《ᠡᠢᠮᠦ ᠪᠤᠳᠤᠯᠢᠶᠠᠨᠳᠠᠢ ᠭᠠᠷ ᠭᠦᠢᠴᠡᠳᠭᠡᠯ ᠢ᠋ ᠬᠦᠢᠴᠡᠳᠬᠡᠬᠦ ᠳ᠋ᠦ ᠳᠡᠮᠡᠢ ᠤᠳᠠᠬᠰᠠᠨ ᠦᠭᠡᠢ ᠳᠠᠭᠤᠰᠬᠠᠵᠠᠢ᠂ ᠵᠠᠰᠠᠭ ᠤ᠋ᠨ ᠤᠷᠳᠤᠨ ᠤ᠋ ᠡᠨᠡ ᠬᠦ᠌ ᠠᠷᠠᠳ ᠲᠦ᠍ ᠳᠦᠭᠦᠮ ᠦᠵᠡᠭᠦᠯᠦᠭᠰᠡᠨ ᠠᠷᠭ᠎ᠠ ᠠᠪᠴᠠᠯ ᠳ᠋ᠦ ᠮᠠᠰᠢ ᠳᠠᠯᠠᠷᠬᠠᠵᠤ ᠪᠠᠢᠨ᠎ᠠ》 ᠭᠡᠵᠤ ᠰᠠᠶᠢᠬᠠᠨ ᠦᠯᠦ ᠬᠦᠳᠡᠯᠬᠦ ᠬᠦᠷᠦᠩᠭᠡ ᠵᠢᠨ ᠦᠨᠡᠮᠯᠡᠯ ᠵᠢᠠᠨ ᠭᠠᠷᠳᠠᠬᠰᠠᠨ ᠪᠠᠢ ᠠᠪᠠᠬᠠᠢ ᠶᠠᠷᠢᠨ᠎ᠠ᠃ ᠤᠢᠷ᠎ᠠ ᠵᠢᠨ ᠡᠳᠦᠷ᠂ ᠤᠷᠳᠤᠰ ᠬᠤᠳᠠ ᠵᠢᠨ ᠬᠠᠩᠬᠢᠨ ᠬᠤᠰᠢᠭᠤ ᠨᠢᠭᠡ ᠪᠦᠯᠦᠭ ᠰᠢᠨ᠎ᠡ ᠪᠡᠷ ᠪᠠᠢᠭᠤᠯᠤᠬᠰᠠᠨ ᠲᠠᠸᠠᠷ ᠤ᠋ᠨ ᠭᠡᠷ ᠬᠦᠷᠦᠩᠭᠡ ᠵᠢᠨ ᠰᠢᠯᠵᠢᠬᠦᠯᠦᠨ ᠳᠠᠩᠰᠠᠯᠠᠭᠤᠯᠬᠤ ᠭᠠᠷ ᠭᠦᠢᠴᠡᠳᠭᠡᠯ ᠢ᠋ ᠭᠤᠶᠤᠴᠢᠯᠠᠨ ᠭᠦᠢᠴᠡᠳᠭᠡᠵᠤ ᠪᠤᠯᠬᠤ ᠰᠠᠭᠤᠭᠠᠯᠢ ᠲᠤᠭᠤᠷᠢᠭ ᠢ᠋ ᠵᠠᠷᠯᠠᠨ ᠮᠡᠳᠡᠭᠳᠡᠪᠠ᠃ ᠡᠮᠦᠨᠡᠬᠢ ᠲᠠᠢ ᠠᠳᠠᠯᠢ ᠦᠭᠡᠢ ᠨᠢ ᠭᠡᠪᠡᠯ᠂ ᠡᠨᠡ ᠤᠳᠠᠭ᠎ᠠ 《ᠦᠨᠳᠦᠷ ᠪᠦᠲᠦᠮᠵᠢ ᠪᠡᠷ ᠨᠢᠭᠡ ᠶᠠᠪᠤᠳᠠᠯ ᠢ᠋ ᠪᠦᠲᠦᠭᠡᠬᠦ》 ᠢᠵᠢ ᠪᠦᠷᠢᠳᠦᠭᠦᠯᠦᠭᠰᠡᠨ ᠦᠢᠯᠡᠴᠢᠯᠡᠭᠡ ᠵᠢ ᠡᠷᠬᠢᠯᠡᠨ ᠶᠠᠪᠤᠭᠤᠯᠵᠤ᠂ ᠦᠨᠡᠮᠯᠡᠯ ᠭᠦᠢᠴᠡᠳᠭᠡᠬᠦ ᠬᠡᠯᠳᠡᠰ ᠨᠢ ᠭᠠᠷ ᠭᠦᠢᠴᠡᠳᠭᠡᠯ ᠳ᠋ᠦ ᠤᠷᠢᠳᠴᠢᠯᠠᠨ ᠤᠷᠤᠯᠴᠠᠵᠤ᠂ ᠤᠯᠠᠨ ᠲᠦᠮᠡᠨ ᠡᠴᠡ ᠬᠤᠪᠢ ᠬᠦᠮᠦᠨ ᠤ᠋ ᠮᠠᠲᠸᠷᠢᠶᠠᠯ ᠵᠢᠠᠨ ᠪᠡᠯᠡᠳᠭᠡᠨ ᠴᠤᠩᠬᠤᠪᠴᠢ ᠳ᠋ᠦ ᠢᠷᠡᠭᠡᠳ ᠬᠦᠰᠦᠨᠦᠭᠳᠦ ᠳᠠᠬᠯᠠᠨ ᠭᠠᠷ ᠤ᠋ᠨ ᠦᠰᠦᠭ ᠵᠢᠷᠤᠪᠠᠯ ᠪᠤᠯᠴᠢᠬᠠᠳᠠᠭ ᠡᠴᠡ ᠮᠠᠰᠢ ᠳᠦᠭᠦᠮ ᠳᠦᠳᠡ ᠪᠤᠯᠵᠠᠢ᠃
