ᠲᠦᠩᠯᠢᠶᠣᠤ ᠬᠣᠲᠠ — 《ᠢᠲᠡᠭᠡᠮᠵᠢ + ᠬᠠᠤᠯᠢ ᠴᠠᠭᠠᠵᠠ ᠵᠢᠨ ᠲᠤᠰᠠᠯᠠᠮᠵᠢ》 ᠪᠡᠷ ᠬᠠᠤᠯᠢᠵᠢᠯ᠎ᠢ ᠨᠠᠩ ᠬᠠᠯᠠᠭᠤᠨ ᠳᠤᠯᠠᠭᠠᠨ ᠪᠣᠯᠭᠠᠪᠠ
2024-07-23 10:02:49
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

ᠦᠨᠡᠨᠴᠢ ᠢᠲᠡᠭᠡᠮᠵᠢ ᠵᠢᠨ ᠪᠠᠢᠭᠤᠯᠤᠯᠲᠠ ᠪᠣᠯ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠵᠢᠨ ᠰᠠᠭᠤᠷᠢ ᠮᠥᠨ᠂ ᠲᠦᠩᠯᠢᠶᠣᠤ ᠬᠣᠲᠠ 《ᠰᠣᠶᠣᠯ ᠢ᠋ ᠪᠣᠢᠵᠢᠭᠤᠯᠬᠤ᠂ ᠶᠣᠰᠣ ᠲᠦᠷᠢᠮ ᠲᠣᠭ᠍ᠲᠠᠭᠠᠬᠤ᠂ ᠴᠢᠩᠭ᠎ᠠ ᠬᠠᠮᠢᠶᠠᠷᠬᠤ᠂ ᠱᠠᠩᠨᠠᠵᠤ ᠲᠣᠷᠭᠠᠬᠤ ᠶ᠋ᠢ ᠲᠣᠳᠣᠷᠬᠠᠢᠯᠠᠬᠤ᠂ ᠬᠣᠷᠢᠭ᠎ᠠ ᠱᠤᠭᠤᠮ ᠢ᠋ ᠰᠠᠬᠢᠬᠤ》 ᠠᠵᠢᠯ ᠤ᠋ᠨ ᠱᠠᠭᠠᠷᠳᠠᠯᠭ᠎ᠠ ᠶᠣᠰᠣᠭᠠᠷ᠂ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ᠂ ᠬᠤᠳᠠᠯᠳᠤᠭᠠᠨ ᠤ᠋ ᠶᠠᠪᠤᠳᠠᠯ ᠤ᠋ᠨ ᠦᠨᠡᠨᠴᠢ ᠢᠲᠡᠭᠡᠮᠵᠢ᠂ ᠨᠡᠢᠭᠡᠮ ᠤ᠋ᠨ ᠦᠨᠡᠨᠴᠢ ᠢᠲᠡᠭᠡᠮᠵᠢ᠂ ᠬᠠᠤᠯᠢ ᠴᠠᠭᠠᠵᠠ ᠵᠢᠨ ᠨᠡᠢᠲᠡ ᠵᠢᠨ ᠢᠲᠡᠭᠡᠮᠵᠢ ᠵᠢᠨ ᠪᠠᠢᠭᠤᠯᠤᠯᠲᠠ ᠶ᠋ᠢ ᠪᠥᠬᠥ᠌ ᠲᠠᠯ᠎ᠠ ᠪᠡᠷ ᠰᠠᠢᠲᠤᠷ ᠠᠳᠭᠤᠵᠤ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠪᠡ᠃

ᠢᠲᠡᠭᠡᠮᠵᠢ ᠵᠢᠨ ᠱᠢᠰᠲ᠋ᠧᠮ ᠤ᠋ᠨ ᠪᠠᠢᠭᠤᠯᠤᠯᠲᠠ ᠵᠢᠨ ᠳᠠᠭᠠᠭᠤᠯᠤᠭᠴᠢ ᠨᠢᠭᠡᠴᠢ ᠪᠣᠯᠤᠭ᠍ᠰᠠᠨ ᠤ᠋ ᠬᠤᠪᠢ ᠳ᠋ᠤ᠂ ᠲᠦᠩᠯᠢᠶᠣᠤ ᠬᠣᠲᠠ ᠵᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠥᠪᠡᠷᠲᠡᠭᠡᠨ ᠵᠠᠰᠠᠬᠤ ᠣᠷᠣᠨ ᠤ᠋ ᠦᠨᠡᠨᠴᠢ ᠢᠲᠡᠭᠡᠮᠵᠢ ᠵᠢᠨ ᠪᠦᠲᠦᠭᠡᠨ ᠪᠠᠢᠭᠤᠯᠤᠯᠲᠠ ᠵᠢᠨ ᠢᠨᠵᠧᠨᠧᠷᠢᠩ ᠤ᠋ᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠱᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠱᠢᠯᠭ᠎ᠠ》 ᠪᠡᠷ ᠲᠤᠯᠢᠯᠠᠬᠤ ᠪᠠ ᠬᠦᠭᠵᠢᠭᠦᠯᠬᠦ ᠵᠢ ᠴᠤᠭᠭᠠᠷ ᠠᠳᠬᠤᠵᠦ᠂ ᠲᠦᠩᠯᠢᠶᠣᠤ ᠬᠣᠲᠠ ᠵᠢᠨ ᠬᠠᠤᠯᠢ ᠴᠠᠭᠠᠵᠠ ᠵᠢᠨ ᠲᠣᠪᠴᠢᠶ᠎ᠠ᠂ ᠲᠦᠩᠯᠢᠶᠣᠤ ᠬᠣᠲᠠ ᠵᠢᠨ ᠠᠷᠠᠳ ᠤ᠋ᠨ ᠳᠤᠮᠳᠠ ᠵᠡᠷᠭᠡ ᠵᠢᠨ ᠱᠢᠭᠦᠬᠦ᠌ ᠬᠣᠷᠢᠶ᠎ᠠ᠂ ᠲᠦᠩᠯᠢᠶᠣᠤ ᠬᠣᠲᠠ ᠵᠢᠨ ᠬᠤᠳᠠᠯᠳᠤᠭ᠎ᠠ ᠡᠷᠬᠢᠯᠡᠬᠦ ᠠᠯᠪᠠᠨ ᠭᠡᠷ ᠵᠡᠷᠭᠡ ᠢᠲᠡᠭᠡᠮᠵᠢ ᠵᠢᠨ ᠱᠢᠰᠲ᠋ᠧᠮ ᠤ᠋ᠨ ᠪᠠᠢᠭᠤᠯᠤᠯᠲᠠ ᠶ᠋ᠢ ᠬᠠᠮᠲᠤ ᠪᠡᠷ ᠪᠠᠢᠭᠤᠯᠬᠤ ᠨᠢᠭᠡᠴᠢ ᠲᠠᠢ ᠬᠠᠮᠲᠤᠷᠠᠨ᠂ ᠢᠷᠭᠡᠨ ᠤ᠋ ᠵᠠᠷᠭᠤ ᠵᠢᠨ ᠬᠠᠤᠯᠢ᠂ 《ᠠᠷᠠᠳ ᠤ᠋ᠨ ᠱᠢᠭᠦᠬᠦ᠌ ᠬᠣᠷᠢᠶᠠᠨ ᠤ᠋ ᠭᠦᠢᠴᠡᠳᠭᠡᠬᠦ᠌ ᠠᠵᠢᠯ ᠤ᠋ᠨ ᠠᠰᠠᠭᠤᠳᠠᠯ ᠤ᠋ᠳ ᠤ᠋ᠨ ᠲᠤᠬᠠᠢ ᠠᠷᠠᠳ ᠤ᠋ᠨ ᠳᠡᠭᠡᠳᠦ ᠱᠢᠭᠦᠬᠦ᠌ ᠬᠣᠷᠢᠶᠠᠨ ᠤ᠋ ᠲᠣᠭ᠍ᠲᠠᠭᠠᠯ》 ᠵᠡᠷᠭᠡ ᠬᠣᠯᠪᠣᠭ᠍ᠳᠠᠯ ᠪᠦᠬᠦᠢ ᠲᠣᠭ᠍ᠲᠠᠭᠠᠯ ᠵᠢᠴᠢ ᠠᠵᠤ ᠠᠬᠤᠢᠯᠠᠯ ᠤ᠋ᠨ ᠳᠠᠮᠫᠤᠷᠠᠯ ᠤ᠋ᠨ ᠬᠠᠤᠯᠢ ᠵᠢᠨ ᠦᠨᠳᠦᠰᠦᠨ ᠵᠠᠷᠴᠢᠮ ᠪᠠ ᠬᠠᠤᠯᠢ ᠲᠣᠭ᠍ᠲᠠᠭᠠᠬᠤ ᠵᠣᠷᠢᠭ ᠰᠠᠨᠠᠭ᠎ᠠ ᠶ᠋ᠢ ᠦᠨᠳᠦᠰᠦᠯᠡᠨ᠂ ᠬᠠᠤᠯᠢ ᠴᠠᠭᠠᠵᠠ ᠵᠢᠨ ᠬᠦᠷᠢᠶᠡᠨ ᠳ᠋ᠤ 《ᠢᠲᠡᠭᠡᠮᠵᠢ + ᠬᠠᠤᠯᠢ ᠴᠠᠭᠠᠵᠠ ᠵᠢᠨ ᠲᠤᠰᠠᠯᠠᠮᠵᠢ 》 ᠵᠢᠨ ᠨᠡᠢᠳᠡ ᠵᠢᠨ ᠲᠢᠭᠯᠢᠮ ᠰᠠᠢᠬᠠᠨ ᠵᠤᠷᠰᠢᠯ᠎ᠢ ᠪᠠᠷᠢᠮᠳᠠᠯᠠᠬᠤ᠂ ᠶᠤᠰᠤ ᠶᠠᠷᠢᠬᠤ᠂ ᠬᠠᠤᠯᠢ ᠭᠡᠷᠡᠭᠵᠢᠬᠦᠯᠬᠦ ᠵᠢ ᠤᠶᠠᠯᠳᠤᠭᠤᠯᠵᠦ ᠵᠠᠭᠤᠷᠠᠯᠳᠤᠭᠠᠨ ᠢ᠋ ᠱᠢᠶ᠋ᠳᠪᠦᠷᠢᠯᠡᠬᠦ᠌ ᠲᠣᠭ᠍ᠲᠠᠴᠠ ᠶ᠋ᠢ ᠱᠢᠨ᠎ᠡ ᠪᠡᠷ ᠡᠭᠦᠳᠦᠨ ᠪᠠᠢᠭᠤᠯᠵᠤ᠂ ᠣᠯᠠᠨ ᠡᠱᠢᠲᠦ ᠡᠶᠡᠳᠡᠭᠦᠯᠬᠦ᠌ ᠠᠷᠭ᠎ᠠ ᠮᠠᠶᠢᠭ ᠢ᠋ ᠠᠱᠢᠭ᠍ᠯᠠᠨ ᠬᠡᠷᠡᠭ ᠤ᠋ᠨ ᠵᠠᠩᠭᠢᠯᠠᠭ᠎ᠠ ᠶ᠋ᠢ ᠨᠡᠪᠲᠡᠷᠡᠭᠦᠯᠤᠨ᠂ ᠡᠯ᠎ᠡ ᠲᠠᠯ᠎ᠠ ᠵᠢᠨ ᠬᠠᠷᠢᠴᠠᠭ᠎ᠠ ᠶ᠋ᠢ ᠵᠣᠬᠢᠴᠠᠭᠤᠯᠵᠤ᠂ ᠦᠨᠡᠨ ᠬᠦ᠌ ᠠᠷᠠᠳ ᠣᠯᠠᠨ ᠳ᠋ᠤ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ ᠢ᠋ ᠱᠢᠶ᠋ᠳᠪᠦᠷᠢᠯᠡᠨ᠂ ᠢᠲᠡᠭᠡᠮᠵᠢ ᠶ᠋ᠢ ᠴᠢᠨᠠᠷ ᠲᠠᠢ ᠦᠷ᠎ᠡ ᠠᠱᠢᠭ᠎ᠲᠠᠶ᠂ ᠬᠠᠤᠯᠢ ᠪᠡᠷ ᠵᠠᠰᠠᠬᠤ ᠶ᠋ᠢ ᠰᠡᠳᠭᠢᠯ ᠳ᠋ᠤ ᠳᠤᠯᠠᠭᠠᠬᠠᠨ᠂ ᠡᠶᠡᠯᠳᠡᠭ ᠵᠢᠡᠷ ᠭᠦᠶ᠋ᠴᠡᠳᠭᠡᠬᠦ᠌ ᠪᠤᠯᠭᠠᠵᠠᠢ᠃

ᠣᠢᠷ᠎ᠠ ᠳ᠋ᠤ ᠲᠦᠩᠯᠢᠶᠣᠤ ᠬᠣᠲᠠ ᠵᠢᠨ ᠬᠦᠷᠢᠶ᠎ᠡ ᠬᠣᠱᠢᠭᠤᠨ ᠤ᠋ ᠠᠷᠠᠳ ᠤ᠋ᠨ ᠱᠢᠭᠦᠬᠦ᠌ ᠬᠣᠷᠢᠶ᠎ᠠ ᠵᠣᠣ ᠣᠪᠣᠭ᠍ᠲᠤ᠂ ᠪᠦᠦ ᠣᠪᠣᠭ᠍ᠲᠤ ᠵᠢᠨ ᠬᠤᠪᠢ ᠬᠥᠮᠦᠨ ᠤ᠋ ᠥᠷᠢ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠬᠤ ᠬᠡᠷᠡᠭ ᠤ᠋ᠨ ᠠᠪᠴᠠᠭᠠᠨ ᠤ᠋ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ᠂ ᠬᠤᠷᠠᠯ ᠡᠴᠡ ᠥᠷᠢ ᠥᠭ᠌ᠴᠡᠭᠡ ᠶ᠋ᠢ ᠳᠥᠯᠥᠬᠦ᠌ ᠲᠥᠰᠦᠯ ᠢ᠋ ᠪᠠᠲᠤᠯᠠᠵᠤ᠂ ᠬᠤᠪᠢ ᠬᠥᠮᠦᠨ ᠤ᠋ ᠳᠠᠬᠢᠨ ᠴᠡᠭ᠌ᠴᠡᠯᠡᠬᠦ᠌ ᠬᠡᠯᠡᠯᠴᠡᠭᠡᠷ ᠲᠤ᠌ ᠭᠠᠷ ᠤ᠋ᠨ ᠥᠰᠥᠭ ᠵᠢᠷᠤᠪᠠ᠃ ᠭᠦᠢᠴᠡᠳᠭᠡᠵᠦ᠍ ᠳᠠᠭᠤᠰᠤᠭ᠍ᠰᠠᠨ ᠤ᠋ ᠲᠠᠷᠠᠭ᠎ᠠ᠂ ᠱᠢᠭᠦᠬᠦ᠌ ᠬᠤᠷᠢᠶ᠎ᠠ ᠵᠤᠤ ᠣᠪᠣᠭ᠍ᠲᠤ᠂ ᠪᠦᠦ ᠣᠪᠣᠭ᠍ᠲᠤ᠎ᠵᠢᠨ ᠢᠲᠡᠭᠡᠮᠵᠢ ᠶ᠋ᠢ ᠰᠡᠷᠭᠦᠭᠡᠬᠦ ᠪᠣᠯᠤᠨ᠎ᠠ᠃

ᠣᠢᠯᠠᠭᠠᠭ᠍ᠰᠠᠨ ᠵᠢᠡᠷ᠂ ᠵᠣᠣ ᠣᠪᠣᠭ᠍ᠲᠤ᠂ ᠪᠦᠦ ᠣᠪᠣᠭ᠍ᠲᠤ ᠪᠣᠯ ᠭᠤᠴᠢᠭᠠᠳ ᠨᠠᠰᠤᠳᠠᠢ ᠡᠷ᠎ᠡ ᠡᠮ᠎ᠡ ᠬᠤᠶᠠᠭᠤᠯᠠ ᠪᠤᠯᠤᠨ᠎ᠠ᠂ 2014 ᠣᠨ ᠳ᠋ᠤ ᠦᠢᠯᠡᠳᠪᠦᠷᠢ ᠪᠠᠢᠭᠤᠯᠤᠨ ᠣᠯᠠᠨ ᠬᠥᠮᠦᠨ ᠡᠴᠡ ᠵᠣᠭᠣᠰ ᠵᠢᠭᠡᠯᠡᠪᠡ᠂ ᠡᠵᠡᠩᠨᠡᠯᠲᠡ ᠮᠠᠭᠤ ᠡᠴᠡ ᠪᠣᠯᠵᠤ ᠥᠷᠢ ᠱᠢᠷᠢ ᠳ᠋ᠤ ᠤᠷᠤᠵᠤ᠂ ᠡᠭᠦᠨ ᠤ᠋ ᠳᠣᠲᠣᠷᠠᠬᠢ 5 ᠠᠪᠴᠠᠭᠠᠲᠠᠨ ᠨᠢ ᠵᠠᠯᠭᠠᠭ᠎ᠠ ᠪᠡᠷ ᠱᠢᠭᠦᠬᠦ᠌ ᠬᠣᠷᠢᠶᠠᠨ ᠳ᠋ᠤ ᠵᠠᠭᠠᠯᠳᠤᠨ᠂ ᠥᠭ᠌ᠴᠡᠭᠡᠲᠡᠨ᠎ᠤ᠎ᠵᠢᠭᠡᠯᠡᠭ᠌ᠰᠡᠨ ᠵᠣᠭᠣᠰ ᠤ᠋ᠨ ᠡᠬᠡ ᠬᠦᠦ᠍᠎ᠨᠡᠢᠲᠡ 382065 ᠲᠥᠭᠥᠷᠢᠭ ᠳᠥᠯᠥᠬᠦ᠌ ᠬᠡᠷᠡᠭ᠌ᠲᠡᠶ ᠭᠡᠵᠦ᠍ ᠱᠢᠭᠦᠨ ᠲᠡᠰᠦᠯᠵᠡᠶ᠃ ᠭᠦᠢᠴᠡᠳᠭᠡᠬᠦ᠌ ᠶᠠᠪᠤᠴᠠ ᠳ᠋ᠤ᠂ ᠥᠭ᠌ᠴᠡᠭᠡᠲᠡᠨ ᠤ᠋ ᠨᠡᠷ᠎ᠡ ᠳᠡᠭᠡᠷ᠎ᠡ ᠭᠦᠢᠴᠡᠳᠭᠡᠵᠦ᠍ ᠪᠣᠯᠬᠤ ᠡᠳ᠋ ᠬᠦᠷᠦᠨᠭ᠌ᠭᠡ ᠪᠠᠢᠬᠤ ᠦᠭᠡᠢ ᠤᠴᠢᠷ ᠡᠴᠡ ᠬᠡᠷᠡᠭ ᠢ᠋ ᠴᠥᠮ ᠲᠤᠰ ᠤᠳᠠᠭᠠᠨ ᠤ᠋ ᠬᠦᠢᠴᠡᠳᠭᠡᠬᠦ ᠵᠢᠷᠤᠮ ᠢ᠋ ᠳᠠᠭᠤᠰᠬᠠᠬᠤ ᠵᠡᠷᠭᠡ ᠠᠷᠭ᠎ᠠ ᠮᠠᠶᠢᠭ ᠵᠢᠡᠷ ᠬᠡᠷᠡᠭ ᠢ᠋ ᠳᠠᠭᠤᠰᠭᠠᠵᠤ᠂ ᠥᠭ᠌ᠴᠡᠭᠡᠲᠡᠨ 《ᠢᠲᠡᠭᠡᠯ ᠠᠯᠳᠠᠭ᠍ᠰᠠᠨ ᠨᠡᠷᠡᠰ ᠤ᠋ᠨ ᠬᠠᠷ᠎ᠠ ᠳᠠᠩᠰᠨ》 ᠳ᠋ᠤ ᠣᠷᠣᠵᠤ᠂ ᠠᠮᠢᠳᠤᠷᠠᠯ ᠨᠢ ᠲᠤᠢᠯ ᠤ᠋ᠨ ᠬᠦᠴᠢᠷᠲᠡᠢ ᠪᠤᠯᠵᠠᠢ᠃

ᠡᠨᠡ ᠵᠢᠯ ᠲᠦᠩᠯᠢᠶᠣᠤ ᠬᠣᠲᠠ ᠵᠢᠨ ᠠᠷᠠᠳ ᠤ᠋ᠨ ᠳᠤᠮᠳᠠ ᠵᠡᠷᠭᠡ ᠵᠢᠨ ᠱᠢᠭᠦᠬᠦ᠌ ᠬᠣᠷᠢᠶ᠎ᠠ ᠬᠤᠪᠢ ᠬᠥᠮᠦᠨ ᠤ᠋ ᠥᠷᠢ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠬᠤ ᠠᠵᠢᠯ ᠢ᠋ ᠵᠢᠩᠬᠢᠨᠢ ᠪᠡᠷ ᠡᠬᠢᠯᠡᠭᠦᠯᠵᠦ᠍᠂ ᠡᠭᠦᠨ ᠢ᠋ ᠮᠡᠳᠡᠭᠰᠡᠨ ᠵᠣᠣ ᠣᠪᠣᠭ᠍ᠲᠤ᠂ ᠪᠦᠦ ᠣᠪᠣᠭ᠍ᠲᠤ ᠲᠡᠷᠡ ᠳᠠᠷᠤᠶ ᠳ᠋ᠤᠨᠢ ᠱᠢᠭᠦᠬᠦ᠌ ᠬᠣᠷᠢᠶᠠᠨ ᠳ᠋ᠤ 《ᠥᠷᠢ ᠥᠭ᠌ᠴᠡᠭᠡ ᠶ᠋ᠢ ᠢᠯᠭᠠᠷᠠᠭᠤᠯᠬᠤ》 ᠭᠤᠶᠤᠴᠢᠯᠠᠯ ᠭᠠᠷᠭᠠᠨ᠂ ᠱᠢᠭᠦᠬᠦ᠌ ᠬᠣᠷᠢᠶ᠎ᠠ ᠰᠦᠯᠵᠢᠶᠡᠨ ᠳᠡᠭᠡᠷ᠎ᠡ ᠪᠠᠢᠴᠠᠭᠠᠨ ᠡᠵᠡᠮᠳᠡᠬᠦ᠌ ᠵᠢᠴᠢ ᠰᠦᠯᠵᠢᠶᠡᠨ ᠭᠠᠳᠠᠨ᠎ᠠ ᠪᠠᠢᠴᠠᠭᠠᠬᠤ ᠠᠷᠭ᠎ᠠ ᠮᠠᠶᠢᠭ ᠵᠢᠡᠷ ᠳᠠᠮᠵᠢᠭᠤᠯᠤᠨ ᠥᠭ᠌ᠴᠡᠭᠡᠲᠡᠨ ᠤ᠋ ᠡᠳ᠋ ᠬᠥᠷᠥᠩᠭᠡ ᠵᠢᠨ ᠪᠠᠢᠳᠠᠯ ᠢ᠋ ᠪᠥᠬᠥ᠌ ᠲᠠᠯ᠎ᠠ ᠪᠡᠷ ᠬᠠᠷᠭᠤᠭᠤᠯᠤᠨ ᠪᠠᠢᠴᠠᠭᠠᠪᠠ᠃ ᠪᠠᠢᠴᠠᠭᠠᠯᠲᠠ ᠪᠡᠷ ᠳᠠᠮᠵᠢᠭᠠᠳ᠂ ᠵᠤᠤ ᠣᠪᠣᠭ᠍ᠲᠤ ᠵᠢᠨ ᠨᠡᠷ᠎ᠡ ᠳᠡᠭᠡᠷ᠎ᠡ ᠵᠥᠪᠬᠡᠨ ᠬᠥᠳᠡᠭᠡ ᠲᠣᠰᠭᠣᠨ ᠤ᠋ ᠨᠢᠭᠡ ᠪᠠᠢᠱᠢᠩ ᠪᠠ ᠨᠢᠭᠡ ᠠᠴᠢᠶᠠᠨ ᠤ᠋ ᠮᠠᠱᠢᠨ ᠲᠡᠷᠭᠡ᠎ᠲᠡᠶ᠂ ᠡᠭᠦᠨ ᠡᠴᠡ ᠭᠠᠳᠠᠨ᠎ᠠ ᠥᠭᠡᠷ᠎ᠡ ᠡᠳ᠋ ᠬᠦᠷᠦᠩᠭᠡ ᠪᠠᠢᠬᠤ ᠦᠭᠡᠢ᠂ ᠥᠷᠢ ᠥᠭ᠌ᠴᠡᠭᠡ ᠢᠯᠭᠠᠷᠠᠭᠤᠯᠤᠨ ᠲᠢᠭ᠌ᠯᠡᠬᠥ᠌ ᠨᠡᠷ᠎ᠡ ᠪᠡᠷ ᠥᠷᠢ ᠥᠭ᠌ᠴᠡᠭᠡ ᠡᠴᠡ ᠵᠠᠢᠯᠠᠬᠤ ᠪᠠ ᠪᠤᠰᠤᠳ ᠢᠲᠡᠭᠡᠮᠵᠢ ᠦᠭᠡᠢ ᠪᠠᠢᠳᠠᠯ ᠣᠷᠣᠱᠢᠬᠤ ᠦᠭᠡᠢ ᠪᠠᠢᠬᠤ ᠶ᠋ᠢ ᠮᠡᠳᠡᠵᠤ᠂ ᠬᠤᠪᠢ ᠬᠥᠮᠦᠨ ᠤ᠋ ᠥᠷᠢ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠤᠨ ᠲᠢᠭ᠌ᠯᠡᠵᠤ ᠬᠥᠯᠢᠶᠡᠨ ᠠᠪᠴᠤ᠌ ᠱᠢᠢᠳᠪᠦᠷᠢᠯᠡᠬᠦ᠌ ᠨᠥᠬᠥᠴᠡᠯ ᠳ᠋ᠤ ᠨᠡᠢᠴᠡᠨ᠎ᠡ᠃

ᠬᠡᠷᠡᠭ ᠢ᠋ ᠭᠥᠯᠢᠶᠡᠨ ᠠᠪᠴᠤ᠌ ᠱᠢᠶ᠋ᠳᠪᠦᠷᠢᠯᠡᠭ᠌ᠰᠡᠨ ᠤ᠋ ᠳᠠᠷᠠᠭ᠎ᠠ᠂ ᠲᠦᠩᠯᠢᠶᠣᠤ ᠬᠣᠲᠠ ᠵᠢᠨ ᠬᠦᠷᠢᠶ᠎ᠡ ᠬᠣᠱᠢᠭᠤᠨ ᠤ᠋ ᠠᠷᠠᠳ ᠤ᠋ᠨ ᠱᠢᠭᠦᠬᠦ᠌ ᠬᠣᠷᠢᠶ᠎ᠠ ᠠᠪᠴᠠᠭᠠᠲᠠᠨ᠂ ᠥᠭ᠌ᠴᠡᠭᠡᠲᠡᠨ ᠢ᠋ ᠣᠯᠠᠨ ᠤᠳᠠᠭ᠎ᠠ ᠴᠤᠭ᠍ᠯᠠᠭᠤᠯᠤᠨ ᠬᠤᠪᠢ ᠬᠥᠮᠦᠨ ᠤ᠋ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠬᠤ ᠲᠥᠰᠦᠯ ᠢ᠋ ᠵᠥᠪᠳᠡᠯᠴᠡᠵᠦ᠍᠂ ᠬᠤᠷᠠᠯ ᠡᠴᠡ ᠥᠭ᠌ᠴᠡᠭᠡᠲᠡᠨ ᠤ᠋ ᠬᠤᠪᠢ ᠬᠥᠮᠦᠨ ᠤ᠋ ᠳᠠᠬᠢᠨ ᠴᠡᠭ᠌ᠴᠡᠯᠡᠬᠦ᠌ ᠬᠡᠯᠡᠯᠴᠡᠭᠡᠷ ᠢ᠋ ᠪᠠᠲᠤᠯᠠᠨ᠂ ᠪᠥᠬᠥ᠌ ᠬᠦᠦ ᠮᠥᠩᠭᠥ᠌ 108259 ᠲᠥᠭᠥᠷᠢᠭ ᠢ᠋ ᠬᠡᠯᠲᠦᠷᠢᠭᠦᠯᠵᠦ᠍᠂ ᠦᠯᠡᠳᠡᠭ᠌ᠰᠡᠨ 273806 ᠲᠥᠭᠥᠷᠢᠭ ᠢ᠋ ᠤᠯᠠᠷᠢᠯ ᠵᠢᠡᠷ ᠬᠤᠭᠤᠴᠠᠭ᠎ᠠ ᠬᠤᠪᠢᠶᠠᠨ ᠪᠤᠴᠠᠭᠠᠨ᠎ᠠ᠃ ᠠᠪᠴᠠᠭᠠᠲᠠᠨ ᠲᠡᠭᠦᠨ ᠤ᠋ 《ᠳᠡᠭᠡᠳᠤ ᠬᠢᠵᠠᠭᠠᠷ ᠢ᠋ ᠬᠢᠵᠠᠭᠠᠷᠯᠠᠬᠤ》 ᠪᠠ 《ᠢᠲᠡᠭᠡᠯ ᠠᠯᠳᠠᠬᠤ》 ᠶ᠋ᠢ ᠬᠦᠴᠦᠨ ᠦᠭᠡᠢ ᠪᠣᠯᠭᠠᠬᠤ ᠶ᠋ᠢ ᠵᠥᠪᠱᠢᠶᠡᠷᠡᠪᠡ᠃

