ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ 9235 ᠬᠤᠪᠢ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠨᠢᠭᠡᠳᠦᠯᠲᠡᠶ ᠲᠤᠱᠢᠶᠠᠨ ᠬᠦᠢᠴᠡᠳᠬᠡᠬᠦᠯᠪᠡ
2024-04-07 16:53:12
ᠵᠣᠬᠢᠶᠠᠭ᠍ᠴᠢ᠄
ᠱᠢᠶᠦ᠋ᠩ ᠹᠸᠩ
ᠣᠩᠱᠢᠭ᠍ᠰᠠᠨ ᠣᠳᠠᠭ᠎ᠠ᠄
★★★☆☆

ᠭᠤᠤᠯᠳᠠᠯᠭ᠎ᠠ᠎ᠲᠠᠶ ᠱᠠᠯᠠᠪᠳᠠᠨ ᠬᠦᠢᠴᠡᠳᠬᠡᠬᠦᠯᠬᠦ  20 ᠰᠠᠨᠠᠭᠤᠯᠭ᠎ᠠ᠎ᠶ᠋ᠢ ᠲᠣᠭ᠍ᠲᠠᠭᠠᠵᠠᠢ

ᠰᠤᠷᠪᠤᠯᠵᠢᠯᠠᠭ᠍ᠴᠢ 1 ᠤ᠋ ᠡᠳᠦᠷ ᠪᠡᠭᠡᠵᠢᠩ᠎ᠳᠦ ᠬᠤᠷᠠᠯᠳᠤᠭᠤᠯᠤᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠲᠤᠱᠢᠶᠠᠨ ᠬᠦᠢᠴᠡᠳᠬᠡᠬᠦᠯᠬᠦ ᠬᠤᠷᠠᠯ᠎ᠡᠴᠡ ᠣᠢᠯᠠᠭᠠᠭ᠍ᠰᠠᠨ᠎ᠢᠶᠠᠷ ᠂ ᠡᠨᠡ ᠵᠢᠯ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠬᠤᠭᠤᠴᠠᠭᠠᠨ᠎ᠳᠤ ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠡᠯ᠎ᠡ ᠲᠠᠯ᠎ᠠ᠎ᠶ᠋ᠢᠨ ᠠᠵᠢᠯ᠎ᠳᠤ 9235 ᠬᠤᠪᠢ ᠰᠠᠨᠠᠭᠤᠯᠭ᠎ᠠ ᠂ ᠱᠢᠭᠦᠮᠵᠢᠯᠡᠯ ᠪᠠ ᠰᠠᠨᠠᠯ ᠳᠤᠷᠠᠳᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢᠳ᠎ᠦᠨ ᠠᠵᠢᠯ᠎ᠤᠨ ᠵᠦᠪᠯᠡᠯ ᠬᠣᠯᠪᠣᠭ᠍ᠳᠠᠯ ᠪᠦᠬᠦᠢ ᠲᠠᠯ᠎ᠠ᠎ᠲᠠᠶ ᠬᠠᠮᠲᠤᠷᠠᠨ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠬᠢᠨᠠᠮᠠᠭᠠᠢ ᠡᠮᠬᠢᠯᠡᠵᠥ ᠶᠡᠷᠦᠩᠬᠡᠢᠯᠡᠭ᠌ᠰᠡᠨ ᠵᠠᠳᠠᠯᠤᠯᠲᠠ ᠬᠢᠵᠦ᠍ ᠂ 213 ᠳᠠᠭᠠᠭᠠᠨ ᠠᠪᠴᠤ᠌ ᠬᠦᠢᠴᠡᠳᠬᠡᠬᠦ ᠨᠢᠭᠡᠴᠢ᠎ᠳᠦ ᠬᠠᠤᠯᠢ ᠶᠣᠰᠣᠭᠠᠷ ᠲᠤᠱᠢᠶᠠᠨ ᠥᠭ᠌ᠴᠦ ᠬᠦᠢᠴᠡᠳᠬᠡᠬᠦᠯᠪᠡ᠃

ᠥᠩᠭᠡᠷᠡᠭ᠌ᠰᠡᠨ ᠨᠢᠭᠡ ᠵᠢᠯ᠎ᠳᠦ ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ ᠱᠢᠶ᠋ᠳᠪᠦᠷᠢᠯᠡᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠪᠠ᠃ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ᠎ᠦᠨ ᠳᠤᠷᠠᠳᠤᠭ᠍ᠰᠠᠨ 8314 ᠬᠤᠪᠢ ᠰᠠᠨᠠᠭᠤᠯᠭ᠎ᠠ᠎ᠶ᠋ᠢ ᠪᠦᠬᠦᠨ᠎ᠢ ᠱᠢᠢᠳᠪᠦᠷᠢᠯᠡᠨ ᠳᠠᠭᠤᠰᠭᠠᠵᠤ᠂ ᠲᠥᠯᠥᠭᠡᠯᠡᠭ᠌ᠴᠢᠳ ᠱᠢᠢᠳᠪᠦᠷᠢᠯᠡᠭ᠌ᠰᠡᠨ ᠦᠷ᠎ᠡ ᠳ᠋ᠦᠩ᠎ᠳᠦ ᠶᠡᠷᠦᠩᠬᠡᠢ᠎ᠳᠡᠭᠡᠨ ᠬᠠᠨᠤᠮᠵᠢᠲᠠᠢ ᠪᠠᠢᠬᠤ᠎ᠪᠠᠨ ᠢᠯᠡᠳᠭᠡᠪᠡ᠃ ᠡᠯ᠎ᠡ ᠳᠠᠭᠠᠭᠠᠨ ᠠᠪᠴᠤ᠌ ᠬᠦᠢᠴᠡᠳᠬᠡᠬᠦ ᠨᠢᠭᠡᠴᠢ᠎ᠶ᠋ᠢᠨ ᠬᠢᠨ ᠠᠵᠢᠯ᠎ᠤᠨ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ ᠲᠥᠯᠥᠭᠡᠯᠡᠭ᠌ᠴᠢᠳ᠎ᠲᠡᠶ 《ᠪᠦᠬᠦ᠌ ᠶᠠᠪᠤᠴᠠ》᠂ 《ᠦᠨᠡᠨ ᠪᠣᠳᠠᠲᠠᠢ》 ᠤᠯᠤᠯᠴᠠᠭ᠎ᠠ᠎ᠪᠠᠨ ᠴᠢᠩᠭᠠᠳᠭᠠᠵᠤ᠂ ᠥᠭᠡᠷᠡᠴᠢᠯᠡᠯᠲᠡ ᠬᠥᠭ᠌ᠵᠢᠯᠲᠡ ᠪᠠ ᠠᠷᠠᠳ ᠤᠯᠠᠨ᠎ᠳᠤ ᠬᠣᠯᠪᠣᠭ᠍ᠳᠠᠬᠤ ᠠᠯᠢ ᠤᠯᠠᠨ ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠭᠰᠡᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃

ᠡᠨᠡ ᠵᠢᠯ᠎ᠦᠨ ᠶᠡᠬᠡ ᠬᠤᠷᠠᠯ᠎ᠤᠨ ᠬᠤᠭᠤᠴᠠᠭᠠᠨ᠎ᠳᠤ ᠂ ᠲᠥᠯᠥᠭᠡᠯᠡᠭ᠌ᠴᠢᠳ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠰᠠᠨᠠᠯ ᠰᠠᠨᠠᠭᠤᠯᠭ᠎ᠠ ᠳᠤᠷᠠᠳᠴᠠᠢ᠃ ᠣᠢᠯᠠᠭᠠᠭ᠍ᠰᠠᠨ᠎ᠢᠶᠠᠷ ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠪᠠ ᠪᠡᠶ᠎ᠡ᠎ᠶ᠋ᠢᠨ ᠲᠠᠮᠢᠷ》᠂《ᠨᠡᠢᠭᠡᠮ ᠵᠢᠴᠢ ᠣᠯᠠᠨ ᠨᠡᠢᠲᠡ᠎ᠶ᠋ᠢᠨ ᠬᠡᠷᠡᠭ ᠶᠠᠪᠤᠳᠠᠯ》᠂《ᠬᠥᠭ᠌ᠵᠢᠯᠲᠡ᠎ᠶ᠋ᠢᠨ ᠲᠥᠯᠥᠪᠵᠢᠭᠦᠯᠭᠡ ᠪᠠ ᠶᠡᠷᠦᠩᠬᠡᠢᠯᠡᠭ᠌ᠰᠡᠨ ᠠᠵᠤ ᠠᠬᠤᠶ 》 ᠵᠡᠷᠭᠡ ᠭᠤᠷᠪᠠᠨ ᠶᠡᠬᠡ ᠲᠥᠷᠥᠯ᠎ᠦᠨ ᠰᠠᠨᠠᠭᠤᠯᠭ᠎ᠠ ᠨᠡᠢᠲᠡ 4132 ᠬᠤᠪᠢ ᠪᠠᠢᠵᠤ ᠂ 44.7% ᠎ᠶ᠋ᠢ ᠡᠵᠡᠯᠡᠵᠦ᠍ ᠪᠠᠢᠨ᠎ᠠ᠃ ᠲᠥᠯᠥᠭᠡᠯᠡᠭ᠌ᠴᠢᠳ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠦᠷᠢᠯᠳᠦᠭᠦᠯᠬᠦ᠌ ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠂ ᠲᠣᠭᠠᠴᠢᠯᠠᠭ᠍ᠰᠠᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠠᠢᠭᠤᠯᠤᠮᠵᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠂ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠂ ᠨᠠᠰᠤᠵᠢᠯ᠎ᠤᠨ ᠦᠢᠯᠡᠴᠢᠯᠡᠭᠡᠨ᠎ᠦ ᠲᠣᠣᠷ᠎ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠨᠡᠯᠢᠶᠡᠳ ᠤᠯᠠᠨ ᠠᠩᠬᠠᠷᠤᠯ ᠲᠠᠯᠪᠢᠵᠤ ᠪᠠᠢᠨ᠎ᠠ ᠂ ᠡᠳᠡᠭᠡᠷ ᠰᠠᠨᠠᠭᠤᠯᠭ᠎ᠠ ᠨᠢ ᠣᠳᠣᠬᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠠᠵᠢᠯ᠎ᠲᠠᠶ ᠨᠢᠭ᠍ᠲᠠ ᠤᠶᠠᠯᠳᠤᠭᠤᠯᠵᠤ ᠂ ᠪᠠᠴᠢᠮ ᠨᠥᠬᠥᠪᠥᠷᠢᠯᠡᠬᠦ᠌ ᠴᠢᠬᠤᠯᠠᠲᠠᠢ ᠳᠤᠲᠠᠭᠤᠳᠠᠯ ᠪᠠ ᠪᠠᠭᠤᠷᠠᠢ ᠲᠠᠯ᠎ᠠ᠎ᠳᠤ ᠴᠢᠭ᠌ᠯᠡᠭᠦᠯᠵᠦ᠍ ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠪᠦᠬᠦ᠌ ᠲᠠᠯ᠎ᠠ᠎ᠳᠤ ᠬᠣᠯᠪᠣᠭ᠍ᠳᠠᠵᠤ ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠨᠠᠮ᠎ᠤᠨ ᠲᠥᠪ ᠬᠣᠷᠢᠶ᠎ᠠ ᠵᠢᠨ ᠠᠯᠬᠤᠭ᠎ᠠ᠎ᠶ᠋ᠢ ᠳᠠᠭᠠᠵᠤ ᠂ ᠰᠠᠨᠠᠭᠠᠴᠢᠯᠠᠭ᠎ᠠ᠎ᠡᠴᠡ᠎ᠪᠠᠨ ᠶᠡᠬᠡ ᠲᠠᠯ᠎ᠠ᠎ᠳᠤ ᠦᠢᠯᠡᠴᠢᠯᠡᠬᠦ᠌ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠭᠦᠷᠭᠡ ᠬᠠᠷᠢᠭᠤᠴᠠᠯᠭ᠎ᠠ᠎ᠶ᠋ᠢ ᠭᠦᠢᠴᠡᠳ ᠢᠯᠡᠷᠡᠭᠦᠯᠪᠡ᠃

