ᠠᠯᠠᠱᠠ ᠠᠢᠮᠠᠭ 《 ᠴᠢᠳᠠᠮᠠᠭᠠᠶ ᠱᠢᠯᠢᠳᠡᠭ ᠦᠶ᠋ᠯᠡᠴᠢᠯᠡᠬᠦ 》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠦᠷᠦᠯ ᠲᠡᠮᠳᠡᠭ᠌᠎ᠢ ᠡᠬᠦᠳᠦᠨ᠎ᠡ
2024-06-23 16:35:34
ᠵᠣᠬᠢᠶᠠᠭ᠍ᠴᠢ᠄
ᠯᠢᠦ ᠬᠤᠡᠭ ᠵᠠᠩ
ᠣᠩᠱᠢᠭ᠍ᠰᠠᠨ ᠣᠳᠠᠭ᠎ᠠ᠄
★★★☆☆

《ᠲᠠ ᠰᠠᠢᠨ ᠦᠦ᠂ ᠲᠠ ᠶᠠᠮᠠᠷ ᠠᠵᠢᠯ ᠲᠦᠷᠦᠯ ᠭᠦᠢᠴᠡᠳᠭᠡᠬᠦ ᠭᠡᠵᠦ᠍ ᠪᠠᠢᠭ᠎ᠠ ᠪᠤᠢ?》《ᠲᠠ ᠡᠨᠳᠡ ᠢᠷᠡᠭᠡᠷᠡᠶ᠂ ᠪᠢ ᠲᠠᠨ᠎ᠢ ᠬᠠᠪᠰᠤᠷᠴᠤ᠌ ᠰᠦᠯᠵᠢᠶᠡᠨ ᠳᠡᠭᠡᠷ᠎ᠡ ᠭᠤᠶᠤᠴᠢᠯᠠᠵᠦ ᠦᠭᠬᠦᠶ᠎ᠠ》᠃ ᠠᠯᠠᠱᠠ ᠪᠠᠷᠠᠭᠤᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ ᠣᠷᠣᠬᠤ ᠳ᠋ᠤ᠂ ᠠᠵᠢᠯ ᠶᠠᠪᠤᠳᠠᠯ ᠭᠦᠶ᠋ᠴᠡᠳᠭᠡᠬᠦ᠌᠎ᠪᠡᠷ ᠢᠷᠡᠭ᠌ᠰᠡᠨ ᠠᠵᠤ ᠠᠬᠤᠢᠯᠠᠯ ᠪᠠ ᠰᠠᠭᠤᠭᠠᠯᠢ ᠠᠷᠠᠳ ᠶᠠᠭᠠᠷᠠᠯᠳᠤᠨ ᠴᠤᠪᠤᠷᠠᠯᠳᠤᠨ᠎ᠠ᠃ ᠶᠡᠬᠡ ᠲᠢᠩᠬᠢᠮ᠎ᠦᠨ ᠠᠵᠢᠯᠲᠠᠳ ᠶᠠᠭ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ᠎ᠳᠦ ᠨᠣᠮᠧᠷ ᠠᠪᠴᠤ᠌ ᠥᠭ᠌ᠬᠦ᠂ ᠵᠥᠪᠯᠡᠯᠭᠡ ᠥᠭ᠌ᠴᠦ  ᠵᠢᠯᠣᠭᠣᠳᠭᠤ᠂ ᠲᠤᠳᠤᠨᠤ ᠪᠡᠷ ᠬᠠᠪᠰᠤᠷᠤᠨ ᠭᠦᠶ᠋ᠴᠡᠳᠭᠡᠬᠦ᠌᠂ ᠪᠥᠬᠥ᠌ ᠶᠠᠪᠤᠴᠠ᠎ᠳᠤ ᠣᠷᠣᠯᠠᠨ ᠭᠦᠶ᠋ᠴᠡᠳᠭᠡᠬᠦ᠌ ᠵᠡᠷᠭᠡ ᠪᠥᠬᠥ᠌ ᠶᠠᠪᠤᠴᠠ ᠵᠢᠨ《ᠲᠠᠰᠤᠯᠳᠠᠯ ᠦᠭᠡᠢ》ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠶ᠋ᠴᠡᠳᠭᠡᠬᠦ᠌ ᠠᠵᠤ ᠠᠬᠤᠢᠯᠠᠯ ᠪᠠ ᠣᠯᠠᠨ ᠲᠦᠮᠡᠨ᠎ᠳᠦ ᠰᠡᠳᠭᠢᠯ ᠲᠠᠭᠠᠯᠠᠮᠵᠢᠲᠠᠶ ᠪᠥᠭᠡᠳ ᠠᠵᠤ ᠠᠬᠤᠢᠯᠠᠯ᠎ᠳᠤ ᠠᠱᠢᠭ᠍ᠲᠠᠶ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠮᠡᠳᠡᠷᠡᠭᠦᠯᠪᠡ᠃

