《ᠬᠦᠬᠡᠬᠤᠲᠠ᠎ᠶᠢᠨ ᠠᠵᠤ ᠠᠬᠤᠢ᠎ᠶᠢᠨ ᠨᠡᠬᠡᠭᠡᠯᠲᠡ᠎ᠶᠢᠨ ᠲᠤᠭᠤᠷᠢᠭ᠎ᠤᠨ ᠠᠵᠤ ᠠᠬᠤᠢᠯᠠᠯᠲᠠᠨ ᠨᠠᠷ ᠲᠦ᠍ ᠄ 2024 ᠣᠨ᠎ᠤ ᠬᠦᠨᠳᠦᠲᠦ ᠵᠣᠴᠢᠨ᠎ᠤ ᠨᠡᠪᠲᠡᠷᠡᠬᠦ᠌ ᠵᠠᠮ᠎ᠤᠨ ᠡᠷᠬᠡ ᠠᠱᠢᠭ᠎ᠢ ᠲᠠᠨ᠎ᠳᠤ ᠰᠦᠢᠳᠭᠡᠯ ᠬᠤᠷᠢᠶᠠᠬᠤ ᠦᠭᠡᠢ᠎ᠪᠡᠷ ᠨᠡᠪᠲᠡᠷᠡᠭᠦᠯᠵᠡᠢ! ᠤᠷᠢᠳᠴᠢᠯᠠᠨ 2 ᠴᠠᠭ ᠬᠦᠨᠳᠦᠲᠦ ᠵᠣᠴᠢᠨ᠎ᠤ ᠵᠠᠬᠢᠶᠠᠯᠠᠭ᠎ᠠ᠎ᠶ᠋ᠢᠨ ᠲᠥᠪ᠎ᠲᠦ ᠴᠠᠬᠢᠯᠭᠠᠨ ᠴᠢᠮᠡᠭᠡ ᠢᠷᠡᠭᠦᠯᠪᠡᠯ ᠪᠣᠯᠴᠢᠬᠠᠨ᠎ᠠ 》᠃ ᠡᠨᠡ ᠬᠡᠳᠦᠨ ᠡᠳᠦᠷ᠂ ᠬᠥᠬᠡᠬᠣᠲᠠ᠎ᠶ᠋ᠢᠨ ᠠᠵᠤ ᠠᠬᠤᠢ᠎ᠶ᠋ᠢᠨ ᠨᠡᠭᠡᠭᠡᠯᠲᠡ᠎ᠶᠢᠨ ᠲᠣᠭᠣᠷᠢᠭ᠎ᠤᠨ ᠬᠠᠷᠢᠶᠠᠨ ᠳᠡᠬᠢ ᠵᠤᠬᠢᠬᠤ ᠬᠡᠪᠴᠢᠶᠡᠵᠢᠯ ᠪᠠ ᠬᠢᠷᠢ ᠭᠡᠮ ᠳ᠋ᠦ ᠬᠦᠷᠦᠭᠰᠡᠨ 190 ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠤᠨ ᠠᠵᠤ ᠠᠬᠤᠢᠯᠠᠯᠲᠠᠨ ᠡᠨᠡ ᠬᠦ᠌ ᠰᠡᠳᠭᠢᠯ᠎ᠢ ᠳᠤᠯᠠᠭᠠᠴᠡᠭᠤᠯᠤᠭ᠍ᠰᠠᠨ ᠣᠬᠣᠷ ᠮᠡᠳᠡᠭᠡ ᠶ᠋ᠢ ᠵᠠᠯᠭᠠᠭᠠᠪᠡᠷ ᠳᠤᠰᠤᠭ᠍ᠰᠠᠨ ᠪᠠᠢᠨ᠎ᠠ᠃
ᠥᠪᠥᠷ ᠮᠣᠩᠭᠣᠯ᠎ᠤᠨ ᠳ᠋ᠠ ᠶᠣᠣ ᠵᠢᠶᠠ ᠪᠢᠨ ᠤᠮᠳᠠᠭᠠᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠦᠸᠧ ᠶᠦᠨ ᠡᠨᠡ ᠲᠤᠬᠠᠢ᠄《ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ ᠠᠵᠤ ᠠᠬᠤᠢᠯᠠᠯ ᠳ᠋ᠦ ᠡᠢᠮᠦ᠍ ᠨᠠᠷᠢᠨ ᠨᠢᠮᠪᠠᠶ ᠦᠶ᠋ᠯᠡᠴᠢᠯᠡᠵᠦ᠂ ᠪᠢᠳᠡᠨ᠎ᠦ ᠶᠠᠪᠤᠵᠤ ᠰᠠᠭᠤᠬᠤ ᠳ᠋ᠦ ᠲᠦᠭᠦᠮ ᠦᠵᠡᠭᠦᠯᠦᠭᠰᠡᠨ ᠨᠢ ᠮᠠᠰᠢ ᠰᠠᠢᠨ ᠪᠠᠢᠨ᠎ᠠ 》 ᠭᠡᠵᠦ᠍ ᠮᠠᠭ᠍ᠲᠠᠵᠤ ᠪᠠᠢᠯ᠎ᠠ᠃
ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠠᠵᠤ ᠠᠬᠤᠢ᠎ᠶ᠋ᠢᠨ ᠨᠡᠬᠡᠭᠡᠯᠲᠡ᠎ᠶ᠋ᠢᠨ ᠲᠣᠭᠣᠷᠢᠭ᠎ᠤᠨ ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠢᠯᠡᠴᠢᠯᠡᠬᠦ᠌ ᠤᠬᠠᠮᠰᠠᠷ᠎ᠢᠶᠠᠨ ᠴᠢᠨᠠᠭ᠍ᠰᠢᠳᠠ ᠴᠢᠩᠭᠠᠳᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠢ ᠦᠨᠡᠨ ᠬᠦ᠌ ᠦᠪᠡᠷ᠎ᠤᠨ ᠶᠠᠪᠤᠳᠠᠯ᠂ ᠲᠤᠳᠤᠨᠤ ᠬᠦᠮᠦᠨ᠎ᠢᠶᠡᠨ ᠪᠣᠯᠭᠠᠵᠤ᠂ ᠬᠠᠮᠤᠭ᠎ᠤᠨ ᠶᠡᠬᠡ ᠴᠢᠷᠮᠠᠢᠯᠭ᠎ᠠ᠎ᠪᠠᠷ᠎ᠢᠶᠠᠨ ᠥᠷᠭᠡᠨ ᠤᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠦᠢᠯᠡᠰ᠎ᠢᠶᠡᠨ ᠮᠠᠨᠳᠤᠭᠤᠯᠬᠤ᠎ᠳᠤ ᠰᠠᠢ᠌ᠨ ᠰᠠᠢᠬᠠᠨ ᠣᠷᠴᠢᠨ ᠨᠦᠭᠦᠴᠡᠯ᠎ᠢ ᠪᠤᠢ ᠪᠣᠯᠭᠠᠵᠤ ᠥᠭ᠌ᠴᠡᠢ᠃
ᠬᠥᠬᠡᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠪᠠᠯᠠ ᠣᠷᠣᠭᠤᠯᠤᠯᠲᠠ᠎ᠶ᠋ᠢ ᠠᠬᠢᠭᠤᠯᠬᠤ ᠲᠣᠪᠴᠢᠶ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠠᠷᠤᠭ᠎ᠠ ᠯᠠᠨ ᠴᠠᠩ ᠴᠢᠩ᠄ 《 ᠠᠵᠤ ᠠᠬᠤᠶ ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠬᠢᠨ ᠤᠳᠤᠷᠢᠳᠤᠯᠭ᠎ᠠ᠎ᠶ᠋ᠢᠨ ᠳᠠᠭᠠᠭᠠᠴᠢᠯᠠᠨ ᠬᠣᠯᠪᠣᠭᠠᠯᠠᠬᠤ ᠲᠦᠷᠢᠮ᠎ᠢ ᠪᠠᠢᠩᠭᠤ᠎ᠶ᠋ᠢᠨ ᠴᠢᠨᠠᠷᠲᠠᠶ ᠨᠠᠢᠳᠠᠪᠤᠷᠢᠵᠢᠭᠤᠯᠵᠤ᠂ ᠠᠵᠤ ᠠᠬᠤᠢᠯᠠᠯ ᠢ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠍᠂ ᠨᠢᠭᠡ ᠲᠠᠯ᠎ᠠ ᠪᠠᠷ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠵᠢᠴᠢ ᠠᠶᠤᠯᠭᠦᠶ ᠦᠶ᠋ᠯᠡᠳᠪᠦᠷᠢᠯᠡᠯ᠎ᠦᠨ ᠲᠠᠯ᠎ᠠ ᠶ᠋ᠢᠨ ᠤᠬᠠᠭᠤᠯᠭ᠎ᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠤᠬᠠᠭᠤᠯᠵᠤ᠂ ᠳᠤᠮᠳᠠ ᠪᠠᠭ᠎ᠠ ᠠᠵᠤ ᠠᠬᠤᠢᠯᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠨᠣᠷᠮ᠎ᠠ ᠪᠠ ᠬᠡᠷᠡᠭ᠌ᠯᠡᠬᠦ᠌ ᠨᠣᠷᠮ᠎ᠠ᠎ᠶ᠋ᠢ ᠬᠦᠴᠦᠯᠡᠨ ᠳᠡᠭᠡᠭᠰᠢᠯᠡᠭᠦᠯᠪᠡ; ᠨᠥᠭᠥᠭᠡ ᠲᠠᠯ᠎ᠠ᠎ᠪᠠᠷ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢ ᠨᠠᠷᠢᠯᠢᠭ ᠡᠵᠡᠮᠱᠢᠬᠦ᠌᠎ᠶ᠋ᠢᠨ ᠵᠡᠷᠭᠡ᠎ᠪᠡᠷ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠳᠤᠮᠳᠠᠬᠢ ᠲᠦᠪᠡᠭᠳᠡᠯ᠂ ᠬᠦᠴᠢᠷᠳᠡᠯ᠎ᠤᠨ ᠲᠣᠭᠣᠷᠢᠨ᠎ᠳᠤ᠂ ᠤᠴᠢᠷ ᠶᠠᠪᠤᠳᠠᠯ ᠦᠭᠡᠶ ᠪᠣᠯ ᠬᠠᠷᠱᠢᠯᠠᠬᠤ ᠦᠭᠡᠶ᠂ ᠬᠡᠷᠡᠭ᠌ᠴᠡᠭᠡ᠎ᠲᠡᠶ ᠪᠣᠯ ᠵᠠᠪᠠᠯ ᠬᠠᠩᠭᠠᠬᠤ ᠦᠢᠯᠡᠴᠢᠯᠡᠭᠡᠨ᠎ᠦ ᠵᠠᠷᠴᠢᠮ᠎ᠢᠶᠠᠷ᠂ ᠨᠢᠭᠡ ᠨᠢᠭᠡ᠎ᠪᠡᠷ ᠬᠠᠪᠰᠤᠷᠤᠨ ᠲᠡᠳᠬᠦᠵᠦ᠍᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ᠎ᠡᠴᠡ᠎ᠪᠠᠨ ᠰᠣᠨᠣᠰᠴᠤ᠌᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠵᠤᠯᠭᠠᠭᠤᠯᠵᠤ᠂ ᠠᠵᠤ ᠠᠬᠤᠢᠯᠠᠯ᠎ᠢ ᠪᠦᠬᠦ᠌ ᠬᠦᠴᠦᠨ᠎ᠢᠶᠡᠷ᠎ᠢᠶᠡᠨ ᠬᠠᠪᠰᠤᠷᠤᠨ ᠦᠢᠯᠡᠳᠪᠦᠷᠢᠯᠡᠯ᠎ᠦᠨ ᠬᠥᠭ᠌ᠵᠢᠯᠲᠡ᠎ᠶ᠋ᠢᠨ ᠳᠤᠮᠳᠠ ᠲᠤᠯᠭᠠᠷᠠᠭ᠍ᠰᠠᠨ ᠬᠦᠴᠢᠷᠳᠡᠯ᠎ᠢ ᠨᠢ ᠱᠢᠶ᠋ᠳᠪᠦᠷᠢᠯᠡᠵᠦ᠍ ᠥᠭ᠌ᠪᠡ》 ᠭᠡᠵᠦ ᠲᠠᠨᠢᠯᠴᠠᠭᠤᠯᠪᠠ᠃
ᠠᠵᠤ ᠠᠬᠤᠢᠯᠠᠯ᠂ ᠣᠯᠠᠨ ᠲᠦᠮᠡᠨ᠎ᠦ ᠠᠵᠢᠯ ᠶᠠᠪᠤᠳᠠᠯ ᠭᠦᠢᠴᠡᠳᠭᠡᠬᠦ᠌ ᠶᠠᠪᠤᠴᠠ᠎ᠳᠤ ᠲᠤᠯᠭᠠᠷᠠᠭ᠍ᠰᠠᠨ ᠬᠦᠴᠢᠷᠳᠡᠯ᠂ ᠲᠦᠪᠡᠭᠳᠡᠯ᠂ ᠲᠦᠭᠵᠢᠷᠡᠯ᠎ᠳᠦ ᠴᠢᠭ᠌ᠯᠡᠭᠦᠯᠦᠨ᠂ ᠬᠥᠬᠡᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠬᠢᠨ ᠠᠵᠤ ᠠᠬᠤᠢᠯᠠᠯ᠎ᠤᠨ 《 ᠣᠯᠠᠨ ᠲᠦᠮᠡᠨ ᠭᠦᠢᠴᠡᠳᠭᠡᠬᠦ 》 ᠶ᠋ᠢ ᠵᠠᠰᠠᠭ᠎ᠤᠨ ᠣᠷᠳᠣᠨ᠎ᠡᠴᠡ ᠭᠦᠢᠴᠡᠳᠭᠡᠬᠦ 》 ᠪᠣᠯᠭᠠᠨ ᠬᠤᠪᠢᠷᠠᠭᠤᠯᠵᠤ᠂ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠵᠠᠭ᠍ᠪᠤᠷ᠎ᠢ ᠱᠢᠯᠢᠳᠡᠭ᠌ᠵᠢᠭᠦᠯᠵᠦ᠍᠂ 《ᠠᠷᠠᠯᠵᠢᠶᠠᠴᠢᠨ ᠤᠷᠢᠬᠤ ᠲᠥᠷᠥᠯ ᠵᠦᠶ᠋ᠯ᠎ᠦᠨ ᠳᠠᠭᠠᠭᠠᠴᠢᠯᠠᠨ ᠬᠠᠷᠢᠭᠤᠴᠠᠵᠤ ᠣᠷᠣᠯᠠᠨ ᠭᠦᠶ᠋ᠴᠡᠳᠭᠡᠬᠦ᠌ + ᠭᠣᠸ᠋ᠯᠯᠠᠨ ᠬᠠᠮᠢᠶᠠᠷᠬᠤ ᠰᠠᠯᠠᠭ᠎ᠠ ᠮᠥᠴᠢᠷ ᠲᠤᠰᠭᠠᠶ ᠵᠦᠶ᠋ᠯ᠎ᠢᠶᠡᠷ ᠬᠠᠪᠰᠤᠷᠤᠨ ᠭᠦᠶ᠋ᠴᠡᠳᠭᠡᠬᠦ᠌ + ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠦᠨ ᠰᠠᠭᠤᠷᠢ᠎ᠵᠢ ᠪᠠᠲᠤᠯᠠᠬᠤ ᠦᠶ᠋ᠯᠡᠴᠢᠯᠡᠭᠡ 》 ᠶ᠋ᠢᠨ ᠪᠥᠬᠥ᠌ ᠶᠠᠪᠤᠴᠠ᠎ᠶ᠋ᠢᠨ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠲᠣᠭ᠍ᠲᠡᠴᠡ᠎ᠶ᠋ᠢ ᠪᠠᠢᠭᠤᠯᠵᠤ᠂ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠲᠤᠰᠭᠠᠶ ᠴᠣᠩᠬᠣᠪᠴᠢ ᠪᠠᠢᠭᠤᠯᠤᠨ᠂ ᠲᠤᠰᠭᠠᠶ ᠬᠥᠮᠦᠨ ᠲᠤᠰᠭᠠᠶ ᠠᠵᠢᠯ᠎ᠤᠨ ᠪᠠᠢᠷᠢ ᠳᠣᠭᠢᠷᠠᠭᠤᠯᠵᠤ᠂ ᠭᠦᠶ᠋ᠴᠡᠳᠭᠡᠬᠦ᠌ ᠵᠦᠶ᠋ᠯᠡᠰ᠂ ᠭᠦᠶ᠋ᠴᠡᠳᠭᠡᠬᠦ᠌ ᠴᠤᠪᠤᠷᠠᠯ᠂ ᠭᠦᠶ᠋ᠴᠡᠳᠭᠡᠬᠦ᠌ ᠭᠣᠭ᠍ᠴᠣᠭ᠎ᠠ ᠵᠡᠷᠭᠡ᠎ᠶ᠋ᠢᠨ ᠲᠣᠭᠣᠷᠢᠨ᠎ᠳᠤ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠪᠥᠬᠥ᠌ ᠲᠠᠯ᠎ᠠ᠎ᠪᠠᠷ ᠬᠠᠩᠭᠠᠪᠠ᠃
ᠬᠥᠬᠡᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ ᠪᠠ ᠷᠦ᠋ ᠢ ᠳᠡᠬᠢ ᠬᠤᠪᠢᠶᠠᠷᠢ ᠲᠢᠩᠬᠢᠮ᠎ᠡᠴᠡ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠣᠯᠠᠨ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ 1 — 4 ᠰᠠᠷ᠎ᠠ᠎ᠳᠤ ᠬᠠᠷᠢᠶ᠎ᠠ ᠣᠷᠣᠨ᠎ᠤ ᠠᠵᠤ ᠠᠬᠤᠢᠯᠠᠯ᠎ᠳᠤ 128 ᠢᠵᠢ᠂ 640 ᠠᠯᠪᠠᠨ ᠲᠠᠮᠠᠭ᠎ᠠ᠎ᠶ᠋ᠢ ᠰᠦᠶ᠋ᠳᠭᠡᠯ ᠬᠤᠷᠢᠶᠠᠬᠤ ᠥᠬᠡᠶ᠎ᠪᠡᠷ ᠰᠡᠢᠯᠦᠨ ᠥᠭ᠌ᠴᠦ᠂ ᠠᠵᠤ ᠠᠬᠤᠢᠯᠠᠯ᠎ᠳᠤ 6.4 ᠲᠦᠮᠡᠨ ᠲᠥᠭᠥᠷᠢᠭ᠎ᠦᠨ ᠪᠠᠯᠠ ᠮᠥᠩᠭᠥ᠌ ᠠᠷᠪᠢᠯᠠᠵᠤ ᠥᠭ᠌ᠭᠦᠭ᠌ᠰᠡᠨ ᠪᠠᠢᠨ᠎ᠠ᠃ ᠡᠭᠦᠨ᠎ᠦ ᠵᠡᠷᠭᠡ ᠪᠡᠷ᠂ ᠦᠶ᠋ᠯᠡᠴᠢᠯᠡᠭᠡᠨ᠎ᠦ ᠦᠷ᠎ᠡ ᠪᠦᠲᠦᠮᠵᠢ ᠢᠯᠡᠳᠲᠡ ᠳᠡᠭᠡᠭ᠌ᠰᠢᠯᠡᠵᠦ᠍᠂ 1 — 4 ᠰᠠᠷ᠎ᠠ᠎ᠳᠤ᠂ ᠤᠴᠢᠷ ᠶᠠᠪᠤᠳᠠᠯ᠎ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ 99.5%᠎ᠳ᠋ᠤ ᠬᠦᠷᠴᠦ᠍᠂ 《 ᠬᠠᠮᠤᠭ᠎ᠤᠨ ᠤᠯᠠᠨ᠎ᠳᠠᠭᠠᠨ ᠨᠢᠭᠡ ᠯᠡ ᠤᠳᠠᠭ᠎ᠠ ᠭᠦᠶᠦᠯᠭᠡᠬᠦ᠌ 》 ᠤᠴᠢᠷ ᠶᠠᠪᠤᠳᠠᠯ᠎ᠤᠨ ᠡᠵᠡᠯᠡᠬᠦ᠌ ᠬᠠᠷᠢᠴᠠᠯ 97%᠎ᠳ᠋ᠤ ᠬᠦᠷᠴᠦ᠍᠂ ᠠᠮᠠᠯᠠᠭᠰᠠᠨ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 85.5% ᠪᠡᠷ ᠪᠠᠭᠠᠰᠭᠠᠪᠠ᠃
《ᠪᠢᠳᠠ ᠪᠣᠳᠠᠲᠠᠢ ᠶᠠᠪᠤᠳᠠᠯ᠎ᠤᠳ᠎ᠢ ᠰᠠᠢᠲᠤᠷ ᠬᠢᠬᠦ᠌᠎ᠡᠴᠡ ᠡᠬᠢᠯᠡᠨ ᠠᠳᠭᠤᠵᠤ᠂ ᠪᠦᠬᠦ᠌ ᠨᠡᠢᠭᠡᠮ᠎ᠳᠦ ᠠᠷᠠᠯᠵᠢᠶᠠᠴᠢᠨ᠎ᠢ ᠬᠦᠨᠳᠦᠳᠭᠡᠵᠦ᠍ ᠠᠷᠠᠯᠵᠢᠶᠠᠴᠢᠨ᠎ᠢ ᠴᠢᠬᠤᠯᠠᠴᠢᠯᠠᠵᠤ ᠠᠷᠠᠯᠵᠢᠶᠠᠴᠢᠨ᠎ᠢ ᠠᠮᠤᠷᠵᠢᠭᠤᠯᠵᠤ ᠠᠷᠠᠯᠵᠢᠶᠠᠴᠢᠨ᠎ᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠶᠡᠬᠡ ᠪᠡᠷ ᠪᠤᠢ ᠪᠣᠯᠭᠠᠪᠠ》 ᠭᠡᠵᠦ ᠯᠠᠨ ᠴᠠᠩ ᠴᠢᠩ ᠬᠡᠯᠡᠪᠡ᠃
