《ᠡᠯᠡᠰᠦ ᠤᠷᠤᠭ᠍ᠰᠢᠯᠠᠵᠤ ᠬᠥᠮᠦᠨ ᠤᠬᠤᠷᠢᠵᠤ 》 ᠪᠠᠢᠭ᠍ᠰᠠᠨ᠎ᠡᠴᠡ᠎ᠪᠠᠨ 《ᠡᠯᠡᠰᠦᠨ᠎ᠡᠴᠡ ᠠᠯᠲᠠ ᠰᠢᠷᠭᠠᠭᠠᠬᠤ》 ᠪᠣᠯᠪᠠ— ᠮᠠᠨ᠎ᠤ ᠤᠯᠤᠰ᠎ᠤᠨ ᠡᠯᠡᠰᠦ ᠵᠠᠰᠠᠬᠤ ᠠᠵᠤ ᠦᠢᠯᠡᠰ᠎ᠦᠨ ᠬᠥᠭ᠌ᠵᠢᠯᠲᠡ᠎ᠵᠢ ᠲᠠᠢᠴᠢᠯᠠᠭᠰᠠᠨ ᠲᠤᠬᠠᠢ᠎ᠠᠵᠢᠭ᠍ᠯᠠᠯᠲᠠ
2024-06-13 17:23:45
ᠵᠣᠬᠢᠶᠠᠭ᠍ᠴᠢ᠄
ᠵᠢᠶᠠᠩ ᠴᠸᠨ ᠷᠦᠩ ᠸᠸᠢ ᠵᠢᠩ ᠢᠦᠢ ᠮᠠ ᠯᠢ ᠵᠢᠤᠸᠠᠨ ᠹᠦ ᠷᠦᠢ ᠱᠢᠶᠠ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 53%᠎ᠢ᠋ᠢᠨ ᠵᠠᠰᠠᠵᠤ ᠪᠣᠯᠬᠤᠢᠴᠠ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢ ᠵᠠᠰᠠᠪᠠ᠃ ᠮᠠᠨ᠎ᠤ ᠤᠯᠤᠰ᠎ᠤᠨ ᠴᠦᠯᠯᠡᠷᠭᠡᠭ᠌ᠵᠢᠭ᠌ᠰᠡᠨ ᠭᠠᠵᠠᠷ ᠱᠢᠷᠣᠶ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠵᠢᠨ《ᠬᠤᠤᠰ᠎ᠪᠠᠭᠤᠷᠠᠯᠲᠠ》 ᠵᠢ ᠳᠠᠭᠠᠯᠳᠤᠨ᠂ ᠴᠥᠭᠡᠨ ᠪᠤᠰᠤ ᠭᠠᠵᠠᠷ ᠣᠷᠣᠨ᠎ᠳᠤ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ 》 ᠪᠠᠢᠳᠠᠯ᠎ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠤ᠌᠂ 《 ᠡᠯᠡᠰᠦᠨ᠎ᠡᠴᠡ ᠠᠯᠲᠠ ᠰᠢᠷᠭᠠᠭᠠᠬᠤ》 ᠨᠢ ᠡᠯᠡᠰᠦ ᠵᠠᠰᠠᠭ᠍ᠴᠢᠳ᠎ᠤᠨ ᠱᠢᠨ᠎ᠡ ᠦᠶ᠋ᠯᠡᠳᠦᠯᠭᠡ ᠪᠣᠯᠵᠠᠶ᠃ ᠠᠯᠢ ᠤᠯᠠᠨ ᠵᠠᠰᠠᠭᠳᠠᠭᠰᠠᠨ ᠡᠯᠡᠰᠦᠷᠬᠡᠭ ᠭᠠᠵᠠᠷ ᠨᠢ ᠶᠠᠭ ᠠᠵᠤ ᠦᠢᠯᠡᠰ ᠲᠦᠪᠯᠡᠷᠡᠭᠰᠡᠨ 《 ᠡᠷᠳᠡᠨᠢᠰ᠎ᠦᠨ ᠰᠠᠩ》 ᠪᠤᠯᠵᠤ ᠪᠠᠢᠨ᠎ᠠ᠃

《ᠡᠯᠡᠰᠦᠨ᠎ᠦ ᠬᠤᠤᠷ ᠬᠥᠨᠥᠭᠡᠯ》 ᠎ᠢ᠋ 《ᠡᠯᠡᠰᠦᠨ᠎ᠦ ᠪᠠᠶᠠᠰᠤᠯ》 ᠪᠣᠯᠭᠠᠪᠠ

ᠨᠢᠩᠱᠢᠶᠠ᠎ᠶ᠋ᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠵᠥᠩ ᠸᠧᠶ ᠬᠣᠲᠠ᠎ᠶ᠋ᠢᠨ ᠱᠠ ᠫᠦᠸᠸ ᠳᠧᠦ ᠦᠵᠡᠮᠵᠢ᠎ᠶ᠋ᠢᠨ ᠣᠷᠣᠨ ᠨᠢ ᠳᠤᠮᠳᠠᠳᠤ ᠤᠯᠤᠰ᠎ᠤᠨ ᠳᠥᠷᠪᠡᠨ ᠶᠡᠬᠡ ᠡᠯᠡᠰᠦᠨ᠎ᠦ ᠨᠢᠭᠡ ᠪᠣᠯᠬᠤ — ᠲᠡᠭᠷᠢ ᠡᠯᠡᠰᠦᠨ᠎ᠤ ᠵᠡᠭᠦᠨ ᠡᠮᠦᠨ᠎ᠡ ᠵᠠᠬ᠎ᠠ᠎ᠳᠤ ᠪᠠᠢᠷᠢᠯᠠᠵᠤ ᠪᠤᠢ᠃ ᠬᠠᠭᠠᠰ ᠢᠯᠡᠭᠦᠦ ᠵᠠᠭᠤᠨ᠎ᠤ ᠲᠤᠷᠰᠢ᠂ ᠦᠶ᠎ᠡ ᠦᠶ᠎ᠡ᠎ᠶ᠋ᠢᠨ ᠡᠯᠡᠰᠦ ᠵᠠᠰᠠᠭ᠍ᠴᠢᠳ ᠡᠨᠳᠡ ᠡᠯᠡᠰᠦ᠎ᠶ᠋ᠢ ᠲᠣᠭ᠍ᠲᠠᠪᠤᠷᠢᠵᠢᠭᠤᠯᠤᠨ ᠨᠣᠭᠣᠭᠠᠷᠠᠭᠤᠯᠵᠤ᠂ ᠨᠡᠢᠲᠡ150 ᠲᠦᠮᠡᠨ ᠮᠦ᠍ ᠡᠯᠡᠰᠦ᠎ᠶ᠋ᠢ ᠵᠠᠰᠠᠪᠠ᠃