ᠲᠣᠰ ᠬᠡᠷᠡᠭ ᠪᠣᠯ ᠲᠦᠩᠯᠢᠶᠣᠤ ᠬᠣᠲᠠ ᠵᠢᠨ ᠠᠩᠬᠠᠳᠠᠭ᠍ᠴᠢ ᠬᠤᠪᠢ ᠬᠥᠮᠦᠨ ᠤ᠋ ᠥᠷᠢ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠤᠨ ᠳᠢᠭ᠌ᠯᠡᠭ᠌ᠰᠡᠨ ᠬᠡᠷᠡᠭ ᠪᠣᠯᠤᠨ᠎ᠠ᠂ ᠬᠡᠷᠡᠭ ᠢ᠋ ᠤᠷᠤᠭ᠍ᠰᠢᠲᠠᠶ ᠱᠢᠭᠦᠨ ᠳᠠᠭᠤᠰᠭᠠᠬᠤ ᠶ᠋ᠢ ᠳᠠᠭᠠᠯᠳᠤᠨ᠂ ᠬᠣᠶᠠᠷ ᠥᠭ᠌ᠴᠡᠭᠡᠲᠡᠨ ᠥᠷᠢ ᠥᠭ᠌ᠴᠡᠭᠡ ᠡᠴᠡ ᠪᠡᠨ ᠮᠤᠯᠲᠤᠷᠠᠵᠤ᠂ ᠴᠤ ᠱᠢᠨ᠎ᠡ ᠠᠮᠢᠳᠤᠷᠠᠯ ᠵᠢᠡᠨ ᠡᠬᠢᠯᠡᠬᠦᠯᠬᠦ ᠪᠣᠯᠤᠨ᠎ᠠ᠂ 5 ᠠᠪᠴᠠᠭᠠᠲᠠᠨ ᠴᠤ᠌ ᠤᠬᠤᠷ ᠬᠤᠭᠤᠴᠠᠭᠠᠨ ᠳ᠋ᠤ ᠪᠣᠳᠠᠲᠠᠶ ᠲᠦᠯᠦᠪᠦᠷᠢ ᠪᠡᠨ ᠤᠯᠬᠤ ᠪᠣᠯᠤᠨ᠎ᠠ᠃

《ᠢᠲᠡᠭᠡᠮᠵᠢ + ᠬᠠᠤᠯᠢ ᠴᠠᠭᠠᠵᠠ ᠵᠢᠨ ᠲᠤᠰᠠᠯᠠᠮᠵᠢ》 ᠪᠣᠯ ᠲᠦᠩᠯᠢᠶᠣᠤ ᠬᠣᠲᠠ ᠵᠢᠨ ᠢᠲᠡᠭᠡᠮᠵᠢ ᠵᠢᠨ ᠱᠢᠰᠲ᠋ᠧᠮ ᠤ᠋ᠨ ᠪᠠᠢᠭᠤᠯᠤᠯᠲᠠ᠎ᠬᠠᠤᠯᠢ ᠴᠠᠭᠠᠵᠠ ᠵᠢᠨ ᠬᠦᠷᠢᠶᠡᠨ ᠳ᠋ᠤ ᠬᠤᠪᠢ ᠬᠥᠮᠦᠨ ᠤ᠋ ᠥᠷᠢ ᠥᠭ᠌ᠴᠡᠭᠡ ᠶ᠋ᠢ ᠲᠥᠪᠯᠡᠷᠡᠭᠦᠯᠦᠨ ᠢᠯᠭᠠᠷᠠᠭᠤᠯᠬᠤ ᠶ᠋ᠢ ᠥᠷᠨᠢᠭᠦᠯᠬᠦ᠌ ᠠᠱᠢᠭ᠍ᠲᠠᠶ ᠬᠠᠢᠨ ᠰᠥᠪᠡᠭ᠌ᠴᠢᠯᠡᠯᠲᠡ ᠪᠣᠯᠬᠤ ᠪᠥᠭᠡᠳ ᠪᠠᠰᠠ ᠴᠤ᠌ ᠨᠦᠬᠦᠷᠰᠡᠭ ᠪᠣᠯᠪᠠᠰᠤᠨ ᠵᠢᠡᠷ ᠭᠦᠶ᠋ᠴᠡᠳᠭᠡᠬᠦ᠌ ᠤᠢᠯᠠᠭᠠᠭᠳᠠᠬᠤᠨ ᠢ᠋ ᠴᠢᠩᠭᠠᠷᠠᠭᠤᠯᠬᠤ ᠬᠠᠤᠯᠢ ᠴᠠᠭᠠᠵᠠ ᠵᠢᠨ ᠦᠶ᠋ᠯᠡᠳᠦᠯᠭᠡ ᠪᠣᠯᠤᠨ᠎ᠠ᠃ ᠢᠲᠡᠭᠡᠮᠵᠢ ᠵᠢᠨ ᠳᠣᠣᠷᠠᠬᠢ ᠨᠦᠬᠦᠷᠰᠡᠭ ᠪᠣᠯᠪᠠᠰᠤᠨ ᠤ᠋ ᠬᠡᠷᠡᠭ᠌ᠵᠢᠭᠦᠯᠦᠯᠲᠡ ᠨᠢ ᠬᠡᠷᠡᠭ ᠢ᠋ ᠳᠠᠭᠤᠰᠭᠠᠬᠤ ᠶ᠋ᠢ ᠠᠬᠢᠭᠤᠯᠵᠤ᠂ ᠦᠨᠡᠨᠴᠢ ᠢᠲᠡᠭᠡᠮᠵᠢᠲᠡᠢ ᠪᠥᠭᠡᠳ ᠪᠡᠯᠡ ᠮᠥᠩᠭᠥ᠌ ᠨᠢ ᠥᠷᠢ ᠥᠭ᠌ᠴᠡᠭᠡ᠎ᠳᠡᠭᠡᠨ ᠬᠦᠷᠬᠦ᠌ ᠦᠭᠡᠢ ᠥᠭ᠌ᠴᠡᠭᠡᠲᠡᠨ ᠳ᠋ᠤ ᠠᠮᠢᠳᠤᠷᠠᠯ ᠤ᠋ᠨ ᠢᠲᠡᠭᠡᠯ ᠵᠣᠷᠢᠭ ᠢ᠋ ᠨᠢ ᠬᠦᠪᠴᠢᠯᠡᠵᠤ᠂ ᠪᠣᠳᠠᠲᠤ ᠦᠢᠯᠡ ᠠᠵᠢᠯᠯᠠᠭ᠎ᠠ ᠪᠡᠷ ᠵᠢᠡᠨ 《ᠲᠥᠪ ᠭᠣᠣᠯᠴᠢ ᠬᠠᠤᠯᠢ ᠴᠠᠭᠠᠵᠠ》 ᠪᠠ 《ᠠᠷᠠᠳ ᠲᠦᠮᠡᠨ ᠵᠢᠡᠷ ᠭᠤᠤᠯ ᠪᠤᠯᠭᠠᠭᠰᠠᠨ》 ᠴᠠᠭ ᠦᠶ᠎ᠡ ᠵᠢᠨ ᠠᠭᠤᠯᠤᠭ᠍ᠳᠠᠬᠤᠨ ᠢ᠋ ᠬᠠᠷᠠᠭᠤᠯᠵᠤ᠂ ᠤᠯᠠᠨ ᠲᠦᠮᠡᠨ ᠳ᠋ᠤ ᠬᠠᠤᠯᠢ ᠴᠠᠭᠠᠵᠠ ᠵᠢᠨ ᠬᠠᠯᠠᠭᠤᠨ ᠳᠤᠯᠠᠭᠠᠨ ᠢ᠋ ᠦᠨᠡᠨ ᠬᠦ᠌ ᠮᠡᠳᠡᠷᠡᠭᠦᠯᠪᠡ᠃ ᠲᠠᠷᠠᠭᠠᠴᠢ ᠵᠢᠨ ᠠᠯᠬᠤᠮ ᠳ᠋ᠤ ᠂ ᠲᠦᠩᠯᠢᠶᠣᠤ ᠬᠣᠲᠠ ᠬᠤᠪᠢ ᠬᠥᠮᠦᠨ ᠤ᠋ ᠥᠷᠢ ᠥᠭ᠌ᠴᠡᠭᠡ ᠶ᠋ᠢ ᠢᠯᠭᠠᠷᠠᠭᠤᠯᠬᠤ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭᠰᠠᠨ ᠠᠷᠭ᠎ᠠ ᠵᠠᠮ ᠢ᠋ ᠦᠷᠭᠦᠯᠵᠢᠯᠡᠨ ᠢᠳᠡᠪᠬᠢᠲᠡᠶ ᠪᠠᠢᠭᠤᠯᠵᠦ᠂ ᠬᠤᠪᠢ ᠬᠥᠮᠦᠨ ᠤ᠋ ᠳᠠᠮᠫᠤᠷᠠᠯ ᠤ᠋ᠨ ᠲᠦᠷᠢᠮ ᠤ᠋ᠨ ᠬᠠᠤᠯᠢ ᠲᠣᠭ᠍ᠲᠠᠭᠠᠯᠲᠠ ᠳ᠋ᠤ ᠦᠶ᠋ᠯᠡᠳᠦᠯᠭᠡ ᠵᠢᠨ ᠪᠣᠷᠣ ᠮᠠᠲ᠋ᠧᠷᠢᠶᠠᠯ ᠪᠠ ᠲᠦᠩᠯᠢᠶᠣᠤ ᠵᠢᠨ ᠬᠡᠪ ᠵᠠᠭᠪᠤᠷ ᠢ᠋ ᠬᠠᠩᠭᠠᠵᠤ᠂ ᠦᠨᠡᠨᠴᠢ ᠢᠲᠡᠭᠡᠮᠵᠢ ᠵᠢᠨ ᠪᠠᠢᠭᠤᠯᠤᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠳ᠋ᠤ ᠴᠢᠩᠭ᠎ᠠ ᠬᠦᠴᠦᠲᠡᠶ ᠬᠠᠤᠯᠢ ᠴᠠᠭᠠᠵᠠ ᠵᠢᠨ ᠪᠠᠲᠤᠯᠠᠭ᠎ᠠ ᠬᠠᠩᠭᠠᠬᠤ ᠪᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号