《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠨᠢ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠠᠵᠢᠯ ᠲᠦᠷᠦᠯ᠎ᠢ ᠬᠠᠩᠭᠠᠵᠤ ᠪᠣᠯᠬᠤ᠎ᠡᠴᠡ ᠭᠠᠳᠠᠨ᠎ᠠ᠂ ᠮᠠᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ ᠪᠠᠰᠠ ᠦᠨᠳᠦᠰᠦᠨ ᠱᠠᠲᠤᠨ ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠪᠥᠬᠥ᠌ ᠬᠦᠴᠦᠨ᠎ᠢᠶᠡᠷ᠎ᠢᠶᠡᠨ ᠨᠡᠪᠲᠡᠷᠡᠭᠦᠯᠵᠦ᠍᠂ 〈ᠦᠶ᠋ᠯᠡᠴᠢᠯᠡᠭᠡ ᠵᠢᠨ ᠦᠵᠦᠭᠦᠷᠯᠢᠭ〉 ᠢ᠋ ᠴᠢᠨᠠᠭᠰᠢᠳᠠ ᠤᠷᠲᠤᠳᠭᠠᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠂ ᠨᠡᠢᠭᠡᠮ ᠲᠣᠭᠣᠷᠢᠭ᠂ ᠭᠠᠴᠠᠭᠠᠨ᠎ᠤ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠴᠤᠩᠬᠤᠪᠴᠢ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ 〈ᠲᠡᠷᠭᠡᠳᠡ ᠨᠢ ᠬᠦᠷᠭᠡᠬᠦ᠂ ᠦᠷ᠎ᠡ ᠪᠦᠲᠦᠮᠵᠢ᠎ᠲᠡᠶ ᠪᠣᠯᠭᠠᠬᠤ᠎ᠶ᠋ᠢ ᠪᠡᠶᠡᠯᠡᠭᠦᠯᠪᠡ》 ᠭᠡᠵᠦ᠍ ᠠᠯᠠᠱᠠ ᠪᠠᠷᠠᠭᠤᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠡᠳ᠋ ᠳᠠᠷᠤᠭ᠎ᠠ ᠯᠢ ᠸᠧᠶ ᠰᠤᠷᠪᠤᠯᠵᠢᠯᠠᠭ᠍ᠴᠢ᠎ᠳᠤ ᠬᠡᠯᠡᠪᠡ᠃

ᠡᠨᠡ ᠵᠢᠯ᠎ᠡᠴᠡ ᠨᠠᠭᠠᠰᠢ᠂ ᠠᠯᠠᠱᠠ ᠠᠢᠮᠠᠭ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠂ 《ᠲᠤᠭᠳᠠᠩᠭᠤᠢ》ᠴᠣᠩᠬᠣᠪᠴᠢ ᠎ᠶ᠋ᠢ 《ᠰᠢᠯᠵᠢᠮᠡᠯ》 ᠦᠶ᠋ᠯᠡᠴᠢᠯᠡᠭᠡ ᠪᠣᠯᠭᠠᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠠᠵᠤ ᠠᠬᠤᠢᠯᠠᠯ᠂ ᠣᠯᠠᠨ ᠲᠦᠮᠡᠨ ᠳ᠋ᠤ ᠠᠰᠠᠷᠠᠭ᠍ᠴᠢ ᠮᠠᠶᠢᠭ᠎ᠤᠨ《ᠨᠢᠭᠡ᠎ᠨᠢ ᠨᠢᠭᠡ ᠲᠠᠢ ᠬᠠᠷᠠᠭᠠᠯᠵᠠᠭᠰᠠᠨ》 ᠳᠣᠲᠣᠨᠣ ᠦᠶ᠋ᠯᠡᠴᠢᠯᠡᠭᠡ ᠬᠠᠩᠭᠠᠬᠤ᠎ᠶ᠋ᠢᠨ ᠬᠠᠮᠲᠤ᠌᠂ ᠪᠡᠯᠡ ᠣᠷᠣᠭᠤᠯᠤᠯᠲᠠ᠎ᠶ᠋ᠢᠨ ᠵᠦᠢᠯᠡᠰ᠎ᠢ ᠬᠠᠪᠰᠤᠷᠤᠨ ᠭᠦᠢᠴᠡᠳᠭᠡᠬᠦ᠌ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯᠯᠠᠭ᠎ᠠ᠎ᠶ᠋ᠢ ᠥᠷᠨᠢᠭᠦᠯᠵᠦ᠂ 《ᠠᠵᠢᠯ ᠶᠠᠪᠤᠳᠠᠯ ᠢ᠋ ᠭᠦᠢᠴᠡᠳᠭᠡᠬᠦ ᠡᠴᠡ ᠡᠮᠦᠨ᠎ᠡ ᠠᠰᠠᠭᠤᠨ ᠯᠠᠪᠯᠠᠬᠤ ᠵᠢ ᠬᠥᠲᠥᠯᠥᠨ ᠵᠢᠯᠣᠭᠣᠳᠭᠤ᠂ ᠬᠠᠪᠰᠤᠷᠤᠨ ᠭᠦᠶ᠋ᠴᠡᠳᠭᠡᠬᠦ ᠣᠷᠣᠯᠠᠨ ᠭᠦᠶ᠋ᠴᠡᠳᠭᠡᠬᠦ᠂ ᠪᠥᠬᠥ᠌ ᠴᠤᠪᠤᠷᠠᠯ᠎ᠳ᠋ᠤ ᠲᠤᠰᠭᠠᠶ ᠠᠵᠢᠯᠲᠠᠨ ᠦᠢᠯᠡᠴᠢᠯᠡᠬᠦ》ᠦᠶ᠋ᠯᠡᠴᠢᠯᠡᠭᠡᠨ᠎ᠦ ᠵᠠᠭ᠍ᠪᠤᠷ᠎ᠤᠨ ᠱᠢᠨ᠎ᠡ᠎ᠶ᠋ᠢ ᠡᠭᠦᠳᠦᠨ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠤᠯᠠᠨ ᠬᠦᠷᠢᠶ᠎ᠡ᠂ ᠤᠯᠡᠠ ᠲᠡᠰ ᠲᠡᠪᠬᠤᠷᠭ᠎ᠠ᠂ ᠣᠯᠠᠨ ᠭᠠᠵᠠᠷ ᠣᠷᠣᠨ ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ ᠵᠢ ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ ᠪᠠ ᠣᠯᠠᠨ ᠲᠦᠮᠡᠨ᠎ᠳᠦ ᠦᠶ᠋ᠯᠡᠴᠢᠯᠡᠬᠦ᠌《ᠡᠴᠦᠰ᠎ᠦᠨ ᠨᠢᠭᠡ ᠺᠢᠯᠣᠮᠧᠲ᠋ᠷ》 ᠢ᠋ ᠴᠢᠨᠠᠭᠰᠢᠳᠠ ᠨᠡᠪᠲᠡᠷᠡᠭᠦᠯᠵᠦ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠲᠥᠷᠭᠡᠨ ᠮᠥᠷᠲᠡᠭᠡᠨ ᠲᠤᠳᠤᠨᠤ ᠪᠣᠯᠭᠠᠵᠠᠢ᠃

《ᠲᠠ᠎ᠨᠠᠷ᠎ᠲᠠᠭᠠᠨ ᠮᠠᠰᠢ ᠲᠠᠯᠠᠷᠬᠠᠵᠤ ᠪᠠᠢᠨ᠎ᠠ᠂ ᠬᠠᠪᠰᠤᠷᠤᠨ ᠭᠦᠢᠴᠡᠳᠭᠡᠭ᠌ᠴᠢ ᠤᠷᠤᠯᠠᠨ ᠭᠦᠢᠴᠡᠳᠭᠡᠭᠴᠢ᠎ᠶ᠋ᠢᠨ ᠬᠠᠯᠠᠱᠢᠷᠠᠯ ᠦᠭᠡᠢ ᠨᠠᠷᠢᠨ ᠨᠢᠮᠪᠠᠢ ᠬᠠᠪᠰᠤᠷᠤᠯᠭ᠎ᠠ ᠳᠣᠣᠷ᠎ᠠ᠂ ᠮᠠᠨ᠎ᠤ ᠲᠦᠷᠦᠯ ᠵᠦᠢᠯ ᠭᠠᠵᠠᠷ ᠬᠡᠷᠡᠭ᠌ᠯᠡᠬᠦ᠌᠎ᠡᠴᠡ ᠪᠠᠷᠢᠯᠭ᠎ᠠ ᠪᠠᠷᠢᠬᠤ ᠵᠥᠪᠱᠢᠶᠡᠷᠡᠯ᠎ᠦᠨ ᠦᠨᠡᠮᠯᠡᠯ ᠬᠦᠷᠲᠡᠯᠡᠬᠢ ᠪᠤᠢ ᠪᠦᠬᠦᠢ ᠭᠠᠷ ᠭᠦᠢᠴᠡᠳᠭᠡᠯ᠎ᠢ ᠤᠷᠤᠭ᠍ᠰᠢᠲᠠᠢ ᠪᠡᠶᠡᠯᠡᠭᠦᠯᠵᠦ᠍᠂ ᠤᠳᠠᠯ ᠦᠭᠡᠢ ᠠᠵᠢᠯ᠎ᠢᠶᠠᠨ ᠡᠬᠢᠯᠡᠭᠦᠯᠦᠨ᠎ᠡ》᠃ ᠣᠢᠷ᠎ᠠ᠎ᠳᠤ᠂ ᠠᠯᠠᠱᠠ ᠠᠢᠮᠠᠭ᠎ᠤᠨ ᠷᠧᠨ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠱᠢᠨ᠎ᠡ ᠡᠨᠧᠷᠭᠢ᠎ᠶ᠋ᠢᠨ ᠰᠠᠯᠬᠢᠨ ᠬᠦᠴᠦᠨ᠎ᠦ ᠴᠠᠬᠢᠯᠭᠠᠨ᠎ᠤ ᠲᠥᠬᠥᠭᠡᠷᠦᠮᠵᠢ ᠦᠶ᠋ᠯᠡᠳᠬᠦ᠌ ᠲᠥᠷᠥᠯ ᠵᠦᠶ᠋ᠯ᠎ᠦᠨ ᠬᠠᠷᠢᠭᠤᠴᠠᠯᠭᠠᠲᠠᠨ ᠭᠤᠤ ᠶᠦᠨ ᠠᠯᠠᠱᠠ ᠵᠡᠭᠦᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠍᠂ ᠬᠠᠪᠰᠤᠷᠤᠨ ᠭᠦᠶ᠋ᠴᠡᠳᠭᠡᠭ᠌ᠴᠢ ᠤᠷᠤᠯᠠᠨ ᠭᠦᠢᠴᠡᠳᠭᠡᠭᠴᠢ᠎ᠶ᠋ᠢᠨ ᠭᠠᠷ᠎ᠢ ᠠᠳᠭᠤᠨ ᠲᠠᠯᠠᠷᠬᠠᠯ᠎ᠢᠶᠠᠨ ᠳᠡᠪᠱᠢᠭᠦᠯᠪᠡ᠃

ᠣᠢᠯᠠᠭᠠᠭ᠍ᠰᠠᠨ᠎ᠢᠶᠠᠷ᠂ ᠡᠨᠡ ᠵᠢᠯ᠎ᠦᠨ ᠡᠬᠢᠨ᠎ᠳᠦ᠂ ᠠᠯᠠᠱᠠ ᠠᠢᠮᠠᠭ᠎ᠤᠨ ᠷᠸᠨ ᠾᠸ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠬᠢᠨᠠᠨ ᠵᠥᠪᠱᠢᠶᠡᠷᠡᠬᠦ᠌ ᠭᠠᠷ ᠭᠦᠢᠴᠡᠳᠭᠡᠯ ᠭᠦᠶ᠋ᠴᠡᠳᠭᠡᠬᠦ᠌ ᠡᠬᠢᠨ᠎ᠦ ᠬᠤᠭᠤᠴᠠᠭᠠᠨ᠎ᠳᠤ᠂ ᠭᠦᠶ᠋ᠴᠡᠳᠭᠡᠬᠦ᠌ ᠴᠤᠪᠤᠷᠠᠯ᠎ᠢ ᠲᠡᠢᠮᠦ᠍ ᠲᠣᠳᠣᠷᠬᠠᠶ ᠮᠡᠳᠡᠬᠦ᠌ ᠥᠬᠡᠶ ᠪᠠᠢᠪᠠ᠂ ᠲᠣᠰ ᠲᠥᠷᠥᠯ ᠵᠦᠶ᠋ᠯ᠎ᠦᠨ ᠬᠠᠷᠢᠭᠤᠴᠠᠯᠭᠠᠲᠠᠨ ᠭᠤᠤ ᠶᠦᠨ ᠠᠯᠠᠱᠠ ᠵᠡᠭᠦᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠍ ᠠᠰᠠᠭᠤᠨ ᠯᠠᠪᠯᠠᠬᠤ ᠦᠶ᠎ᠡ᠎ᠳᠦ᠂ ᠲᠣᠰ ᠲᠣᠪᠴᠢᠶ᠎ᠠ᠎ᠶ᠋ᠢᠨ ᠬᠠᠪᠰᠤᠷᠤᠨ ᠭᠦᠶ᠋ᠴᠡᠳᠭᠡᠭ᠌ᠴᠢ ᠣᠷᠣᠯᠠᠨ ᠭᠦᠶ᠋ᠴᠡᠳᠭᠡᠭ᠌ᠴᠢ ᠴᠠᠭ ᠲᠤᠬᠠᠶ᠎ᠳᠤᠨᠢ ᠤᠷᠤᠯᠴᠠᠵᠤ᠂ ᠠᠵᠤ ᠠᠬᠤᠢᠯᠠᠯ᠎ᠤᠨ ᠲᠥᠷᠥᠯ ᠵᠦᠶ᠋ᠯ ᠤ᠋ᠨ ᠬᠢᠨᠠᠨ ᠵᠥᠪᠱᠢᠶᠡᠷᠡᠬᠦᠯᠬᠦ ᠴᠤᠪᠤᠷᠠᠯ᠎ᠳᠤ ᠨᠠᠷᠢᠨ ᠬᠢᠨᠠᠮᠠᠭᠠᠶ ᠵᠢᠯᠣᠭᠣᠳᠣᠯᠭ᠎ᠠ ᠬᠢᠭ᠌ᠰᠡᠨ ᠪᠥᠭᠡᠳ ᠬᠠᠪᠰᠤᠷᠤᠨ ᠭᠦᠶ᠋ᠴᠡᠳᠭᠡᠭ᠌ᠴᠢ ᠤᠷᠤᠯᠠᠨ ᠭᠦᠢᠴᠡᠳᠭᠡᠭᠴᠢ᠎ᠶ᠋ᠢᠨ ᠪᠥᠬᠥ᠌ ᠶᠠᠪᠤᠴᠠ᠎ᠶ᠋ᠢᠨ《ᠨᠢᠭᠡ ᠨᠢ ᠨᠢᠭᠡ ᠲᠠᠢ ᠬᠠᠷᠠᠭᠠᠯᠵᠠᠭᠰᠠᠨ》 ᠦᠶ᠋ᠯᠡᠴᠢᠯᠡᠭᠡ᠎ᠶ᠋ᠢ ᠬᠠᠩᠭᠠᠵᠤ᠂ ᠲᠥᠷᠥᠯ ᠵᠦᠶ᠋ᠯ᠎ᠦᠨ ᠠᠵᠢᠯ ᠡᠬᠢᠯᠡᠭᠦᠯᠬᠦ᠌ ᠠᠬᠢᠴᠠ᠎ᠶ᠋ᠢ ᠲᠦᠷᠭᠡᠳᠭᠡᠪᠡ᠃

