7 ᠰᠠᠷ᠎ᠠ᠎ᠶᠢᠨ 26᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ 《ᠦᠨᠡᠨᠴᠢ ᠢᠲᠡᠭᠡᠮᠵᠢᠲᠦ ᠥᠪᠥᠷ ᠮᠣᠩᠭᠣᠯ᠎ᠤᠨ ᠪᠠᠢᠭᠤᠯᠤᠯᠲᠠ》 ᠢ᠋ᠢᠨ ᠲᠦᠷᠪᠡᠲᠦᠭᠡᠷ ᠲᠠᠯᠠᠪᠠᠢ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶᠠᠨ᠎ᠤ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠴᠢᠮᠡᠭᠡ ᠬᠤᠯᠪᠤᠭᠠᠨ᠎ᠤ ᠬᠠᠮᠢᠶᠠᠷᠤᠯᠲᠠ ᠢ᠋ᠢᠨ ᠲᠤᠪᠴᠢᠶ᠎ᠠ ᠢ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ ᠳᠡᠭᠡᠷ᠎ᠡ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠢᠨᠵᠸᠨ᠋ᠸᠷᠢᠩ᠎ᠤᠨ ᠠᠬᠢᠴᠠ ᠢ᠋ᠢᠨ ᠪᠠᠢᠲᠠᠯ ᠢ᠋ ᠲᠠᠨᠢᠯᠴᠠᠭᠤᠯᠪᠠ᠃
ᠲᠠᠨᠢᠯᠴᠠᠭᠤᠯᠤᠬᠰᠠᠨ ᠢ᠋ᠢᠡᠷ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶᠠᠨ᠎ᠤ ᠠᠯᠪᠠᠨ ᠭᠡᠷ ᠰᠦᠯᠵᠢᠶᠡᠨ᠎ᠦ ᠳᠠᠮᠵᠢᠭᠤᠯᠭ᠎ᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠥᠪᠥᠷ ᠮᠣᠩᠭᠣᠯ᠎ᠤᠨ 《ᠦᠨᠡᠨᠴᠢ ᠢᠲᠡᠭᠡᠮᠵᠢ᠎ᠶᠢᠨ ᠪᠠᠢᠭᠤᠯᠤᠯᠲᠠ》ᠢ᠋ᠢᠨ ᠬᠠᠮᠢᠶ᠎ᠠ ᠪᠦᠬᠦᠢ ᠮᠡᠳᠡᠭᠡ ᠵᠠᠩᠭᠢ᠎ᠶᠢᠨ ᠪᠥᠬᠥ ᠰᠦᠯᠵᠢᠶᠡᠨ᠎ᠦ ᠳᠠᠮᠵᠢᠭᠤᠯᠭ᠎ᠠ᠎ᠶᠢᠨ ᠬᠡᠮᠵᠢᠶ᠎ᠡ 12.5 ᠲᠦᠮᠡ᠎ᠶᠢ ᠳᠠᠪᠠᠵᠤ᠂ ᠤᠩᠰᠢᠬᠰᠠᠨ ᠶᠡᠷᠦᠩᠬᠡᠢ ᠲᠣᠭ᠎ᠠ 1.57 ᠳ᠋ᠦᠩᠰᠢᠭᠤᠷ ᠤᠳᠠᠭ᠎ᠠ᠎ᠳᠤ ᠬᠦᠷᠴᠡᠢ᠃ ᠡᠨᠡ ᠵᠢᠯ 《 ᠴᠡᠪᠡᠷ ᠲᠤᠩᠭᠠᠯᠠᠬ ᠤᠮᠠᠷᠠᠲᠤ ᠬᠢᠯᠢ᠎ᠶᠢᠨ ᠰᠦᠯᠵᠢᠶ᠎ᠡ》 ᠬᠡᠬᠦ ᠰᠢᠷᠢᠰ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠵᠦ ᠂ ᠰᠦᠯᠵᠢᠶᠡᠨ ᠳᠡᠭᠡᠷᠡᠬᠢ ᠲᠣᠪᠣᠢᠮ᠎ᠠ ᠠᠰᠠᠭᠤᠳᠠᠯ ᠪᠠ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠲᠥᠪᠯᠡᠷᠡᠭᠦᠯᠦᠨ ᠴᠡᠭᠴᠡᠯᠡᠨ ᠵᠠᠰᠠᠬᠰᠠᠨ ᠪᠦᠭᠡᠳ 2024 ᠣᠨ᠎ᠤ ᠴᠠᠭᠠᠨ ᠰᠠᠷ᠎ᠠ᠎ᠶᠢᠨ ᠰᠦᠯᠵᠢᠶᠡᠨ᠎ᠦ ᠣᠷᠴᠢᠨ ᠠᠬᠤᠢ᠎ᠶᠢ ᠴᠡᠭᠴᠡᠯᠡᠨ ᠵᠠᠰᠠᠬᠤ ᠂ ᠨᠠᠰᠤᠨ᠎ᠳᠤ ᠥᠯᠥ ᠭᠦᠷᠦᠭᠰᠡᠳ᠎ᠦᠨ ᠰᠦᠯᠵᠢᠶᠡᠨ᠎ᠦ ᠣᠷᠴᠢᠨ ᠠᠬᠤᠢ᠎ᠶᠢ ᠴᠡᠪᠡᠷᠰᠢᠭᠦᠯᠬᠦ ᠵᠡᠷᠭᠡ ᠲᠤᠰᠬᠠᠢ ᠠᠵᠢᠯᠯᠠᠭ᠎ᠠ᠎ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠰᠦᠯᠵᠢᠶᠡᠨ᠎ᠦ ᠠᠮᠢ ᠠᠬᠤᠢ᠎ᠶᠢᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠪᠠ᠃ ᠣᠲᠣ᠌ ᠪᠣᠯᠲᠠᠯ᠎ᠠ ᠰᠦᠯᠵᠢᠶᠡᠨ ᠢᠷᠭᠡᠳ᠎ᠤᠨ ᠢᠯᠡᠴᠢᠯᠡᠨ ᠮᠡᠳᠡᠭᠦᠯᠦᠭᠰᠡᠨ ᠬᠠᠤᠯᠢ ᠠ᠋ᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶ᠋ᠢ 2 ᠲᠦᠮᠡ ᠭᠠᠷᠤᠢ ᠭᠥᠯᠢᠶᠡᠨ ᠠᠪᠴᠤ ᠂ ᠴᠤᠤᠷᠬᠠᠯ ᠢ᠋ ᠨᠢᠴᠤᠭᠠᠭᠰᠠᠨ ᠮᠡᠳᠡᠭᠡ ᠵᠠᠩᠭᠢ ᠶ᠋ᠢ 4002 ᠨᠡᠢᠲᠡᠯᠡᠪᠡ᠃ 1 — 7 ᠰᠠᠷ᠎ᠠ ᠳᠤ ᠂ ᠪᠥᠬᠥ ᠣᠷᠣᠨ᠎ᠤ ᠬᠠᠤᠯᠢ ᠲᠣᠭᠲᠠᠭᠠᠯ ᠡᠴᠡ ᠵᠥᠷᠢᠴᠡᠭᠰᠡᠨ 89 ᠰᠦᠯᠵᠢᠶᠡᠨ ᠥᠷᠲᠡᠭᠡ ᠪᠠ ᠲᠠᠩᠰᠠᠨ ᠨᠣᠮᠧᠷ᠎ᠤᠨ ᠡᠷᠦᠬᠡ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠵᠦ᠂ ᠳᠣᠩᠭᠣᠳᠤᠬᠰᠠᠨ ᠪᠤᠶᠤ ᠵᠣᠭᠣᠰ᠎ᠢᠶᠠᠷ ᠲᠣᠷᠭᠠᠵᠦ᠂ ᠬᠠᠤᠯᠢ ᠲᠣᠭᠲᠠᠭᠠᠯ ᠡᠴᠡ ᠵᠥᠷᠢᠴᠡᠭᠰᠡᠨ 121 ᠰᠦᠯᠵᠢᠶᠡᠨ ᠥᠷᠲᠡᠭᠡ᠎ᠶᠢ ᠬᠦᠴᠦᠨ ᠦᠭᠡᠢ ᠪᠣᠯᠭᠠᠪᠠ; ᠦᠪᠡᠷᠲᠡᠭᠡᠨ ᠵᠠᠰᠬᠠᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ ᠡᠨᠡ ᠵᠢᠯ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠪᠣᠬᠢᠷ ᠭᠠᠳᠠᠭᠰᠢᠯᠠᠭᠤᠯᠬᠤ ᠨᠡᠶ᠋ᠢᠲᠡ 6432 ᠨᠢᠭᠡᠴᠢ᠎ᠳᠦ ᠢᠲᠡᠭᠡᠮᠵᠢ᠎ᠶᠢᠨ ᠦᠨᠡᠯᠡᠯᠲᠡ ᠬᠢᠵᠦ᠂ ᠦᠨᠡᠯᠡᠯᠲᠡ᠎ᠶᠢᠨ ᠦᠷ᠎ᠡ ᠳ᠋ᠦᠩ᠎ᠢ ᠦᠨᠳᠦᠰᠦᠯᠡᠨ ᠵᠦᠷᠢᠶᠡᠴᠢᠯᠡᠭᠰᠡᠨ ᠬᠠᠮᠢᠶᠠᠷᠤᠯᠲᠠ ᠬᠢᠵᠦ᠂ ᠢᠲᠡᠭᠡᠮᠵᠢ᠎ᠪᠡᠷ ᠨᠡᠯᠢᠶᠡᠳ ᠰᠠᠢᠨ᠂ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠲᠦᠪᠰᠢᠨ ᠵᠢᠡᠷ ᠨᠡᠯᠢᠶᠡᠳ ᠥᠨᠳᠥᠷ᠂ ᠣᠷᠴᠢᠨ ᠲᠣᠭᠣᠷᠢᠨ᠎ᠤ ᠲᠦᠭᠰᠢᠭᠦᠷᠢ᠎ᠪᠡᠷ ᠨᠡᠯᠢᠶᠡᠳ ᠳᠣᠣᠷ᠎ᠠ ᠬᠢᠨᠠᠨ ᠬᠠᠮᠢᠶᠠᠷᠬᠤ ᠡᠲᠡᠭᠡᠳ᠎ᠲᠦ ᠪᠠᠢᠴᠠᠭᠠᠬᠤ ᠤᠳᠠᠭ᠎ᠠ᠎ᠶᠢ ᠪᠠᠭᠠᠰᠬᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠢ ᠪᠡᠯᠡ ᠮᠥᠩᠭᠥ᠎ᠶᠢ ᠤᠷᠢᠳ ᠢ᠋ᠢᠡᠷ ᠲᠣᠬᠢᠷᠠᠭᠤᠯᠬᠤ᠂ ᠬᠠᠮᠢᠶ᠎ᠠ ᠪᠦᠬᠦᠢ ᠢᠷᠠᠭᠤ ᠠᠯᠳᠠᠷ᠎ᠤᠨ ᠴᠣᠯᠠ᠎ᠶᠢ ᠤᠷᠢᠳ ᠢ᠋ᠢᠡᠷ ᠭᠥᠷᠳᠡᠭᠡᠬᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠵᠢ ᠬᠡᠷᠡᠭᠵᠢᠬᠦᠯᠪᠡ᠃ ᠢᠲᠡᠭᠡᠮᠵᠢ᠎ᠶᠢᠨ ᠦᠨᠡᠯᠡᠯᠲᠡ᠎ᠶᠢᠨ ᠦᠷ᠎ᠡ ᠳ᠋ᠦᠩ᠎ᠦᠨ ᠲᠠᠰ ᠨᠢ ᠨᠡᠯᠢᠶᠡᠳ ᠳᠣᠣᠷ᠎ᠠ ᠪᠦᠭᠡᠳ ᠢᠲᠡᠭᠡᠮᠵᠢ ᠪᠠᠨ ᠰᠡᠷᠭᠦᠭᠡᠭᠰᠡᠨ ᠦᠭᠡᠢ ᠬᠢᠨᠠᠯᠲᠠ ᠬᠠᠮᠢᠶᠠᠷᠤᠯᠲᠠ᠎ᠶᠢᠨ ᠡᠲᠡᠭᠡᠳ᠎ᠲᠦ ᠵᠣᠬᠢᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠪᠠ; ᠦᠪᠡᠷᠲᠡᠭᠡᠨ ᠵᠠᠰᠬᠠᠤ ᠤᠷᠤᠨ᠎ᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠲᠢᠩᠬᠢᠮ ᠡᠷᠲᠡᠮ ᠰᠢᠨᠵᠢᠯᠡᠭᠡᠨ᠎ᠤ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠠᠵᠢᠯ᠎ᠢ ᠲᠠᠰᠤᠷᠠᠯᠲᠠ ᠦᠭᠡᠢ ᠴᠢᠩᠭᠠᠳᠬᠠᠵᠤ᠂ ᠡᠷᠲᠡᠮ ᠰᠢᠨᠵᠢᠯᠡᠭᠡᠨ᠎ᠤ ᠦᠨᠡᠨᠴᠢ ᠢᠲᠡᠭᠡᠮᠵᠢ᠎ᠶᠢ ᠬᠢᠨᠠᠨ ᠪᠠᠢᠴᠠᠭᠠᠬᠤ ᠳᠦᠷᠢᠮ᠎ᠢ ᠭᠦᠨᠵᠡᠭᠡᠢ ᠨᠠᠢᠲᠠᠪᠤᠷᠢᠵᠢᠭᠤᠯᠵᠦ᠂ ᠡᠷᠲᠡᠮ ᠰᠢᠨᠵᠢᠯᠡᠭᠡᠨ᠎ᠤ ᠦᠨᠡᠨᠴᠢ ᠢᠲᠡᠭᠡᠮᠵᠢ᠎ᠶᠢᠨ ᠠᠮᠠᠯᠠᠯᠲᠠ᠎ᠶᠢᠨ ᠳᠦᠷᠢᠮ᠎ᠢ ᠪᠦᠬᠦ ᠲᠠᠯ᠎ᠠ ᠪᠡᠷ ᠨᠠᠢᠲᠠᠪᠤᠷᠢᠵᠢᠭᠤᠯᠤᠨ᠂ ᠬᠣᠯᠪᠣᠭᠳᠠᠯ ᠪᠦᠬᠦᠢ ᠡᠷᠲᠡᠮ ᠰᠢᠨᠵᠢᠯᠡᠭᠡᠨ᠎ᠤ ᠦᠨᠡᠨᠴᠢ ᠢᠲᠡᠭᠡᠮᠵᠢ᠎ᠶᠢᠨ ᠬᠡᠷᠡᠭ᠎ᠢ ᠢᠳᠡᠪᠬᠢᠲᠡᠢ ᠪᠠᠢᠴᠠᠭᠠᠨ ᠰᠢᠢᠳᠪᠦᠷᠢᠯᠡᠪᠡ; ᠦᠪᠡᠷᠲᠡᠭᠡᠨ ᠵᠠᠰᠠᠬᠤ ᠤᠷᠤᠨ᠎ᠤ ᠴᠢᠮᠡᠭᠡ ᠬᠤᠯᠪᠤᠭᠠᠨ᠎ᠤ ᠬᠠᠮᠢᠶᠠᠷᠤᠯᠲᠠ ᠢ᠋ᠢᠨ ᠲᠤᠪᠴᠢᠶ᠎ᠠ ᠵᠠᠷᠤᠳᠠᠯ ᠰᠦᠢᠳᠬᠡᠯ ᠬᠤᠷᠢᠶᠠᠬᠤ᠂ ᠡᠵᠡᠩᠨᠡᠨ ᠪᠣᠷᠣᠯᠠᠭᠤᠯᠬᠤ ᠤᠬᠠᠭᠤᠯᠭ᠎ᠠ᠂ ᠦᠢᠯᠡᠴᠢᠯᠡᠭᠡ᠎ᠶᠢ ᠪᠤᠴᠠᠭᠠᠬᠤ ᠪᠠ ᠵᠣᠭᠰᠤᠭᠠᠬᠤ ᠵᠡᠷᠭᠡ ᠲᠠᠯ᠎ᠠ᠎ᠪᠠᠷ ᠬᠢ ᠲᠣᠭᠲᠠᠭᠠᠯ ᠡᠴᠡ ᠵᠥᠷᠢᠴᠡᠭᠰᠡᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠬᠡᠮᠵᠢᠶ᠎ᠡ᠎ᠶᠢ ᠳᠡᠭᠡᠭᠰᠢᠯᠡᠭᠦᠯᠪᠡ᠃ ᠢᠲᠡᠭᠡᠮᠵᠢ ᠪᠠᠨ ᠠᠯᠳᠠᠭᠰᠠᠨ ᠲᠣᠪᠣᠢᠮ᠎ᠠ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠴᠠᠬᠢᠯᠭᠠᠨ ᠬᠣᠯᠪᠣᠭᠠᠨ᠎ᠤ ᠠᠵᠢᠯ ᠲᠥᠷᠥᠯ᠎ᠦᠨ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠲᠦᠪᠰᠢᠨ᠎ᠢ ᠦᠷᠭᠦᠯᠵᠢᠯᠡᠨ ᠴᠢᠩᠭᠠᠷᠠᠭᠤᠯᠪᠠ᠃ ᠣᠳᠣᠬᠠᠨ᠎ᠳᠤ᠂ 734 ᠠᠵᠤ ᠠᠬᠤᠢᠯᠠᠯ᠎ᠢ ᠨᠢᠭᠡᠨᠲᠡ ᠠᠵᠢᠯ ᠲᠥᠷᠥᠯ᠎ᠦᠨ ᠬᠠᠤᠯᠢ᠎ᠶᠢ ᠵᠥᠷᠢᠴᠡᠭᠰᠡᠨ ᠡᠷᠡᠭᠦᠯ ᠪᠤᠰᠤ ᠮᠡᠳᠡᠭᠡ ᠵᠠᠩᠭᠢ᠎ᠶᠢᠨ ᠬᠥᠮᠥᠷᠭᠡ᠎ᠳᠦ ᠣᠷᠣᠭᠤᠯᠤᠭᠰᠠᠨ ᠪᠤᠶᠤ ᠴᠠᠬᠢᠯᠭᠠᠨ ᠬᠣᠯᠪᠣᠭᠠᠨ᠎ᠤ ᠲᠤᠬᠠᠢᠯᠠᠭᠰᠠᠨ ᠠᠵᠢᠯ᠎ᠤᠨ ᠡᠷᠡᠭᠦᠯ ᠪᠤᠰᠤ ᠡᠵᠡᠩᠨᠡᠯᠲᠡ᠎ᠶᠢᠨ ᠨᠡᠷᠡᠰ᠎ᠲᠦ ᠣᠷᠣᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号