ᠡᠨᠡ ᠵᠢᠯ ᠎ᠤᠨ ᠪᠥᠬᠥ ᠣᠷᠣᠨ᠎ᠤ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠰᠠᠨ ᠲᠠᠯᠠᠪᠠᠢ ᠨᠢᠭᠡᠨᠲᠡ 604 ᠲᠦᠮᠡᠨ ᠮᠦ᠍ ᠎ᠳᠤ ᠬᠥᠷᠴᠠᠢ
2024-05-19 13:51:52
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠡᠴᠡ ᠤᠢ᠍ᠢᠯᠠᠭᠠᠭ᠍ᠰᠠᠠ ᠵᠢᠡᠷ᠂ ᠡᠨᠡ ᠵᠢᠯ᠎ᠡᠴᠡ ᠨᠠᠭᠠᠰᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠣᠷᠳᠣᠨ ᠤ᠋ ᠴᠢᠩᠭ᠎ᠠ ᠬᠦᠴᠦᠳᠡᠢ ᠵᠢᠯᠤᠭᠤᠳᠤᠯᠭ᠎ᠠ ᠲᠤᠤᠷ᠎ᠠ ᠪᠦᠬᠦ᠌ ᠣᠷᠣᠨ ᠤ᠋ ᠡᠯ᠎ᠡ ᠭᠠᠵᠠᠷ ᠤ᠋ᠨ ᠬᠢᠨ ᠪᠦᠬᠦ᠌ ᠲᠠᠯ᠎ᠠ ᠪᠡᠷ ᠬᠥᠳᠡᠯᠦᠯᠴᠡᠨ ᠠᠵᠢᠯᠯᠠᠵᠤ᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠳᠤᠷ ᠬᠢᠵᠦ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠢᠳᠡᠪᠬᠢᠲᠡᠢ ᠠᠬᠢᠭᠤᠯᠵᠦ᠂ ᠣᠳᠣᠬᠠᠨ ᠪᠣᠯᠲᠠᠯ᠎ᠠ ᠪᠦᠬᠦ᠌ ᠣᠷᠣᠨ ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠭ᠍ᠰᠠᠨ ᠲᠠᠯᠠᠪᠠᠢ ᠨᠢᠭᠡᠨᠲᠡ 604 ᠲᠦᠮᠡᠨ ᠮᠦ᠍᠎ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠪᠡᠶᠡᠯᠡᠭᠦᠯᠦᠭ᠌ᠰᠡᠨ ᠬᠡᠮᠵᠢᠶᠡᠨ᠎ᠦ 4 ᠲᠠᠬᠢᠨ ᠱᠢᠬᠠᠮ ᠪᠣᠯᠵᠠᠢ᠃

ᠮᠠᠨ᠎ᠤ ᠤᠷᠤᠨ ᠪᠦᠬᠦ᠌ ᠤᠯᠤᠰ ᠤ᠋ᠨ ᠴᠦᠯᠯᠡᠷᠭᠡᠭ᠌ᠵᠢᠯ ᠢ᠋ ᠵᠠᠰᠠᠬᠤ ᠭᠣᠣᠯ ᠲᠠᠢ᠌ᠨ᠎ᠦ ᠲᠠᠯᠠᠪᠤᠷ᠂ ᠡᠯᠡᠰᠦᠨ ᠱᠢᠭᠤᠷᠭ᠎ᠠ ᠶ᠋ᠢ ᠰᠡᠷᠭᠡᠢᠯᠡᠬᠦ᠌ ᠭᠣᠣᠯ ᠰᠡᠷᠭᠡᠢᠯᠡᠯᠲᠡ ᠵᠢᠨ ᠱᠤᠭᠤᠮ ᠪᠣᠯᠤᠨ᠎ᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠪᠦᠷ ᠮᠠᠨ᠎ᠤ ᠤᠷᠤᠨ ᠲᠠᠢ ᠬᠤᠯᠪᠤᠭᠳᠠᠵᠦ᠂ 60% ᠡᠴᠡ ᠳᠡᠭᠡᠭ᠌ᠰᠢᠬᠢ ᠢᠨᠵᠧᠨᠧᠷᠢᠩ᠎ᠨᠢ ᠴᠦᠮ ᠮᠠᠨ᠎ᠤ ᠤᠷᠤᠨ᠎ᠳᠤ ᠪᠤᠢ᠃ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠪᠣᠯᠤᠨ ᠲᠡᠦᠬᠡᠲᠦ ᠬᠦᠨᠳ᠋ᠤ ᠡᠭᠦᠷᠭᠡ ᠶ᠋ᠢ ᠡᠷᠡᠰ ᠡᠭᠦᠷᠭᠡᠯᠡᠵᠦ᠍᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠱᠢᠪᠲᠤᠯᠬᠤ ᠳᠠᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ᠎ᠤ ᠢᠯᠠᠯᠳᠠ ᠵᠢ ᠲᠡᠮᠡᠴᠡᠨ ᠤᠯᠬᠤ ᠵᠢᠨ ᠲᠦᠯᠦᠭᠡ᠂ 2024 ᠣᠨ ᠳ᠋ᠤ  ᠮᠠᠨ᠎ᠤ ᠤᠷᠤᠨ 1500 ᠲᠦᠮᠡᠨ ᠮᠥ᠍ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠡᠭᠦᠷᠭᠡ ᠲᠣᠭ᠍ᠲᠠᠭᠠᠭ᠍ᠰᠠᠨ ᠪᠦᠭᠡᠳ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠵᠢᠡᠷ 230 ᠲᠦᠮᠡᠨ ᠮᠥ᠍ ᠡᠯᠡᠰᠦ ᠶ᠋ᠢ ᠵᠠᠰᠠᠵᠤ᠂ ᠪᠥᠬᠥ᠌ ᠣᠷᠣᠨ ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠶᠡᠷᠦᠩᠬᠡᠶ ᠡᠭᠦᠷᠭᠡ ᠵᠢᠨ ᠬᠡᠮᠵᠢᠶ᠎ᠡ 1730 ᠲᠦᠮᠡᠨ ᠮᠤ᠌᠎ᠳ᠋ᠤ ᠬᠥᠷᠪᠡ᠃ ᠮᠠᠨ᠎ᠤ ᠣᠷᠣᠨ ᠰᠠᠨᠠᠭᠠᠴᠢᠯᠠᠭ᠎ᠠ ᠡᠴᠡ ᠪᠡᠨ ᠡᠭᠦᠷᠭᠡ ᠨᠡᠮᠡᠵᠦ᠍᠂ ᠡᠯ᠎ᠡ ᠭᠠᠵᠠᠷ ᠤᠷᠤᠨ ᠎ᠤ ᠬᠢᠨ ᠭᠣᠣᠯ ᠲᠠᠭᠠᠷᠢᠯᠳᠠ ᠬᠢᠬᠦ᠌ ᠡᠭᠦᠷᠭᠡᠯᠡᠯ᠂ ᠬᠣᠱᠢᠭᠤᠴᠢ ᠰᠦᠷ ᠬᠦᠴᠦᠨ ᠵᠢᠡᠨ ᠪᠠᠳᠠᠷᠠᠭᠤᠯᠤᠨ᠂ ᠭᠠᠵᠠᠷ ᠣᠷᠣᠨ ᠤ᠋ ᠪᠠᠢᠳᠠᠯ᠎ᠳᠠᠭᠠᠨ ᠲᠤᠬᠢᠷᠠᠭᠤᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠬᠢᠯᠠᠯᠵᠠᠬᠰᠠᠨ ᠠᠮᠵᠢᠯᠳᠠ᠎ᠳᠦ ᠬᠦᠷᠪᠡ᠃