ᠭᠤᠤᠯᠳᠠᠯᠭ᠎ᠠ᠎ᠲᠠᠶ ᠱᠠᠯᠠᠪᠳᠠᠨ ᠬᠦᠢᠴᠡᠳᠬᠡᠬᠦᠯᠬᠦ ᠰᠠᠨᠠᠭᠤᠯᠭ᠎ᠠ ᠪᠣᠯ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠱᠢᠶ᠋ᠳᠪᠦᠷᠢᠯᠡᠵᠦ᠍ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠦᠷᠢᠮ᠎ᠦᠨ ᠴᠢᠨᠠᠷᠲᠠᠶ ᠲᠣᠬᠢᠷᠠᠭᠤᠯᠤᠯᠲᠠ ᠮᠥᠨ᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌ ᠦᠶ᠋ᠯᠡᠳᠦᠯ᠎ᠢ ᠪᠠᠳᠠᠷᠠᠭᠤᠯᠬᠤ ᠴᠢᠬᠤᠯᠠ ᠭᠠᠷᠳᠠᠴᠠ ᠮᠥᠨ᠃ ᠲᠤᠰ ᠬᠤᠭᠤᠴᠠᠭᠠᠨ᠎ᠤ ᠪᠠᠢᠩᠭᠤ᠎ᠶ᠋ᠢᠨ ᠬᠣᠷᠢᠶ᠎ᠠ ᠭᠣᠣᠯᠳᠠᠯᠭ᠎ᠠ᠎ᠲᠠᠶ ᠱᠠᠯᠠᠪᠳᠠᠨ ᠬᠦᠢᠴᠡᠳᠬᠡᠬᠦᠯᠬᠦ ᠠᠵᠢᠯ᠎ᠢ  ᠴᠢᠨᠠᠬᠰᠢᠳᠠ ᠴᠢᠩᠭᠠᠳᠭᠠᠪᠠ᠃ ᠣᠳᠣᠬᠠᠨ᠎ᠳᠤ ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢᠳ᠎ᠦᠨ ᠠᠵᠢᠯ᠎ᠤᠨ ᠵᠦᠪᠯᠡᠯ 20 ᠭᠤᠤᠯᠳᠠᠯᠭ᠎ᠠ᠎ᠲᠠᠶ ᠱᠠᠯᠠᠪᠳᠠᠨ ᠬᠦᠢᠴᠡᠳᠬᠡᠬᠦᠯᠬᠦ ᠰᠠᠨᠠᠭᠤᠯᠭ᠎ᠠ᠎ᠶ᠋ᠢ ᠠᠩᠬ᠎ᠠ ᠠᠯᠬᠤᠮ ᠲᠣᠭ᠍ᠲᠠᠭᠠᠪᠠ᠃ ᠡᠯ᠎ᠡ ᠳᠠᠭᠠᠭᠠᠨ ᠭᠦᠢᠴᠡᠳᠭᠡᠬᠦ᠌ ᠨᠢᠭᠡᠴᠢ ᠨᠢ ᠪᠠᠰᠠ ᠲᠤᠰ ᠨᠢᠭᠡᠴᠢ᠎ᠶ᠋ᠢᠨ᠎ᠢᠶᠡᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠭᠣᠣᠯᠳᠠᠯᠭ᠎ᠠ᠎ᠲᠠᠶ᠎ᠪᠠᠨ ᠤᠶᠠᠯᠳᠤᠭᠤᠯᠤᠨ᠂ ᠶᠡᠷᠦᠩᠬᠡᠢᠯᠡᠭ᠌ᠰᠡᠨ ᠴᠢᠨᠠᠷ᠎ᠢᠶᠠᠷ ᠴᠢᠩᠭ᠎ᠠ᠂ ᠬᠣᠯᠪᠣᠭ᠍ᠳᠠᠬᠤ ᠬᠡᠪᠴᠢᠶ᠎ᠡ᠎ᠪᠡᠷ ᠥᠷᠭᠡᠨ᠂ ᠠᠰᠠᠭᠤᠳᠠᠯ᠎ᠤᠨ ᠲᠤᠰᠭᠠᠯ᠎ᠢᠶᠠᠷ ᠨᠡᠯᠢᠶᠡᠳ ᠲᠥᠪᠯᠡᠷᠡᠩᠭᠦᠶ ᠵᠠᠷᠢᠮ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠰᠣᠩᠭᠣᠨ ᠳᠣᠲᠣᠭᠠᠳᠤ᠎ᠳᠠᠭᠠᠨ ᠭᠦᠢᠴᠡᠳᠭᠡᠬᠦ᠌ ᠭᠣᠣᠯᠳᠠᠯᠭ᠎ᠠ ᠪᠣᠯᠭᠠᠵᠤ ᠂ ᠬᠠᠮᠢᠶ᠎ᠠ ᠪᠦᠬᠦᠢ ᠠᠵᠢᠯ᠎ᠢ ᠠᠬᠢᠭᠤᠯᠵᠤ ᠂ 《 ᠨᠢᠭᠡ ᠭᠣᠣᠯᠳᠠᠯᠭ᠎ᠠ᠎ᠲᠠᠶ ᠱᠠᠯᠠᠪᠳᠠᠨ ᠭᠦᠢᠴᠡᠳᠭᠡᠭᠦᠯᠬᠦ᠌ ᠰᠠᠨᠠᠭᠤᠯᠭ᠎ᠠ᠎ᠶ᠋ᠢ ᠰᠠᠢᠲᠤᠷ ᠬᠢᠪᠡᠯ ᠨᠢᠭᠡ ᠲᠠᠯ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠵᠥ᠂ ᠨᠢᠭᠡ ᠬᠦᠷᠢᠶᠡᠨ᠎ᠦ ᠠᠵᠢᠯ᠎ᠢ ᠠᠬᠢᠭᠤᠯᠵᠥ ᠴᠢᠳᠠᠬᠤ 》 ᠬᠠᠷᠠᠯᠲᠠ᠎ᠶ᠋ᠢ ᠪᠡᠶᠡᠯᠡᠭᠦᠯᠪᠡ᠃

