ᠬᠠᠤᠯᠢ ᠴᠠᠭᠠᠵᠠ᠎ᠶ᠋ᠢᠨ ᠤᠯᠠᠨ᠎ᠨᠡᠢᠳᠡ ᠵᠢᠨ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠵᠦ᠍ ᠦᠨᠡᠨᠴᠢ ᠢᠲᠡᠭᠡᠮᠵᠢ᠎ᠶ᠋ᠢᠨ 《 ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ 》 ᠢ᠋ ᠰᠠᠢᠲᠤᠷ ᠰᠠᠬᠢᠨ᠎ᠠ
2024-06-17 10:53:22
ᠵᠣᠬᠢᠶᠠᠭ᠍ᠴᠢ᠄
​ ᠯᠢ ᠰᠢᠨ ᠵᠢᠶᠦ᠋ᠨ ᠵᠤᠤ ᠸᠸᠨ ᠺᠦᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 8 ᠎ᠤ᠋ ᠡᠳᠦᠷ᠂ ᠵᠤᠨ᠎ᠤ ᠤᠯᠠᠷᠢᠯ᠎ᠤᠨ ᠬᠥᠯᠥᠨ ᠪᠤᠢ᠌ᠷ᠎ᠤᠨ ᠲᠠᠯ᠎ᠠ ᠨᠤᠲᠤᠭ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠬᠠᠤᠯᠢ ᠲᠦᠭᠡᠮᠡᠯᠵᠢᠭᠦᠯᠬᠦ᠌ ᠰᠠᠢᠨ ᠳᠤᠷᠠᠴᠤᠳ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠵᠡᠭᠦᠨ ᠰᠤᠮᠤ᠎ᠳᠤ ᠬᠦᠷᠴᠦ᠍᠂ ᠮᠠᠯᠴᠢᠳ᠎ᠤᠨ ᠣᠢᠯᠠᠭᠠᠵᠤ ᠮᠡᠳᠡᠬᠦ᠌᠂ ᠠᠮᠠᠷᠬᠠᠨ ᠭᠥᠯᠢᠶᠡᠨ ᠠᠪᠴᠦ ᠳᠡᠢᠯᠬᠦ ᠦᠭᠡ ᠬᠡᠯᠡᠯᠭᠡ᠎ᠪᠡᠷ ᠬᠠᠤᠯᠢ ᠴᠠᠭᠠᠵᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠠᠢᠯᠪᠤᠷᠢᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠦᠷᠢᠮ》᠂ 《ᠦᠨᠡᠨᠴᠢ ᠢᠲᠡᠭᠡᠮᠵᠢ᠎ᠶ᠋ᠢᠨ ᠰᠣᠶᠣᠯ᠎ᠢ ᠪᠠᠳᠠᠷᠠᠭᠤᠯᠵᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ》 ᠵᠡᠷᠭᠡ ᠤᠬᠠᠭᠤᠯᠭ᠎ᠠ᠎ᠶ᠋ᠢᠨ ᠳᠡᠪᠲᠡᠷ᠎ᠲᠠᠷᠬᠠᠭᠠᠵᠤ᠂ ᠬᠥᠯᠥᠨ ᠪᠣᠢᠷ᠎ᠤᠨ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ《ᠦᠨᠡᠨᠴᠢ ᠢᠲᠡᠭᠡᠮᠵᠢ᠎ᠶ᠋ᠢ ᠳᠣᠯᠣᠭ᠎ᠠ᠎ᠳᠤ ᠣᠷᠣᠭᠤᠯᠬᠤ》 ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠪᠠ᠃