ᠡᠯ᠎ᠡ ᠭᠠᠵᠠᠷ ᠤᠷᠤᠨ᠎ᠦ ᠬᠢᠨ 《ᠨᠠᠮ ᠤ᠋ᠨ ᠬᠣᠷᠢᠶ᠎ᠠ ᠤᠳᠤᠷᠢᠳᠭᠤ᠂ ᠵᠠᠰᠠᠭ ᠤ᠋ᠨ ᠣᠷᠳᠣᠨ ᠨᠢᠭᠡᠳ᠋ᠤᠯᠲᠡᠶ ᠲᠥᠯᠥᠪᠯᠡᠬᠦ᠌᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠌᠂ ᠨᠡᠢᠭᠡᠮ ᠳᠠᠶᠠᠭᠠᠷ ᠣᠷᠣᠯᠴᠠᠬᠤ》 ᠣᠯᠠᠨ ᠡᠱᠢᠲᠦ ᠵᠠᠰᠠᠯᠲᠠ ᠵᠢᠨ ᠲᠣᠭ᠍ᠲᠠᠴᠠ ᠶ᠋ᠢ ᠪᠠᠢᠭᠤᠯᠵᠤ᠂ ᠠᠵᠤ ᠠᠬᠤᠢᠯᠠᠯ᠂ ᠬᠤᠪᠢ ᠬᠥᠮᠦᠨ᠎ᠤᠷᠤᠯᠴᠠᠬᠤ ᠵᠡᠷᠭᠡ ᠣᠯᠠᠨ ᠵᠦᠶ᠋ᠯ ᠤ᠋ᠨ ᠬᠡᠯᠪᠡᠷᠢ ᠪᠡᠷ ᠡᠯᠡᠰᠦᠷᠬᠡᠭ ᠭᠠᠵᠠᠷ ᠢ᠋ ᠵᠠᠰᠠᠬᠤ ᠪᠠ ᠠᠵᠤ ᠦᠶ᠋ᠯᠡᠰ ᠢ᠋ ᠨᠡᠭᠡᠭᠡᠨ ᠬᠥᠭ᠌ᠵᠢᠭᠦᠯᠬᠦ᠌᠎ᠳ᠋ᠤ ᠣᠷᠣᠯᠴᠠᠬᠤ ᠶ᠋ᠢ ᠵᠣᠷᠢᠭ᠍ᠵᠢᠭᠤᠯᠤᠨ᠂ ᠬᠥᠳᠡᠯᠮᠦᠷᠢᠯᠡᠬᠦ᠌ ᠪᠡᠷ ᠲᠡᠳᠬᠦᠮᠵᠢ ᠶ᠋ᠢ ᠣᠷᠣᠯᠠᠭᠤᠯᠬᠤ᠂ ᠱᠠᠩᠨᠠᠬᠤ ᠪᠡᠷ ᠨᠥᠬᠥᠪᠥᠷᠢᠯᠡᠬᠦ᠌ ᠶ᠋ᠢ ᠣᠷᠣᠯᠠᠭᠤᠯᠬᠤ᠂ ᠤᠷᠢᠳ ᠵᠢᠡᠷ ᠪᠠᠢᠭᠤᠯᠵᠤ ᠳᠠᠷᠠᠭ᠎ᠠ᠎ᠨᠢ ᠨᠥᠬᠥᠪᠥᠷᠢᠯᠡᠬᠦ᠌ ᠵᠡᠷᠭᠡ ᠲᠣᠭ᠍ᠲᠠᠴᠠ ᠪᠡᠷ ᠳᠠᠮᠵᠢᠭᠤᠯᠤᠨ᠂ ᠮᠠᠯᠴᠢᠨ ᠲᠠᠷᠢᠶᠠᠴᠢᠨ ᠵᠢᠴᠢ ᠬᠤᠷᠰᠢᠶ᠎ᠠ ᠶ᠋ᠢ ᠵᠣᠬᠢᠶᠠᠨ ᠪᠠᠢᠭᠤᠯᠵᠦ᠂᠎ᠡᠯᠡᠰᠦᠷᠬᠡᠭ ᠭᠠᠵᠠᠷ ᠢ᠋ ᠵᠠᠰᠠᠬᠤ ᠳ᠋ᠤ ᠣᠷᠣᠯᠴᠠᠬᠤ ᠢᠳᠡᠪᠬᠢᠵᠢᠯ ᠢ᠋ ᠭᠦᠶ᠋ᠴᠡᠳ ᠳᠠᠢᠴᠢᠯᠠᠨ᠂ ᠠᠮᠢ ᠠᠬᠤᠶ ᠶ᠋ᠢ ᠰᠠᠢᠵᠢᠷᠠᠭᠤᠯᠬᠤ ᠪᠠ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠬᠤᠤᠰ ᠠᠮᠵᠢᠯᠲᠠ ᠤᠯᠬᠤ ᠶ᠋ᠢ ᠠᠬᠢᠭᠤᠯᠪᠠ᠃ ᠪᠠᠰᠠ ᠴᠥᠭᠡᠨ ᠪᠤᠰᠤ ᠠᠢᠮᠠᠭ ᠬᠣᠲᠠ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠬᠡᠷᠡᠭ᠌ᠵᠢᠭᠦᠯᠬᠦ᠌ ᠪᠡᠷ ᠳᠠᠮᠵᠢᠨ᠂ ᠴᠠᠬᠢᠯᠭᠠᠨ ᠭᠠᠷᠭᠠᠬᠤ ᠪᠠ ᠵᠠᠰᠠᠨ ᠰᠡᠷᠭᠦᠭᠡᠬᠦ᠂ ᠲᠡᠵᠢᠭᠡᠨ ᠦᠷᠡᠵᠢᠭᠦᠯᠬᠦ᠌ ᠶ᠋ᠢ ᠤᠶᠠᠯᠳᠤᠭᠤᠯᠬᠤ ᠵᠢ ᠪᠡᠶᠡᠯᠡᠭᠦᠯᠵᠦ᠍᠂ ᠨᠣᠭᠣᠭᠠᠷᠠᠭᠤᠯᠤᠯᠲᠠ᠂ ᠡᠨᠧᠷᠭᠢ᠂ ᠣᠷᠣᠯᠭ᠎ᠠ ᠶ᠋ᠢ ᠨᠡᠮᠡᠭᠳᠡᠭᠦᠯᠬᠦ ᠶ᠋ᠢ ᠱᠢᠰᠲᠧᠮ᠎ᠲᠡᠶ ᠠᠬᠢᠭᠤᠯᠤᠨ᠂ ᠠᠮᠢ ᠠᠬᠤᠶ ᠶ᠋ᠢ ᠰᠡᠷᠭᠦᠭᠡᠬᠦ᠌᠂ ᠡᠬᠢ ᠪᠠᠶᠠᠯᠢᠭ ᠢ᠋ ᠨᠡᠭᠡᠭᠡᠬᠦ᠌᠂ ᠠᠵᠤ ᠦᠢᠯᠡᠰ ᠢ᠋ ᠬᠥᠭ᠌ᠵᠢᠭᠦᠯᠬᠦ᠌᠂ ᠣᠯᠠᠨ ᠲᠦᠮᠡᠨ᠎ᠦ ᠣᠷᠣᠯᠭ᠎ᠠ ᠶ᠋ᠢ ᠨᠡᠮᠡᠭ᠌ᠳᠡᠭᠦᠯᠬᠦ᠌ ᠶ᠋ᠢ ᠬᠠᠷᠢᠯᠴᠠᠨ ᠤᠶᠠᠯᠳᠤᠭᠤᠯᠤᠭ᠍ᠰᠠᠨ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠱᠢᠨ᠎ᠡ ᠵᠠᠮ ᠢ᠋ ᠬᠠᠢᠨ ᠰᠦᠪᠡᠭ᠌ᠴᠢᠯᠡᠵᠤ ᠭᠠᠷᠭᠠᠬᠰᠠᠨ ᠪᠠᠢᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠡᠯᠡᠰᠦ ᠶ᠋ᠢ ᠵᠠᠰᠠᠬᠤ ᠬᠤᠷᠴᠠ ᠵᠡᠪᠰᠡᠭ ᠮᠥᠨ᠂ ᠡᠯ᠎ᠡ ᠭᠠᠵᠠᠷ ᠤᠷᠤᠨ ᠎ᠤ ᠬᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠡᠯᠡᠰᠦ ᠶ᠋ᠢ ᠵᠠᠰᠠᠬᠤ ᠡᠷᠴᠢᠮ ᠵᠢᠡᠨ ᠴᠢᠩᠭᠠᠷᠠᠭᠤᠯᠵᠤ᠂ ᠡᠯᠡᠰᠦᠨ᠎ᠦ ᠬᠠᠯᠬᠠᠪᠴᠢ ᠪᠤᠰᠬᠠᠬᠤ᠂ ᠡᠪᠡᠰᠦ ᠲᠠᠷᠢᠵᠤ ᠤᠢᠵᠢᠭᠤᠯᠬᠤ᠂ ᠨᠢᠰᠭᠡᠯ ᠵᠢᠡᠷ ᠲᠠᠷᠢᠬᠤ ᠵᠡᠷᠭᠡ ᠮᠠᠱᠢᠨ ᠲᠦᠬᠦᠭᠡᠷᠦᠮᠵᠢ ᠶ᠋ᠢ᠎ᠶᠡᠬᠡ ᠪᠡᠷ ᠳᠡᠯᠭᠡᠷᠡᠭᠦᠯᠦᠨ ᠬᠡᠷᠡᠭ᠌ᠯᠡᠵᠦ᠍᠂ ᠡᠯᠡᠰᠦ ᠶ᠋ᠢ ᠵᠠᠰᠠᠬᠤ ᠦᠷ᠎ᠡ ᠪᠦᠲᠦᠮᠵᠢ ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃ ᠡᠭᠦᠨ᠎ᠳ᠋ᠤ᠂ ᠣᠷᠳᠣᠰ ᠬᠣᠲᠠ ᠵᠢᠨ ᠰᠤᠳᠤᠯᠤᠨ ᠨᠡᠭᠡᠭᠡᠵᠦ᠍ ᠬᠡᠷᠡᠭ᠌ᠯᠡᠭ᠌ᠰᠡᠨ ᠮᠣᠳᠣ ᠳᠠᠷᠢᠬᠤ ᠮᠠᠱᠢᠨ ᠬᠥᠮᠦᠨ ᠬᠡᠳ᠋ᠤᠬᠡᠨ ᠰᠧᠺᠦ᠋ᠨ᠋ᠳ᠋᠎ᠲᠦ ᠨᠢᠭᠡ ᠰᠠᠭᠤᠷᠢ ᠵᠤᠯᠵᠠᠭ᠎ᠠ ᠮᠣᠳᠣ ᠳᠠᠷᠢᠵᠤ ᠲᠡᠢᠯᠬᠦ ᠪᠦᠭᠡᠳ ᠡᠳᠡᠭᠡᠷᠡᠯᠲᠡ ᠵᠢᠨ ᠨᠣᠷᠮ᠎ᠠ᠎ᠨᠢ 90% ᠡᠴᠡ ᠳᠡᠭᠡᠭ᠌ᠰᠢ᠎ᠳ᠋ᠤ ᠬᠦᠷᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号