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠯᠪᠠᠨ ᠲᠢᠩᠬᠢᠮ᠎ᠦᠨ ᠭᠤᠤᠯ ᠬᠠᠷᠢᠭᠤᠴᠠᠯᠭᠠᠲᠠᠨ ᠨᠥᠬᠥᠳ ᠬᠤᠷᠠᠯ ᠳᠡᠭᠡᠷ᠎ᠡ ᠂ ᠡᠯ᠎ᠡ ᠳᠠᠭᠠᠭᠠᠨ ᠠᠪᠴᠤ᠌ ᠬᠦᠢᠴᠡᠳᠬᠡᠬᠦ ᠨᠢᠭᠡᠴᠢ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠱᠢᠶ᠋ᠳᠪᠦᠷᠢᠯᠡᠬᠦ᠌ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠬᠢᠨᠠᠮᠠᠭᠠᠶ ᠰᠠᠢᠲᠤᠷ ᠠᠳᠭᠤᠵᠤ ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠂ ᠠᠷᠠᠳ ᠣᠯᠠᠨ᠎ᠤ ᠠᠩᠬᠠᠷᠤᠯ᠎ᠳᠤ ᠨᠠᠩ ᠰᠠᠢᠲᠤᠷ ᠬᠠᠷᠢᠭᠤᠯᠲᠠ ᠥᠭ᠌ᠬᠦ ᠬᠡᠷᠡᠭ᠌ᠲᠡᠶ᠃ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ᠌ ᠂ ᠡᠮᠬᠢ ᠵᠢᠷᠤᠮ᠎ᠲᠠᠶ ᠠᠬᠢᠭᠤᠯᠵᠤ᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠢ ᠴᠠᠭ ᠲᠤᠬᠠᠢ᠎ᠳᠤᠨᠢ ᠪᠡᠶᠡᠯᠡᠭᠦᠯᠬᠦ᠌ ᠬᠡᠷᠡᠭ᠌ᠲᠡᠢ;ᠤᠯᠤᠯᠴᠠᠭ᠎ᠠ ᠬᠠᠷᠢᠯᠴᠠᠭ᠎ᠠ᠎ᠪᠠᠨ ᠭᠦᠨᠵᠡᠭᠡᠢᠷᠡᠭᠦᠯᠵᠦ᠍ ᠂  ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠬᠡᠷᠡᠭᠳᠡᠢ;ᠦᠷ᠎ᠡ ᠪᠦᠲᠦᠮᠵᠢ᠎ᠶ᠋ᠢ ᠮᠥᠷᠳᠡᠨ ᠠᠰᠠᠭᠤᠬᠤ᠎ᠶ᠋ᠢ ᠴᠢᠩᠭᠠᠳᠭᠠᠵᠤ ᠂ ᠱᠢᠶ᠋ᠳᠪᠦᠷᠢᠯᠡᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠬᠡᠷᠡᠭᠳᠡᠢ; ᠲᠥᠯᠥᠭᠡᠯᠡᠭ᠌ᠴᠢᠳ᠎ᠦᠨ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠤᠨ ᠬᠡᠷᠡᠭ᠌ᠯᠡᠯᠲᠡ ᠳᠡᠯᠭᠡᠷᠡᠭᠦᠯᠦᠯᠲᠡ᠎ᠶ᠋ᠢ ᠴᠢᠩᠭᠠᠳᠭᠠᠵᠤ ᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ  ᠬᠡᠷᠡᠭᠳᠡᠢ  ᠬᠡᠵᠥ  ᠢᠯᠡᠳᠬᠡᠪᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号