《ᠳᠤᠯᠤᠭ᠎ᠠ ᠳ᠋ᠤ ᠠᠡᠭᠬᠠᠷᠤᠯ ᠢ᠋ᠢᠡᠨ ᠲᠦᠪᠯᠡᠷᠡᠭᠦᠯᠵᠤ》 ᠪᠥᠬᠥ᠌ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ
2024-07-10 10:12:41
ᠵᠣᠬᠢᠶᠠᠭ᠍ᠴᠢ᠄
ᠬᠤᠤ ᠵᠢᠶᠠ ᠯᠢ᠂ ᠭᠤᠤ ᠬᠤᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠲᠤᠰᠭᠠᠢ ᠠᠬᠢᠭᠤᠯᠬᠤ ᠳᠤᠭᠤᠢᠯᠠᠩ ᠡᠴᠡ ᠣᠢᠯᠠᠭᠠᠭ᠍ᠰᠠᠨ ᠵᠢᠡᠷ᠂ ᠮᠠᠨ ᠤ᠋ ᠣᠷᠣᠨ 《ᠳᠤᠯᠤᠭ᠎ᠠ ᠳ᠋ᠤ ᠠᠡᠭᠬᠠᠷᠤᠯ ᠢ᠋ᠢᠡᠨ ᠲᠥᠪᠯᠡᠷᠡᠭᠦᠯᠬᠦ᠌》 ᠲᠣᠭᠣᠷᠢᠨ ᠳ᠋ᠤ ᠪᠦᠬᠦ᠌ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠠᠵᠢᠯ ᠢ᠋ ᠬᠦᠨᠵᠡᠭᠡᠢᠷᠡᠭᠦᠯᠦᠨ ᠪᠣᠳᠠᠲᠠᠢᠵᠢᠭᠤᠯᠵᠤ᠂ ᠬᠠᠷᠢᠭᠤᠴᠠᠯᠭᠠᠲᠤ ᠵᠠᠰᠠᠭ ᠤ᠋ᠨ ᠣᠷᠳᠣᠨ᠂ ᠢᠯᠡ ᠲᠤᠳᠤ ᠵᠠᠰᠠᠭ ᠤ᠋ᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤ᠋ᠨ ᠣᠷᠳᠣᠨ ᠢ᠋ ᠪᠦᠬᠦ᠌ ᠬᠦᠴᠦ᠍ ᠪᠡᠷ ᠵᠢᠡᠨ ᠪᠠᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠦᠷᠭᠦᠯᠵᠢᠯᠡᠨ ᠱᠢᠯᠢᠳᠡᠭ᠌ᠵᠢᠭᠦᠯᠪᠠ᠃

ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠲᠤᠰᠭᠠᠶ ᠠᠬᠢᠭᠤᠯᠬᠤ ᠳᠤᠭᠤᠢᠯᠠᠩ ᠤ᠋ᠨ ᠬᠢᠨ ᠨᠢᠭᠡᠳᠦᠯᠲᠡᠶ ᠲᠥᠯᠥᠪᠵᠢᠭᠦᠯᠵᠤ ᠬᠠᠮᠲᠤᠷᠠᠯ ᠬᠦᠴᠦᠨ ᠢ᠋ ᠴᠢᠩᠭᠠᠳᠬᠠᠬᠤ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠲᠦᠷᠢᠮ ᠲᠣᠭ᠍ᠲᠠᠴᠠ ᠢ᠋ᠢ ᠴᠢᠨᠠᠬᠰᠢᠳᠠ ᠪᠦᠷᠢᠨᠱᠢᠭᠦᠯᠦᠨ ᠲᠡᠭᠦᠯᠳᠡᠷᠵᠢᠭᠦᠯᠵᠦ᠍᠂ 《ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠢᠨᠵᠧᠨᠧᠷᠢᠩ ᠤ᠋ᠨ ᠡᠭᠦᠷᠭᠡ ᠢ᠋ᠢᠨ ᠨᠠᠷᠢᠨ ᠳᠠᠡᠭᠰᠠ》 ᠶ᠋ᠢᠨ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ 14 ᠵᠦᠶ᠋ᠯ ᠤ᠋ᠨ ᠭᠤᠤᠯᠳᠠᠯᠭ᠎ᠠ ᠲᠠᠢ ᠡᠭᠦᠷᠭᠡ ᠢ᠋ᠢ 46 ᠵᠦᠶ᠋ᠯ ᠤ᠋ᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠨᠠᠷᠢᠯᠢᠬ᠍ᠵᠢᠭᠤᠯᠤᠨ ᠬᠤᠪᠢᠶᠠᠷᠢᠯᠠᠪᠠ; ᠰᠠᠯᠠᠭ᠎ᠠ ᠮᠥᠴᠢᠷ ᠤ᠋ᠨ ᠬᠠᠷᠢᠭᠤᠴᠠᠯᠭ᠎ᠠ ᠢ᠋ᠢ ᠱᠠᠲᠤ ᠱᠠᠲᠤ ᠪᠠᠷ ᠪᠣᠳᠠᠲᠠᠢᠵᠢᠭᠤᠯᠵᠤ᠂ ᠭᠠᠵᠠᠷ ᠣᠷᠣᠨ ᠬᠣᠯᠪᠣᠭᠠᠯᠠᠨ ᠬᠥᠳᠡᠯᠦᠯᠴᠡᠬᠦ᠌᠂ ᠰᠠᠯᠠᠭ᠎ᠠ ᠮᠥᠴᠢᠷ ᠬᠠᠮᠵᠢᠯᠴᠠᠨ ᠵᠡᠷᠭᠡ ᠪᠡᠷ ᠠᠳᠭᠤᠵᠤ ᠬᠠᠮᠲᠤ ᠪᠠᠷ ᠬᠠᠮᠢᠶᠠᠷᠬᠤ ᠠᠵᠢᠯ ᠤ᠋ᠨ ᠪᠠᠢᠷᠢᠱᠢᠯ ᠢ᠋ ᠪᠠᠢᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠵᠤ ᠰᠠᠭᠤᠷᠢ ᠢ᠋ᠢ ᠪᠡᠬᠢᠵᠢᠭᠦᠯᠬᠦ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠪᠥᠬᠥ᠌ ᠣᠷᠣᠨ ᠳ᠋ᠤ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠭᠤᠷᠪᠠᠨ ᠵᠢᠯ ᠤ᠋ᠨ ᠠᠵᠢᠯᠯᠠᠭᠠᠨ ᠤ᠋ ᠲᠥᠯᠥᠪᠯᠡᠭᠡ ᠢ᠋ᠢ ᠭᠦᠨᠵᠡᠭᠡᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠲᠣᠰ ᠱᠠᠲᠤᠨ ᠤ᠋ 1431 ᠵᠦᠶ᠋ᠯ ᠤ᠋ᠨ ᠬᠠᠤᠯᠢ ᠬᠡᠷᠡᠭ᠌ᠵᠢᠭᠦᠯᠬᠦ᠌ ᠵᠦᠶ᠋ᠯ ᠤ᠋ᠨ ᠨᠠᠷᠢᠨ ᠲᠠᠩᠰᠠ ᠢ᠋ᠢ ᠲᠣᠳᠣᠷᠬᠠᠢᠯᠠᠪᠠ; ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ ᠢ᠋ᠢ ᠵᠣᠬᠢᠴᠠᠭᠤᠯᠤᠨ ᠬᠢᠨᠠᠯᠲᠠ ᠲᠠᠯᠪᠢᠬᠤ ᠡᠷᠴᠢᠮ᠎ᠢ᠋ ᠴᠢᠩᠭᠠᠷᠠᠭᠤᠯᠤᠨ᠂ ᠵᠠᠰᠠᠭ ᠵᠠᠬᠢᠷᠭᠠᠨ ᠤ᠋ ᠵᠢᠷᠤᠮᠵᠢᠯ ᠤ᠋ᠨ ᠴᠢᠨᠠᠷᠲᠠᠶ ᠪᠢᠴᠢᠭ ᠮᠠᠲ᠋ᠧᠷᠢᠶᠠᠯ ᠢ᠋ ᠳᠡᠩᠰᠡᠯᠡᠵᠦ᠍ ᠬᠢᠨᠠᠨ ᠪᠠᠢᠴᠠᠭᠠᠬᠤ ᠪᠠ ᠴᠡᠪᠡᠷᠯᠡᠬᠦ ᠠᠵᠢᠯ ᠢ᠋ ᠴᠢᠩᠭ᠎ᠠ ᠥᠷᠨᠢᠭᠦᠯᠵᠦ᠍᠂ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ ᠢ᠋ᠢ ᠴᠡᠪᠡᠷᠯᠡᠵᠦ ᠨᠤᠲᠠᠯᠠᠨ ᠲᠣᠭ᠍ᠲᠠᠭᠠᠪᠠ᠃ ᠢᠲᠡᠭᠡᠮᠵᠢ ᠠᠯᠳᠠᠭ᠍ᠰᠠᠨ ᠢ᠋ ᠴᠡᠭ᠌ᠴᠡᠯᠡᠨ ᠵᠠᠰᠠᠬᠤ ᠳᠤᠲᠠᠭᠤᠳᠠᠯ ᠢ᠋ ᠨᠥᠬᠥᠪᠥᠷᠢᠯᠡᠬᠦ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌ ᠲᠠᠪᠴᠠᠩ ᠢ᠋ ᠨᠡᠢᠳᠬᠡᠵᠦ᠂ 《ᠥᠪᠥᠷ ᠮᠣᠩᠭᠣᠯ ᠤ᠋ᠨ ᠠᠵᠤ ᠠᠬᠤᠢᠯᠠᠯ᠎ᠤ᠋ᠨ ᠭᠠᠷ ᠠᠪᠤᠯᠭ᠎ᠠ》᠂ 12345 ᠬᠠᠯᠠᠮᠱᠢᠯ ᠤᠲᠠᠰᠤ᠂ 96888 ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ ᠤ᠋ᠨ ᠦᠶ᠋ᠯᠡᠴᠢᠯᠡᠭᠡᠨ ᠤ᠋ ᠬᠠᠯᠠᠮᠱᠢᠯ ᠤᠲᠠᠰᠤ᠂ ᠳᠤᠮᠳᠠ ᠪᠠᠭ᠎ᠠ ᠠᠵᠤ ᠠᠬᠤᠢᠯᠠᠯ ᠤ᠋ᠨ ᠥᠷᠢ ᠱᠢᠷᠢ ᠢ᠋ᠢ ᠰᠢᠢᠳᠪᠦᠷᠢᠯᠡᠬᠦ ᠲᠠᠪᠴᠠᠩ ᠤ᠋ᠨ ᠲᠣᠭ᠎ᠠ ᠪᠠᠷᠢᠮᠲᠠ ᠢ᠋ᠢ ᠪᠦᠲᠦᠮᠵᠢᠲᠡᠶ ᠴᠤᠭ᠍ᠯᠠᠭᠤᠯᠬᠤ ᠢ᠋ᠢ ᠪᠡᠶᠡᠯᠡᠭᠦᠯᠪᠠ; ᠪᠥᠬᠥ᠌ ᠣᠷᠣᠨ ᠤ᠋ 123 ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠲᠦ᠍ ᠴᠥᠮ 《ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠵᠠᠭᠠᠯᠳᠤᠯᠭ᠎ᠠ》 ᠢ᠋ᠢᠨ ᠴᠣᠩᠬᠣᠪᠴᠢ ᠭᠠᠷᠭᠠᠪᠠ; ᠵᠠᠰᠠᠭ ᠤ᠋ᠨ ᠶᠠᠪᠤᠳᠠᠯ ᠤ᠋ᠨ ᠢᠲᠡᠭᠡᠮᠵᠢ ᠠᠯᠳᠠᠭ᠍ᠰᠠᠨ ᠢ᠋ ᠲᠡᠮᠳᠡᠭ᠌ᠯᠡᠬᠦ᠌ ᠲᠣᠭ᠍ᠲᠠᠴᠠ ᠪᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠲᠦᠷᠢᠮ ᠢ᠋ ᠲᠤᠬᠳᠠᠭᠠᠨ ᠪᠦᠷᠢᠨᠱᠢᠬᠦᠯᠵᠦ᠍᠂ ᠰᠠᠷ᠎ᠠ ᠪᠦᠷᠢ ᠪᠥᠬᠥ᠌ ᠣᠷᠣᠨ ᠤ᠋ ᠵᠠᠰᠠᠭ ᠤ᠋ᠨ ᠶᠠᠪᠤᠳᠠᠯ ᠤ᠋ᠨ ᠢᠲᠡᠭᠡᠮᠵᠢ ᠠᠯᠳᠠᠭ᠍ᠰᠠᠨ ᠦᠶ᠋ᠯᠡ ᠠᠵᠢᠯᠯᠠᠭ᠎ᠠ ᠢ᠋ᠢᠨ ᠲᠣᠭ᠎ᠠ ᠪᠦᠷᠢᠳᠭᠡᠯ ᠤ᠋ᠨ ᠮᠡᠳᠡᠭᠦᠯᠦᠯᠲᠡ ᠢ᠋ᠢ ᠨᠡᠢᠲᠡᠯᠡᠪᠠ᠃ ᠠᠷᠠᠳ ᠲᠦ᠍ ᠲᠥᠬᠥᠮ ᠦᠵᠡᠭᠦᠯᠵᠤ ᠦᠷ᠎ᠡ ᠠᠱᠢᠭ ᠢ᠋ ᠨᠡᠮᠡᠭ᠌ᠳᠡᠭᠦᠯᠤᠨ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠬᠦ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠪᠥᠬᠥ᠌ ᠣᠷᠣᠨ ᠤ᠋ ᠪᠣᠶ ᠪᠥᠬᠥᠶ ᠵᠠᠰᠠᠭ ᠵᠠᠬᠢᠷᠭᠠᠨ ᠤ᠋ ᠵᠥᠪᠱᠢᠶᠡᠷᠡᠯ ᠤ᠋ᠨ ᠵᠦᠶ᠋ᠯᠡᠰ (681 ᠵᠦᠶ᠋ᠯ) ᠤ᠋ᠨ ᠪᠥᠬᠥ᠌ ᠡᠯᠧᠮᠧᠨ᠋ᠲ ᠢ᠋ ᠪᠠᠷᠢᠮᠵᠢᠶᠠᠵᠢᠭᠤᠯᠬᠤ ᠢ᠋ᠢ ᠠᠬᠢᠭᠤᠯᠵᠤ᠂ ᠣᠳᠣᠬᠠᠨ ᠳ᠋ᠤ ᠨᠢᠭᠡᠨᠲᠡ 3595 ᠵᠦᠶ᠋ᠯ ᠤ᠋ᠨ ᠵᠢᠷᠤᠮᠵᠢᠯ ᠢ᠋ ᠨᠢᠭᠡᠳᠦᠯᠲᠡᠶ ᠬᠡᠷᠡᠭ᠌ᠵᠢᠭᠦᠯᠬᠦ᠌ ᠪᠡᠷ ᠨᠡᠢᠲᠡᠯᠡᠪᠡ; ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠤᠰᠢᠭᠤ ᠱᠢᠶᠠᠨ᠂ ᠰᠤᠮᠤ ᠱᠢᠶᠠᠩ ᠪᠠᠯᠭᠠᠰᠤ᠂ ᠭᠠᠴᠠᠭ᠎ᠠ ᠲᠣᠰᠭᠣᠨ ᠲᠠᠪᠤᠨ ᠱᠠᠲᠤ ᠢ᠋ᠢ ᠨᠢᠭᠡ ᠴᠣᠭ᠍ᠴᠠᠵᠢᠭᠤᠯᠤᠭ᠍ᠰᠠᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠲᠠᠪᠴᠠᠩ ᠢ᠋ ᠪᠠᠢᠭᠤᠯᠪᠠ; ᠡᠯ᠎ᠡ ᠠᠢᠮᠠᠭ ᠬᠣᠲᠠ 