ᠡᠨᠡ ᠪᠤᠯ ᠬᠠᠩᠬᠢᠨ ᠬᠤᠰᠢᠭᠤᠨ ᠤ᠋ 《ᠦᠨᠳᠦᠷ ᠪᠦᠲᠦᠮᠵᠢ ᠪᠡᠷ ᠨᠢᠭᠡ ᠶᠠᠪᠤᠳᠠᠯ ᠢ᠋ ᠪᠦᠲᠦᠭᠡᠬᠦ》 ᠢᠵᠢ ᠪᠦᠷᠢᠳᠦᠭᠦᠯᠦᠭᠰᠡᠨ ᠦᠢᠯᠡᠴᠢᠯᠡᠭᠡ ᠵᠢᠨ ᠨᠢᠭᠡᠨ ᠬᠤᠷᠢᠶᠠᠩᠭᠤᠢ ᠲᠦᠷᠰᠦ ᠪᠠᠢᠵᠦ ᠂ ᠲᠤᠬᠠᠢᠯᠠᠬᠰᠠᠨ ᠠᠵᠢᠯ ᠤ᠋ᠨ ᠭᠦᠢᠴᠡᠳᠭᠡᠯ ᠨᠢ ᠨᠡᠩ ᠳᠦᠭᠦᠮ ᠳᠦᠳᠡ ᠦᠨᠳᠦᠷ ᠪᠦᠲᠦᠮᠵᠢᠳᠡᠢ ᠪᠤᠯᠤᠬᠰᠠᠨ ᠵᠢᠡᠷ ᠪᠠᠷᠠᠬᠤ ᠦᠭᠡᠢ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠵᠢᠨ ᠶᠠᠰᠤ ᠴᠢᠨᠠᠷ ᠪᠠ ᠠᠵᠢᠯ ᠭᠦᠢᠴᠡᠳᠬᠡᠬᠦ ᠤᠯᠠᠨ ᠲᠦᠮᠡᠨ ᠤ᠋ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠵᠤ᠂ ᠵᠠᠰᠠᠭ ᠤ᠋ᠨ ᠤᠷᠳᠤᠨ ᠤ᠋ ᠢᠳᠡᠭᠡᠮᠵᠢ ᠵᠢᠨ ᠬᠦᠴᠦᠨ ᠢ᠋ ᠮᠡᠳᠡᠭᠳᠡᠮ᠎ᠠ ᠳᠡᠭᠡᠭᠰᠢᠯᠡᠭᠦᠯᠵᠠᠢ᠃ ᠤᠳᠤᠬᠠᠨ ᠪᠤᠯᠳᠠᠯ᠎ᠠ ᠪᠦᠬᠦ ᠬᠤᠰᠢᠭᠤᠨ ᠤ᠋ ᠰᠦᠯᠵᠢᠶᠡᠨ ᠳᠡᠭᠡᠷᠡᠬᠢ ᠵᠠᠰᠠᠭ ᠤ᠋ᠨ ᠶᠠᠪᠤᠳᠠᠯ ᠤ᠋ᠨ ᠵᠦᠢᠯᠡᠰ ᠤ᠋ᠨ ᠰᠦᠯᠵᠢᠶ᠎ᠡ ᠪᠡᠷ ᠭᠦᠢᠴᠡᠳᠭᠡᠬᠦ ᠨᠤᠷᠮ᠎ᠠ 96.27% ᠳ᠋ᠦ ᠬᠦᠷᠴᠦ᠂ ᠪᠦᠬᠦ ᠶᠠᠪᠤᠴᠠ ᠪᠡᠷ ᠰᠦᠯᠵᠢᠶᠡᠨ ᠳᠡᠭᠡᠷ᠎ᠡ ᠭᠦᠢᠴᠡᠳᠭᠡᠬᠦ ᠨᠤᠷᠮ᠎ᠠ 88.18% ᠳ᠋ᠦ ᠬᠦᠷᠴᠦ᠂ 《ᠬᠠᠮᠤᠭᠤᠨ ᠤᠯᠠᠨ ᠳ᠋ᠠᠭᠠᠨ ᠨᠢᠭᠡ ᠤᠳᠠᠭ᠎ᠠ ᠭᠦᠶᠦᠬᠦ》 ᠵᠦᠢᠯᠡᠰ ᠤ᠋ᠨ ᠰᠦᠯᠵᠢᠶ᠎ᠡ ᠪᠡᠷ ᠭᠦᠢᠴᠡᠳᠭᠡᠬᠦ ᠨᠤᠷᠮ᠎ᠠ 99.93% ᠬᠦᠷᠴᠤ ᠪᠠᠢᠨ᠎ᠠ᠃
ᠲᠦᠷᠦᠬᠦᠬᠡᠨ᠂ ᠤᠷᠳᠤᠰ ᠬᠤᠳᠠ ᠵᠢᠨ ᠬᠠᠩᠬᠢᠨ ᠬᠤᠰᠢᠭᠤᠨ ᠤ᠋ ᠯᠦ᠍ ᠲᠠᠢ ᠪᠠᠢᠭᠠᠯᠢ ᠵᠢᠨ ᠰᠢᠳᠠᠮᠠᠬᠠᠢ ᠬᠡᠢ ᠵᠢᠨ ᠳᠠᠬᠢᠨ ᠬᠤᠷᠢᠶᠠᠵᠤ ᠠᠰᠢᠬᠯᠠᠬᠤ ᠲᠦᠷᠦᠯ ᠵᠦᠢᠯ ᠤ᠋ᠨ ᠬᠠᠷᠢᠭᠤᠴᠠᠯᠭᠠᠳᠠᠨ ᠦᠯᠦ ᠬᠦᠳᠡᠯᠬᠦ ᠬᠦᠷᠦᠩᠭᠡ ᠵᠢᠨ ᠦᠨᠡᠮᠯᠡᠯ᠂ ᠪᠦᠲᠦᠭᠡᠨ ᠪᠠᠢᠭᠤᠯᠤᠯᠳᠠ ᠵᠢᠨ ᠭᠠᠵᠠᠷ ᠬᠡᠷᠡᠭᠯᠡᠬᠦ ᠲᠦᠯᠦᠪᠵᠢᠬᠦᠯᠭᠡ ᠵᠢᠨ ᠵᠦᠪᠰᠢᠶᠠᠷᠡᠯ ᠤ᠋ᠨ ᠦᠨᠡᠮᠯᠡᠯ᠂ ᠪᠦᠲᠦᠭᠡᠨ ᠪᠠᠢᠭᠤᠯᠤᠯᠳᠠ ᠵᠢᠨ ᠢᠨᠵᠸᠨ᠋ᠸᠷᠢᠩ ᠤ᠋ᠨ ᠲᠦᠯᠦᠪᠵᠢᠬᠦᠯᠭᠡ ᠵᠢᠨ ᠵᠦᠪᠰᠢᠶᠡᠷᠡᠯ ᠤ᠋ᠨ ᠦᠨᠡᠮᠯᠡᠯ᠂ ᠪᠦᠲᠦᠭᠡᠨ ᠪᠠᠢᠭᠤᠯᠤᠯᠳᠠ ᠵᠢᠨ ᠢᠨᠵᠸᠨ᠋ᠸᠷᠢᠩ ᠤ᠋ᠨ ᠪᠠᠷᠢᠯᠭ᠎ᠠ ᠡᠬᠢᠯᠡᠬᠦ ᠵᠦᠪᠰᠢᠶᠡᠷᠡᠯ ᠤ᠋ᠨ ᠦᠨᠡᠮᠯᠡᠯ ᠵᠢᠠᠨ ᠬᠠᠮᠳᠤ ᠳ᠋ᠤᠨᠢ ᠬᠤᠷᠢᠶᠠᠨ ᠤᠯᠵᠤ᠂ ᠭᠠᠵᠠᠷ ᠲᠤᠰᠢᠶᠠᠮᠠᠬᠴᠠ ᠦᠨᠡᠮᠯᠡᠯ ᠵᠢᠠᠨ ᠦᠭᠬᠦ 《ᠴᠠᠭ ᠤ᠋ᠨ ᠵᠦᠷᠢᠶ᠎ᠡ ᠦᠭᠡᠢ》 ᠵᠢ ᠪᠡᠶᠡᠯᠡᠭᠦᠯᠵᠤ᠂ ᠦᠪᠡᠷᠳᠡᠭᠡᠨ ᠵᠠᠰᠠᠬᠤ ᠤᠷᠤᠨ ᠤ᠋ ᠠᠩᠬᠠᠳᠠᠬᠴᠢ ᠰᠢᠳᠠᠮᠠᠬᠠᠢ ᠬᠡᠢ ᠵᠢᠨ ᠤᠨᠴᠠᠭᠠᠢ ᠠᠵᠢᠯ ᠲᠦᠷᠦᠯ ᠤ᠋ᠨ 《ᠲᠦᠷᠪᠡᠨ ᠦᠨᠡᠮᠯᠡᠯ ᠢ᠋ ᠬᠤᠯᠪᠤᠯᠳᠤᠭᠤᠯᠤᠨ ᠳᠠᠷᠬᠠᠭᠠᠬᠰᠠᠨ》᠂《ᠭᠠᠵᠠᠷ ᠵᠢᠠᠨ ᠠᠪᠤᠮᠠᠬᠴᠠ ᠠᠵᠢᠯ ᠵᠢᠠᠨ ᠡᠬᠢᠯᠡᠬᠦᠯᠦᠭᠰᠡᠨ》 ᠲᠦᠷᠦᠯ ᠵᠦᠢᠯ ᠪᠤᠯᠵᠠᠢ᠃
ᠡᠨᠡ ᠵᠢᠯ ᠡᠴᠡ ᠨᠠᠭᠠᠰᠢ᠂ ᠬᠠᠩᠬᠢᠨ ᠬᠤᠰᠢᠭᠤ 《ᠢᠳᠡᠭᠡᠮᠵᠢ ᠵᠢᠨ ᠲᠤᠯᠠᠭᠠᠨ ᠬᠤᠳᠠ》 ᠵᠢᠨ ᠲᠦᠷᠦᠯ ᠳᠡᠮᠳᠡᠭ ᠢ᠋ ᠪᠠᠢᠭᠤᠯᠬᠤ ᠪᠡᠷ ᠭᠠᠷᠳᠠᠴᠠ ᠪᠤᠯᠭᠠᠵᠤ᠂ ᠠᠵᠢᠯᠯᠠᠬᠤ ᠠᠷᠭ᠎ᠠ ᠵᠢᠨ ᠰᠢᠨ᠎ᠡ ᠵᠢ ᠡᠭᠦᠳᠴᠦ᠂ ᠵᠠᠰᠠᠭ ᠤ᠋ᠨ ᠶᠠᠪᠤᠳᠠᠯ ᠤ᠋ᠨ ᠢᠳᠡᠭᠡᠮᠵᠢ᠂ ᠬᠤᠳᠠᠯᠳᠤᠭᠠᠨ ᠤ᠋ ᠶᠠᠪᠤᠳᠠᠯ ᠤ᠋ᠨ ᠢᠳᠡᠭᠡᠮᠵᠢ᠂ ᠨᠡᠢᠭᠡᠮ ᠤ᠋ᠨ ᠢᠳᠡᠭᠡᠮᠵᠢ᠂ ᠬᠠᠤᠯᠢ ᠴᠠᠭᠠᠵᠠ ᠵᠢᠨ ᠨᠡᠢᠳᠡ ᠵᠢᠨ ᠢᠳᠡᠭᠡᠮᠵᠢ ᠵᠢᠨ ᠪᠠᠢᠭᠤᠯᠤᠯᠳᠠ ᠵᠢ ᠨᠢᠭᠡᠳᠦᠯᠳᠡᠢ ᠲᠦᠯᠦᠪᠯᠡᠨ ᠠᠭᠢᠭᠤᠯᠵᠤ᠂ ᠢᠳᠡᠭᠡᠮᠵᠢ ᠵᠢᠨ ᠪᠦᠲᠦᠭᠡᠨ ᠪᠠᠢᠭᠤᠯᠤᠯᠳᠠ ᠵᠢᠨ ᠠᠵᠢᠯ ᠤ᠋ᠨ ᠪᠠᠢᠷᠢᠯᠠᠭᠤᠯᠤᠯᠳᠠ ᠵᠢ ᠪᠦᠬᠦ ᠲᠠᠯ᠎ᠠ ᠪᠡᠷ ᠪᠦᠬᠦᠨ ᠢ᠋ ᠬᠠᠮᠤᠷᠤᠭᠤᠯᠤᠨ ᠶᠠᠪᠤᠬᠳᠠᠭᠤᠯᠪᠠ᠃
ᠬᠠᠩᠬᠢᠨ ᠬᠤᠰᠢᠭᠤ ᠢᠳᠡᠭᠡᠮᠵᠢ ᠵᠢ ᠬᠢᠨᠠᠯᠳᠠ ᠬᠠᠮᠢᠶᠠᠷᠤᠯᠳᠠ ᠵᠢᠨ ᠪᠠᠢᠭᠤᠯᠤᠮᠵᠢ ᠵᠢᠨ ᠰᠢᠨ᠎ᠡ ᠵᠢ ᠡᠭᠦᠳᠬᠦ ᠳ᠋ᠦ ᠭᠦᠢᠴᠡᠳ ᠪᠠᠳᠠᠷᠠᠭᠤᠯᠵᠤ᠂ ᠬᠢᠨᠠᠯᠳᠠ ᠬᠠᠮᠢᠶᠠᠷᠤᠯᠳᠠ ᠵᠢᠨ ᠴᠢᠳᠠᠪᠤᠷᠢ ᠪᠤᠯᠤᠨ ᠬᠢᠷᠢ ᠲᠦᠪᠰᠢᠨ ᠤ᠋ ᠲᠠᠯ᠎ᠠ ᠵᠢᠨ ᠰᠠᠭᠤᠷᠢ ᠴᠢᠨᠠᠷ ᠲᠠᠢ ᠦᠢᠯᠡᠳᠦᠯ ᠢ᠋ ᠳᠡᠭᠡᠭᠰᠢᠯᠡᠭᠦᠯᠵᠤ᠂ ᠢᠳᠡᠭᠡᠮᠵᠢᠳᠠᠢ ᠨᠢ ᠠᠰᠢᠭ ᠬᠦᠷᠳᠡᠵᠤ᠂ ᠢᠳᠡᠭᠡᠮᠵᠢ ᠪᠠᠨ ᠠᠯᠳᠠᠬᠰᠠᠨ ᠨᠢ ᠰᠢᠢᠳᠭᠡᠯ ᠤᠯᠵᠤ᠂ ᠡᠵᠡᠩᠨᠡᠯᠳᠡ ᠵᠢᠨ ᠭᠤᠤᠯ ᠴᠤᠬᠴᠠ ᠵᠢᠨ ᠠᠮᠢᠵᠢᠷᠠᠯ ᠤ᠋ᠨ ᠬᠦᠴᠦᠨ ᠢ᠋ ᠨᠡᠩ ᠰᠠᠢᠳᠤᠷ ᠬᠦᠭᠵᠢᠬᠡᠪᠡ᠃ ᠤᠳᠤᠬᠠᠨ ᠳ᠋ᠦ ᠬᠠᠮᠳᠤ ᠪᠡᠷ ᠡᠳ᠋ᠯᠡᠬᠦ ᠠᠵᠤ ᠠᠬᠤᠢᠯᠠᠯ ᠤ᠋ᠨ ᠢᠳᠡᠭᠡᠮᠵᠢ ᠵᠢᠨ ᠠᠮᠠᠯᠠᠯᠳᠠ ᠵᠢᠨ ᠮᠡᠳᠡᠭᠡ ᠵᠠᠩᠬᠢ ᠵᠢ ᠨᠡᠢᠳᠡ 16000 ᠭᠠᠷᠤᠢ ᠵᠤᠷᠪᠤᠰ ᠵᠠᠷᠯᠠᠨ ᠨᠡᠢᠳᠡᠯᠡᠵᠤ᠂ ᠢᠳᠡᠭᠡᠮᠵᠢ ᠵᠢᠨ ᠵᠠᠰᠠᠨ ᠰᠡᠷᠭᠦᠭᠡᠬᠦ ᠬᠡᠯᠪᠡᠷᠢ ᠵᠡᠷᠭᠡ 5 ᠲᠦᠷᠦᠯ ᠤ᠋ᠨ ᠢᠳᠡᠭᠡᠮᠵᠢ ᠵᠢᠨ ᠠᠮᠠᠯᠠᠯᠳᠠ ᠵᠢ ᠬᠠᠮᠤᠷᠴᠤ ᠪᠠᠢᠳᠠᠭ᠃ ᠨᠡᠢᠳᠡ 182 ᠨᠢᠭᠡᠴᠢ ᠠᠵᠤ ᠠᠬᠤᠢᠯᠠᠯ ᠢᠳᠡᠭᠡᠮᠵᠢ ᠪᠠᠨ ᠵᠠᠰᠠᠨ ᠰᠡᠷᠭᠦᠭᠡᠵᠤ᠂ ᠢᠳᠡᠭᠡᠮᠵᠢ ᠵᠢᠨ ᠭᠤᠤᠯ ᠴᠤᠬᠴᠠ ᠵᠢᠨ ᠬᠠᠤᠯᠢ ᠳ᠋ᠦ ᠨᠡᠢᠴᠡᠭᠰᠡᠨ ᠡᠷᠬᠡ ᠠᠰᠢᠭ ᠢ᠋ ᠪᠦᠲᠦᠮᠵᠢᠳᠡᠢ ᠬᠠᠮᠠᠭᠠᠯᠠᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠪᠦᠬᠦ ᠲᠠᠯ᠎ᠠ ᠪᠡᠷ ᠰᠢᠯᠢᠳᠡᠭᠵᠢᠬᠦᠯᠬᠦ ᠳ᠋ᠦ ᠬᠦᠴᠦᠨ ᠨᠡᠮᠡᠷᠢᠯᠡᠵᠠᠢ᠃
