ᠰᠠᠢᠬᠠᠨ ᠲᠣᠭᠣᠷᠢᠭ ᠦᠨᠡᠨᠴᠢ ᠢᠲᠡᠭᠡᠮᠵᠢ᠎ᠶᠢᠨ ᠦᠢᠯᠡᠴᠢᠯᠡᠭᠡᠨ᠎ᠤ ᠰᠢᠨ᠎ᠡ ᠵᠠᠬᠪᠤᠷ᠎ᠢ ᠰᠦᠪᠡᠭᠴᠢᠯᠡᠨ ᠦᠢᠯᠡᠴᠢᠯᠡᠭᠡᠨ᠎ᠦ ᠦᠷ᠎ᠡ ᠪᠦᠲᠦᠮᠵᠢ ᠵᠢ ᠲᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ ᠪᠣᠶ
2024-06-21 10:11:30
ᠵᠣᠬᠢᠶᠠᠭ᠍ᠴᠢ᠄
​ᠯᠢᠦ ᠶᠠᠩ ᠴᠢᠮᠡᠭᠡᠯᠡᠭᠴᠢ ᠯᠢ ᠴᠧᠨ ᠶᠣᠣ
ᠣᠩᠱᠢᠭ᠍ᠰᠠᠨ ᠣᠳᠠᠭ᠎ᠠ᠄
★★★☆☆

ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠢ ᠥᠷᠨᠢᠭᠦᠯᠦᠭᠰᠡᠨ᠎ᠡᠴᠡ ᠨᠠᠭᠠᠰᠢ᠂ ᠢᠲᠡᠭᠡᠮᠵᠢ᠎ᠶᠢᠨ ᠠᠮᠠᠯᠠᠯᠲᠠ᠎ᠶᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠎ᠶᠢᠨ ᠲᠥᠯᠥᠭᠡ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠎ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠦᠨᠡᠨᠴᠢ ᠢᠲᠡᠭᠡᠮᠵᠢ᠎ᠶᠢ ᠰᠢᠯᠭᠠᠨ ᠪᠠᠢᠴᠠᠭᠠᠬᠤ ᠰᠢᠨ᠎ᠡ ᠵᠠᠭᠪᠤᠷ᠎ᠢ ᠢᠳᠡᠪᠬᠢᠲᠡᠢ᠎ᠪᠡᠷ ᠬᠠᠢᠨ ᠰᠦᠪᠡᠭᠴᠢᠯᠡᠵᠦ᠂ ᠠᠯᠬᠤᠮ ᠳᠠᠷᠠᠭᠠᠯᠠᠯ᠎ᠢ ᠤᠯᠠᠮ ᠳᠥᠭᠥᠮᠴᠢᠯᠡᠨ᠂ ᠮᠡᠳᠡᠭᠡ ᠵᠠᠩᠭᠢ᠎ᠶᠢ ᠢᠯᠡᠭᠦᠬᠡᠨ ᠭᠦᠶᠦᠯᠭᠡᠨ᠂ ᠣᠯᠠᠨ ᠲᠦᠮᠡᠨ᠎ᠢ ᠳᠤᠲᠠᠭᠤ ᠭᠦᠶᠦᠯᠭᠡᠵᠦ᠂ ᠰᠢᠯᠭᠠᠨ ᠪᠠᠢᠴᠠᠭᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠨᠠᠩ ᠣᠯᠠᠨ ᠦᠨᠡᠨᠴᠢ ᠢᠲᠡᠭᠡᠮᠵᠢᠲᠡᠢ ᠠᠵᠤ ᠠᠬᠤᠢᠯᠠᠯ᠎ᠳᠤ ᠢᠲᠡᠭᠡᠮᠵᠢ᠎ᠶᠢᠨ ᠴᠡᠪᠡᠷ ᠠᠰᠢᠭ᠋ ᠬᠦᠷᠲᠡᠭᠡᠵᠦ᠂ ᠢᠲᠡᠭᠡᠮᠵᠢᠲᠡᠢ ᠬᠤᠳᠠᠯᠳᠤᠭ᠎ᠠ ᠡᠷᠭᠢᠯᠡᠬᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠤ  ᠪᠠᠢᠨ᠎ᠠ᠃

《ᠰᠠᠢᠨ ᠦᠦ᠂ ᠪᠢᠳᠡ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠰᠢᠯᠭᠠᠨ ᠪᠠᠢᠴᠠᠭᠠᠬᠤ ᠲᠠᠰᠤᠭ᠎ᠤᠨ ᠬᠢᠨ ᠪᠠᠢᠨ᠎ᠠ᠂ ᠲᠠᠨ᠎ᠤ ᠳᠡᠯᠭᠡᠭᠦᠷ᠎ᠦᠨ ᠳᠡᠪᠰᠢᠬᠦᠯᠦᠭᠰᠡᠨ ᠢᠳᠡᠭᠡᠨ᠎ᠦ ᠡᠵᠡᠩᠨᠡᠯᠲᠡ᠎ᠶᠢᠨ ᠵᠥᠪᠰᠢᠶᠡᠷᠡᠯ᠎ᠦᠨ ᠭᠤᠶᠤᠴᠢᠯᠠᠯ ᠨᠢ ᠣᠲᠣ᠌ ᠨᠢᠭᠡᠨᠲᠡ ᠢᠲᠡᠭᠡᠮᠵᠢ᠎ᠶᠢᠨ ᠠᠮᠠᠯᠠᠯᠲᠠ ᠬᠢᠬᠦ + ᠠᠯᠤᠰ ᠡᠵᠡᠮᠲᠡᠯ᠎ᠤᠨ ᠰᠢᠯᠭᠠᠨ ᠪᠠᠢᠴᠠᠭᠠᠬᠤ ᠭᠣᠭᠴᠣᠭ᠎ᠠ᠎ᠳᠤ ᠣᠷᠣᠭᠰᠠᠨ ᠪᠠᠢᠨ᠎ᠠ᠃ ᠳᠣᠣᠷ᠎ᠠ ᠪᠢᠳᠡ ᠠᠯᠤᠰ ᠡᠵᠡᠮᠲᠡᠯ᠎ᠤᠨ ᠰᠢᠯᠭᠠᠨ ᠪᠠᠢᠴᠠᠭᠠᠬᠤ ᠨᠢᠭᠡᠳᠦᠭᠡᠷ ᠵᠦᠢᠯ᠎ᠢ ᠬᠦᠢᠴᠡᠳᠬᠡᠨ᠎ᠠ ᠁》 ᠰᠠᠢᠬᠠᠨ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠦᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠠᠯᠤᠰ ᠡᠵᠡᠮᠲᠡᠯ᠎ᠤᠨ ᠰᠢᠯᠭᠠᠨ ᠪᠠᠢᠴᠠᠭᠠᠬᠤ ᠲᠠᠰᠤᠭ᠎ᠲᠤ᠂ ᠠᠵᠢᠯᠲᠠᠳ ᠶᠠᠭ ᠨᠢᠭᠡᠨ ᠬᠦᠨᠡᠰᠦ ᠲᠣᠰᠣᠨ᠎ᠤ ᠳᠡᠯᠭᠡᠭᠦᠷ᠎ᠲᠦ ᠠᠯᠤᠰ ᠡᠵᠡᠮᠳᠡᠯ᠎ᠤᠨ ᠰᠢᠯᠭᠠᠨ ᠪᠠᠢᠴᠠᠭᠠᠬᠤ ᠠᠵᠢᠯ ᠬᠢᠨ᠎ᠡ᠃ ᠲᠠᠳᠠ ᠠᠯᠤᠰ ᠡᠵᠡᠮᠲᠡᠯ᠎ᠤᠨ ᠰᠢᠯᠭᠠᠨ ᠪᠠᠢᠴᠠᠭᠠᠬᠤ ᠦᠢᠯᠡᠴᠢᠯᠡᠭᠡᠨ᠎ᠦ ᠵᠠᠭᠪᠤᠷ᠎ᠢᠶᠠᠷ ᠳᠠᠮᠵᠢᠭᠤᠯᠤᠨ᠂ ᠨᠢᠭᠡ ᠤᠳᠠᠭᠠᠨ᠎ᠤ ᠰᠢᠯᠭᠠᠨ ᠪᠠᠢᠴᠠᠭᠠᠬᠤ ᠴᠠᠭ ᠢ᠋ 1 ᠴᠠᠭ ᠪᠠᠢᠭᠰᠠᠨ ᠡᠴᠡ 15 ᠮᠢᠨᠦ᠋ᠲ ᠪᠣᠯᠭᠠᠨ ᠪᠣᠭᠣᠨᠢᠰᠬᠠᠵᠤ᠂ ᠬᠢᠨᠠᠨ ᠵᠥᠪᠰᠢᠶᠡᠷᠡᠬᠦ ᠴᠠᠭ᠎ᠤᠨ ᠬᠢᠵᠠᠭᠠᠷ  ᠢ᠋ ᠴᠤ᠌ 7 ᠠᠵᠢᠯᠯᠠᠬᠤ ᠡᠳᠦᠷ ᠪᠠᠢᠭᠰᠠᠨ ᠠ᠋ᠴᠠ 3 ᠠᠵᠢᠯᠯᠠᠬᠤ ᠡᠳᠦᠷ ᠪᠣᠯᠭᠠᠨ ᠪᠤᠭᠤᠨᠢᠰᠬᠠᠪᠠ᠃

ᠣᠳᠣᠬᠠᠨ᠎ᠳᠤ᠂ 《ᠢᠲᠡᠭᠡᠮᠵᠢ᠎ᠶᠢᠨ ᠠᠮᠠᠯᠠᠯᠲᠠ ᠬᠢᠬᠦ + ᠠᠯᠤᠰ ᠡᠵᠡᠮᠳᠡᠯ᠎ᠤᠨ ᠰᠢᠯᠭᠠᠨ ᠪᠠᠢᠴᠠᠭᠠᠬᠤ》 ᠵᠢ ᠪᠡᠶᠡᠯᠡᠭᠦᠯᠦᠭᠰᠡᠨ᠎ᠤ ᠰᠠᠭᠤᠷᠢᠨ ᠳᠡᠭᠡᠷ᠎ᠡ᠂ ᠳᠤᠰ ᠲᠣᠪᠴᠢᠶ᠎ᠠ ᠪᠠᠰᠠ 《ᠢᠲᠡᠭᠡᠮᠵᠢ᠎ᠶᠢᠨ ᠠᠮᠠᠯᠠᠯᠲᠠ ᠬᠢᠬᠦ + ᠰᠢᠯᠭᠠᠨ ᠪᠠᠢᠴᠠᠭᠠᠬᠤ ᠡᠴᠠ ᠬᠡᠯᠲᠦᠷᠢᠭᠦᠯᠬᠦ》 ᠵᠠᠭᠪᠤᠷ᠎ᠢ ᠡᠭᠦᠳᠦᠭᠰᠡᠨ ᠪᠠᠢᠨ᠎ᠠ᠃ ᠭᠤᠶᠤᠴᠢᠯᠠᠭ᠍ᠴᠢ ᠨᠢ 《ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠬᠤ ᠡᠴᠡ ᠬᠡᠯᠲᠦᠷᠢᠭᠦᠯᠬᠦ ᠮᠡᠳᠡᠭᠳᠡᠯ᠎ᠦᠨ ᠠᠮᠠᠯᠠᠯᠲᠠ᠎ᠶᠢᠨ ᠪᠢᠴᠢᠭ》 ᠲᠸ᠋ ᠭᠠᠷ᠎ᠤᠨ ᠥᠰᠥᠭ ᠵᠢᠷᠤᠬᠤ᠎ᠪᠠᠷ ᠳᠡᠮᠵᠢᠨ᠂ ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠬᠤ ᠨᠥᠬᠥᠴᠡᠯ᠎ᠢ ᠵᠦᠢᠯ ᠳᠠᠷᠠᠭᠠᠯᠠᠨ ᠠᠮᠠᠯᠠᠯᠲᠠ᠎ᠶᠢᠨ ᠬᠡᠪᠴᠢᠶᠡᠨ᠎ᠳᠦ ᠣᠷᠣᠭᠤᠯᠵᠤ᠂ ᠡᠵᠡᠩᠨᠡᠯᠲᠡ᠎ᠶᠢᠨ ᠭᠠᠵᠠᠷ᠂ ᠲᠤᠬᠠᠢ᠎ᠶᠢᠨ ᠲᠠᠯᠠᠪᠤᠷ᠎ᠤᠨ ᠲᠦᠭᠦᠭᠡᠷᠦᠮᠵᠢ ᠵᠡᠷᠭᠡ ᠢ᠋ᠢᠨ ᠪᠠᠢᠳᠠᠯ᠎ᠢ ᠵᠦᠢᠯ ᠳᠠᠷᠠᠭᠠᠯᠠᠨ ᠬᠠᠷᠢᠴᠠᠭᠤᠯᠵᠤ ᠱᠠᠭᠠᠷᠳᠠᠯᠭ᠎ᠠ᠎ᠳᠤ ᠬᠦᠷᠦᠭᠰᠡᠨ ᠡᠰᠡᠬᠦ᠎ᠶᠢ ᠬᠠᠷᠭᠤᠭᠤᠯᠵᠤ ᠪᠣᠯᠣᠨ᠎ᠠ᠂ ᠠᠮᠠᠯᠠᠯᠲᠠ ᠨᠢ ᠨᠥᠬᠥᠴᠡᠯ᠎ᠳᠦ ᠪᠦᠷᠢᠮᠦᠰᠦᠨ ᠨᠡᠢᠴᠡᠪᠡᠯ ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠯᠳᠠ ᠠ᠋ᠴᠠ ᠬᠡᠯᠲᠦᠷᠢᠭᠦᠯᠵᠦ ᠪᠣᠯᠣᠨ᠎ᠠ᠃

《ᠦᠨᠡᠨᠴᠢ ᠢᠲᠡᠭᠡᠮᠵᠢᠳᠠᠢ ᠠᠵᠤ ᠠᠬᠤᠢᠯᠠᠯ᠎ᠤᠨ ᠬᠢᠨ ᠴᠣᠩᠬᠣᠪᠴᠢ᠎ᠳᠤ 〈ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠬᠤ ᠡᠴᠡ ᠬᠡᠯᠲᠦᠷᠢᠭᠦᠯᠬᠦ ᠮᠡᠳᠡᠭᠳᠡᠯ᠎ᠦᠨ ᠪᠢᠴᠢᠭ〉 ᠢ᠋ ᠲᠠᠭᠯᠠᠵᠤ᠂ ᠡᠵᠡᠩᠨᠡᠯᠲᠡ᠎ᠶᠢᠨ ᠭᠠᠵᠠᠷ᠂ ᠲᠤᠬᠠᠢ᠎ᠶᠢᠨ ᠲᠠᠯᠠᠪᠤᠷ᠎ᠤᠨ ᠲᠥᠬᠦᠭᠡᠷᠦᠮᠵᠢ ᠵᠡᠷᠭᠡ ᠨᠢ ᠱᠠᠭᠠᠷᠳᠠᠯᠭ᠎ᠠ᠎ᠳᠤ ᠪᠦᠷᠢᠮᠦᠰᠦᠨ ᠨᠡᠢᠴᠡᠨ᠎ᠡ ᠬᠡᠵᠦ ᠠᠮᠠᠯᠲᠠᠪᠠᠯ  ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠯᠳᠠ ᠡᠴᠡ ᠬᠡᠯᠲᠦᠷᠢᠭᠦᠯᠵᠦ ᠪᠤᠯᠤᠨ᠎ᠠ᠃ ᠣᠳᠣᠬᠠᠨ᠎ᠳᠤ 〈ᠢᠲᠡᠭᠡᠮᠵᠢ᠎ᠶᠢᠨ ᠠᠮᠠᠯᠠᠯᠲᠠ ᠬᠢᠬᠦ + ᠰᠢᠯᠭᠠᠨ ᠪᠠᠢᠴᠠᠭᠠᠬᠤ ᠡᠴᠡ ᠬᠡᠯᠲᠦᠷᠢᠭᠦᠯᠬᠦ〉 ᠦᠢᠯᠡᠴᠢᠯᠡᠭᠡ ᠨᠢ ᠡᠮᠴᠢᠯᠡᠭᠡᠨ᠎ᠦ ᠪᠠᠢᠭᠤᠯᠤᠮᠵᠢ᠎ᠶᠢᠨ ᠬᠢᠨᠠᠨ ᠰᠢᠯᠭᠠᠯᠲᠠ᠂ ᠡᠮᠴᠢᠯᠡᠭᠡᠨ᠎ᠦ ᠪᠠᠢᠭᠤᠯᠤᠮᠵᠢ᠎ᠶᠢᠨ ᠠᠵᠢᠯ ᠡᠷᠬᠢᠯᠡᠬᠦ ᠳᠠᠩᠰᠠᠯᠠᠯᠲᠠ ᠬᠢᠵᠦ ᠣᠨᠣᠰᠢᠯᠠᠨ ᠡᠮᠨᠡᠬᠦ ᠲᠦᠷᠦᠯ ᠵᠦᠢᠯ᠎ᠢ ᠬᠤᠪᠢᠷᠠᠭᠤᠯᠬᠤ᠂ ᠲᠡᠷᠭᠡᠨ ᠵᠣᠭᠰᠣᠭᠠᠯ᠎ᠤᠨ ᠡᠵᠡᠩᠨᠡᠯᠲᠡ᠎ᠶᠢ ᠦᠷᠭᠦᠯᠵᠢᠯᠡᠭᠦᠯᠬᠦ᠂ ᠬᠡᠪᠯᠡᠭᠳᠡᠬᠦᠨ᠎ᠢ ᠵᠢᠵᠢᠭᠯᠡᠨ ᠬᠤᠳᠠᠯᠳᠤᠬᠤ ᠨᠢᠭᠡᠴᠢ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢᠨ ᠲᠤᠬᠢᠷᠠᠭᠤᠯᠤᠯᠲᠠ ᠪᠠ ᠲᠠᠷᠢᠯᠭ᠎ᠠ᠎ᠶᠢᠨ ᠠᠵᠢᠯ᠎ᠢ ᠡᠭᠦᠷᠭᠡᠯᠡᠵᠦ ᠪᠠᠢᠭ᠎ᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠢ᠋ᠢᠨ ᠨᠤᠲᠠᠯᠠᠨ ᠵᠥᠪᠰᠢᠶᠡᠷᠡᠬᠦ ᠪᠠ ᠦᠨᠡᠮᠯᠡᠯ ᠰᠣᠯᠢᠬᠤ᠎ᠳᠤ ᠲᠣᠬᠢᠷᠠᠨ᠎ᠠ》 ᠭᠡᠵᠦ ᠳᠤᠰ ᠲᠣᠪᠴᠢᠶ᠎ᠠ᠎ᠶᠢᠨ ᠰᠢᠯᠭᠠᠨ ᠪᠠᠢᠴᠠᠭᠠᠬᠤ ᠲᠠᠰᠤᠭ᠎ᠤᠨ ᠠᠵᠢᠯᠲᠠᠨ ᠵᠠᠩ ᠾᠧᠦ ᠲᠠᠨᠢᠯᠴᠠᠭᠤᠯᠪᠠ᠃

ᠣᠢᠯᠠᠭᠠᠭᠰᠠᠨ᠎ᠢᠶᠠᠷ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠢ ᠨᠠᠢᠳᠠᠪᠤᠷᠢᠵᠢᠭᠤᠯᠬᠤ᠎ᠶᠢᠨ ᠲᠥᠯᠥᠭᠡ᠂ ᠳᠤᠰ  ᠲᠣᠪᠴᠢᠶ᠎ᠠ 《ᠰᠠᠢᠬᠠᠨ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ᠎ᠶᠢᠨ ᠦᠨᠡᠨᠴᠢ ᠢᠲᠡᠭᠡᠮᠵᠢ᠎ᠶᠢᠨ ᠴᠣᠩᠬᠤᠪᠴᠢ᠎ᠶᠢ ᠪᠠᠶ᠋ᠢᠭᠤᠯᠬᠤ ᠲᠤᠬᠠᠢ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠦᠨᠡᠨᠴᠢ ᠢᠲᠡᠭᠡᠮᠵᠢᠲᠡᠢ ᠠᠵᠤ ᠠᠬᠤᠢᠯᠠᠯ᠎ᠳᠤ ᠰᠠᠭᠠᠳ ᠦᠭᠡᠢ ᠨᠡᠪᠲᠡᠷᠡᠬᠦ ᠦᠢᠯᠡᠴᠢᠯᠡᠭᠡ ᠬᠠᠩᠭᠠᠵᠤ᠂ ᠲᠤᠬᠠᠢᠯᠠᠭᠰᠠᠨ ᠠᠵᠢᠯ᠎ᠢ ᠤᠷᠢᠳ ᠢ᠋ᠢᠡᠷ ᠭᠦᠢᠴᠡᠳᠬᠡᠯᠭᠡᠬᠦ ᠪᠤᠯᠤᠨ᠎ᠡ᠃ ᠢᠲᠡᠭᠡᠮᠵᠢ᠎ᠶᠢᠨ ᠪᠡᠶᠡᠴᠢ ᠴᠣᠭᠴᠠ᠎ᠶᠢᠨ ᠠᠵᠢᠯ ᠶᠠᠪᠤᠳᠠᠯ ᠰᠢᠢᠳᠪᠦᠷᠢᠯᠡᠬᠦ᠎ᠳᠦ ᠨᠠᠩ ᠲᠥᠬᠥᠮ᠂ ᠲᠦᠷᠭᠡᠨ᠂ ᠥᠨᠳᠥᠷ ᠪᠦᠲᠦᠮᠵᠢᠲᠡᠶ ᠪᠣᠯᠭᠠᠬᠤ᠎ᠶᠢᠨ ᠲᠥᠯᠥᠭᠡ᠂ ᠪᠠᠰᠠ 《ᠳᠤᠲᠠᠭᠤ ᠪᠠᠢᠬᠤ᠎ᠶᠢ ᠪᠠᠭᠲᠠᠭᠠᠬᠤ + ᠭᠦᠶᠦᠯᠭᠡᠬᠦ ᠦᠭᠡᠢ᠎ᠪᠡᠷ ᠲᠤᠰᠬᠠᠢ ᠬᠦᠷᠭᠡᠬᠦ》 ᠂ 《ᠢᠲᠡᠭᠡᠮᠵᠢ ᠪᠡᠷ ᠬᠢᠨᠠᠨ ᠵᠦᠪᠰᠢᠶᠡᠷᠡᠬᠦ + ᠳᠠᠷᠤᠢ ᠭᠦᠢᠴᠡᠳᠬᠡᠬᠦ ᠵᠦᠢᠯ᠎ᠦᠨ ᠳᠤᠲᠠᠭᠤ ᠪᠠᠢᠬᠤ᠎ᠶᠢ ᠭᠥᠯᠢᠶᠡᠨ ᠠᠪᠴᠤ ᠰᠢᠢᠳᠪᠦᠷᠢᠯᠡᠬᠦ》᠂《ᠢᠲᠡᠭᠡᠮᠵᠢ + ᠠᠯᠤᠰ ᠡᠵᠡᠮᠲᠡᠯ᠎ᠤᠨ ᠰᠢᠯᠭᠠᠨ ᠪᠠᠢᠴᠠᠭᠠᠯᠳᠠ》᠂ 《ᠢᠲᠡᠭᠡᠮᠵᠢ + ᠰᠢᠯᠭᠠᠨ ᠪᠠᠢᠴᠠᠭᠠᠬᠤ ᠡᠴᠡ ᠬᠡᠯᠲᠦᠷᠢᠭᠦᠯᠬᠦ》᠂ 《ᠦᠨᠡᠨᠴᠢ ᠢᠲᠡᠭᠡᠮᠵᠢᠲᠡᠢ ᠠᠵᠤ ᠠᠬᠤᠢᠯᠠᠯ᠎ᠤᠨ ᠦᠢᠯᠡᠴᠢᠯᠡᠭᠡᠨ᠎ᠦ ᠬᠠᠮᠢᠶᠠᠷᠤᠭ᠍ᠴᠢ》ᠵᠡᠷᠭᠡ ᠦᠢᠯᠡᠴᠢᠯᠡᠭᠡᠨ᠎ᠦ ᠵᠠᠭᠪᠤᠷ᠎ᠢ ᠭᠠᠷᠭᠠᠵᠤ᠂ ᠠᠵᠤ ᠠᠬᠤᠢᠯᠠᠯ ᠣᠯᠠᠨ ᠲᠦᠮᠡᠨ᠎ᠦ ᠠᠵᠢᠯ ᠶᠠᠪᠤᠳᠠᠯ ᠰᠢᠢᠳᠪᠦᠷᠢᠯᠡᠬᠦ᠎ᠳᠦ《ᠨᠢᠭᠡ ᠯᠡ ᠤᠳᠠᠭ᠎ᠠ ᠭᠦᠶᠦᠯᠭᠡᠬᠦ》 ᠶ᠋ᠢ ᠪᠡᠶᠡᠯᠡᠭᠦᠯᠪᠡ᠃ ᠣᠲᠣᠬᠠᠨ ᠪᠣᠯᠲᠠᠯ᠎ᠠ 300 ᠭᠠᠷᠤᠢ ᠡᠷᠦᠬᠡ ᠦᠨᠡᠨᠴᠢ ᠢᠲᠡᠭᠡᠮᠵᠢᠲᠡᠢ ᠠᠵᠤ ᠠᠬᠤᠢᠯᠠᠯ ᠳᠡᠭᠡᠷ᠎ᠡ ᠳᠤᠷᠠᠳᠤᠭᠰᠠᠨ ᠦᠢᠯᠡᠴᠢᠯᠡᠭᠡ᠎ᠶᠢ ᠭᠥᠷᠳᠡᠵᠦ ᠪᠠᠢᠨ᠎ᠠ᠃