《ᠨᠢᠭᠡ ᠶᠠᠪᠤᠳᠠᠯ ᠢ᠋ ᠨᠢᠭᠡ ᠯᠡ ᠤᠳᠠᠭ᠎ᠠ ᠭᠦᠶ᠋ᠴᠡᠳᠭᠡᠬᠦ᠌》 ᠴᠣᠩᠬᠣᠪᠴᠢ ᠭᠠᠷᠭᠠᠪᠠ; ᠪᠥᠬᠥ᠌ ᠣᠷᠣᠨ ᠤ᠋ ᠵᠠᠰᠠᠭ ᠤ᠋ᠨ ᠶᠠᠪᠤᠳᠠᠯ ᠤ᠋ᠨ ᠲᠤᠭ᠎ᠠ ᠪᠠᠷᠢᠮᠲᠠ ᠢ᠋ᠢ ᠬᠠᠮᠲᠤ ᠪᠠᠷ ᠭᠥᠷᠳᠡᠬᠦ᠌ ᠬᠡᠷᠡᠭ᠌ᠴᠡᠭᠡ ᠱᠠᠭᠠᠷᠳᠠᠯᠭ᠎ᠠ ᠢ᠋ᠢᠨ ᠨᠠᠷᠢᠨ ᠳᠠᠡᠭᠰᠠ᠂ ᠬᠠᠷᠢᠭᠤᠴᠠᠯᠭ᠎ᠠ ᠢ᠋ᠢᠨ ᠨᠠᠷᠢᠨ ᠳᠠᠡᠭᠰᠠ ᠪᠣᠯᠤᠨ ᠨᠠᠵᠠᠭᠠᠢ ᠲᠠᠯ᠎ᠠ ᠢ᠋ᠢᠨ ᠨᠠᠷᠢᠨ ᠳᠠᠡᠭᠰᠠ ᠢ᠋ᠢᠨ 《ᠭᠤᠷᠪᠠᠨ ᠨᠠᠷᠢᠨ ᠳᠠᠡᠭᠰᠠ》 ᠶ᠋ᠢᠨ ᠲᠣᠭ᠍ᠲᠠᠴᠠ ᠢ᠋ᠢ ᠪᠠᠢᠭᠤᠯᠪᠠ᠃ ᠵᠠᠰᠠᠭ ᠤ᠋ᠨ ᠶᠠᠪᠤᠳᠠᠯ ᠢ᠋ ᠢᠯᠡ ᠪᠣᠯᠭᠠᠬᠤ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠪᠥᠬᠥ᠌ ᠣᠷᠣᠨ ᠢ᠋ᠢᠡᠷ ᠢ᠋ᠢᠡᠨ 《ᠬᠣᠶᠠᠷ ᠢ᠋ ᠢᠯᠡ ᠨᠡᠢᠲᠡᠯᠡᠬᠦ᠌》 ᠶ᠋ᠢ 《ᠠᠷᠪᠠ ᠢ᠋ᠢ ᠢᠯᠡ ᠨᠡᠢᠲᠡᠯᠡᠬᠦ᠌》 ᠪᠤᠯᠭᠠᠨ ᠥᠷᠭᠡᠳᠭᠡᠵᠦ᠍᠂ ᠪᠥᠬᠥ᠌ ᠶᠠᠪᠤᠴᠠ ᠢ᠋ᠢᠨ ᠮᠡᠳᠡᠭᠡ ᠵᠠᠩᠭᠢ ᠢ᠋ᠢ ᠮᠡᠳᠡᠭᠦᠯᠦᠨ ᠬᠦᠷᠭᠡᠬᠦ᠌ ᠠᠵᠢᠯ ᠤ᠋ᠨ ᠲᠣᠭ᠍ᠲᠠᠴᠠ ᠢ᠋ᠢ ᠪᠠᠢᠭᠤᠯᠪᠠ; 《ᠠᠷᠪᠠ ᠢ᠋ᠢ ᠢᠯᠡ ᠨᠡᠢᠲᠡᠯᠡᠬᠦ᠌》 ᠮᠡᠳᠡᠭᠡ ᠵᠠᠩᠭᠢ ᠢ᠋ᠢ ᠴᠤᠭ᠍ᠯᠠᠭᠤᠯᠤᠭ᠍ᠰᠠᠨ ᠪᠠᠢᠳᠠᠯ ᠢ᠋ ᠡᠯ᠎ᠡ ᠠᠢᠮᠠᠭ ᠬᠣᠲᠠ ᠢ᠋ᠢᠨ ᠤᠯᠠᠷᠢᠯ ᠤ᠋ᠨ ᠬᠢᠨᠠᠨ ᠰᠢᠯᠭᠠᠬᠤ ᠭᠦᠶ᠋ᠴᠡᠳᠭᠡᠯ ᠲᠣᠭ᠎ᠠ ᠳ᠋ᠤ ᠣᠷᠣᠭᠤᠯᠪᠠ᠃ ᠦᠨᠡᠨᠴᠢ ᠢᠲᠡᠭᠡᠮᠵᠢ ᠢ᠋ᠢᠨ ᠬᠥᠮᠦᠵᠢᠯ ᠤ᠋ᠨ ᠡᠳᠦᠷ ᠲᠤᠲᠤᠮ ᠤ᠋ᠨ ᠠᠵᠢᠯ ᠢ᠋ ᠠᠳᠭᠤᠬᠤ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠪᠥᠬᠥ᠌ ᠣᠷᠣᠨ ᠤ᠋ ᠡᠯ᠎ᠡ ᠱᠠᠲᠤᠨ ᠤ᠋ ᠨᠠᠮ ᠤ᠋ᠨ ᠬᠣᠷᠢᠶ᠎ᠠ (ᠨᠠᠮ ᠤ᠋ᠨ ᠤᠳᠤᠷᠢᠳᠭᠤ ᠳᠤᠭᠤᠢᠯᠠᠩ) ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢ ᠣᠨᠣᠯ ᠰᠤᠷᠤᠯᠴᠠᠬᠤ ᠭᠤᠤᠯ ᠳᠤᠭᠤᠢᠯᠠᠩ ᠤ᠋ᠨ ᠭᠤᠤᠯᠳᠠᠯᠭ᠎ᠠ ᠲᠠᠢ ᠰᠤᠷᠤᠯᠴᠠᠬᠤ ᠠᠭᠤᠯᠭ᠎ᠠ ᠳ᠋ᠤ ᠣᠷᠣᠭᠤᠯᠵᠤ᠂ ᠡᠯ᠎ᠡ ᠱᠠᠲᠤᠨ ᠤ᠋ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠶ᠋ᠢᠨ ᠺᠠᠳ᠋ᠷ ᠤ᠋ᠨ ᠬᠥᠮᠦᠵᠢᠯ ᠪᠣᠯᠪᠠᠰᠤᠷᠠᠯ ᠤ᠋ᠨ ᠬᠢᠴᠢᠶᠡᠯ᠎ᠳᠦ ᠣᠷᠣᠭᠤᠯᠤᠨ᠂ 《ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠢᠨᠵᠧᠨᠧᠷᠢᠩ ᠢ᠋ ᠬᠡᠷᠡᠭ᠌ᠵᠢᠭᠦᠯᠬᠦ᠌ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ》 ᠡᠷᠭᠢᠯᠡᠵᠦ᠍᠂ ᠤᠳᠤᠷᠢᠳᠭᠤ ᠺᠠᠳ᠋ᠷᠴᠤᠳ ᠤ᠋ᠨ ᠦᠨᠡᠨᠴᠢ ᠢᠲᠡᠭᠡᠮᠵᠢ ᠢ᠋ᠢᠨ ᠣᠢᠯᠠᠭᠠᠭ᠍ᠳᠠᠬᠤᠨ ᠢ᠋ ᠴᠢᠩᠭᠠᠳᠭᠠᠪᠠ᠃ ᠦᠨᠡᠨᠴᠢ ᠢᠳᠡᠬᠡᠮᠵᠢ ᠵᠢᠨ ᠪᠠᠢᠭᠤᠯᠤᠯᠳᠠ ᠵᠢᠨ ᠦᠳᠬᠡᠨ ᠵᠤᠵᠠᠭᠠᠨ ᠠᠭᠤᠷ ᠠᠮᠢᠰᠭᠤᠯ ᠢ᠋ ᠪᠤᠢ ᠪᠤᠯᠭᠠᠬᠤ ᠳ᠋ᠤ ᠠᠩᠬᠠᠷᠤᠯ ᠢ᠋ᠢᠡᠨ ᠲᠥᠪᠯᠡᠷᠡᠭᠦᠯᠦᠨ᠂ ᠡᠯ᠎ᠡ ᠠᠢᠮᠠᠭ ᠬᠣᠲᠠ ᠢ᠋ᠢᠨ ᠬᠢᠨ ᠡᠯ᠎ᠡ ᠲᠥᠷᠥᠯ ᠤ᠋ᠨ ᠤᠬᠠᠭᠤᠯᠭ᠎ᠠ ᠢ᠋ᠢᠨ ᠡᠬᠢ ᠪᠠᠶᠠᠯᠢᠭ ᠢ᠋ ᠢᠳᠡᠪᠬᠢᠲᠡᠶ ᠳᠠᠢᠴᠢᠯᠠᠨ᠂ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠴᠢᠬᠤᠯᠠ ᠶᠡᠬᠡ ᠠᠴᠢ ᠬᠣᠯᠪᠣᠭ᠍ᠳᠠᠯ ᠢ᠋ ᠶᠡᠬᠡ ᠪᠡᠷ ᠤᠬᠠᠭᠤᠯᠵᠤ᠂ 《ᠢᠲᠡᠭᠡᠮᠵᠢ ᠲᠠᠢ ᠪᠠᠢᠬᠤ ᠨᠢ ᠢᠷᠠᠭᠤ ᠠᠯᠳᠠᠷ ᠲᠠᠢ᠂ ᠢᠲᠡᠭᠡᠮᠵᠢ ᠠᠯᠳᠠᠬᠤ ᠨᠢ ᠢᠴᠢᠭᠦᠷᠢ ᠭᠤᠲᠤᠮᠱᠢᠭ ᠲᠠᠢ》 ᠬᠡᠬᠦ ᠨᠡᠢᠭᠡᠮ ᠤ᠋ᠨ ᠠᠭᠤᠷ ᠠᠮᠢᠰᠭᠤᠯ ᠢ᠋ ᠪᠦᠷᠢᠯᠳᠦᠭᠦᠯᠬᠦ᠌ ᠢ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠲᠤᠰᠭᠠᠶ ᠠᠬᠢᠭᠤᠯᠬᠤ ᠳᠤᠭᠤᠢᠯᠠᠩ ᠤ᠋ᠨ ᠬᠢᠨ ᠨᠢᠭᠡᠳᠦᠯᠲᠡᠶ ᠲᠥᠯᠥᠪᠵᠢᠭᠦᠯᠦᠨ ᠵᠢᠯᠣᠭᠣᠳᠭᠤ ᠪᠠᠨ ᠦᠷᠭᠦᠯᠵᠢᠯᠡᠨ ᠴᠢᠩᠭᠠᠳᠭᠠᠵᠤ᠂ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠡᠭᠦᠷᠭᠡ ᠢ᠋ᠢᠨ ᠨᠠᠷᠢᠨ ᠳᠠᠡᠭᠰᠠ ᠲᠠᠢ ᠪᠥᠬᠥ᠌ ᠲᠠᠯ᠎ᠠ ᠪᠠᠷ ᠬᠠᠷᠭᠤᠭᠤᠯᠤᠨ᠂ ᠡᠯ᠎ᠡ ᠲᠥᠷᠥᠯ ᠤ᠋ᠨ ᠮᠡᠳᠡᠭᠡ ᠵᠠᠩᠭᠢ ᠢ᠋ᠢᠨ ᠲᠠᠪᠴᠠᠩ ᠤ᠋ᠨ ᠲᠤᠭ᠎ᠠ ᠪᠠᠷᠢᠮᠳᠠ ᠵᠢ ᠴᠤᠭ᠍ᠯᠠᠭᠤᠯᠤᠨ ᠬᠡᠷᠡᠭ᠌ᠯᠡᠬᠦ᠌᠂ ᠵᠠᠰᠠᠭ ᠤ᠋ᠨ ᠣᠷᠳᠣᠨ ᠤ᠋ ᠢᠲᠡᠭᠡᠮᠵᠢ ᠠᠯᠳᠠᠭ᠍ᠰᠠᠨ ᠦᠶ᠋ᠯᠡ ᠠᠵᠢᠯᠯᠠᠭ᠎ᠠ ᠢ᠋ᠢ ᠴᠡᠭ᠌ᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠡᠭᠦᠷᠭᠡ ᠢ᠋ᠢ ᠱᠢᠪᠠᠳᠠᠭᠤᠯᠤᠨ ᠨᠠᠢᠳᠠᠪᠤᠷᠢᠵᠢᠭᠤᠯᠬᠤ ᠢ᠋ᠢ ᠴᠢᠩᠭᠠᠳᠭᠠᠵᠤ᠂ ᠣᠨ ᠤ᠋ ᠬᠠᠷᠠᠯᠲᠠᠲᠤ ᠡᠭᠦᠷᠭᠡ ᠪᠡᠨ ᠴᠢᠷᠮᠠᠢᠨ ᠪᠡᠶᠡᠯᠡᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ ᠳ᠋ᠤ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠠᠪᠴᠢᠷᠠᠭ᠍ᠰᠠᠨ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠠᠷᠠᠳ ᠲᠦ᠍ ᠲᠥᠬᠥᠮ ᠦᠵᠡᠭᠦᠯᠬᠦ᠌ ᠦᠶ᠋ᠯᠡᠴᠢᠯᠡᠭᠡᠨ ᠤ᠋ ᠪᠣᠳᠠᠲᠤ ᠦᠷ᠎ᠡ ᠪᠦᠲᠦᠮᠵᠢ ᠢ᠋ᠢ ᠦᠨᠡᠨ ᠬᠦ᠌ ᠮᠡᠳᠡᠷᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号