ᠰᠤᠷᠪᠤᠯᠵᠢᠯᠠᠬᠴᠢ ᠬᠠᠩᠬᠢᠨ ᠬᠤᠰᠢᠭᠤᠨ ᠤ᠋ ᠬᠠᠤᠯᠢ ᠴᠠᠭᠠᠵᠠ ᠵᠢᠨ ᠲᠤᠪᠴᠢᠶ᠎ᠠ ᠡᠴᠡ ᠤᠢᠯᠠᠭᠠᠬᠰᠠᠨ ᠵᠢᠡᠷ᠂ ᠡᠨᠡ ᠵᠢᠯ ᠡᠴᠡ ᠨᠠᠭᠠᠰᠢ ᠬᠠᠩᠬᠢᠨ ᠬᠤᠰᠢᠭᠤ ᠨᠡᠢᠭᠡᠮ ᠤ᠋ᠨ ᠢᠳᠡᠭᠡᠮᠵᠢ ᠵᠢᠨ ᠰᠢᠰᠲᠸᠮ ᠤ᠋ᠨ ᠪᠠᠢᠭᠤᠯᠤᠯᠳᠠ ᠳ᠋ᠦ ᠠᠩᠬᠠᠷᠤᠯ ᠵᠢᠠᠨ ᠲᠦᠪᠯᠡᠷᠡᠭᠦᠯᠵᠤ᠂ ᠨᠡᠢᠭᠡᠮ ᠤ᠋ᠨ ᠢᠳᠡᠭᠡᠮᠵᠢ ᠵᠢᠨ 《ᠲᠤᠷᠰᠢᠯᠳᠠ ᠵᠢᠨ ᠲᠠᠷᠢᠶ᠎ᠠ》 ᠳ᠋ᠦ ᠬᠦᠨ ᠦᠨᠳᠦᠰᠦᠯᠡᠵᠤ᠂ ᠤᠯᠠᠨ ᠠᠷᠭ᠎ᠠ ᠵᠢ ᠵᠡᠷᠭᠡ ᠪᠡᠷ ᠬᠡᠷᠡᠭᠯᠡᠨ ᠡᠯ᠎ᠡ ᠲᠦᠷᠦᠯ ᠤ᠋ᠨ ᠭᠤᠤᠯ ᠴᠤᠬᠴᠠ ᠵᠢᠨ ᠢᠳᠡᠭᠡᠮᠵᠢᠳᠦ ᠠᠵᠢᠯᠯᠠᠭ᠎ᠠ ᠵᠢ ᠳᠡᠭᠡᠭᠰᠢᠯᠡᠭᠦᠯᠵᠠᠢ᠃ ᠡᠵᠡᠩᠨᠡᠯᠳᠡ ᠨᠢ ᠬᠡᠪ ᠤ᠋ᠨ ᠪᠤᠰᠤ ᠪᠠᠢᠬᠤ ᠨᠡᠷᠡᠰ ᠤ᠋ᠨ ᠵᠢᠬᠰᠠᠭᠠᠯᠳᠠ ᠪᠤᠶᠤ ᠬᠦᠨᠳᠦ ᠨᠤᠴᠢᠳᠠᠢ ᠬᠠᠤᠯᠢ ᠡᠴᠡ ᠵᠦᠷᠢᠴᠡᠭᠰᠡᠨ ᠢᠳᠡᠭᠡᠮᠵᠢ ᠠᠯᠳᠠᠬᠰᠠᠨ ᠨᠡᠷᠡᠰ ᠤ᠋ᠨ ᠵᠢᠬᠰᠠᠭᠠᠯᠳᠠ ᠳ᠋ᠦ ᠬᠠᠤᠯᠢ ᠶᠤᠰᠤᠭᠠᠷ ᠤᠷᠤᠭᠤᠯᠤᠬᠰᠠᠨ ᠠᠵᠤ ᠠᠬᠤᠢᠯᠠᠯ ᠳ᠋ᠦ ᠵᠠᠰᠠᠭ ᠤ᠋ᠨ ᠤᠷᠳᠤᠨ ᠳᠠᠭᠠᠭᠠᠴᠢᠯᠠᠯᠳᠠ ᠵᠠᠷᠯᠠᠬᠤ᠂ ᠲᠦᠷᠦᠯ ᠵᠦᠢᠯ ᠡᠷᠡᠮᠡᠯᠵᠡᠬᠦ ᠂ ᠤᠳᠤᠨ ᠳᠡᠰ ᠵᠢᠡᠷ ᠦᠨᠡᠯᠡᠬᠦ᠂ ᠢᠷᠠᠭᠤ ᠠᠯᠳᠠᠷ ᠤᠯᠭᠤᠬᠤ ᠵᠡᠷᠭᠡ ᠠᠵᠢᠯ ᠳᠤᠮᠳᠠ ᠬᠠᠤᠯᠢ ᠶᠤᠰᠤᠭᠠᠷ ᠬᠢᠵᠠᠭᠠᠷᠯᠠᠬᠤ ᠪᠤᠶᠤ ᠴᠠᠭᠠᠵᠠᠯᠠᠨ᠎ᠠ ;ᠢᠳᠡᠭᠡᠨ ᠤᠮᠳᠠᠭᠠᠨ ᠡᠮ ᠤ᠋ᠨ ᠵᠦᠢᠯᠡᠰ ᠤ᠋ᠨ ᠦᠢᠯᠡᠳᠪᠦᠷᠢᠯᠡᠯ᠂ ᠭᠠᠢᠯᠢ ᠲᠠᠳᠠᠪᠤᠷᠢ᠂ ᠬᠤᠭᠤᠯᠠ ᠤᠮᠳᠠ ᠵᠢᠨ ᠦᠢᠯᠡᠴᠢᠯᠡᠭᠡ ᠵᠡᠷᠭᠡ 11 ᠬᠦᠷᠢᠶᠡᠨ ᠳ᠋ᠦ ᠢᠳᠡᠭᠡᠮᠵᠢ ᠵᠢᠨ ᠳᠡᠰ ᠲᠦᠷᠦᠯ ᠬᠤᠪᠢᠶᠠᠨ ᠬᠢᠨᠠᠨ ᠬᠠᠮᠢᠶᠠᠷᠴᠤ᠂ ᠢᠳᠡᠭᠡᠮᠵᠢ ᠠᠯᠳᠠᠬᠰᠠᠨ ᠪᠠ ᠲᠦᠷᠢᠮ ᠡᠴᠡ ᠵᠦᠷᠢᠴᠡᠭᠰᠡᠨ ᠬᠤᠪᠢ ᠬᠦᠮᠦᠨ ᠤ᠋ ᠢᠳᠡᠭᠡᠮᠵᠢ ᠵᠢ ᠬᠦᠨᠳᠦ ᠨᠤᠴᠢᠳᠠᠢ ᠢᠳᠡᠭᠡᠮᠵᠢ ᠠᠯᠳᠠᠬᠰᠠᠨ ᠨᠡᠷᠡᠰ ᠤ᠋ᠨ ᠵᠢᠬᠰᠠᠭᠠᠯᠳᠠ ᠳ᠋ᠦ ᠤᠷᠤᠭᠤᠯᠵᠤ᠂ ᠢᠳᠡᠭᠡᠮᠵᠢ ᠵᠢᠨ ᠲᠤᠯᠭᠠᠭᠤᠷᠢᠯᠠᠬᠤ 《ᠰᠠᠭᠤᠷᠢ》 ᠵᠢ ᠪᠠᠳᠤᠳᠬᠠᠪᠠ᠃