《ᠣᠢᠷ᠎ᠠ᠎ᠶ᠋ᠢᠨ ᠬᠡᠳᠦᠨ ᠵᠢᠯ᠎ᠳᠦ᠂ ᠬᠥᠬᠡᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶᠢᠨ ᠲᠣᠭᠣᠷᠢᠭ᠎ᠤᠨ ᠮᠠᠰᠢ ᠣᠯᠠᠨ ᠦᠶ᠋ᠯᠡᠴᠢᠯᠡᠭᠡ᠎ᠶ᠋ᠢ ᠴᠥᠮ ᠠᠵᠤ ᠠᠬᠤᠢᠯᠠᠯ᠎ᠤᠨ ᠬᠠᠮᠤᠭ᠎ᠤᠨ ᠵᠠᠩᠭᠢᠯᠠᠭ᠎ᠠ᠎ᠶ᠋ᠢᠨ᠂ ᠬᠠᠮᠤᠭ᠎ᠤᠨ ᠪᠠᠴᠢᠮ᠂ ᠬᠠᠮᠤᠭ᠎ᠤᠨ ᠬᠡᠷᠡᠭ᠌ᠴᠡᠭᠡ᠎ᠲᠡᠶ ᠪᠠᠢᠷᠢᠨ᠎ᠳᠤ ᠲᠠᠯᠪᠢᠵᠤ᠂ ᠣᠢᠷ᠎ᠠ᠎ᠳᠤ ᠪᠠᠰᠠ ᠭᠠᠯᠲᠤ ᠲᠡᠷᠭᠡ᠂ ᠨᠢᠰᠭᠡᠯ᠎ᠤᠨ VIP ᠵᠢᠨ ᠬᠦᠨᠳᠦᠲᠦ ᠵᠣᠴᠢᠨ᠎ᠤ ᠦᠢᠯᠡᠴᠢᠯᠡᠭᠡ᠎ᠵᠢ ᠰᠦᠶ᠋ᠳᠭᠡᠯ ᠬᠤᠷᠢᠶᠠᠬᠤ ᠥᠬᠡᠶ᠎ᠪᠡᠷ ᠨᠡᠪᠲᠡᠷᠡᠭᠦᠯᠦᠨ ᠥᠭᠴᠦ᠂ ᠪᠢᠳᠡᠨ᠎ᠦ ᠰᠡᠳᠭᠢᠯ᠎ᠢ ᠶᠡᠬᠡᠳᠡ ᠳᠤᠯᠠᠭᠠᠴᠡᠭᠤᠯᠪᠠ᠃ ᠬᠥᠬᠡᠬᠣᠲᠠ᠎ᠶ᠋ᠢᠨ ᠲᠢᠶᠠᠨ ᠬᠤᠤ ᠱᠦᠢᠨᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠲᠣᠭᠣᠷᠢᠭ᠎ᠲᠤ᠂ ᠶᠠᠭ ᠰᠠᠢᠬᠠᠨ ᠠᠵᠢᠯ᠎ᠤᠨ ᠪᠠᠢᠳᠠᠯ᠎ᠢ ᠪᠠᠢᠴᠠᠭᠠᠵᠤ ᠪᠠᠢᠭᠰᠠᠨ ᠲᠣᠰ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠱᠢᠨ ᠰᠤᠷᠪᠤᠯᠵᠢᠯᠠᠭ᠍ᠴᠢ᠎ᠳᠤ᠂ 《ᠡᠮᠦᠨ᠎ᠡ ᠨᠢᠭᠡ ᠬᠤᠭᠤᠴᠠᠭᠠᠨ᠎ᠳᠤ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ ᠪᠢᠳᠡᠨ᠎ᠢ ᠲᠢᠶᠠᠨᠵᠢᠨ᠎ᠳᠤ ᠳᠠᠭᠠᠭᠤᠯᠤᠨ ᠬᠦᠷᠴᠦ᠍ ᠵᠠᠬ᠎ᠠ ᠳᠡᠯᠭᠡᠭᠦᠷ᠎ᠦᠨ ᠵᠠᠬᠢᠶᠠᠯᠠᠭ᠎ᠠ᠎ᠶ᠋ᠢᠨ ᠶᠠᠪᠤᠳᠠᠯ᠎ᠢ ᠵᠣᠬᠢᠴᠠᠭᠤᠯᠵᠠᠶ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠥᠪᠡᠷ᠎ᠦᠨ ᠪᠡᠶ᠎ᠡ᠎ᠪᠡᠷ᠎ᠢᠶᠡᠨ ᠠᠵᠤ ᠠᠬᠤᠢᠯᠠᠯ᠎ᠢ ᠱᠢᠨᠵᠢᠯᠡᠨ ᠪᠠᠢᠴᠠᠭᠠᠬᠤ ᠶᠠᠪᠤᠴᠠ᠎ᠶ᠋ᠢ ᠰᠤᠳᠤᠯᠵᠤ᠂ ᠴᠠᠭ ᠬᠤᠭᠤᠴᠠᠭ᠎ᠠ ᠨᠢᠭᠡᠪᠦᠷᠢ᠂ ᠵᠠᠮ ᠱᠤᠭᠤᠮ ᠨᠢᠭᠡᠪᠦᠷᠢ᠎ᠶ᠋ᠢᠨ ᠪᠣᠳᠠᠲᠠᠶ ᠲᠣᠬᠢᠷᠠᠭᠤᠯᠤᠯᠲᠠ ᠳᠡᠭᠡᠷ᠎ᠡ ᠨᠠᠷᠢᠯᠢᠬ᠍ᠵᠢᠭᠤᠯᠤᠭ᠍ᠰᠠᠨ᠎ᠨᠢ ᠲᠤᠬᠠᠶ᠎ᠶ᠋ᠢᠨ ᠭᠠᠵᠠᠷ᠎ᠤᠨ ᠣᠨᠴᠠᠯᠢᠭ᠎ᠢ ᠢᠯᠡᠷᠡᠭᠦᠯᠦᠭ᠌ᠰᠡᠨ ᠮᠥᠷᠲᠡᠭᠡᠨ ᠪᠢᠳᠡᠨ᠎ᠳᠦ ᠬᠡᠷ᠎ᠲᠡᠬᠡᠨ ᠢᠷᠡᠭ᠌ᠰᠡᠨ ᠱᠢᠭ ᠰᠠᠨᠠᠭ᠍ᠳᠠᠭᠤᠯᠵᠠᠶ 》 ᠭᠡᠵᠦ ᠬᠡᠯᠡᠵᠦ ᠥᠭᠪᠡ᠃
《 ᠠᠵᠤ ᠠᠬᠤᠢᠯᠠᠯ᠎ᠢ ᠠᠮᠤᠷ ᠲᠦᠪᠱᠢᠨ ᠡᠵᠡᠩᠨᠡᠭᠦᠯᠦᠨ ᠰᠠᠭᠤᠷᠢᠰᠢᠭᠤᠯᠵᠤ᠂ ᠰᠠᠢᠲᠤᠷ ᠬᠥᠭ᠌ᠵᠢᠭᠦᠯᠬᠦ᠌ ᠪᠣᠯ ᠬᠥᠬᠡᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶᠢᠨ ᠲᠣᠭᠣᠷᠢᠭ᠎ᠤᠨ ᠠᠷᠠᠯᠵᠢᠶᠠᠴᠢᠨ ᠤᠷᠢᠬᠤ ᠦᠶ᠋ᠯᠡᠴᠢᠯᠡᠭᠡᠨ᠎ᠦ ᠠᠵᠤ ᠠᠬᠤᠢᠯᠠᠯ᠎ᠤᠨ ᠡᠴᠦᠰ᠎ᠦᠨ ᠵᠣᠷᠢᠯᠭ᠎ᠠ ᠮᠥᠨ》᠃ ᠯᠠᠨ ᠴᠠᠩ ᠴᠢᠩ᠂《ᠵᠠᠯᠭᠠᠭᠠᠳ ᠪᠢᠳᠡ ᠪᠠᠰᠠ ᠨᠡᠩ ᠤᠯᠠᠨ ᠨᠠᠷᠢᠯᠢᠭ ᠲᠠᠯ᠎ᠠ᠎ᠡᠴᠡ ᠭᠠᠷᠳᠠᠵᠦ᠍᠂ ᠨᠡᠩ ᠤᠯᠠᠨ ᠵᠢᠵᠢᠭ ᠰᠠᠵᠢᠭ ᠵᠦᠢᠯ᠎ᠡᠴᠡ ᠡᠬᠢᠯᠡᠨ ᠬᠢᠵᠦ᠍᠂ ᠨᠡᠩ ᠤᠯᠠᠨ ᠠᠷᠠᠳ ᠲᠦᠮᠡᠨ᠎ᠲᠡᠶ ᠣᠢᠷᠠᠲᠤᠬᠤ ᠠᠷᠭ᠎ᠠ ᠬᠡᠮᠵᠢᠶ᠎ᠡ ᠠᠪᠴᠤ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠦᠨᠡᠨ ᠪᠣᠳᠠᠲᠠᠢ ᠱᠢᠢᠳᠪᠦᠷᠢᠯᠡᠨ᠎ᠠ》 ᠭᠡᠵᠦ᠍ ᠬᠡᠯᠡᠪᠡ᠃