯᠯᠠᠭᠴᠢ ᠦᠷᠳᠡᠭ ᠤ᠋ᠨ ᠦᠵᠡᠯᠲᠡ ᠵᠢ ᠬᠦᠮᠦᠵᠢᠬᠦᠯᠵᠦ᠂ ᠰᠦᠭ ᠰᠦᠨᠡᠰᠦ ᠵᠢ ᠱᠤᠭᠤᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠳᠤ ᠵᠢᠨ ᠴᠤᠭᠴᠠ ᠵᠢ ᠪᠠᠳᠤ ᠴᠤᠭᠴᠠᠯᠠᠬᠤ ᠦᠵᠡᠯ ᠰᠠᠨᠠᠭᠠᠨᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠬᠦᠯᠬᠦ ᠬᠡᠷᠡᠭᠳᠡᠢ᠃
ᠭᠤᠷᠪᠠ ᠳ᠋ᠤ᠂ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠵᠣᠷᠢᠭ᠋ ᠰᠠᠨᠠᠭ᠎ᠠ ᠶ᠋ᠢ ᠡᠯ᠎ᠡ ᠦᠨᠳᠦᠰᠦᠲᠡᠨ ᠬᠠᠮᠲᠤ ᠪᠠᠷ ᠪᠣᠢᠵᠢᠭᠤᠯᠤᠭᠰᠠᠨ ᠭᠡᠳᠡᠭᠢ ᠦᠷᠭᠡᠨ ᠵᠢᠡᠷ ᠤᠬᠠᠭᠤᠯᠤᠨ ᠲᠠᠨᠢᠭᠤᠯᠬᠤ ᠬᠡᠷᠡᠭᠳᠡᠢ᠃ ᠲᠠᠷᠢᠶᠠᠯᠠᠬᠤ ᠪᠣᠯᠪᠠᠰᠤᠨ ᠤ᠋ ᠠᠵᠢᠯᠴᠢ ᠪᠣᠷᠣᠭᠵᠢᠭᠤᠨ᠂ ᠶᠣᠰᠣ᠌ ᠵᠢᠷᠤᠮ ᠢ᠋ ᠬᠦᠨᠳᠦᠳᠬᠡᠨ ᠳᠡᠭᠡᠳᠦᠯᠡᠬᠦ᠂ ᠨᠡᠭᠦᠳᠡᠯ ᠮᠠᠯᠵᠢᠯ ᠤ᠋ᠨ ᠪᠣᠯᠪᠠᠰᠤᠨ ᠤ᠋ ᠣᠷᠭᠢᠯᠤᠮ᠎ᠠ ᠬᠠᠯᠠᠭᠤᠨ ᠡᠷᠡᠯᠬᠡᠭ ᠪᠠᠭᠠᠲᠤᠷᠯᠢᠭ᠋᠂ ᠳᠠᠯᠠᠢ ᠲᠠᠩᠭᠢᠰ ᠤ᠋ᠨ ᠪᠣᠯᠪᠠᠰᠤᠨ ᠤ᠋ ᠠᠭᠤᠵᠢᠮ ᠪᠠᠭᠲᠠᠭᠠᠮᠵᠢᠲᠠᠢ᠂ ᠵᠣᠷᠢᠭ᠍ᠲᠠᠢ ᠪᠠᠷ ᠲᠡᠮᠡᠴᠡᠵᠦ ᠵᠠᠪᠠᠯ ᠢᠯᠠᠬᠤ ᠵᠡᠷᠭᠡ ᠨᠢ ᠳᠤᠮᠳᠠᠳᠤ ᠶ᠋ᠢᠨ ᠦᠨᠳᠦᠰᠦᠲᠡᠨ ᠤ᠋ ᠥᠪᠡᠷᠮᠢᠴᠡ ᠴᠢᠨᠠᠷ ᠪᠠ ᠲᠥᠷᠥᠯᠬᠢ ᠠᠪᠢᠶᠠᠰ ᠲᠤ᠌ ᠳᠠᠰᠤᠷᠠᠯᠳᠠ ᠦᠭᠡᠢ ᠨᠠᠪᠴᠢᠵᠦ᠂ ᠤᠯᠤᠰ ᠵᠢᠡᠨ ᠬᠠᠢᠷᠠᠯᠠᠬᠤ ᠦᠵᠡᠯ ᠢ᠋ᠶ᠋ᠠᠷ ᠭᠣᠣᠯ ᠪᠤᠯᠭᠠᠬ᠍ᠰᠠᠨ ᠠᠭᠤᠤ ᠶᠡᠬᠡ ᠦᠨᠳᠦᠰᠦᠲᠡᠨ ᠤ᠋ ᠵᠣᠷᠢᠭ᠋ ᠰᠠᠨᠠᠭ᠎ᠠ ᠶ᠋ᠢ ᠬᠠᠮᠲᠤ ᠪᠠᠷ ᠴᠣᠭᠴᠠᠯᠠᠭᠰᠠᠨ ᠶᠤᠮ᠃ ᠡᠨᠡ ᠨᠢ ᠬᠡᠦᠭᠡᠳ ᠪᠠᠭᠠᠴᠤᠳ ᠰᠤᠷᠤᠭᠴᠢ ᠤᠶᠤᠳᠠᠨ ᠵᠢᠴᠢ ᠤᠯᠠᠨ ᠲᠦᠮᠡᠨᠤ ᠵᠥᠪ ᠦᠨᠳᠦᠰᠦᠲᠡᠨ ᠤ᠋ ᠦᠵᠡᠯᠲᠡ ᠶ᠋ᠢ ᠪᠤᠢ ᠪᠤᠯᠭᠠᠬᠤ ᠳ᠋ᠤ᠌ ᠮᠠᠰᠢ ᠴᠢᠬᠤᠯᠠ ᠦᠢᠯᠡᠳᠦᠯ ᠳᠠᠢ᠃ ᠳᠡᠢᠮᠤ ᠠ᠋ᠴᠠ ᠪᠦᠭᠦ ᠲᠠᠯ᠎ᠠ ᠪᠠᠷ ᠬᠥᠮᠥᠨ ᠢ᠋ ᠬᠥᠮᠥᠵᠢᠭᠦᠯᠬᠦ ᠶᠠᠪᠤᠴᠠ ᠳ᠋ᠤ ᠳᠤᠮᠳᠠᠳᠤ ᠶ᠋ᠢᠨ ᠦᠨᠳᠦᠰᠦᠲᠡᠨ ᠤ᠋ ᠰᠢᠯᠢᠳᠡᠭ ᠦᠯᠢᠭᠡᠷ ᠢ᠋ ᠤᠯᠠᠮᠵᠢᠯᠠᠨ ᠶᠠᠷᠢᠬᠤ ᠶ᠋ᠢ ᠴᠢᠬᠤᠯᠠᠴᠢᠯᠠᠪᠠᠯ ᠵᠤᠬᠢᠨ᠎ᠠ᠃ ᠵᠢᠱ᠌ᠢᠶᠡᠯᠡᠪᠡᠯ᠂ ᠵᠤᠤ ᠵᠢᠶᠦ᠋ᠨ ᠪᠣᠭᠣᠮᠲᠠ ᠵᠢᠨ ᠭᠠᠳᠠᠨ᠎ᠠ ᠮᠤᠷᠳᠠᠭᠰᠠᠨ᠂ ᠸᠸᠨ ᠴᠧᠩ ᠭᠦᠩᠵᠦ ᠲᠥᠪᠡᠳ ᠲᠤ᠌ ᠬᠦᠷᠦᠭᠰᠡᠨ᠂ ᠯᠢᠶᠠᠩᠵᠸᠤ ᠵᠢᠨ ᠴᠢᠭᠤᠯᠭᠠᠨ᠂ ᠸᠠ ᠣᠪᠣᠭᠲᠤ ᠬᠠᠲᠤᠭᠲᠠᠢ ᠫᠠᠭᠳᠠᠭᠠᠷ ᠳᠡᠭᠡᠷᠡᠮ ᠢ᠋ ᠡᠰᠡᠷᠭᠦᠴᠡᠭᠰᠡᠨ᠂ ᠲᠣᠷᠭᠤᠳᠴᠤᠳ ᠲᠤᠷᠤᠨᠠᠰᠢ ᠪᠤᠴᠠᠭᠰᠠᠨ᠂ ᠰᠢᠪᠡᠭᠡ ᠦᠨᠳᠦᠰᠦᠲᠡᠨ ᠬᠢᠯᠢ ᠬᠢᠵᠠᠭᠠᠷᠢ ᠰᠠᠬᠢᠨ ᠬᠠᠮᠠᠭᠠᠯᠠᠭᠰᠠᠨ ᠵᠡᠷᠭᠡ ᠲᠡᠦᠬᠡ ᠶ᠋ᠢᠨ ᠳᠠᠭᠤᠷᠢᠰᠬᠠᠯᠲᠠᠢ ᠶᠠᠷᠢᠶ᠎ᠠ ᠲᠤᠭᠠᠯᠠᠰᠢ ᠦᠭᠡᠢ ᠤᠯᠠᠨ ᠪᠤᠢ᠃
ᠰᠣᠶᠣᠯ ᠤ᠋ᠨ ᠲᠠᠨᠢᠨ ᠮᠡᠳᠡᠷᠡᠬᠦᠢ ᠪᠣᠯ ᠬᠠᠮᠤᠭᠤᠨ ᠭᠦᠨ ᠳᠠᠪᠬᠤᠷᠭ᠎ᠠ ᠶ᠋ᠢᠨ ᠲᠠᠨᠢᠨ ᠮᠡᠳᠡᠷᠡᠬᠦᠢ ᠮᠥᠨ᠂ ᠦᠨᠳᠦᠰᠦᠲᠡᠨ ᠤ᠋ ᠪᠦᠯᠬᠦᠮᠳᠡᠯ ᠤ᠋ᠨ ᠦᠨᠳᠦᠰᠦ᠂ ᠦᠨᠳᠦᠰᠦᠲᠡᠨ ᠡᠶ᠎ᠡ ᠵᠤᠬᠢᠴᠠᠩᠭᠤᠢ ᠪᠠᠢᠬᠤ ᠵᠢᠨ ᠰᠦᠭ ᠰᠦᠨᠡᠰᠦ ᠮᠥᠨ᠃ ᠭᠠᠭᠴᠠᠬᠦ ᠤᠯᠠᠨ ᠲᠦᠮᠡᠨᠤ ᠵᠥᠪ ᠤᠯᠤᠰ ᠤ᠋ᠨ ᠦᠵᠡᠯᠲᠡ᠂ ᠵᠥᠪ ᠦᠨᠳᠦᠰᠦᠲᠡᠨ ᠤ᠋ ᠦᠵᠡᠯᠲᠡ᠂ ᠵᠥᠪ ᠰᠣᠶᠣᠯ ᠤ᠋ᠨ ᠦᠵᠡᠯᠲᠡ ᠶ᠋ᠢ ᠬᠥᠮᠥᠵᠢᠭᠦᠯᠵᠦ ᠴᠢᠳᠠᠪᠠᠯ ᠰᠠᠶᠢ ᠳᠤᠮᠳᠠᠳᠤ ᠶ᠋ᠢᠨ ᠰᠣᠶᠣᠯ ᠤᠨ ᠲᠠᠨᠢᠨ ᠮᠡᠳᠡᠷᠡᠬᠦᠢ ᠶ᠋ᠢ ᠳᠠᠰᠤᠷᠠᠯᠳᠠ ᠦᠭᠡᠢ ᠴᠢᠩᠭᠠᠳᠬᠠᠵᠤ᠂ ᠲᠤᠮᠳᠠᠳᠤ ᠵᠢᠨ ᠦᠨᠳᠦᠰᠦᠳᠡᠨᠤ ᠬᠠᠮᠳᠤ ᠵᠢᠨ ᠴᠤᠭᠴᠠ ᠵᠢᠨ ᠤᠬᠠᠮᠰᠠᠷᠢ ᠨᠡᠩ ᠪᠠᠳᠤ ᠴᠤᠭᠴᠠᠯᠠᠵᠤ ᠴᠢᠳᠠᠨ᠎ᠠ᠃