ᠵᠤᠨ᠎ᠤ ᠠᠭᠤᠷ ᠣᠷᠣᠮᠠᠭ᠍ᠴᠠ᠂ ᠱᠢᠯᠢ᠎ᠶ᠋ᠢᠨ ᠭᠣᠣᠯ ᠠᠢᠮᠠᠭ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠬᠠᠯᠠᠭᠠᠢᠲᠤ ᠲᠠᠷᠢᠶᠠᠯᠠᠩ ᠮᠠᠯᠵᠢᠯ᠎ᠤᠨ ᠲᠠᠯᠠᠪᠠᠶ ᠨᠣᠭᠣᠭᠠᠨ ᠥᠩᠭᠡ᠎ᠪᠡᠷ ᠬᠤᠴᠢᠭ᠍ᠳᠠᠵᠤ᠂ ᠲᠦᠷᠦᠭᠦᠦ ᠬᠡᠳᠦᠨ ᠵᠢᠯ᠎ᠳᠦ ᠵᠠᠰᠠᠭ᠍ᠰᠠᠨ ᠡᠯᠡᠰᠦᠷᠬᠡᠭᠵᠢᠭᠰᠡᠨ ᠪᠡᠯᠴᠢᠭᠡᠷ ᠢᠯᠡᠷᠭᠡᠢ ᠰᠠᠢᠵᠢᠷᠠᠵᠤ᠂ ᠦᠩᠬᠡᠷᠡᠭᠰᠡᠨ ᠳ᠋ᠤ ᠰᠠᠯᠬᠢᠨ᠎ᠳᠤ ᠢᠳᠡᠭ᠌ᠳᠡᠭ᠌ᠰᠡᠨ ᠬᠠᠯᠴᠠᠭᠠᠢ ᠪᠡᠯᠴᠢᠬᠡᠷ ᠨᠢᠭᠡᠨᠲᠡ ᠢᠭ᠍ᠴᠤ ᠰᠠᠬᠤᠯᠢᠭ ᠤᠷᠭᠤᠮᠠᠯ᠎ᠤᠨ ᠬᠤᠴᠢᠯᠭᠠᠪᠤᠯᠵᠤ᠂ ᠪᠦᠬᠦᠢᠯᠡ ᠨᠤᠲᠤᠭ ᠪᠡᠯᠴᠢᠭᠡᠷ᠎ᠦᠨ ᠨᠢᠴᠦᠭᠦᠨ ᠡᠯᠡᠰᠦ᠎ᠶ᠋ᠢᠨ ᠲᠠᠯᠠᠪᠠᠶ 95% ᠡᠴᠡ ᠳᠡᠭᠡᠭ᠌ᠰᠢ ᠬᠡᠮᠵᠢᠶ᠎ᠡ ᠪᠠᠷ ᠪᠠᠭᠠᠰᠴᠠᠶ᠃
《ᠣᠳᠣᠬᠠᠨ᠎ᠤ ᠦᠷ᠎ᠡ ᠪᠦᠲᠦᠮᠵᠢ᠎ᠵᠢ ᠤᠯᠬᠤ ᠳ᠋ᠤ ᠪᠠᠷᠢᠮᠵᠢᠶᠠᠵᠢᠭᠰᠡᠨ ᠵᠠᠰᠠᠯᠲᠠ᠎ᠶ᠋ᠢᠨ ᠭᠠᠪᠢᠶ᠎ᠠ᠎ᠶ᠋ᠢ ᠦᠭᠡᠢᠰᠭᠡᠵᠦ᠍ ᠪᠣᠯᠬᠤ ᠥᠬᠡᠶ᠃ ᠡᠨᠡ ᠬᠡᠳᠦᠨ ᠵᠢᠯ᠎ᠳᠦ᠂ ᠪᠢᠳᠡ ᠣᠷᠣᠨ ᠨᠤᠲᠤᠭ᠎ᠤᠨ ᠪᠠᠷᠢᠮᠵᠢᠶ᠎ᠠ ᠪᠣᠯᠬᠤ 〈ᠡᠯᠡᠰᠦᠷᠬᠡᠭ᠌ᠵᠢᠭ᠌ᠰᠡᠨ ᠪᠡᠯᠴᠢᠭᠡᠷ᠎ᠢ ᠵᠠᠰᠠᠬᠤ ᠮᠡᠷᠭᠡᠵᠢᠯ᠎ᠦᠨ ᠵᠢᠷᠤᠮᠵᠢᠯ〉 ᠢ᠋ ᠥᠷᠭᠡᠨ᠎ᠢᠶᠡᠷ ᠬᠡᠷᠡᠭ᠌ᠯᠡᠵᠦ᠍᠂ ᠤᠷᠢᠳ ᠬᠣᠵᠢᠳ ᠤᠯᠠᠭᠠᠶ ᠬᠠᠮᠢᠶᠠᠷᠤᠯᠲᠠ᠎ᠶ᠋ᠢᠨ ᠣᠷᠣᠨ᠂ ᠵᠡᠭᠦᠨ ᠦᠵᠦᠮᠦᠴᠢᠨ ᠬᠣᠱᠢᠭᠤ᠂ ᠱᠢᠯᠤᠭᠤᠨ ᠬᠥᠬᠡ ᠬᠣᠱᠢᠭᠤ ᠪᠣᠯᠤᠨ ᠲᠦᠩᠯᠢᠶᠣᠤ ᠬᠣᠲᠠ᠎ᠶ᠋ᠢᠨ ᠵᠠᠷᠤᠳ ᠬᠣᠱᠢᠭᠤ ᠵᠡᠷᠭᠡ ᠭᠠᠵᠠᠷ᠎ᠲᠤ 50 ᠭᠠᠷᠤᠶ ᠲᠦᠮᠡᠨ ᠮᠥ᠍ ᠡᠯᠡᠰᠦᠷᠬᠡᠭ᠌ᠵᠢᠭ᠌ᠰᠡᠨ ᠪᠡᠯᠴᠢᠭᠡᠷ᠎ᠢ ᠵᠠᠰᠠᠵᠤ᠂ ᠠᠮᠢ ᠠᠬᠤᠶ᠂ ᠨᠡᠢᠭᠡᠮ ᠪᠣᠯᠤᠨ ᠠᠵᠤ ᠠᠬᠤᠶ᠎ᠶ᠋ᠢᠨ ᠦᠷ᠎ᠡ ᠠᠱᠢᠭ᠎ᠤᠨ ᠣᠯᠠᠨ ᠢᠯᠠᠯᠲᠠ᠎ᠶ᠋ᠢ ᠪᠡᠶᠡᠯᠡᠭᠦᠯᠪᠡ》 ᠬᠡᠵᠥ ᠮᠸᠩ ᠼᠤᠤ ᠪᠦᠯᠦᠭ᠌ᠯᠡᠯ᠎ᠦᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠧᠨ ᠱᠢᠶᠠᠩ ᠬᠡᠯᠡᠪᠡ᠃
ᠵᠠᠰᠠᠯᠳᠠ ᠵᠢᠨ ᠶᠠᠪᠤᠴᠠ᠎ᠳᠤ᠂ ᠮᠡᠷᠭᠡᠵᠢᠯᠲᠡᠨ ᠡᠴᠡ ᠬᠦᠷᠢᠶᠡᠯᠡᠨ ᠪᠢᠳᠡᠭᠦᠮᠵᠢᠯᠡᠵᠦ ᠤᠷᠭᠤᠭᠤᠯᠬᠤ᠂ ᠳᠤᠤᠷᠵᠢᠭᠤᠯᠤᠬᠰᠠᠨ ᠲᠤᠲᠤᠷᠭ᠎ᠠ ᠡᠪᠡᠰᠦᠨ ᠤ᠋ ᠡᠯᠡᠰᠦᠨ ᠤ᠋ ᠬᠠᠯᠬᠠᠪᠴᠢ ᠳᠤᠬᠢᠷᠠᠭᠤᠯᠬᠤ᠂ ᠶᠦᠷᠬᠦᠭ᠂ ᠮᠤᠷᠢᠨ ᠬᠤᠨᠴᠢᠷ ᠵᠡᠷᠬᠡ ᠵᠢ ᠨᠥᠬᠥᠵᠦ᠍ ᠳᠠᠷᠢᠬᠤ ᠪᠡᠷ ᠳᠠᠮᠵᠢᠭᠤᠯᠤᠨ ᠰᠠᠯᠬᠢᠨ᠎ᠳᠤ ᠢᠳᠡᠭ᠌ᠳᠡᠭ᠌ᠰᠡᠨ ᠪᠡᠯᠴᠢᠬᠡᠷ᠎ᠤᠨ ᠨᠦᠬᠡ᠎ᠶ᠋ᠢ ᠪᠦᠲᠦᠮᠵᠢᠲᠡᠶ ᠵᠠᠰᠠᠵᠤ᠂ ᠤᠰᠤ ᠬᠥᠷᠥᠰᠥ᠍᠎ᠶ᠋ᠢᠨ ᠢᠳᠡᠭ᠌ᠳᠡᠯ᠎ᠢ ᠬᠢᠵᠠᠭᠠᠷᠯᠠᠨ᠂ ᠨᠡᠭᠦᠳᠡᠯ ᠡᠯᠡᠰᠦᠨ ᠳᠣᠪᠣ᠎ᠶ᠋ᠢ ᠲᠣᠭ᠍ᠲᠠᠪᠤᠷᠢᠵᠢᠭᠤᠯᠵᠤ ᠂ ᠵᠠᠰᠠᠭ᠍ᠰᠠᠨ᠎ᠤ ᠳᠠᠷᠠᠭᠠᠬᠢ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ ᠶ᠋ᠢ ᠳᠤᠮᠳᠠᠴᠢ᠎ᠪᠠᠷ 15% — 40% ᠪᠡᠷ ᠳᠡᠭᠡᠭ᠌ᠰᠢᠯᠡᠭᠦᠯᠵᠥ᠂ ᠮᠠᠯᠴᠢᠳ ᠪᠠᠰᠠ ᠡᠪᠡᠰᠦ ᠬᠠᠳᠤᠵᠤ ᠪᠡᠯᠴᠢᠭᠡᠷᠯᠡᠬᠦᠯᠵᠥ᠂ ᠾᠧᠺᠲ᠋ᠠᠷ ᠪᠦᠷᠢ᠎ᠵᠢᠨ ᠠᠵᠤ ᠠᠬᠤᠶ᠎ᠶ᠋ᠢᠨ ᠣᠷᠣᠯᠭ᠎ᠠ᠎ᠶ᠋ᠢ ᠱᠢᠭᠤᠳ 300 ᠲᠥᠭᠥᠷᠢᠭ᠎ᠡᠴᠡ 750 ᠲᠥᠭᠥᠷᠢᠭ ᠨᠡᠮᠡᠭ᠌ᠳᠡᠭᠦᠯᠦᠭᠰᠡᠨ ᠪᠠᠢᠨ᠎ᠠ᠃
ᠪᠠᠷᠢᠮᠵᠢᠶᠠᠵᠢᠭᠤᠯᠤᠯᠲᠠ ᠪᠣᠯ ᠨᠢᠭᠡ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠲᠠᠪᠰᠢᠨ ᠣᠷᠣᠬᠤ᠂ ᠴᠢᠨᠠᠷ ᠰᠠᠢᠲᠠᠶ ᠥᠷᠢᠰᠥᠯᠳᠦᠭᠡᠨ᠎ᠳᠦ ᠣᠷᠣᠯᠴᠠᠬᠤ᠎ᠶ᠋ᠢᠨ ᠴᠢᠬᠤᠯᠠ ᠪᠡᠯᠭᠡ ᠲᠡᠮᠳᠡᠭ ᠮᠥᠨ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠪᠠᠷᠢᠮᠵᠢᠶᠠᠵᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠳᠠᠭᠠᠭᠤᠯᠤᠭ᠍ᠴᠢ᠂ ᠡᠨᠧᠷᠭᠢ ᠠᠭᠤᠷᠬᠠᠶ᠎ᠶ᠋ᠢᠨ ᠭᠠᠷᠤᠯᠲᠠ᠎ᠶ᠋ᠢᠨ ᠪᠣᠬᠢᠷᠲᠤᠯ ᠥᠬᠡᠶ ᠡᠷᠬᠢᠯᠳᠡᠳᠤ ᠦᠶ᠋ᠯᠡᠳᠪᠦᠷᠢᠯᠡᠯ᠂ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠵᠢ ᠠᠬᠢᠭᠤᠯᠬᠤ᠂ ᠶᠠᠰᠤ ᠴᠢᠨᠠᠷ᠎ᠤᠨ ᠰᠠᠭᠤᠷᠢ ᠲᠥᠬᠥᠭᠡᠷᠦᠮᠵᠢ᠎ᠶ᠋ᠢᠨ ᠬᠤᠷᠠᠮᠠᠯ ᠦᠶ᠋ᠯᠡᠴᠢᠯᠡᠭᠡ᠎ᠶ᠋ᠢᠨ ᠲᠠᠯᠠᠰᠲᠤ ᠴᠠᠬᠢᠭᠤᠷ᠎ᠤᠨ ᠠᠵᠤ ᠦᠶ᠋ᠯᠡᠰ ᠵᠡᠷᠭᠡ ᠣᠯᠠᠨ ᠲᠠᠯ᠎ᠠ᠎ᠠᠴᠠ ᠭᠠᠷᠳᠠᠵᠤ᠂ ᠰᠡᠳᠭᠢᠬᠦᠶ᠎ᠶ᠋ᠢᠨ ᠵᠠᠭ᠍ᠪᠤᠷ ᠤ᠋ᠨ ᠰᠢᠨ᠎ᠡ ᠵᠢ ᠡᠬᠦᠳᠴᠤ᠂ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭ᠍ᠵᠢᠭᠤᠯᠵᠥ᠂ ᠪᠠᠷᠢᠮᠵᠢᠶ᠎ᠠ᠎ᠶ᠋ᠢ ᠬᠠᠮᠲᠤ᠎ᠪᠠᠷ ᠡᠳ᠋ᠯᠡᠬᠦ᠌ ᠮᠡᠷᠭᠡᠵᠢᠯ᠎ᠦᠨ ᠬᠤᠷᠠᠮᠠᠯ ᠨᠢ ᠪᠤᠬᠢᠷᠳᠤᠯ ᠦᠭᠡᠢ ᠬᠦᠭᠵᠢᠯᠳᠡ ᠡᠴᠡ ᠰᠢᠵᠢᠷ ᠠᠯᠳᠠ ᠲᠤᠩᠭᠠᠵᠤ᠂ ᠠᠵᠤ ᠦᠶ᠋ᠯᠡᠳᠪᠦᠷᠢ᠎ᠶ᠋ᠢᠨ 《ᠥᠪᠥᠷ ᠮᠣᠩᠭᠣᠯ ᠳᠡᠮᠳᠡᠭᠳᠤ》 ᠪᠠᠷ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠪᠣᠶ ᠪᠣᠯᠭᠠᠵᠤ᠂ ᠪᠥᠬᠥ᠌ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠨ ᠴᠢᠳᠠᠪᠬᠢ ᠣᠯᠭᠣᠪᠠ᠃
《ᠦᠪᠦᠷ ᠮᠣᠩᠭᠣᠯ ᠳᠡᠮᠳᠡᠭᠳᠤ》 ᠪᠠᠷᠢᠮᠵᠢᠶ᠎ᠠ ᠄ ᠡᠯᠡᠰᠤᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠳ᠋ᠤ ᠶᠡᠷᠦᠩᠬᠡᠢᠯᠡᠭ᠌ᠰᠡᠨ ᠴᠢᠳᠠᠪᠬᠢ ᠣᠯᠭᠣᠨ᠎ᠠ
2023 ᠣᠨ᠎ᠤ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍ ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠱᠢᠨ᠎ᠡ ᠭᠠᠢᠬᠠᠮᠱᠢᠭ᠎ᠢ ᠴᠢᠷᠮᠠᠢᠨ ᠡᠭᠦᠳᠬᠦ᠌ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠪᠠ᠃ 2023 ᠣᠨ᠎ᠤ 10 ᠰᠠᠷ᠎ᠠ᠎ᠳᠤ᠂ 《ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠨᠢ ᠴᠦᠯᠯᠡᠷᠭᠡᠭ᠌ᠵᠢᠯ᠎ᠢ ᠶᠡᠷᠦᠩᠬᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠬᠤ᠎ᠳᠤ ᠪᠣᠳᠠᠲᠠᠢ ᠳᠡᠮᠵᠢᠯᠭᠡ᠎ᠶ᠋ᠢᠨ ᠰᠠᠨᠠᠯ ᠳᠤᠷᠠᠳᠴᠠᠢ᠃
ᠪᠦᠬᠦ᠌ ᠤᠯᠤᠰ᠎ᠤᠨ ᠴᠥᠯᠯᠡᠷᠬᠡᠭ᠌ᠵᠢᠯᠢ ᠵᠠᠰᠠᠬᠤ ᠭᠣᠣᠯ ᠳᠠᠢᠨ᠎ᠦ ᠲᠠᠯᠠᠪᠤᠷ᠂ ᠡᠯᠡᠰᠦᠨ ᠱᠢᠭᠤᠷᠭ᠎ᠠ᠎ᠶ᠋ᠢ ᠰᠡᠷᠭᠡᠢᠯᠡᠬᠦ᠌ ᠭᠣᠣᠯ ᠰᠡᠷᠭᠡᠢᠯᠡᠯᠲᠡ᠎ᠶ᠋ᠢᠨ ᠱᠤᠭᠤᠮ ᠪᠣᠯᠤᠭ᠍ᠰᠠᠨ᠎ᠤ ᠬᠤᠪᠢ᠎ᠳᠤ ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠳᠠᠢᠯᠠᠯᠳᠤᠭᠠᠨ᠎ᠤ ᠬᠣᠶᠠᠷ ᠬᠠᠭᠠᠰ ᠨᠢ ᠥᠪᠥᠷ ᠮᠣᠩᠭᠣᠯ᠎ᠳᠤ ᠪᠤᠢ᠃ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠨᠢ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠳᠦ ᠬᠣᠯᠪᠣᠭ᠍ᠳᠠᠭ᠍ᠰᠠᠨ 13 ᠮᠤᠵᠢ ᠣᠷᠣᠨ᠎ᠤ ᠳᠣᠲᠣᠷ᠎ᠠ ᠲᠡᠷᠢᠭᠦᠨ᠎ᠳᠦ ᠣᠷᠣᠪᠠ᠃
《ᠵᠢᠯ᠎ᠤᠨ ᠡᠬᠢᠨ᠎ᠡᠴᠡ ᠨᠠᠭᠠᠰᠢ᠂ ᠪᠢᠳᠡ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ ᠵᠡᠷᠭᠡ ᠭᠤᠣᠯᠳᠠᠯᠭ᠎ᠠ᠎ᠲᠠᠢ ᠬᠦᠷᠢᠶᠡᠨ᠎ᠤ ᠲᠣᠭᠤᠷᠢᠨ᠎ᠳᠤ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠪᠠᠷᠢᠮᠵᠢᠶ᠎ᠠ᠎ᠶ᠋ᠢᠨ ᠱᠢᠰᠲ᠋ᠧᠮ᠎ᠢ ᠡᠯᠰᠡᠬᠦ᠌ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠪᠡ᠃ ᠣᠲᠣ ᠨᠢᠭᠡᠨᠲᠡ 〈ᠬᠤᠷᠴᠢᠨ᠎ᠤ ᠡᠯᠡᠰᠦᠷᠬᠡᠭ ᠭᠠᠵᠠᠷ᠎ᠤᠨ ᠰᠥᠨᠥᠭᠡᠯᠲᠡ᠎ᠶ᠋ᠢᠨ ᠲᠠᠢᠯᠠᠯᠳᠤᠭᠠᠨ᠎ᠤ ᠣᠶ ᠱᠢᠭᠤᠶ ᠨᠤᠳᠤᠭ ᠪᠡᠯᠴᠢᠭᠡᠷ᠎ᠤᠨ ᠮᠡᠷᠭᠡᠵᠢᠯ᠎ᠤᠨ ᠴᠢᠨᠠᠷ ᠰᠠᠢᠲᠠᠶ ᠪᠠᠷᠢᠮᠵᠢᠶ᠎ᠠ᠎ᠶ᠋ᠢᠨ ᠱᠢᠰᠲ᠋ᠸᠮ〉᠂ 〈ᠬᠤᠷᠴᠢᠨ᠎ᠤ ᠡᠯᠡᠰᠦᠷᠬᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠤᠷᠭᠡᠭ ᠭᠠᠵᠠᠷ᠎ᠢ ᠶᠡᠷᠦᠩᠬᠡᠢᠯᠡᠨ ᠵᠠᠰᠠᠬᠤ ᠪᠠᠷᠢᠮᠵᠢᠶ᠎ᠠ᠎ᠶ᠋ᠢᠨ ᠱᠢᠰᠲ᠋ᠧᠮ〉᠂ 〈ᠡᠯᠡᠰᠦᠷᠭᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ〉᠂ 〈ᠥᠪᠥᠷ ᠮᠣᠩᠭᠤᠯ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠭ᠍ᠰᠠᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠪᠠᠷᠢᠮᠵᠢᠶ᠎ᠠ᠎ᠶ᠋ᠢᠨ ᠱᠢᠰᠲ᠋ᠧᠮ〉 ᠵᠡᠷᠭᠡ ᠭᠤᠶᠤᠴᠢᠯᠠᠨ ᠮᠡᠳᠡᠭᠦᠯᠬᠦ᠌ ᠲᠥᠷᠥᠯ ᠵᠦᠢᠯ᠎ᠢ ᠴᠤᠭ᠍ᠯᠠᠭᠤᠯᠪᠠ》᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠭᠠᠵᠠᠷ᠎ᠤᠨ ᠳᠠᠷᠤᠭ᠎ᠠ ᠹᠸᠢ ᠢ᠂ ᠡᠲᠡᠭᠡᠷ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ᠎ᠢ ᠲᠤᠰᠭᠠᠶ ᠮᠡᠷᠭᠡᠵᠢᠯᠲᠡᠨ ᠬᠢᠨᠠᠨ ᠲᠤᠬᠳᠠᠭᠠᠵᠤ ᠨᠤᠲᠠᠯᠠᠬᠤ᠎ᠪᠠᠷ ᠳᠡᠮᠵᠢᠨ᠂ ᠡᠴᠦᠰ᠎ᠲᠡᠭᠡᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠶ᠋ᠢ ᠶᠡᠷᠦᠩᠬᠡᠢᠯᠡᠨ ᠵᠠᠰᠠᠬᠤ ᠪᠠ ᠦᠨᠡᠯᠡᠬᠦ᠌ ᠪᠠᠷᠢᠮᠵᠢᠶ᠎ᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠥᠪᠥᠷ ᠮᠣᠩᠭᠤᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠳᠤ ᠶᠡᠷᠦᠩᠬᠡᠢᠯᠡᠨ ᠰᠡᠷᠭᠡᠢᠯᠡᠨ ᠵᠠᠰᠠᠬᠤ᠂ ᠪᠠᠷᠢᠮᠵᠢᠶ᠎ᠠ᠎ᠶ᠋ᠢ ᠤᠷᠢᠳ᠎ᠢᠶᠠᠷ ᠬᠡᠷᠡᠭ᠌ᠵᠢᠭᠦᠯᠬᠦ᠌ ᠦᠢᠯᠡᠳᠦᠯ ᠦᠵᠡᠭᠦᠯᠬᠦ᠌ ᠪᠣᠯᠤᠨ᠎ᠠ ᠭᠡᠵᠦ᠍ ᠢᠯᠡᠳᠭᠡᠪᠡ᠃
ᠡᠭᠦᠨ᠎ᠤ ᠵᠡᠷᠭᠡ ᠪᠡᠷ᠂ ᠥᠪᠥᠷ ᠮᠣᠩᠭᠤᠯ ᠨᠢᠭᠡᠨᠲᠡ ᠨᠡᠢᠲᠡᠯᠡᠨ ᠬᠡᠷᠡᠭ᠌ᠵᠢᠭᠦᠯᠦᠭ᠌ᠰᠡᠨ 《ᠨᠤᠭᠤ ᠭᠠᠵᠠᠷ ᠤ᠋ᠨ ᠨᠤᠳᠤᠭ ᠪᠡᠯᠴᠢᠬᠡᠷ ᠲᠤ᠌ ᠪᠡᠯᠴᠢᠭᠡᠷᠯᠡᠬᠦᠯᠵᠤ ᠪᠡᠯᠴᠢᠭᠡᠷ ᠮᠠᠭᠤᠳᠠᠭᠰᠠᠨ ᠬᠡᠮᠵᠢᠶ᠎ᠡ᠎ᠶ᠋ᠢ ᠦᠨᠡᠯᠡᠨ ᠵᠢᠱ᠌ᠢᠬᠦ᠌ ᠠᠷᠭ᠎ᠠ》᠂ 《ᠡᠯᠡᠰᠦᠷᠬᠡᠭ᠌ᠵᠢᠭ᠌ᠰᠡᠨ ᠨᠤᠳᠤᠭ ᠪᠡᠯᠴᠢᠭᠡᠷ᠎ᠢ ᠵᠠᠰᠠᠬᠤ ᠮᠡᠷᠭᠡᠵᠢᠯ᠎ᠤᠨ ᠵᠢᠷᠤᠮᠵᠢᠯ》᠂ 《ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠢᠲᠡᠭᠦᠮᠵᠢᠯᠡᠨ ᠬᠠᠮᠠᠭᠠᠯᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠬᠡᠮᠵᠢᠬᠦ᠌ ᠮᠡᠷᠭᠡᠵᠢᠯ᠎ᠤᠨ ᠳᠦᠷᠢᠮᠯᠡᠯ》᠂ 《ᠬᠤᠷᠴᠢᠨ᠎ᠤ ᠡᠯᠡᠰᠦᠷᠬᠡᠭ᠌ᠵᠢᠭ᠌ᠰᠡᠨ ᠨᠤᠳᠤᠭ ᠪᠡᠯᠴᠢᠭᠡᠷ ᠤ᠋ᠨ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠮᠠᠯ ᠪᠡᠯᠴᠢᠭᠡᠷ᠎ᠢ ᠬᠤᠯᠢᠯᠳᠤᠭᠤᠯᠤᠨ ᠲᠠᠷᠢᠬᠤ ᠵᠢᠴᠢ ᠠᠱᠢᠭ᠍ᠯᠠᠬᠤ ᠮᠡᠷᠭᠡᠵᠢᠯ᠎ᠤᠨ ᠲᠣᠭ᠍ᠲᠠᠭᠠᠯ》 ᠵᠡᠷᠭᠡ 22 ᠵᠦᠢᠯ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠣᠷᠣᠨ ᠨᠤᠲᠤᠭ᠎ᠤᠨ ᠪᠠᠷᠢᠮᠵᠢᠶ᠎ᠠ᠎ᠨᠢ ᠤᠯᠤᠰ᠎ᠤᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠪᠠ 《ᠤᠮᠠᠷᠠᠳᠤ ᠵᠢᠨ ᠭᠤᠷᠪᠡᠨ ᠤᠷᠤᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠳᠤ ᠪᠠᠷᠢᠮᠵᠢᠶᠠᠵᠢᠭᠤᠯᠤᠯᠲᠠ᠎ᠶ᠋ᠢᠨ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃
《ᠥᠪᠥᠷ ᠮᠣᠩᠭᠤᠯᠲᠡᠮᠳᠡᠭᠳᠤ》 ᠮᠡᠷᠭᠡᠵᠢᠯ ᠄ ᠵᠡᠰ ᠬᠥᠩᠭᠡᠨᠴᠠᠭᠠᠨ᠎ᠤ ᠬᠥᠳᠡᠯᠭᠡᠬᠦ᠌ ᠬᠦᠴᠦᠨ᠎ᠢ ᠡᠷᠭᠢᠯᠳᠦᠭᠦᠯᠦᠨ ᠬᠥᠭ᠌ᠵᠢᠭᠡᠨ᠎ᠡ