ᠱᠢᠷ᠎ᠠ ᠡᠯᠡᠰᠦ ᠰᠦᠷᠳᠡᠭᠦᠯᠦᠯ ᠪᠣᠯᠬᠤ᠎ᠪᠠᠨ ᠪᠤᠯᠢᠵᠤ᠂《 ᠡᠯᠡᠰᠦ ᠬᠡᠷᠡᠭ᠌ᠯᠡᠬᠦ᠌ 》 ᠬᠠᠢᠨ ᠰᠥᠪᠡᠭ᠌ᠴᠢᠯᠡᠯᠲᠡ ᠨᠢ ᠡᠨᠡ ᠬᠦ᠌ ᠡᠯᠡᠰᠦᠨ ᠴᠥᠯ᠎ᠦᠨ ᠵᠢᠵᠢᠭ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠠᠭᠠᠵᠢᠮ᠎ᠢᠶᠠᠷ ᠪᠣᠶ ᠪᠣᠯᠭᠠᠪᠠ᠃ ᠵᠤᠨ᠎ᠤ ᠡᠬᠢ᠎ᠪᠡᠷ᠂ ᠱᠠ ᠫᠦᠸᠸ ᠳᠧᠦ ᠦᠵᠡᠮᠵᠢ᠎ᠶ᠋ᠢᠨ ᠣᠷᠣᠨ ᠵᠢᠭᠤᠯᠴᠢᠯᠠᠯ᠎ᠤᠨ ᠬᠥᠭᠵᠢᠶᠡᠨᠲᠦ ᠤᠯᠠᠷᠢᠯ᠎ᠳᠤ ᠣᠷᠣᠵᠤ᠂ ᠦᠵᠡᠮᠵᠢ᠎ᠶ᠋ᠢᠨ ᠣᠷᠣᠨ᠎ᠳᠤ ᠵᠢᠭᠤᠯᠴᠢᠯᠠᠭᠰᠡᠳ ᠰᠦᠯᠵᠢᠯᠳᠦᠨ᠎ᠡ᠃

ᠬᠣᠯᠠ᠎ᠡᠴᠡ ᠬᠠᠷᠠᠬᠤ᠎ᠳᠤ᠂ ᠬᠡᠭᠡᠷᠡᠯᠡᠭ᠌ᠴᠢ ᠮᠠᠱᠢᠨ ᠦᠷᠭᠦᠯᠵᠢᠯᠡᠨ ᠳᠣᠯᠭᠢᠶᠠᠯᠠᠨ ᠳᠠᠪᠬᠢᠵᠤ ᠪᠠᠢᠭ᠎ᠠ ᠡᠯᠡᠰᠦᠨ ᠳᠣᠪᠣᠴᠠᠭ᠎ᠤᠨ ᠳᠤᠮᠳᠠᠭᠤᠷ ᠳᠠᠪᠬᠢᠨ ᠪᠠᠭᠤᠬᠤ᠎ᠳᠤ᠂ 《ᠡᠯᠡᠰᠦᠨ᠎ᠳᠤ ᠠᠶᠠᠯᠠᠵᠤ ᠨᠠᠭᠠᠳᠬᠤ 》 ᠎ᠶ᠋ᠢᠨ ᠬᠠᠪᠤ ᠴᠡᠨᠭᠬᠡᠯ ᠡᠴᠡ ᠪᠤᠯᠵᠤ ᠬᠦᠮᠦᠰ ᠦᠶ᠎ᠡ ᠦᠶ᠎ᠡ ᠬᠠᠰᠭᠢᠷᠤᠯᠳᠤᠵᠤ ᠪᠠᠢᠯ᠎ᠠ; ᠵᠢᠭᠤᠯᠴᠢᠯᠠᠭᠰᠡᠳ᠎ᠢ ᠠᠴᠢᠭ᠍ᠰᠠᠨ ᠲᠡᠮᠡᠭᠡᠳ ᠮᠤᠷᠤᠯᠵᠠᠨ ᠰᠦᠷᠦᠭ᠌ᠯᠡᠵᠦ᠍᠂ ᠲᠡᠮᠡᠭᠡᠨ ᠵᠢᠩ᠎ᠦᠨ ᠬᠣᠩᠬᠣᠨ ᠳᠠᠭᠤ᠎ᠶᠢᠨ ᠬᠠᠪᠰᠤᠷᠭᠠᠨ᠎ᠳᠤ ᠡᠯᠡᠰᠦᠨ᠎ᠳᠦ ᠠᠯᠭᠤᠷᠬᠠᠨ ᠤᠷᠤᠭ᠍ᠰᠢᠯᠠᠨ᠎ᠠ; ᠡᠯᠡᠰᠦᠨ ᠭᠤᠯᠭᠤᠯᠲᠠ᠎ᠶ᠋ᠢᠨ ᠬᠠᠪᠲᠠᠰᠤ᠎ᠶ᠋ᠢ ᠠᠳᠭᠤᠵᠤ᠂ ᠵᠢᠭᠤᠯᠴᠢᠯᠠᠭ᠍ᠰᠠᠳ ᠵᠠᠭᠤᠨ ᠮᠧᠲ᠋ᠷ᠎ᠦᠨ ᠡᠯᠡᠰᠦᠨ ᠬᠥᠲᠥᠯ᠎ᠦᠨ ᠣᠷᠭᠢᠯ᠎ᠡᠴᠡ ᠳᠤᠷᠤᠭᠰᠢ ᠱᠤᠩᠭᠤᠨ ᠪᠠᠭᠤᠨ᠎ᠠ ᠁ 2007 ᠣᠨ᠎ᠳᠤ᠂ ᠱᠠ ᠫᠦᠸᠸ ᠳᠧᠦ ᠦᠵᠡᠮᠵᠢ᠎ᠶ᠋ᠢᠨ ᠣᠷᠣᠨ ᠲᠦᠷᠦᠭᠦᠦ ᠪᠦᠯᠦᠭ᠎ᠦᠨ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢᠶᠠᠷ ᠰᠣᠩᠭᠣᠭ᠍ᠳᠠᠵᠤ᠂ 2015 ᠣᠨ᠎ᠳᠤ ᠦᠵᠡᠮᠵᠢ᠎ᠶ᠋ᠢᠨ ᠣᠷᠣᠨ᠎ᠤ ᠵᠢᠭᠤᠯᠴᠢᠯᠠᠭᠰᠡᠳ᠎ᠤᠨ ᠲᠣᠭ᠎ᠠ ᠠᠩᠬ᠎ᠠ ᠤᠳᠠᠭ᠎ᠠ 100 ᠲᠦᠮᠡᠨ ᠬᠥᠮᠦᠨ ᠤᠳᠠᠭ᠎ᠠ᠎ᠶ᠋ᠢ ᠳᠠᠪᠠᠪᠠ᠃