《ᠬᠠᠤᠯᠢ ᠴᠠᠭᠠᠵᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ ᠨᠢ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ ᠂ ᠬᠠᠤᠯᠢ᠎ᠶ᠋ᠢ ᠰᠤᠷᠴᠤ᠌ ᠬᠠᠤᠯᠢ᠎ᠶ᠋ᠢ ᠣᠢᠯᠠᠭᠠᠬᠤ ᠨᠢ ᠨᠠᠮᠠᠶ᠋ᠢ ᠨᠡᠩ ᠠᠮᠤᠷ ᠲᠦᠪᠱᠢᠨ ᠲᠦᠷᠦᠭ᠌ᠳᠡᠯ᠎ᠲᠡᠶ ᠪᠣᠯᠭᠠᠵᠠᠢ᠃》 ᠮᠠᠯᠴᠢᠨ ᠪᠣᠯᠣᠳᠪᠠᠭᠠᠲᠤᠷ ᠬᠠᠤᠯᠢ ᠴᠠᠭᠠᠵᠠ᠎ᠶ᠋ᠢᠨ ᠮᠡᠳᠡᠯᠭᠡ ᠰᠤᠷᠤᠯᠴᠠᠬᠤ᠎ᠶ᠋ᠢ ᠮᠠᠰᠢ ᠴᠢᠬᠤᠯᠠᠴᠢᠯᠠᠳᠠᠭ᠃

ᠲᠦᠷᠦᠭᠦᠬᠡᠨ᠂ ᠬᠠᠤᠯᠢ ᠲᠦᠭᠡᠮᠡᠯᠵᠢᠭᠦᠯᠬᠦ᠌ ᠠᠵᠢᠯᠲᠠᠨ ᠥᠪᠥᠷ ᠮᠣᠩᠭᠣᠯ᠎ᠤᠨ ᠮᠥ᠍ ᠯᠠᠨ ᠢᠳᠡᠭᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠍᠂ 《ᠵᠠᠬᠢᠶᠠᠯᠠᠭ᠎ᠠ᠎ᠶᠢᠨ ᠬᠠᠭᠤᠳᠠᠰᠦ ᠪᠡᠷ ᠬᠠᠤᠯᠢ ᠲᠦᠭᠡᠮᠡᠯᠵᠢᠭᠦᠯᠬᠦ᠌ 》 ᠶ᠋ᠢ ᠨᠢᠭᠤᠷᠳᠠᠨ ᠶᠠᠷᠢᠯᠴᠠᠪᠠ᠃ ᠮᠣᠩᠭᠣᠯ ᠤᠯᠤᠰ᠎ᠤᠨ ᠪᠠᠯᠠ ᠣᠷᠣᠭᠤᠯᠤᠯᠲᠠ᠎ᠶ᠋ᠢᠨ ᠣᠷᠴᠢᠨ ᠨᠥᠬᠥᠴᠡᠯ᠎ᠳᠦ ᠴᠢᠭ᠌ᠯᠡᠭᠦᠯᠦᠨ᠂ ᠡᠵᠡᠩᠨᠡᠯᠲᠡ ᠬᠠᠮᠢᠶᠠᠷᠤᠯᠲᠠ᠎ᠶ᠋ᠢᠨ ᠳᠤᠮᠳᠠᠬᠢ ᠬᠠᠤᠯᠢ ᠴᠠᠭᠠᠵᠠ᠎ᠶ᠋ᠢᠨ ᠬᠡᠷᠡᠭ᠌ᠴᠡᠭᠡ᠎ᠲᠡᠶ ᠤᠶᠠᠯᠳᠤᠭᠤᠯᠵᠤ᠂ ᠭᠠᠳᠠᠭᠠᠳᠤ᠎ᠳᠤ ᠬᠣᠯᠪᠣᠭ᠍ᠳᠠᠬᠤ ᠠᠵᠤ ᠠᠬᠤᠢᠯᠠᠯ᠎ᠤᠨ ᠠᠵᠤ ᠠᠬᠤᠶ᠎ᠶ᠋ᠢᠨ ᠵᠠᠭᠤᠷᠠᠯᠳᠤᠭᠠᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ ᠵᠢᠴᠢ ᠬᠠᠤᠯᠢ ᠴᠠᠭᠠᠵᠠ᠎ᠶ᠋ᠢᠨ ᠠᠷᠭ᠎ᠠ ᠪᠠᠷᠢᠯ᠎ᠢ ᠬᠡᠷᠡᠭ᠌ᠯᠡᠨ ᠠᠷᠠᠯᠵᠢᠶᠠᠨ᠎ᠤ ᠲᠦᠭ᠌ᠰᠢᠭᠦᠷᠢ᠎ᠡᠴᠡ ᠵᠠᠢᠯᠠᠬᠤ ᠠᠷᠭ᠎ᠠ᠎ᠶ᠋ᠢ ᠲᠠᠢᠯᠪᠤᠷᠢᠯᠠᠪᠠ᠃ 《ᠲᠠ ᠵᠠᠬᠢᠶᠠᠯᠠᠪᠠᠯ ᠪᠢ ᠬᠠᠤᠯᠢ ᠲᠦᠭᠡᠮᠡᠯᠵᠢᠭᠦᠯᠬᠦ᠌》 ᠶ᠋ᠢ ᠬᠡᠷᠡᠭ᠌ᠴᠡᠭᠡ ᠶᠣᠰᠣᠭᠠᠷ ᠲᠣᠬᠢᠷᠠᠭᠤᠯᠤᠨ ᠬᠦᠷᠭᠡᠬᠦ ᠨᠢ 《ᠦᠨᠡᠨᠴᠢ ᠢᠲᠡᠭᠡᠮᠵᠢ᠎ᠶᠢ ᠠᠵᠤ ᠠᠬᠤᠢᠯᠠᠯ᠎ᠳᠤ ᠣᠷᠣᠭᠤᠯᠬᠤ》 ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠳᠤᠮᠳᠠ ᠶᠡᠬᠡ ᠦᠢᠯᠡᠳᠦᠯ ᠪᠠᠳᠠᠷᠠᠭᠤᠯᠵᠤ ᠪᠠᠢᠨ᠎ᠠ᠃

ᠵᠢᠯ᠎ᠦᠨ ᠡᠬᠢᠨ᠎ᠡᠴᠡ ᠨᠠᠭᠠᠰᠢ᠂ ᠪᠥᠬᠥ᠌ ᠬᠣᠲᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠲᠦᠷᠦᠭᠦᠯᠡᠨ ᠠᠳᠭᠤᠬᠤ ᠶᠡᠷᠦᠩᠬᠡᠢᠯᠡᠭᠰᠡᠨ  ᠰᠠᠯᠠᠭ᠎ᠠ ᠮᠥᠴᠢᠷ ᠪᠠ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ ᠂ ᠬᠥᠯᠥᠨ ᠪᠣᠢᠷ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ 《 ᠲᠤᠷᠠᠳᠤᠭᠰᠠᠨ ᠬᠦᠰᠡᠯ ᠱᠠᠭᠠᠷᠳᠠᠯᠭ᠎ᠠ ᠪᠦᠬᠦᠨ᠎ᠳᠤ ᠵᠠᠪᠠᠯ ᠬᠠᠷᠢᠭᠤᠯᠲᠠ ᠥᠭᠬᠥ 》 ᠨᠡᠷ᠎ᠡ᠎ᠶ᠋ᠢᠨ ᠬᠠᠭᠤᠳᠠᠰᠤ᠎ᠶ᠋ᠢ ᠢᠯᠡ ᠪᠤᠯᠭᠠᠵᠦ᠂ ᠰᠤᠷᠤᠯᠴᠠᠯᠭ᠎ᠠ ᠬᠥᠮᠦᠵᠢᠯ᠂ ᠮᠡᠳᠡᠭᠡ ᠵᠠᠩᠭᠢ᠎ᠶ᠋ᠢ ᠢᠯᠡ ᠪᠣᠯᠭᠠᠬᠤ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠦᠨᠡᠨᠴᠢ ᠢᠲᠡᠭᠡᠮᠵᠢ᠎ᠶ᠋ᠢᠨ ᠦᠶ᠋ᠯᠡᠴᠢᠯᠡᠭᠡᠨ᠎ᠦ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ᠂ ᠦᠷ᠎ᠡ ᠪᠦᠳᠦᠮᠵᠢᠳᠦ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍ ᠂ ᠬᠠᠤᠯᠢ ᠴᠠᠭᠠᠵᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠪᠠ᠃