ᠬᠠᠩᠬᠢᠨ ᠬᠤᠰᠢᠭᠤ ᠢᠳᠡᠭᠡᠮᠵᠢ ᠵᠢᠨ ᠪᠠᠢᠭᠤᠯᠤᠯᠳᠠ ᠵᠢ ᠤᠶᠤᠨ ᠤ᠋ ᠪᠤᠯᠪᠠᠰᠤᠨ ᠤ᠋ ᠪᠠᠢᠭᠤᠯᠤᠯᠳᠠ ᠵᠢ ᠴᠢᠩᠭᠠᠳᠬᠠᠬᠤ᠂ ᠨᠡᠢᠭᠡᠮ ᠵᠢᠷᠤᠮ ᠤ᠋ᠨ ᠭᠤᠤᠯᠯᠠᠬᠴᠢ ᠦᠷᠳᠡᠭ ᠤ᠋ᠨ ᠦᠵᠡᠯᠳᠡ ᠵᠢ ᠬᠦᠮᠦᠵᠢᠬᠦᠯᠬᠦ ᠪᠠ ᠦᠢᠯᠡᠳᠦᠯᠭᠡᠵᠢᠬᠦᠯᠬᠦ᠂ ᠤᠮᠠᠷᠠᠳᠤ ᠬᠢᠯᠢ ᠵᠢᠨ ᠰᠤᠶᠤᠯ ᠤ᠋ᠨ ᠳᠦᠷᠦᠯ ᠳᠡᠮᠳᠡᠭ ᠢ᠋ ᠴᠤᠬᠴᠠᠯᠠᠬᠤ᠂ ᠮᠤᠨᠭᠭᠤᠯ ᠮᠤᠷᠢᠨ ᠤ᠋ ᠵᠤᠷᠢᠭ ᠰᠠᠨᠠᠭ᠎ᠠ ᠵᠢ ᠪᠠᠳᠠᠷᠠᠭᠤᠯᠬᠤ ᠵᠡᠷᠭᠡ ᠲᠠᠢ ᠨᠢᠭᠡ ᠴᠤᠬᠴᠠᠵᠢᠭᠤᠯᠤᠨ ᠠᠭᠢᠭᠤᠯᠤᠬᠰᠠᠨ ᠵᠢᠡᠷ ᠪᠠᠷᠠᠬᠤ ᠦᠭᠡᠢ ᠪᠠᠰᠠ ᠢᠳᠡᠭᠡᠮᠵᠢ ᠵᠢᠨ ᠲᠦᠷᠦᠯ ᠤ᠋ᠨ 《ᠶᠤᠰᠤ ᠰᠤᠷᠳᠠᠬᠤᠨᠤ ᠵᠢᠱ᠌ᠢᠶᠡᠴᠢ》᠂ 《ᠬᠠᠵᠠᠭᠤ ᠳ᠋ᠡᠬᠢ ᠰᠠᠢᠨ ᠬᠦᠮᠦᠨ》᠂《ᠰᠢᠨ᠎ᠡ ᠴᠠᠭ ᠦᠶ᠎ᠡ ᠵᠢᠨ ᠰᠠᠢᠨ ᠪᠠᠭᠠᠴᠤᠳ》᠂ 《ᠤᠳᠤᠨ ᠳᠡᠰ ᠤ᠋ᠨ ᠪᠤᠯᠪᠠᠰᠤᠨ ᠬᠤᠳᠠᠯᠳᠤᠭᠠᠴᠢᠨ》ᠵᠡᠷᠭᠡ ᠲᠡᠷᠢᠭᠦᠨ ᠤ᠋ ᠨᠡᠢᠳᠡᠯᠢᠭ ᠵᠢᠱ᠌ᠢᠶ᠎ᠡ ᠵᠢ ᠦᠨᠡᠯᠡᠨ ᠰᠢᠯᠭᠠᠷᠠᠭᠤᠯᠵᠤ᠂ ᠢᠳᠡᠭᠡᠮᠵᠢ ᠵᠢᠨ ᠬᠡᠷᠡᠯ ᠬᠡᠬᠡ ᠵᠢ ᠬᠠᠩᠬᠢᠨ ᠨᠤᠳᠤᠭ ᠲᠦ᠍ ᠰᠠᠴᠤᠷᠠᠭᠤᠯᠤᠬᠰᠠᠨ ᠪᠠᠢᠨ᠎ᠠ᠃ ᠤᠳᠤᠬᠠᠨ ᠪᠤᠯᠳᠠᠯ᠎ᠠ ᠪᠦᠬᠦ ᠬᠤᠰᠢᠭᠤᠨ ᠳ᠋ᠦ ᠡᠯ᠎ᠡ ᠱᠠᠳᠤᠨ ᠤ᠋ ᠶᠤᠰᠤ ᠰᠤᠷᠳᠠᠬᠤᠨᠤ ᠵᠢᠱ᠌ᠢᠶᠡᠴᠢ 25 ᠬᠦᠮᠦᠨ ᠂ ᠬᠠᠵᠠᠭᠤ ᠳ᠋ᠡᠬᠢ ᠰᠠᠢᠨ ᠬᠦᠮᠦᠨ 43 ᠬᠦᠮᠦᠨ᠂ ᠪᠤᠯᠪᠠᠰᠤᠨ ᠭᠡᠷ ᠪᠦᠯᠢ 164 ᠡᠷᠦᠬᠡ᠂ ᠪᠤᠯᠪᠠᠰᠤᠨ ᠡᠷᠦᠬᠡ 229 ᠡᠷᠦᠬᠡ᠂ ᠰᠠᠢᠬᠠᠨ ᠰᠤᠷᠳᠠᠯᠳᠤ ᠪᠠᠭᠠᠴᠤᠳ᠂ ᠰᠢᠨ᠎ᠡ ᠴᠠᠭ ᠦᠶ᠎ᠠ ᠵᠢᠨ ᠰᠠᠢᠨ ᠪᠠᠭᠠᠴᠤᠳ 149 ᠬᠦᠮᠦᠨ ᠢ ᠰᠢᠯᠭᠠᠷᠠᠭᠤᠯᠤᠨ ᠰᠤᠩᠭᠤᠵᠠᠢ᠃