ᠨᠤᠭᠤᠭᠠᠨ ᠨᠢ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠦᠩᠭᠡᠪᠤᠯᠬᠤ ᠪᠦᠭᠡᠳ ᠨᠡᠩ ᠴᠤ᠌ ᠦᠷᠭᠦᠯᠵᠢᠯᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯᠤᠨ᠎ᠠ᠃ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭ᠌ᠴᠢᠳᠤ ᠬᠦᠭᠵᠢᠯᠳᠡ ᠪᠣᠯ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠶ᠋ᠢᠨ ᠭᠤᠭ᠍ᠴᠤᠭ᠎ᠠ ᠪᠣᠯᠤᠨ᠎ᠠ᠃
ᠬᠥᠩᠭᠡᠨᠴᠠᠭᠠᠨ᠎ᠤ ᠠᠵᠤ ᠦᠢᠯᠡᠰ᠎ᠤᠨ ᠲᠠᠯ᠎ᠠ᠎ᠪᠠᠷ᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠠᠵᠢᠯ ᠲᠥᠷᠥᠯ᠎ᠤᠨ ᠲᠣᠰ ᠪᠡᠶ᠎ᠡ᠎ᠶ᠋ᠢᠨ《ᠡᠨ᠋ᠸᠷᠬᠢ ᠵᠢᠨ ᠠᠴᠢᠶ᠎ᠠ ᠶᠡᠬᠡ》 ᠱᠢᠨᠵᠢ ᠴᠢᠨᠠᠷ᠎ᠡᠴᠡ ᠪᠣᠯᠵᠣ᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠱᠢᠩᠭᠡᠨ᠎ᠢ ᠱᠢᠭᠤᠳ ᠴᠢᠳᠭᠤᠨ ᠬᠡᠪᠱᠢᠭᠦᠯᠬᠦ᠌ ᠮᠡᠷᠭᠡᠵᠢᠯ ᠡᠳᠦᠷ ᠢᠷᠡᠬᠦᠶ᠎ᠡ ᠠᠵᠢᠯ ᠲᠥᠷᠥᠯ᠎ᠤᠨ ᠳᠣᠲᠣᠷᠠᠬᠢ ᠭᠤᠤᠯ ᠳᠡᠯᠭᠡᠷᠡᠭᠦᠯᠬᠦ᠌ ᠤᠷ᠎ᠠ ᠮᠡᠷᠭᠡᠵᠢᠯ ᠪᠣᠯᠤᠭ᠍ᠰᠠᠨ ᠪᠣᠯᠪᠠᠴᠤ᠌ ᠠᠵᠤ ᠠᠬᠤᠢᠯᠠᠯ᠎ᠤᠨ ᠬᠡᠪᠴᠢᠶ᠎ᠡ᠎ᠨᠢ ᠠᠳᠠᠯᠢ ᠪᠤᠰᠤ᠂ ᠮᠡᠷᠭᠡᠵᠢᠯ᠎ᠤᠨ ᠲᠦᠪᠰᠢᠨ ᠨᠢ ᠲᠣᠰ ᠲᠣᠰ ᠠᠳᠠᠯᠢ ᠪᠤᠰᠤ᠎ᠡᠴᠡ ᠪᠣᠯᠵᠣ᠂ ᠪᠣᠳᠠᠲᠠᠶ ᠦᠢᠯᠡᠳᠪᠦᠷᠢᠯᠡᠬᠦ᠌᠎ᠶ᠋ᠢ ᠵᠢᠯᠣᠭᠤᠳᠬᠤ ᠨᠢᠭᠡᠳᠤᠯᠳᠠᠢ ᠪᠠᠷᠢᠮᠵᠢᠶ᠎ᠠ ᠲᠤᠳᠠᠬᠳᠠᠵᠤ ᠪᠠᠢᠨ᠎ᠠ᠃ ᠡᠭᠦᠨ᠎ᠤ ᠲᠤᠯᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠯᠪᠤᠬᠳᠠᠯ ᠪᠥᠬᠦᠶ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ ᠪᠤᠭᠤᠲᠤ᠎ᠶ᠋ᠢᠨ ᠳ᠋ᠦᠩ ᠹᠠᠩ ᠰᠢ ᠸᠠᠩ ᠬᠥᠩᠭᠡᠨᠴᠠᠭᠠᠨ᠎ᠤ ᠬᠠᠢᠯᠤᠰᠢ᠎ᠶ᠋ᠢᠨ ᠬᠢᠵᠠᠭᠠᠷᠲᠤ ᠺᠣᠮᠫᠠᠨᠢ᠎ᠪᠠᠷ ᠲᠤᠯᠭᠠᠭᠤᠷᠢᠯᠠᠯ ᠪᠣᠯᠭᠠᠪᠠ᠃
ᠣᠷᠣᠨ᠎ᠤ ᠳᠣᠲᠣᠷᠠᠬᠢ ᠬᠥᠩᠭᠡᠨᠴᠠᠭᠠᠨ᠎ᠤ ᠰᠡᠭᠦᠯᠴᠢ᠎ᠶ᠋ᠢᠨ ᠡᠳ᠋ᠱᠢᠭᠦᠯᠵᠦ᠍ ᠦᠢᠯᠡᠳᠪᠦᠷᠢᠯᠡᠭ᠌ᠰᠡᠨ 3 ᠵᠦᠢᠯ᠎ᠤᠨ ᠭᠤᠤᠯᠳᠠᠯᠭ᠎ᠠ᠎ᠲᠠᠢ ᠦᠢᠯᠡᠳᠬᠦᠨ᠄ ᠴᠠᠬᠢᠯᠭᠠᠨ᠎ᠤ ᠠᠵᠢᠯ ᠤ᠋ᠨ ᠪᠦᠭᠡᠷᠡᠩᠬᠡᠢ ᠬᠥᠩᠭᠡᠨᠴᠠᠭᠠᠨ᠎ᠤ ᠪᠠᠭᠠᠨ᠎ᠠ᠂ ᠬᠥᠩᠭᠡᠨᠴᠠᠭᠠᠨ᠎ᠤ ᠬᠠᠢᠯᠤᠰᠢ᠎ᠶ᠋ᠢᠨ ᠲᠤᠭᠤᠷᠢᠭ ᠴᠢᠳᠭᠤᠬᠤ ᠲᠡᠪᠬᠡ᠂ ᠬᠥᠩᠭᠡᠨᠴᠠᠭᠠᠨ᠎ᠤ ᠬᠠᠪᠳᠠᠰᠤ᠂ ᠴᠠᠬᠢᠯᠭᠠᠨ ᠵᠠᠳᠠᠯᠤᠯ᠎ᠤᠨ ᠲᠦᠭᠦᠬᠡᠶ ᠬᠥᠩᠭᠡᠨᠴᠠᠭᠠᠨ᠎ᠤ ᠱᠢᠩᠭᠡᠨ᠎ᠢ ᠠᠱᠢᠭ᠍ᠯᠠᠨ ᠱᠢᠭᠤᠳ ᠴᠢᠳᠭᠤᠨ ᠬᠡᠪᠱᠢᠭᠦᠯᠵᠦ᠍ ᠦᠢᠯᠡᠳᠪᠦᠷᠢᠯᠡᠬᠦ᠌ 3 ᠵᠦᠢᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠢᠵᠢ ᠪᠦᠷᠢᠳᠦᠭᠦᠯᠦᠨ ᠰᠤᠳᠤᠯᠤᠨ ᠦᠢᠯᠡᠳᠴᠦ᠍᠂ ᠪᠠᠷᠢᠮᠵᠢᠶᠠᠳ᠋ᠤ ᠦᠢᠯᠡᠳᠪᠦᠷᠢᠯᠡᠯ᠎ᠤᠨ ᠤᠷ᠎ᠠ ᠮᠡᠷᠭᠡᠵᠢᠯ ᠪᠠ ᠪᠤᠬᠢᠷᠳᠤᠯ ᠦᠭᠡᠢ ᠴᠠᠬᠢᠯᠭᠠᠨ᠎ᠤ ᠬᠡᠷᠡᠭ᠌ᠯᠡᠭᠡᠨ᠎ᠤ ᠲᠠᠯ᠎ᠠ᠎ᠪᠠᠷ ᠭᠤᠤᠯᠳᠠᠯᠭ᠎ᠠ ᠲᠠᠢ ᠱᠢᠨ᠎ᠡ ᠱᠠᠭᠠᠷᠳᠠᠯᠭ᠎ᠠ ᠳᠤᠷᠠᠳᠪᠠ᠃ ᠬᠥᠩᠭᠡᠨ ᠴᠠᠭᠠᠨ ᠴᠢᠳᠭᠤᠮᠠᠯ ᠪᠠ ᠳᠠᠬᠢᠨ ᠬᠠᠢᠯᠤᠭᠤᠯᠬᠤ ᠠᠵᠢᠯ᠎ᠤᠨ ᠶᠠᠪᠤᠴᠠ᠎ᠶ᠋ᠢ ᠠᠷᠪᠢᠯᠠᠭ᠍ᠰᠠᠨ᠎ᠡᠴᠡ ᠦᠢᠯᠡᠳᠪᠦᠷᠢᠯᠡᠯ᠎ᠤᠨ ᠦᠷ᠎ᠡ ᠠᠱᠢᠭ ᠪᠠ ᠦᠢᠯᠡᠳᠭᠦᠨ᠎ᠤ ᠨᠣᠷᠮ᠎ᠠ᠎ᠶ᠋ᠢ ᠳᠡᠭᠡᠭ᠌ᠰᠢᠯᠡᠭᠦᠯᠦᠭ᠌ᠰᠡᠨᠪᠦᠭᠡᠳ ᠪᠠᠰᠠ ᠲᠣᠨᠤᠭ ᠲᠥᠬᠦᠭᠡᠷᠦᠮᠵᠢ᠂ ᠲᠡᠭᠡᠭᠡᠪᠦᠷᠢ ᠵᠢᠴᠢ ᠴᠠᠬᠢᠯᠭᠠᠨ ᠬᠡᠷᠡᠭ᠌ᠯᠡᠬᠦ᠌ ᠥᠪᠡᠷ᠎ᠤᠨ ᠥᠷᠲᠡᠭ᠎ᠢ ᠪᠠᠭᠤᠷᠠᠭᠤᠯᠵᠤ᠂ ᠲᠣᠨ ᠪᠦᠷᠢ᠎ᠶ᠋ᠢᠨ ᠬᠥᠩᠭᠡᠨ ᠴᠠᠭᠠᠨᠳ᠋ᠦ700 ᠲᠥᠭᠦᠷᠢᠭ ᠣᠷᠴᠢᠮ ᠠᠷᠪᠢᠯᠠᠵᠤ ᠪᠣᠯᠤᠨ᠎ᠠ᠃
