《ᠢᠳᠡᠬᠡᠮᠵᠢᠳᠤ ᠬᠢᠩᠭᠠᠨ ᠠᠢᠮᠠᠭ》 ᠢᠲᠡᠭᠡᠮᠵᠢ ᠢ᠋ᠢᠨ ᠦᠶ᠋ᠯᠡᠴᠢᠯᠡᠭᠡ ᠢ᠋ᠢ 《ᠭᠠᠷ ᠤᠳᠠᠰᠤᠨ ᠲᠡᠬᠡᠷ᠎ᠡ ᠬᠦᠢᠴᠡᠳᠬᠡᠬᠦ》 ᠢ᠋ᠢ ᠪᠡᠶᠡᠯᠡᠬᠦᠯᠪᠡ
2024-06-05 09:38:38
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

《ᠬᠠᠮᠵᠢᠯᠴᠠᠭᠠᠨ ᠤ᠋ ᠡᠲᠡᠭᠡᠳ᠎ᠲᠦ ᠴᠢᠨᠢ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ ᠪᠠᠢᠬᠤ ᠡᠰᠡᠬᠦ᠌? 》《ᠠᠵᠢᠯᠴᠢᠨ ᠡᠯᠰᠡᠬᠦ᠌ ᠠᠵᠤ ᠠᠬᠤᠢᠯᠠᠯ ᠴᠢᠨᠢ ᠢᠳᠡᠭᠡᠯ ᠨᠠᠢᠳᠠᠪᠤᠷᠢ ᠲᠠᠶ ᠡᠰᠡᠬᠦ?》 《ᠠᠯᠢ ᠠᠯᠢ ᠠᠵᠤ ᠠᠬᠤᠢᠯᠠᠯ᠎ᠨᠢ ᠬᠠᠷ᠎ᠠ ᠲᠠᠩᠰᠠᠨ ᠳ᠋ᠤ᠌ ᠤᠷᠤᠭ᠍ᠰᠠᠨ ?》 ᠁ ᠡᠳᠡᠭᠡᠷ ᠠᠰᠠᠭᠤᠳᠠᠯ ᠢ᠋ ᠬᠤᠷᠤᠭᠤ ᠪᠡᠨ ᠬᠥᠳᠡᠯᠭᠡᠪᠡᠯ ᠬᠠᠷᠢᠭᠤᠯᠲᠠ ᠢ᠋ᠢ ᠤᠯᠴᠢᠬᠠᠨ᠎ᠡ᠃ ᠣᠢᠷ᠎ᠠ ᠳ᠋ᠤ᠌ ᠬᠢᠩᠭᠠᠨ ᠠᠢᠮᠠᠭ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ᠎ᠡᠴᠡ ᠵᠢᠷᠤᠵᠤ ᠲᠥᠯᠥᠪᠯᠡᠵᠦ᠍ ᠨᠡᠭᠡᠭᠡᠨ ᠬᠥᠭ᠌ᠵᠢᠭᠦᠯᠦᠭ᠌ᠰᠡᠨ 《ᠢᠲᠡᠭᠡᠮᠵᠢᠲᠦ ᠬᠢᠩᠭᠠᠨ ᠠᠢᠮᠠᠭ》 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ ᠵᠢᠩᠬᠢᠨᠢ᠎ᠪᠡᠷ ᠠᠰᠢᠬᠯᠠᠯᠳᠡ ᠳ᠋ᠤ᠌ ᠤᠷᠤᠵᠤ᠂ ᠪᠥᠬᠥ᠌ ᠣᠷᠣᠨ᠎ᠤ᠋ ᠢᠳᠡᠬᠡᠮᠵᠢ ᠢ᠋ᠢᠨ ᠮᠡᠳᠡᠬᠡ ᠵᠠᠩᠬᠢ ᠢ᠋ᠢ ᠪᠠᠢᠴᠠᠭᠠᠨ ᠯᠠᠪᠯᠠᠬᠤ ᠱᠢᠯᠵᠢᠮᠡᠯ ᠬᠡᠷᠡᠭ᠌ᠯᠡᠭᠡᠨ᠎ᠦ ᠠᠩᠬᠠᠨ ᠤ᠋ ᠡᠭᠦᠳᠦᠯᠲᠡ ᠪᠣᠯᠤᠭ᠍ᠰᠠᠨ ᠪᠠᠢᠨ᠎ᠠ᠃

