7 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠵᠢᠭᠠᠨ ᠵᠢᠯᠣᠭᠣᠳᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠡᠴᠡ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠢ᠎ᠠ᠂ ᠦᠢᠯᠡᠳᠦᠯᠭᠡ ᠰᠡᠳᠬᠦᠯ᠎ᠦᠨ ᠬᠣᠷᠢᠢ᠎ᠠ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠢ᠎ᠠ᠎ᠠᠴᠠ ᠳᠠᠭᠠᠭᠠᠴᠢᠯᠠᠨ ᠡᠷᠬᠢᠯᠡᠭ᠌ᠰᠡᠨ 《ᠤᠨᠤᠯ ᠵᠢᠡᠷ ᠵᠡᠪᠰᠡᠭᠯᠡᠭᠰᠡᠨ ᠱᠢᠨ᠎ᠡ ᠠᠶᠠᠨ》 2024 ᠣᠨ ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ᠎ᠤᠨ ᠤᠬᠠᠭᠤᠯᠤᠨ ᠲᠠᠢᠯᠪᠤᠷᠢᠯᠠᠬᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠢ᠎ᠠ᠎ᠶ᠋ᠢᠨ 800 ᠲᠡᠭ᠌ᠰᠢ ᠳᠥᠷᠪᠡᠯᠵᠢᠨ ᠮᠸᠲᠷ᠎ᠤᠨ ᠲᠣᠭ᠍ᠯᠠᠯᠲᠠ᠎ᠶ᠋ᠢᠨ ᠶᠡᠬᠡ ᠲᠢᠩᠬᠢᠮ᠎ᠳᠦ ᠲᠡᠭᠦᠰ ᠠᠮᠵᠢᠯᠲᠠ᠎ᠲᠠᠶ ᠦᠨᠳᠦᠷᠯᠡᠪᠡ᠃
ᠣᠢᠯᠠᠭᠠᠭ᠍ᠰᠠᠨ᠎ᠢᠶᠠᠷ 《ᠤᠨᠤᠯ ᠵᠢᠡᠷ ᠵᠡᠪᠰᠡᠭᠯᠡᠭᠰᠡᠨ ᠰᠢᠨ᠎ᠠ ᠠᠶᠠᠨ》 2024 ᠣᠨ᠎ᠤ᠋ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠨᠣᠯ᠎ᠤᠨ ᠤᠬᠠᠭᠤᠯᠤᠨ ᠲᠠᠢᠯᠪᠤᠷᠢᠯᠠᠬᠤ ᠤᠷᠤᠯᠳᠤᠭᠠᠨ ᠡᠬᠢᠯᠡᠭ᠌ᠰᠡᠨ᠎ᠡᠴᠡ ᠨᠠᠭᠠᠰᠢ ᠪᠥᠬᠥ᠌ ᠣᠷᠣᠨ᠎ᠤ 12 ᠠᠢᠮᠠᠭ ᠬᠣᠲᠠ ᠪᠣᠯᠤᠨ 6 ᠱᠢᠰᠲ᠋ᠧᠮ᠎ᠦᠨ ᠪᠠᠢᠭᠤᠯᠭ᠎ᠠ ᠨᠢᠭᠡᠴᠢ ᠤᠷᠢᠳ ᠬᠣᠵᠢᠳ 100 ᠭᠠᠷᠤᠶ ᠲᠠᠯᠠᠪᠠᠢ ᠣᠯᠠᠨ ᠬᠡᠯᠪᠡᠷᠢ᠎ᠶ᠋ᠢᠨ ᠠᠩᠬᠠᠨ᠎ᠤ ᠤᠷᠤᠯᠳᠤᠭᠠᠨ᠂ ᠨᠤᠭᠤᠯᠤᠭ᠎ᠠ ᠤᠷᠤᠯᠳᠤᠭᠠᠨ᠎ᠢ ᠵᠣᠬᠢᠶᠠᠨ ᠪᠠᠢᠭᠤᠯᠵᠤ᠂ ᠪᠥᠬᠥ᠌ ᠣᠷᠣᠨ᠎ᠤ ᠡᠯ᠎ᠡ ᠹᠷᠣᠨᠲ ᠡᠴᠡ ᠢᠷᠡᠭ᠌ᠰᠡᠨ 5300 ᠭᠠᠷᠤᠶ ᠣᠨᠣᠯ᠎ᠤᠨ ᠤᠬᠠᠭᠤᠯᠤᠨ ᠲᠠᠢᠯᠪᠤᠷᠢᠯᠠᠭ᠍ᠴᠢ ᠤᠷᠤᠯᠳᠤᠭᠠᠨ᠎ᠳᠤ ᠣᠷᠣᠯᠴᠠᠵᠤ᠂ ᠬᠠᠮᠤᠭ᠎ᠤᠨ ᠡᠴᠦᠰ᠎ᠲᠦ 18 ᠤᠬᠠᠭᠤᠯᠤᠨ ᠲᠠᠢᠯᠪᠤᠷᠢᠯᠠᠬᠴᠢ ᠱᠢᠶ᠋ᠳᠪᠦᠷᠢᠲᠦ ᠤᠷᠤᠯᠳᠤᠭᠠᠨ᠎ᠳᠤ ᠣᠷᠣᠵᠠᠶ᠃