ᠪᠥᠬᠥ᠌ ᠬᠣᠲᠠ᠎ᠶ᠋ᠢᠨ ᠬᠠᠤᠯᠢ ᠴᠠᠭᠠᠵᠠ᠎ᠶ᠋ᠢᠨ ᠱᠢᠰᠲ᠋ᠧᠮ᠎ᠨᠢ ᠦᠨᠡᠨᠴᠢ ᠢᠲᠡᠭᠡᠮᠵᠢ᠎ᠶ᠋ᠢᠨ ᠬᠥᠮᠦᠵᠢᠯ ᠬᠢᠭᠡᠳ ᠡᠩᠨᠡᠭᠡᠨ᠎ᠦ ᠪᠠᠢᠭᠤᠯᠤᠯᠲᠠ᠎ᠶ᠋ᠢ ᠬᠠᠷᠢᠯᠴᠠᠨ ᠤᠶᠠᠯᠳᠤᠭᠤᠯᠵᠤ ᠂ ᠬᠠᠤᠯᠢᠴᠢ᠎ᠶ᠋ᠢᠨ ᠡᠩᠨᠡᠭᠡᠨ᠎ᠦ ᠠᠵᠢᠯ ᠮᠡᠷᠭᠡᠵᠢᠯ᠎ᠦᠨ ᠶᠣᠰᠣ ᠮᠣᠷᠠᠯ᠎ᠤᠨ ᠬᠥᠮᠦᠵᠢᠯ ᠪᠠ ᠠᠵᠢᠯ ᠡᠷᠭᠢᠯᠡᠬᠦ᠌ ᠰᠠᠬᠢᠯᠭ᠎ᠠ ᠪᠠᠲᠤ᠎ᠶ᠋ᠢᠨ ᠬᠥᠮᠦᠵᠢᠯ᠎ᠢ ᠴᠢᠩᠭᠠᠳᠭᠠᠵᠤ᠂ ᠬᠠᠤᠯᠢᠴᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠦᠨᠡᠨᠴᠢ ᠢᠲᠡᠭᠡᠮᠵᠢ ᠲᠡᠶ᠎ᠪᠡᠷ ᠠᠵᠢᠯ ᠡᠷᠭᠢᠯᠡᠬᠦ᠌ ᠦᠵᠡᠯ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ ᠪᠠ ᠬᠠᠤᠯᠢᠴᠢ᠎ᠶ᠋ᠢᠨ ᠦᠨᠡᠨᠴᠢ ᠢᠲᠡᠭᠡᠮᠵᠢ ᠲᠡᠶ᠎ᠪᠡᠷ ᠠᠵᠢᠯ ᠡᠷᠭᠢᠯᠡᠬᠦ᠌ ᠲᠠᠩᠰᠠ ᠡᠪᠬᠡᠮᠡᠯ ᠪᠠᠢᠭᠤᠯᠵᠤ᠂ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ ᠪᠠ ᠬᠠᠤᠯᠢᠴᠢ᠎ᠶ᠋ᠢᠨ ᠠᠵᠢᠯ ᠡᠷᠭᠢᠯᠡᠬᠦ᠌ ᠠᠵᠢᠯᠯᠠᠭ᠎ᠠ᠎ᠳᠠᠬᠢ ᠱᠠᠩᠨᠠᠯ ᠂ ᠱᠢᠶ᠋ᠳᠭᠡᠯ ᠂ ᠵᠠᠭᠠᠯᠳᠤᠯᠭ᠎ᠠ ᠵᠡᠷᠭᠡ ᠦᠨᠡᠨᠴᠢ ᠢᠲᠡᠭᠡᠮᠵᠢ᠎ᠶ᠋ᠢᠨ ᠦᠶ᠋ᠯᠡ ᠠᠵᠢᠯᠯᠠᠭ᠎ᠠ᠎ᠶ᠋ᠢ ᠲᠠᠩᠰᠠᠨ᠎ᠳᠤ ᠲᠡᠮᠳᠡᠭ᠌ᠯᠡᠬᠦ᠌᠎ᠶ᠋ᠢᠨ ᠬᠠᠮᠲᠤ ᠣᠨ᠎ᠤ ᠱᠢᠯᠭᠠᠨ ᠬᠢᠨᠠᠬᠤ ᠦᠨᠳᠦᠰᠦᠯᠡᠯ ᠪᠣᠯᠭᠠᠪᠠ᠃ ᠣᠲᠣᠬᠠᠨ ᠪᠣᠯᠲᠠᠯ᠎ᠠ᠂ ᠨᠢᠭᠡᠨᠲᠡ 616 ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠬᠠᠤᠯᠢᠴᠢ᠎ᠶ᠋ᠢᠨ ᠢᠲᠡᠭᠡᠮᠵᠢ᠎ᠶ᠋ᠢᠨ ᠲᠠᠩᠰᠠ ᠡᠪᠬᠡᠮᠡᠯ᠎ᠦᠨ ᠲᠣᠭ᠎ᠠ ᠪᠠᠷᠢᠮᠲᠠ᠎ᠶ᠋ᠢ ᠲᠡᠮᠳᠡᠭᠯᠡᠵᠦ ᠣᠷᠣᠭᠤᠯᠪᠠ᠃

ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠳᠤ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠬᠠᠮᠲᠤ᠎ᠪᠠᠷ ᠡᠳ᠋ᠯᠡᠨ᠎ᠡ᠃ ᠬᠠᠤᠯᠢ ᠴᠠᠭᠠᠵᠠ᠎ᠶ᠋ᠢᠨ ᠣᠯᠠᠨ ᠨᠡᠢᠲᠡ᠎ᠶ᠋ᠢᠨ ᠢᠲᠡᠭᠡᠮᠵᠢ ᠨᠢ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠶ᠋ᠢᠨ ᠴᠢᠬᠤᠯᠠ ᠠᠭᠤᠯᠭ᠎ᠠ ᠪᠣᠯᠤᠭ᠍ᠰᠠᠨ᠎ᠤ ᠬᠤᠪᠢ᠎ᠳᠤ᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠣᠷᠢᠭ᠎ᠠ ᠱᠤᠭᠤᠮ᠎ᠤᠨ ᠢᠨᠵᠧᠨᠧᠷᠢᠩ ᠪᠠ ᠰᠠᠭᠤᠷᠢ ᠢᠨᠵᠧᠨᠧᠷᠢᠩ ᠪᠣᠯᠤᠨ᠎ᠠ᠃ ᠬᠥᠯᠥᠨ ᠪᠣᠢᠷ ᠬᠣᠲᠠ ᠬᠦᠴᠦᠲᠡᠶ ᠠᠷᠭ᠎ᠠ ᠬᠡᠮᠵᠢᠶ᠎ᠡ ᠠᠪᠴᠤ᠌᠂ ᠬᠠᠤᠯᠢᠵᠢᠯ᠎ᠤᠨ ᠬᠦᠴᠦᠨ᠎ᠢᠶᠡᠷ ᠬᠠᠤᠯᠢ ᠴᠠᠭᠠᠵᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠲᠥᠷᠥᠯ ᠵᠦᠶ᠋ᠯᠴᠢᠯᠡᠭ᠌ᠰᠡᠨ᠂ ᠨᠠᠷᠢᠨ ᠲᠠᠩᠰᠠ ᠮᠠᠶᠢᠭ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠳᠥᠷᠪᠡᠨ ᠶᠡᠬᠡ ᠬᠦᠷᠢᠶᠡᠨ᠎ᠦ 16 ᠵᠦᠶ᠋ᠯ᠎ᠦᠨ ᠢᠲᠡᠭᠡᠮᠵᠢ ᠠᠯᠳᠠᠭ᠍ᠰᠠᠨ ᠪᠠᠢᠳᠠᠯ᠎ᠤᠨ ᠲᠣᠭᠣᠷᠢᠨ᠎ᠳᠤ᠂ ᠵᠢᠷᠤᠭ ᠡᠯᠭᠦᠵᠦ ᠪᠠᠢᠯᠳᠤᠨ ᠠᠵᠢᠯᠯᠠᠵᠦ᠂ ᠳ᠋ᠤᠭᠠᠷ ᠳᠠᠷᠠᠭᠠᠯᠠᠨ ᠬᠠᠰᠤᠵᠤ᠂ ᠬᠠᠤᠯᠢ ᠴᠠᠭᠠᠵᠠ᠎ᠶ᠋ᠢᠨ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠌᠎ᠪᠡᠷ ᠳᠠᠮᠵᠢᠭᠤᠯᠤᠨ ᠦᠨᠡᠨᠴᠢ ᠢᠲᠡᠭᠡᠮᠵᠢ᠎ᠶ᠋ᠢᠨ 《ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ》  ᠢ᠋ ᠰᠠᠢᠲᠤᠷ ᠬᠠᠮᠠᠭᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号