ᠦᠨᠳᠦᠰᠦᠳᠡᠨ ᠤ᠋ ᠡᠮ ᠡᠮᠨᠡᠯᠭᠡ ᠵᠢ ᠬᠦᠭᠵᠢᠬᠦᠯᠵᠦ᠂ ᠠᠷᠠᠳ ᠲᠦᠮᠡᠨ ᠤ᠋ ᠡᠷᠡᠬᠦᠯ ᠮᠡᠨᠳᠦ ᠳ᠋ᠦ ᠨᠡᠩ ᠰᠠᠢᠨ ᠦᠢᠯᠡᠴᠢᠯᠡᠨ᠎ᠠ᠃ ᠦᠪᠡᠷᠳᠡᠭᠡᠨ ᠵᠠᠰᠠᠬᠤ ᠤᠷᠤᠨ ᠤ᠋ ᠮᠤᠨᠭᠭᠤᠯ ᠡᠮ ᠡᠮᠨᠡᠯᠬᠡ ᠶ᠋ᠢᠨ ᠡᠷᠳᠡᠮ ᠰᠢᠨᠵᠢᠯᠡᠬᠡᠨ ᠤ᠋ ᠨᠡᠢᠭᠡᠮᠯᠢᠭ ᠤ᠋ᠨ ᠠᠭᠤᠰᠬᠢᠨ ᠡᠪᠡᠳᠴᠢᠨ ᠤ᠋ ᠲᠤᠰᠬᠠᠢ ᠵᠦᠪᠯᠡᠯ ᠤ᠋ᠨ ᠭᠤᠷᠪᠠᠳᠤᠭᠠᠷ ᠬᠤᠭᠤᠴᠠᠭᠠᠨ ᠤ᠋ ᠬᠤᠶᠠᠳᠤᠭᠠᠷ ᠤᠳᠠᠭ᠎ᠠ ᠵᠢᠨ ᠡᠷᠳᠡᠮ ᠰᠢᠨᠵᠢᠯᠡᠬᠡᠨ ᠤ᠋ ᠤᠨ ᠤ᠋ ᠬᠤᠷᠠᠯ ᠤᠷᠴᠢᠮᠠᠬᠨ ᠬᠦᠬᠡᠬᠤᠳᠠ ᠳ᠋ᠦ ᠬᠤᠷᠠᠯᠳᠤᠵᠦ᠂ ᠤᠯᠠᠮᠵᠢᠯᠠᠯᠳᠦ ᠮᠤᠨᠭᠭᠤᠯ ᠡᠮ ᠡᠮᠨᠡᠯᠬᠡ ᠶ᠋ᠢᠨ ᠦᠪᠡᠷᠮᠢᠴᠡ ᠤᠨᠤᠯ ᠵᠠᠰᠠᠯᠭ᠎ᠠ ᠶ᠋ᠢᠨ ᠤᠨᠴᠠᠯᠢᠭ ᠰᠢᠨᠵᠢ ᠵᠢᠴᠢ ᠡᠮᠴᠢᠯᠡᠬᠡᠨ ᠤ᠋ ᠦᠷ᠎ᠠ ᠠᠰᠢᠭ᠂ ᠮᠤᠨᠭᠭᠤᠯ ᠠᠨᠠᠭᠠᠬᠤ ᠤᠬᠠᠭᠠᠨ ᠤ᠋ ᠤᠯᠠᠮᠵᠢᠯᠠᠯ ᠬᠦᠭᠵᠢᠯᠳᠡ᠂ ᠠᠭᠤᠰᠬᠢᠨ ᠡᠪᠡᠳᠴᠢᠨ ᠤ᠋ ᠵᠠᠰᠠᠯᠭ᠎ᠠ ᠰᠤᠪᠢᠯᠠᠯᠳᠠ ᠵᠡᠷᠭᠡ ᠤᠯᠠᠨ ᠳᠠᠯ᠎ᠠ ᠡᠴᠡ ᠰᠤᠳᠤᠯᠤᠨ ᠶᠠᠷᠢᠯᠴᠠᠵᠠᠢ᠃