ᠡᠯᠡᠰᠦᠷᠬᠡᠭᠵᠢᠯ ᠎ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ ᠱᠢᠨᠵᠢᠯᠡᠬᠦ᠌ ᠤᠬᠠᠭᠠᠨᠴᠢ ᠱᠢᠰᠲ᠋ᠧᠮ ᠪᠠᠢᠭᠤᠯᠤᠭ᠍ᠳᠠᠬᠤ᠎ᠶ᠋ᠢ ᠳᠠᠭᠠᠯᠳᠤᠨ᠂ ᠡᠯᠡᠰᠦᠨ᠎ᠦ ᠵᠢᠭᠤᠯᠴᠢᠯᠠᠯ ᠴᠤ᠌ ᠨᠠᠩ ᠢᠲᠡᠭᠡᠯ ᠵᠣᠷᠢᠭ᠎ᠲᠠᠶ᠎ᠪᠠᠷ ᠡᠯᠡᠰᠦᠨ᠎ᠦ ᠬᠥᠪᠡᠭᠡ ᠵᠠᠬ᠎ᠠ᠎ᠶ᠋ᠢ ᠱᠢᠪᠲᠤᠯᠵᠤ᠂ ᠠᠭᠠᠵᠢᠮ᠎ᠢᠶᠠᠷ ᠡᠯᠡᠰᠦᠨ᠎ᠦ ᠥᠷᠥᠴᠡ ᠭᠠᠵᠠᠷ ᠲᠡᠢᠰᠢ ᠬᠠᠢᠨ ᠰᠦᠪᠡᠭ᠌ᠴᠢᠯᠡᠵᠦ᠍᠂ ᠡᠯᠡᠰᠦᠨ᠎ᠦ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠨᠡᠮᠡᠯᠲᠡ ᠥᠷᠲᠡᠭ ᠨᠡᠮᠡᠭ᠌ᠳᠡᠭᠦᠯᠪᠡ᠃ ᠵᠦᠩ ᠸᠧᠢ ᠬᠣᠲᠠ ᠵᠢᠯᠤᠭᠤᠳᠤᠮᠵᠢ᠎ᠶᠢᠨ ᠬᠡᠯᠪᠡᠷᠢ᠎ᠶᠢᠨ ᠪᠡᠶᠡᠴᠢᠯᠡᠨ ᠣᠢᠯᠠᠭᠠᠬᠤ ᠵᠢᠭᠤᠯᠴᠢᠯᠠᠯ᠎ᠢᠶᠠᠷ ᠣᠨᠴᠠᠯᠢᠭ ᠪᠣᠯᠭᠠᠵᠤ᠂ ᠬᠠᠳᠤᠨ ᠭᠣᠣᠯ᠎ᠤᠨ ᠰᠡᠯᠡᠬᠦᠴᠡᠯ ᠠᠢᠯ᠂ ᠡᠯᠡᠰᠦᠨ᠎ᠦ ᠳᠣᠮᠣᠭ ᠵᠡᠷᠭᠡ ᠨᠢᠭᠡ ᠪᠦᠯᠦᠭ ᠳᠡᠭᠡᠳᠦ ᠲᠡᠰ᠎ᠤᠨ ᠰᠡᠯᠡᠭᠦᠴᠡᠨ ᠠᠮᠠᠷᠠᠬᠤ ᠦᠢᠯᠡᠳᠬᠦᠨ᠎ᠢ ᠪᠦᠲᠦᠭᠡᠨ ᠪᠠᠢᠭᠤᠯᠵᠠᠢ᠃

ᠲᠩᠷᠢ ᠡᠯᠡᠰᠦᠨ᠎ᠤ ᠥᠷᠥᠴᠡᠨ᠎ᠳᠦ ᠪᠠᠢᠷᠢᠯᠠᠭ᠎ᠠ ᠱᠠ ᠮᠤᠤ ᠱᠢᠩ ᠱᠢᠩ ᠪᠠᠭᠤᠳᠠᠯ ᠡᠯᠡᠰᠦ ᠪᠣᠯᠤᠨ ᠤᠳᠤᠨ ᠣᠭ᠍ᠲᠠᠷᠭᠤᠢ ᠎ᠶ᠋ᠢᠨ ᠡᠬᠢ ᠪᠠᠶᠠᠯᠢᠭ᠎ᠢ ᠠᠭᠤᠳᠠᠯᠵᠤ᠂ ᠵᠢᠭᠤᠯᠴᠢᠯᠠᠭ᠍ᠰᠠᠳ᠎ᠲᠤ ᠤᠳᠤᠨ ᠮᠡᠴᠢᠳ᠎ᠦᠨ ᠵᠢᠯᠤᠭᠤᠳᠤᠯᠭ᠎ᠠ᠂ ᠡᠯᠡᠰᠦᠨ ᠡᠮᠴᠢᠯᠡᠭᠡ ᠵᠡᠷᠭᠡ ᠪᠡᠶᠡᠴᠢᠯᠡᠨ ᠣᠢᠯᠠᠭᠠᠬᠤ ᠮᠠᠶᠢᠭ᠎ᠤᠨ ᠦᠢᠯᠡᠴᠢᠯᠡᠭᠡ ᠬᠠᠩᠭᠠᠵᠤ᠂ ᠵᠢᠭᠤᠯᠴᠢᠯᠡᠭ᠍ᠰᠠᠳ᠎ᠲᠤ ᠡᠯᠡᠰᠦᠨ᠎ᠦ ᠪᠠᠶᠠᠷ ᠪᠠᠬᠠᠳᠤᠯ᠎ᠢ ᠭᠦᠨᠵᠡᠭᠡᠢ ᠮᠡᠳᠡᠷᠡᠭᠦᠯᠪᠡ᠃

《 ᠡᠯᠡᠰᠦ᠎ᠶ᠋ᠢ ᠵᠠᠰᠠᠭ᠍ᠰᠠᠨ ᠦᠭᠡᠢ ᠪᠣᠯ ᠱᠠ ᠫᠦᠸᠸ ᠳᠧᠦ ᠦᠵᠡᠮᠵᠢ᠎ᠶ᠋ᠢᠨ ᠣᠷᠣᠨ ᠪᠠᠢᠵᠤ ᠴᠢᠳᠠᠬᠤ ᠦᠭᠡᠢ》 ᠭᠡᠮᠡᠨ ᠲᠩᠷᠢ ᠡᠯᠡᠰᠦᠨ᠎ᠳᠦ 30 ᠭᠠᠷᠤᠢ ᠵᠢᠯ ᠨᠤᠲᠤᠭ᠍ᠰᠢᠭ᠍ᠰᠠᠨ ᠡᠯᠡᠰᠦ ᠵᠠᠰᠠᠭ᠍ᠴᠢ ᠲᠠᠩ ᠰᠢ ᠮᠢᠩ ᠰᠡᠳᠭᠢᠯ᠎ᠤᠨ ᠦᠭᠡ᠎ᠪᠠᠨ ᠬᠡᠯᠡᠨ᠎ᠡ᠃ 2023 ᠣᠨ᠎ᠳᠤ᠂ ᠵᠦᠩ ᠸᠧᠢ ᠬᠤᠲᠠ ᠵᠢᠭᠤᠯᠴᠢᠯᠠᠭᠰᠡᠳ᠎ᠢ 1500 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠌᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ 88 ᠳ᠋ᠦᠩᠱᠢᠭᠤᠷ ᠲᠥᠭᠥᠷᠢᠭ᠎ᠢ ᠳᠠᠪᠠᠪᠠ᠃

ᠡᠯᠡᠰᠦᠨ ᠳ᠋ᠦ ᠪᠣᠬᠢᠷᠲᠤᠯ ᠦᠭᠡᠢ 《 ᠡᠷᠳᠡᠨᠢᠰ᠎ᠦᠨ ᠰᠠᠩ》 ᠲᠠᠷᠢᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠮᠲᠦ᠍᠎ᠶ᠋ᠢᠨ ᠭᠤᠤᠯ ᠰᠤᠮᠤᠨ᠎ᠤ ᠪᠤᠯᠠᠭ᠍ᠲᠠᠶ ᠭᠠᠴᠡᠭ᠎ᠠ ᠬᠣᠷᠴᠢᠨ᠎ᠤ ᠡᠯᠡᠰᠦᠷᠬᠡᠭ ᠭᠠᠵᠠᠷ᠎ᠤᠨ ᠵᠠᠬ᠎ᠠ᠎ᠳᠤ ᠪᠠᠢᠷᠢᠯᠠᠵᠤ ᠪᠣᠶ᠃《 ᠪᠤᠯᠠᠭ᠎ᠲᠠᠶ ᠭᠠᠵᠠᠷ 》 ᠭᠡᠰᠡᠨ ᠤᠳᠭ᠎ᠠ᠎ᠡᠴᠡ ᠪᠤᠯᠵᠦ ᠪᠤᠯᠠᠬᠳᠠᠢ ᠭᠡᠬᠦ ᠨᠡᠷ᠎ᠡ ᠲᠠᠢ ᠪᠤᠯᠵᠠᠢ᠂ ᠭᠡᠲᠡᠯ᠎ᠡ ᠠᠷᠪᠠᠨ ᠬᠡᠳᠦᠨ ᠵᠢᠯ᠎ᠦᠨ ᠡᠮᠦᠨ᠎ᠡ᠂ ᠡᠨᠳᠡ ᠡᠯᠡᠰᠦᠨ ᠲᠡᠯᠡᠶ ᠬᠠᠯᠭᠢᠯᠠᠨ᠂ ᠡᠯᠡᠰᠦᠨ ᠱᠢᠭᠤᠷᠭ᠎ᠠ ᠪᠤᠯᠠᠭ᠎ᠤᠨ ᠤᠰᠤ᠎ᠶ᠋ᠢ ᠪᠤᠯᠠᠵᠤ᠂ ᠲᠠᠷᠢᠶᠠᠨ ᠭᠠᠵᠠᠷ ᠪᠠ ᠵᠠᠰᠠᠮᠠᠯ ᠵᠠᠮ᠎ᠢ ᠵᠠᠯᠭᠢᠨ ᠤᠷᠤᠭᠤᠯᠵᠤ ᠪᠠᠢᠵᠠᠶ᠃

ᠰᠠᠯᠬᠢ ᠰᠠᠯᠬᠢᠯᠠᠵᠤ ᠡᠯᠡᠰᠦᠨ ᠰᠢᠭᠤᠷᠭ᠎ᠠ ᠳᠡᠭᠳᠡᠵᠦ ᠲᠩᠷᠢ ᠭᠠᠵᠠᠷ ᠬᠠᠷᠠᠩᠭᠤᠢᠯᠠᠨ᠂ ᠲᠠᠷᠢᠭ᠍ᠰᠠᠨ ᠵᠤᠯᠵᠠᠭ᠎ᠠ ᠮᠣᠳᠣ ᠬᠦᠷᠲᠡᠯ᠎ᠡ ᠪᠦᠷ ᠦᠯᠢᠶᠡᠭᠳᠡᠨ ᠶᠠᠪᠤᠪᠠ᠃ ᠤᠳᠠᠭ᠎ᠠ ᠳᠠᠷᠠᠭᠠᠯᠠᠨ ᠮᠣᠳᠣ ᠲᠠᠷᠢᠭᠠᠳ ᠢᠯᠠᠭ᠍ᠳᠠᠭ᠍ᠰᠠᠨ᠎ᠤ ᠳᠠᠷᠠᠭ᠎ᠠ᠂ ᠪᠤᠯᠠᠭ᠍ᠲᠠᠢ ᠭᠠᠴᠡᠭᠠᠨ᠎ᠤ ᠨᠠᠮ᠎ᠤᠨ ᠡᠭᠦᠷ᠎ᠦᠨ ᠱᠦᠵᠢ᠂ ᠭᠠᠴᠡᠭᠠᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ ᠴᠧᠨ ᠭᠦᠸᠧ ᠹᠠ ᠠᠭ᠍ᠯᠠᠭ ᠠᠭᠤᠯᠠ᠎ᠶ᠋ᠢᠨ ᠭᠦᠢᠯᠡᠰᠦᠨ ᠮᠣᠳᠣ ᠨᠢ ᠤᠳᠠᠭ᠎ᠠ ᠪᠦᠷᠢ᠎ᠶ᠋ᠢᠨ ᠰᠠᠯᠬᠢ ᠱᠢᠭᠤᠷᠭ᠎ᠠ᠎ᠶ᠋ᠢ ᠥᠩᠭᠡᠷᠡᠭᠡᠭ᠌ᠰᠡᠨ᠎ᠢ ᠣᠯᠵᠤ ᠮᠡᠳᠡᠪᠡ᠃

《ᠬᠡᠭᠡᠷ᠎ᠡ᠎ᠶ᠋ᠢᠨ ᠬᠦᠶ᠋ᠯᠡᠰᠦ ᠭᠠᠩ᠎ᠢ ᠳᠠᠭᠠᠭᠠᠬᠤ᠂ ᠬᠦᠶ᠋ᠲᠡᠨ᠎ᠢ ᠡᠰᠡᠷᠭᠦᠴᠡᠬᠦ᠌᠂ ᠵᠣᠬᠢᠴᠠᠬᠤ ᠴᠢᠨᠠᠷ᠎ᠢᠶᠠᠷ ᠴᠢᠩᠭ᠎ᠠ ᠪᠠᠢᠵᠤ᠂ ᠡᠯᠡᠰᠦ᠎ᠶ᠋ᠢ ᠲᠣᠭ᠍ᠲᠠᠪᠤᠷᠢᠵᠢᠭᠤᠯᠤᠨ ᠬᠥᠷᠥᠰᠥ᠎ᠶ᠋ᠢ ᠬᠠᠮᠠᠭᠠᠯᠠᠬᠤ᠂ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠱᠢᠯᠢᠳᠡᠭ ᠨᠤᠲᠤᠭ᠎ᠤᠨ ᠮᠣᠳᠣᠨ᠎ᠤ ᠲᠥᠷᠥᠯ ᠪᠣᠯᠤᠨ᠎ᠠ᠂ ᠲᠡᠷᠡ ᠮᠥᠷᠲᠡᠭᠡᠨ ᠬᠠᠪᠤᠷ ᠴᠡᠴᠡᠭ ᠰᠣᠨᠢᠷᠬᠠᠵᠤ ᠪᠣᠯᠤᠨ᠎ᠠ᠂ ᠵᠣᠨ ᠵᠢᠮᠢᠰ ᠲᠡᠭᠦᠵᠦ᠍ ᠪᠣᠯᠤᠨ᠎ᠠ᠂ ᠪᠠᠰᠠ ᠠᠵᠤ ᠠᠬᠤᠶ᠎ᠶ᠋ᠢᠨ ᠦᠨ᠎ᠡ ᠥᠷᠲᠡᠭ᠎ᠲᠡᠶ》᠃ 2012 ᠣᠨ᠎ᠳᠤ᠂ ᠴᠧᠨ ᠭᠦᠸᠧ ᠹᠠ ᠲᠣᠰᠭᠣᠨ᠎ᠤ ᠠᠷᠠᠳ᠎ᠢᠶᠠᠨ ᠳᠠᠭᠠᠭᠤᠯᠤᠨ 1000 ᠭᠠᠷᠤᠢ ᠮᠦ᠍ ᠠᠭ᠍ᠯᠠᠭ ᠠᠭᠤᠯᠠᠨ ᠳᠡᠭᠡᠷ᠎ᠡ 6 ᠲᠦᠮᠡ ᠭᠠᠷᠤᠢ ᠰᠠᠭᠤᠷᠢ ᠭᠦᠢᠯᠡᠰᠦᠨ ᠮᠣᠳᠣ ᠲᠠᠷᠢᠵᠤ᠂ ᠪᠤᠯᠠᠭ᠍ᠲᠠᠢ ᠭᠠᠴᠡᠭᠠᠨ᠎ᠤ ᠠᠩᠬᠠᠳᠠᠭ᠍ᠴᠢ 《 ᠬᠦᠰᠡᠯ᠎ᠦᠨ ᠤᠢ 》 ᠪᠣᠯᠵᠠᠢ᠃

ᠲᠤᠬᠠᠶ᠎ᠶ᠋ᠢᠨ ᠭᠠᠵᠠᠷ᠎ᠤᠨ ᠣᠶ ᠱᠢᠭᠤᠶ᠎ᠶ᠋ᠢᠨ ᠰᠠᠯᠠᠭ᠎ᠠ ᠮᠥᠴᠢᠷ᠎ᠦᠨ ᠳᠡᠮᠵᠢᠯᠭᠡ ᠳᠤᠤᠷ᠎ᠠ᠂ ᠪᠤᠯᠠᠭ᠍ᠲᠠᠢ ᠭᠠᠴᠡᠭᠠᠨ᠎ᠤ ᠬᠢᠨ ᠣᠶ ᠵᠢᠮᠢᠰ᠎ᠦᠨ ᠰᠠᠭᠤᠷᠢᠨ᠎ᠤ ᠲᠠᠷᠢᠮᠠᠯ᠎ᠤᠨ ᠲᠥᠷᠥᠯ ᠵᠦᠶ᠋ᠯ᠎ᠢ ᠥᠷᠨᠢᠭᠦᠯᠵᠦ᠍᠂ ᠰᠠᠭᠤᠷᠢᠨ᠎ᠤ  ᠶᠡᠷᠦᠩᠬᠡᠶ ᠪᠥᠲᠥᠭᠡᠨ ᠪᠠᠢᠭᠤᠯᠤᠯᠲᠠ᠎ᠶ᠋ᠢᠨ ᠲᠠᠯᠠᠪᠠᠶ᠎ᠨᠢ 3500 ᠮᠤ᠌᠎ᠳᠤ ᠬᠦᠷᠴᠦ᠍᠂ ᠯᠤᠤᠲᠦ ᠵᠢᠮᠢᠰ᠂ ᠬᠠᠢᠲᠠᠩ ᠵᠢᠮᠢᠰ ᠵᠡᠷᠭᠡ 17 ᠡᠭᠦᠯᠳᠡᠷ᠎ᠦᠨ ᠵᠢᠮᠢᠰ᠎ᠦᠨ ᠮᠣᠳᠣ᠎ᠶ᠋ᠢ ᠳᠠᠷᠢᠪᠠ᠃ 2023 ᠣᠨ᠎ᠳᠤ᠂ ᠪᠤᠯᠠᠭ᠍ᠲᠠᠢ ᠭᠠᠴᠡᠭ᠎ᠠ ᠪᠠᠰᠠ ᠤᠢ ᠵᠢᠮᠢᠰ᠎ᠦᠨ ᠰᠠᠭᠤᠷᠢᠨ᠎ᠳᠤ 2000 ᠮᠦ᠍ ᠬᠤᠨᠴᠢᠷ ᠪᠠ ᠴᠢᠨᠣ᠎ᠠ᠎ᠶ᠋ᠢᠨ ᠬᠠᠯᠲᠠᠷ ᠲᠠᠷᠢᠵᠤ᠂ ᠤᠢ᠎ᠳᠤ ᠡᠮ ᠲᠠᠩ᠎ᠳᠤ ᠬᠡᠷᠡᠭᠯᠡᠬᠦ ᠤᠷᠭᠤᠮᠠᠯ ᠲᠠᠷᠢᠬᠤ᠎ᠪᠠᠷ ᠳᠠᠮᠵᠢᠨ ᠤᠢ᠎ᠶ᠋ᠢᠨ ᠬᠣᠷᠮᠣᠶ᠎ᠶ᠋ᠢᠨ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠪᠠ᠃

《ᠵᠢᠱ᠌ᠢᠯᠲᠡ᠎ᠪᠡᠷ ᠡᠨᠡ ᠵᠢᠯ᠎ᠦᠨ ᠵᠢᠮᠢᠰᠯᠡᠬᠦ ᠬᠤᠭᠤᠴᠠᠭᠠᠨ᠎ᠳᠤ᠂ ᠣᠢ ᠱᠢᠭᠤᠶ ᠵᠢᠮᠢᠰ᠎ᠦᠨ ᠰᠠᠭᠤᠷᠢᠨ ᠪᠠᠷᠤᠭ 300 ᠲᠣᠨ ᠵᠢᠮᠢᠰ᠎ᠤᠨ ᠤᠨᠠᠯᠳᠠ ᠲᠠᠢ᠂ ᠵᠢᠯ᠎ᠦᠨ ᠣᠷᠣᠯᠭ᠎ᠠ 120 ᠲᠦᠮᠡᠨ ᠲᠥᠭᠥᠷᠢᠭ᠎ᠲᠦ ᠬᠦᠷᠬᠦ ᠪᠤᠯᠤᠨ᠎ᠠ》᠃ ᠵᠢᠯ᠎ᠡᠴᠡ ᠵᠢᠯ ᠪᠤᠵᠠᠭᠠᠢᠷᠠᠵᠤ ᠪᠠᠢᠭ᠎ᠠ ᠪᠣᠬᠢᠷᠲᠤᠯ ᠦᠭᠡᠢ ᠠᠵᠤ ᠦᠢᠯᠡᠰ᠎ᠦᠨ ᠲᠤᠬᠠᠢ ᠶᠠᠷᠢᠬᠤ᠎ᠳᠠᠭᠠᠨ ᠴᠧᠨ ᠭᠦᠸᠧ ᠹᠠ ᠴᠢᠷᠠᠢ ᠲᠦᠬᠦᠷᠡᠩ ᠮᠦᠰᠢᠶᠡᠳᠦ ᠲᠠᠢ ᠪᠠᠢᠯ᠎ᠠ᠃

