ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠭᠦᠢᠴᠡᠳᠭᠡᠭ᠌ᠳᠡᠭ᠌ᠴᠢ᠎ᠶ᠋ᠢᠨ ᠢᠲᠠᠬᠡᠯ ᠨᠠᠢᠳᠠᠪᠤᠷᠢ ᠵᠢᠨ ᠠᠮᠠᠯᠠᠯᠲᠠ ᠬᠢᠬᠦ ᠪᠠ ᠢᠲᠠᠬᠡᠯ᠎ᠨᠠᠢᠳᠠᠪᠤᠷᠢ ᠵᠢ ᠰᠡᠷᠭᠦᠭᠡᠬᠦ᠌ ᠠᠵᠢᠯ᠎ᠤᠨ ᠮᠡᠳᠡᠭ᠌ᠳᠡᠯ ᠎ᠢ᠋ ᠳᠠᠷᠤᠮᠠᠯᠯᠠᠨ ᠲᠠᠷᠬᠠᠭᠠᠪᠠ
2024-06-28 09:50:55
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ《ᠭᠦᠢᠴᠡᠳᠭᠡᠭ᠌ᠳᠡᠭ᠌ᠴᠢ᠎ᠶ᠋ᠢᠨ ᠢᠲᠠᠬᠡᠯ ᠨᠠᠢᠳᠠᠪᠤᠷᠢ ᠵᠢᠨ ᠠᠮᠠᠯᠠᠯᠲᠠ ᠬᠢᠬᠦ  ᠪᠠ ᠢᠲᠠᠬᠡᠯ᠎ᠨᠠᠢᠳᠠᠪᠤᠷᠢ ᠵᠢ ᠰᠡᠷᠭᠦᠭᠡᠬᠦ᠌ ᠠᠵᠢᠯ ᠥᠷᠨᠢᠭᠦᠯᠬᠦ᠌ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠮᠡᠳᠡᠭ᠌ᠳᠡᠯ 》(ᠳᠣᠷᠣᠭ᠍ᠰᠢ 《ᠮᠡᠳᠡᠭ᠌ᠳᠡᠯ 》 ᠭᠡᠵᠦ᠍ ᠳᠥᠭᠥᠮᠴᠢᠯᠡᠨ᠎ᠡ) ᠎ᠢ᠋ ᠳᠠᠷᠤᠮᠠᠯᠯᠠᠨ ᠲᠠᠷᠬᠠᠭᠠᠵᠤ᠂ ᠪᠦᠬᠦ᠌ ᠣᠷᠣᠨ᠎ᠤ ᠱᠢᠭᠦᠬᠦ᠌ ᠬᠣᠷᠢᠶ᠎ᠠ ᠢᠲᠠᠬᠡᠯ ᠨᠠᠢᠳᠠᠪᠤᠷᠢ ᠵᠢᠨ ᠠᠮᠠᠯᠠᠯᠲᠠ ᠬᠢᠬᠦ  ᠪᠠ ᠢᠲᠠᠬᠡᠯ᠎ᠨᠠᠢᠳᠠᠪᠤᠷᠢ ᠵᠢ ᠰᠡᠷᠭᠦᠭᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠢᠲᠠᠬᠡᠯ ᠨᠠᠢᠳᠠᠪᠤᠷᠢ ᠪᠠᠨ ᠠᠯᠳᠠᠭ᠍ᠰᠠᠨ ᠭᠣᠣᠯ ᠴᠣᠭ᠍ᠴᠠ᠎ᠶ᠋ᠢᠨ ᠬᠦᠴᠦᠨ ᠎ᠪᠦᠬᠦᠢ ᠲᠠᠰᠤᠯᠤᠨ ᠲᠣᠭ᠍ᠲᠠᠭᠠᠯᠲᠠ᠎ᠶ᠋ᠢ ᠭᠦᠢᠴᠡᠳᠭᠡᠬᠦ᠌᠎ᠶ᠋ᠢ ᠬᠦᠳᠦᠯᠦᠨ ᠵᠢᠯᠣᠭᠣᠳᠭᠤ ᠪᠠ ᠵᠣᠷᠢᠭ᠍ᠵᠢᠭᠤᠯᠵᠤ᠂ ᠢᠲᠡᠭᠡᠯ ᠨᠠᠢᠳᠠᠪᠤᠷᠢ ᠪᠠᠨ ᠠᠯᠳᠠᠭ᠍ᠰᠠᠨ  ᠦᠢᠯᠡ ᠠᠵᠢᠯᠯᠠᠭ᠎ᠠ ᠎ᠶ᠋ᠢ ᠵᠠᠯᠠᠷᠠᠭᠤᠯᠵᠤ᠂  ᠮᠠᠭᠤ ᠮᠠᠭᠤᠬᠠᠢ ᠨᠥᠯᠥᠭᠡ᠎ᠶ᠋ᠢ ᠠᠷᠢᠯᠭᠠᠨ᠂ ᠰᠠᠢ᠌ᠨ ᠰᠠᠢᠬᠠᠨ ᠢᠲᠡᠭᠡᠯ᠎ᠨᠠᠢᠳᠠᠪᠤᠷᠢ ᠵᠢ ᠳᠠᠬᠢᠨ ᠱᠤᠭᠤᠬᠤ ᠬᠡᠷᠡᠭ᠌ᠲᠡᠢ ᠭᠡᠵᠦ᠍ ᠱᠠᠭᠠᠷᠳᠠᠪᠠ᠃

《ᠮᠡᠳᠡᠭ᠌ᠳᠡᠯ》 ᠳ᠋ᠤ᠂ ᠠᠷᠠᠳ᠎ᠤᠨ ᠱᠢᠭᠦᠬᠦ᠌ ᠬᠣᠷᠢᠶ᠎ᠠ ᠡᠴᠡ ᠬᠠᠤᠯᠢ ᠶᠣᠰᠣᠭᠠᠷ ᠢᠲᠡᠭᠡᠯ ᠨᠠᠢᠳᠠᠪᠤᠷᠢ ᠪᠠᠨ ᠠᠯᠳᠠᠭ᠍ᠰᠠᠨ ᠨᠡᠷᠡᠰ᠎ᠲᠦ ᠣᠷᠣᠭᠤᠯᠤᠭ᠍ᠰᠠᠨ ᠪᠤᠶᠤ ᠬᠠᠤᠯᠢ ᠶᠣᠰᠣᠭᠠᠷ ᠬᠡᠷᠡᠭ᠌ᠯᠡᠭᠡ᠎ᠶ᠋ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭ᠍ᠰᠠᠨ ᠭᠦᠶ᠋ᠴᠡᠳᠭᠡᠭ᠌ᠳᠡᠭ᠌ᠴᠢ᠂ ᠰᠠᠨᠠᠭᠠᠴᠢᠯᠠᠭ᠎ᠠ᠎ᠠᠴᠠ᠎ᠪᠠᠨ ᠠᠷᠠᠳ᠎ᠤᠨ ᠱᠢᠭᠦᠬᠦ᠌ ᠬᠣᠷᠢᠶ᠎ᠠ᠎ᠳᠤ ᠠᠮᠠᠯᠠᠯᠲᠠ ᠬᠢᠵᠦ᠍᠂ ᠠᠷᠠᠳ᠎ᠤᠨ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠠᠵᠢᠯ᠎ᠳᠤ ᠢᠳᠡᠪᠬᠢᠲᠡᠶ ᠬᠠᠮᠵᠢᠯᠴᠠᠨ᠂ ᠡᠳ᠋ ᠬᠥᠷᠥᠩᠭᠡ᠎ᠪᠡᠨ ᠦᠨᠡᠨ ᠮᠥᠨ᠎ᠢᠶᠡᠷ ᠨᠢ ᠮᠡᠳᠡᠭᠦᠯᠵᠦ᠍᠂ ᠰᠠᠨᠠᠭᠠᠴᠢᠯᠠᠭ᠎ᠠ᠎ᠠᠴᠠ᠎ᠪᠠᠨ ᠭᠦᠶ᠋ᠴᠡᠳᠭᠡᠬᠦ᠌ ᠬᠦᠰᠡᠯ ᠰᠠᠨᠠᠭ᠎ᠠ ᠪᠠᠨ ᠲᠤᠰᠬᠠᠭᠰᠠᠨ ᠪᠦᠭᠡᠳ ᠦᠨᠡᠨ ᠬᠦ᠌ ᠬᠡᠷᠡᠭ᠌ᠵᠢᠭᠦᠯᠵᠦ᠍ ᠪᠣᠯᠬᠤᠢᠴᠠ ᠭᠦᠶ᠋ᠴᠡᠳᠭᠡᠬᠦ᠌ ᠲᠥᠯᠥᠪᠯᠡᠭᠡ᠎ᠲᠡᠶ ᠪᠠᠢᠵᠤ᠂ ᠬᠢᠨᠠᠨ ᠪᠠᠢᠴᠠᠭᠠᠯᠳᠠ ᠪᠡᠷ ᠲᠠᠮᠵᠢᠨ ᠨᠥᠬᠥᠴᠡᠯ᠎ᠳᠦ ᠨᠡᠢᠴᠡᠭᠰᠡᠨ ᠪᠠᠢᠪᠡᠯ᠂ ᠠᠷᠠᠳ᠎ᠤᠨ ᠱᠢᠭᠦᠬᠦ᠌ ᠬᠣᠷᠢᠶ᠎ᠠ᠎ᠲᠡᠬᠦᠨ ᠳ᠋ᠤ ᠨᠢᠭᠡ᠎ᠡᠴᠡ ᠭᠤᠷᠪᠠᠨ ᠰᠠᠷ᠎ᠠ᠎ᠶ᠋ᠢᠨ ᠬᠤᠭᠤᠴᠠᠭ᠎ᠠ  ᠤᠷᠲᠤᠳᠬᠠᠨ ᠦᠭᠴᠦ᠂ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠲᠦᠷ ᠬᠣᠢᠱᠢᠯᠠᠭᠤᠯᠤᠨ ᠭᠦᠶ᠋ᠴᠡᠳᠭᠡᠯᠭᠡᠵᠦ᠍ ᠪᠣᠯᠤᠨ᠎ᠠ; ᠢᠲᠡᠭᠡᠯ ᠨᠠᠢᠳᠠᠪᠤᠷᠢ ᠪᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠲᠦ ᠨᠢᠭᠡᠨᠲᠡ ᠣᠷᠣᠭᠤᠯᠤᠭ᠍ᠰᠠᠨ ᠭᠦᠢᠴᠡᠳᠭᠡᠭ᠌ᠳᠡᠭ᠌ᠴᠢ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠵᠠᠯᠠᠷᠠᠭᠤᠯᠵᠤ᠂ ᠬᠦᠴᠦᠨ᠎ᠪᠦᠬᠦᠢ ᠬᠠᠤᠯᠢ ᠴᠠᠭᠠᠵᠠ᠎ᠶ᠋ᠢᠨ ᠪᠢᠴᠢᠭ ᠬᠠᠷ᠎ᠠ᠎ᠳᠤ ᠲᠣᠭ᠍ᠲᠠᠭᠠᠭ᠍ᠰᠠᠨ ᠡᠭᠦᠷᠭᠡ᠎ᠵᠢ ᠢᠳᠡᠪᠬᠢᠲᠡᠢ ᠭᠦᠢᠴᠡᠳᠭᠡᠵᠦ᠍᠂ ᠢᠲᠠᠬᠡᠯ᠎ᠨᠠᠢᠳᠠᠪᠤᠷᠢ ᠪᠠᠨ ᠰᠡᠷᠭᠦᠭᠡᠯᠭᠡᠬᠦ᠌᠎ᠪᠡᠷ ᠭᠤᠶᠤᠴᠢᠯᠠᠵᠤ ᠪᠣᠯᠤᠨ᠎ᠠ᠂ ᠬᠢᠨᠠᠨ ᠪᠠᠢᠴᠠᠭᠠᠯᠳᠠ ᠳ᠋ᠤ  ᠨᠥᠬᠥᠴᠡᠯ᠎ᠳᠦ ᠨᠡᠢᠴᠡᠭ᠌ᠰᠡᠨ ᠪᠠᠢᠪᠠᠯ᠂ ᠠᠷᠠᠳ᠎ᠤᠨ ᠱᠢᠭᠦᠬᠦ᠌ ᠬᠣᠷᠢᠶ᠎ᠠ ᠡᠴᠡ ᠨᠢᠭᠡᠨᠲᠡ ᠢᠯᠡ ᠵᠠᠷᠯᠠᠭᠰᠠᠨ ᠢᠲᠡᠭᠡᠯ ᠨᠠᠢᠳᠠᠪᠤᠷᠢ ᠪᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠦᠨ ᠮᠡᠳᠡᠭᠡ ᠵᠠᠩᠭᠢ᠎ᠶ᠋ᠢ ᠬᠠᠯᠬᠠᠯᠠᠬᠤ ᠪᠤᠶᠤ ᠬᠤᠭᠤᠴᠠᠭ᠎ᠠ᠎ᠶ᠋ᠢ ᠨᠢ ᠪᠣᠭᠣᠨᠢᠰᠭᠠᠵᠤ ᠪᠣᠯᠬᠤ ᠪᠥᠭᠡᠳ ᠭᠤᠶᠤᠴᠢᠯᠠᠯ᠎ᠢ ᠦᠨᠳᠦᠰᠦᠯᠡᠨ ᠢᠲᠠᠬᠡᠯ᠎ᠨᠠᠢᠳᠠᠪᠤᠷᠢ ᠵᠢ ᠰᠡᠷᠭᠦᠭᠡᠭ᠌ᠰᠡᠨ ᠭᠡᠷᠡᠴᠢ ᠭᠠᠷᠭᠠᠵᠤ ᠥᠭ᠌ᠴᠦ ᠪᠤᠯᠤᠨ᠎ᠠ; ᠬᠦᠴᠦᠨ ᠪᠦᠬᠦᠢ ᠬᠠᠤᠯᠢ ᠴᠠᠭᠠᠵᠠ᠎ᠶ᠋ᠢᠨ ᠪᠢᠴᠢᠭ ᠬᠠᠷ᠎ᠠ᠎ᠳᠤ ᠲᠣᠭ᠍ᠲᠠᠭᠠᠭ᠍ᠰᠠᠨ ᠡᠭᠦᠷᠭᠡ᠎ᠶ᠋ᠢ ᠨᠢᠭᠡᠨᠲᠡ ᠪᠦᠬᠦᠨ᠎ᠢ  ᠭᠦᠢᠴᠡᠳᠭᠡᠭ᠌ᠰᠡᠨ ᠭᠦᠢᠴᠡᠳᠭᠡᠭ᠌ᠳᠡᠭ᠌ᠴᠢ᠎ᠳᠦ᠂ ᠠᠷᠠᠳ᠎ᠤᠨ ᠱᠢᠭᠦᠬᠦ᠌ ᠬᠣᠷᠢᠶ᠎ᠠ ᠭᠤᠶᠤᠴᠢᠯᠠᠯ ᠶᠣᠰᠣᠭᠠᠷ ᠠᠦ᠋ᠲ᠋ᠣ᠋ ᠭᠦᠢᠴᠡᠳᠭᠡᠭᠰᠡᠨ ᠭᠡᠷᠡᠴᠢ ᠪᠤᠶᠤ ᠭᠦᠢᠴᠡᠳᠭᠡᠵᠦ᠍ ᠳᠠᠭᠤᠰᠤᠭ᠍ᠰᠠᠨ ᠭᠡᠷᠡᠴᠢ ᠭᠠᠷᠭᠠᠨ ᠦᠭᠴᠦ᠂  ᠲᠤᠬᠠᠢ᠎ᠶ᠋ᠢᠨ ᠬᠥᠮᠦᠨ᠎ᠤ ᠴᠠᠭ ᠲᠤᠬᠠᠢ ᠳ᠋ᠤᠨᠢ ᠭᠤᠷᠪᠠᠳᠠᠬᠢ ᠡᠲᠡᠭᠡᠳ᠎ᠦᠨ ᠪᠠᠢᠭᠤᠯᠤᠮᠵᠢ ᠵᠢᠨ ᠢᠲᠡᠭᠡᠯ ᠨᠠᠢᠳᠠᠪᠤᠷᠢ ᠵᠢᠨ ᠨᠤᠳᠠᠯᠠᠯᠳᠠ ᠵᠢ ᠤᠯᠵᠤ᠂ ᠠᠵᠤ ᠠᠬᠤᠢ᠎ᠶ᠋ᠢᠨ ᠠᠵᠢᠯᠯᠠᠭ᠎ᠠ  ᠦᠷᠨᠢᠬᠦᠯᠬᠦ  ᠳ᠋ᠤ ᠲᠦᠬᠦᠮ ᠬᠠᠩᠭᠠᠨ᠎ᠠ᠃

《ᠮᠡᠳᠡᠭ᠌ᠳᠡᠯ》ᠳ᠋ᠤ ᠢᠲᠠᠬᠡᠯ ᠨᠠᠢᠳᠠᠪᠤᠷᠢ ᠵᠢᠨ ᠠᠮᠠᠯᠠᠯᠲᠠ ᠬᠢᠬᠦ᠌ ᠪᠠ ᠢᠲᠠᠬᠡᠯ ᠨᠠᠢᠳᠠᠪᠤᠷᠢ ᠵᠢ ᠰᠡᠷᠭᠦᠭᠡᠬᠦ᠌᠎ᠪᠡᠷ ᠭᠤᠶᠤᠴᠢᠯᠠᠬᠤ ᠨᠥᠬᠥᠴᠡᠯ᠎ᠢ ᠲᠣᠳᠣᠷᠬᠠᠢᠯᠠᠪᠠ᠂ ᠡᠭᠦᠨ᠎ᠳᠦ ᠢᠲᠠᠬᠡᠯ ᠨᠠᠢᠳᠠᠪᠤᠷᠢ ᠪᠠᠨ ᠠᠯᠳᠠᠭ᠍ᠰᠠᠨ ᠦᠶ᠋ᠯᠡ ᠠᠵᠢᠯᠯᠠᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠵᠠᠯᠠᠷᠠᠭᠤᠯᠬᠤ᠂ ᠡᠳ᠋ ᠬᠥᠷᠥᠩᠭᠡ ᠵᠢᠴᠢ ᠣᠷᠣᠯᠭ᠎ᠠ᠎ᠶ᠋ᠢᠨ ᠪᠠᠢᠳᠠᠯ ᠵᠢᠡᠨ ᠦᠨᠡᠨ ᠮᠥᠨ᠎ᠢᠶᠡᠷ ᠨᠢ ᠨᠠᠷᠢᠨ ᠮᠡᠳᠡᠭᠦᠯᠬᠦ᠌᠂ ᠬᠡᠷᠡᠭ᠌ᠯᠡᠭᠡ᠎ᠶ᠋ᠢ  ᠬᠢᠵᠠᠭᠠᠷᠯᠠᠬᠤ ᠵᠠᠷᠯᠢᠭ᠎ᠢ ᠴᠢᠩᠭ᠎ᠠ ᠵᠢᠷᠤᠮᠯᠠᠬᠤ᠂ ᠠᠷᠠᠳ᠎ᠤᠨ ᠱᠢᠭᠦᠬᠦ᠌ ᠬᠣᠷᠢᠶ᠎ᠠ᠎ᠶ᠋ᠢᠨ ᠡᠳ᠋ ᠬᠥᠷᠥᠩᠭᠡ ᠵᠢᠴᠢ ᠣᠷᠣᠯᠭ᠎ᠠ᠎ᠶ᠋ᠢ ᠪᠠᠢᠴᠠᠭᠠᠨ ᠱᠢᠶ᠋ᠳᠪᠦᠷᠢᠯᠡᠬᠦ᠌ ᠠᠵᠢᠯᠯᠠᠭ᠎ᠠ᠎ᠳᠦ ᠢᠳᠡᠪᠬᠢᠲᠡᠶ ᠬᠠᠮᠵᠢᠯᠴᠠᠬᠤ ᠵᠡᠷᠭᠡ ᠵᠢ ᠪᠠᠭ᠍ᠲᠠᠭᠠᠵᠠᠢ᠃ ᠭᠦᠢᠴᠡᠳᠭᠡᠭ᠌ᠳᠡᠭ᠌ᠴᠢ ᠬᠡᠷᠪᠡ ᠬᠤᠳᠠᠯ ᠬᠠᠭᠤᠷᠮᠠᠭ ᠠᠮᠠᠯᠠᠯᠲᠠ ᠬᠢᠭ᠌ᠰᠡᠨ᠂  ᠡᠶᠡᠳᠡᠬᠦᠯᠭᠡ ᠵᠢᠨ ᠬᠡᠯᠡᠯᠴᠡᠭᠡᠷ᠎ᠢᠶᠡᠨ ᠬᠤᠭᠤᠴᠠᠭ᠎ᠠ ᠶᠣᠰᠣᠭᠠᠷ ᠭᠦᠢᠴᠡᠳᠭᠡᠭ᠌ᠰᠡᠨ ᠦᠭᠡᠢ᠂ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠲᠡᠶ ᠬᠠᠮᠢᠶ᠎ᠠ ᠦᠭᠡᠢ ᠥᠨᠳᠥᠷ ᠬᠡᠷᠡᠭ᠌ᠯᠡᠭᠡᠨ᠎ᠦ ᠠᠵᠢᠯᠯᠠᠭ᠎ᠠ ᠬᠢᠭ᠌ᠰᠡᠨ᠂ ᠭᠦᠢᠴᠡᠳᠭᠡᠬᠦ᠌᠎ᠶ᠋ᠢ ᠡᠰᠡᠷᠭᠦᠴᠡᠭ᠌ᠰᠡᠨ᠂ ᠭᠦᠢᠴᠡᠳᠭᠡᠬᠦ᠌᠎ᠡᠴᠡ ᠵᠠᠢᠯᠠᠭ᠍ᠰᠠᠨ ᠵᠡᠷᠭᠡ ᠪᠠᠢᠳᠠᠯ ᠣᠷᠣᠱᠢᠵᠤ ᠪᠠᠢᠪᠠᠯ᠂ ᠠᠷᠠᠳ᠎ᠤᠨ ᠱᠢᠭᠦᠬᠦ᠌ ᠬᠣᠷᠢᠶ᠎ᠠ   ᠢᠲᠠᠬᠡᠯ ᠨᠠᠢᠳᠠᠪᠤᠷᠢ ᠪᠠᠨ ᠠᠯᠳᠠᠭᠰᠠᠨ᠎ᠢ  ᠵᠠᠯᠬᠠᠭᠠᠨ ᠴᠡᠭᠡᠷᠯᠡᠭᠦᠯᠬᠦ᠌᠎ᠶ᠋ᠢ ᠬᠠᠤᠯᠢ ᠶᠣᠰᠣᠭᠠᠷ ᠰᠡᠷᠭᠦᠭᠡᠬᠦ᠌ ᠪᠥᠭᠡᠳ ᠦᠢᠯᠡ ᠪᠠᠢᠳᠠᠯ᠎ᠢ ᠨᠢ ᠦᠵᠡᠵᠦ᠍ ᠪᠠᠢᠭᠠᠳ  ᠬᠠᠤᠯᠢ ᠶᠣᠰᠣᠭᠠᠷ ᠵᠣᠭᠣᠰ᠎ᠢᠶᠠᠷ ᠲᠣᠷᠭᠠᠬᠤ᠂ ᠲᠦᠷ ᠬᠣᠷᠢᠬᠤ ᠴᠢᠨᠠᠭ᠍ᠰᠢᠯᠠᠪᠠᠯ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ  ᠰᠠᠢᠨ ᠰᠠᠨᠠᠭ᠎ᠠ ᠪᠡᠷ ᠪᠣᠯᠪᠠᠰᠤᠨ᠎ᠢᠶᠡᠷ ᠬᠦᠢᠴᠡᠳᠬᠡᠬᠦ ᠤᠢᠯᠠᠭᠠᠬᠲᠠᠬᠤᠨ᠎ᠢ ᠪᠠᠷᠢᠮᠲᠠᠯᠠᠨ ᠲᠤᠭᠤᠰᠢᠯᠠᠭᠤᠯᠵᠤ ᠂ ᠢᠲᠡᠭᠡᠯ ᠨᠠᠢᠳᠠᠪᠤᠷᠢ ᠪᠠᠨ ᠠᠯᠳᠠᠭ᠍ᠰᠠᠨ ᠪᠠ ᠭᠦᠶ᠋ᠴᠡᠳᠭᠡᠬᠦ᠌ ᠴᠢᠳᠠᠪᠤᠷᠢ᠎ᠪᠠᠨ ᠠᠯᠳᠠᠭ᠍ᠰᠠᠨ ᠪᠠᠢᠳᠠᠯ᠎ᠢ ᠴᠢᠩᠭ᠎ᠠ ᠢᠯᠭᠠᠵᠤ᠂ ᠢᠲᠡᠭᠡᠯ ᠨᠠᠢᠳᠠᠪᠤᠷᠢ ᠪᠠᠨ ᠠᠯᠳᠠᠭ᠍ᠰᠠᠤᠨ᠎ᠢ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠪᠣᠯᠭᠣᠮᠵᠢᠲᠠᠶ ᠬᠡᠷᠡᠭ᠌ᠯᠡᠨ᠂ ᠢᠲᠠᠬᠡᠯ ᠨᠠᠢᠳᠠᠪᠤᠷᠢ ᠪᠠᠨ ᠠᠯᠳᠠᠭ᠍ᠰᠠᠨ ᠨᠥᠬᠥᠴᠡᠯ᠎ᠳᠦ ᠨᠡᠢᠴᠡᠬᠦ᠌ ᠭᠦᠶ᠋ᠴᠡᠳᠭᠡᠭ᠌ᠳᠡᠭ᠌ᠴᠢ᠎ᠶ᠋ᠢ ᠬᠠᠪᠰᠤᠷᠤᠨ ᠢᠲᠠᠬᠡᠯ ᠨᠠᠢᠳᠠᠪᠤᠷᠢ ᠵᠢ ᠨᠢ ᠰᠡᠷᠭᠦᠭᠡᠵᠦ ᠦᠭᠪᠡ᠃ ᠡᠨᠡ ᠵᠢᠯ᠎ᠡᠴᠡ ᠨᠠᠭᠠᠰᠢ᠂ ᠪᠥᠬᠥ᠌ ᠣᠷᠣᠨ᠎ᠤ  ᠰᠢᠬᠦᠬᠦ ᠬᠤᠷᠢᠶ᠎ᠠ ᠵᠢᠨ ᠪᠦᠷᠢᠳᠭᠡᠵᠦ ᠪᠢᠳᠡᠬᠦᠮᠵᠢᠯᠡᠭᠰᠡᠨ ᠢᠲᠠᠬᠡᠯ ᠨᠠᠢᠳᠠᠪᠤᠷᠢ ᠪᠠᠨ ᠠᠯᠳᠠᠭ᠍ᠰᠠᠨ ᠭᠦᠶ᠋ᠴᠡᠳᠭᠡᠭ᠌ᠳᠡᠭ᠌ᠴᠢ ᠨᠡᠢᠲᠡ 1.29 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 127.18% ᠎ᠪᠠᠷ ᠨᠡᠮᠡᠭ᠌ᠳᠡᠪᠡ᠃ ᠪᠥᠬᠥ᠌ ᠣᠷᠣᠨ᠎ᠤ ᠱᠢᠭᠦᠬᠦ᠌ ᠬᠣᠷᠢᠶ᠎ᠠ ᠢᠲᠠᠬᠡᠯ ᠨᠠᠢᠳᠠᠪᠤᠷᠢ ᠵᠢᠨ ᠠᠮᠠᠯᠠᠯᠲᠠ  ᠬᠢᠬᠦ ᠪᠠ ᠢᠲᠠᠬᠡᠯ ᠨᠠᠢᠳᠠᠪᠤᠷᠢ ᠵᠢ ᠨᠢ ᠰᠡᠷᠭᠦᠭᠡᠬᠦ᠌ ᠠᠵᠢᠯ᠎ᠢ ᠴᠢᠩᠭ᠎ᠠ ᠵᠢᠷᠤᠮᠵᠢᠭᠤᠯᠵᠤ᠂ ᠵᠠᠷᠭᠤ ᠢᠯᠠᠭ᠍ᠰᠠᠨ ᠠᠪᠴᠠᠭᠠᠲᠠᠨ᠎ᠤ ᠡᠷᠬᠡ ᠠᠱᠢᠭ᠎ᠢ ᠪᠡᠶᠡᠯᠡᠭᠦᠯᠬᠦ᠌᠎ᠶ᠋ᠢᠨ ᠬᠠᠮᠲᠤ ᠭᠦᠶ᠋ᠴᠡᠳᠭᠡᠭ᠌ᠳᠡᠭ᠌ᠴᠢ᠎ᠶ᠋ᠢᠨ ᠡᠷᠬᠡ ᠠᠱᠢᠭ᠎ᠲᠤ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠤ᠂ ᠰᠠᠢᠨ ᠰᠠᠢᠬᠠᠨ ᠢᠲᠠᠬᠡᠯ ᠨᠠᠢᠳᠠᠪᠤᠷᠢ ᠵᠢᠨ ᠣᠷᠴᠢᠨ ᠨᠥᠬᠥᠴᠡᠯ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号