《2023 ᠣᠨ᠎ᠤ ᠠᠵᠤ ᠠᠬᠤᠢᠯᠠᠯ᠎ᠤᠨ ᠤᠢᠯᠡᠳᠪᠤᠷᠢᠯᠡᠭᠰᠡᠨ 56 ᠲᠦᠮᠡᠨ ᠲᠣᠨ ᠡᠳ᠋ᠱᠢᠭᠦᠯᠦᠭ᠌ᠰᠡᠨ ᠬᠥᠩᠭᠡᠨ ᠴᠠᠭᠠᠨ ᠤ᠋ ᠦᠶ᠋ᠯᠡᠳᠬᠦᠨ᠎ᠢᠶᠡᠷ ᠪᠤᠳᠤᠪᠠᠯ᠂ ᠵᠢᠱ᠌ᠢᠯᠲᠡ᠎ᠪᠡᠷ ᠪᠥᠬᠥ᠌ ᠵᠢᠯ᠎ᠳᠦ 5 . 2 ᠳ᠋ᠦᠩᠱᠢᠭᠤᠷ ᠭᠷᠠᠳᠦ᠋ᠰ ᠴᠠᠬᠢᠯᠭᠠᠨ ᠠᠷᠪᠢᠯᠠᠵᠤ᠂ 31 ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠂ 0 . 1 ᠲᠦᠮᠡᠨ ᠲᠣᠨ ᠬᠦᠬᠦᠷ᠎ᠦᠨ ᠳᠠᠪᠬᠤᠷ ᠢᠰᠦᠯ᠂ 0 . 09 ᠲᠦᠮᠡᠨ ᠲᠣᠨ ᠠᠽᠣᠲ᠎ᠤᠨ ᠢᠰᠦᠯ ᠤ᠋ᠨ ᠭᠠᠳᠠᠭᠰᠢᠯᠠᠭᠤᠯᠤᠯᠳᠠ ᠵᠢ ᠪᠠᠭᠠᠰᠬᠠᠪᠠ》᠃ ᠪᠤᠭᠤᠲᠤ᠎ᠶ᠋ᠢᠨ ᠳ᠋ᠦᠩ ᠹᠠᠩ ᠰᠢ ᠸᠠᠩ ᠬᠥᠩᠭᠡᠨ ᠴᠠᠭᠠᠨ᠎ᠤ ᠬᠠᠢᠯᠤᠰᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠭᠠᠷ ᠤᠷᠠᠯᠠᠯ᠎ᠤᠨ ᠶᠠᠪᠤᠴᠠ᠎ᠶ᠋ᠢ ᠪᠠᠷᠢᠮᠵᠢᠶᠠᠵᠢᠭᠤᠯᠤᠬᠰᠠᠨ᠎ᠨᠢ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠬᠠᠮᠢᠶᠠᠷᠤᠯᠲᠠ᠂ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤ ᠪᠠ ᠥᠪᠡᠷ᠎ᠦᠨ ᠥᠷᠲᠡᠭ᠎ᠢ ᠬᠢᠵᠠᠭᠠᠷᠯᠠᠬᠤ ᠵᠡᠷᠭᠡ ᠲᠠᠯ᠎ᠠ᠎ᠪᠠᠷ ᠰᠠᠨᠠᠭᠠᠨ᠎ᠳᠤ ᠥᠬᠡᠶ ᠦᠷ᠎ᠡ ᠪᠦᠲᠦᠮᠵᠢ ᠣᠯᠤᠭ᠍ᠰᠠᠨ᠎ᠢᠶᠠᠷ ᠪᠠᠷᠠᠬᠤ ᠥᠬᠡᠶ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ 《ᠦᠶ᠋ᠯᠡᠳᠪᠦᠷᠢᠯᠡᠬᠦ᠌᠎ᠶ᠋ᠢ ᠬᠢᠵᠠᠭᠠᠷᠯᠠᠬᠤᠡᠨ᠋ᠸᠷᠬᠢ ᠶ᠋ᠢ ᠬᠢᠵᠠᠭᠠᠷᠯᠠᠬᠤ》 ᠡᠴᠡ 《ᠪᠣᠬᠢᠷᠲᠤᠯ ᠥᠬᠡᠶ ᠬᠦᠭᠵᠢᠯᠳᠡ ᠡᠴᠡ ᠰᠢᠵᠢᠷ ᠠᠯᠳᠠ ᠲᠤᠩᠭᠠᠬᠤ》 ᠲᠡᠢᠰᠢ ᠬᠤᠪᠢᠷᠠᠭᠤᠯᠬᠤ᠎ᠶ᠋ᠢ ᠠᠬᠢᠭᠤᠯᠤᠭ᠍ᠰᠠᠨ ᠪᠠᠢᠨ᠎ᠠ ᠭᠡᠵᠤ ᠢᠯᠡᠳᠬᠡᠪᠡ᠃
ᠣᠢᠷ᠎ᠠ᠎ᠶ᠋ᠢᠨ ᠵᠢᠯ᠎ᠦᠨ ᠲᠤᠷᠰᠢ᠂ ᠣᠷᠣᠨ᠎ᠤ ᠳᠣᠲᠣᠷᠠᠬᠢ ᠬᠥᠩᠭᠡᠨ ᠴᠠᠭᠠᠨ᠂ ᠵᠡᠰ᠎ᠦᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ ᠪᠠ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ 《ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ》 ᠪᠦᠬᠦᠢ ᠠᠰᠠᠭᠤᠳᠠᠯ᠎ᠳᠤ ᠴᠢᠭ᠌ᠯᠡᠭᠦᠯᠦᠨ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠤ᠋ᠨ ᠬᠢᠨ ᠡᠨᠧᠷᠭᠢ ᠠᠭᠤᠷᠬᠠᠶ᠎ᠶ᠋ᠢᠨ ᠭᠠᠷᠤᠯᠲᠠ᠎ᠶ᠋ᠢᠨ ᠪᠣᠬᠢᠷᠲᠤᠯ ᠥᠬᠡᠶ ᠣᠷᠴᠢᠯ ᠦᠶ᠋ᠯᠡᠳᠪᠦᠷᠢᠯᠡᠯ᠎ᠦᠨ ᠲᠣᠭᠣᠷᠢᠨ᠎ᠳᠤ᠂ ᠠᠵᠤ ᠠᠬᠤᠢᠯᠠᠯ᠎ᠤᠨ ᠣᠷᠴᠢᠯ ᠮᠠᠶᠢᠭ᠎ᠤᠨ ᠦᠶ᠋ᠯᠡᠳᠪᠦᠷᠢᠯᠡᠯ᠂ ᠠᠵᠤ ᠦᠶ᠋ᠯᠡᠰ᠎ᠦᠨ ᠣᠷᠴᠢᠯ ᠮᠠᠶᠢᠭ᠎ᠤᠨ ᠬᠠᠮᠲᠤᠷᠠᠯ᠂ ᠬᠦᠷᠢᠶᠡᠯᠡᠩ ᠲᠣᠭᠣᠷᠢᠭ᠎ᠤᠨ ᠣᠷᠴᠢᠯ ᠮᠠᠶᠢᠭ᠎ᠤᠨ ᠬᠥᠭ᠌ᠵᠢᠯᠲᠡ ᠵᠡᠷᠭᠡ ᠲᠠᠯ᠎ᠠ᠎ᠪᠠᠷ ᠢᠳᠡᠪᠬᠢᠲᠡᠶ ᠰᠦᠪᠡᠭ᠌ᠴᠢᠯᠡᠵᠦ᠍᠂ 2 ᠵᠦᠶ᠋ᠯ᠎ᠦᠨ ᠬᠥᠩᠭᠡᠨ ᠴᠠᠭᠠᠨ᠎ᠤ ᠠᠵᠤ ᠦᠶ᠋ᠯᠡᠰ ᠪᠠ ᠵᠡᠰ᠎ᠦᠨ ᠠᠵᠤ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠣᠷᠴᠢᠯ ᠬᠥᠭ᠌ᠵᠢᠯᠲᠡ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠵᠤ᠂ 1500 ᠱᠢᠬᠠᠮ ᠵᠦᠶ᠋ᠯ᠎ᠦᠨ ᠠᠵᠤ ᠦᠶ᠋ᠯᠡᠰ᠎ᠦᠨ ᠬᠡᠷᠡᠭ᠌ᠰᠡᠬᠦ᠌ ᠵᠠᠩᠭᠢᠯᠠᠭ᠎ᠠ᠎ᠶ᠋ᠢᠨ ᠪᠠᠷᠢᠮᠵᠢᠶ᠎ᠠ᠎ᠶ᠋ᠢ ᠴᠤᠬᠯᠠᠭᠤᠯᠵᠤ᠂ ᠬᠥᠩᠭᠡᠨ ᠴᠠᠭᠠᠨ ᠵᠡᠰ᠎ᠦᠨ ᠠᠵᠤ ᠦᠶ᠋ᠯᠡᠰ᠎ᠦᠨ ᠬᠡᠯᠬᠢᠶ᠎ᠡ ᠪᠠ ᠦᠶ᠋ᠯᠡᠳᠬᠦᠨ᠎ᠦ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠪᠣᠬᠢᠷᠲᠤᠯ ᠥᠬᠡᠶ ᠬᠥᠭ᠌ᠵᠢᠯᠲᠡ᠎ᠶ᠋ᠢ ᠦᠨᠡᠨ ᠬᠦ᠌ ᠪᠠᠲᠤᠯᠠᠪᠠ᠃ ᠤᠷᠢᠳ ᠬᠣᠵᠢᠳ 3 ᠵᠦᠢᠯ᠎ᠦᠨ ᠬᠦᠩᠭᠡᠨ ᠴᠠᠭᠠᠨ᠎ᠤ ᠠᠵᠤ ᠦᠢᠯᠡᠰ᠎ᠦᠨ ᠡᠨᠧᠷᠭᠢ ᠠᠷᠪᠢᠯᠠᠬᠤ ᠮᠡᠷᠭᠡᠵᠢᠯ᠎ᠦᠨ ᠪᠠᠷᠢᠮᠵᠢᠶ᠎ᠠ᠂ 4 ᠵᠦᠢᠯ᠎ᠦᠨ ᠵᠡᠰ᠎ᠦᠨ ᠠᠵᠤ ᠦᠢᠯᠡᠰ᠎ᠦᠨ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠪᠠᠷᠢᠮᠵᠢᠶ᠎ᠠ᠂ 5 ᠵᠦᠢᠯ᠎ᠦᠨ ᠬᠦᠩᠭᠡᠨ ᠴᠠᠭᠠᠨ᠎ᠤ ᠠᠵᠤ ᠦᠢᠯᠡᠰ᠎ᠦᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠳᠤ ᠪᠣᠬᠢᠷᠲᠤᠯ ᠦᠭᠡᠢ ᠦᠨᠡᠯᠡᠯᠳᠠ ᠵᠢᠨ ᠪᠠᠷᠢᠮᠵᠢᠶ᠎ᠠ᠎ᠶ᠋ᠢ ᠰᠤᠳᠤᠯᠤᠨ ᠲᠣᠭ᠍ᠲᠠᠭᠠᠵᠤ᠂ ᠮᠠᠨ᠎ᠤ ᠤᠯᠤᠰ᠎ᠤᠨ ᠬᠦᠩᠭᠡᠨ ᠴᠠᠭᠠᠨ᠎ᠤ ᠠᠵᠤ ᠦᠢᠯᠡᠰ᠎ᠦᠨ ᠪᠠᠷᠢᠮᠵᠢᠶᠠᠵᠢᠭ᠍ᠰᠠᠨ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠪᠡ᠃
《ᠦᠪᠤᠷ ᠮᠣᠩᠭᠣᠯ ᠲᠡᠮᠳᠡᠭᠳᠤ》 ᠬᠡᠯᠬᠢᠶ᠎ᠡ ᠄ ᠬᠤᠷᠠᠮᠠᠯ᠎ᠢᠶᠠᠷ ᠲᠠᠯᠠᠰᠲᠤ ᠴᠠᠬᠢᠭᠤᠷ᠎ᠤᠨ ᠠᠵᠤ ᠦᠶ᠋ᠯᠡᠰ᠎ᠢ ᠬᠥᠲᠥᠯᠥᠨ ᠳᠠᠭᠠᠭᠤᠯᠪᠠ
ᠡᠯᠡᠰᠦ᠎ᠶ᠋ᠢ ᠵᠠᠰᠠᠬᠤ ᠪᠠ ᠭᠡᠷᠡᠯᠴᠢ ᠴᠡᠨᠡᠭ ᠨᠢ ᠶᠡᠷᠦ᠍᠎ᠡᠴᠡ ᠡᠬᠢ ᠪᠠᠶᠠᠯᠢᠭ᠎ᠢᠶᠠᠨ ᠬᠠᠷᠢᠯᠴᠠᠨ ᠨᠥᠬᠥᠪᠥᠷᠢᠯᠡᠬᠦ᠌ ᠳᠠᠪᠠᠭᠤᠯᠢᠭ ᠲᠠᠯ᠎ᠠ᠎ᠲᠠᠶ ᠪᠠᠢᠵᠤ᠂ ᠲᠠᠯᠠᠰᠲᠤ ᠴᠠᠬᠢᠭᠤᠷ ᠮᠠᠲ᠋ᠧᠷᠢᠶᠠᠯ ᠨᠢ ᠭᠡᠷᠡᠯᠴᠢ ᠴᠡᠨᠡᠭ᠎ᠤᠨ ᠠᠵᠤ ᠦᠶ᠋ᠯᠡᠰ᠎ᠦᠨ ᠦᠵᠦᠭᠦᠷ ᠪᠠ ᠰᠠᠭᠤᠷᠢ ᠪᠣᠯᠳᠠᠭ᠃ ᠲᠠᠯᠠᠰᠲᠤ ᠴᠠᠬᠢᠭᠤᠷ᠎ᠤᠨ ᠠᠵᠤ ᠦᠶ᠋ᠯᠡᠰ᠎ᠦᠨ ᠬᠥᠭ᠌ᠵᠢᠯᠲᠡ ᠳᠤᠮᠳᠠᠬᠢ ᠭᠤᠤᠯᠳᠠᠯᠭ᠎ᠠ᠎ᠲᠠᠶ ᠶᠠᠰᠤ ᠴᠢᠨᠠᠷ᠎ᠤᠨ ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠬᠤ᠎ᠶ᠋ᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠢᠨ ᠬᠢᠨ ᠬᠡᠮᠵᠢᠯᠲᠡ᠂ ᠪᠠᠷᠢᠮᠵᠢᠶ᠎ᠠ᠂ ᠪᠠᠢᠴᠠᠭᠠᠨ ᠱᠢᠯᠭᠠᠵᠤ ᠪᠠᠢᠴᠠᠭᠠᠨ ᠱᠢᠨᠵᠢᠬᠦ᠌᠂ ᠭᠡᠷᠡᠴᠢᠯᠡᠯ᠂ ᠶᠠᠰᠤ ᠴᠢᠨᠠᠷ᠎ᠤᠨ ᠬᠠᠮᠢᠶᠠᠷᠤᠯᠲᠠ ᠵᠡᠷᠭᠡ ᠬᠦᠴᠦᠨ ᠵᠦᠶ᠋ᠯ᠎ᠢ ᠨᠢᠭᠡᠳᠦᠯᠲᠡᠶ ᠲᠥᠯᠥᠪᠯᠡᠨ ᠬᠡᠷᠡᠭ᠌ᠯᠡᠵᠦ᠍᠂ ᠪᠤᠭᠤᠲᠤ ᠬᠣᠲᠠ᠎ᠳᠤ ᠲᠤᠷᠰᠢᠨ ᠪᠠᠢᠭᠤᠯᠤᠬᠰᠠᠨ ᠤᠯᠤᠰ᠎ᠤᠨ ᠶᠠᠰᠤ ᠴᠢᠨᠠᠷ᠎ᠤᠨ ᠰᠠᠭᠤᠷᠢ ᠲᠦᠬᠦᠬᠡᠷᠤᠮᠵᠢ᠎ᠶ᠋ᠢᠨ ᠬᠤᠷᠠᠮᠠᠯ ᠦᠶ᠋ᠯᠡᠴᠢᠯᠡᠭᠡᠨ᠎ᠦ ᠰᠠᠭᠤᠷᠢᠨ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠭᠡᠯ ᠤᠯᠪᠠ᠃
4 ᠰᠠᠷ᠎ᠠ᠎ᠶ᠋ᠢᠨ ᠡᠬᠢ᠎ᠪᠡᠷ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠵᠢᠨ ᠬᠢᠨ ᠸᠢᠳᠢᠤ᠋ ᠬᠤᠷᠠᠯ᠎ᠤᠨ ᠬᠡᠯᠪᠡᠷᠢ᠎ᠪᠡᠷ ᠤᠯᠤᠰ᠎ᠤᠨ ᠶᠠᠰᠤ ᠴᠢᠨᠠᠷ᠎ᠤᠨ ᠰᠠᠭᠤᠷᠢ ᠲᠦᠬᠦᠬᠡᠷᠤᠮᠵᠢ᠎ᠶ᠋ᠢᠨ ᠬᠤᠷᠠᠮᠠᠯ ᠦᠶ᠋ᠯᠡᠴᠢᠯᠡᠭᠡᠨ᠎ᠦ ᠰᠠᠭᠤᠷᠢᠨ᠎ᠤ ᠲᠤᠷᠱᠢᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠲᠣᠬᠢᠷᠠᠭᠤᠯᠵᠤ᠂ ᠥᠪᠥᠷ ᠮᠣᠩᠭᠣᠯ ᠤ᠋ᠨ ᠬᠢᠨ ᠲᠤᠷᠱᠢᠯᠲᠠ᠎ᠶ᠋ᠢᠨ ᠲᠥᠷᠥᠯ ᠵᠦᠶ᠋ᠯ᠎ᠦᠨ ᠲᠥᠯᠥᠭᠡᠯᠡᠭ᠌ᠴᠢ᠎ᠶ᠋ᠢᠨ ᠬᠤᠪᠢ᠎ᠪᠠᠷ ᠨᠡᠢᠲᠡᠯᠢᠭ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠶᠠᠰᠤ ᠴᠢᠨᠠᠷ᠎ᠤᠨ ᠬᠥᠭ᠌ᠵᠢᠯᠲᠡ᠎ᠶ᠋ᠢᠨ ᠲᠣᠪᠴᠢᠶ᠎ᠠ᠎ᠶ᠋ᠢᠨ ᠳᠠᠷᠤᠭ᠎ᠠ ᠯᠢᠦ ᠶᠦᠩ ᠲᠠᠨᠢᠯᠴᠠᠭᠤᠯᠬᠤ᠎ᠳᠠᠭᠠᠨ᠂ ᠤᠯᠤᠰ᠎ᠤᠨ ᠶᠠᠰᠤ ᠴᠢᠨᠠᠷ᠎ᠤᠨ ᠰᠠᠭᠤᠷᠢ ᠲᠦᠬᠦᠭᠡᠷᠦᠮᠵᠢ᠎ᠶ᠋ᠢᠨ ᠬᠤᠷᠠᠮᠠᠯ ᠦᠶ᠋ᠯᠡᠴᠢᠯᠡᠭᠡᠨ᠎ᠦ ᠰᠠᠭᠤᠷᠢᠨ ᠤ᠋ ᠲᠤᠷᠱᠢᠯᠲᠠ᠎ᠶ᠋ᠢᠨ ᠴᠡᠭ (ᠲᠠᠯᠠᠰᠲᠤ ᠴᠠᠬᠢᠭᠤᠷ᠎ᠤᠨ ᠮᠠᠲ᠋ᠧᠷᠢᠶᠠᠯ) ᠢ᠋ ᠵᠥᠪᠱᠢᠶᠡᠷᠡᠨ ᠪᠠᠢᠭᠤᠯᠤᠭ᠍ᠰᠠᠨ᠎ᠡᠴᠡ ᠨᠠᠭᠠᠰᠢ᠂ ᠪᠤᠭᠤᠲᠤ ᠬᠣᠲᠠ᠎ᠶ᠋ᠢᠨ ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠲᠥᠪ ᠨᠢ ᠥᠪᠥᠷ ᠮᠣᠩᠭᠣᠯ᠎ᠤᠨ ᠲᠦᠩ ᠸᠧᠶ᠂ ᠬᠣᠩ ᠶᠤᠸᠠᠨ ᠱᠢᠨ᠎ᠡ ᠮᠠᠲ᠋ᠧᠷᠢᠶᠠᠯ ᠵᠡᠷᠭᠡ ᠬᠣᠶᠠᠷ ᠬᠠᠮᠲᠤᠷᠠᠨ ᠪᠠᠢᠭᠤᠯᠬᠤ ᠨᠢᠭᠡᠴᠢ᠎ᠲᠡᠶ《ᠰᠦᠪᠡᠭ᠌ᠴᠢᠯᠡᠬᠦ ᠵᠢᠨ ᠵᠡᠷᠭᠡ ᠪᠡᠷ ᠦᠶ᠋ᠯᠡᠳᠦᠯᠭᠡᠵᠢᠭᠦᠯᠵᠦ᠂ ᠪᠥᠲᠥᠭᠡᠨ ᠪᠠᠢᠭᠤᠯᠬᠤ ᠵᠢᠨ ᠵᠡᠷᠭᠡ᠎ᠪᠡᠷ ᠳ᠋ᠦᠩᠨᠡᠬᠦ᠌》 ᠠᠵᠢᠯ᠎ᠤᠨ ᠰᠡᠳᠭᠢᠮᠵᠢ ᠶᠣᠰᠣᠭᠠᠷ ᠣᠯᠠᠨ ᠲᠠᠯ᠎ᠠ᠎ᠶ᠋ᠢᠨ ᠦᠷ᠎ᠡ ᠪᠦᠲᠦᠮᠵᠢ ᠣᠯᠵᠠᠶ᠃ ᠡᠭᠦᠨ᠎ᠳᠦ 13 ᠬᠡᠷᠡᠯᠴᠢ ᠴᠡᠨᠡᠭ ᠤ᠋ᠨ ᠠᠵᠤ ᠠᠬᠤᠢᠯᠠᠯ᠎ᠳᠤ ᠪᠠᠢᠴᠠᠭᠠᠨ ᠰᠤᠳᠤᠯᠤᠯᠲᠠ ᠬᠢᠵᠦ᠍ ᠰᠤᠷᠪᠤᠯᠵᠢᠯᠠᠵᠤ᠂ 《ᠬᠣᠶᠠᠷ ᠵᠢᠷᠤᠭ ᠭᠤᠷᠪᠠᠨ ᠨᠠᠷᠢᠨ ᠲᠠᠩᠰᠠ》 ᠵᠢ ᠵᠢᠷᠤᠵᠤ᠂ ᠲᠤᠬᠠᠢᠯᠠᠪᠠᠯ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠥᠬᠥ᠌ ᠦᠵᠡᠮᠵᠢ᠎ᠶ᠋ᠢᠨ ᠵᠢᠷᠤᠭ ᠪᠠ ᠶᠠᠰᠤ ᠴᠢᠨᠠᠷ᠎ᠤᠨ ᠵᠢᠷᠤᠭ᠎ᠤᠨ ᠵᠢᠭ᠍ᠰᠠᠯ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ 8 ᠶᠡᠬᠡ ᠬᠦᠷᠢᠶᠡᠨ᠎ᠦ 17 ᠭᠠᠷ ᠤᠷᠠᠯᠠᠯ᠎ᠤᠨ ᠭᠣᠭ᠍ᠴᠣᠭ᠎ᠠ᠎ᠶ᠋ᠢᠨ 58 ᠵᠦᠶ᠋ᠯ᠎ᠦᠨ ᠠᠭᠤᠯᠭ᠎ᠠ᠎ᠶ᠋ᠢᠨ ᠶᠠᠰᠤ ᠴᠢᠨᠠᠷ᠎ᠤᠨ ᠠᠰᠠᠭᠤᠳᠠᠯ᠎ᠤᠨ ᠨᠠᠷᠢᠨ ᠲᠠᠩᠰᠠ ᠵᠢᠴᠢ ᠬᠠᠷᠠᠭᠠᠯᠵᠠᠭ᠍ᠰᠠᠨ 38 ᠵᠦᠶ᠋ᠯ᠎ᠦᠨ ᠭᠤᠤᠯᠳᠠᠯᠭ᠎ᠠ᠎ᠲᠠᠶ ᠪᠣᠭᠣᠮᠲᠠ ᠱᠢᠪᠲᠤᠯᠬᠤ ᠲᠥᠷᠥᠯ ᠵᠦᠶ᠋ᠯ᠎ᠦᠨ ᠨᠠᠷᠢᠨ ᠲᠠᠩᠰᠠ ᠪᠠ 30 ᠵᠦᠶ᠋ᠯ᠎ᠦᠨ ᠶᠠᠰᠤ ᠴᠢᠨᠠᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢᠨ ᠨᠠᠷᠢᠨ ᠲᠠᠩᠰᠠ᠎ᠶ᠋ᠢ ᠵᠢᠷᠤᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠤ ᠠᠬᠤᠢᠯᠠᠯ᠎ᠢ ᠬᠠᠪᠰᠤᠷᠤᠨ ᠤᠯᠤᠰ᠎ᠤᠨ ᠪᠠᠷᠢᠮᠵᠢᠶ᠎ᠠ ᠵᠢᠨ 58 ᠵᠦᠶ᠋ᠯ᠂ ᠬᠠᠮᠢᠶ᠎ᠠ ᠪᠥᠬᠥᠶ ᠬᠦᠷᠢᠶᠡᠨ᠎ᠦ ᠮᠡᠷᠭᠡᠵᠢᠯ᠎ᠦᠨ ᠪᠣᠯᠵᠣᠯᠲᠤ ᠲᠣᠭ᠎ᠠ᠎ᠶᠢ 150 ᠵᠦᠶ᠋ᠯ᠎ᠢ ᠡᠮᠬᠢᠯᠡᠨ ᠳᠢᠭ᠌ᠯᠡᠪᠡ᠃
《ᠲᠤᠷᠱᠢᠯᠲᠠ᠎ᠶ᠋ᠢᠨ ᠲᠠᠰᠤᠭ᠎ᠢ ᠠᠵᠤ ᠦᠶ᠋ᠯᠡᠰ᠎ᠦᠨ ᠬᠡᠯᠬᠢᠶ᠎ᠡ ᠳᠡᠭᠡᠷ᠎ᠡ ᠪᠠᠢᠭᠤᠯᠬᠤ》 ᠠᠵᠢᠯ᠎ᠤᠨ ᠣᠢᠯᠠᠭᠠᠭ᠍ᠳᠠᠬᠤᠨ ᠶᠣᠰᠣᠭᠠᠷ᠂ ᠥᠪᠥᠷ ᠮᠣᠩᠭᠣᠯ ᠪᠤᠭᠤᠲᠤ ᠬᠣᠲᠠ᠎ᠶ᠋ᠢᠨ ᠠᠵᠤ ᠦᠶ᠋ᠯᠡᠰ ᠲᠥᠪᠯᠡᠷᠡᠭ᠌ᠰᠡᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ 5000 ᠲᠡᠭ᠌ᠰᠢ ᠳᠥᠷᠪᠡᠯᠵᠢᠨ ᠮᠧᠲ᠋ᠷ᠎ᠦᠨ ᠲᠤᠷᠱᠢᠯᠲᠠ᠎ᠶ᠋ᠢᠨ ᠲᠠᠰᠤᠭ᠎ᠢ ᠱᠢᠨ᠎ᠡ᠎ᠪᠡᠷ ᠪᠠᠢᠭᠤᠯᠵᠤ᠂ 51 ᠲᠣᠮᠣ ᠬᠡᠯᠪᠡᠷᠢ᠎ᠶ᠋ᠢᠨ ᠬᠡᠮᠵᠢᠭᠦᠷᠯᠢᠭ ᠲᠥᠬᠥᠭᠡᠷᠦᠮᠵᠢ᠎ᠶ᠋ᠢ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠪᠡ᠃ ᠠᠵᠤ ᠦᠶ᠋ᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠤᠢᠯ᠎ᠤᠨ ᠣᠨᠣᠪᠴᠢᠲᠠᠶ᠎ᠪᠠᠷ ᠵᠣᠯᠭᠠᠭᠤᠯᠵᠤ᠂ 16 ᠵᠦᠶ᠋ᠯ᠎ᠦᠨ ᠨᠡᠢᠭᠡᠮ᠎ᠦᠨ ᠨᠡᠢᠲᠡ᠎ᠶ᠋ᠢᠨ ᠬᠡᠷᠡᠭ᠌ᠯᠡᠭᠡᠨ᠎ᠦ ᠬᠡᠮᠵᠢᠯᠲᠡ᠎ᠶ᠋ᠢᠨ ᠪᠠᠷᠢᠮᠵᠢᠶ᠎ᠠ᠎ᠶ᠋ᠢ ᠱᠢᠨ᠎ᠡ᠎ᠪᠡᠷ ᠪᠠᠢᠭᠤᠯᠵᠤ᠂ ᠨᠠᠷᠢᠯᠢᠭ ᠭᠧᠣᠮᠧᠲ᠋ᠷᠢ᠎ᠶ᠋ᠢᠨ ᠬᠡᠮᠵᠢᠶ᠎ᠡ᠂ ᠬᠦᠴᠦᠨ᠎ᠦ ᠤᠬᠠᠭᠠᠨ᠎ᠤ ᠬᠥᠳᠡᠯᠦᠩᠭᠦᠶ ᠬᠡᠮᠵᠢᠶ᠎ᠡ ᠵᠡᠷᠭᠡ 9 ᠲᠤᠰᠭᠠᠶ ᠮᠡᠷᠭᠡᠵᠢᠯ᠎ᠦᠨ ᠬᠦᠷᠢᠶᠡᠨ᠎ᠳᠡᠬᠢ 35 ᠵᠦᠶ᠋ᠯ᠎ᠦᠨ ᠮᠡᠷᠭᠡᠵᠢᠯ᠎ᠦᠨ ᠴᠢᠳᠠᠪᠤᠷᠢ ᠪᠠ 302 CNAS (ᠳᠤᠮᠳᠠᠳᠤ ᠤᠯᠤᠰ᠎ᠤᠨ ᠬᠢᠷᠢ ᠲᠡᠩᠴᠡᠯᠲᠡ᠎ᠶ᠋ᠢ ᠦᠨᠡᠯᠡᠨ ᠲᠣᠭ᠍ᠲᠠᠭᠠᠬᠤ ᠤᠯᠤᠰ᠎ᠤᠨ ᠵᠥᠪᠱᠢᠶᠡᠷᠡᠯ᠎ᠦᠨ ᠵᠥᠪᠯᠡᠯ)᠎ᠤ᠋ᠨ ᠪᠣᠯᠵᠣᠯᠲᠤ ᠲᠣᠭ᠎ᠠ᠎ᠶ᠋ᠢ ᠱᠢᠨ᠎ᠡ᠎ᠪᠡᠷ ᠨᠡᠮᠡᠭ᠌ᠳᠡᠭᠦᠯᠪᠡ᠃ 26 ᠵᠦᠶ᠋ᠯ᠎ᠦᠨ ᠪᠦᠯᠬᠦᠮ᠎ᠦᠨ ᠪᠠᠷᠢᠮᠵᠢᠶ᠎ᠠ᠂ 18 ᠵᠦᠶ᠋ᠯ᠎ᠦᠨ ᠮᠤᠵᠢ᠎ᠶ᠋ᠢᠨ ᠲᠠᠰ᠎ᠤᠨ ᠣᠷᠣᠨ ᠨᠤᠲᠤᠭ᠎ᠤᠨ ᠬᠡᠮᠵᠢᠯᠲᠡ᠎ᠶ᠋ᠢᠨ ᠮᠡᠷᠭᠡᠵᠢᠯ᠎ᠦᠨ ᠵᠢᠷᠤᠮᠵᠢᠯ᠎ᠢ ᠭᠤᠤᠯᠯᠠᠨ ᠲᠣᠭ᠍ᠲᠠᠭᠠᠪᠠ᠃
ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ ᠶᠠᠰᠤ ᠴᠢᠨᠠᠷ᠎ᠤᠨ ᠰᠠᠭᠤᠷᠢ ᠲᠦᠬᠦᠭᠡᠷᠦᠮᠵᠢ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ — 《ᠪᠤᠭᠤᠳᠤ ᠰᠢᠯᠭᠠᠨ ᠪᠠᠢᠴᠠᠭᠠᠬᠤ ᠲᠠᠪᠴᠠᠩ》 ᠳ᠋ᠤ ᠲᠦᠱᠢᠭ᠌ᠯᠡᠨ᠂ ᠲᠠᠯᠠᠰᠲᠤ ᠴᠠᠬᠢᠭᠤᠷ᠎ᠤᠨ ᠠᠵᠤ ᠦᠶ᠋ᠯᠡᠰ᠎ᠦᠨ ᠮᠡᠷᠭᠡᠵᠢᠯ᠎ᠦᠨ ᠦᠶ᠋ᠯᠡᠴᠢᠯᠡᠭᠡᠨ᠎ᠦ 《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠪᠲᠡᠷᠡᠭᠦᠯᠵᠦ᠍᠂ ᠲᠠᠪᠴᠠᠩ᠎ᠤᠨ ᠲᠣᠭ᠎ᠠ ᠪᠠᠷᠢᠮᠲᠠ ᠨᠢ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠡᠯ᠎ᠡ ᠲᠣᠮᠣ ᠮᠡᠷᠭᠡᠵᠢᠯ᠎ᠦᠨ ᠲᠠᠪᠴᠠᠩ᠎ᠲᠠᠶ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠵᠦ᠍᠂ ᠦᠨ᠎ᠡ ᠲᠥᠯᠥᠪᠦᠷᠢ ᠥᠬᠡᠶ᠎ᠪᠡᠷ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠭᠠᠯ᠎ᠤᠨ ᠠᠵᠤ ᠠᠬᠤᠢᠯᠠᠯ᠎ᠳᠤ ᠨᠡᠭᠡᠭᠡᠯᠲᠡ ᠬᠢᠵᠦ᠍᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠮᠡᠷᠭᠡᠵᠢᠯ᠎ᠢ ᠬᠠᠮᠲᠤ᠎ᠪᠠᠷ ᠡᠳ᠋ᠯᠡᠬᠦ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ ᠶ᠋ᠢ ᠪᠡᠶᠡᠯᠡᠭᠦᠯᠵᠦ᠍᠂ ᠠᠵᠤ ᠦᠶ᠋ᠯᠡᠰ᠎ᠦᠨ ᠪᠥᠬᠥ᠌ ᠬᠡᠯᠬᠢᠶ᠎ᠡ᠂ ᠶᠠᠰᠤ ᠴᠢᠨᠠᠷ ᠪᠥᠬᠥ᠌ ᠡᠯᠧᠮᠧᠨ᠋ᠲ᠎ᠦᠨ 《ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ》 ᠵᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ᠌ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠮᠡᠷᠭᠡᠵᠢᠯ᠎ᠦᠨ ᠦᠶ᠋ᠯᠡᠴᠢᠯᠡᠭᠡᠨ᠎ᠦ ᠱᠢᠰᠲ᠋ᠧᠮ ᠢ᠋ ᠪᠠᠢᠭᠤᠯᠪᠠ᠃ ᠣᠳᠣᠬᠠᠨ᠎ᠳᠤ᠂ 《ᠪᠤᠭᠤᠳᠤ ᠰᠢᠯᠭᠠᠨ ᠪᠠᠢᠴᠠᠭᠠᠬᠤ ᠲᠠᠪᠴᠠᠩ》 ᠤ᠋ᠨ ᠲᠠᠪᠴᠠᠩ᠎ᠳᠤ ᠳᠠᠩᠰᠠᠯᠠᠭᠤᠯᠤᠭ᠍ᠰᠠᠨ ᠠᠵᠤ ᠠᠬᠤᠢᠯᠠᠯ ᠨᠢᠭᠡᠨᠲᠡ 3296 ᠪᠣᠯᠵᠣ᠂ ᠭᠡᠷ᠎ᠡ ᠲᠣᠭ᠍ᠲᠠᠭ᠍ᠰᠠᠨ ᠱᠢᠯᠭᠠᠨ ᠪᠠᠢᠴᠠᠭᠠᠬᠤ ᠪᠠᠢᠭᠤᠯᠤᠮᠵᠢ 38 ᠪᠣᠯᠵᠣ᠂ ᠨᠡᠢᠲᠡ 4.5 ᠲᠦᠮᠡᠨ ᠵᠦᠶ᠋ᠯ᠎ᠦᠨ ᠮᠡᠷᠭᠡᠵᠢᠯ᠎ᠦᠨ ᠦᠶ᠋ᠯᠡᠴᠢᠯᠡᠭᠡ ᠬᠠᠩᠭᠠᠪᠠ᠃
ᠭᠡᠰᠡᠭ ᠬᠡᠰᠡᠭ ᠲᠦᠷᠪᠡᠯᠵᠢᠨ ᠡᠯᠡᠰᠦᠨ ᠬᠠᠯᠬᠠᠪᠴᠢ ᠪᠦᠬᠦ ᠲᠠᠯ᠎ᠠ ᠪᠡᠷ ᠲᠡᠯᠭᠡᠭᠳᠡᠵᠦ᠂ ᠬᠡᠰᠡᠭ ᠬᠡᠰᠡᠭ《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》 ᠲᠥᠪᠯᠡᠷᠡᠨ ᠵᠠᠯᠭᠠᠯᠳᠤᠵᠤ᠂ ᠲᠠᠯᠠᠰᠲᠤ ᠴᠠᠬᠢᠭᠤᠷ᠎ᠤᠨ ᠲᠥᠷᠥᠯ ᠵᠦᠶ᠋ᠯᠦᠳ ᠬᠦᠭᠵᠢᠨ ᠪᠠᠳᠠᠷᠠᠵᠤ ᠁ 5 ᠰᠠᠷ᠎ᠠ᠎ᠵᠢᠨ ᠥᠪᠥᠷ ᠮᠣᠩᠭᠣᠯ᠎ᠳ᠋ᠤ ᠲᠦᠮᠡᠨ ᠪᠣᠳᠠᠰ ᠥᠷᠢᠰᠥᠯᠳᠦᠨ ᠬᠥᠭ᠌ᠵᠢᠵᠦ᠍᠂ ᠪᠥᠬᠥ᠌ ᠣᠷᠣᠨ᠎ᠤ ᠡᠯ᠎ᠡ ᠭᠠᠵᠠᠷ ᠡᠯ᠎ᠡ ᠠᠵᠢᠯ ᠲᠥᠷᠥᠯ᠎ᠦᠨ᠎ᠬᠢᠨ ᠠᠵᠢᠯ᠎ᠤᠨ ᠬᠤᠭᠤᠴᠠᠭ᠎ᠠ᠎ᠶ᠋ᠢ ᠵᠠᠪᠳᠤᠨ᠂ ᠠᠬᠢᠴᠠ᠎ᠶ᠋ᠢ ᠲᠦᠷᠭᠡᠳᠭᠡᠵᠦ᠍᠂ 《ᠲᠠᠪᠤᠨ ᠶᠡᠬᠡ ᠡᠭᠦᠷᠭᠡ》 ᠶ᠋ᠢ ᠲᠦᠷᠭᠡᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠲᠥᠷᠥᠯ ᠲᠡᠮᠳᠡᠭ᠎ᠢ ᠴᠢᠷᠮᠠᠢᠨ ᠡᠭᠦᠳᠴᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠱᠢᠨ᠎ᠡ ᠵᠠᠮ ᠨᠡᠭᠡᠭᠡᠬᠦ᠌᠂ ᠳᠤᠮᠳᠠ ᠲᠦᠰᠢᠨ ᠳ᠋ᠤ ᠣᠷᠣᠬᠤ ᠬᠠᠷᠠᠯᠲᠠ ᠲᠡᠢᠰᠢ ᠪᠥᠬᠥ᠌ ᠬᠦᠴᠦᠨ᠎ᠢᠶᠡᠷ᠎ᠢᠶᠡᠨ ᠤᠷᠤᠭ᠍ᠰᠢᠯᠠᠨ᠎ᠠ᠃