ᠴᠢᠬᠤᠯᠠ ᠶᠡᠬᠡ ᠲᠥᠷᠥᠯ ᠵᠦᠢᠯ᠎ᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ᠂ ᠬᠢᠨᠠᠨ ᠵᠥᠪᠱᠢᠶᠡᠷᠡᠬᠦ᠌ ᠭᠠᠷᠳᠠᠮ᠎ᠤᠨ ᠪᠦᠬᠦ᠌ ᠬᠤᠷᠳᠤᠴᠠ᠎ᠶ᠋ᠢ ᠲᠦᠷᠭᠡᠳᠭᠡᠬᠦ᠌᠎ᠪᠡᠷ ᠭᠣᠣᠯᠳᠠᠯᠭ᠎ᠠ ᠪᠣᠯᠭᠠᠵᠤ᠂ ᠡᠨᠡ ᠵᠢᠯ᠎ᠡᠴᠡ ᠨᠠᠭᠠᠰᠢ ᠠᠯᠠᠱᠠ ᠠᠢᠮᠠᠭ ᠴᠢᠬᠤᠯᠠ ᠶᠡᠬᠡ ᠲᠥᠷᠥᠯ ᠵᠦᠶ᠋ᠯ᠎ᠳᠦ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠢᠴᠡᠳᠭᠡᠬᠦ ᠰᠦᠯᠵᠢᠶᠡᠨ ᠳᠡᠭᠡᠷᠡᠬᠢ ᠦᠶ᠋ᠯᠡᠴᠢᠯᠡᠭᠡ ᠬᠠᠩᠭᠠᠵᠤ᠂ 《ᠠᠯᠠᠱᠠ ᠠᠢᠮᠠᠭ᠎ᠤᠨ ᠴᠢᠬᠤᠯᠠ ᠶᠡᠬᠡ ᠲᠥᠷᠥᠯ ᠵᠦᠶ᠋ᠯ᠎ᠦᠨ ᠦᠶ᠋ᠯᠡᠴᠢᠯᠡᠭᠡᠨ᠎ᠦ ᠲᠠᠪᠴᠠᠩ》ᠢ᠋ ᠪᠠᠢᠭᠤᠯᠵᠤ ᠲᠤᠳᠤᠷ᠎ᠠ ᠨᠢ《ᠠᠯᠠᠱᠠ ᠠᠢᠮᠠᠭ᠎ᠤᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠲᠣᠭᠠᠴᠢᠯᠠᠭ᠍ᠰᠠᠨ ᠦᠶ᠋ᠯᠡᠴᠢᠯᠡᠭᠡᠨ᠎ᠦ ᠲᠣᠭᠣᠷᠢᠭ》ᠭᠡᠬᠦ ᠬᠡᠰᠡᠭ᠎ᠢ ᠲᠤᠬᠢᠷᠠᠭᠤᠯᠵᠤ᠂ ᠬᠤᠤᠰ ᠲᠠᠪᠴᠠᠩ᠎ᠢᠶᠠᠷ ᠳᠠᠮᠵᠢᠭᠤᠯᠤᠨ ᠠᠭᠤᠰᠤᠯᠴᠠᠭᠤᠯᠤᠨ ᠵᠣᠯᠭᠠᠭᠤᠯᠵᠤ᠂ ᠲᠣᠭᠠᠴᠢᠯᠠᠭ᠍ᠰᠠᠨ ᠠᠷᠭ᠎ᠠ ᠪᠠᠷᠢᠯ᠎ᠢ ᠠᠱᠢᠭ᠍ᠯᠠᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠦᠨ ᠦᠢᠯᠡᠴᠢᠯᠡᠭᠡᠨ᠎ᠦ ᠬᠦᠴᠦᠨ ᠴᠢᠳᠠᠪᠤᠷᠢ᠎ᠶ᠋ᠢ ᠨᠡᠮᠡᠭ᠌ᠳᠡᠭᠦᠯᠪᠡ᠂ 264 ᠭᠣᠣᠯᠳᠠᠯᠭ᠎ᠠ᠎ᠲᠠᠶ ᠲᠦᠷᠦᠯ ᠵᠦᠢᠯ᠎ᠢ ᠲᠣᠭ᠎ᠠ ᠪᠠᠷᠢᠮᠲᠠ᠎ᠶ᠋ᠢᠨ ᠠᠭᠤᠰᠤᠯᠴᠠᠯ᠎ᠢᠶᠠᠷ ᠨᠢᠭ᠍ᠲᠠ ᠵᠣᠯᠭᠠᠭᠤᠯᠤᠨ᠂ ᠴᠢᠬᠤᠯᠠ ᠶᠡᠬᠡ ᠲᠥᠷᠥᠯ ᠵᠦᠶ᠋ᠯ᠎ᠦᠨ ᠬᠣᠯᠪᠣᠯᠳᠤᠨ ᠨᠡᠪᠲᠡᠷᠡᠯᠴᠡᠬᠦ᠂ ᠬᠠᠮᠵᠢᠯᠴᠠᠨ ᠬᠠᠮᠲᠤ ᠪᠡᠷ ᠭᠦᠢᠴᠡᠳᠭᠡᠬᠦ  ᠪᠠ ᠬᠠᠪᠰᠤᠷᠤᠨ ᠭᠦᠶ᠋ᠴᠡᠳᠭᠡᠬᠦ ᠣᠷᠣᠯᠠᠨ ᠭᠦᠶ᠋ᠴᠡᠳᠭᠡᠬᠦ᠎ᠶ᠋ᠢ ᠪᠡᠶᠡᠯᠡᠭᠦᠯᠪᠡ᠂ ᠲᠠᠪᠴᠠᠩ᠎ᠨᠢ ᠣᠲᠣ ᠨᠢᠭᠡᠨᠲᠡ 1490 ᠬᠤᠪᠢ ᠬᠢᠨᠠᠨ ᠵᠥᠪᠱᠢᠶᠡᠷᠡᠭᠦᠯᠬᠦ᠌ ᠭᠠᠷ ᠭᠦᠶ᠋ᠴᠡᠳᠭᠡᠯ᠎ᠢ ᠲᠣᠬᠢᠷᠠᠭᠤᠯᠵᠦ᠂ ᠨᠡᠢᠲᠡ 6269 ᠬᠥᠮᠦᠨ ᠤᠳᠠᠭ᠎ᠠ ᠳᠠᠨᠭᠰᠠᠯᠠᠪᠠ᠃

ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠳ᠋ᠦ ᠲᠣᠭᠠᠴᠢᠯᠠᠯᠲᠠ᠎ᠪᠡᠷ ᠬᠦᠴᠦᠨ ᠴᠢᠳᠠᠯ ᠣᠯᠭᠣᠵᠤ᠂ ᠣᠶᠤᠨᠴᠢ ᠵᠠᠰᠠᠭ᠎ᠤᠨ ᠶᠠᠪᠤᠳᠠᠯ᠎ᠢ ᠨᠠᠩ ᠳᠥᠭᠥᠮ ᠳᠥᠲᠡ ᠪᠣᠯᠭᠠᠬᠤ᠎ᠪᠠᠷ ᠵᠤᠷᠢᠯᠲᠠ ᠪᠣᠯᠭᠠᠵᠤ᠂ ᠠᠯᠠᠱᠠ ᠠᠢᠮᠠᠭ ᠲᠤᠷᠰᠢᠯᠲᠠ᠎ᠵᠢᠨ ᠴᠡᠭ᠎ᠤᠨ ᠠᠯᠤᠰ ᠡᠵᠡᠮᠱᠢᠯᠲᠦ ᠸᠢᠳᠢᠣ᠋᠎ᠵᠢᠨ ᠳᠠᠭᠤᠷᠢᠶᠠᠮᠠᠯ ᠴᠣᠩᠬᠣ ᠭᠠᠷᠭᠠᠵᠤ᠂ ᠣᠶᠤᠨᠴᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠨ᠎ᠡ ᠵᠠᠭ᠍ᠪᠤᠷ ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠪᠠ᠃ ᠳᠠᠭᠤᠨ᠎ᠪᠠ ᠸᠢᠳᠢᠣ᠋ ᠶ᠋ᠢ ᠴᠠᠭ ᠲᠤᠬᠠᠶ᠎ᠳᠤᠨᠢ ᠬᠠᠮᠵᠢᠯᠴᠠᠭᠤᠯᠬᠤ᠂ ᠮᠠᠲ᠋ᠧᠷᠢᠶᠠᠯ᠎ᠢ ᠠᠯᠤᠰ᠎ᠠᠴᠠ ᠬᠠᠷᠢᠯᠴᠠᠨ ᠳᠠᠮᠵᠢᠭᠤᠯᠬᠤ᠎ᠪᠠᠷ ᠳᠠᠮᠵᠢᠨ᠂ ᠲᠢᠩᠬᠢᠮ᠎ᠦᠨ ᠴᠣᠩᠬᠤᠪᠴᠢ ᠦᠢᠯᠡᠴᠢᠯᠡᠭᠡ᠎ᠶᠢ ᠡᠮᠦᠨᠡᠰᠢᠯᠡᠭᠦᠯᠵᠦ᠍᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ᠌ ᠦᠢᠯᠡᠴᠢᠯᠡᠭᠡ ᠎ᠶᠢ《ᠪᠦᠬᠦ᠌ ᠠᠢᠮᠠᠭ᠎ᠲᠤ ᠨᠡᠢᠳᠡᠮ ᠭᠦᠢᠴᠡᠳᠭᠡᠬᠦ᠌》ᠶ᠋ᠢ ᠪᠡᠶᠡᠯᠡᠭᠦᠯᠪᠡ᠃ ᠨᠢᠭᠡᠳᠦᠭᠡᠷ ᠪᠦᠯᠦᠭ᠎ᠲᠦ ᠨᠢᠭᠡᠨᠲᠡ 11 ᠠᠯᠤᠰ ᠡᠵᠡᠮᠱᠢᠯᠲᠦ ᠸᠢᠳᠢᠣ᠋᠎ᠶ᠋ᠢᠨ ᠳᠠᠭᠤᠷᠢᠶᠠᠮᠠᠯ ᠴᠣᠩᠬᠣᠪᠴᠢ᠎ᠶ᠋ᠢᠨ ᠲᠤᠷᠱᠢᠯᠲᠠ᠎ᠵᠢᠨ ᠴᠡᠭ᠎ᠢ ᠲᠤᠬᠢᠷᠠᠭᠤᠯᠵᠤ᠂ ᠰᠤᠮᠤ ᠪᠠᠯᠭᠠᠰᠤᠨ᠎ᠤ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠪ᠂ ᠨᠡᠢᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠥᠷᠲᠡᠭᠡ᠂《ᠵᠠᠰᠠᠭ ᠪᠠᠩᠬᠢ ᠬᠠᠮᠲᠤᠷᠠᠯᠴᠠᠬᠤ》ᠦᠶ᠋ᠯᠡᠴᠢᠯᠡᠭᠡᠨ᠎ᠦ ᠴᠡᠭ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ ᠵᠡᠷᠭᠡ ᠡᠯ᠎ᠡ ᠲᠥᠷᠥᠯ᠎ᠦᠨ ᠲᠠᠯᠠᠪᠤᠷ ᠭᠠᠵᠠᠷ᠎ᠢ ᠬᠠᠮᠤᠷᠴᠤ᠌᠂ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠢᠴᠡᠳᠭᠡᠬᠦ᠌ 125 ᠲᠤᠰᠠᠯᠠᠬᠤ ᠪᠦᠯᠬᠦᠮ᠎ᠢ ᠵᠣᠬᠢᠶᠠᠨ ᠪᠠᠢᠭᠤᠯᠪᠠ᠃ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠬᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 《ᠲᠣᠭᠠᠴᠢᠯᠠᠭ᠍ᠰᠠᠨ ᠲᠤᠰᠭᠠᠢ ᠲᠣᠭᠣᠷᠢᠭ》ᠢ᠋ ᠪᠠᠢᠭᠤᠯᠵᠤ᠂ ᠳᠣᠲᠣᠭᠠᠳᠤ᠎ᠳᠠᠭᠠᠨ ᠤᠯᠠᠨ ᠰᠠᠭᠤᠷᠢ ᠣᠶᠤᠨᠴᠢ ᠠᠦ᠋ᠲ᠋ᠣ᠋ ᠲᠥᠬᠥᠭᠡᠷᠦᠮᠵᠢ ᠲᠤᠬᠢᠷᠠᠭᠤᠯᠵᠤ᠂ ᠠᠦ᠋ᠲ᠋ᠣ᠋ ᠬᠠᠭᠤᠳᠠᠰᠤ ᠲᠠᠭ᠍ᠯᠠᠬᠤ ᠲᠠᠪᠴᠡᠩ ᠳᠡᠭᠡᠷ᠎ᠡ ᠮᠠᠲᠧᠷᠢᠶᠠᠯ᠎ᠢᠶᠠᠨ ᠳᠠᠮᠵᠢᠭᠤᠯᠪᠠᠯ᠂ ᠤᠷᠢᠳᠴᠢᠯᠠᠨ ᠬᠢᠨᠠᠬᠤ ᠮᠠᠱᠢᠨ ᠬᠥᠮᠦᠨ ᠳᠠᠷᠤᠢ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠵᠤ ᠪᠣᠯᠤᠨ᠎ᠠ᠃

ᠡᠭᠦᠨ᠎ᠡᠴᠡ ᠭᠠᠳᠠᠨ᠎ᠠ᠂ ᠠᠯᠠᠱᠠ ᠠᠢᠮᠠᠭ ᠪᠠᠰᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠲᠡᠢᠰᠢ ᠤᠷᠲᠤᠳᠭᠠᠬᠤ᠎ᠶ᠋ᠢ ᠢᠳᠡᠪᠬᠢᠲᠡᠶ ᠠᠬᠢᠭᠤᠯᠵᠤ᠂ 4 ᠬᠦᠷᠢᠶᠡᠯᠡᠩ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠵᠢᠯ᠎ᠤᠨ ᠥᠷᠲᠡᠭᠡ᠎ᠶ᠋ᠢ ᠪᠠᠷᠢᠮᠵᠢᠶᠠᠵᠢᠭᠤᠯᠤᠨ ᠪᠠᠢᠭᠤᠯᠵᠤ᠂ ᠬᠦᠷᠢᠶᠡᠯᠡᠩ ᠲᠣᠭᠣᠷᠢᠭ᠎ᠤᠨ ᠣᠨᠴᠠᠯᠢᠭ ᠪᠠ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠲᠡᠶ ᠤᠶᠠᠯᠳᠤᠭᠤᠯᠤᠨ 314 ᠵᠦᠶ᠋ᠯ᠎ᠦᠨ ᠦᠶ᠋ᠯᠡᠴᠢᠯᠡᠭᠡᠨ᠎ᠦ ᠵᠦᠶ᠋ᠯᠡᠰ᠎ᠢ ᠡᠮᠬᠢᠯᠡᠨ ᠨᠡᠢᠲᠡᠯᠡᠪᠡ᠃ 《ᠴᠣᠩᠬᠤᠪᠴᠢ᠎ᠳᠤ ᠲᠤᠰᠭᠠᠶ ᠬᠥᠮᠦᠨ᠎ᠵᠢᠡᠷ ᠦᠶ᠋ᠯᠡᠴᠢᠯᠡᠭᠦᠯᠬᠦ᠌ + ᠠᠯᠤᠰ ᠡᠵᠡᠮᠱᠢᠯᠲᠦ ᠸᠢᠳᠢᠤ᠋᠎ᠪᠠᠷ ᠬᠢᠨᠠᠨ ᠵᠥᠪᠱᠢᠶᠡᠷᠡᠬᠦ᠌ + ᠡᠭᠦᠯᠡᠨ ᠲᠣᠭ᠎ᠠ ᠪᠠᠷᠢᠮᠲᠠ᠎ᠶ᠋ᠢ ᠵᠣᠯᠭᠠᠭᠤᠯᠬᠤ》ᠣᠯᠠᠨ ᠠᠷᠭ᠎ᠠ ᠎ᠶᠢ ᠠᠭᠤᠰᠤᠯᠴᠠᠭᠤᠯᠬᠤ ᠦᠶ᠋ᠯᠡᠴᠢᠯᠡᠭᠡᠨ᠎ᠦ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ ᠎ᠳᠤ ᠭᠤᠶᠤᠴᠢᠯᠠᠬᠤ ᠮᠠᠲ᠋ᠧᠷᠢᠶᠠᠯ᠎ᠢ ᠤᠷᠢᠳᠴᠢᠯᠠᠨ ᠬᠢᠨᠠᠨ ᠪᠠᠢᠴᠠᠭᠠᠬᠤ᠂ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ᠎ᠶ᠋ᠢ ᠣᠷᠣᠯᠠᠨ ᠭᠦᠶᠦᠯᠭᠡᠬᠦ᠌᠂ ᠬᠢᠨᠠᠨ ᠵᠥᠪᠱᠢᠶᠡᠷᠡᠬᠦ᠌ ᠠᠰᠠᠭᠤᠳᠠᠯ᠎ᠢ ᠵᠣᠬᠢᠴᠠᠭᠤᠯᠬᠤ ᠵᠡᠷᠭᠡ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠪᠠ᠃

《 ᠪᠢᠳᠡ  ᠴᠢᠨᠠᠷ ᠰᠠᠢᠳᠠᠢ ᠦᠶ᠋ᠯᠡᠴᠢᠯᠡᠭᠡ ᠵᠢᠨ ᠣᠢᠯᠠᠭᠠᠭ᠍ᠳᠠᠬᠤᠨ᠎ᠢᠶᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂〈ᠨᠢᠭᠡ ᠤᠴᠢᠷ᠎ᠢ ᠥᠨᠳᠥᠷ ᠪᠦᠲᠦᠮᠵᠢᠲᠡᠶ ᠪᠡᠶᠡᠯᠡᠭᠦᠯᠬᠦ᠌〉᠂ ᠠᠵᠢᠯ ᠲᠥᠷᠥᠯ᠎ᠦᠨ ᠺᠠᠳ᠋ᠷ ᠳᠠᠭᠠᠭᠤᠯᠤᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌᠂  ᠬᠤᠷᠠᠮᠠᠯ ᠦᠶ᠋ᠯᠡᠴᠢᠯᠡᠭᠡ᠂ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ ᠵᠡᠷᠭᠡ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠨ᠎ᠡ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂〈ᠴᠢᠳᠠᠮᠠᠭᠠᠢ ᠱᠢᠯᠢᠳᠡᠭ ᠦᠶ᠋ᠯᠡᠴᠢᠯᠡᠬᠦ〉ᠵᠠᠰᠠᠭ᠎ᠤᠨ ᠶᠠᠪᠤᠳᠠᠯ ᠎ᠤᠨ ᠦᠶ᠋ᠯᠡᠴᠢᠯᠡᠭᠡᠨ᠎ᠦ ᠲᠥᠷᠥᠯ ᠲᠡᠮᠳᠡᠭ᠌᠎ᠢ ᠪᠣᠶ》ᠭᠡᠵᠦ ᠠᠯᠠᠱᠠ ᠠᠢᠮᠠᠭ᠎ᠤᠨ ᠵᠠᠰᠠᠭ ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠠᠨ ᠹᠸᠩ ᠰᠤᠷᠪᠤᠯᠵᠢᠯᠠᠭ᠍ᠴᠢ᠎ᠳᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号