2023 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠡᠯᠡᠰᠦ ᠡᠪᠡᠰᠦᠨ᠎ᠦ ᠠᠵᠤ ᠦᠶ᠋ᠯᠡᠰ᠎ᠦᠨ ᠦᠶ᠋ᠯᠡᠳᠬᠦᠨ᠎ᠦ ᠶᠡᠷᠦᠩᠬᠡᠶ ᠥᠷᠲᠡᠭ 850 ᠳ᠋ᠦᠩᠱᠢᠭᠤᠷ ᠲᠥᠭᠥᠷᠢᠭ᠎ᠢ ᠳᠠᠪᠠᠵᠤ᠂ ᠡᠯᠡᠰᠦᠨ᠎ᠦ ᠨᠤᠭᠤᠭᠠᠨ ᠪᠦᠷᠢᠲᠦ᠎ᠨᠢ ᠡᠯᠡᠰᠦᠷᠬᠡᠭ ᠣᠷᠣᠨ᠎ᠤ ᠣᠯᠠᠨ ᠲᠦᠮᠡᠨ᠎ᠦ ᠪᠣᠬᠢᠷᠲᠤᠯ ᠥᠬᠡᠶ 《 ᠡᠷᠳᠡᠨᠢᠰ᠎ᠦᠨ ᠰᠠᠩ 》 ᠪᠣᠯᠵᠠᠶ᠃

ᠮᠤᠤᠠᠤᠰᠤ᠎ᠳ᠋ᠤ 《ᠲᠤᠷᠱᠢᠯᠲᠠ᠎ᠶ᠋ᠢᠨ ᠲᠠᠷᠢᠶ᠎ᠠ》 ᠨᠠᠬᠢᠶᠠᠯᠠᠪᠠ

《 ᠪᠢᠳᠡ ᠭᠠᠭᠴᠠ ᠬᠦ᠌ ᠡᠯᠡᠰᠦ᠎ᠶ᠋ᠢ ᠵᠠᠰᠠᠭᠠᠳ ᠯᠠ ᠪᠠᠢᠵᠤ ᠪᠣᠯᠬᠤ ᠥᠬᠡᠶ᠂ ᠪᠠᠰᠠ ᠡᠯᠡᠰᠦ᠎ᠶ᠋ᠢ ᠬᠡᠷᠬᠢᠨ ᠬᠡᠷᠡᠭ᠌ᠯᠡᠵᠦ᠍᠂ ᠡᠯᠡᠰᠦᠷᠬᠡᠭ ᠣᠷᠣᠨ᠎ᠤ ᠣᠯᠠᠨ ᠲᠦᠮᠡᠨ᠎ᠢ ᠪᠠᠶᠠᠵᠢᠭᠤᠯᠬᠤ᠎ᠵᠢ ᠪᠤᠳᠤᠬᠤ ᠬᠡᠷᠡᠭᠲᠡᠢ》 ᠭᠡᠵᠦ ᠮᠠᠨ᠎ᠤ ᠤᠯᠤᠰ᠎ᠤᠨ ᠳᠦᠷᠪᠡᠨ ᠶᠡᠬᠡ ᠡᠯᠡᠰᠦᠷᠬᠡᠭ ᠭᠠᠵᠠᠷ᠎ᠤᠨ ᠨᠢᠭᠡ ᠪᠣᠯᠬᠤ ᠮᠤᠤᠠᠤᠰᠤ ᠵᠢᠨ ᠡᠯᠡᠰᠦᠷᠬᠡᠭ ᠭᠠᠵᠠᠷ᠂ ᠱᠠᠨᠰᠢ ᠮᠤᠵᠢ᠎ᠶ᠋ᠢᠨ ᠱᠸᠠ ᠮᠦ᠍ ᠬᠤᠲᠠ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ ᠪᠦᠲᠦᠭᠡᠨ ᠪᠠᠢᠭᠤᠯᠤᠯᠲᠠ᠎ᠶ᠋ᠢᠨ ᠨᠡᠢᠭᠡᠮᠯᠢᠭ᠎ᠦᠨ ᠳᠠᠷᠤᠭ᠎ᠠ ᠵᠠᠩ ᠶᠢᠩ ᠯᠦᠩ ᠬᠡᠯᠡᠪᠡ᠃ ᠪᠦᠬᠦ᠌ ᠤᠯᠤᠰ᠎ᠤᠨ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠭ᠍ᠰᠠᠨ ᠳᠠᠭᠤᠷᠢᠶᠠᠯ ᠪᠣᠯᠤᠭ᠍ᠰᠠᠨ᠎ᠤ ᠬᠤᠪᠢ᠎ᠳᠤ᠂ ᠡᠳᠡᠭᠡᠷ ᠵᠢᠯ ᠎ᠦᠳ᠎ᠲᠦ ᠲᠡᠷᠡ ᠪᠦᠯᠬᠦᠮ᠎ᠲᠡᠶ᠎ᠪᠡᠨ ᠮᠤᠤᠠᠤᠰᠤ᠎ᠳᠤ ᠡᠯ᠎ᠡ ᠵᠦᠢᠯ᠎ᠦᠨ ᠲᠤᠷᠱᠢᠯᠲᠠ ᠬᠢᠭ᠌ᠰᠡᠭᠡᠷ ᠢᠷᠡᠵᠠᠢ᠂ 《 ᠪᠢᠳᠡ ᠮᠤᠤᠠᠤᠰᠤ᠎ᠳᠤ ᠬᠠᠮᠤᠭ ᠎ᠡᠴᠡ ᠲᠤᠬᠢᠷᠠᠬᠤ ᠡᠯᠡᠰᠦᠷᠬᠡᠭ ᠭᠠᠵᠠᠷ᠎ᠤᠨ ᠠᠵᠤ ᠦᠢᠯᠡᠰ᠎ᠢ ᠡᠷᠢᠯᠬᠢᠯᠡᠵᠦ ᠪᠠᠢᠨ᠎ᠠ》᠃