《ᠲᠣᠰ ᠪᠢᠴᠢᠯ ᠫᠷᠤᠭ᠌ᠷᠠᠮ᠎ᠨᠢ 〈ᠢᠲᠡᠭᠡᠮᠵᠢᠲᠦ ᠳᠤᠮᠳᠠᠳᠤ ᠤᠯᠤᠰ (ᠬᠢᠩᠭᠠᠨ ᠠᠢᠮᠠᠭ)〉 ᠰᠦᠯᠵᠢᠶ᠎ᠡ᠎ᠳᠦ ᠲᠦᠱᠢᠭ᠌ᠯᠡᠨ ᠠᠵᠤ ᠠᠬᠤᠢᠯᠠᠯ ᠪᠠ ᠨᠡᠢᠭᠡᠮ᠎ᠦᠨ ᠣᠯᠠᠨ ᠨᠡᠢᠲᠡ ᠢ᠋ᠢᠨ ᠴᠠᠭ ᠢᠮᠠᠭ᠍ᠲᠠ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠪᠠᠢᠴᠠᠭᠠᠨ ᠯᠠᠪᠯᠠᠬᠤ ᠳ᠋ᠤ᠌ ᠲᠥᠬᠥᠮ ᠦᠵᠡᠭᠦᠯᠵᠦ᠍᠂ ᠬᠢᠩᠭᠠᠨ ᠠᠢᠮᠠᠭ ᠤ᠋ᠨ ᠴᠣᠷ ᠤ᠋ᠨ ᠭᠠᠭ᠍ᠴᠠ ᠢᠲᠡᠭᠡᠮᠵᠢ ᠢ᠋ᠢᠨ ᠮᠡᠳᠡᠬᠡ ᠵᠠᠩᠬᠢ ᠢ᠋ᠢ ᠪᠠᠢᠴᠠᠭᠠᠨ ᠯᠠᠪᠯᠠᠬᠤ ᠱᠢᠯᠵᠢᠮᠡᠯ ᠬᠡᠷᠡᠭ᠌ᠯᠡᠭᠡᠨ ᠪᠤᠯᠵᠡᠢ》 ᠬᠡᠵᠤ ᠬᠢᠩᠭᠠᠨ ᠠᠢᠮᠠᠭ ᠤ᠋ᠨ ᠬᠥᠭ᠌ᠵᠢᠭᠦᠯᠦᠯᠲᠡ ᠪᠡ ᠥᠭᠡᠷᠡᠴᠢᠯᠡᠯᠲᠡ ᠢ᠋ᠢᠨ ᠵᠥᠪᠯᠡᠯ᠎ᠦᠨ ᠡᠳ᠋᠎ᠦᠨ ᠵᠠᠰᠠᠭ ᠠᠷᠠᠯᠵᠢᠶ᠎ᠠ ᠭᠠᠳᠠᠭᠠᠳᠤ ᠪᠠᠯᠠ ᠢ᠋ᠢᠨ ᠰᠠᠯᠠᠭᠠᠨ ᠤ᠋ ᠬᠠᠷᠢᠭᠤᠴᠠᠯᠭᠠᠲᠠᠨ ᠰᠦᠨ ᠺᠸ ᠱᠢᠨ ᠲᠠᠨᠢᠯᠴᠠᠭᠤᠯᠤᠯ᠎ᠠ᠃ ᠲᠠᠷᠠ᠂ ᠢᠲᠡᠭᠡᠮᠵᠢ᠎ᠲᠡᠶ ᠪᠠᠢᠬᠤ ᠢ᠋ᠢ ᠵᠥᠪ ᠴᠢᠭ᠌ᠯᠡᠯ ᠢ᠋ᠢᠡᠷ ᠤᠷᠮᠠᠱᠢᠭᠤᠯᠬᠤ ᠦᠶ᠋ᠯᠡᠳᠦᠯ ᠢ᠋ ᠪᠠᠳᠠᠷᠠᠭᠤᠯᠵᠤ᠂ ᠢᠲᠡᠭᠡᠮᠵᠢ᠎ᠪᠡᠷ ᠬᠤᠪᠢ ᠬᠥᠮᠦᠨ ᠪᠠ ᠠᠵᠤ ᠠᠬᠤᠢᠯᠠᠯ ᠳ᠋ᠤ᠌ ᠦᠨ᠎ᠡ ᠥᠷᠲᠡᠭ ᠬᠦᠷᠳᠡᠬᠡᠬᠦ ᠶ᠋ᠢᠨ ᠲᠥᠯᠥᠭᠡ ᠣᠳᠣᠬᠠᠨ ᠳ᠋ᠤ᠌ 《ᠢᠲᠡᠭᠡᠮᠵᠢᠲᠦ ᠬᠢᠩᠭᠠᠨ ᠠᠢᠮᠠᠭ》 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ ᠢ᠋ ᠨᠢᠭᠡᠨᠲᠡ 《ᠢᠲᠡᠭᠡᠮᠵᠢᠲᠦ ᠳᠤᠮᠳᠠᠳᠤ ᠤᠯᠤᠰ》 ᠤ᠋ᠨ ᠰᠦᠯᠵᠢᠶᠡᠨ ᠥᠷᠲᠡᠭᠡ᠎ᠲᠡᠶ ᠵᠤᠯᠭᠠᠭᠤᠯᠵᠤ᠂ ᠪᠥᠬᠥ᠌ ᠤᠯᠤᠰ ᠤ᠋ᠨ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ ᠨᠢᠭᠡ ᠥᠷᠲᠡᠭᠡᠴᠢᠯᠡᠭᠰᠡᠨ ᠮᠠᠶᠢᠭ ᠤ᠋ᠨ ᠪᠠᠢᠴᠠᠭᠠᠨ ᠯᠠᠪᠯᠠᠬᠤ ᠪᠠ ᠨᠢᠭᠡ ᠴᠣᠭ᠍ᠴᠠᠵᠢᠭᠤᠯᠤᠭ᠍ᠰᠠᠨ ᠬᠡᠷᠡᠭ᠌ᠯᠡᠯᠲᠡ ᠢ᠋ᠢ ᠪᠡᠶᠡᠯᠡᠭᠦᠯᠵᠦ᠍᠂ ᠢᠲᠡᠭᠡᠮᠵᠢ ᠢ᠋ᠢᠨ ᠲᠠᠩᠰᠠ ᠡᠪᠬᠡᠮᠡᠯ᠎ᠦᠨ ᠪᠦᠷᠬᠦᠴᠡ ᠢ᠋ᠢᠨ ᠨᠣᠷᠮ᠎ᠠ ᠢ᠋ᠢ 100%᠎ᠳ᠋ᠤ ᠬᠦᠷᠭᠡᠪᠡ ᠬᠡᠯ᠎ᠡ᠃

《ᠢᠲᠡᠭᠡᠮᠵᠢᠲᠦ ᠬᠢᠩᠭᠠᠨ ᠠᠢᠮᠠᠭ》 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ ᠢ᠋ ᠲᠣᠪᠴᠢᠳᠠᠪᠠᠯ ᠲᠦᠷᠦᠭᠦᠦ ᠨᠢᠭᠤᠷ ᠲᠦ᠍ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠪᠠᠢᠴᠠᠭᠠᠨ ᠯᠠᠪᠯᠠᠬᠤ᠂ ᠬᠠᠮᠲᠤᠷᠠᠨ ᠱᠠᠩᠨᠠᠵᠤ ᠲᠣᠷᠭᠠᠬᠤ᠂ ᠢᠲᠡᠭᠡᠮᠵᠢ ᠢ᠋ᠢᠨ ᠬᠥᠳᠡᠯᠦᠩᠭᠦᠶ ᠪᠠᠢᠳᠠᠯ᠂ ᠱᠠᠩᠨᠠᠵᠤ ᠲᠤᠷᠭᠠᠭᠰᠠᠨ ᠬᠡᠷᠡᠭ᠎ᠦᠨ ᠵᠢᠱ᠌ᠢᠶ᠎ᠡ᠂ ᠢᠲᠡᠭᠡᠮᠵᠢ ᠢ᠋ᠢᠨ ᠠᠮᠠᠯᠠᠯᠲᠠ᠂ ᠲᠥᠷᠥ ᠢ᠋ᠢᠨ ᠪᠣᠳᠣᠯᠭ᠎ᠠ ᠬᠠᠤᠯᠢ ᠲᠣᠭ᠍ᠲᠠᠭᠠᠯ᠂ ᠢᠲᠡᠭᠡᠮᠵᠢ ᠢ᠋ᠢ ᠵᠠᠰᠠᠨ ᠰᠡᠷᠭᠦᠭᠡᠬᠦ᠌᠂ ᠰᠦᠯᠵᠢᠶᠡᠨ ᠳᠡᠭᠡᠷ᠎ᠡ ᠦᠭᠡ ᠦᠯᠡᠳᠡᠭᠡᠬᠦ᠌ ᠵᠡᠷᠭᠡ ᠴᠢᠳᠠᠮᠵᠢ ᠢ᠋ᠢᠨ ᠪᠤᠯᠤᠡᠭ ᠲᠤᠳᠤᠷᠠᠨ᠎ᠠ᠃ ᠠᠵᠤ ᠠᠬᠤᠢᠯᠠᠯ᠎ᠤᠨ ᠬᠢᠨ ᠪᠠ ᠣᠯᠠᠨ ᠲᠦᠮᠡᠨ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠪᠠᠢᠴᠠᠭᠠᠨ ᠯᠠᠪᠯᠠᠬᠤ ᠴᠢᠳᠠᠮᠵᠢ ᠪᠡᠷ ᠳᠠᠮᠵᠢᠭᠤᠯᠤᠨ ᠪᠥᠬᠥ᠌ ᠤᠯᠤᠰ ᠤ᠋ᠨ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠪᠠᠢᠴᠠᠭᠠᠨ ᠯᠠᠪᠯᠠᠵᠤ ᠪᠣᠯᠬᠤ ᠪᠥᠭᠡᠳ ᠰᠦᠯᠵᠢᠶᠡᠨ ᠳᠡᠭᠡᠷ᠎ᠡ ᠨᠡᠢᠭᠡᠮ᠎ᠦᠨ ᠢᠲᠡᠭᠡᠮᠵᠢ ᠢ᠋ᠢᠨ ᠪᠠᠢᠳᠠᠯ ᠢ᠋ ᠪᠠᠢᠴᠠᠭᠠᠨ ᠯᠠᠪᠯᠠᠬᠤ ᠳ᠋ᠤ᠌ ᠲᠤᠭ᠎ᠠ ᠶ᠋ᠢ ᠬᠢᠵᠠᠭᠠᠷᠯᠠᠬᠤ ᠥᠬᠡᠶ᠂ ᠰᠦᠶ᠋ᠳᠭᠡᠯ ᠬᠤᠷᠢᠶᠠᠬᠤ ᠥᠬᠡᠶ᠂ ᠴᠠᠭ ᠪᠠ ᠭᠠᠵᠠᠷ ᠲᠦ᠍ ᠬᠢᠵᠠᠭᠠᠷᠯᠠᠭ᠍ᠳᠠᠬᠤ ᠥᠬᠡᠶ ᠪᠠᠢᠵᠤ᠂ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ 《ᠴᠢᠯᠦᠬᠡᠳᠡᠢ ᠪᠡᠷ ᠪᠠᠢᠴᠠᠭᠠᠬᠤ᠂ ᠴᠠᠭ ᠲᠤᠬᠠᠶ ᠳ᠋ᠤᠨᠢ ᠪᠠᠢᠴᠠᠭᠠᠬᠤ》 ᠨᠡᠢᠭᠡᠮ᠎ᠦᠨ ᠢᠲᠡᠭᠡᠮᠵᠢ ᠢ᠋ᠢᠨ ᠮᠡᠳᠡᠬᠡ ᠵᠠᠩᠬᠢ ᠢ᠋ᠢᠨ ᠮᠡᠳᠡᠬᠦᠯᠦᠯᠳᠡ ᠢ᠋ᠢ ᠪᠠᠢᠴᠠᠭᠠᠨ ᠯᠠᠪᠯᠠᠬᠤ ᠱᠠᠭᠠᠷᠳᠠᠯᠭ᠎ᠠ ᠢ᠋ᠢ ᠬᠠᠨᠭᠭᠠᠪᠠ᠃

ᠣᠢᠷ᠎ᠠ ᠳ᠋ᠤ᠌ ᠬᠢᠩᠭᠠᠨ ᠠᠢᠮᠠᠭ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ᠎ᠦᠨ ᠴᠠᠬᠢᠯᠭᠠᠨ ᠬᠦᠴᠦᠨ᠎ᠦ ᠲᠥᠯᠥᠪᠵᠢᠭᠦᠯᠭᠡ ᠢ᠋ᠢᠨ ᠰᠠᠯᠠᠭᠠᠨ ᠤ᠋ ᠠᠵᠢᠯᠲᠠᠨ ᠨᠢ ᠵᠥᠩ ᠭᠤᠸᠠᠩ ᠾᠧ ᠬᠢᠩᠭᠠᠨ ᠠᠢᠮᠠᠭ ᠤ᠋ᠨ 200 ᠲᠦᠮᠡᠨ ᠺᠢᠯᠦᠸᠠᠲ ᠤ᠋ᠨ ᠰᠠᠯᠬᠢᠨ ᠬᠦᠴᠦᠨ᠎ᠦ ᠴᠠᠬᠢᠯᠭᠠᠨ ᠤᠰᠤᠲᠥ᠋ᠷᠥᠭ᠌ᠴᠢ ᠤᠢᠯᠡᠳᠬᠦ ᠢ᠋ᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ ᠢ᠋ ᠭᠤᠶᠤᠴᠢᠯᠠᠨ ᠮᠡᠳᠡᠭᠦᠯᠬᠦ ᠡᠴᠡ ᠡᠮᠦᠨ᠎ᠡ 《ᠢᠲᠡᠭᠡᠮᠵᠢᠲᠦ ᠬᠢᠩᠭᠠᠨ ᠠᠢᠮᠠᠭ》 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ ᠢ᠋ᠢᠡᠷ ᠳᠠᠮᠵᠢᠭᠤᠯᠤᠨ ᠠᠵᠤ ᠠᠬᠤᠢᠯᠠᠯ ᠤ᠋ᠨ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠪᠠᠢᠴᠠᠭᠠᠨ ᠯᠠᠪᠯᠠᠵᠤ᠂ ᠲᠣᠰ ᠠᠵᠤ ᠠᠬᠤᠢᠯᠠᠯ᠎ᠨᠢ ᠬᠡᠪ ᠤ᠋ᠨ ᠪᠤᠰᠤ ᠢᠲᠡᠭᠡᠮᠵᠢ᠎ᠠᠯᠳᠠᠭᠰᠠᠨ ᠲᠡᠮᠳᠡᠭ᠌ᠯᠡᠯ ᠪᠠᠢᠬᠤ᠎ᠦᠬᠡᠢ ᠢ᠋ᠢ ᠪᠠᠢᠴᠠᠭᠠᠵᠤ ᠤᠯᠤᠭᠰᠠᠨ ᠤ᠋ ᠳᠠᠷᠠᠭ᠎ᠠ ᠭᠤᠶᠤᠴᠢᠯᠠᠨ ᠮᠡᠳᠡᠭᠦᠯᠪᠡ᠃ 《ᠪᠢᠳᠡ ᠲᠥᠷᠥᠯ ᠵᠦᠶ᠋ᠯ ᠢ᠋ ᠲᠣᠭ᠍ᠲᠠᠭᠠᠬᠤ᠎ᠠᠴᠠ ᠡᠮᠦᠨ᠎ᠡ ᠤᠷᠢᠳᠠᠪᠠᠷ ᠴᠥᠮ ᠠᠵᠤ ᠠᠬᠤᠢᠯᠠᠯ ᠤ᠋ᠨ ᠢᠲᠡᠭᠡᠮᠵᠢ ᠢ᠋ᠢᠨ ᠪᠠᠢᠳᠠᠯ ᠢ᠋ ᠪᠠᠢᠴᠠᠭᠠᠨ ᠯᠠᠪᠯᠠᠵᠤ᠂ ᠠᠵᠤ ᠠᠬᠤᠢᠯᠠᠯ ᠤ᠋ᠨ ᠢᠲᠡᠭᠡᠮᠵᠢ ᠢ᠋ᠢᠨ ᠱᠢᠯᠲᠠᠭᠠᠨ᠎ᠠᠴᠠ ᠪᠣᠯᠵᠣ ᠲᠥᠷᠥᠯ ᠵᠦᠶ᠋ᠯ ᠢ᠋ ᠬᠢᠨᠠᠨ ᠵᠥᠪᠱᠢᠶᠡᠷᠡᠬᠦ᠌ ᠠᠬᠢᠴᠠ ᠢ᠋ᠢ ᠨᠥᠯᠥᠭᠡᠯᠡᠬᠦ ᠡᠴᠡ ᠵᠠᠢᠯᠠᠰᠭᠢᠳᠡᠭ᠂ ᠡᠢᠮᠦ ᠡᠴᠡ ᠪᠢᠳᠡ ᠠᠵᠢᠯ ᠤ᠋ᠨ ᠳᠤᠮᠳᠠ ᠪᠡᠨ ᠦᠷᠭᠦᠯᠵᠢ 〈ᠢᠲᠡᠭᠡᠮᠵᠢᠲᠦ ᠬᠢᠩᠭᠠᠨ ᠠᠢᠮᠠᠭ〉 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ ᠢ᠋ ᠬᠡᠷᠡᠭ᠌ᠯᠡᠳᠡᠭ᠂ ᠲᠡᠷᠡ᠎ᠨᠢ ᠠᠵᠤ ᠠᠬᠤᠢᠯᠠᠯ ᠤ᠋ᠨ ᠢᠲᠡᠭᠡᠮᠵᠢ ᠢ᠋ᠢᠨ ᠮᠡᠳᠡᠭᠡ ᠵᠠᠩᠭᠢ ᠢ᠋ᠢ ᠴᠠᠭ ᠢᠮᠠᠭ᠍ᠲᠠ ᠪᠠᠢᠴᠠᠭᠠᠨ ᠯᠠᠪᠯᠠᠵᠤ ᠪᠤᠯᠬᠤ ᠡᠴᠡ ᠲᠤᠢᠯ ᠤ᠋ᠨ ᠲᠥᠬᠥᠮ ᠪᠠᠢᠳᠠᠭ! 》 ᠭᠡᠵᠦ᠍ ᠬᠢᠩᠭᠠᠨ ᠠᠢᠮᠠᠭ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ᠎ᠦᠨ ᠴᠠᠬᠢᠯᠭᠠᠨ ᠬᠦᠴᠦᠨ᠎ᠦ ᠲᠥᠯᠥᠪᠵᠢᠭᠦᠯᠭᠡ ᠢ᠋ᠢᠨ ᠰᠠᠯᠠᠭᠠᠨ ᠤ᠋ ᠺᠠᠳ᠋ᠷ ᠼᠤᠤ ᠤᠷᠭᠤᠭ᠎ᠠ ᠬᠡᠯᠡᠨ᠎ᠡ᠃

《〈ᠢᠲᠡᠭᠡᠮᠵᠢᠲᠦ ᠬᠢᠩᠭᠠᠨ ᠠᠢᠮᠠᠭ〉 ᠤ᠋ᠨ ᠵᠢᠷᠬᠢᠶ᠎ᠡ ᠢ᠋ᠢᠨ ᠪᠢᠴᠢᠯ ᠫᠷᠤᠭ᠌ᠷᠠᠮ᠎ᠨᠢ ᠠᠵᠤ ᠠᠬᠤᠢᠯᠠᠯ᠂ ᠨᠡᠢᠭᠡᠮ ᠨᠡᠢᠲᠡ ᠢ᠋ᠢᠨ ᠪᠠᠢᠴᠠᠭᠠᠨ ᠯᠠᠪᠯᠠᠵᠤ ᠬᠡᠷᠡᠭ᠌ᠯᠡᠬᠦ ᠳ᠋ᠤ᠌ ᠲᠥᠬᠥᠮ ᠦᠵᠡᠭᠦᠯᠦᠭ᠌ᠰᠡᠨ ᠢ᠋ᠢᠡᠷ ᠪᠠᠷᠠᠬᠤ ᠥᠬᠡᠶ ᠪᠠᠰᠠ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ᠎ᠦᠨ ᠠᠵᠤ ᠠᠬᠤᠢᠯᠠᠯ ᠤ᠋ᠨ ᠢᠲᠡᠭᠡᠮᠵᠢ ᠢ᠋ᠢᠨ ᠪᠠᠢᠳᠠᠯ ᠢ᠋ ᠪᠠᠢᠴᠠᠭᠠᠨ ᠯᠠᠪᠯᠠᠬᠤ ᠳ᠋ᠤ᠌ ᠲᠤᠢᠯ ᠤ᠋ᠨ ᠶᠡᠬᠡ ᠲᠥᠬᠥᠮ ᠦᠵᠡᠭᠦᠯᠪᠡ》 ᠬᠡᠵᠤ ᠬᠢᠩᠭᠠᠨ ᠠᠢᠮᠠᠭ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ᠎ᠦᠨ ᠳᠡᠳ᠋ ᠡᠷᠬᠢᠯᠡᠭ᠌ᠴᠢ ᠯᠢᠦ ᠶᠠᠩ ᠬᠡᠯᠡᠨ᠎ᠡ᠃ ᠲᠡᠷᠡ᠂ 《ᠢᠲᠡᠭᠡᠮᠵᠢᠲᠦ ᠬᠢᠩᠭᠠᠨ ᠠᠢᠮᠠᠭ》 ᠵᠢᠷᠬᠢᠶ᠎ᠡ ᠢ᠋ᠢᠨ ᠪᠢᠴᠢᠯ ᠫᠷᠤᠭ᠌ᠷᠠᠮ ᠨᠢ ᠤᠭ᠍ᠰᠠᠷᠠᠬᠤ ᠴᠢᠬᠤᠯᠠ ᠥᠬᠡᠶ᠂ ᠪᠠᠭᠤᠯᠭᠠᠬᠤ ᠴᠢᠬᠤᠯᠠ ᠥᠬᠡᠶ᠂ ᠲᠦᠬᠦᠮ ᠣᠨᠴᠠᠯᠢᠭ ᠢ᠋ ᠠᠱᠢᠭ᠍ᠯᠠᠨ ᠢᠲᠡᠭᠡᠮᠵᠢ ᠢ᠋ᠢᠨ ᠮᠡᠳᠡᠭᠡ ᠵᠠᠩᠭᠢ ᠢ᠋ᠢᠨ ᠦᠶ᠋ᠯᠡᠴᠢᠯᠡᠭᠡᠨ᠎ᠦ ᠵᠦᠶ᠋ᠯᠡᠰ ᠢ᠋ ᠱᠢᠯᠵᠢᠶ᠎ᠠ ᠦᠵᠦᠭᠦᠷᠯᠢᠭ ᠲᠡᠢᠰᠢ ᠤᠷᠲᠤᠳᠭᠠᠵᠤ᠂ ᠨᠡᠢᠭᠡᠮ ᠨᠡᠢᠲᠡ ᠢ᠋ᠢᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠢᠲᠡᠭᠡᠮᠵᠢ ᠢ᠋ᠢᠨ ᠮᠡᠳᠡᠬᠡ ᠵᠠᠩᠭᠢ ᠢ᠋ᠢ ᠪᠠᠢᠴᠠᠭᠠᠨ ᠯᠠᠪᠯᠠᠬᠤ ᠬᠡᠷᠡᠭ᠌ᠴᠡᠭᠡ ᠢ᠋ᠢ ᠬᠠᠩᠭᠠᠵᠤ᠂ ᠢᠲᠡᠭᠡᠮᠵᠢ ᠢ᠋ᠢᠨ ᠤᠢᠯᠡᠴᠢᠯᠡᠬᠡ ᠢ᠋ᠢ 《ᠭᠠᠷ ᠤᠳᠠᠰᠤᠨ ᠲᠡᠬᠡᠷ᠎ᠡ ᠬᠦᠢᠴᠡᠳᠬᠡᠬᠦ》 ᠢ᠋ᠢ ᠦᠨᠡᠨ ᠬᠦ᠌ ᠪᠡᠶᠡᠯᠡᠭᠦᠯᠪᠡ ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号