ᠵᠢᠯ ᠳ᠋ᠦ ᠨᠢᠭᠡ ᠤᠳᠠᠭ᠎ᠠ ᠶᠠᠪᠤᠭᠳᠠᠳᠠᠭ ᠡᠨᠡ ᠬᠦ᠌ ᠡᠷᠳᠡᠮ ᠰᠢᠨᠵᠢᠯᠡᠬᠡᠨ ᠤ᠋ ᠬᠤᠷᠠᠯ ᠢ᠋ ᠦᠪᠦᠷ ᠮᠤᠨᠭᠭᠤᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠬᠠᠷᠢᠶᠠᠳᠦ ᠡᠮᠨᠡᠯᠭᠡ ᠶ᠋ᠢᠨ ᠬᠤᠷᠢᠶ᠎ᠡ ᠡᠴᠡ ᠳᠠᠭᠠᠭᠠᠴᠢᠯᠡᠨ ᠡᠷᠬᠢᠯᠡᠵᠦ᠂ ᠤᠯᠤᠰ ᠤ᠋ᠨ ᠳᠤᠳᠤᠭᠠᠳᠦ ᠶ᠋ᠢᠨ 20 ᠭᠠᠷᠤᠢ ᠭᠠᠷᠮᠠᠭᠠᠢ ᠲᠤᠰᠬᠠᠢ ᠮᠡᠷᠭᠡᠵᠢᠯᠳᠡᠨ ᠡᠷᠳᠡᠮᠳᠡᠨ ᠢ᠋ ᠤᠷᠢᠵᠦ᠂ ᠡᠷᠳᠡᠮ ᠰᠢᠨᠵᠢᠯᠡᠭᠡᠨ ᠤ᠋ ᠰᠤᠯᠢᠯᠴᠠᠭ᠎ᠠ ᠶᠠᠷᠢᠯᠴᠠᠭ᠎ᠠ ᠦᠷᠨᠢᠬᠦᠯᠵᠡᠢ᠃ ᠬᠤᠷᠠᠯ ᠲᠠᠬᠡᠷ᠎ᠠ ᠪᠠᠰᠠ ᠮᠤᠨᠭᠭᠤᠯ ᠡᠮ ᠡᠮᠨᠡᠯᠭᠡ ᠶ᠋ᠢᠨ ᠤᠯᠠᠮᠵᠢᠯᠠᠯ ᠬᠦᠭᠵᠢᠯᠳᠡ᠂ ᠵᠢᠭᠠᠨ ᠰᠤᠷᠭᠠᠯᠳᠠ ᠵᠢᠴᠢ ᠳᠠᠪᠤᠨ ᠵᠠᠰᠠᠯ᠂ ᠰᠡᠳᠬᠢᠴᠡ ᠶ᠋ᠢᠨ ᠡᠷᠡᠬᠦᠯ ᠮᠡᠨᠳᠦ ᠶ᠋ᠢᠨ ᠡᠮᠴᠢᠯᠡᠬᠡᠨ ᠵᠡᠷᠭᠡ ᠳᠠᠯ᠎ᠠ ᠡᠴᠡ ᠵᠢᠱ᠌ᠢᠶᠡᠯᠡᠨ ᠳᠠᠨᠢᠯᠴᠠᠭᠤᠯᠵᠦ᠂ ᠬᠢᠳᠠᠳ (ᠮᠤᠨᠭᠭᠤᠯ) ᠡᠮᠨᠡᠯᠭᠡ ᠶ᠋ᠢᠨ ᠳᠠᠪᠠᠭᠤᠯᠢᠭ ᠳᠠᠯ᠎ᠠ ᠤᠨᠴᠠᠭᠠᠢ ᠰᠢᠨᠵᠢ ᠵᠢ ᠳᠠᠨᠢᠯᠴᠠᠭᠤᠯᠵᠠᠢ᠃