ᠱᠢᠶ᠋ᠳᠪᠦᠷᠢᠲᠦ ᠤᠷᠤᠯᠳᠤᠭᠠᠨ ᠢ 8 ᠮᠢᠨᠦ᠋ᠲ᠎ᠦᠨ ᠣᠨᠣᠯ ᠤᠨ ᠤᠬᠠᠭᠤᠯᠤᠨ ᠲᠠᠢᠯᠪᠤᠷᠢᠯᠠᠯᠳᠠ᠂ ᠣᠨᠣᠯ ᠤᠨ ᠮᠡᠳᠡᠯᠭᠡ᠎ᠶ᠋ᠢᠨ ᠥᠷᠢᠰᠥᠯᠳᠦᠭᠡᠨ᠂ 180 ᠰᠧᠺᠦ᠋ᠨ᠋ᠳ᠋᠎ᠦᠨ ᠪᠠᠷᠢᠨ ᠤᠬᠠᠭᠤᠯᠤᠨ ᠲᠠᠢᠯᠪᠤᠷᠢᠯᠠᠯᠳᠠ ᠵᠡᠷᠭᠡ ᠭᠤᠷᠪᠠᠨ ᠭᠣᠭ᠍ᠴᠣᠭ᠎ᠠ ᠬᠤᠪᠢᠶᠠᠵᠠᠢ᠃ ᠱᠢᠢᠳᠪᠦᠷᠢᠲᠦ ᠤᠷᠤᠯᠳᠤᠭᠠᠨ᠎ᠤ ᠠᠬᠤᠢ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠴᠢ ᠰᠢ ᠵᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ ᠳᠡᠷᠭᠡᠳᠡᠬᠢ ᠬᠥᠮᠦᠰ ᠦᠨᠳᠡᠷᠭᠡᠳᠡᠬᠢ ᠤᠴᠢᠷ ᠶᠠᠪᠤᠳᠠᠯ᠎ᠢᠶᠠᠷ ᠴᠠᠭ ᠦᠶ᠎ᠡ᠎ᠶ᠋ᠢᠨ ᠬᠤᠪᠢᠰᠤᠯᠲᠠ᠎ᠶ᠋ᠢ ᠥᠭᠦᠯᠡᠵᠦ᠍᠂ 《ᠵᠢᠵᠢᠭ ᠭᠡᠷᠴᠢᠭᠡᠰᠤ》 ᠪᠡᠷ 《ᠶᠡᠬᠡ ᠶᠣᠰᠣ》 ᠵᠢ ᠲᠠᠢᠯᠪᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠢᠷ᠎ᠠ ᠬᠠᠯᠠᠮᠵᠢ ᠶ᠋ᠢ ᠭᠦᠨ ᠰᠡᠳᠭᠢᠯᠭᠡ᠎ᠲᠡᠶ᠎ᠪᠡᠷ ᠶᠠᠷᠢᠵᠤ᠂ ᠪᠦᠬᠦ᠌ ᠣᠷᠣᠨ ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠦ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ᠎ᠨᠡᠭᠡᠭᠡᠵᠦ᠂ ᠳᠤᠮᠳᠠ ᠲᠦᠪᠰᠢᠨ ᠳ᠋ᠤ ᠤᠷᠤᠬᠤ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶ᠍ᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠠᠮᠢᠳᠤᠯᠢᠭ ᠦᠢᠯᠡᠳᠦᠯᠭᠡ᠎ᠶ᠋ᠢ ᠶᠠᠷᠢᠪᠠ᠃
《ᠰᠤᠷᠤᠯᠴᠠᠯᠭ᠎ᠠ᠎ᠶ᠋ᠢᠨ ᠬᠦᠴᠦᠷᠬᠡᠭ ᠤᠯᠤᠰ》 ᠰᠤᠷᠤᠯᠴᠠᠬᠤ ᠲᠠᠪᠴᠠᠩ᠂ ᠲᠡᠬᠦᠯᠢᠯᠳᠠ ᠬᠠᠮ ᠵᠠᠭᠤᠴᠢᠯᠠᠭᠤᠷ᠂ ᠲᠠᠯ᠎ᠠ ᠨᠤᠲᠤᠭ᠎ᠤᠨ ᠡᠭᠦᠯᠡ ᠵᠢᠴᠢ ᠡᠯ᠎ᠡ ᠠᠢᠮᠠᠭ ᠬᠣᠲᠠ ᠬᠣᠱᠢᠭᠤ ᠱᠢᠶᠠᠨ᠎ᠤ ᠬᠠᠮ ᠵᠠᠭᠤᠴᠢᠯᠠᠭᠤᠷ ᠤᠨ ᠲᠠᠪᠴᠠᠩ᠎ᠨᠢ ᠤᠷᠤᠯᠳᠤᠭᠠᠨ᠎ᠢ ᠢᠵᠢᠯ ᠠᠯᠬᠤᠮ᠎ᠢᠶᠠᠷ ᠱᠢᠭᠤᠳ ᠨᠡᠪᠲᠡᠷᠡᠭᠦᠯᠪᠡ᠃