ᠦᠵᠡᠰᠬᠦᠯᠡᠩᠳᠤ ᠰᠠᠢᠬᠠᠨ ᠲᠤᠮᠳᠠᠳᠤ ᠤᠯᠤᠰ᠎ᠤᠨ ᠤᠷᠢᠳ ᠵᠢᠡᠷ ᠬᠢᠬᠦ ᠤᠷᠤᠨ᠎ᠢ ᠴᠤᠬᠴᠠᠯᠠᠨᠠᠮ
2024-06-19 10:41:05
ᠵᠣᠬᠢᠶᠠᠭ᠍ᠴᠢ᠄
​ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

 —  ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ  ᠵᠢᠨ ᠥᠪᠥᠷ ᠮᠣᠩᠭᠣᠯ᠎ᠤᠨ ᠶᠠᠷᠢᠶᠠᠨ᠎ᠤ ᠲᠠᠪᠴᠠᠩ ᠎ᠤᠨ ᠳᠠᠳᠠᠯᠠᠭ᠎ᠠ


ᠡᠬᠡ ᠤᠯᠤᠰ᠎ᠤᠨ ᠤᠮᠠᠷᠠᠲᠤ ᠣᠷᠣᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠃

6 ᠰᠠᠷ᠎ᠠ᠎ᠶ᠋ᠢᠨ 18 ᠎ᠤ᠋ ᠡᠳᠦᠷ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠵᠢᠨ ᠥᠪᠥᠷ ᠮᠣᠩᠭᠣᠯ᠎ᠤᠨ ᠶᠠᠷᠢᠶᠠᠨ᠎ᠤ ᠲᠠᠪᠴᠠᠩ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠲᠠᠰᠤᠬ ᠵᠢᠴᠢ ᠨᠠᠷᠠᠲᠦ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ ᠡᠷᠳᠡᠮᠲᠡᠳ᠂ ᠫᠷᠤᠹᠧᠰᠰᠤᠷ ᠵᠢᠴᠢ ᠤᠰᠤᠨ ᠠᠱᠢᠭ᠍ᠯᠠᠯᠲᠠ᠎ᠶ᠋ᠢᠨ ᠶᠠᠮᠤᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠂ ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠦᠨ ᠬᠠᠮᠢᠶ᠎ᠠ ᠪᠥᠬᠥᠶ ᠵᠤᠷᠭᠠᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠨᠥᠬᠥᠳ ᠬᠠᠮᠲᠤ᠎ᠪᠠᠷ ᠥᠪᠥᠷ ᠮᠣᠩᠭᠣᠯ᠎ᠳᠤ ᠢᠷᠡᠵᠥ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠠᠷᠭ᠎ᠠ ᠵᠠᠮ᠎ᠢ ᠬᠠᠮᠲᠤ᠎ᠪᠠᠷ ᠵᠥᠪᠳᠡᠵᠦ᠍᠂ ᠪᠣᠬᠢᠷᠲᠤᠯ ᠥᠬᠡᠶ᠎ᠳᠡᠢᠰᠢ ᠬᠡᠯᠪᠡᠷᠢ᠎ᠪᠡᠨ ᠬᠤᠪᠢᠷᠠᠭᠤᠯᠬᠤ ᠠᠷᠭ᠎ᠠ ᠪᠣᠳᠣᠯᠭ᠎ᠠ᠎ᠶ᠋ᠢ ᠬᠠᠮᠲᠤ᠎ᠪᠠᠷ ᠰᠦᠪᠡᠭ᠌ᠴᠢᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠬᠠᠮᠲᠤ᠎ᠪᠠᠷ ᠵᠢᠷᠤᠭ᠍ᠯᠠᠪᠠ᠃

ᠥᠪᠥᠷ ᠮᠣᠩᠭᠣᠯ ᠪᠣᠯ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠴᠢᠬᠤᠯᠠ ᠦᠢᠯᠡᠳᠦᠯᠭᠡ᠎ᠶ᠋ᠢᠨ ᠭᠠᠵᠠᠷ ᠪᠣᠯᠤᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠤᠷᠢᠳ ᠬᠣᠵᠢᠳ 3 ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ 5 ᠵᠢᠯ ᠳᠠᠷᠠᠭᠠᠯᠠᠨ ᠪᠥᠬᠥ᠌ ᠤᠯᠤᠰ᠎ᠤᠨ ᠬᠣᠶᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠯᠢ ᠣᠯᠠᠨ ᠴᠢᠬᠤᠯᠠ ᠶᠡᠬᠡ ᠣᠨᠣᠯ᠎ᠤᠨ ᠪᠠ ᠦᠶ᠋ᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠪᠡ᠃

ᠡᠨᠡ ᠡᠳᠦᠷ᠂ ᠶᠠᠷᠢᠶᠠᠨ᠎ᠤ ᠲᠠᠪᠴᠠᠩ᠎ᠢ ᠡᠷᠬᠢᠯᠡᠬᠦ᠌᠎ᠶ᠋ᠢ ᠳᠠᠭᠠᠯᠳᠤᠨ᠂ ᠪᠦᠬᠦ᠌ ᠤᠯᠤᠰ᠎ᠤᠨ ᠠᠩᠬᠠᠷᠤᠯ ᠳᠠᠬᠢᠨᠲᠠ ᠥᠪᠥᠷ ᠮᠣᠩᠭᠣᠯ᠎ᠳᠤ ᠲᠥᠪᠯᠡᠷᠡᠪᠡ᠃ ᠡᠨᠡ ᠪᠣᠯ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢᠨ ᠲᠤᠬᠠᠢ ᠨᠢᠭᠡ ᠤᠳᠠᠭ᠎ᠠ᠎ᠶ᠋ᠢᠨ ᠭᠦᠨᠵᠡᠭᠡᠢ ᠲᠠᠢᠯᠤᠮᠵᠢ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠦᠨ ᠲᠤᠬᠠᠢ ᠨᠢᠭᠡ ᠤᠳᠠᠭ᠎ᠠ᠎ᠶ᠋ᠢᠨ ᠪᠦᠬᠦ᠌ ᠲᠠᠯ᠎ᠠ᠎ᠶ᠋ᠢᠨ ᠦᠵᠡᠬᠦᠯᠬᠡ ᠪᠣᠯᠤᠨ᠎ᠠ᠃

《ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶ᠋ᠢᠨ ᠨᠠᠭᠤᠷ ᠳᠠᠬᠢᠨᠳᠠ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠬᠥᠪᠴᠢ᠂ ᠮᠤᠤᠠᠤᠰᠤ ᠵᠢᠨ 〈ᠨᠣᠭᠣᠭᠠᠨ ᠦᠩᠬᠡ ᠨᠡᠮᠡᠭ᠌ᠳᠡᠵᠦ᠍ ᠡᠯᠡᠰᠦ ᠤᠬᠤᠷᠢᠭ᠍ᠰᠠᠨ〉᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ 〈ᠳᠤᠲᠠᠭᠤᠳᠠᠯ〉 ᠨᠢ ᠦᠷ᠎ᠡ ᠪᠦᠳᠦᠮᠵᠢ ᠵᠢᠨ 〈ᠬᠡᠪ ᠳᠠᠭᠤᠷᠢᠶᠠᠯ〉 ᠪᠤᠯᠵᠤ ᠬᠤᠪᠢᠷᠠᠵᠤ᠂ 〈ᠦᠩᠭᠡ ᠵᠢᠰᠦ 〉 ᠨᠢ 〈ᠦᠢᠯᠡᠳᠬᠦᠨ᠎ᠦ ᠦᠷᠳᠡᠭ〉 ᠪᠤᠯᠵᠤ ᠬᠤᠪᠢᠷᠠᠵᠤ᠂ 〈ᠬᠤᠨᠢ ᠨᠡᠭᠦᠷᠡᠰᠦ ᠬᠤᠪᠤᠷ ᠰᠢᠷᠤᠢ ᠱᠢᠲᠠᠮᠠᠬᠠᠢ ᠬᠡᠢ 〉 ᠨᠢ 〈ᠦᠭᠡᠳᠡᠷᠭᠡᠭ ᠠᠵᠤ ᠠᠬᠤᠢ〉 ᠪᠤᠯᠤᠨ ᠬᠤᠪᠢᠷᠠᠵᠥ᠂ ᠠᠮᠢ ᠠᠬᠤᠢ᠎ᠶ᠋ᠢᠨ ᠵᠠᠰᠠᠯᠲᠠ᠎ᠶ᠋ᠢᠨ ᠬᠡᠪ ᠳᠠᠭᠤᠷᠢᠶᠠᠯ᠎ᠢ ᠪᠤᠢ ᠪᠣᠯᠭᠠᠪᠠ》 ᠬᠡᠵᠥ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ ᠵᠢᠨ ᠯᠦᠩ ᠥᠪᠥᠷ ᠮᠣᠩᠭᠣᠯ᠎ᠢ ᠦᠨᠡᠯᠡᠪᠡ᠃

《ᠪᠢ ᠬᠣᠷᠴᠢᠨ ᠤ᠋ ᠡᠯᠡᠰᠤᠷᠬᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠳᠠᠢᠯᠠᠯᠳᠤᠭᠠᠨ᠎ᠤ ᠬᠡᠰᠡᠭ ᠲᠣᠭᠣᠷᠢᠭ᠎ᠤᠨ ᠬᠠᠷᠢᠭᠤᠴᠠᠯᠭᠠᠲᠠᠨ ᠪᠣᠯᠤᠭ᠍ᠰᠠᠨ᠎ᠤ ᠬᠤᠪᠢ᠎ᠳᠤ᠂ 2023 ᠣᠨ᠎ᠤ 6 ᠰᠠᠷ᠎ᠠ᠎ᠡᠴᠡ ᠨᠠᠭᠠᠰᠢ ᠤᠷᠢᠳ ᠬᠣᠵᠢᠳ ᠥᠪᠥᠷ ᠮᠣᠩᠭᠣᠯ᠎ᠳᠤ 20 ᠭᠠᠷᠤᠢ ᠤᠳᠠᠭ᠎ᠠ ᠢᠷᠡᠵᠦ᠍᠂ ᠥᠪᠥᠷ ᠮᠣᠩᠭᠣᠯ᠎ᠤᠨ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠠᠯᠢᠪᠠ ᠬᠦᠴᠢᠷ ᠪᠡᠷᠬᠡᠱᠢᠶᠡᠯ᠎ᠢ ᠢᠯᠠᠨ ᠳᠠᠪᠠᠵᠤ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠠᠬᠢᠭᠤᠯᠤᠬᠰᠠᠨ ᠡᠷᠡᠰ ᠵᠣᠷᠢᠭ ᠪᠣᠯᠤᠨ ᠬᠦᠴᠦᠲᠡᠢ ᠠᠵᠢᠯᠯᠠᠭ᠎ᠠ᠎ᠶ᠋ᠢ ᠭᠡᠷᠡᠴᠢᠯᠡᠵᠦ᠍᠂ 〈ᠤᠷᠢᠳ᠎ᠢᠶᠠᠷ ᠪᠠᠢᠭᠤᠯᠵᠤ ᠳᠠᠷᠠᠭ᠎ᠠ ᠨᠢ ᠨᠥᠬᠥᠪᠥᠷᠢᠯᠡᠬᠦ᠌〉᠂〈ᠵᠠᠮ᠎ᠢᠶᠠᠷ ᠡᠯᠡᠰᠦ᠎ᠶ᠋ᠢ ᠵᠠᠰᠠᠬᠤ〉 ᠵᠡᠷᠭᠡ ᠥᠪᠡᠷᠮᠢᠴᠡ ᠡᠭᠦᠳᠦᠯᠲᠡ᠎ᠶ᠋ᠢᠨ ᠵᠠᠭ᠍ᠪᠤᠷ ᠨᠢ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠢ》ᠬᠡᠵᠥ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶ᠋ᠢᠨ ᠵᠤᠷᠭᠠᠨ᠎ᠤ ᠳᠠᠷᠤᠭ᠎ᠠ ᠯᠢ ᠶᠦᠩ ᠵᠢᠶᠦ᠋ᠨ ᠥᠪᠥᠷ ᠮᠣᠩᠭᠣᠯ᠎ᠢ ᠮᠠᠭ᠍ᠲᠠᠪᠠ᠃

ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ》 ᠢ᠋ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠢ᠎ᠪᠠᠷ ᠬᠠᠮᠤᠭ᠎ᠤᠨ ᠶᠡᠬᠡ᠂ ᠲᠦᠷᠦᠯ ᠵᠦᠢᠯ᠎ᠢᠶᠡᠷ ᠬᠠᠮᠤᠭ᠎ᠤᠨ ᠪᠦᠷᠢᠨ ᠠᠮᠢ ᠠᠬᠤᠢ᠎ᠶ᠋ᠢᠨ ᠴᠢᠳᠠᠮᠵᠢᠳᠤ ᠣᠷᠣᠨ ᠪᠣᠯᠤᠨ᠎ᠠ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠨᠢ ᠪᠦᠬᠦ᠌ ᠲᠠᠯ᠎ᠠ᠎ᠶ᠋ᠢᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠪᠠ ᠠᠯᠤᠰ ᠬᠡᠳᠤ᠎ᠶ᠋ᠢᠨ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠡᠷᠡᠰ ᠭᠤᠢᠪᠢᠰᠢ ᠦᠭᠡᠢ᠎ᠪᠡᠷ ᠠᠮᠢ ᠠᠬᠤᠢ᠎ᠶ᠋ᠢ ᠬᠠᠮᠠᠭᠠᠯᠠᠵᠤ᠂ ᠠᠷᠪᠢᠯᠠᠨ ᠭᠠᠮᠨᠠᠬᠤ ᠵᠢ ᠠᠳᠬᠤᠵᠥ᠂ ᠪᠣᠬᠢᠷᠲᠤᠯ᠎ᠢ ᠵᠠᠰᠠᠵᠤ᠂ ᠬᠡᠯᠪᠡᠷᠢ᠎ᠶ᠋ᠢ ᠬᠤᠪᠢᠷᠠᠭᠤᠯᠵᠤ᠂ ᠥᠭᠡᠷᠡᠴᠢᠯᠡᠯᠲᠡ᠎ᠶ᠋ᠢ ᠠᠬᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠬᠥᠮᠦᠰ᠎ᠦᠨ ᠠᠩᠬᠠᠷᠤᠯ᠎ᠢ ᠲᠠᠲᠠᠮ᠎ᠠ ᠠᠮᠵᠢᠯᠲᠠ ᠣᠯᠵᠠᠢ᠃ ᠢᠯᠠᠩᠭᠤᠶ᠎ᠠ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠳᠤᠮᠳᠠ᠂ ᠬᠥᠪᠴᠢ᠎ᠶ᠋ᠢᠨ ᠵᠠᠭ᠍ᠪᠤᠷ ᠪᠣᠯᠤᠨ ᠳ᠋ᠸᠩᠺᠸᠤ ᠵᠢᠨ ᠵᠠᠭ᠍ᠪᠤᠷ᠎ᠢ ᠡᠭᠦᠳᠴᠦ᠍᠂ ᠳᠤᠮᠳᠠᠳᠤ ᠤᠯᠤᠰ ᠴᠢᠨᠠᠭ᠍ᠰᠢᠯᠠᠪᠠᠯ ᠳᠡᠯᠡᠬᠡᠢ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠲᠤᠯᠢ ᠪᠣᠯᠬᠤᠢᠴᠠ ᠲᠤᠷᠱᠢᠯᠭ᠎ᠠ ᠬᠠᠩᠭᠠᠪᠠ᠃

ᠣᠳᠣᠬᠠᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ ᠵᠠᠩᠭᠢᠯᠠᠭ᠎ᠠ᠎ᠶ᠋ᠢᠨ ᠴᠠᠭ ᠮᠥᠴᠡ᠎ᠳᠦ ᠣᠷᠣᠵᠤ᠂ 2035 ᠣᠨ ᠪᠣᠯᠬᠤ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠴᠠᠭ ᠪᠠᠴᠢᠮ ᠲᠤᠯᠭᠠᠮ᠂ ᠡᠭᠦᠷᠭᠡ ᠬᠠᠲᠠᠭᠤ ᠪᠡᠷᠬᠡ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠮᠥᠨ ᠬᠦ᠌ ᠪᠠᠭ᠎ᠠ ᠪᠤᠰᠤ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃

ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠂ ᠬᠤᠤᠰ ᠨᠡᠭᠦᠷᠡᠰᠦᠲᠥ᠋ᠷᠥᠭ᠌ᠴᠢ᠎ᠶ᠋ᠢᠨ ᠠᠵᠢᠯᠯᠠᠭ᠎ᠠ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ ᠁ ᠭᠤᠤᠯ ᠶᠠᠷᠢᠶᠠᠨ᠎ᠤ ᠲᠠᠪᠴᠠᠩ ᠪᠣᠯᠤᠨ 2 ᠵᠡᠷᠭᠡᠴᠡᠭᠡ ᠬᠤᠪᠢᠶᠠᠷᠢ ᠶᠠᠷᠢᠶᠠᠨ᠎ᠤ ᠲᠠᠪᠴᠠᠩ ᠳᠡᠭᠡᠷ᠎ᠡ᠂ ᠲᠤᠰᠭᠠᠶ ᠮᠡᠷᠭᠡᠵᠢᠯᠲᠡᠨ ᠡᠷᠳᠡᠮᠲᠡᠨ᠎ᠦ ᠰᠠᠨᠠᠯ᠎ᠢᠶᠠᠨ ᠰᠤᠯᠢᠯᠴᠠᠵᠤ ᠶᠠᠷᠢᠬᠰᠠᠨ ᠦᠭᠡ ᠨᠢ ᠣᠯᠠᠨ ᠵᠢᠯ᠎ᠦᠨ ᠰᠤᠳᠤᠯᠭᠠᠨ᠎ᠤ ᠦᠷ᠎ᠡ ᠪᠦᠲᠦᠭᠡᠯ᠎ᠦᠨ ᠨᠢᠭᠡ ᠤᠳᠠᠭ᠎ᠠ ᠵᠢᠨ ᠲᠥᠪᠯᠡᠷᠡᠩᠭᠦᠶ ᠬᠠᠷᠢᠭᠤ ᠮᠡᠳᠡᠭᠦᠯᠦᠯᠲᠡ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠨᠢᠭᠡ ᠤᠳᠠᠭ᠎ᠠ ᠵᠢᠨ 《ᠰᠤᠳᠠᠯ ᠪᠠᠷᠢᠵᠤ ᠣᠨᠣᠱᠢᠯᠠᠭ᠎ᠠ ᠬᠢᠭᠰᠡᠨ》 ᠶᠠᠪᠤᠳᠠᠯ ᠪᠣᠯᠤᠨ᠎ᠠ᠃

ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠹᠦ᠋ ᠪᠥᠸᠧ ᠵᠢᠶᠧ᠎ᠶ᠋ᠢᠨ ᠦᠵᠡᠬᠦ᠌᠎ᠪᠡᠷ᠂ ᠤᠰᠤᠨ᠎ᠤ ᠡᠬᠢ ᠪᠠᠶᠠᠯᠢᠭ ᠪᠣᠯ ᠥᠪᠥᠷ ᠮᠣᠩᠭᠣᠯ᠎ᠤᠨ ᠬᠠᠮᠤᠭ᠎ᠤᠨ ᠶᠡᠬᠡ ᠪᠣᠭᠣᠮᠢ ᠮᠥᠨ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠵᠤ᠂ ᠲᠠᠷᠢᠶᠠᠨ ᠭᠠᠵᠠᠷ᠂ ᠣᠢᠲᠤ ᠭᠠᠵᠠᠷ᠂ ᠨᠤᠲᠤᠭ ᠪᠡᠯᠴᠢᠭᠡᠷ᠎ᠦᠨ ᠵᠠᠭᠠᠭ ᠬᠢᠵᠠᠭᠠᠷ᠎ᠢ ᠲᠤᠢᠯᠪᠤᠷᠢᠲᠠᠶ ᠲᠣᠳᠣᠷᠬᠠᠶ ᠣᠢᠯᠠᠭᠠᠵᠤ᠂ ᠲᠠᠷᠢᠶᠠᠯᠠᠩ ᠣᠶ ᠱᠢᠭᠤᠶ ᠮᠠᠯ ᠠᠵᠤ ᠠᠬᠤᠶ᠎ᠶ᠋ᠢᠨ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠲᠣᠭ᠍ᠲᠠᠭᠠᠵᠤ᠂ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠬᠦ᠌ ᠬᠡᠷᠡᠭ᠌ᠲᠡᠶ᠃ ᠡᠭᠦᠨ᠎ᠦ ᠵᠡᠷᠭᠡ ᠪᠡᠷ᠂ ᠥᠨᠳᠥᠷ ᠪᠦᠲᠦᠮᠵᠢᠲᠡᠶ ᠪᠡᠷ ᠤᠰᠤ ᠬᠠᠮᠢᠶᠠᠷᠬᠤ᠂ ᠤᠰᠤ᠎ᠶ᠋ᠢ ᠵᠠᠰᠠᠬᠤ᠂ ᠤᠰᠤ ᠠᠷᠪᠢᠯᠠᠬᠤ᠂ ᠤᠰᠤ ᠬᠡᠷᠡᠭ᠌ᠯᠡᠬᠦ᠌ ᠱᠢᠨ᠎ᠡ ᠵᠠᠮ᠎ᠢ ᠰᠦᠪᠡᠭ᠌ᠴᠢᠯᠡᠵᠦ᠍᠂ ᠤᠰᠤᠨ᠎ᠤ ᠬᠣᠷᠣᠭ᠍ᠳᠠᠯ ᠶᠡᠬᠡᠲᠡᠶ ᠠᠮᠢ ᠠᠬᠤᠶ᠎ᠶ᠋ᠢ ᠵᠠᠰᠠᠨ ᠰᠡᠷᠭᠦᠭᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ᠎ᠤᠨ ᠤᠰᠤᠨ᠎ᠤ ᠵᠥᠷᠢᠴᠡᠯ᠂ ᠠᠮᠢ ᠠᠬᠤᠶ᠎ᠶ᠋ᠢᠨ ᠤᠰᠤ ᠳᠤᠲᠠᠭ᠍ᠳᠠᠬᠤ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠬᠦ ᠭᠡᠷᠡᠭᠳᠠᠢ᠃

《ᠥᠪᠥᠷ ᠮᠣᠩᠭᠣᠯ᠎ᠤᠨ ᠡᠬᠢ ᠪᠠᠶᠠᠯᠢᠭ᠎ᠤᠨ ᠴᠢᠨᠠᠷᠲᠠᠢ ᠠᠵᠤ ᠦᠢᠯᠡᠰ᠎ᠦᠨ ᠪᠦᠲᠦᠴᠡ᠎ᠳᠦ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠪᠣᠬᠢᠷᠲᠤᠯ ᠦᠭᠡᠢ ᠲᠡᠢᠰᠢ ᠬᠡᠯᠪᠡᠷᠢ ᠵᠢ ᠬᠤᠪᠢᠷᠠᠭᠤᠯᠬᠤ᠎ᠶ᠋ᠢ ᠲᠤᠯᠭᠠᠮ ᠱᠠᠭᠠᠷᠳᠠᠵᠤ ᠪᠠᠢᠨ᠎ᠠ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠡᠷᠬᠢᠯᠳᠡᠳᠤ ᠠᠵᠤ ᠠᠬᠤᠢ᠎ᠶ᠋ᠢᠨ ᠱᠢᠰᠲᠸᠮ᠎ᠢ ᠢᠳᠡᠪᠬᠢᠲᠡᠢ ᠬᠥᠭ᠌ᠵᠢᠭᠦᠯᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠤᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ》᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠭᠠᠵᠠᠷ ᠵᠦᠶ᠎ᠶ᠋ᠢᠨ ᠱᠢᠨᠵᠢᠯᠡᠬᠦ᠌ ᠤᠬᠠᠭᠠᠨ ᠬᠢᠭᠡᠳ ᠡᠬᠢ ᠪᠠᠶᠠᠯᠢᠭ ᠰᠤᠳᠤᠯᠬᠤ ᠭᠠᠵᠠᠷ᠎ᠤᠨ ᠬᠣᠶᠠᠳᠤᠭᠠᠷ ᠳᠡᠰ᠎ᠤᠨ ᠰᠤᠳᠤᠯᠤᠭ᠍ᠴᠢ᠂ ᠵᠡᠭᠦᠨ ᠬᠣᠢᠲᠤ ᠠᠽᠢᠶ᠎ᠠ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠳ᠋ᠦᠩ ᠰᠦᠧᠧ ᠴᠧᠩ᠂ ᠥᠪᠥᠷ ᠮᠣᠩᠭᠣᠯ ᠪᠣᠯ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠭᠤᠤᠯ ᠭᠠᠵᠠᠷ ᠣᠷᠣᠨ ᠪᠣᠯᠤᠨ᠎ᠠ᠂ ᠮᠣᠩᠭᠣᠯ ᠤᠯᠤᠰ᠂ ᠣᠷᠣᠰ ᠵᠢᠴᠢ ᠡᠷᠬᠢᠨ ᠲᠣᠭᠣᠷᠢᠨ᠎ᠤ ᠤᠯᠤᠰ᠎ᠯᠤᠭ᠎ᠠ ᠠᠮᠢ ᠠᠬᠤᠶ ᠣᠷᠴᠢᠨ ᠲᠣᠭᠣᠷᠢᠨ᠎ᠢ ᠬᠠᠮᠲᠤ᠎ᠪᠠᠷ ᠪᠠᠢᠭᠤᠯᠬᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠴᠢᠬᠤᠯᠠᠴᠢᠯᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠬᠡᠯᠡᠪᠡ᠃

《ᠥᠪᠥᠷ ᠮᠣᠩᠭᠣᠯ ᠭᠠᠵᠠᠷ ᠠᠭᠤᠳᠠᠮ ᠬᠥᠮᠦᠨ ᠴᠥᠭᠡᠨ᠂ ᠭᠠᠵᠠᠷ ᠵᠦᠢ᠎ᠶ᠋ᠢᠨ ᠪᠠᠢᠷᠢᠯᠠᠯ᠎ᠤᠨ ᠲᠠᠯ᠎ᠠ ᠪᠡᠷ ᠪᠤᠢ᠌ᠳᠠ ᠪᠥᠭ᠌ᠯᠡᠭᠦᠦ ᠪᠠᠢᠬᠤ ᠬᠢᠵᠠᠭᠠᠷᠯᠠᠯ᠎ᠢ ᠢᠯᠠᠨ ᠳᠠᠪᠠᠵᠤ᠂ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠵᠢᠯᠳᠠ ᠵᠢᠨ ᠠᠬᠢᠴᠠ ᠳᠤᠮᠳᠠ ᠪᠣᠬᠢᠷᠲᠤᠯ ᠦᠭᠡᠢ᠂ ᠤᠶᠤᠨᠴᠢᠯᠠᠬ᠍ᠰᠠᠨ᠂ ᠳᠡᠭᠡᠳᠦ ᠲᠡᠰ᠎ᠤᠨ ᠪᠠᠢᠬᠤ᠎ᠶ᠋ᠢ ᠤᠶᠠᠯᠳᠤᠭᠤᠯᠪᠠᠯ ᠰᠠᠶᠢ ᠱᠢᠨ᠎ᠡ ᠨᠢᠭᠡ ᠡᠭᠡᠯᠵᠢ᠎ᠶ᠋ᠢᠨ ᠥᠷᠢᠰᠥᠯᠳᠦᠭᠡᠨ᠎ᠦ ᠳᠤᠮᠳᠠ ᠳᠠᠪᠠᠭᠤᠯᠢᠭ ᠪᠠᠢᠷᠢ᠎ᠶ᠋ᠢ ᠡᠵᠡᠯᠡᠵᠦ᠍ ᠴᠢᠳᠠᠨ᠎ᠠ》 ᠭᠡᠵᠤ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠰᠤᠳᠤᠯᠭᠠᠨ᠎ᠤ ᠭᠠᠵᠠᠷ᠎ᠤᠨ ᠨᠠᠮ᠎ᠤᠨ ᠬᠣᠷᠢᠶ᠎ᠠ ᠵᠢᠨ ᠱᠦᠵᠢ ᠶᠠᠩ ᠺᠠᠢ ᠵᠦᠩ ᠬᠡᠯᠡᠪᠡ᠃

ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠭᠦᠷᠭᠡ ᠬᠦᠨᠳᠦ ᠵᠠᠮ ᠬᠤᠯᠠ ᠪᠠᠢᠬᠰᠠᠭᠠᠷ᠃ ᠨᠣᠮᠢᠨ ᠨᠣᠭᠣᠭᠠᠨ ᠳᠠᠪᠠᠭᠤᠯᠢᠭ᠎ᠢ ᠪᠤᠢ ᠪᠣᠯᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠢ ᠴᠣᠭ᠍ᠴᠠᠯᠠᠨ ᠪᠠᠢᠭᠤᠯᠪᠠᠯ᠂ ᠥᠪᠥᠷ ᠮᠣᠩᠭᠣᠯ ᠤᠳᠠᠯ ᠦᠭᠡᠢ ᠱᠢᠨ᠎ᠡ ᠬᠠᠭᠤᠳᠠᠰᠤ᠎ᠶ᠋ᠢ ᠰᠡᠬᠦᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号