ᠬᠤᠷᠠᠯ ᠳ᠋ᠦ ᠤᠷᠤᠯᠴᠠᠭᠰᠠᠨ ᠡᠷᠳᠡᠮᠳᠡᠨ ᠮᠡᠷᠭᠡᠵᠢᠯᠳᠡᠨ ᠡᠴᠡ 《ᠲᠤᠮᠳᠠᠳᠦ ᠤᠯᠤᠰ ᠤ᠋ᠨ ᠤᠯᠠᠮᠵᠢᠯᠠᠯᠳᠦ ᠠᠨᠠᠭᠠᠬᠤ ᠤᠬᠠᠭᠠᠨ ᠤ᠋ ᠰᠢᠨᠵᠢᠯᠡᠬᠦ ᠤᠬᠠᠭᠠᠨ ᠤ᠋ ᠰᠠᠭᠤᠷᠢ》᠂ 《ᠦᠨᠳᠦᠰᠦᠳᠡᠨ ᠤ᠋ ᠡᠮ ᠡᠮᠨᠡᠯᠬᠡ ᠶ᠋ᠢᠨ ᠭᠤᠤᠯᠳᠠᠯᠭᠠᠳᠦ ᠲᠤᠷᠰᠢᠯᠳᠠ ᠶ᠋ᠢᠨ ᠲᠠᠰᠤᠭ ᠤ᠋ᠨ ᠪᠠᠢᠭᠤᠯᠤᠯᠳᠠ ᠶ᠋ᠢᠨ ᠠᠷᠭ᠎ᠠ ᠵᠠᠮ ᠬᠢᠭᠡᠳ ᠦᠢᠯᠡᠳᠦᠯᠬᠡ》᠂ 《ᠬᠢᠳᠠᠳ ᠡᠧᠦ᠋ᠷᠦᠫᠠ ᠡᠮᠨᠡᠯᠬᠡ ᠵᠢ ᠤᠶᠠᠯᠳᠤᠭᠤᠯᠬᠤ ᠬᠢᠭᠡᠳ ᠠᠭᠤᠰᠬᠢᠨ ᠤ᠋ ᠡᠷᠡᠬᠦᠯᠵᠢᠯ ᠤ᠋ᠨ ᠡᠮᠴᠢᠯᠡᠬᠡᠨ ᠤ᠋ ᠬᠡᠷᠡᠭᠯᠡᠯᠳᠡ ᠬᠢᠭᠡᠳ ᠲᠡᠯᠭᠡᠷᠡᠬᠦᠯᠦᠯᠳᠡ》 ᠵᠡᠷᠭᠡ ᠤᠯᠠᠨ ᠰᠡᠳᠦᠪ ᠤᠯᠠᠨ ᠳᠠᠯ᠎ᠠ ᠡᠴᠡ ᠡᠷᠳᠡᠮ ᠰᠢᠨᠵᠢᠯᠡᠬᠡᠨ ᠤ᠋ ᠢᠯᠡᠳᠬᠡᠯ ᠬᠢᠵᠦ᠂ ᠤᠯᠠᠨ ᠢ᠋ᠶ᠋ᠡᠷ ᠢ᠋ᠶ᠋ᠡᠨ ᠬᠢᠳᠠᠳ ᠮᠤᠨᠭᠭᠤᠯ ᠡᠧᠦ᠋ᠷᠦᠫᠠ ᠡᠮᠨᠡᠯᠬᠡ ᠵᠢ ᠤᠶᠠᠯᠳᠤᠭᠤᠯᠤᠭᠰᠠᠨ ᠡᠮᠴᠢᠯᠡᠬᠡᠨ ᠤ᠋ ᠦᠵᠦ ᠲᠦᠯᠦᠪᠯᠡᠭᠡ᠂ ᠳᠠᠪᠴᠠᠩ ᠤ᠋ᠨ ᠪᠠᠢᠭᠤᠯᠤᠯᠳᠠ᠂ ᠮᠤᠨᠭᠭᠤᠯ ᠠᠨᠠᠭᠠᠬᠤ ᠤᠬᠠᠭᠠᠨ ᠤ᠋ ᠪᠤᠳᠠᠰ ᠤ᠋ᠨ ᠪᠤᠰᠤ ᠰᠤᠶᠤᠯ ᠤ᠋ᠨ ᠦᠪ ᠤᠯᠠᠮᠵᠢᠯᠠᠯ ᠤ᠋ᠨ ᠲᠤᠬᠠᠢ ᠰᠠᠨᠠᠯ ᠪᠤᠳᠤᠯ ᠢ᠋ᠶ᠋ᠡᠨ ᠬᠤᠪᠢᠶᠠᠯᠴᠠᠵᠢ᠃ ᠡᠳᠡᠬᠡᠷ ᠨᠢ ᠮᠤᠨᠭᠭᠤᠯ ᠠᠨᠠᠭᠠᠬᠤ ᠤᠬᠠᠭᠠᠨ ᠤ᠋ ᠠᠭᠤᠰᠬᠢᠨ ᠡᠪᠡᠳᠴᠢᠨ ᠤ᠋ ᠤᠨᠤᠰᠢᠯᠠᠯᠳᠠ᠂ ᠵᠠᠰᠠᠯᠭ᠎ᠠ᠂ ᠰᠡᠷᠭᠡᠢᠯᠡᠯᠳᠡ ᠳ᠋ᠦ ᠮᠠᠰᠢ ᠴᠢᠬᠤᠯᠠ ᠠᠷᠭ᠎ᠠ ᠲᠤᠷᠰᠢᠯᠭ᠎ᠠ ᠪᠠᠨ ᠯᠠᠪᠯᠠᠯᠳᠠ ᠬᠠᠩᠭᠠᠵᠦ᠂ ᠮᠤᠨᠭᠭᠤᠯ ᠡᠮᠨᠡᠯᠭᠡ ᠵᠢ ᠬᠢᠳᠠᠳ ᠡᠮᠨᠡᠯᠭᠡ᠂ ᠡᠧᠦ᠋ᠷᠦᠫᠠ ᠡᠮᠨᠡᠯᠭᠡ ᠲᠠᠢ ᠤᠶᠠᠯᠳᠤᠭᠤᠯᠤᠨ ᠬᠦᠭᠵᠢᠬᠦᠯᠬᠦ᠂ ᠡᠷᠳᠡᠮ ᠰᠢᠨᠵᠢᠯᠡᠬᠡᠨ ᠤ᠋ ᠰᠠᠯᠠᠭᠠᠨ ᠤ᠋ ᠪᠠᠢᠭᠤᠯᠤᠯᠳᠠ ᠳ᠋ᠦ ᠠᠬᠢᠭᠤᠯᠬᠤ ᠳ᠋ᠤ ᠴᠢᠬᠤᠯᠠ ᠦᠢᠯᠡᠳᠦᠯ ᠦᠵᠡᠬᠦᠯᠪᠡ ᠭᠡᠵᠦ ᠡᠷᠳᠡᠮ ᠰᠢᠨᠵᠢᠯᠡᠬᠡᠨ ᠤ᠋ ᠬᠤᠷᠠᠯ ᠳ᠋ᠤ ᠤᠷᠤᠯᠴᠠᠭᠰᠠᠳ ᠰᠠᠨᠠᠯ ᠨᠢᠭᠡᠳᠡᠢ ᠦᠵᠡᠵᠡᠭᠡᠵᠡᠢ᠃
ᠲᠤᠰ ᠤᠳᠠᠭ᠎ᠠ ᠵᠢᠨ ᠬᠤᠷᠠᠯ ᠢ᠋ ᠳᠠᠭᠠᠭᠠᠴᠢᠯᠡᠨ ᠡᠷᠬᠢᠯᠡᠭᠰᠡᠨ ᠨᠢᠭᠡᠴᠢ ᠪᠤᠯᠬᠤ ᠦᠪᠦᠷ ᠮᠤᠨᠭᠭᠤᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠬᠠᠷᠢᠶᠠᠳᠦ ᠡᠮᠨᠡᠯᠭᠡ ᠶ᠋ᠢᠨ ᠬᠤᠷᠢᠶ᠎ᠡ ᠶ᠋ᠢᠨ ᠮᠤᠨᠭᠭᠤᠯ ᠡᠮᠨᠡᠯᠭᠡ ᠶ᠋ᠢᠨ ᠰᠠᠯᠠᠭ᠎ᠠ ᠶ᠋ᠢᠨ ᠡᠷᠬᠢᠯᠡᠭᠴᠢ ᠲᠦᠮᠡᠡᠡᠦ᠋ᠯᠵᠡᠢ ᠫᠷᠤᠹᠧᠰᠰᠤᠷ 《ᠠᠭᠤᠰᠬᠢᠨ ᠡᠪᠡᠳᠴᠢᠨ ᠤ᠋ ᠠᠨᠠᠭᠠᠯᠳᠠ ᠳ᠋ᠦ ᠮᠤᠨᠭᠭᠤᠯ ᠠᠨᠠᠭᠠᠬᠤ ᠤᠬᠠᠭᠠᠨ ᠦᠪᠡᠷᠮᠢᠴᠡ ᠤᠨᠤᠯ ᠤ᠋ᠨ ᠰᠢᠰᠲᠧᠮ᠂ ᠵᠠᠰᠠᠯᠭ᠎ᠠ ᠶ᠋ᠢᠨ ᠵᠤᠷ ᠪᠠ ᠠᠷᠭ᠎ᠠ ᠪᠠᠢᠳᠠᠭ ᠪᠦᠭᠡᠳ ᠮᠤᠨᠭᠭᠤᠯ ᠡᠮᠨᠡᠯᠭᠡ᠂ ᠮᠤᠨᠭᠭᠤᠯ ᠡᠧᠦ᠋ᠷᠦᠫᠠ ᠡᠮᠨᠡᠯᠬᠡ ᠵᠢ ᠤᠶᠠᠯᠳᠤᠭᠤᠯᠤᠭᠰᠠᠨ ᠡᠮᠴᠢᠯᠡᠬᠡᠨ ᠤ᠋ ᠠᠴᠢ ᠲᠤᠰᠠ ᠨᠢ ᠶᠡᠬᠡ ᠲᠤᠪᠤᠢᠮ᠎ᠠ ᠪᠠᠢᠳᠠᠭ᠃ ᠪᠢᠳᠡ ᠲᠤᠰ ᠬᠤᠷᠠᠯ ᠢ᠋ᠶ᠋ᠡᠷ ᠳᠠᠮᠵᠢᠨ ᠤᠯᠤᠰ ᠤ᠋ᠨ ᠳᠤᠳᠤᠭᠠᠳᠦ ᠶ᠋ᠢᠨ ᠬᠢᠳᠠᠳ ᠡᠮᠨᠡᠯᠭᠡ ᠪᠤᠯᠤᠨ ᠬᠢᠳᠠᠳ ᠡᠧᠦ᠋ᠷᠦᠫᠠ ᠡᠮᠨᠡᠯᠬᠡ ᠵᠢ ᠤᠶᠠᠯᠳᠤᠭᠤᠯᠤᠭᠰᠠᠨ ᠡᠮᠴᠢᠯᠡᠬᠡᠨ ᠤ᠋ ᠠᠮᠢᠰᠬᠤᠯ ᠤ᠋ᠨ ᠰᠠᠯᠠᠭᠠᠨ ᠤ᠋ ᠡᠪᠡᠳᠴᠢᠨ ᠤ᠋ ᠲᠤᠬᠠᠢ ᠤᠨᠤᠰᠢᠯᠠᠯᠳᠠ᠂ ᠵᠠᠰᠠᠯᠭ᠎ᠠ᠂ ᠰᠤᠳᠤᠯᠭᠠᠨ ᠪᠠ ᠠᠷᠭ᠎ᠠ ᠲᠤᠷᠰᠢᠯᠭ᠎ᠠ ᠵᠢ ᠰᠤᠷᠤᠯᠴᠠᠵᠦ᠂ ᠮᠤᠨᠭᠭᠤᠯ ᠠᠨᠠᠭᠠᠬᠤ ᠤᠬᠠᠭᠠᠨ ᠤ᠋ ᠠᠭᠤᠰᠬᠢᠨ ᠡᠪᠡᠳᠴᠢᠨ ᠤ᠋ ᠡᠷᠳᠡᠮᠳᠡᠳ ᠬᠢᠭᠡᠳ ᠡᠮᠴᠢ ᠠᠵᠢᠯᠳᠠᠳ ᠲᠦ᠍ ᠬᠠᠷᠢᠯᠴᠠᠨ ᠰᠤᠷᠤᠯᠴᠠᠵᠦ ᠰᠤᠯᠢᠯᠴᠠᠬᠤ ᠳᠠᠪᠴᠠᠩ ᠬᠠᠩᠭᠠᠬᠤ ᠵᠢ ᠵᠤᠷᠢᠭᠰᠠᠨ ᠶᠤᠮ》 ᠭᠡᠵᠦ ᠲᠠᠨᠢᠯᠴᠠᠭᠤᠯᠪᠠ᠃