ᠡᠭᠦᠨ ᠤ᠋ ᠬᠠᠮᠳᠤ᠂ ᠬᠠᠩᠬᠢᠨ ᠬᠤᠰᠢᠭᠤ ᠬᠠᠤᠯᠢ ᠪᠠᠷᠢᠬᠤ ᠵᠢ ᠢᠯᠡ ᠪᠤᠯᠭᠠᠬᠤ ᠵᠢ ᠠᠬᠢᠭᠤᠯᠵᠦ᠂ ᠬᠠᠤᠯᠢ ᠴᠠᠭᠠᠵᠠ ᠵᠢᠨ ᠨᠡᠢᠳᠡ ᠵᠢᠨ ᠢᠳᠡᠭᠡᠮᠵᠢ ᠵᠢ ᠴᠤᠭᠴᠠᠯᠠᠵᠦ᠂ 《ᠰᠡᠳᠬᠢᠯᠭᠡ ᠲᠠᠢ+ ᠬᠤᠷᠳᠤᠴᠠ ᠲᠠᠢ + ᠤᠪᠤᠷ ᠰᠠᠢᠳᠠᠢ》 ᠦᠢᠯᠡᠴᠢᠯᠡᠭᠡ ᠵᠢᠨ ᠰᠢᠨ᠎ᠡ ᠪᠠᠢᠳᠠᠯ ᠢ᠋ ᠪᠦᠷᠢᠯᠳᠦᠭᠦᠯᠵᠤ᠂ ᠲᠦᠪ ᠭᠤᠤᠯᠴᠢ ᠡᠷᠬᠡ ᠳᠡᠭᠰᠢ ᠵᠢ ᠨᠢᠳᠤᠨᠳᠤ ᠦᠵᠡᠭᠳᠡᠵᠦ ᠭᠠᠷ ᠲᠦ᠍ ᠪᠠᠷᠢᠭᠳᠠᠳᠠᠯᠠ ᠪᠡᠶᠡᠯᠡᠭᠦᠯᠵᠤ᠂ ᠬᠠᠤᠯᠢ ᠴᠠᠭᠠᠵᠠ ᠵᠢᠨ ᠡᠷᠬᠡ ᠮᠡᠳᠡᠯ ᠢ᠋ ᠨᠡᠩ ᠪᠦᠬᠦ ᠲᠠᠯ᠎ᠠ ᠪᠡᠷ ᠢᠯᠠ ᠳᠤᠳᠤᠷᠬᠠᠢ ᠪᠤᠯᠭᠠᠪᠠ᠃ 4 ᠰᠠᠷ᠎ᠠ ᠵᠢᠨ ᠰᠡᠭᠦᠯᠴᠢ ᠪᠡᠷ ᠬᠠᠩᠬᠢᠨ ᠬᠤᠰᠢᠭᠤᠨ ᠤ᠋ ᠬᠦᠬᠡᠮᠤᠳᠤ ᠪᠠᠯᠭᠠᠰᠤᠨ ᠤ᠋ ᠰᠠᠭᠤᠭᠠᠯᠢ ᠠᠷᠠᠳ ᠸᠠᠩ ᠤᠪᠤᠬᠳᠦ ᠨᠢᠭᠡ ᠢᠨᠵᠸᠨ᠋ᠸᠷᠢᠩ ᠤ᠋ᠨ ᠲᠦᠷᠦᠯ ᠵᠦᠢᠯ ᠳ᠋ᠦ ᠪᠡᠯᠡ ᠤᠷᠤᠭᠤᠯᠵᠤ᠂ ᠨᠦᠬᠦᠬᠡ ᠡᠳᠡᠭᠡᠳ ᠨᠢ ᠲᠡᠭᠦᠨ ᠤ᠋ ᠬᠦᠳᠡᠯᠮᠦᠷᠢ ᠵᠢᠨ ᠴᠠᠯᠢᠩ 400 ᠲᠦᠮᠡᠨ ᠲᠦᠭᠦᠷᠢᠭ ᠢ᠋ ᠬᠤᠢᠰᠢᠯᠠᠭᠤᠯᠤᠨ ᠦᠷᠢᠳᠦᠵᠤ᠂ ᠦᠭᠬᠦ ᠦᠭᠡᠢ ᠡᠴᠡ ᠪᠤᠯᠵᠤ ᠸᠠᠩ ᠤᠪᠤᠬᠳᠤ ᠵᠢᠨ ᠪᠡᠯᠡ ᠮᠦᠩᠬᠦ ᠨᠢ ᠡᠷᠬᠢᠯᠳᠦᠵᠤ ᠳᠡᠢᠯᠬᠦ ᠦᠭᠡᠢ ᠪᠠᠢᠪᠠ᠃ ᠲᠤᠰᠬᠠᠢ ᠮᠡᠷᠭᠡᠵᠢᠯ ᠤ᠋ᠨ ᠲᠤᠤᠷᠵᠢᠭᠤᠯᠬᠤ ᠠᠵᠢᠯᠳᠠᠨ ᠪᠤᠯᠤᠨ ᠠᠷᠠᠳ ᠤ᠋ᠨ ᠴᠠᠬᠳᠠᠭ᠎ᠠ ᠪᠠᠢᠳᠠᠯ ᠢ᠋ ᠤᠢᠯᠠᠭᠠᠬᠰᠠᠨ ᠤ᠋ ᠳᠠᠷᠠᠭ᠎ᠠ᠂ ᠢᠳᠡᠭᠡᠮᠵᠢ ᠵᠢᠨ ᠰᠤᠷᠪᠤᠯᠵᠢᠯᠠᠯᠤᠨ ᠤᠷᠤᠯᠠᠨ ᠭᠦᠢᠴᠡᠳᠭᠡᠬᠦ ᠶᠠᠪᠤᠴᠠ ᠵᠢ ᠡᠬᠢᠯᠡᠭᠦᠯᠵᠤ᠂ ᠰᠠᠨᠠᠭᠠᠴᠢᠯᠠᠭ᠎ᠠ ᠡᠴᠡ ᠪᠠᠨ ᠭᠡᠷ ᠲᠦ᠍ ᠨᠢ ᠬᠦᠷᠴᠦ ᠤᠷᠮ᠎ᠠ ᠰᠡᠳᠬᠢᠯᠭᠡ ᠵᠢ ᠨᠢ ᠳᠠᠢᠳᠬᠤᠷᠠᠭᠤᠯᠤᠨ ᠬᠠᠤᠯᠢ ᠪᠡᠷ ᠡᠷᠬᠡ ᠠᠰᠢᠬ ᠵᠢᠡᠨ ᠬᠠᠮᠠᠭᠠᠯᠠᠬᠤ ᠵᠢ ᠢᠳᠬᠠᠨ ᠲᠤᠰᠬᠠᠢᠯᠠᠨ ᠪᠠᠷᠢᠯᠭ᠎ᠠ ᠵᠢᠨ ᠭᠠᠵᠠᠷ ᠬᠦᠷᠴᠤ ᠨᠦᠭᠦᠭᠡ ᠲᠠᠯ᠎ᠠ ᠵᠢᠨ ᠬᠢᠨ ᠲᠠᠢ ᠶᠠᠷᠢᠯᠴᠠᠨ ᠨᠡᠪᠳᠡᠷᠡᠯᠴᠡᠵᠠᠢ᠃ ᠴᠢᠷᠮᠠᠢᠯᠭ᠎ᠠ ᠪᠡᠷ ᠳᠠᠮᠵᠢᠨ᠂ ᠨᠦᠭᠦᠭᠡ ᠲᠠᠯ᠎ᠠ ᠨᠢ ᠴᠠᠯᠢᠩ ᠬᠦᠯᠦᠰᠦ ᠵᠢ ᠨᠢ ᠲᠦᠯᠦᠪᠦᠷᠢᠯᠡᠬᠦ ᠬᠡᠯᠡᠯᠴᠡᠭᠡᠷ ᠳᠡᠭᠡᠷ᠎ᠡ ᠭᠠᠷ ᠤ᠋ᠨ ᠦᠰᠦᠭ ᠵᠢᠷᠤᠵᠤ᠂ ᠸᠠᠩ ᠤᠪᠤᠬᠲᠦ ᠳ᠋ᠦ ᠬᠠᠤᠯᠢᠵᠢᠯ ᠬᠠᠩᠬᠢᠨ ᠤ᠋ ᠬᠠᠯᠠᠮᠵᠢ ᠬᠠᠢᠷ᠎ᠠ ᠵᠢ ᠦᠨᠡᠨ ᠬᠦ᠌ ᠮᠡᠳᠡᠷᠡᠭᠦᠯᠦᠭᠰᠡᠨ ᠪᠠᠢᠨ᠎ᠠ᠃
ᠢᠳᠡᠭᠡᠮᠵᠢ ᠵᠢᠨ ᠪᠠᠢᠭᠤᠯᠤᠯᠳᠠ ᠨᠢ ᠨᠢᠭᠡ ᠯᠡ ᠳᠤᠤᠷ᠎ᠠ ᠪᠦᠲᠦᠬᠦ ᠶᠤᠮ ᠪᠢᠰᠢ᠃ ᠠᠷᠠᠳ ᠲᠦᠮᠡᠨ ᠤ᠋ ᠦᠵᠡᠬᠦ ᠪᠡᠷ ᠢᠳᠡᠭᠡᠮᠵᠢ ᠲᠠᠢ ᠪᠤᠯ ᠬᠦᠮᠦᠰ ᠤ᠋ᠨ ᠬᠠᠷᠢᠯᠴᠠᠭ᠎ᠠ ᠨᠡᠩ ᠰᠡᠳᠬᠢᠯ ᠳ᠋ᠦ ᠳᠠᠭᠠᠳᠠᠢ ᠪᠤᠯᠵᠤ᠂ ᠬᠤᠳᠠ ᠵᠢᠨ ᠠᠮᠢᠳᠤᠷᠠᠯ ᠨᠡᠩ ᠰᠠᠢᠨ ᠰᠠᠢᠬᠠᠨ ᠪᠤᠯᠤᠨ᠎ᠠ; ᠠᠵᠤ ᠠᠬᠤᠢᠯᠠᠯᠳᠠᠨ ᠤ᠋ ᠦᠵᠡᠬᠦ ᠪᠡᠷ᠂ ᠢᠳᠡᠭᠡᠮᠵᠢ ᠲᠠᠢ ᠪᠤᠯ ᠰᠤᠯᠢᠯᠴᠠᠭᠠᠨ ᠤ᠋ ᠦᠪᠡᠷ ᠤ᠋ᠨ ᠦᠷᠳᠡᠭ ᠨᠡᠩ ᠳᠤᠤᠷ᠎ᠠ ᠪᠤᠯᠵᠤ᠂ ᠵᠠᠬ᠎ᠠ ᠳᠡᠯᠭᠡᠬᠦᠷ ᠤ᠋ᠨ ᠤᠷᠴᠢᠨ ᠲᠤᠭᠤᠷᠢᠨ ᠨᠡᠩ ᠰᠠᠨᠠᠭ᠎ᠠ ᠠᠮᠤᠷ ᠪᠤᠯᠤᠨ᠎ᠠ᠃ ᠦᠨᠦᠳᠦᠷ ᠤ᠋ᠨ ᠬᠠᠩᠬᠢᠨ ᠬᠤᠰᠢᠭᠤ ᠨᠢ ᠶᠠᠭ 《ᠦᠨᠡᠨᠴᠢ》 ᠪᠡᠷ ᠪᠦᠬᠦ ᠬᠤᠳᠠ ᠵᠢᠨ 《ᠬᠠᠨᠤᠮᠵᠢ》 ᠵᠢ ᠰᠤᠯᠢᠵᠤ᠂ ᠢᠳᠡᠭᠡᠮᠵᠢ ᠵᠢᠨ ᠴᠡᠴᠡᠭᠡᠰ ᠢ᠋ ᠬᠠᠩᠬᠢᠨ ᠤ᠋ ᠨᠤᠳᠤᠭ ᠲᠦ᠍ ᠭᠠᠵᠠᠷ ᠰᠠᠢ ᠦᠭᠡᠢ ᠳᠡᠯᠭᠡᠷᠡᠭᠦᠯᠵᠦ ᠪᠠᠢᠨ᠎ᠠ᠃