ᠬᠤᠸᠠᠷ ᠫᠤᠤᠵᠢᠩ ᠠᠪᠴᠤ ᠭᠠᠯᠲᠤ ᠲᠡᠷᠭᠡᠨ᠎ᠳᠦ ᠰᠠᠭᠤᠬᠤ ᠬᠡᠳ ᠰᠢᠢᠳᠭᠡᠭᠳᠡᠪᠡ
2024-04-08 11:17:53
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 11᠎ᠤ᠋ ᠡᠳᠦᠷ᠂ ᠨᠢᠭᠡᠨ ᠠᠶᠠᠨᠴᠢᠨ ᠬᠠᠤᠯᠢ ᠪᠤᠰᠤ ᠪᠠᠷ ᠬᠤᠸᠠᠷ ᠫᠤᠤᠵᠢᠩ ᠠᠪᠴᠤ ᠭᠠᠯᠲᠤ ᠲᠡᠷᠭᠡᠨ᠎ᠳᠦ ᠰᠠᠭᠤᠬᠤ᠎ᠪᠠᠷ ᠪᠡᠯᠡᠳᠬᠡᠵᠦ᠂ ᠬᠥᠬᠡᠬᠣᠲᠠ᠎ᠶᠢᠨ ᠲᠡᠮᠦᠷ ᠵᠠᠮ᠎ᠤᠨ ᠴᠠᠭᠳᠠᠭᠠᠨ᠎ᠤ ᠲᠠᠯ᠎ᠠ᠎ᠶᠢᠨ ᠬᠢᠨ᠎ᠳᠦ ᠬᠠᠤᠯᠢ ᠶᠣᠰᠣᠭᠠᠷ ᠰᠢᠢᠳᠬᠡᠭᠳᠡᠪᠡ᠃

ᠲᠤᠬᠠᠢ᠎ᠶᠢᠨ ᠡᠳᠦᠷ᠎ᠦᠨ 13 ᠴᠠᠭ 30 ᠮᠢᠨᠦ᠋ᠲ᠎ᠲᠦ᠂ ᠬᠥᠬᠡᠬᠣᠲᠠ᠎ᠶᠢᠨ ᠲᠡᠮᠦᠷ ᠵᠠᠮ᠎ᠤᠨ ᠳᠣᠲᠣᠭᠠᠳᠤ᠎ᠶᠢ ᠬᠠᠮᠠᠭᠠᠯᠠᠬᠤ ᠭᠠᠵᠠᠷ᠎ᠤᠨ ᠵᠦᠸᠸ ᠽᠢ ᠵᠡᠬᠦᠨ ᠲᠡᠷᠭᠡᠨ ᠥᠷᠲᠡᠭᠡᠨ᠎ᠦ ᠲᠣᠮᠢᠯᠠᠭᠰᠠᠨ ᠰᠠᠯᠪᠤᠷᠢ᠎ᠶᠢᠨ ᠴᠠᠭᠳᠠᠭ᠎ᠠ ᠨᠠᠷ ᠵᠢᠵᠢᠭᠦᠷᠯᠡᠵᠦ ᠪᠠᠢᠬᠤ᠎ᠳᠠᠭᠠᠨ ᠠᠮᠤᠷ ᠲᠦᠪᠰᠢᠨ᠎ᠦ ᠪᠠᠢᠴᠠᠭᠠᠭ᠍ᠴᠢ᠎ᠶᠢᠨ ᠬᠡᠷᠡᠭ ᠤ᠋ᠨ ᠮᠡᠳᠡᠬᠦᠯᠦᠯᠳᠡ ᠵᠢ ᠲᠤᠰᠴᠤ᠂ ᠠᠶᠠᠨᠴᠢᠳ ᠰᠢᠦᠢ ᠣᠪᠣᠭᠲᠤ᠎ᠶᠢᠨ ᠪᠣᠭᠴᠣᠨ᠎ᠳᠤ ᠬᠤᠸᠠᠷ ᠫᠤᠤᠵᠢᠩ ᠠᠪᠴᠤ ᠶᠠᠪᠤᠭ᠎ᠠ ᠰᠡᠵᠢᠭᠲᠡᠢ ᠬᠠᠮᠵᠢᠨ ᠰᠢᠢᠳᠪᠦᠷᠢᠯᠡᠭᠦ᠎ᠵᠢ ᠬᠦᠰᠡᠪᠡ᠃ ᠲᠤᠬᠠᠢ ᠶ᠋ᠢᠨ ᠲᠠᠯᠠᠪᠤᠷ᠎ᠲᠤ ᠬᠦᠷᠦᠭᠰᠡᠨ᠎ᠦ ᠳᠠᠷᠠᠭ᠎ᠠ᠂ ᠴᠠᠭᠳᠠᠭ᠎ᠠ ᠨᠠᠷ ᠰᠢᠦᠢ ᠣᠪᠣᠭᠲᠤ ᠶ᠋ᠢᠨ ᠠᠪᠴᠤ ᠶᠠᠪᠤᠭ᠎ᠠ ᠪᠤᠬᠴᠤ ᠪᠤᠭᠤᠳᠠᠯ ᠢ᠋ ᠪᠠᠢᠴᠠᠭᠠᠭᠰᠠᠨ᠎ᠳᠤ᠂ ᠲᠡᠭᠦᠨ᠎ᠦ ᠪᠣᠭᠴᠣᠨ ᠡᠴᠨ ᠬᠤᠸᠠᠷ ᠫᠤᠤᠵᠢᠩ᠎ᠢ᠋ ᠪᠠᠢᠴᠠᠭᠠᠨ ᠭᠠᠷᠭᠠᠪᠠ᠃ ᠬᠣᠯᠪᠣᠭᠳᠠᠯ ᠪᠦᠬᠦᠢ ᠲᠣᠭᠲᠠᠭᠠᠯ ᠢ᠋ ᠦᠨᠳᠦᠰᠦᠯᠡᠨ᠂ ᠠᠷᠠᠳ᠎ᠤᠨ ᠴᠠᠭᠳᠠᠭ᠎ᠠ ᠲᠡᠷᠡ ᠳᠠᠷᠤᠢ ᠳ᠋ᠤᠨᠢ ᠫᠤᠤᠵᠢᠩ ᠢ᠋ ᠬᠤᠷᠢᠶᠠᠮᠵᠢᠯᠠᠪᠠ᠃

ᠠᠷᠠᠳ᠎ᠤᠨ ᠴᠠᠭᠳᠠᠭ᠎ᠠ ᠵᠢᠨ ᠯᠠᠪᠯᠠᠨ ᠠᠰᠠᠭᠤᠭᠰᠠᠨ ᠢ᠋ᠶ᠋ᠠᠷ᠂ ᠰᠢᠦᠢ ᠣᠪᠣᠭᠲᠤ ᠡᠩ᠎ᠦᠨ ᠦᠶ᠎ᠡ᠎ᠳᠦ ᠭᠠᠯᠲᠤ ᠲᠡᠷᠭᠡᠨ᠎ᠳᠦ ᠰᠠᠭᠤᠬᠤ ᠨᠢ ᠨᠡᠯᠢᠶᠡᠳ ᠴᠥᠭᠡᠨ᠂ ᠬᠠᠮᠢᠶ᠎ᠠ ᠪᠦᠬᠦᠢ ᠲᠦᠷᠢᠮ ᠲᠣᠭᠲᠠᠭᠠᠯ ᠢ᠋ ᠰᠠᠢᠳᠤᠷ ᠣᠢᠯᠠᠭᠠᠬᠤ ᠦᠭᠡᠢ᠂ ᠲᠡᠭᠦᠨ᠎ᠦ ᠦᠵᠡᠬᠦ ᠪᠡᠷ ᠥᠪᠡᠷ᠎ᠦᠨ ᠪᠡᠶ᠎ᠡ᠎ᠳᠡᠭᠡᠨ ᠠᠪᠴᠤ ᠶᠠᠪᠤᠭ᠎ᠠ ᠬᠤᠸᠠᠷ ᠫᠤᠤᠵᠢᠩ ᠪᠣᠯ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠦᠷᠭᠦᠯᠵᠢ ᠲᠣᠬᠢᠶᠠᠯᠳᠤᠳᠠᠭ ᠡᠳ᠋ ᠪᠣᠳᠠᠰ ᠪᠣᠯᠬᠣᠷ ᠶᠠᠮᠠᠷ ᠴᠤ᠌ ᠠᠶᠤᠯ ᠦᠭᠡᠢ ᠶᠤᠮ᠃ ᠠᠷᠠᠳ ᠤ᠋ᠨ ᠴᠠᠭᠳᠠᠭ᠎ᠠ ᠰᠢᠦᠢ ᠣᠪᠣᠭᠲᠤ᠎ᠠᠴᠠ ᠬᠤᠸᠠᠷ ᠫᠤᠤᠵᠢᠩ ᠠᠪᠴᠤ ᠶᠠᠪᠤᠭ᠎ᠠ ᠵᠣᠷᠢᠯᠭ᠎ᠠ᠎ᠶᠢ ᠠᠰᠠᠭᠤᠭᠰᠠᠨ᠎ᠳᠤ᠂ ᠰᠢᠦᠢ ᠣᠪᠣᠭᠲᠤ ᠬᠥᠬᠡᠬᠣᠲᠠ᠎ᠳᠤ ᠨᠢᠭᠡᠨ ᠳᠡᠯᠭᠡᠭᠦᠷ ᠫᠦᠰᠡ᠎ᠶᠢ ᠲᠦᠷᠢᠶᠡᠰᠦᠯᠡᠨ ᠠᠪᠴᠠᠢ᠂ ᠡᠭᠦᠳᠡ᠎ᠪᠡᠨ ᠨᠡᠭᠡᠭᠡᠬᠦ ᠦᠶ᠎ᠡ᠎ᠳᠦ ᠫᠤᠤᠵᠢᠩ ᠲᠠᠯᠪᠢᠬᠤ ᠰᠠᠨᠠᠭ᠎ᠠ᠎ᠲᠠᠢ ᠪᠠᠢᠭᠰᠠᠨ ᠪᠣᠯᠬᠣᠷ ᠴᠠᠭᠠᠨ ᠰᠠᠷ᠎ᠠ᠎ᠳᠦ ᠲᠠᠯᠪᠢᠵᠦ ᠪᠠᠷᠠᠬᠰᠠᠠ ᠦᠭᠡᠢ ᠬᠤᠸᠠᠷ ᠫᠤᠤᠵᠢᠩ᠎ᠢᠶᠠᠨ ᠪᠡᠶ᠎ᠠ᠎ᠳ᠋ᠡᠬᠡᠨ ᠠᠪᠴᠤ ᠶᠠᠪᠤᠬᠰᠠᠨ ᠨᠢ ᠡᠨᠡ ᠪᠠᠢᠯ᠎ᠠ᠃

《ᠬᠤᠸᠠᠷ ᠫᠤᠤᠵᠢᠩ᠂ ᠰᠫᠢᠷᠲ᠂ ᠴᠢᠶᠢᠦ ᠮᠡᠲᠦ᠎ᠶᠢᠨ ᠡᠳ᠋ ᠪᠣᠳᠠᠰ ᠪᠣᠯ ᠴᠥᠮ ᠬᠢᠯᠪᠡᠷᠬᠠᠨ ᠨᠣᠴᠤᠵᠦ ᠳᠡᠯᠪᠡᠷᠡᠬᠦ ᠡᠳ᠋ ᠪᠣᠳᠠᠰ᠎ᠪᠤᠯᠤᠨ᠎ᠠ᠂ ᠪᠢᠳᠡ ᠬᠡᠳᠦᠢᠪᠡᠷ ᠠᠮᠢᠳᠤᠷᠠᠯ᠎ᠤᠨ ᠳᠤᠮᠳᠠ ᠦᠷᠭᠦᠯᠵᠢ ᠲᠣᠬᠢᠶᠠᠯᠳᠤᠳᠠᠭ ᠪᠣᠯᠪᠠᠴᠤ ᠭᠠᠯᠲᠤ ᠲᠡᠷᠭᠡᠨ᠎ᠳᠦ ᠠᠪᠴᠤ ᠭᠠᠷᠴᠦ ᠪᠣᠯᠬᠤ ᠦᠭᠡᠢ ᠶᠤᠮ᠃》 ᠠᠷᠠᠳ᠎ᠤᠨ ᠴᠠᠭᠳᠠᠭ᠎ᠠ ᠰᠢᠦᠢ ᠣᠪᠣᠭᠲᠤ᠎ᠳᠤ ᠭᠠᠯᠲᠤ ᠲᠡᠷᠭᠡᠨ᠎ᠳᠦ ᠰᠠᠭᠤᠬᠤ ᠳ᠋ᠤ ᠠᠪᠴᠤ ᠶᠠᠪᠤᠵᠦ ᠪᠤᠯᠬᠤ ᠪᠠ ᠴᠠᠭᠠᠵᠠᠯᠠᠵᠤ ᠬᠢᠵᠠᠭᠠᠷᠯᠠᠬᠤ ᠡᠳ᠋ ᠪᠣᠳᠠᠰ᠎ᠤᠨ ᠲᠤᠬᠠᠢ ᠬᠣᠯᠪᠣᠭᠳᠠᠯ ᠪᠦᠬᠦᠢ ᠲᠣᠭᠲᠠᠭᠠᠯ᠎ᠢ ᠨᠠᠷᠢᠨ ᠲᠣᠳᠣᠷᠬᠠᠢ ᠲᠠᠢᠯᠪᠤᠷᠢᠯᠠᠵᠤ ᠥᠭᠴᠤ᠂ ᠰᠢᠦᠢ ᠣᠪᠣᠭᠲᠤ ᠴᠤ᠌ ᠥᠪᠡᠷ᠎ᠦᠨ ᠪᠤᠷᠤᠭᠤ ᠪᠠᠨ ᠲᠠᠨᠢᠵᠤ ᠣᠯᠣᠭᠰᠠᠨ ᠪᠠᠢᠨ᠎ᠠ᠃ ᠬᠥᠬᠡᠬᠣᠲᠠ᠎ᠶᠢᠨ ᠲᠡᠮᠦᠷ ᠵᠠᠮ᠎ᠤᠨ ᠳᠣᠲᠣᠭᠠᠳᠤ᠎ᠶᠢ ᠬᠠᠮᠠᠭᠠᠯᠠᠬᠤ ᠭᠠᠵᠠᠷ᠎ᠠᠴᠠ ᠰᠢᠦᠢ ᠣᠪᠣᠭᠲᠤ᠎ᠳᠤ 200 ᠲᠥᠭᠥᠷᠢᠭ᠎ᠢᠶᠡᠷ ᠲᠣᠷᠭᠠᠬᠤ ᠵᠠᠰᠠᠭ ᠵᠠᠬᠢᠷᠭᠠᠨ᠎ᠤ ᠰᠢᠢᠳᠬᠡᠯ ᠥᠭᠭᠦᠭᠰᠡᠨ ᠪᠥᠭᠡᠳ ᠲᠡᠭᠦᠨ᠎ᠦ ᠠᠪᠴᠤ ᠶᠠᠪᠤᠭ᠎ᠠ ᠬᠤᠸᠠᠷ ᠫᠤᠤᠵᠢᠩ᠎ᠢ ᠬᠠᠤᠯᠢ ᠶᠣᠰᠣᠭᠠᠷ ᠬᠣᠷᠢᠶᠠᠮᠵᠢᠯᠠᠪᠠ᠃

ᠬᠥᠬᠡᠬᠣᠲᠠ᠎ᠶᠢᠨ ᠲᠡᠮᠦᠷ ᠵᠠᠮ᠎ᠤᠨ ᠴᠠᠭᠳᠠᠭ᠎ᠠ ᠥᠷᠭᠡᠨ ᠣᠯᠠᠨ ᠠᠶᠠᠨᠴᠢᠳ᠎ᠲᠤ᠂ ᠭᠠᠯᠲᠤ ᠲᠡᠷᠭᠡᠨ᠎ᠳᠦ ᠰᠠᠭᠤᠵᠤ ᠭᠠᠳᠠᠭ᠍ᠰᠢ ᠭᠠᠷᠬᠤ᠎ᠳᠠᠭᠠᠨ ᠡᠯ᠎ᠡ ᠵᠦᠢᠯ᠎ᠦᠨ ᠬᠢᠯᠪᠠᠷᠬᠠᠨ ᠨᠤᠴᠤᠵᠤ ᠲᠡᠯᠪᠡᠷᠡᠬᠦ ᠠᠶᠤᠯᠲᠠᠢ ᠡᠳ᠋ ᠪᠣᠳᠠᠰ ᠪᠠ ᠡᠯ᠎ᠡ ᠵᠦᠢᠯ᠎ᠦᠨ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ᠎ᠢ ᠠᠪᠴᠤ ᠶᠠᠪᠤᠵᠤ᠎ᠪᠤᠯᠬᠤ ᠦᠭᠡᠢ᠂ ᠲᠦᠷ ᠴᠠᠭ᠎ᠤᠨ ᠪᠣᠯᠭᠣᠮᠵᠢ ᠦᠭᠡᠢ᠎ᠡᠴᠡ ᠪᠣᠯᠵᠤ ᠬᠠᠤᠯᠢ ᠴᠠᠭᠠᠵᠠ᠎ᠶᠢ ᠵᠥᠷᠢᠴᠡᠵᠦ᠂ ᠠᠶᠠᠨ ᠵᠠᠮ᠎ᠢᠶᠠᠨ ᠰᠠᠭᠠᠲᠠᠭᠠᠬᠤ ᠡᠴᠨ ᠵᠠᠢᠯᠠᠰᠬᠢᠬᠦ ᠬᠡᠷᠡᠭᠳᠡᠢ ᠭᠡᠵᠦ ᠰᠠᠨᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号