5 ᠰᠠᠷ᠎ᠠ᠎ᠶ᠋ᠢᠨ ᠡᠬᠢ ᠪᠡᠷ᠂ ᠠᠯᠠᠱᠠ ᠪᠠᠷᠠᠭᠤᠨ ᠬᠣᠱᠢᠭᠤᠨ᠎ᠤ ᠵᠠᠩ ᠣᠪᠣᠭ᠍ᠲᠤ 《ᠲᠠᠨ᠎ᠤ ᠰᠠᠭᠤᠭ᠍ᠰᠠᠨ ᠡᠭᠡᠯᠵᠢ᠎ᠶ᠋ᠢᠨ ᠨᠢᠰᠭᠡᠯ ᠲᠤᠰ ᠤᠳᠠᠭ᠎ᠠ ᠨᠢᠰᠴᠤ ᠲᠡᠢᠯᠬᠦ ᠦᠭᠡᠢ ᠪᠤᠯᠪᠠ᠂ ᠴᠠᠭ ᠲᠤᠬᠠᠶ᠎ᠳᠤᠨᠢ ᠦᠢᠯᠡᠴᠢᠯᠡᠭᠴᠢ ᠲᠠᠢ ᠬᠠᠷᠢᠯᠴᠠᠵᠤ ᠪᠢᠯᠧᠲ ᠵᠢᠡᠨ ᠪᠤᠴᠠᠭᠠᠬᠤ ᠪᠤᠶᠤ ᠳᠠᠭᠢᠵᠤ ᠭᠠᠷ ᠭᠦᠢᠴᠡᠳᠭᠡᠯ ᠬᠢᠭᠦ ᠴᠢᠬᠤᠯᠠᠳᠠᠢ᠂ ᠡᠭᠦᠨ᠎ᠡᠴᠡ ᠭᠠᠳᠠᠨ᠎ᠠ ᠠᠶᠠᠨᠴᠢᠨ ᠨᠢᠭᠡ ᠪᠦᠷᠢᠳᠦ 300 ᠲᠥᠭᠥᠷᠢᠭ᠎ᠦᠨ ᠴᠠᠭ᠎ᠢ ᠰᠠᠭᠠᠲᠠᠭᠠᠭ᠍ᠰᠠᠨ ᠮᠥᠩᠭᠥ᠌ ᠳᠥᠯᠥᠵᠦ᠍ ᠥᠭ᠌ᠬᠦᠨ᠎ᠠ》 ᠭᠡᠬᠦ ᠴᠠᠬᠢᠮ ᠮᠡᠳᠡᠭᠡ ᠲᠤᠰᠴᠠᠶ᠃ ᠵᠠᠩ ᠣᠪᠣᠭ᠍ᠲᠤ ᠶᠠᠭ ᠰᠠᠶᠢᠬᠠᠨ ᠲᠤᠰ ᠡᠭᠡᠯᠵᠢ᠎ᠶ᠋ᠢᠨ ᠨᠢᠰᠭᠡᠯ᠎ᠦᠨ ᠪᠢᠯᠧᠲ᠎ᠢ ᠬᠤᠳᠠᠯᠳᠤᠨ ᠠᠪᠤᠭ᠍ᠰᠠᠨ ᠪᠤᠯᠬᠤᠷ᠂ ᠴᠠᠬᠢᠮ ᠮᠡᠳᠡᠭᠡ᠎ᠶ᠋ᠢ ᠣᠯᠤᠭ᠍ᠰᠠᠨ᠎ᠤ ᠳᠠᠷᠠᠭ᠎ᠠ ᠦᠢᠯᠡᠴᠢᠯᠡᠭᠡᠨ᠎ᠦ ᠬᠠᠯᠠᠮᠰᠢᠯ ᠤᠲᠠᠰᠤ᠎ᠶ᠋ᠢ ᠤᠲᠠᠰᠤᠳᠠᠪᠠ᠃ ᠤᠳᠠᠰᠤ ᠳᠤᠰᠤᠬᠰᠠᠨ ᠦᠶ᠋ᠯᠡᠴᠢᠯᠡᠭᠴᠢ ᠡᠴᠡ᠂ ᠡᠬᠡᠯᠵᠢ ᠵᠢᠨ ᠨᠢᠰᠭᠡᠯ ᠰᠠᠭᠠᠲᠠᠭ᠍ᠰᠠᠨ ᠪᠠᠢᠪᠠᠯ ᠪᠠᠩᠬᠢ ᠪᠡᠷ ᠪᠢᠯᠧᠲ ᠬᠤᠳᠠᠯᠳᠤᠨ ᠠᠪᠤᠬᠰᠠᠨ 600 ᠭᠠᠷᠤᠶ ᠲᠥᠭᠥᠷᠢᠭ ᠢ᠋ ᠪᠤᠴᠠᠭᠠᠬᠤ᠎ᠶ᠋ᠢᠨ ᠬᠠᠮᠲᠤ 300 ᠲᠥᠭᠥᠷᠢᠭ ᠤ᠋ᠨ ᠨᠥᠬᠥᠪᠥᠷᠢ ᠮᠥᠩᠭᠥ᠌ ᠦᠭᠭᠦᠨ᠎ᠠ ᠬᠡᠵᠡᠢ᠃ ᠨᠥᠭᠥᠭᠡ ᠡᠲᠡᠭᠡᠳ᠎ᠦᠨ ᠱᠠᠭᠠᠷᠳᠠᠯᠭ᠎ᠠ ᠶᠣᠰᠣᠭᠠᠷ᠂ ᠵᠠᠩ ᠣᠪᠣᠭ᠍ᠲᠤ ᠥᠪᠡᠷ᠎ᠦᠨ ᠪᠠᠩᠬᠢ᠎ᠶ᠋ᠢᠨ ᠲᠠᠩᠰᠠᠨ ᠡᠷᠦᠬᠡ᠎ᠪᠡᠨ ᠬᠠᠩᠭᠠᠵᠦ᠂ ᠭᠠᠷ ᠤᠲᠠᠰᠤᠨ᠎ᠤ ᠪᠠᠩᠬᠢ᠎ᠶ᠋ᠢᠨ ᠤᠨᠳᠤᠤ ᠭᠠᠵᠠᠷ᠎ᠲᠤ ᠮᠡᠳᠡᠭᠡ ᠵᠠᠩᠭᠢ ᠲᠡᠮᠳᠡᠭ᠌ᠯᠡᠭᠦᠯᠦᠭ᠌ᠰᠡᠨ ᠰᠠᠨᠠᠭᠤᠯᠤᠮᠵᠢ᠎ᠶ᠋ᠢ ᠣᠯᠤᠭ᠍ᠰᠠᠨ᠎ᠤ ᠳᠠᠷᠠᠭ᠎ᠠ᠂ ᠮᠥᠨ ᠯᠡ ᠰᠡᠷᠡᠮᠵᠢ ᠠᠪᠤᠬᠰᠠᠨ ᠦᠭᠡᠢ ᠨᠢᠭᠡᠨ ᠰᠦᠯᠵᠢᠶᠡᠨ ᠬᠠᠶᠢᠭ ᠢ᠋ ᠲᠤᠪᠴᠢᠳᠠᠵᠤ᠂ ᠪᠢᠯᠸᠲ ᠠᠪᠤᠬᠰᠠᠨ ᠵᠤᠭᠤᠰ ᠵᠢᠡᠨ ᠪᠤᠴᠠᠭᠠᠬᠤ ᠭᠠᠷᠳᠠᠮ ᠭᠦᠶ᠋ᠴᠡᠳᠭᠡᠪᠡ᠃ ᠭᠠᠷᠳᠠᠮ ᠬᠦᠢᠴᠡᠳᠭᠡᠬᠦ ᠰᠦᠢᠳᠭᠡᠯ ᠲᠤᠰᠢᠶᠠᠬᠤ ᠱᠠᠭᠠᠷᠳᠠᠯᠭ᠎ᠠ ᠪᠡᠷ ᠣᠯᠠᠨ ᠤᠳᠠᠭ᠎ᠠ ᠲᠠᠩᠰᠠ ᠱᠢᠯᠵᠢᠭᠦᠯᠦᠭ᠌ᠰᠡᠨᠦ ᠳᠠᠷᠠᠭ᠎ᠠ᠂ ᠨᠥᠭᠥᠭᠡ ᠡᠲᠡᠭᠡᠳ ᠨᠢ ᠮᠥᠨ ᠯᠡ ᠵᠠᠩ ᠣᠪᠣᠭ᠍ᠲᠤ᠎ᠳᠤ 《ᠭᠠᠷᠳᠡᠮ ᠬᠦᠢᠴᠡᠳᠭᠡᠭᠰᠡᠨ ᠲᠠᠷᠠᠭᠠᠯᠠᠯ ᠨᠢ ᠠᠰᠠᠭᠤᠳᠠᠯ ᠲᠠᠢ》 ᠭᠡᠵᠦ᠍ ᠳᠠᠬᠢᠨ ᠳᠠᠪᠲᠠᠨ ᠮᠡᠳᠡᠭᠳᠡᠵᠦ᠂ ᠦᠷᠭᠦᠯᠵᠢᠯᠡᠨ ᠲᠠᠩᠰᠠ ᠱᠢᠯᠵᠢᠭᠦᠯᠬᠦ᠌ ᠴᠢᠬᠤᠯᠠᠳᠠᠢ ᠭᠡᠪᠡ᠃ ᠡᠨᠡ ᠦᠶ᠎ᠡ᠎ᠳᠦ ᠨᠡᠢᠲᠡ 17 ᠲᠦᠮᠡ ᠭᠠᠷᠤᠶ ᠲᠥᠭᠥᠷᠢᠭ᠎ᠦᠨ ᠲᠠᠩᠰᠠ ᠱᠢᠯᠵᠢᠭᠦᠯᠦᠭ᠌ᠰᠡᠨ ᠵᠠᠩ ᠣᠪᠣᠭ᠍ᠲᠤ ᠰᠠᠶᠢ ᠮᠡᠬᠡᠯᠡᠭ᠌ᠳᠡᠭ᠌ᠰᠡᠨᠢᠶᠡᠨ ᠰᠡᠷᠡᠵᠦ ᠮᠡᠳᠡᠨ᠂ ᠠᠯᠠᠱᠠ ᠪᠠᠷᠠᠭᠤᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠶᠡᠬᠡ ᠠᠩᠭᠢ᠎ᠳᠤ ᠬᠡᠷᠡᠭ ᠮᠡᠳᠡᠭᠦᠯᠵᠦ᠍ ᠲᠤᠰᠠᠯᠠᠮᠵᠢ ᠭᠤᠶᠤᠴᠢᠯᠠᠪᠠ᠃ ᠣᠳᠣᠬᠠᠨ᠎ᠳᠤ ᠲᠤᠰ ᠬᠡᠷᠡᠭ᠎ᠢ ᠴᠢᠨᠠᠬᠰᠢᠳᠠ ᠳᠡᠩᠨᠡᠨ ᠪᠠᠢᠴᠠᠭᠠᠵᠤ ᠪᠤᠢ᠃
ᠠᠷᠠᠳ᠎ᠤᠨ ᠴᠠᠭ᠍ᠳᠠᠭ᠎ᠠ ᠡᠴᠨ᠂ ᠵᠢᠭᠤᠯᠴᠢᠯᠠᠭᠰᠠᠳ ᠪᠠ ᠠᠵᠢᠯ᠎ᠢᠶᠠᠷ ᠭᠠᠳᠠᠭ᠍ᠰᠢ ᠭᠠᠷᠬᠤ ᠬᠦᠮᠦᠰ ᠡᠢᠮᠦᠷᠬᠦᠦ ᠬᠡᠷᠡᠭ ᠲᠸ᠋ ᠠᠮᠠᠷᠬᠠᠨ ᠮᠡᠬᠡᠯᠡᠭ᠌ᠳᠡᠨᠠ᠃ ᠮᠡᠬᠡᠯᠡᠭ᠌ᠴᠢ ᠬᠠᠤᠯᠢ ᠪᠤᠰᠤ ᠠᠷᠭ᠎ᠠ ᠵᠠᠮ᠎ᠢᠶᠠᠷ ᠠᠶᠠᠨᠴᠢᠳ᠎ᠤᠨ ᠪᠢᠯᠧᠲ ᠬᠤᠳᠠᠯᠳᠤᠨ ᠠᠪᠤᠬᠰᠠᠨ ᠮᠡᠳᠡᠭᠡ ᠵᠠᠩᠭᠢ᠎ᠶ᠋ᠢ ᠣᠯᠤᠭ᠍ᠰᠠᠨ᠎ᠤ ᠳᠠᠷᠠᠭ᠎ᠠ᠂ ᠠᠶᠠᠨᠴᠢᠳ᠎ᠲᠤ ᠴᠠᠬᠢᠮ ᠮᠡᠳᠡᠭᠡ ᠶᠠᠪᠤᠭᠤᠯᠵᠤ᠂ ᠡᠭᠡᠯᠵᠢ ᠵᠢᠨ ᠨᠢᠰᠭᠡᠯ ᠨᠢ ᠮᠠᠱᠢᠨ᠎ᠤ ᠰᠠᠭᠠᠳ᠂ ᠴᠠᠭ ᠠᠭᠤᠷ ᠵᠡᠷᠭᠡ ᠱᠢᠯᠲᠠᠭᠠᠨ᠎ᠠᠴᠠ ᠴᠠᠭ ᠲᠠᠭᠠᠨ ᠨᠢᠰᠴᠤ ᠲᠡᠢᠯᠬᠦ ᠦᠭᠡᠢ᠂ ᠪᠢᠯᠸᠲ ᠵᠢᠡᠨ ᠪᠤᠴᠠᠭᠠᠬᠤ ᠪᠤᠶᠤ ᠳᠠᠭᠢᠵᠤ ᠭᠠᠷᠬᠦᠢᠴᠡᠳᠭᠡᠯ ᠬᠢᠬᠦ ᠴᠢᠬᠤᠯᠠᠲᠠᠶ ᠪᠤᠯᠤᠬᠰᠠᠨ ᠪᠥᠭᠡᠳ ᠨᠦᠬᠦᠪᠦᠷᠢ ᠦᠭᠭᠦᠨ᠎ᠠ ᠭᠡᠳᠡᠭ᠃ ᠠᠶᠠᠨᠴᠢᠳ ᠢ᠋ ᠮᠡᠬᠡᠯᠡᠵᠦ᠍ ᠪᠠᠢᠭᠠᠳ ᠪᠠᠩᠬᠢ᠎ᠶ᠋ᠢᠨ ᠺᠠᠷᠲ᠎ᠤᠨ ᠲᠣᠭᠠᠴᠠᠭ᠎ᠠ ᠬᠢᠬᠦ᠌ ᠮᠡᠳᠡᠭᠡ ᠵᠠᠩᠭᠢ᠎ᠶ᠋ᠢ ᠲᠠᠭ᠍ᠯᠠᠭᠤᠯᠵᠤ᠂ ᠡᠭᠦᠨ᠎ᠦ ᠤᠯᠠᠮ᠎ᠠᠴᠠ ᠪᠠᠩᠬᠢ ᠵᠢᠨ ᠵᠤᠭᠤᠰ ᠢ᠋ ᠰᠢᠯᠵᠢᠬᠦᠯᠦᠨ᠎ᠠ᠃ ᠨᠢᠰᠭᠡᠯ᠎ᠦᠨ ᠪᠢᠯᠧᠲ ᠬᠤᠳᠠᠯᠳᠤᠨ ᠠᠪᠬᠤ᠂ ᠵᠤᠭᠤᠰ ᠪᠤᠴᠠᠭᠠᠬᠤ ᠪᠠ ᠳᠠᠭᠢᠵᠤ ᠭᠠᠷ ᠬᠦᠢᠴᠡᠳᠭᠡᠯ ᠬᠢᠬᠦ᠎ᠳᠤ ᠠᠯᠪᠠᠨ᠎ᠤ ᠰᠦᠯᠵᠢᠶ᠎ᠡ᠂ ᠠᠯᠪᠠᠨ᠎ᠤ ᠦᠶ᠋ᠯᠡᠴᠢᠯᠡᠭᠡᠨ᠎ᠦ ᠤᠲᠠᠰᠤ᠂ ᠨᠢᠰᠭᠡᠯ᠎ᠦᠨ ᠪᠢᠯᠧᠲ ᠣᠷᠣᠯᠠᠨ ᠬᠤᠳᠠᠯᠳᠤᠬᠤ ᠭᠠᠵᠠᠷ ᠵᠡᠷᠭᠡ ᠵᠢᠩᠬᠢᠨᠢ ᠠᠷᠭ᠎ᠠ ᠵᠠᠮ᠎ᠢᠶᠠᠷ ᠳᠠᠮᠵᠢᠬᠤ ᠴᠢᠬᠤᠯᠠᠳᠠᠢ᠂ ᠰᠦᠯᠵᠢᠶᠡᠨ ᠳᠡᠭᠡᠷᠡᠬᠢ ᠬᠤᠳᠠᠯ ᠬᠠᠭᠤᠷᠮᠠᠭ ᠮᠡᠳᠡᠭᠡ ᠵᠠᠩᠭᠢ ᠳ᠋ᠤ ᠰᠡᠷᠡᠮᠵᠢ ᠲᠠᠢ ᠪᠠᠢᠵᠤ᠂ ᠲᠠᠨᠢᠯ ᠪᠤᠰᠤ ᠪᠠᠩᠬᠢ᠎ᠶ᠋ᠢᠨ ᠺᠠᠷᠲ᠎ᠲᠤ ᠳᠠᠩᠰᠠ ᠱᠢᠯᠵᠢᠭᠦᠯᠵᠦ ᠪᠤᠯᠬᠤ ᠦᠭᠡᠢ ᠭᠡᠵᠦ ᠰᠠᠨᠠᠭᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号