ᠱᠠᠨᠰᠢ ᠮᠤᠵᠢ᠎ᠶ᠋ᠢᠨ ᠱᠸᠨ ᠮᠤ᠌ ᠬᠤᠳᠠ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ ᠪᠦᠳᠦᠭᠡᠨ ᠪᠠᠢᠭᠤᠯᠤᠯᠲᠠ᠎ᠶ᠋ᠢᠨ ᠨᠡᠢᠭᠡᠮᠯᠢᠭ᠎ᠦᠨ ᠡᠯᠡᠰᠦ᠎ᠵᠢ ᠵᠠᠰᠠᠵᠤ ᠣᠢᠵᠢᠭᠤᠯᠬᠤ ᠰᠠᠭᠤᠷᠢᠨ ᠮᠤᠤᠠᠤᠰᠤ ᠵᠢᠨ ᠡᠯᠡᠰᠦᠷᠬᠡᠭ ᠭᠠᠵᠠᠷ᠎ᠤᠨ ᠵᠡᠭᠦᠨ ᠡᠮᠦᠨ᠎ᠡ ᠵᠠᠬ᠎ᠠ᠎ᠳᠤ ᠪᠠᠢᠷᠢᠯᠠᠵᠤ᠂ ᠡᠨᠳᠡᠬᠢ ᠡᠷᠬᠢᠨ ᠲᠣᠭᠣᠷᠢᠨ ᠨᠢ ᠢᠭ᠍ᠴᠤ ᠰᠠᠬᠤᠯᠢᠭ ᠤᠢ ᠮᠣᠳᠣ᠎ᠪᠠᠷ ᠬᠦᠷᠢᠶᠡᠯᠡᠭ᠌ᠳᠡᠵᠦ᠍ ᠪᠠᠢᠳᠠᠭ᠃ ᠭᠡᠪᠡᠴᠦ᠍ 61 ᠨᠠᠰᠤᠲᠠᠶ ᠵᠠᠩ ᠶᠢᠩ ᠯᠦᠩ ᠡᠨᠳᠡᠬᠢ ᠵᠠᠰᠠᠬᠤ᠎ᠡᠴᠡ ᠡᠮᠦᠨᠡᠬᠢ ᠪᠠᠢᠳᠠᠯ᠎ᠢ ᠲᠣᠳᠣᠷᠬᠠᠶ ᠴᠡᠭᠡᠵᠢᠯᠡᠵᠦ᠍ ᠪᠣᠶ — ᠡᠯᠡᠰᠦᠨ ᠳᠣᠪᠣᠴᠠᠭ ᠨᠢ ᠡᠯᠡᠰᠦᠨ ᠳᠣᠪᠣᠴᠠᠭ᠎ᠲᠠᠶ ᠵᠠᠯᠭᠠᠯᠳᠤᠵᠤ᠂ ᠲᠩᠷᠢ᠎ᠶ᠋ᠢᠨ ᠬᠠᠶᠠᠭᠠᠨ᠎ᠳᠤ ᠬᠦᠷᠲᠡᠯ᠎ᠡ ᠦᠷᠭᠦᠯᠵᠢᠯᠡᠵᠡᠶ᠃

21 ᠵᠢᠯ᠎ᠦᠨ ᠬᠤᠭᠤᠴᠠᠭᠠᠨ᠎ᠳᠤ᠂ ᠡᠯᠡᠰᠦ᠎ᠶ᠋ᠢ ᠵᠠᠰᠠᠵᠤ ᠣᠢᠵᠢᠭᠤᠯᠬᠤ ᠰᠠᠭᠤᠷᠢᠨ᠎ᠤ ᠡᠯᠡᠰᠦᠷᠬᠡᠭ ᠭᠠᠵᠠᠷ᠎ᠢ ᠵᠠᠰᠠᠭ᠍ᠰᠠᠨ ᠲᠠᠯᠠᠪᠠᠶ 42.8 ᠲᠦᠮᠡᠨ ᠮᠤ᠌᠎ᠳᠤ ᠬᠦᠷᠴᠦ᠍᠂ ᠵᠠᠰᠠᠯᠲᠠ᠎ᠶ᠋ᠢᠨ ᠣᠷᠣᠨ᠎ᠤ ᠣᠶ ᠱᠢᠭᠤᠶ ᠡᠪᠡᠰᠦ ᠪᠡᠯᠴᠢᠭᠡᠷ᠎ᠦᠨ ᠪᠦᠷᠬᠦᠴᠡ 3% ᠪᠠᠢᠭ᠍ᠰᠠᠨ᠎ᠡᠴᠡ᠎ᠪᠠᠨ ᠳᠡᠭᠡᠭ᠌ᠰᠢᠯᠡᠭᠡᠳ 65% ᠪᠣᠯᠵᠠᠶ᠃ 2005 ᠣᠨ᠎ᠡᠴᠡ ᠡᠬᠢᠯᠡᠨ᠂ ᠰᠠᠭᠤᠷᠢᠨ ᠨᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠤᠯᠠᠨ ᠨᠢᠭᠡᠴᠢ ᠵᠢᠴᠢ ᠶᠡᠬᠡ ᠳᠡᠭᠡᠳᠦ ᠰᠤᠷᠭᠠᠭᠤᠯᠢ᠎ᠲᠡᠶ ᠬᠠᠮᠲᠤᠷᠠᠨ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ᠂ ᠡᠯᠡᠰᠦᠨ᠎ᠦ ᠤᠷᠭᠤᠮᠠᠯ᠎ᠢ ᠨᠡᠭᠡᠭᠡᠨ ᠠᠱᠢᠭ᠍ᠯᠠᠬᠤ ᠵᠡᠷᠭᠡ ᠰᠡᠳᠦᠪ᠎ᠦᠨ ᠲᠣᠭᠣᠷᠢᠨ᠎ᠳᠤ ᠠᠯᠢ ᠤᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ ᠥᠷᠨᠢᠭᠦᠯᠵᠡᠢ᠃

ᠰᠤᠷᠪᠤᠯᠵᠢᠯᠠᠭ᠍ᠴᠢ ᠵᠠᠩ ᠶᠢᠩ ᠯᠦᠩ᠎ᠢ ᠳᠠᠭᠠᠵᠤ ᠬᠠᠢᠯᠠᠷ ᠨᠠᠷᠠᠰᠤᠨ ᠣᠢ᠎ᠳᠤ ᠢᠷᠡᠪᠡ᠃  《ᠡᠨᠡ ᠤᠯᠠᠭᠠᠨ ᠨᠠᠷᠠᠰᠤᠨ ᠴᠢᠰᠤᠨ ᠡᠪᠡᠷ᠎ᠤᠨ ᠴᠢᠨᠠᠷ᠎ᠨᠢ ᠬᠡᠳᠦᠶ ᠰᠠᠢᠨ᠂ ᠬᠡᠳᠦᠶ ᠪᠦᠳᠦᠭᠦᠨ ᠤᠷᠭᠤᠭ᠍ᠰᠠᠨ᠎ᠢ ᠦᠵᠡ》᠃ ᠵᠠᠩ ᠶᠢᠩ ᠯᠦᠩ ᠭᠠᠷ᠎ᠤᠨ ᠠᠶ᠎ᠠ᠎ᠪᠠᠷ ᠨᠢᠭᠡ ᠬᠠᠢᠯᠠᠷ ᠨᠠᠷᠠᠰᠤᠨ᠎ᠤ ᠳᠣᠣᠷᠠᠬᠢ ᠨᠠᠷᠠᠰᠤᠨ ᠵᠡᠭᠦᠦ ᠪᠠ ᠮᠣᠳᠣᠨ ᠦᠷᠦᠪᠳᠡᠰᠦ᠎ᠶ᠋ᠢ ᠰᠤᠭᠤᠯᠬᠤ᠎ᠳᠤ ᠨᠢᠭᠡ ᠪᠠᠭ᠍ᠴᠠ ᠤᠯᠠᠭᠠᠨ ᠨᠠᠷᠠᠰᠤᠨ ᠴᠢᠰᠤᠨ ᠡᠪᠡᠷ ᠨᠢᠳᠦᠨ ᠡᠮᠦᠨ᠎ᠡ ᠬᠠᠷᠠᠭᠳᠠᠨ᠎ᠠ᠃

ᠵᠠᠩ ᠶᠢᠩ ᠯᠦᠩ᠂ ᠮᠤᠤᠠᠤᠰᠤ᠎ᠶ᠋ᠢᠨ ᠡᠯᠡᠰᠦᠷᠬᠡᠭ ᠭᠠᠵᠠᠷ᠎ᠲᠦ ᠬᠥᠮᠦᠨ᠎ᠦ ᠬᠦᠴᠦ᠍᠎ᠪᠡᠷ ᠤᠯᠠᠭᠠᠨ ᠨᠠᠷᠠᠰᠤᠨ ᠴᠢᠰᠤᠨ ᠡᠪᠡᠷ ᠳᠠᠷᠢᠬᠤ᠎ᠶ᠋ᠢᠨ ᠲᠥᠯᠥᠭᠡ᠂ ᠰᠠᠭᠤᠷᠢᠨ᠎ᠤ᠋ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠣᠯᠠᠨ ᠵᠢᠯ ᠵᠠᠷᠤᠴᠠᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠬᠥᠮᠦᠵᠢᠭᠦᠯᠦᠯ᠎ᠢᠶᠡᠷ ᠳᠡᠮᠵᠢᠨ᠂ ᠪᠠᠺᠲ᠋ᠧᠷᠢ᠎ᠶ᠋ᠢᠨ ᠲᠥᠷᠥᠯ᠎ᠢ ᠳᠠᠰᠭᠠᠭ᠍ᠰᠠᠨ᠎ᠤ ᠳᠠᠷᠠᠭ᠎ᠠ ᠰᠠᠶᠢ ᠤᠯᠠᠭᠠᠨ ᠨᠠᠷᠠᠰᠤᠨ ᠴᠢᠰᠤᠨ ᠡᠪᠡᠷ᠎ᠢ ᠲᠤᠷᠱᠢᠯᠲᠠ᠎ᠶ᠋ᠢᠨ ᠲᠠᠰᠤᠭ᠎ᠡᠴᠡ ᠬᠠᠢᠯᠠᠷ ᠨᠠᠷᠠᠰᠤᠨ ᠣᠶ᠎ᠳᠤ ᠠᠪᠴᠤ᠌ ᠣᠷᠣᠵᠤ ᠲᠤᠷᠱᠢᠨ ᠳᠠᠷᠢᠪᠠ ᠭᠡᠵᠦ ᠬᠡᠯᠡᠪᠡ᠃ ᠲᠠᠳᠠ ᠬᠠᠢᠯᠠᠷ ᠨᠠᠷᠠᠰᠤ᠂ ᠬᠤᠨᠢᠨ ᠪᠤᠢᠯᠠᠰᠤ ᠳᠠᠷᠢᠵᠤ ᠪᠠᠢᠬᠤ᠎ᠪᠠᠷ ᠪᠠᠷᠠᠬᠤ ᠥᠬᠡᠶ᠂ ᠡᠯᠡᠰᠦᠨ ᠳᠣᠪᠣᠴᠠᠭ᠎ᠤᠨ ᠨᠥᠮᠥᠷᠢ ᠪᠠᠯ᠎ᠳᠤ ᠪᠦᠭᠡᠷᠡᠯᠵᠢᠭᠡᠨ᠎ᠡ᠂ ᠨᠠᠷᠰᠦ᠂ ᠦᠬᠡᠷ ᠪᠦᠯᠵᠢᠷᠭᠡᠨ᠎ᠡ᠂ ᠠᠷᠢᠬᠢ ᠨᠡᠷᠡᠬᠦ᠌ ᠦᠵᠦᠮ ᠵᠡᠷᠭᠡ᠎ᠶ᠋ᠢ ᠲᠤᠷᠱᠢᠨ ᠳᠠᠷᠢᠵᠤ᠂ ᠡᠨᠳᠡ ᠤᠷᠭᠤᠬᠤ᠎ᠳᠤ ᠲᠣᠬᠢᠷᠠᠮᠵᠢᠲᠠᠶ ᠡᠭᠦᠯᠳᠡᠷ᠎ᠢ ᠪᠣᠢᠵᠢᠭᠤᠯᠵᠤ᠂ ᠡᠯᠡᠰᠦᠷᠬᠡᠭ ᠣᠷᠣᠨ᠎ᠤ ᠠᠮᠢ ᠠᠬᠤᠶ᠎ᠶ᠋ᠢᠨ ᠠᠵᠤ ᠠᠬᠤᠶ᠎ᠶ᠋ᠢ ᠳᠠᠢᠴᠢᠯᠠᠬᠤ᠎ᠶ᠋ᠢᠨ ᠬᠠᠮᠲᠤ ᠮᠤᠤᠠᠤᠰᠤ᠎ᠶ᠋ᠢᠨ ᠡᠯᠡᠰᠦᠷᠬᠡᠭ ᠭᠠᠵᠠᠷ᠎ᠤᠨ ᠤᠷᠭᠤᠮᠠᠯ᠎ᠤᠨ ᠭᠧᠨ᠎ᠦ ᠬᠥᠮᠥᠷᠭᠡ᠎ᠶ᠋ᠢ ᠪᠠᠢᠭᠤᠯᠬᠤ᠎ᠶ᠋ᠢ ᠬᠦᠰᠡᠵᠦ᠍ ᠪᠠᠢᠨ᠎ᠠ᠃

《 ᠪᠢᠳᠡ ᠡᠯᠡᠰᠦ᠎ᠶ᠋ᠢ ᠵᠠᠰᠠᠬᠤ᠎ᠪᠠᠷ ᠠᠵᠤ ᠦᠢᠯᠡᠰ᠎ᠦᠨ ᠬᠥᠭ᠌ᠵᠢᠯᠲᠡ᠎ᠶ᠋ᠢ ᠳᠠᠢᠴᠢᠯᠠᠬᠤ᠂ ᠠᠵᠤ ᠦᠢᠯᠡᠰ᠎ᠲᠦ ᠲᠦᠱᠢᠭ᠌ᠯᠡᠨ ᠡᠯᠡᠰᠦ᠎ᠶ᠋ᠢ ᠵᠠᠰᠠᠬᠤ ᠦᠢᠯᠡᠰ᠎ᠢ ᠠᠬᠢᠭᠤᠯᠬᠤ᠎ᠶ᠋ᠢ ᠰᠤᠷᠬᠤ ᠬᠡᠷᠡᠭ᠌ᠲᠡᠢ᠃ ᠡᠢᠮᠦᠷᠬᠦᠦ ᠰᠠᠢ᠌ᠨ ᠣᠷᠴᠢᠯ ᠪᠣᠯ ᠰᠠᠶᠢ ᠵᠢᠩᠬᠢᠨᠢ ᠦᠷᠭᠦᠯᠵᠢᠯᠡᠨ ᠡᠯᠡᠰᠦ᠎ᠵᠢ ᠵᠠᠰᠠᠬᠤ ᠵᠠᠮ ᠮᠥᠨ 》 ᠭᠡᠵᠦ᠍ ᠵᠠᠩ ᠶᠢᠩ ᠯᠦᠩ ᠬᠡᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号