ᠵᠠᠯᠭᠠᠭᠠᠳ ᠰᠠᠢᠬᠠᠨ ᠲᠣᠭᠣᠷᠢᠭ᠋᠎ᠤᠨ ᠬᠢᠨ ᠦᠷᠭᠦᠯᠵᠢᠯᠡᠨ ᠠᠵᠤ ᠠᠬᠤᠢᠯᠠᠯ᠎ᠤᠨ ᠦᠨᠡᠨᠴᠢ ᠢᠲᠡᠭᠡᠮᠵᠢ᠎ᠶᠢᠨ ᠲᠦᠪᠰᠢᠨ᠎ᠢ ᠳᠡᠭᠡᠭᠰᠢᠯᠡᠭᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠎ᠪᠡᠷ ᠬᠠᠷᠠᠯᠲᠠ ᠪᠣᠯᠭᠠᠵᠤ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠢ ᠭᠦᠨᠵᠡᠭᠡᠢᠷᠡᠭᠦᠯᠵᠦ᠂《ᠢᠲᠡᠭᠡᠮᠵᠢ ᠪᠡᠷ ᠬᠢᠨᠠᠨ ᠵᠥᠪᠰᠢᠶᠡᠷᠡᠬᠦ》 ᠦᠢᠯᠡᠴᠢᠯᠡᠭᠡᠨ᠎ᠦ ᠵᠠᠭᠪᠤᠷ᠎ᠢ ᠦᠷᠭᠦᠯᠵᠢᠯᠡᠨ ᠰᠦᠪᠡᠭᠴᠢᠯᠡᠨ᠂ ᠭᠦᠢᠴᠡᠳᠬᠡᠬᠦ ᠠᠬᠢᠴᠠ᠎ᠶᠢ ᠲᠦᠷᠭᠡᠳᠬᠡᠵᠦ᠂《ᠢᠲᠡᠭᠡᠮᠵᠢ᠎ᠪᠡᠷ ᠴᠢᠳᠠᠪᠬᠢ ᠣᠯᠭᠣᠬᠤ᠂ ᠬᠢᠨᠠᠨ ᠵᠥᠪᠰᠢᠶᠡᠷᠡᠬᠦ ᠬᠤᠷᠳᠤᠴᠠ᠎ᠶᠢ ᠲᠦᠷᠭᠡᠳᠬᠡᠬᠦ》 ᠶ᠋ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠢᠨᠵᠧᠨᠧᠷᠢᠩ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠵᠦ ᠪᠤᠲᠠᠲᠤ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ 《ᠢᠲᠡᠭᠡᠮᠵᠢ᠎ᠶᠢᠨ ᠰᠠᠭᠤᠷᠢ》 ᠶ᠋ᠢ ᠪᠠᠲᠤᠳᠬᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号